【ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ】ᠪᠣᠣ ᠱᠠᠨ ᠨᠡᠶᠢᠭᠡᠮ ᠲᠣᠭᠤᠷᠢᠭ《ᠲᠠᠯ᠎ᠠ ᠨᠤᠲᠤᠭ ᠤᠨ ᠶᠡᠷᠦᠩᠬᠡᠶᠢᠯᠡᠭᠰᠡᠨ ᠦᠶᠯᠡᠴᠢᠯᠡᠭᠡᠨ ᠤ ᠬᠥᠩᠭᠡᠨ ᠮᠣᠷᠢᠲᠤ ᠴᠡᠷᠢᠭ》᠎ ᠤᠨ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠶ ᠲᠡᠮᠡᠴᠡᠯ ᠢ ᠤᠬᠠᠭᠤᠯᠤᠨ ᠲᠠᠶᠢᠯᠪᠤᠷᠢᠯᠠᠬᠤ᠂ ᠤᠬᠠᠭᠤᠯᠭ᠎ᠠ ᠶᠢᠨ ᠤᠳᠬ᠎ᠠ ᠤᠷᠠᠯᠢᠭ ᠤᠨ ᠲᠣᠭᠯᠠᠯᠲᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2019-06-18
     ᠪᠦᠬᠦ ᠤᠯᠤᠰ ᠤᠨ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠶ ᠲᠡᠮᠡᠴᠡᠯ ᠥᠷᠨᠢᠭᠦᠯᠬᠦ ᠴᠢᠬᠤᠯᠠ ᠵᠣᠷᠢᠭ ᠰᠠᠨᠠᠭ᠎ᠠ ᠶᠢ ᠴᠢᠨᠠᠭᠰᠢᠳᠠ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠨᠠᠮ ᠤᠨ ᠭᠡᠰᠢᠭᠦᠨ ᠺᠠᠳ᠋ᠷᠴᠤᠳ ᠤᠨ ᠤᠭ ᠰᠠᠨᠠᠭ᠎ᠠ ᠪᠠᠨ ᠦᠯᠦ ᠮᠠᠷᠲᠠᠵᠤ᠂ ᠡᠷᠡᠮᠡᠬᠡᠶᠢᠯᠡᠨ ᠤᠷᠤᠭᠰᠢᠯᠠᠬᠤ ᠶᠢ ᠵᠣᠷᠢᠭᠵᠢᠭᠤᠯᠬᠤ ᠶᠢᠨ ᠲᠥᠯᠥᠭᠡ᠃ 6 ᠰᠠᠷ᠎ᠠ ᠶᠢᠨ 13᠎ ᠤ ᠦᠳᠡ ᠬᠤᠶᠢᠨ᠎ᠠ᠂ ᠪᠣᠣ ᠱᠠᠨ ᠨᠡᠶᠢᠭᠡᠮ ᠲᠣᠭᠤᠷᠢᠭ《ᠲᠠᠯ᠎ᠠ ᠨᠤᠲᠤᠭ ᠤᠨ ᠶᠡᠷᠦᠩᠬᠡᠶᠢᠯᠡᠭᠰᠡᠨ ᠦᠶᠯᠡᠴᠢᠯᠡᠭᠡᠨ ᠤ ᠬᠥᠩᠭᠡᠨ ᠮᠣᠷᠢᠲᠤ ᠴᠡᠷᠢᠭ》᠎ ᠤᠨ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠶ ᠲᠡᠮᠡᠴᠡᠯ ᠢ ᠤᠬᠠᠭᠤᠯᠤᠨ ᠲᠠᠶᠢᠯᠪᠤᠷᠢᠯᠠᠬᠤ᠂ ᠤᠬᠠᠭᠤᠯᠭ᠎ᠠ ᠶᠢᠨ ᠤᠳᠬ᠎ᠠ ᠤᠷᠠᠯᠢᠭ ᠤᠨ ᠲᠣᠭᠯᠠᠯᠲᠠ ᠶᠢᠨ ᠠᠵᠢᠯᠯᠠᠭ᠎ᠠ ᠥᠷᠨᠢᠭᠦᠯᠪᠡ᠃ ᠠᠵᠢᠯᠯᠠᠭ᠎ᠠ ᠳᠤᠮᠳᠠ᠂ ᠠᠭᠤᠷᠬᠠᠢ ᠶᠢᠨ ᠵᠠᠮ ᠤᠨ ᠲᠣᠮᠢᠯᠠᠭᠰᠠᠨ ᠰᠠᠯᠪᠤᠷᠢ ᠶᠢᠨ ᠴᠠᠭᠳᠠᠭ᠎ᠠ ᠼᠤᠤ ᠸᠧᠶ ᠲᠣᠭᠤᠷᠢᠭ ᠤᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠶ ᠲᠡᠮᠡᠴᠡᠯ ᠤᠨ ᠡᠷᠡᠰ ᠵᠣᠷᠢᠭ ᠤᠨ ᠲᠤᠬᠠᠢ ᠤᠬᠠᠭᠤᠯᠤᠨ ᠲᠠᠶᠢᠯᠪᠤᠷᠢᠯᠠᠭᠰᠠᠨ ᠤ ᠬᠠᠮᠲᠤ ᠥᠷᠭᠡᠨ ᠣᠯᠠᠨ ᠠᠷᠠᠳ ᠲᠦᠮᠡᠨ ᠢ ᠳᠠᠶᠢᠴᠢᠯᠠᠨ ᠢᠳᠡᠪᠬᠢᠲᠡᠢ ᠣᠷᠣᠯᠴᠠᠭᠤᠯᠵᠤ᠂ ᠬᠠᠷ᠎ᠠ ᠪᠦᠯᠦᠭᠲᠡᠨ ᠬᠠᠷᠭᠢᠰ ᠬᠦᠴᠦᠨ ᠳᠤ ᠬᠤᠯᠪᠣᠭᠳᠠᠭᠰᠠᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠶᠢ ᠵᠣᠷᠢᠭᠲᠠᠶ ᠪᠠᠷ ᠢᠯᠡᠴᠢᠯᠡᠵᠦ᠂ ᠬᠠᠤᠯᠢᠵᠢᠯ ᠤᠨ᠂ ᠡᠶ᠎ᠡ ᠵᠣᠬᠢᠴᠠᠩᠭᠤᠶ ᠨᠡᠶᠢᠭᠡᠮ ᠤᠨ ᠣᠷᠴᠢᠨ ᠲᠣᠭᠤᠷᠢᠨ ᠢ ᠪᠦᠲᠦᠭᠡᠨ ᠪᠠᠶᠢᠭᠤᠯᠬᠤ ᠶᠢᠨ ᠲᠥᠯᠥᠭᠡ ᠬᠠᠮᠲᠤᠪᠠᠷ ᠴᠢᠷᠮᠠᠶᠢᠬᠤ ᠶᠢ ᠤᠷᠢᠶᠠᠯᠠᠪᠠ᠃ ᠲᠤᠬᠠᠶ ᠶᠢᠨ ᠲᠠᠯᠠᠪᠠᠢ ᠳᠤ᠂ ᠠᠷᠠᠳ ᠣᠯᠠᠨ ᠨᠠᠷᠢᠨ ᠬᠢᠨᠠᠮᠠᠭᠠᠶ ᠰᠣᠨᠣᠰᠴᠤ᠂ ᠨᠠᠷᠢᠨ ᠲᠣᠳᠣᠷᠬᠠᠶ ᠴᠡᠭᠡᠵᠢᠯᠡᠵᠦ᠂ ᠬᠡᠰᠡᠭ ᠰᠠᠭᠤᠭᠠᠯᠢ ᠠᠷᠠᠳ ᠭᠠᠷ ᠤᠲᠠᠰᠤ ᠪᠠᠷ ᠭᠡᠷᠡᠯ ᠵᠢᠷᠤᠭ ᠠᠪᠴᠤ᠂ ᠬᠡᠦᠬᠡᠳ ᠲᠤ ᠪᠠᠨ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠬᠠᠤᠯᠢ ᠴᠠᠭᠠᠵᠠ ᠶᠢᠨ ᠮᠡᠳᠡᠯᠭᠡ ᠶᠢ ᠣᠢᠯᠠᠭᠠᠭᠤᠯᠵᠤ᠂《ᠬᠥᠮᠦᠨ ᠪᠣᠯᠭᠠᠨ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠶᠢ ᠬᠠᠯᠠᠮᠵᠢᠯᠠᠵᠤ᠂ ᠬᠥᠮᠦᠨ ᠪᠣᠯᠭᠠᠨ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠣᠷᠣᠯᠴᠠᠬᠤ》ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠤᠬᠠᠭᠤᠯᠭ᠎ᠠ ᠶᠢᠨ ᠠᠭᠤᠷ ᠠᠮᠢᠰᠬᠤᠯ ᠢ ᠦᠨᠡᠨᠬᠦ ᠪᠣᠶ ᠪᠣᠯᠭᠠᠪᠠ᠃
     ᠤᠬᠠᠭᠤᠯᠤᠨ ᠲᠠᠶᠢᠯᠪᠤᠷᠢᠯᠠᠯᠲᠠ ᠶᠢᠨ ᠳᠠᠷᠠᠭ᠎ᠠ᠂《ᠲᠠᠯ᠎ᠠ ᠨᠤᠲᠤᠭ ᠤᠨ ᠶᠡᠷᠦᠩᠬᠡᠶᠢᠯᠡᠭᠰᠡᠨ ᠦᠶᠯᠡᠴᠢᠯᠡᠭᠡᠨ ᠤ ᠬᠥᠩᠭᠡᠨ ᠮᠣᠷᠢᠲᠤ ᠴᠡᠷᠢᠭ ᠤᠨ ᠨᠢᠭᠡᠳᠦᠭᠡᠷ ᠠᠩᠭᠢ》᠎ ᠶᠢᠨ ᠪᠦᠷᠢᠯᠳᠦᠬᠦᠨ ᠵᠢᠴᠢ ᠨᠡᠶᠢᠭᠡᠮ ᠲᠣᠭᠤᠷᠢᠭ ᠤᠨ ᠠᠵᠢᠯᠲᠠᠳ ᠥᠷᠭᠡᠨ ᠣᠯᠠᠨ ᠰᠠᠭᠤᠭᠠᠯᠢ ᠠᠷᠠᠳ ᠲᠤ ᠭᠤᠶᠢᠳᠠ ᠰᠠᠶᠢᠬᠠᠠᠨ ᠤᠷᠠᠨ ᠰᠠᠶᠢᠬᠠᠨ ᠤ ᠲᠣᠭᠯᠠᠯᠲᠠ ᠭᠠᠷᠭᠠᠵᠤ᠂ ᠲᠣᠭᠯᠠᠯᠲᠠ ᠨᠢ《ᠰᠡᠳᠬᠢᠯ ᠤᠨ ᠡᠷᠢᠯᠲᠡ》᠎ ᠪᠠᠷ ᠬᠥᠰᠢᠭᠡ ᠪᠠᠨ ᠰᠡᠬᠦᠪᠡ᠃ ᠰᠢᠯᠦᠭ ᠤᠨ ᠤᠷᠠᠨ ᠤᠩᠰᠢᠯᠭ᠎ᠠ᠂ ᠰᠢ ᠵᠦᠴᠦᠭᠡ᠂ ᠪᠠᠭ᠎ᠠ ᠨᠠᠶᠢᠷᠠᠯ ᠳᠠᠭᠤᠤ ᠵᠢᠴᠢ ᠭᠤᠷᠪᠠᠨ ᠥᠭᠦᠯᠡᠪᠦᠷᠢ ᠬᠠᠭᠠᠰ ᠵᠡᠷᠭᠡ ᠣᠯᠠᠨ ᠲᠦᠮᠡᠨ ᠤ ᠦᠵᠡᠵᠦ ᠰᠣᠨᠢᠷᠬᠠᠬᠤ ᠳᠤᠷᠠᠲᠠᠶ ᠤᠷᠠᠨ ᠰᠠᠶᠢᠬᠠᠨ ᠤ ᠲᠣᠭᠯᠠᠯᠲᠠ ᠪᠠᠷ ᠳᠠᠮᠵᠢᠭᠤᠯᠤᠨ᠂ ᠨᠠᠮ ᠤᠨ ᠲᠥᠪ ᠬᠤᠷᠢᠶᠠᠨ ᠤ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠰᠢᠶᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠎ ᠶᠢ《ᠨᠤᠲᠤᠭ ᠤᠨ ᠰᠣᠶᠣᠯ》᠎ ᠤᠨ ᠦᠨᠳᠦᠰᠦᠨ ᠱᠠᠲᠤᠨ ᠳᠤ ᠤᠯᠠᠮᠵᠢᠯᠠᠬᠤ ᠬᠡᠯᠪᠡᠷᠢ ᠪᠠᠷ ᠦᠨᠳᠦᠰᠦᠨ ᠱᠠᠲᠤᠨ ᠳᠤ ᠳᠠᠮᠵᠢᠭᠤᠯᠵᠤ᠂ ᠡᠭᠡᠯ ᠠᠷᠠᠳ ᠤᠨ ᠪᠠᠭ᠋ᠠᠷᠬᠠᠯ ᠢ ᠲᠠᠲᠠᠨ᠎ᠠ᠃
     ᠪᠠᠶᠠᠯᠢᠭ ᠰᠠᠶᠢᠬᠠᠨ᠂ ᠣᠯᠠᠨ ᠲᠦᠮᠡᠨ ᠤ ᠦᠵᠡᠵᠦ ᠰᠣᠨᠢᠷᠬᠠᠬᠤ ᠳᠤᠷᠠᠲᠠᠶ ᠬᠡᠯᠪᠡᠷᠢ ᠪᠠᠷ ᠭᠤᠤᠯ ᠰᠡᠳᠦᠪ ᠢᠯᠠ ᠲᠣᠳᠣ᠂ ᠥᠷᠭᠡᠨ ᠢᠶᠠᠷ ᠣᠷᠣᠯᠴᠠᠭᠰᠠᠨ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠵᠦ᠂ ᠨᠡᠶᠢᠭᠡᠮ ᠲᠣᠭᠤᠷᠢᠭ ᠎ ᠤᠨ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠶ ᠲᠡᠮᠡᠴᠡᠯ ᠤᠨ ᠭᠦᠨᠵᠡᠭᠡᠶᠢᠷᠡᠨ ᠥᠷᠨᠢᠬᠦ ᠶᠢ ᠪᠦᠬᠦ ᠬᠦᠴᠦ ᠪᠠᠷ ᠠᠬᠢᠭᠤᠯᠵᠤ᠂ ᠬᠠᠷᠢᠶ᠎ᠠ ᠲᠣᠭᠤᠷᠢᠭ ᠤᠨ ᠰᠠᠭᠤᠭᠠᠯᠢ ᠠᠷᠠᠳ ᠤᠨ ᠠᠮᠤᠷ ᠲᠦᠪᠰᠢᠨ ᠤ ᠲᠥᠷᠥᠭᠳᠡᠯ᠂ ᠵᠢᠷᠭᠠᠯᠲᠤ ᠲᠥᠷᠥᠭᠳᠡᠯ ᠪᠣᠯᠤᠨ ᠬᠦᠷᠲᠡᠮᠵᠢ ᠶᠢᠨ ᠲᠥᠷᠥᠭᠳᠡᠯ ᠢ ᠨᠡᠮᠡᠭᠳᠡᠭᠦᠯᠪᠡ᠃
     ᠲᠣᠭᠯᠠᠯᠲᠠ ᠶᠢᠨ ᠳᠠᠷᠠᠭ᠎ᠠ᠂ ᠪᠣᠣ ᠱᠠᠨ ᠨᠡᠶᠢᠭᠡᠮ ᠲᠣᠭᠤᠷᠢᠭ ᠤᠨ ᠠᠵᠢᠯᠲᠠᠳ ᠣᠯᠠᠨ ᠲᠦᠮᠡᠨ ᠳᠤ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠤᠬᠠᠭᠤᠯᠭ᠎ᠠ ᠶᠢᠨ ᠳᠡᠪᠲᠡᠷ ᠲᠠᠷᠬᠠᠭᠠᠵᠤ᠂ ᠣᠯᠠᠨ ᠲᠦᠮᠡᠨ ᠤ ᠣᠯᠣᠭᠰᠠᠨ ᠰᠦᠪᠡᠭᠴᠢ ᠶᠢ ᠢᠳᠡᠪᠬᠢᠲᠡᠶ ᠪᠠᠷ ᠢᠯᠡᠴᠢᠯᠡᠨ ᠮᠡᠳᠡᠭᠦᠯᠵᠦ᠂ ᠪᠦᠬᠦ ᠨᠡᠶᠢᠭᠡᠮ ᠤᠨ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠣᠯᠬᠤ ᠳᠤ ᠰᠠᠶᠢᠨ ᠰᠠᠶᠢᠬᠠᠨ ᠶᠠᠷᠢᠶ᠎ᠠ ᠬᠡᠯᠡᠯᠴᠡᠭᠡᠨ ᠤ ᠠᠭᠤᠷ ᠠᠮᠢᠰᠬᠤᠯ ᠢ ᠪᠣᠶ ᠪᠣᠯᠭᠠᠵᠤ ᠥᠭᠬᠦ ᠶᠢ ᠵᠣᠷᠢᠭᠵᠢᠭᠤᠯᠪᠠ᠃
 
ᠢᠷᠡᠯᠲᠡ᠄ ᠪᠠᠶ᠋ᠬᠠᠣᠪᠤᠭ᠎ᠠ ᠠᠭᠤᠷᠬᠠᠢ ᠶᠢᠨ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号