ᠲᠣᠭᠤᠷᠢᠭ ᠤᠨ ᠭᠠᠯ ᠤᠨᠲᠠᠷᠠᠭᠠᠬᠤ ᠶᠡᠭᠡ ᠠᠩᠭᠢ ᠨᠢ ᠨᠡᠶᠢᠭᠡᠮ ᠲᠣᠭᠤᠷᠢᠭ ᠲᠤ ᠬᠦᠷᠴᠦ ᠬᠠᠩᠰᠢ ᠶᠢᠨ ᠠᠮᠠᠷᠠᠯᠲᠠ ᠶᠢᠨ ᠭᠠᠯ ᠰᠡᠷᠭᠡᠶᠢᠯᠡᠬᠦ ᠤᠬᠠᠭᠤᠯᠭ᠎ᠠ ᠶᠢᠨ ᠠᠵᠢᠯᠯᠠᠭ᠎ᠠ ᠶᠠᠪᠤᠭᠳᠠᠭᠤᠯᠪᠠ
ᠨᠡᠶᠢᠲᠡᠯᠡᠭᠰᠡᠨ ᠴᠠᠭ᠄
2019-04-09
     ᠬᠠᠪᠤᠷ ᠤᠨ ᠤᠯᠠᠷᠢᠯ ᠤᠨ ᠠᠭᠤᠷ ᠠᠮᠢᠰᠬᠤᠯ ᠬᠠᠭᠤᠷᠠᠢ᠂ ᠰᠠᠯᠬᠢ ᠶᠡᠬᠡᠲᠡᠢ ᠠᠴᠠ ᠪᠣᠯᠵᠤ ᠠᠮᠠᠷᠬᠠᠨ ᠭᠠᠯ ᠤᠨ ᠠᠶᠤᠯ ᠡᠭᠦᠰᠬᠦ ᠠᠴᠠ ᠰᠡᠷᠭᠡᠶᠢᠯᠡᠨ᠂《ᠠᠮᠤᠷ ᠲᠥᠪᠰᠢᠨ ᠨᠢᠭᠡᠳᠦᠭᠡᠷ ᠪᠣᠯᠬᠤ》ᠦᠵᠡᠯ ᠰᠠᠨᠠᠭ᠎ᠠ ᠶᠢ ᠪᠠᠲᠤ ᠪᠠᠬᠢ ᠪᠣᠢ ᠪᠣᠯᠭᠠᠬᠤ ᠶᠢᠨ ᠲᠥᠯᠦᠬᠡ᠂ ᠬᠠᠷᠢᠶᠠᠨ ᠳᠠᠬᠢ ᠬᠠᠪᠤᠷ ᠤᠨ ᠤᠯᠠᠷᠢᠯ ᠤᠨ ᠭᠠᠯ ᠤᠨ ᠠᠶᠤᠯ ᠤᠨ ᠳᠠᠯᠳᠠ ᠭᠡᠮ ᠢ ᠰᠡᠷᠭᠡᠶᠢᠯᠡᠨ ᠬᠢᠵᠠᠭᠠᠷᠯᠠᠬᠤ ᠠᠵᠢᠯ ᠪᠠ ᠬᠠᠩᠰᠢ ᠶᠢᠨ ᠠᠮᠠᠷᠠᠯᠲᠠ ᠶᠢᠨ ᠭᠠᠯ ᠰᠡᠷᠭᠡᠶᠢᠯᠡᠬᠦ ᠤᠬᠠᠭᠤᠯᠭ᠎ᠠ ᠶᠢᠨ ᠠᠵᠢᠯ ᠢ ᠢ ᠰᠠᠶᠢᠲᠤᠷ ᠬᠢᠵᠦ᠂ ᠰᠠᠭᠤᠭᠠᠯᠢ ᠠᠷᠠᠳ ᠤᠨ ᠭᠠᠯ ᠰᠡᠷᠭᠡᠶᠢᠯᠡᠬᠦ ᠠᠮᠤᠷ ᠲᠥᠪᠰᠢᠨ ᠤ ᠤᠬᠠᠮᠰᠠᠷ ᠪᠠ ᠭᠠᠯ ᠤᠨ ᠠᠶᠤᠯ ᠢ ᠡᠰᠡᠷᠭᠦᠴᠡᠨ ᠬᠤᠷᠢᠭᠯᠠᠬᠤ ᠴᠢᠳᠠᠪᠤᠷᠢ ᠶᠢ ᠦᠨᠡᠨᠬᠦ ᠳᠡᠭᠡᠭᠰᠢᠯᠡᠭᠦᠯᠪᠡ᠃
     ᠬᠦᠷᠴᠦ ᠢᠷᠡᠬᠦ ᠭᠡᠵᠦ ᠪᠠᠶᠢᠭ᠎ᠠ ᠬᠠᠩᠰᠢ ᠶᠢᠨ ᠠᠮᠠᠷᠠᠯᠲᠠ ᠶᠢ ᠲᠣᠬᠢᠶᠠᠯᠳᠤᠭᠤᠯᠤᠨ ᠲᠣᠭᠤᠷᠢᠭ ᠤᠨ ᠭᠠᠯ ᠤᠨᠲᠠᠷᠠᠭᠠᠬᠤ ᠶᠡᠭᠡ ᠠᠩᠭᠢ ᠨᠢ ᠨᠡᠶᠢᠭᠡᠮ ᠲᠣᠭᠤᠷᠢᠭ ᠲᠤ ᠬᠦᠷᠴᠦ ᠭᠠᠯ ᠤᠨᠲᠠᠷᠠᠭᠠᠬᠤ ᠤᠬᠠᠭᠤᠯᠭ᠎ᠠ ᠶᠢᠨ ᠠᠵᠢᠯᠯᠠᠭ᠎ᠠ ᠶᠢ ᠢᠳᠡᠪᠬᠢᠲᠡᠢ ᠶᠠᠪᠤᠭᠳᠠᠭᠤᠯᠵᠤ᠂ ᠭᠠᠯ ᠰᠡᠷᠭᠡᠶᠢᠯᠡᠬᠦ ᠠᠮᠤᠷ ᠲᠥᠪᠰᠢᠨ ᠤ ᠮᠡᠳᠡᠯᠭᠡ ᠶᠢ ᠥᠷᠭᠡᠨ ᠢᠶᠠᠷ ᠲᠦᠭᠡᠮᠡᠯᠵᠢᠭᠦᠯᠪᠡ᠃ ᠭᠠᠯ ᠤᠨᠲᠠᠷᠠᠭᠠᠬᠤ ᠰᠠᠯᠪᠤᠷᠢ ᠠᠩᠭᠢ ᠶᠢᠨ ᠶᠡᠭᠡ ᠳᠤᠭᠤᠶᠢᠯᠠᠩ ᠤᠨ ᠳᠠᠷᠤᠭ᠎ᠠ ᠵᠠᠩ ᠵᠢᠩ ᠯᠢ᠂ ᠮᠠ ᠶᠥᠩ ᠠᠴᠠ ᠰᠠᠭᠤᠭᠠᠯᠢ ᠠᠷᠠᠳ ᠲᠤ ᠨᠢᠭᠡ ᠨᠢᠭᠡ ᠬᠥᠮᠥᠨ ᠢᠶᠠᠷ ᠭᠠᠯ ᠰᠡᠷᠭᠡᠶᠢᠯᠡᠬᠦ ᠠᠮᠤᠷ ᠲᠥᠪᠰᠢᠨ ᠤ ᠮᠡᠳᠡᠯᠭᠡ ᠪᠠ ᠠᠮᠢᠳᠤᠷᠠᠯ ᠳᠤᠮᠳᠠᠬᠢ ᠭᠠᠯ ᠰᠡᠷᠭᠡᠶᠢᠯᠡᠬᠦ ᠶᠡᠷᠦ ᠶᠢᠨ ᠮᠡᠳᠡᠯᠭᠡ ᠶᠢ ᠵᠢᠭᠠᠵᠤ᠂ ᠥᠷᠭᠡᠨ ᠣᠯᠠᠨ ᠰᠠᠭᠤᠭᠠᠯᠢ ᠠᠷᠠᠳ ᠲᠤ《ᠬᠠᠪᠤᠷ ᠤᠨ ᠤᠯᠠᠷᠢᠯ ᠤᠨ ᠭᠠᠯ ᠰᠡᠷᠭᠡᠶᠢᠯᠡᠬᠦ ᠶᠡᠷᠦ ᠶᠢᠨ ᠮᠡᠳᠡᠯᠭᠡ》᠂《 ᠭᠡᠷ ᠪᠥᠯᠢ ᠶᠢᠨ ᠭᠠᠯ ᠰᠡᠷᠭᠡᠶᠢᠯᠡᠬᠦ ᠮᠡᠳᠡᠯᠭᠡ》ᠵᠡᠷᠭᠡ ᠭᠠᠯ ᠰᠡᠷᠭᠡᠶᠢᠯᠡᠬᠦ ᠤᠬᠠᠭᠤᠯᠭ᠎ᠠ ᠶᠢᠨ ᠬᠠᠭᠤᠳᠠᠰᠤ ᠲᠠᠷᠬᠠᠭᠠᠵᠤ  ᠂ ᠰᠠᠭᠤᠭᠠᠯᠢ ᠠᠷᠠᠳ ᠤᠨ ᠭᠠᠯ ᠰᠡᠷᠭᠡᠶᠢᠯᠡᠬᠦ ᠠᠮᠤᠷ ᠲᠥᠪᠰᠢᠨ ᠤ ᠤᠬᠠᠮᠰᠠᠷ᠂ ᠬᠡᠷᠬᠢᠨ ᠭᠠᠯ ᠠᠴᠠ ᠰᠡᠷᠭᠡᠶᠢᠯᠡᠬᠦ ᠵᠡᠷᠭᠡ ᠮᠡᠳᠡᠯᠭᠡ ᠶᠢ ᠤᠯᠠᠮ ᠨᠢᠭᠡ ᠠᠯᠬᠤᠮ ᠳᠡᠭᠡᠭᠰᠢᠯᠡᠭᠦᠯᠪᠡ᠃ ᠪᠠᠰᠠ᠂ ᠣᠯᠠᠨ ᠤ ᠭᠠᠯ ᠰᠡᠷᠭᠡᠶᠢᠯᠡᠬᠦ ᠠᠮᠤᠷ ᠲᠥᠪᠰᠢᠨ ᠢ ᠠᠩᠬᠠᠷᠴᠤ᠂ ᠠᠶᠤᠯ ᠢ ᠤᠷᠢᠳᠴᠢᠯᠠᠨ ᠰᠡᠷᠭᠡᠶᠢᠯᠡᠬᠦ ᠶᠢ ᠰᠠᠨᠠᠭᠤᠯᠪᠠ᠃      ᠲᠤᠰ ᠤᠳᠠᠭᠠᠨ ᠤ ᠤᠬᠠᠭᠤᠯᠭ᠎ᠠ ᠶᠢᠨ ᠠᠵᠢᠯᠯᠠᠭ᠎ᠠ ᠪᠠᠷ ᠳᠠᠮᠵᠢᠭᠤᠯᠤᠨ᠂ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠭᠠᠯ ᠰᠡᠷᠭᠡᠶᠢᠯᠡᠬᠦ ᠤᠬᠠᠮᠰᠠᠷ ᠢ ᠪᠥᠲᠦᠮᠵᠢᠲᠡᠢ ᠳᠡᠭᠡᠭᠰᠢᠯᠡᠭᠦᠯᠵᠦ᠂ ᠪᠣᠬᠢᠷᠳᠤᠯ ᠦᠭᠡᠢ ᠰᠣᠶᠤᠯ ᠪᠣᠯᠪᠠᠰᠤᠨ ᠬᠠᠩᠰᠢ ᠶᠢᠨ ᠰᠠᠶᠢᠨ ᠠᠭᠤᠷ ᠠᠮᠢᠰᠬᠤᠯ ᠢ ᠪᠣᠢ ᠪᠣᠯᠭᠠᠪᠠ᠃
 
ᠢᠷᠡᠯᠲᠡ᠄ ᠪᠠᠶ᠋ᠬᠠᠣᠪᠤᠭ᠎ᠠ ᠠᠭᠤᠷᠬᠠᠢ ᠶᠢᠨ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号