︽ᠠᠮᠢᠳᠤ ᠬᠥᠮᠦᠨ ᠤ ᠪᠤᠯᠠᠰᠢ︾ ᠤᠢ ᠮᠤᠳᠤ ᠶᠢ ᠰᠤᠶᠢᠳᠭᠡᠵᠤ ᠪᠤᠢ
ᠨᠡᠶᠢᠲᠡᠯᠡᠭᠰᠡᠨ ᠴᠠᠭ᠄
2019-04-12
     ᠵᠠᠭᠤᠨ ᠲᠡᠭᠰᠢ ᠳᠥᠷᠪᠡᠯᠵᠢᠨ ᠮᠧᠲᠷ ᠠᠴᠠ ᠳᠠᠪᠠᠭᠰᠠᠨ ᠬᠡᠭᠡᠨᠴᠢᠷ ᠪᠤᠯᠠᠰᠢ᠂ ᠳᠠᠭᠤᠰᠤᠰᠢ ᠦᠭᠡᠢ ︽ᠠᠮᠢᠳᠤ ᠬᠥᠮᠦᠨ ᠤ ᠪᠤᠯᠠᠰᠢ︾᠂ ᠤᠩᠭᠤᠨ ᠪᠤᠯᠠᠰᠢ ᠨᠢ ᠤᠳᠤ ᠰᠢᠭᠤᠶᠢᠲᠤ ᠣᠷᠣᠨ ᠪᠠ ᠤᠰᠤᠨ ᠤ ᠡᠬᠢ ᠰᠤᠷᠪᠤᠯᠵᠢ ᠵᠦᠭ ᠲᠦᠭᠡᠵᠦ ᠪᠠᠶᠢᠨ᠎ᠠ ᠁ ᠣᠶᠢᠷ᠎ᠠ ᠳᠤ᠂ ᠰᠤᠷᠪᠤᠯᠵᠢᠯᠠᠭᠴᠢ ᠪᠠᠶᠢᠴᠠᠭᠠᠯᠲᠠ ᠬᠢᠭᠡᠳ ᠣᠯᠵᠤ ᠮᠡᠳᠡᠭᠰᠡᠨ ᠨᠢ᠂ ᠵᠠᠷᠢᠮ ᠭᠠᠵᠠᠷ ᠤᠨ ᠤᠩᠭᠤᠨ ᠪᠤᠯᠠᠰᠢ ᠶᠢᠨ ᠡᠷᠦᠶ ᠬᠤᠷᠤᠶ ᠥᠬᠡᠶ  ᠦᠵᠡᠭᠳᠡᠯ ᠳᠠᠬᠢᠨ ᠢᠯᠡᠷᠡᠬᠦ ᠬᠠᠨᠳᠤᠰᠢ ᠲᠠᠢ ᠪᠣᠯᠵᠤ᠂ ᠵᠢᠯᠣᠭᠤᠴᠢ ᠥᠬᠡᠶ ᠨᠢᠰᠬᠡᠯ ᠤᠨ ᠰᠡᠭᠦᠳᠡᠷᠯᠡᠭᠰᠡᠨ ︽ᠯᠠᠢ ᠯᠢ ᠱᠠᠨ ᠠᠭᠤᠯᠠ︾᠎ ᠶᠢᠨ ᠦᠵᠡᠭᠳᠡᠯ ᠨᠢ ᠬᠥᠮᠦᠨ ᠢ ᠰᠣᠴᠢᠭᠠᠮ᠎ᠠ ᠬᠡᠮᠵᠢᠶᠡᠨ ᠳᠤ ᠬᠦᠷᠴᠡᠶ᠃            ᠨᠠᠰᠤ ᠪᠠᠷᠠᠭᠰᠠᠳ ᠲᠤ ᠬᠡᠭᠦᠷ ᠣᠩᠭᠤᠨ ᠪᠠᠶᠢᠭᠤᠯᠵᠤ ᠥᠭᠬᠦ ᠨᠢ ᠬᠡᠳᠦᠨ ᠮᠢᠩᠭᠠᠨ ᠵᠢᠯ  ᠤᠯᠠᠮᠵᠢᠯᠠᠭᠳᠠᠵᠤ᠂ ᠠᠷᠠᠳ ᠢᠷᠡᠭᠡᠳ ᠤᠨ ᠬᠡᠷᠰᠡᠦ ᠪᠣᠯᠭᠤᠮᠵᠢᠲᠠᠶ  ᠰᠣᠶᠣᠯ ᠤᠨ ᠰᠡᠳᠬᠢᠴᠡ ᠶᠢ  ᠢᠯᠡᠷᠡᠭᠦᠯᠵᠡᠶ᠃ ᠭᠡᠲᠡᠯ᠎ᠡ ᠪᠣᠳᠠᠰ ᠤᠨ ᠨᠥᠬᠦᠴᠡᠯ ᠤᠨ ᠰᠠᠶᠢᠵᠢᠷᠠᠬᠤ ᠶᠢ ᠳᠠᠭᠠᠯᠳᠤᠨ᠂ ᠵᠠᠷᠢᠮ ᠭᠠᠵᠠᠷ ᠣᠷᠣᠨ ᠳᠤ ᠬᠡᠭᠡᠨᠴᠢᠷ ᠤᠩᠭᠤᠨ ᠪᠤᠯᠠᠰᠢ᠂ ︽ᠠᠮᠢᠳᠤ ᠬᠥᠮᠦᠨ ᠤ ᠪᠤᠯᠠᠰᠢ︾ ᠪᠠᠶᠢᠭᠤᠯᠬᠤ ᠦᠵᠡᠭᠳᠡᠯ ᠢᠯᠡᠷᠡᠵᠦ᠂ ᠤᠢ ᠮᠣᠳᠣ ᠶᠢ ᠡᠪᠳᠡᠨ ᠰᠦᠢᠳᠬᠡᠬᠦ᠂ ᠬᠥᠷᠥᠰᠥ ᠰᠢᠷᠣᠶ ᠎ ᠶᠢ ᠡᠪᠳᠡᠬᠦ ᠪᠠᠷ ᠪᠠᠷᠠᠬᠤ ᠦᠭᠡᠢ᠂ ᠬᠠᠷᠢᠯᠴᠠᠨ ᠠᠳᠠᠯᠢᠳᠬᠠᠬᠤ ᠵᠡᠷᠭᠡ ᠮᠠᠭᠤ ᠬᠡᠪ ᠰᠤᠷᠲᠠᠯ ᠢ ᠪᠣᠶ ᠪᠣᠯᠭᠠᠭᠰᠠᠨ ᠪᠠᠶᠢᠨ᠎ᠠ᠃ ᠣᠷᠣᠰᠢᠭᠤᠯᠭ᠎ᠠ ᠶᠢᠨ ᠬᠠᠮᠢᠶᠠᠷᠤᠯᠲᠠ ᠶᠢᠨ ᠳᠦᠷᠢᠮ ᠤᠨ ᠲᠤᠭᠲᠠᠭᠠᠯ ᠢ ᠦᠨᠳᠦᠰᠦᠯᠡᠪᠡᠯ᠂  ᠶᠠᠮᠠᠷᠪᠠ ᠨᠢᠭᠡᠴᠡ ᠪᠠ ᠬᠤᠪᠢ ᠬᠥᠮᠦᠨ ᠤ ᠵᠥᠪᠰᠢᠶᠡᠷᠡᠯ ᠦᠭᠡᠢ ᠪᠠᠷ ᠪᠠᠶᠢᠭᠤᠯᠤᠭᠰᠠᠨ ᠣᠷᠣᠰᠢᠭᠤᠯᠭ᠎ᠠ ᠶᠢᠨ ᠲᠥᠬᠦᠭᠡᠷᠦᠮᠵᠢ ᠨᠢ ᠴᠥᠮ ︽ᠬᠠᠤᠯᠢ ᠪᠤᠰᠤ ᠪᠠᠷᠢᠯᠭ᠎ᠠ︾᠎ ᠳᠤ ᠲᠣᠭᠠᠴᠠᠭᠳᠠᠨ᠎ᠠ᠃ ︽ᠳᠠᠯᠢᠢᠭᠠᠴᠢ ᠬᠦᠨᠳᠦᠲᠠᠢ︾ ᠭᠡᠰᠡᠨ ᠲᠤᠭ ᠢ ᠡᠷᠭᠦᠵᠦ ︽ᠬᠠᠤᠯᠢ ᠪᠤᠰᠤ ᠪᠠᠷᠢᠯᠭ᠎ᠠ︾ ᠪᠠᠷᠢᠬᠤ ᠭᠠᠵᠢᠭᠤ ᠰᠤᠷᠲᠠᠯ ᠢ ᠶᠠᠭᠠᠬᠢᠭᠰᠠᠨ ᠴᠤ ᠳᠤᠷ᠎ᠠ ᠪᠠᠷ ᠨᠢ ᠲᠠᠯᠪᠢᠵᠤ ᠪᠣᠯᠬᠤ ᠦᠭᠡᠢ᠃ ᠤᠩᠭᠤᠨ ᠪᠤᠯᠠᠰᠢ ᠶᠢᠨ ᠰᠠᠮᠠᠭᠤᠨ ᠦᠵᠡᠭᠳᠡᠯ ᠢ ᠵᠠᠰᠠᠬᠤ ᠳᠤ᠂ ᠤᠯᠠᠨ ᠵᠦᠢᠯ ᠤᠨ ᠠᠷᠭ᠎ᠠ ᠶᠢ  ᠵᠡᠷᠭᠡ ᠪᠠᠷ ᠬᠡᠷᠡᠭᠯᠡᠬᠦ ᠬᠡᠷᠡᠭᠲᠡᠢ᠃ ᠨᠢᠭᠡ ᠲᠠᠯ᠎ᠠ ᠪᠠᠷ᠂ ᠲᠤᠷ᠎ᠠ ᠪᠠᠷ ᠢᠶᠠᠨ ᠪᠠᠶᠢᠭᠤᠯᠬᠤ᠂ ᠵᠠᠪᠳᠤᠨ ᠪᠠᠶᠢᠭᠤᠯᠬᠤ᠂ ᠬᠤᠯᠠᠭᠠᠶᠢᠯᠠᠨ ᠪᠠᠶᠢᠭᠤᠯᠬᠤ ᠦᠢᠯᠡ ᠠᠵᠢᠯᠯᠠᠭ᠎ᠠ ᠶᠢ ᠡᠷᠡᠰ ᠬᠤᠷᠢᠭᠯᠠᠵᠤ᠂ ᠬᠠᠤᠯᠢ ᠲᠣᠭᠲᠠᠭᠠᠯ ᠶᠣᠰᠣᠭᠠᠷ ᠴᠢᠩᠭ᠎ᠠ ᠪᠠᠶᠢᠴᠠᠭᠠᠨ ᠰᠢᠢᠳᠪᠦᠷᠢᠯᠡᠵᠦ᠂ ᠲᠣᠭᠲᠠᠭᠠᠯ ᠠᠴᠠ ᠵᠥᠷᠢᠴᠡᠭᠰᠡᠨ ᠪᠠᠷᠢᠯᠭ᠎ᠠ ᠶᠢ ᠴᠠᠭ ᠲᠤᠬᠠᠢ ᠳᠤᠨᠢ ᠨᠤᠷᠠᠭᠠᠬᠤ ᠶᠢᠨ ᠬᠠᠮᠲᠤ ᠳᠠᠬᠢᠨ ᠨᠤᠭᠤᠭᠠᠷᠠᠭᠤᠯᠵᠦ ᠠᠮᠢ ᠠᠬᠤᠢ ᠶᠢ ᠰᠡᠷᠭᠦᠭᠡᠬᠦ ᠬᠡᠷᠡᠭᠲᠡᠢ︔ ᠨᠥᠭᠦᠭᠡ ᠲᠠᠯ᠎ᠠ ᠪᠠᠷ᠂ ᠬᠥᠳᠡᠭᠡ ᠲᠣᠰᠬᠤᠨ ᠤ ᠤᠯᠠᠨ ᠨᠡᠶᠢᠲᠡ ᠶᠢᠨ ᠣᠷᠣᠰᠢᠭᠤᠯᠭ᠎ᠠ ᠶᠢᠨ ᠲᠥᠬᠦᠭᠡᠷᠦᠮᠵᠢ ᠶᠢᠨ ᠪᠠᠲᠤᠯᠠᠭ᠎ᠠ ᠶᠢ ᠳᠡᠭᠡᠭᠰᠢᠯᠡᠭᠦᠯᠵᠦ᠂ ᠨᠡᠶᠢᠲᠡ ᠶᠢᠨ ᠤᠩᠭᠤᠨ ᠪᠤᠯᠠᠰᠢ ᠶᠢᠨ ᠲᠦᠯᠦᠪᠵᠢᠭᠦᠯᠦᠯᠲᠡ᠂ ᠪᠦᠲᠦᠭᠡᠨ ᠪᠠᠶᠢᠭᠤᠯᠤᠯᠲᠠ ᠪᠠ ᠡᠵᠡᠩᠨᠡᠯᠲᠡ ᠶᠢ ᠴᠢᠩᠭᠠᠳᠬᠠᠵᠤ᠂ ᠨᠥᠭᠴᠢᠭᠰᠡᠳ ᠢ ᠨᠤᠶᠢᠷᠰᠤᠬᠤ ᠭᠠᠵᠠᠷ ᠲᠠᠢ᠂ ᠡᠷᠬᠢᠨ ᠰᠠᠨᠠᠭᠰᠠᠳ ᠢ  ᠨᠠᠶᠢᠳᠠᠬᠤ ᠭᠠᠵᠠᠷ ᠲᠠᠢ ᠪᠣᠯᠭᠠᠬᠤ ᠬᠡᠷᠡᠭᠲᠡᠶ᠃              ᠬᠥᠬᠡᠮᠳᠦᠭ ᠨᠣᠭᠤᠭᠠᠨ ᠠᠭᠤᠯᠠ ᠤᠰᠤ ᠬᠥᠪᠡᠭᠡ ᠬᠢᠵᠠᠭᠠᠷ ᠦᠭᠡᠢ᠂ ᠠᠷᠢᠭᠤᠨ ᠴᠢᠬᠡᠴᠢ  ᠲᠥᠪ ᠰᠤᠷᠲᠠᠯ ᠡᠷᠬᠢᠮ ᠨᠠᠨᠳᠢᠨ ᠶᠤᠮ᠃ ᠤᠩᠭᠤᠨ ᠪᠤᠯᠠᠰᠢ ᠶᠢᠨ ᠡᠷᠦᠢ ᠬᠤᠷᠤᠢ ᠦᠭᠡᠢ ᠦᠵᠡᠭᠳᠡᠯ ᠤᠨ ᠠᠷᠤ ᠳᠤ ᠶᠡᠷᠦ ᠨᠢ ᠬᠤᠴᠣᠷᠤᠩᠭᠤᠶ ᠦᠵᠡᠯ ᠰᠠᠨᠠᠭ᠎ᠠ ᠣᠶᠢᠯᠠᠭᠠᠭᠳᠠᠬᠤᠨ ᠤ ︽ᠰᠠᠭᠤᠷᠢ︾᠎ ᠲᠠᠢ ᠪᠠᠶᠢᠳᠠᠭ᠃ ᠪᠣᠯᠪᠠᠰᠤᠨ ᠣᠷᠣᠰᠢᠭᠤᠯᠭ᠎ᠠ᠂ ᠪᠤᠵᠠᠷᠳᠤᠯ ᠦᠭᠡᠢ ᠣᠷᠣᠰᠢᠭᠤᠯᠭ᠎ᠠ ᠬᠢᠬᠦ ᠦᠵᠡᠯᠲᠡ ᠶᠢ ᠶᠡᠬᠡᠪᠡᠷ ᠰᠠᠨᠠᠭᠠᠴᠢᠯᠠᠵᠦ᠂ ᠵᠠᠩ ᠳᠠᠳᠬᠠᠯ ᠢ ᠢᠳᠡᠪᠬᠢᠲᠡᠶ ᠥᠭᠡᠷᠡᠴᠢᠯᠡᠵᠦ᠂ ᠰᠠᠶᠢᠬᠠᠨ ᠬᠠᠷᠠᠭᠠᠯᠵᠠᠵᠤ ᠵᠣᠬᠢᠰᠲᠠᠢ ᠣᠷᠣᠰᠢᠭᠤᠯᠬᠤ ᠰᠠᠶᠢᠨ ᠰᠠᠶᠢᠬᠠᠨ ᠬᠡᠪ ᠰᠤᠷᠲᠠᠯ ᠢ ᠪᠤᠢ ᠪᠣᠯᠭᠠᠵᠤ᠂ ᠣᠯᠠᠨ ᠲᠦᠮᠡᠨ ᠢ ᠬᠥᠲᠥᠯᠥᠨ ᠵᠢᠯᠣᠭᠤᠳᠴᠤ ᠳᠡᠷᠭᠡᠳᠡᠬᠢ ᠠᠭᠤᠯᠠ ᠤᠰᠤ ᠎ ᠶᠢ ᠨᠢ ᠰᠠᠶᠢᠲᠤᠷ ᠬᠠᠮᠠᠭᠠᠯᠠᠭᠤᠯᠬᠤ ᠬᠡᠷᠡᠭᠲᠡᠶ᠃ ︵ᠰᠢᠨ ᡁᠢ ᠫᠢᠩ︶  
 
ᠢᠷᠡᠯᠲᠡ᠄ ᠬᠤᠯᠪᠤᠭ᠎ᠠ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号