ᠭᠤᠤᠯ ᠰᠡᠳᠦᠪ ᠭᠦᠨ ᠰᠤᠷᠤᠯᠴᠠᠵᠤ ᠵᠥᠪ ᠴᠢᠭᠯᠡᠯ ᠢᠶᠠᠷ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠵᠤ ᠨᠠᠶᠢᠳᠠᠪᠤᠷᠢᠵᠢᠭᠤᠯᠤᠯᠲᠠ ᠶᠢ ᠠᠳᠬᠤᠵᠤ《ᠬᠤᠪᠣᠷ ᠰᠢᠷᠣᠶ ᠶᠢᠨ ᠨᠤᠲᠤᠭ》᠎ ᠤᠨ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠵᠠᠮ ᠢ ᠬᠠᠶᠢᠨ ᠰᠦᠪᠡᠭᠴᠢᠯᠡᠨ᠎ᠡ
ᠨᠡᠶᠢᠲᠡᠯᠡᠭᠰᠡᠨ ᠴᠠᠭ᠄
2019-06-24
ᠭᠤᠤᠯ ᠰᠡᠳᠦᠪ ᠭᠦᠨ ᠰᠤᠷᠤᠯᠴᠠᠵᠤ ᠵᠥᠪ ᠴᠢᠭᠯᠡᠯ ᠢᠶᠠᠷ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠵᠤ ᠨᠠᠶᠢᠳᠠᠪᠤᠷᠢᠵᠢᠭᠤᠯᠤᠯᠲᠠ ᠶᠢ ᠠᠳᠬᠤᠵᠤ《ᠬᠤᠪᠣᠷ ᠰᠢᠷᠣᠶ ᠶᠢᠨ ᠨᠤᠲᠤᠭ》᠎ ᠤᠨ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠵᠠᠮ ᠢ ᠬᠠᠶᠢᠨ ᠰᠦᠪᠡᠭᠴᠢᠯᠡᠨ᠎ᠡ      ᠴᠠᠭ᠄ 2019 - 06 - 24      ᠵᠣᠴᠢᠨ᠄ ᠪᠠᠶ᠋ᠬᠠᠣᠪᠤᠭ᠎ᠠ ᠠᠭᠤᠷᠬᠠᠢ ᠶᠢᠨ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠵᠠᠩ ᠶᠦᠩ ᠳ᠋ᠦᠩ      ᠠᠬᠤᠢ ᠪᠠᠶᠢᠳᠠᠯ᠄ ᠪᠠᠶ᠋ᠬᠠᠣᠪᠤᠭ᠎ᠠ ᠠᠭᠤᠷᠬᠠᠢ ᠶᠢᠨ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠵᠠᠩ ᠶᠦᠩ ᠳ᠋ᠦᠩ ᠰᠤᠷᠪᠤᠯᠵᠢᠯᠠᠭᠴᠢ ᠶᠢᠨ ᠰᠤᠷᠪᠤᠯᠵᠢᠯᠠᠭ᠎ᠠ ᠶᠢ ᠬᠦᠯᠢᠶᠡᠬᠦ ᠳᠡᠭᠡᠨ᠂ ᠪᠠᠶ᠋ᠬᠠᠣᠪᠤᠭ᠎ᠠ ᠠᠭᠤᠷᠬᠠᠢ ᠶᠢᠨ ᠲᠣᠭᠤᠷᠢᠭ ᠤᠨ《ᠦᠵᠡᠯ ᠰᠠᠨᠠᠭ᠎ᠠ ᠪᠠᠨ ᠳᠠᠬᠢᠨᠲᠠ ᠴᠢᠯᠥᠭᠡᠯᠡᠵᠦ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠠᠲᠤᠲᠠᠶ ᠦᠶᠯᠡᠳᠦᠯᠭᠡᠵᠢᠭᠦᠯᠵᠦ᠂ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠶᠡᠭᠡ ᠰᠤᠷᠤᠯᠴᠠᠯᠭ᠎ᠠ ᠶᠡᠭᠡ ᠶᠠᠷᠢᠯᠴᠠᠭ᠎ᠠ》᠎ ᠶᠢ ᠰᠠᠶᠢᠲᠤᠷ ᠥᠷᠨᠢᠭᠦᠯᠬᠦ ᠪᠠᠷ ᠠᠵᠠ ᠲᠣᠬᠢᠶᠠᠯ ᠪᠣᠯᠭᠠᠵᠤ᠂ ᠭᠦᠨᠵᠡᠭᠡᠶ ᠰᠤᠷᠤᠯᠴᠠᠨ ᠰᠠᠶᠢᠲᠤᠷ ᠬᠡᠷᠡᠭᠯᠡᠬᠦ ᠳᠡᠭᠡᠷ᠎ᠡ ᠬᠦᠴᠦ ᠲᠠᠯᠪᠢᠵᠤ᠂ ᠦᠵᠡᠯ ᠰᠠᠨᠠᠭ᠎ᠠ ᠪᠠᠨ ᠲᠠᠰᠤᠷᠠᠯᠲᠠ ᠦᠭᠡᠢ ᠴᠢᠯᠥᠭᠡᠯᠡᠨ᠂ ᠦᠵᠡᠯᠲᠡ ᠪᠠᠨ ᠰᠢᠨᠡᠳᠬᠡᠵᠦ᠂ ᠰᠡᠳᠬᠢᠴᠡ ᠪᠠᠨ ᠲᠡᠭᠦᠯᠳᠡᠷᠵᠢᠭᠦᠯᠵᠦ᠂ ᠠᠭᠤᠷᠬᠠᠢ ᠶᠢᠨ ᠳᠠᠷᠬᠠᠨ ᠤ ᠲᠡᠰᠪᠦᠷᠢ ᠬᠠᠲᠠᠭᠤᠵᠢᠯᠲᠠᠶ ᠲᠡᠮᠡᠴᠡᠬᠦ ᠵᠣᠷᠢᠭ ᠰᠠᠨᠠᠭ᠎ᠠ ᠶᠢ ᠪᠠᠳᠠᠷᠠᠭᠤᠯᠤᠨ᠂《ᠠᠮᠢ ᠠᠬᠤᠶ ᠶᠢ ᠲᠡᠷᠢᠭᠦᠨ ᠳᠤ ᠲᠠᠯᠪᠢᠬᠤ᠂ ᠪᠣᠬᠢᠷᠲᠤᠯ ᠦᠭᠡᠢ ᠬᠥᠭᠵᠢᠭᠦᠯᠬᠦ》᠎ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠵᠠᠮ ᠢᠶᠠᠷ ᠡᠷᠡᠰ ᠰᠠᠶᠢᠲᠤᠷ ᠵᠠᠮᠨᠠᠵᠤ᠂《ᠬᠤᠪᠣᠷ ᠰᠢᠷᠣᠶ ᠶᠢᠨ ᠨᠤᠲᠤᠭ》᠎ ᠤᠨ ᠨᠡᠷ᠎ᠡ ᠶᠢ ᠨᠠᠩ ᠬᠠᠩᠭᠢᠨᠠᠮ᠎ᠠ ᠳᠤᠭᠤᠯᠳᠠᠭᠤᠯᠤᠨ᠎ᠠ᠃      ᠰᠤᠷᠪᠤᠯᠵᠢᠯᠠᠭᠴᠢ᠄ ᠪᠠᠶ᠋ᠬᠠᠣᠪᠤᠭ᠎ᠠ ᠠᠭᠤᠷᠬᠠᠢ ᠶᠢᠨ ᠲᠣᠭᠤᠷᠢᠭ ᠤᠨ《ᠬᠤᠪᠣᠷ ᠰᠢᠷᠣᠶ ᠶᠢᠨ ᠨᠤᠲᠤᠭ》᠎ ᠢ ᠬᠡᠷᠬᠢᠨ ᠨᠠᠩ ᠰᠠᠶᠢᠲᠤᠷ ᠬᠥᠭᠵᠢᠭᠦᠯᠬᠦ ᠲᠤᠬᠠᠶ ᠲᠠ ᠶᠠᠷᠢᠨ᠎ᠠ ᠤᠤ︖   ᠪᠠᠶ᠋ᠬᠠᠣᠪᠤᠭ᠎ᠠ ᠠᠭᠤᠷᠬᠠᠢ ᠶᠢᠨ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠵᠠᠩ ᠶᠦᠩ ᠳ᠋ᠦᠩ᠄ ᠪᠠᠶ᠋ᠬᠠᠣᠪᠤᠭ᠎ᠠ ᠠᠭᠤᠷᠬᠠᠢ ᠶᠢᠨ ᠲᠣᠭᠤᠷᠢᠭ ᠤᠨ《ᠦᠵᠡᠯ ᠰᠠᠨᠠᠭ᠎ᠠ ᠪᠠᠨ ᠳᠠᠬᠢᠨᠲᠠ ᠴᠢᠯᠥᠭᠡᠯᠡᠵᠦ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠠᠲᠤᠲᠠᠶ ᠦᠶᠯᠡᠳᠦᠯᠭᠡᠵᠢᠭᠦᠯᠵᠦ᠂ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠶᠡᠭᠡ ᠰᠤᠷᠤᠯᠴᠠᠯᠭ᠎ᠠ ᠶᠡᠭᠡ ᠶᠠᠷᠢᠯᠴᠠᠭ᠎ᠠ》᠎ ᠶᠢ ᠰᠠᠶᠢᠲᠤᠷ ᠥᠷᠨᠢᠭᠦᠯᠬᠦ ᠪᠠᠷ ᠠᠵᠠ ᠲᠣᠬᠢᠶᠠᠯ ᠪᠣᠯᠭᠠᠵᠤ᠂ ᠭᠦᠨᠵᠡᠭᠡᠶ ᠰᠤᠷᠤᠯᠴᠠᠨ ᠪᠣᠳᠠᠲᠠᠶ ᠬᠡᠷᠡᠭᠯᠡᠬᠦ ᠳᠡᠭᠡᠷ᠎ᠡ ᠴᠢᠨᠠᠭᠰᠢᠳᠠ ᠬᠦᠴᠦ ᠲᠠᠯᠪᠢᠵᠤ᠂ ᠲᠠᠰᠤᠷᠠᠯᠲᠠ ᠦᠭᠡᠢ ᠦᠵᠡᠯ ᠰᠠᠨᠠᠭ᠎ᠠ ᠪᠠᠨ ᠴᠢᠯᠥᠭᠡᠯᠡᠵᠦ᠂ ᠦᠵᠡᠯᠲᠡ ᠪᠠᠨ ᠰᠢᠨᠡᠴᠢᠯᠡᠵᠦ᠂ ᠰᠡᠳᠬᠢᠴᠡ ᠪᠠᠨ ᠲᠡᠭᠦᠯᠳᠡᠷᠵᠢᠭᠦᠯᠵᠦ᠂ ᠠᠭᠤᠷᠬᠠᠢ ᠎ ᠶᠢᠨ ᠳᠠᠷᠬᠠᠨ ᠤ ᠲᠡᠰᠪᠦᠷᠢ ᠬᠠᠲᠠᠭᠤᠵᠢᠯᠲᠠᠶ ᠲᠡᠮᠡᠴᠡᠬᠦ ᠵᠣᠷᠢᠭ ᠰᠠᠨᠠᠭ᠎ᠠ ᠶᠢ ᠪᠠᠳᠠᠷᠠᠭᠤᠯᠵᠤ᠂《ᠠᠮᠢ ᠠᠬᠤᠶ ᠶᠢ ᠤᠷᠢᠳ ᠢᠶᠠᠷ ᠪᠣᠳᠣᠯᠬᠢᠯᠠᠵᠤ᠂ ᠪᠣᠬᠢᠷᠲᠤᠯ ᠦᠭᠡᠢ ᠬᠥᠭᠵᠢᠭᠦᠯᠬᠦ》᠎ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠵᠠᠮ ᠢᠶᠠᠷ ᠡᠷᠡᠰ ᠰᠠᠶᠢᠲᠤᠷ ᠵᠠᠮᠨᠠᠵᠤ᠂《ᠬᠤᠪᠣᠷ ᠰᠢᠷᠣᠶ ᠶᠢᠨ ᠨᠤᠲᠤᠭ》᠎ ᠤᠨ ᠨᠡᠷ᠎ᠡ ᠶᠢ ᠨᠠᠩ ᠬᠠᠩᠭᠢᠨᠠᠮ᠎ᠠ ᠳᠤᠭᠤᠯᠳᠠᠭᠤᠯᠤᠨ᠎ᠠ᠃      《ᠭᠤᠷᠪᠠᠨ ᠡᠷᠭᠢ ᠱᠤᠷᠠᠭ》᠎ ᠢ ᠴᠢᠩᠭᠠᠯᠠᠵᠤ᠂ ᠴᠢᠨᠠᠷ ᠰᠠᠶᠢᠲᠠᠶ ᠬᠥᠭᠵᠢᠯᠲᠡ ᠶᠢᠨ《ᠵᠥᠪ ᠴᠢᠭᠯᠡᠯ》᠎ ᠢ ᠪᠠᠲᠤ ᠡᠵᠡᠮᠳᠡᠨ᠎ᠡ᠃ ᠵᠠᠩ ᠶᠦᠩ ᠳ᠋ᠦᠩ᠂ ᠡᠩ ᠲᠡᠷᠢᠭᠦᠨ ᠳᠤ ᠪᠠᠶᠢᠩᠭᠤ ᠰᠤᠷᠤᠯᠴᠠᠵᠤ ᠪᠠᠶᠢᠩᠭᠤ ᠰᠢᠨᠡᠴᠢᠯᠡᠬᠦ ᠳᠤᠮᠳᠠ ᠵᠥᠷᠢᠶ᠎ᠡ ᠪᠠᠨ ᠡᠷᠢᠵᠦ᠂ ᠤᠯᠤᠰ ᠲᠥᠷᠦ ᠶᠢᠨ ᠡᠷᠭᠢ ᠱᠤᠷᠠᠭ ᠢ ᠴᠢᠩᠭᠠᠯᠠᠬᠤ ᠬᠡᠷᠡᠭᠲᠡᠶ᠃ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠶ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠰᠠᠶᠢᠲᠤᠷ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠲᠡᠷᠢᠭᠦᠨ ᠴᠢᠬᠤᠯᠠ ᠤᠯᠤᠰ ᠲᠥᠷᠦ ᠶᠢᠨ ᠬᠠᠷᠢᠭᠤᠴᠠᠯᠭ᠎ᠠ ᠪᠣᠯᠭᠠᠵᠤ᠂《ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ》ᠭᠤᠤᠯ ᠰᠡᠳᠦᠪᠲᠦ ᠬᠥᠮᠦᠵᠢᠯ ᠢᠶᠠᠷ ᠭᠠᠷᠲᠠᠨ ᠪᠣᠯᠭᠠᠵᠤ᠂ ᠥᠷᠭᠡᠨ ᠣᠯᠠᠨ ᠨᠠᠮ ᠤᠨ ᠭᠡᠰᠢᠭᠦᠨ ᠺᠠᠳ᠋ᠷ ᠣᠯᠠᠨ ᠲᠦᠮᠡᠨ ᠤ《ᠳᠥᠷᠪᠡᠨ ᠤᠬᠠᠮᠰᠠᠷ》᠎ ᠢ ᠴᠢᠨᠠᠭᠰᠢᠳᠠ ᠪᠠᠲᠤ ᠪᠣᠶ ᠪᠣᠯᠭᠠᠵᠤ᠂《ᠳᠥᠷᠪᠡᠨ ᠢᠲᠡᠭᠡᠯ》᠎ ᠢ ᠪᠠᠲᠤᠳᠬᠠᠵᠤ᠂《ᠬᠤᠶᠠᠷ ᠢ ᠬᠠᠮᠠᠭᠠᠯᠠᠬᠤ》᠎ ᠶᠢ ᠪᠡᠶᠡᠯᠡᠭᠦᠯᠵᠦ᠂ ᠪᠣᠳᠠᠲᠤ ᠠᠵᠢᠯᠯᠠᠭ᠎ᠠ ᠪᠠ ᠪᠣᠳᠠᠲᠠᠶ ᠦᠷ᠎ᠡ ᠪᠦᠲᠦᠮᠵᠢ ᠪᠠᠷ ᠨᠠᠮ ᠳᠤ ᠬᠠᠷᠢᠴᠠᠯᠠᠰᠢᠭᠦᠶ ᠦᠨᠡᠨᠴᠢ ᠰᠢᠳᠤᠷᠭᠤ ᠪᠠᠶᠢᠬᠤ ᠶᠢ ᠲᠣᠳᠣᠷᠬᠠᠶᠢᠯᠠᠨ ᠲᠠᠶᠢᠯᠪᠤᠷᠢᠯᠠᠨ᠎ᠠ ᠭᠡᠪᠡ      ᠳᠠᠷᠠᠭᠠᠯᠠᠪᠠᠯ᠂ ᠨᠠᠷᠢᠨ ᠨᠢᠮᠪᠠᠶ ᠰᠤᠷᠤᠯᠴᠠᠬᠤ ᠳᠤᠮᠳᠠ ᠰᠡᠳᠬᠢᠬᠦᠶ ᠪᠠᠨ ᠬᠤᠪᠢᠷᠠᠭᠤᠯᠵᠤ᠂ ᠬᠤᠷᠢᠭ᠎ᠠ ᠱᠤᠭᠤᠮ ᠎ ᠤᠨ ᠱᠤᠷᠠᠭ ᠬᠠᠳᠠᠭᠠᠰᠤ ᠶᠢ ᠴᠢᠩᠭᠠᠯᠠᠬᠤ ᠬᠡᠷᠡᠭᠲᠡᠶ᠃《ᠠᠭᠤᠷᠬᠠᠢ ᠶᠢᠨ ᠦᠢᠯᠡᠰ ᠢᠶᠠᠷ ᠲᠣᠭᠤᠷᠢᠭ ᠪᠠᠶᠢᠭᠤᠯᠬᠤ᠂ ᠠᠮᠢ ᠠᠬᠤᠢ ᠶᠢ ᠲᠡᠷᠢᠭᠦᠨ ᠳᠤ ᠲᠠᠯᠪᠢᠬᠤ᠂ ᠣᠯᠠᠨ ᠡᠰᠢᠵᠢᠯᠲᠡ ᠶᠢᠨ ᠠᠭᠤᠰᠤᠯᠴᠠᠯ᠂ ᠣᠷᠣᠨ ᠪᠦᠰᠡ ᠶᠢᠨ ᠬᠠᠮᠵᠢᠯᠴᠠᠭ᠎ᠠ》ᠬᠥᠭᠵᠢᠯᠲᠡ ᠶᠢᠨ ᠰᠡᠳᠬᠢᠴᠡ ᠶᠣᠰᠣᠭᠠᠷ᠂ ᠣᠷᠣᠰᠢᠵᠤ ᠪᠠᠶᠢᠭ᠎ᠠ ᠠᠰᠠᠭᠤᠳᠠᠯ᠂ ᠳᠤᠲᠠᠭᠳᠠᠯ ᠪᠠ ᠠᠶᠤᠯ ᠲᠦᠭᠰᠢᠭᠦᠷᠢ ᠳᠤ ᠠᠩᠬᠠᠷᠤᠯ ᠢᠶᠠᠨ ᠲᠥᠪᠯᠡᠷᠡᠭᠦᠯᠵᠦ᠂ ᠵᠣᠷᠢᠭᠲᠠᠢ ᠪᠠᠷ ᠰᠢᠨ᠎ᠡ ᠶᠢ ᠡᠭᠦᠳᠴᠦ᠂ ᠵᠣᠷᠢᠭᠲᠠᠢ ᠎ ᠪᠠᠷ ᠲᠤᠷᠰᠢᠵᠤ᠂ ᠵᠣᠷᠢᠭᠲᠠᠢ ᠪᠠᠷ ᠪᠣᠳᠠᠲᠠᠢ ᠠᠵᠢᠯᠯᠠᠨ᠂ ᠳᠠᠪᠠᠭᠤᠯᠢᠭ ᠢᠶᠠᠨ ᠶᠡᠬᠡᠰᠬᠡᠵᠦ᠂ ᠬᠤᠪᠢᠷᠠᠭᠠᠵᠤ᠂ ᠦᠵᠡᠯ ᠰᠠᠨᠠᠭ᠎ᠠ ᠪᠠᠨ ᠴᠢᠯᠥᠭᠡᠯᠡᠬᠦ ᠠᠮᠢᠵᠢᠷᠠᠯ ᠤᠨ ᠬᠦᠴᠦᠨ ᠢᠶᠠᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠲᠥᠷᠦ ᠎ ᠶᠢᠨ ᠪᠣᠳᠣᠯᠭ᠎ᠠ᠂ ᠰᠡᠳᠬᠢᠴᠡ ᠪᠠ ᠠᠷᠭ᠎ᠠ ᠬᠡᠮᠵᠢᠶ᠎ᠡ ᠪᠣᠯᠭᠠᠨ ᠬᠤᠪᠢᠷᠠᠭᠤᠯᠵᠤ᠂ ᠬᠥᠭᠵᠢᠯᠲᠡ ᠶᠢᠨ ᠬᠤᠷᠢᠭ᠎ᠠ ᠱᠤᠭᠤᠮ᠂ ᠠᠮᠢ ᠠᠬᠤᠢ ᠶᠢᠨ ᠬᠤᠷᠢᠭ᠎ᠠ ᠱᠤᠭᠤᠮ᠂ ᠠᠷᠠᠳ ᠤᠨ ᠠᠮᠢᠳᠤᠷᠠᠯ ᠤᠨ ᠬᠤᠷᠢᠭ᠎ᠠ ᠱᠤᠭᠤᠮ ᠢ ᠰᠠᠶᠢᠲᠤᠷ ᠰᠠᠬᠢᠨ᠎ᠠ      ᠡᠭᠦᠨ ᠠᠴᠠ ᠭᠠᠳᠠᠨ᠎ᠠ᠂ ᠮᠡᠳᠡᠬᠦᠶ ᠬᠢᠬᠦᠶ ᠶᠢ ᠨᠢᠭᠡᠳᠬᠡᠬᠦ ᠳᠤᠮᠳᠠ ᠰᠢᠪᠲᠤᠯᠤᠯᠲᠠ ᠭᠠᠷᠭᠠᠵᠤ᠂ ᠬᠠᠷᠢᠭᠤᠴᠠᠯᠭ᠎ᠠ ᠶᠢᠨ ᠱᠤᠷᠠᠭ ᠬᠠᠳᠠᠭᠠᠰᠤ ᠶᠢ ᠴᠢᠩᠭᠠᠯᠠᠬᠤ ᠬᠡᠷᠡᠭᠲᠡᠶ᠃ ᠰᠢᠨ᠎ᠡ ᠬᠥᠭᠵᠢᠯᠲᠡ ᠶᠢᠨ ᠣᠨᠣᠯᠵᠢᠬᠤᠨ ᠢ ᠦᠢᠯᠡᠳᠦᠯᠭᠡᠵᠢᠭᠦᠯᠬᠦ ᠲᠠᠢ ᠨᠢᠭᠲᠠ ᠤᠶᠠᠯᠳᠤᠭᠤᠯᠤᠨ᠂ ᠠᠭᠤᠰᠤᠯᠴᠠᠬᠤ᠂ ᠰᠢᠨ᠎ᠡ ᠶᠢ ᠡᠭᠦᠳᠬᠦ᠂ ᠪᠣᠬᠢᠷᠲᠤᠯ ᠦᠭᠡᠢ ᠎ ᠪᠠᠷ ᠦᠨᠳᠦᠰᠦᠨ ᠬᠥᠭ ᠠᠶᠠᠰ ᠪᠣᠯᠭᠠᠨ ᠱᠠᠲᠤ ᠱᠠᠲᠤ ᠪᠠᠷ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠭᠦᠢᠴᠡᠳᠬᠡᠬᠦ ᠬᠦᠴᠦᠨ ᠪᠠ ᠪᠣᠳᠠᠲᠤ ᠬᠦᠴᠦᠨ ᠢᠶᠠᠨ ᠤᠯᠠᠮ ᠨᠢᠭᠡ ᠠᠯᠬᠤᠮ ᠳᠡᠭᠡᠭᠰᠢᠯᠡᠭᠦᠯᠦᠨ᠂ ᠣᠷᠣᠨ ᠨᠤᠲᠤᠭ ᠠᠵᠤ ᠠᠬᠤᠶᠢᠯᠠᠯ ᠤᠨ ᠭᠦᠨᠵᠡᠭᠡᠢ ᠠᠭᠤᠰᠤᠯᠴᠠᠬᠤ ᠶᠢ ᠭᠦᠨᠵᠡᠭᠡᠶᠢᠷᠡᠭᠦᠯᠬᠦ᠂ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦ ᠶᠢ ᠲᠦᠷᠭᠡᠳᠬᠡᠵᠦ᠂ ᠣᠷᠣᠨ ᠪᠦᠰᠡ ᠶᠢᠨ ᠵᠣᠬᠢᠴᠠᠩᠭᠤᠢ ᠬᠥᠭᠵᠢᠯᠲᠡ ᠶᠢ ᠠᠬᠢᠭᠤᠯᠬᠤ ᠵᠡᠷᠭᠡ ᠲᠠᠯ᠎ᠠ ᠪᠠᠷ ᠰᠢᠨ᠎ᠡ ᠰᠢᠪᠲᠤᠯᠤᠯᠲᠠ ᠶᠢ ᠴᠢᠷᠮᠠᠶᠢᠨ ᠪᠡᠶᠡᠯᠡᠭᠦᠯᠵᠦ᠂ ᠭᠠᠵᠠᠷ ᠣᠷᠣᠨ ᠤ ᠡᠯ᠎ᠡ ᠲᠠᠯ᠎ᠠ ᠎ ᠶᠢᠨ ᠳᠡᠰ ᠳᠡᠪᠰᠢᠬᠦ ᠶᠢ ᠳᠠᠶᠢᠴᠢᠯᠠᠨ᠂ ᠲᠡᠷᠢᠭᠦᠨ ᠤ ᠬᠢ ᠶᠢ ᠡᠭᠦᠳᠦᠨ ᠪᠠᠶᠢᠭᠤᠯᠬᠤ ᠪᠠᠷ ᠴᠢᠷᠮᠠᠶᠢᠨ᠎ᠠ᠃      《ᠳᠥᠷᠪᠡᠨ ᠬᠠᠮ ᠨᠢᠳᠤᠷᠭ᠎ᠠ》᠎ ᠶᠢ ᠰᠠᠶᠢᠲᠤᠷ ᠬᠡᠷᠡᠭᠵᠢᠭᠦᠯᠵᠦ᠂ ᠴᠢᠨᠠᠷ ᠰᠠᠶᠢᠲᠠᠶ ᠬᠥᠭᠵᠢᠯᠲᠡ ᠎ ᠶᠢᠨ《ᠰᠢᠨ᠎ᠡ ᠵᠠᠮ》᠎ ᠢ ᠰᠦᠪᠡᠭᠴᠢᠯᠡᠨ᠎ᠡ᠃ ᠵᠠᠩ ᠶᠦᠩ ᠳ᠋ᠦᠩ᠂ ᠬᠤᠯᠪᠣᠭᠠᠯᠠᠨ ᠬᠥᠳᠡᠯᠦᠯᠴᠡᠬᠦ ᠶᠢ ᠰᠠᠶᠢᠲᠤᠷ ᠠᠳᠬᠤᠬᠤ ᠬᠡᠷᠡᠭᠲᠡᠶ᠃ ᠠᠵᠤ ᠠᠬᠤᠶᠢᠯᠠᠯ ᠪᠠ ᠭᠠᠵᠠᠷ ᠣᠷᠣᠨ ᠤ ᠠᠭᠤᠰᠤᠯᠴᠠᠯ᠂ ᠣᠷᠣᠨ ᠪᠦᠰᠡ ᠶᠢᠨ ᠬᠠᠮᠵᠢᠯᠴᠠᠨ ᠬᠥᠭᠵᠢᠬᠦ ᠶᠢ ᠪᠦᠬᠦ ᠬᠦᠴᠦ ᠪᠠᠷ ᠠᠬᠢᠭᠤᠯᠵᠤ᠂ ᠠᠷᠠᠯᠵᠢᠶᠠᠴᠢᠨ ᠤᠷᠢᠬᠤ᠂ ᠨᠢᠭᠡᠳᠦᠯᠲᠡᠶ ᠪᠠᠶᠢᠭᠤᠯᠬᠤ᠂ ᠠᠰᠢᠭ ᠬᠦᠷᠲᠡᠬᠦ ᠶᠢ ᠨᠢᠭᠡᠲᠦᠯᠵᠢᠭᠦᠯᠬᠦ᠂ ᠨᠢᠭᠡᠳᠦᠯᠲᠡᠶ ᠬᠥᠭᠵᠢᠬᠦ ᠬᠠᠮᠲᠤᠷᠠᠯᠴᠠᠭᠠᠨ ᠤ ᠬᠦᠷᠢᠶ᠎ᠡ ᠶᠢ ᠬᠠᠶᠢᠨ ᠰᠦᠪᠡᠭᠴᠢᠯᠡᠵᠦ᠂ ᠠᠵᠤ ᠦᠶᠯᠡᠳᠪᠦᠷᠢ ᠶᠢᠨ ᠬᠦᠷᠢᠶᠡᠯᠡᠩ ᠲᠣᠭᠤᠷᠢᠭ᠂ ᠪᠣᠬᠢᠷᠲᠤᠯ ᠦᠭᠡᠢ ᠠᠭᠤᠷᠬᠠᠶ᠂ ᠰᠢᠨ᠎ᠡ ᠪᠠᠷ ᠮᠠᠨᠳᠤᠭᠰᠠᠨ ᠠᠵᠤ ᠦᠶᠯᠡᠰ ᠢ ᠬᠠᠮᠲᠤᠪᠠᠷ ᠠᠬᠢᠭᠤᠯᠵᠤ᠂ ᠣᠷᠣᠨ ᠪᠦᠰᠡ ᠶᠢᠨ ᠴᠢᠨᠠᠷᠲᠠᠶ ᠬᠠᠮᠲᠤ ᠶᠢᠨ ᠠᠰᠠᠭᠤᠳᠠᠯ ᠎ ᠢ ᠰᠠᠶᠢᠲᠤᠷ ᠰᠢᠶᠳᠪᠦᠷᠢᠯᠡᠵᠦ᠂ ᠦᠨᠳᠦᠰᠦᠲᠡᠨ ᠤ ᠪᠦᠯᠬᠦᠮᠳᠡᠯ᠂ ᠬᠢᠯᠢ ᠬᠢᠵᠠᠭᠠᠷ ᠤᠨ ᠲᠣᠭᠲᠠᠭᠤᠨ ᠪᠠᠶᠢᠳᠠᠯ ᠪᠠ ᠭᠠᠵᠠᠷ ᠣᠷᠣᠨ ᠤ ᠴᠡᠴᠡᠭᠯᠡᠯ ᠬᠥᠭᠵᠢᠯ ᠢ ᠬᠠᠮᠲᠤᠪᠠᠷ ᠠᠬᠢᠭᠤᠯᠤᠨ᠎ᠠ᠃ ᠠᠵᠤ ᠦᠢᠯᠡᠰ ᠤᠨ ᠬᠡᠯᠪᠡᠷᠢ ᠶᠢ ᠬᠤᠪᠢᠷᠠᠭᠤᠯᠤᠨ ᠳᠡᠰ ᠳᠡᠪᠰᠢᠭᠦᠯᠬᠦ ᠬᠠᠮ ᠠᠷᠭ᠎ᠠ ᠶᠢ ᠰᠠᠶᠢᠲᠤᠷ ᠬᠡᠷᠡᠭᠯᠡᠬᠦ ᠬᠡᠷᠡᠭᠲᠡᠶ᠃ ᠠᠭᠤᠷᠬᠠᠢ ᠶᠢᠨ ᠭᠠᠷᠤᠯᠲᠠ ᠎ ᠶᠢᠨ ᠡᠬᠢ ᠪᠠᠶᠠᠯᠢᠭ ᠪᠣᠯᠤᠨ ᠦᠯᠡᠳᠡᠭᠳᠡᠯ ᠬᠦᠳᠡᠷ ᠤᠨ ᠡᠬᠢ ᠪᠠᠶᠠᠯᠢᠭ ᠢ ᠶᠡᠷᠦᠩᠬᠡᠶᠢᠯᠡᠨ ᠠᠰᠢᠭᠯᠠᠬᠤ ᠰᠠᠭᠤᠷᠢᠨ ᠭᠠᠵᠠᠷ ᠪᠣᠯᠤᠨ ᠠᠭᠤᠷᠬᠠᠢ ᠶᠢᠨ ᠭᠠᠵᠠᠷ ᠤᠨ ᠣᠷᠴᠢᠨ ᠲᠣᠭᠤᠷᠢᠨ ᠢ ᠰᠡᠷᠭᠦᠭᠡᠨ ᠵᠠᠰᠠᠬᠤ ᠵᠢᠱᠢᠶ᠎ᠡ ᠦᠵᠡᠭᠦᠯᠬᠦ ᠰᠠᠭᠤᠷᠢᠨ ᠭᠠᠵᠠᠷ ᠢ ᠲᠦᠷᠭᠡᠳᠬᠡᠨ ᠪᠠᠶᠢᠭᠤᠯᠵᠤ᠂ ᠠᠭᠤᠷᠬᠠᠢ ᠶᠢᠨ ᠠᠮᠢ ᠠᠬᠤᠶ ᠶᠢ ᠰᠡᠷᠭᠦᠭᠡᠨ ᠵᠠᠰᠠᠬᠤ ᠬᠢᠭᠡᠳ ᠴᠡᠪᠡᠷ ᠡᠨᠧᠷᠭᠢ ᠶᠢ ᠨᠢᠭᠡ ᠳᠤ ᠴᠣᠭᠴᠠᠵᠢᠭᠤᠯᠤᠨ ᠬᠥᠭᠵᠢᠭᠦᠯᠬᠦ ᠶᠢ ᠲᠦᠷᠭᠡᠳᠬᠡᠨ ᠠᠬᠢᠭᠤᠯᠵᠤ᠂《ᠪᠣᠬᠢᠷᠲᠤᠯ ᠦᠭᠡᠢ ᠠᠭᠤᠷᠬᠠᠶ》᠎ ᠶᠢᠨ ᠨᠡᠷᠡᠲᠦ ᠲᠥᠷᠥᠯ ᠲᠡᠮᠳᠡᠭᠲᠦ ᠶᠢ ᠪᠤᠢ ᠪᠣᠯᠭᠠᠨ᠎ᠠ᠃《 ᠹᠸᠢ ᠳ᠋ᠢ ᠠᠵᠤ ᠠᠬᠤᠶ》᠎ ᠶᠢ ᠬᠥᠭᠵᠢᠭᠦᠯᠵᠦ᠂ ᠪᠠᠶ᠋ᠬᠠᠣᠪᠤᠭ᠎ᠠ ᠲᠡᠮᠦᠷ ᠤᠨ ᠠᠭᠤᠷᠬᠠᠢ ᠶᠢᠨ 5G ᠮᠡᠷᠭᠡᠵᠢᠯ ᠢ ᠬᠡᠷᠡᠭᠯᠡᠨ《ᠤᠶᠤᠨᠲᠤ ᠠᠭᠤᠷᠬᠠᠶ》᠎ ᠶᠢ ᠪᠦᠲᠦᠭᠡᠨ ᠪᠠᠶᠢᠭᠤᠯᠬᠤ ᠶᠢ ᠳᠠᠮᠵᠢᠵᠤ᠂ ᠤᠯᠤᠰ ᠤᠨ ᠲᠡᠰ ᠤᠨ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠢ ᠡᠭᠦᠳᠦᠨ ᠪᠠᠶᠢᠭᠤᠯᠬᠤ ᠬᠡᠷᠡᠭᠲᠡᠢ ᠭᠡᠵᠦ ᠴᠢᠩᠭᠠᠳᠬᠠᠪᠠ᠃      ᠬᠥᠭᠵᠢᠯᠲᠡ ᠶᠢᠨ ᠬᠠᠮᠠᠭᠠᠯᠠᠬᠤ ᠬᠠᠮ ᠨᠢᠳᠤᠷᠭ᠎ᠠ ᠶᠢ ᠰᠠᠶᠢᠲᠤᠷ ᠬᠢᠬᠦ ᠬᠡᠷᠡᠭᠲᠡᠶ᠃ ᠠᠮᠢ ᠠᠬᠤᠢ ᠶᠢ ᠰᠡᠷᠭᠦᠭᠡᠬᠦ ᠂ ᠣᠷᠴᠢᠨ ᠲᠣᠭᠤᠷᠢᠨ ᠢ ᠬᠠᠮᠠᠭᠠᠯᠠᠬᠤ᠂ ᠪᠣᠬᠢᠷᠲᠤᠯ ᠦᠭᠡᠢ ᠬᠥᠭᠵᠢᠭᠦᠯᠬᠦ᠂ ᠠᠮᠢ ᠠᠬᠤᠢ ᠪᠠᠷ ᠠᠷᠠᠳ ᠲᠤ ᠠᠰᠢᠭ ᠬᠦᠷᠲᠡᠭᠡᠬᠦ《ᠳᠥᠷᠪᠡᠨ ᠲᠣᠮᠣ ᠶᠠᠪᠤᠳᠠᠯ》᠎ ᠢ ᠪᠦᠬᠦ ᠬᠦᠴᠦ ᠪᠠᠷ ᠰᠠᠶᠢᠲᠤᠷ ᠬᠢᠵᠦ᠂ ᠣᠯᠠᠨ ᠲᠦᠮᠡᠨ ᠤ ᠳᠡᠷᠭᠡᠳᠡᠬᠢ ᠣᠷᠴᠢᠨ ᠲᠣᠭᠤᠷᠢᠨ ᠤ ᠳᠣᠪᠤᠶᠢᠮ᠎ᠠ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠪᠣᠬᠢᠷᠲᠤᠯ ᠢ ᠰᠡᠷᠭᠡᠶᠢᠯᠡᠨ ᠵᠠᠰᠠᠬᠤ ᠰᠢᠪᠲᠤᠯᠤᠯᠲᠠ ᠶᠢᠨ ᠳᠠᠶᠢᠯᠠᠯᠳᠤᠭᠠᠨ ᠢ ᠯᠠᠪᠳᠠᠭᠤᠨ ᠪᠠᠲᠤᠲᠠᠢ ᠰᠠᠶᠢᠲᠤᠷ ᠬᠢᠨ᠎ᠡ᠃ ᠪᠥᠬᠦ ᠲᠣᠭᠤᠷᠢᠭ ᠤᠨ ᠬᠦᠴᠦᠨ ᠢ ᠳᠠᠶᠢᠴᠢᠯᠠᠨ ᠪᠥᠬᠦ ᠣᠷᠣᠨ ᠪᠦᠰᠡ ᠶᠢᠨ ᠤᠯᠤᠰ ᠤᠨ ᠲᠡᠰ ᠤᠨ ᠠᠭᠤᠷᠬᠠᠢ ᠶᠢᠨ ᠴᠡᠴᠡᠷᠯᠢᠭ ᠤᠨ ᠵᠢᠱᠢᠶ᠎ᠡ ᠦᠵᠡᠭᠦᠯᠬᠦ ᠲᠥᠷᠥᠯ ᠵᠦᠶᠯ᠂ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠢ ᠶᠡᠷᠦᠩᠬᠡᠶᠢᠯᠡᠨ ᠠᠰᠢᠭᠯᠠᠵᠤ ᠭᠦᠨᠵᠡᠭᠡᠶ ᠡᠳ᠋ᠰᠢᠭᠦᠯᠬᠦ᠂ ᠤᠰᠤ ᠬᠠᠩᠭᠠᠬᠤ ᠶᠢ ᠨᠢᠭᠡ ᠳᠤ ᠴᠣᠭᠴᠠᠵᠢᠭᠤᠯᠤᠭᠰᠠᠨ ᠤᠰᠤ ᠴᠡᠪᠡᠷᠰᠢᠭᠦᠯᠬᠦ ᠦᠶᠯᠡᠳᠪᠦᠷᠢ ᠵᠡᠷᠭᠡ《ᠠᠮᠢ ᠠᠬᠤᠢ ᠶᠢᠨ ᠪᠣᠬᠢᠷᠲᠤᠯ ᠦᠭᠡᠢ ᠪᠠᠷ ᠠᠷᠠᠳ ᠲᠤ ᠠᠰᠢᠭ ᠬᠦᠷᠲᠡᠭᠡᠬᠦ 12 ᠢᠨᠵᠧᠨᠧᠷᠢᠩ》᠎ ᠢ ᠰᠠᠶᠢᠲᠤᠷ ᠬᠡᠷᠡᠭᠵᠢᠭᠦᠯᠵᠦ᠂ ᠴᠢᠨᠠᠷ ᠰᠠᠶᠢᠲᠠᠶ ᠬᠥᠭᠵᠢᠯᠲᠡ ᠶᠢᠨ ᠳᠤᠮᠳᠠ ᠥᠨᠳᠥᠷ ᠬᠢᠷᠢ ᠲᠦᠪᠰᠢᠨ ᠪᠦᠬᠦᠢ ᠬᠠᠮᠠᠭᠠᠯᠠᠯᠲᠠ ᠶᠢ ᠪᠡᠶᠡᠯᠡᠭᠦᠯᠵᠦ᠂ ᠥᠨᠳᠥᠷ ᠬᠢᠷᠢ ᠲᠦᠪᠰᠢᠨ ᠪᠦᠬᠦᠢ ᠬᠠᠮᠠᠭᠠᠯᠠᠯᠲᠠ ᠶᠢᠨ ᠳᠤᠮᠳᠠ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠪᠠᠷ ᠴᠢᠷᠮᠠᠶᠢᠨ᠎ᠠ᠃ ᠪᠠᠰᠠ ᠲᠥᠯᠥᠪᠵᠢᠭᠦᠯᠭᠡ ᠪᠦᠲᠦᠭᠡᠨ ᠪᠠᠶᠢᠭᠤᠯᠤᠯᠲᠠ ᠶᠢᠨ ᠬᠠᠮ ᠨᠢᠳᠤᠷᠭ᠎ᠠ ᠶᠢ ᠰᠠᠶᠢᠲᠤᠷ ᠬᠢᠬᠦ ᠬᠡᠷᠡᠭᠲᠡᠶ᠃ ᠦᠢᠯᠡᠳᠪᠦᠷᠢᠯᠡᠯ ᠤᠨ ᠣᠷᠣᠨ ᠵᠠᠢ ᠶᠢᠨ ᠡᠷᠴᠢᠮᠯᠢᠭ ᠥᠨᠳᠥᠷ ᠪᠦᠲᠦᠮᠵᠢᠲᠡᠢ᠂ ᠠᠮᠢᠳᠤᠷᠠᠯ ᠤᠨ ᠣᠷᠣᠨ ᠵᠠᠢ ᠶᠢᠨ ᠣᠷᠣᠰᠢᠨ ᠰᠠᠭᠤᠬᠤ ᠳᠤ ᠲᠣᠬᠢᠷᠠᠮᠵᠢᠲᠠᠢ᠂ ᠠᠮᠢ ᠠᠬᠤᠢ ᠶᠢᠨ ᠣᠷᠣᠨ ᠵᠠᠢ ᠶᠢᠨ ᠠᠭᠤᠯᠠ ᠨᠢ ᠬᠥᠬᠡ ᠤᠰᠤ ᠨᠢ ᠴᠡᠩᠬᠡᠭ ᠪᠠᠶᠢᠬᠤ ᠪᠠᠷ ᠬᠠᠷᠠᠯᠲᠠ ᠪᠣᠯᠭᠠᠵᠤ᠂《ᠣᠯᠠᠨ ᠲᠥᠯᠥᠪᠵᠢᠭᠦᠯᠭᠡ ᠶᠢ ᠨᠢᠭᠡᠳᠬᠡᠬᠦ》᠎ ᠶᠢ ᠨᠠᠷᠢᠨ ᠨᠢᠮᠪᠠᠢ ᠰᠠᠶᠢᠲᠤᠷ ᠬᠢᠵᠦ᠂ ᠪᠣᠬᠢᠷᠲᠤᠯ ᠦᠭᠡᠢ ᠠᠭᠤᠷᠬᠠᠢ ᠪᠠᠷ ᠭᠤᠣᠯ ᠪᠣᠯᠭᠠᠭᠰᠠᠨ ᠪᠣᠬᠢᠷᠲᠤᠯ ᠦᠭᠡᠢ ᠠᠵᠤ ᠠᠬᠤᠶᠢᠯᠠᠯ᠂ ᠪᠣᠬᠢᠷᠲᠤᠯ ᠦᠭᠡᠢ ᠨᠡᠶᠢᠭᠡᠮ ᠲᠣᠭᠤᠷᠢᠭ᠂ ᠪᠣᠬᠢᠷᠲᠤᠯ ᠦᠭᠡᠢ ᠰᠤᠷᠭᠠᠭᠤᠯᠢ ᠶᠢᠨ ᠬᠦᠷᠢᠶ᠎ᠡ᠂ ᠪᠣᠬᠢᠷᠲᠤᠯ ᠦᠭᠡᠢ ᠵᠡᠭᠡᠯᠢ ᠭᠤᠳᠤᠮᠵᠢ᠂ ᠪᠣᠬᠢᠷᠲᠤᠯ ᠦᠭᠡᠢ ᠬᠦᠷᠢᠶ᠎ᠡ ᠬᠠᠰᠢᠶ᠎ᠠ ᠎ ᠶᠢᠨ《1 + N》ᠪᠣᠬᠢᠷᠲᠤᠯ ᠦᠭᠡᠢ ᠬᠤᠲᠠ ᠲᠣᠭᠤᠷᠢᠭ ᠤᠨ ᠪᠠᠶᠢᠷᠢᠰᠢᠯ ᠢ ᠢᠳᠡᠪᠬᠢᠲᠡᠢ ᠴᠣᠭᠴᠠᠯᠠᠨ ᠪᠠᠶᠢᠭᠤᠯᠵᠤ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠲᠣᠭᠤᠷᠢᠭ ᠢ ᠪᠦᠬᠦ ᠬᠦᠴᠦ ᠪᠠᠷ ᠡᠭᠦᠳᠦᠨ ᠪᠠᠶᠢᠭᠤᠯᠤᠨ᠎ᠠ᠃      《ᠭᠤᠷᠪᠠᠨ ᠡᠩᠨᠡᠭᠡ》᠎ ᠶᠢ ᠰᠠᠶᠢᠲᠤᠷ ᠪᠠᠶᠢᠭᠤᠯᠵᠤ᠂ ᠴᠢᠨᠠᠷ ᠰᠠᠶᠢᠲᠠᠶ ᠬᠥᠭᠵᠢᠯᠲᠡ ᠎ ᠶᠢᠨ《ᠬᠠᠮᠠᠭᠠᠯᠠᠭᠴᠢ》᠎ ᠶᠢ ᠰᠠᠶᠢᠲᠤᠷ ᠬᠢᠨ᠎ᠡ᠃ ᠵᠠᠩ ᠶᠦᠩ ᠳ᠋ᠦᠩ᠂ ᠨᠢᠭᠡ ᠲᠠᠯ᠎ᠠ ᠪᠠᠷ ᠣᠶᠤᠨ ᠰᠠᠨᠠᠭᠠᠨ ᠤ ᠡᠩᠨᠡᠭᠡ ᠪᠠᠶᠢᠭᠤᠯᠬᠤ ᠬᠡᠷᠡᠭᠲᠡᠶ᠃ ᠶᠡᠭᠡ ᠰᠤᠷᠤᠯᠴᠠᠯᠭ᠎ᠠ ᠶᠡᠭᠡ ᠶᠠᠷᠢᠯᠴᠠᠭ᠎ᠠ ᠶᠢ ᠯᠠᠪᠳᠠᠭᠤᠨ ᠪᠠᠲᠤᠲᠠᠢ ᠥᠷᠨᠢᠭᠦᠯᠵᠦ᠂ ᠪᠠᠶᠢᠴᠠᠭᠠᠨ ᠰᠤᠳᠤᠯᠤᠯᠲᠠ ᠶᠢᠨ ᠦᠷ᠎ᠡ ᠪᠦᠲᠦᠭᠡᠯ ᠢ ᠤᠯᠠᠷᠢᠭᠤᠯᠬᠤ ᠶᠢ ᠰᠠᠶᠢᠲᠤᠷ ᠠᠳᠬᠤᠵᠤ᠂ ᠣᠶᠤᠨ ᠰᠠᠨᠠᠭᠠᠨ ᠎ ᠤ ᠪᠠᠶᠢᠳᠠᠯ᠂ ᠬᠥᠭᠵᠢᠯᠲᠡ ᠶᠢᠨ ᠰᠡᠳᠬᠢᠴᠡ ᠪᠠ ᠠᠵᠢᠯ ᠤᠨ ᠰᠤᠷᠲᠠᠯ ᠵᠡᠷᠭᠡ ᠲᠠᠯ᠎ᠠ ᠪᠠᠷ ᠣᠷᠣᠰᠢᠵᠤ ᠪᠠᠶᠢᠭ᠎ᠠ ᠳᠣᠪᠤᠶᠢᠮ᠎ᠠ ᠠᠰᠠᠭᠤᠳᠠᠯ ᠢ ᠭᠦᠨᠵᠡᠭᠡᠢ ᠪᠠᠶᠢᠴᠠᠭᠠᠵᠤ᠂ ᠪᠦᠲᠦᠮᠵᠢᠲᠡᠢ ᠠᠷᠭ᠎ᠠ ᠬᠡᠮᠵᠢᠶ᠎ᠡ ᠠᠪᠴᠤ᠂ ᠺᠠᠳ᠋ᠷᠴᠤᠳ ᠤᠨ ᠴᠤᠭ ᠰᠦᠯᠳᠡ ᠶᠢ ᠪᠠᠳᠠᠷᠠᠭᠤᠯᠵᠤ᠂ ᠣᠷᠭᠢᠯᠤᠮ᠎ᠠ ᠬᠠᠯᠠᠭᠤᠨ ᠰᠡᠳᠬᠢᠯᠭᠡ ᠪᠠᠷ ᠬᠥᠭᠵᠢᠯᠲᠡ ᠶᠢ ᠠᠳᠬᠤᠬᠤ ᠬᠡᠷᠡᠭᠲᠡᠢ ᠃ ᠨᠥᠭᠦᠭᠡ ᠲᠠᠯ᠎ᠠ ᠪᠠᠷ᠂ ᠣᠪᠣᠷ ᠰᠤᠷᠲᠠᠯ ᠢᠶᠠᠷ ᠴᠢᠩᠭ᠎ᠠ ᠡᠩᠨᠡᠭᠡ ᠶᠢ ᠪᠠᠶᠢᠭᠤᠯᠬᠤ ᠬᠡᠷᠡᠭᠲᠡᠶ᠃ ᠨᠠᠮ ᠤᠨ ᠲᠥᠪ ᠬᠤᠷᠢᠶᠠᠨ ᠤ《ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠣᠨ》᠎ ᠤ ᠱᠠᠭᠠᠷᠳᠠᠯᠭ᠎ᠠ ᠶᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠵᠤ᠂《ᠰᠠᠶᠢᠨ ᠰᠠᠶᠢᠬᠠᠨ ᠤᠯᠤᠰ ᠲᠥᠷᠦ ᠶᠢᠨ ᠠᠮᠢ ᠠᠬᠤᠢ ᠶᠢᠨ ᠣᠨ ᠢ ᠦᠷᠭᠦᠯᠵᠢᠯᠡᠨ ᠴᠡᠪᠡᠷᠰᠢᠭᠦᠯᠬᠦ》ᠠᠵᠢᠯᠯᠠᠭ᠎ᠠ ᠶᠢ ᠯᠠᠪᠳᠠᠭᠤᠨ ᠪᠠᠲᠤᠲᠠᠶ ᠥᠷᠨᠢᠭᠦᠯᠵᠦ᠂ ᠬᠡᠯᠪᠡᠷᠢᠴᠢ ᠦᠵᠡᠯ᠂ ᠨᠣᠶᠠᠨᠴᠢ ᠰᠤᠷᠲᠠᠯ ᠵᠢᠴᠢ《ᠳᠦᠷᠪᠡᠨ ᠨᠣᠶᠠᠨ》᠎ ᠤ ᠠᠰᠠᠭᠤᠳᠠᠯ ᠢ ᠲᠤᠰᠬᠠᠶ ᠴᠡᠭᠴᠡᠯᠡᠨ ᠵᠠᠰᠠᠬᠤ ᠶᠢ ᠭᠦᠨᠵᠡᠭᠡᠶ ᠥᠷᠨᠢᠭᠦᠯᠵᠦ᠂ ᠢᠯᠵᠠᠷᠠᠬᠤ ᠵᠣᠷᠢᠭ ᠦᠭᠡᠢ᠂ ᠢᠯᠵᠠᠷᠠᠵᠤ ᠳᠡᠶᠢᠯᠬᠦ ᠦᠭᠡᠢ᠂ ᠢᠯᠵᠠᠷᠠᠬᠤ ᠶᠢ ᠪᠤᠳᠤᠬᠤ ᠦᠭᠡᠢ ᠪᠠᠶᠢᠬᠤ ᠶᠢ ᠨᠢᠭᠡ ᠳᠤ ᠴᠣᠭᠴᠠᠵᠢᠭᠤᠯᠤᠨ ᠠᠬᠢᠭᠤᠯᠵᠤ᠂ ᠺᠠᠳ᠋ᠷ ᠢ ᠲᠥᠪ ᠴᠢᠬᠡᠴᠢ ᠤᠯᠤᠰ ᠲᠥᠷᠦ ᠶᠢᠨ ᠠᠮᠢ ᠠᠬᠤᠢ ᠎ ᠶᠢᠨ ᠳᠤᠮᠳᠠ ᠦᠰᠦᠨ ᠪᠣᠶᠢᠵᠢᠭᠤᠯᠤᠨ᠎ᠠ ᠭᠡᠪᠡ᠃      ᠡᠭᠦᠨ ᠠᠴᠠ ᠭᠠᠳᠠᠨ᠎ᠠ᠂ ᠠᠷᠠᠳ ᠤᠨ ᠲᠥᠯᠥᠭᠡ ᠪᠣᠳᠠᠲᠠᠶ ᠶᠢ ᠡᠷᠬᠢᠮᠯᠡᠬᠦ ᠡᠩᠨᠡᠭᠡ ᠶᠢ ᠪᠠᠶᠢᠭᠤᠯᠬᠤ ᠬᠡᠷᠡᠭᠲᠡᠶ᠃ ᠠᠷᠠᠳ ᠲᠦᠮᠡᠨ ᠢᠶᠠᠷ ᠭᠤᠤᠯ ᠪᠣᠯᠭᠠᠬᠤ ᠶᠢ ᠪᠠᠷᠢᠮᠲᠠᠯᠠᠵᠤ᠂ ᠬᠤᠲᠠ ᠶᠢᠨ ᠲᠣᠤᠷᠵᠢᠭᠤᠯᠤᠭᠰᠠᠨ ᠬᠠᠮᠢᠶᠠᠷᠤᠯᠲᠠ ᠶᠢᠨ ᠪᠣᠳᠠᠲᠤ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠠᠷᠭ᠎ᠠ ᠪᠦᠬᠦᠨ ᠢ ᠰᠦᠪᠡᠭᠴᠢᠯᠡᠨ ᠤᠤᠭᠤᠬᠤ ᠤᠰᠤ᠂ ᠰᠤᠷᠭᠠᠨ ᠬᠥᠮᠦᠵᠢᠯ᠂ ᠡᠷᠡᠭᠦᠯ ᠬᠠᠮᠠᠭᠠᠯᠠᠯ᠂ ᠰᠣᠶᠣᠯ ᠵᠡᠷᠭᠡ ᠣᠯᠠᠨ ᠲᠦᠮᠡᠨ ᠤ ᠠᠩᠬᠠᠷᠴᠤ ᠪᠠᠶᠢᠭ᠎ᠠ ᠠᠰᠠᠭᠤᠳᠠᠯ ᠢ ᠰᠢᠶᠳᠪᠦᠷᠢᠯᠡᠵᠦ᠂ ᠠᠭᠤᠷᠬᠠᠢ ᠶᠢᠨ ᠲᠣᠭᠤᠷᠢᠭ ᠤᠨ ᠣᠯᠠᠨ ᠲᠦᠮᠡᠨ ᠤ ᠬᠦᠷᠲᠡᠮᠵᠢ ᠶᠢᠨ ᠲᠥᠷᠥᠭᠳᠡᠯ᠂ ᠵᠢᠷᠭᠠᠯᠲᠤ ᠲᠥᠷᠥᠭᠳᠡᠯ ᠪᠠ ᠠᠮᠤᠷ ᠲᠦᠪᠰᠢᠨ ᠤ ᠲᠥᠷᠥᠭᠳᠡᠯ ᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃
 
ᠢᠷᠡᠯᠲᠡ᠄ ᠪᠠᠶ᠋ᠬᠠᠣᠪᠤᠭ᠎ᠠ ᠠᠭᠤᠷᠬᠠᠢ ᠶᠢᠨ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号