ᠪᠠᠶ᠋ᠬᠠᠣᠪᠤᠭ᠎ᠠ ᠠᠭᠤᠷᠬᠠᠢ ᠶᠢᠨ ᠲᠣᠭᠤᠷᠢᠭ ᠤᠨ ᠬᠠᠴᠢᠨ ᠴᠢᠯᠠᠭᠤ ᠶᠢ ᠬᠠᠮᠲᠤᠪᠠᠷ ᠰᠣᠨᠢᠷᠬᠠᠶ᠎ᠠ — ᠪᠤᠭᠤᠲᠤ ᠎ ᠶᠢᠨ ᠪᠠᠶ᠋ᠬᠠᠣᠪᠤᠭ᠎ᠠ ᠶᠢᠨ ᠠᠷᠪᠠᠨ ᠳᠥᠷᠪᠡᠳᠦᠭᠡᠷ ᠬᠤᠭᠤᠴᠠᠭᠠᠨ ᠤ ᠬᠠᠴᠢᠨ ᠴᠢᠯᠠᠭᠤᠨ ᠤ ᠰᠣᠶᠣᠯ ᠵᠤᠭᠠᠴᠠᠯ ᠎ ᠤᠨ ᠨᠠᠶᠢᠷ ᠡᠬᠢᠯᠡᠪᠡ
ᠨᠡᠶᠢᠲᠡᠯᠡᠭᠰᠡᠨ ᠴᠠᠭ᠄
2019-07-17
     ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ 70 ᠵᠢᠯ ᠤᠨ ᠣᠢ ᠶᠢᠨ ᠲᠠᠰᠢᠷᠠᠮ ᠳᠤ᠂ ᠲᠠᠯ᠎ᠠ ᠨᠤᠲᠤᠭ ᠎ ᠤᠨ ᠬᠠᠮᠤᠭ ᠤᠨ ᠦᠵᠡᠰᠬᠦᠯᠡᠩᠲᠦ ᠤᠯᠠᠷᠢᠯ ᠤᠨ 7 ᠰᠠᠷ᠎ᠠ ᠶᠢᠨ 16᠎ ᠤ ᠡᠳᠦᠷ᠂ ᠪᠤᠭᠤᠲᠤ ᠬᠤᠲᠠ ᠶᠢᠨ ᠪᠠᠶ᠋ᠬᠠᠣᠪᠤᠭ᠎ᠠ ᠠᠭᠤᠷᠬᠠᠢ ᠶᠢᠨ ᠲᠣᠭᠤᠷᠢᠭ ᠤᠨ ᠠᠷᠪᠠᠨ ᠳᠥᠷᠪᠡᠳᠦᠭᠡᠷ ᠬᠤᠭᠤᠴᠠᠭᠠᠨ ᠤ ᠬᠠᠴᠢᠨ ᠴᠢᠯᠠᠭᠤᠨ ᠤ ᠰᠣᠶᠣᠯ ᠵᠤᠭᠠᠴᠠᠯ ᠤᠨ ᠨᠠᠶᠢᠷ ᠡᠬᠢᠯᠡᠪᠡ᠃ ᠪᠦᠬᠦ ᠤᠯᠤᠰ ᠤᠨ ᠬᠠᠴᠢᠨ ᠴᠢᠯᠠᠭᠤᠨ ᠤ ᠬᠤᠳᠠᠯᠳᠤᠭᠠᠴᠢᠳ ᠬᠤᠷᠠᠨ ᠴᠤᠭᠯᠠᠷᠠᠵᠤ᠂ ᠨᠠᠶᠮᠠᠨ ᠵᠣᠪᠬᠢᠰ ᠤᠨ ᠵᠤᠭᠠᠴᠠᠭᠰᠠᠳ ᠨᠡᠷ᠎ᠡ ᠠᠯᠳᠠᠷ ᠢ ᠰᠣᠨᠣᠰᠤᠭᠠᠳ ᠬᠦᠷᠦᠯᠴᠡᠨ ᠢᠷᠡᠵᠦ᠂ ᠲᠤᠬᠠᠶ ᠎ ᠶᠢᠨ ᠭᠠᠵᠠᠷ ᠤᠨ ᠰᠠᠭᠤᠭᠠᠯᠢ ᠠᠷᠠᠳ ᠲᠠᠢ ᠬᠠᠮᠲᠤ ᠪᠠᠷ᠂ ᠴᠢᠯᠠᠭᠤ ᠪᠠᠷ ᠵᠠᠭᠤᠴᠢ ᠪᠣᠯᠭᠠᠵᠤ᠂ ᠬᠠᠴᠢᠨ ᠴᠢᠯᠠᠭᠤᠨ ᠤ ᠭᠠᠶᠢᠬᠠᠮᠰᠢᠭ ᠢ ᠲᠣᠯᠢᠳᠠᠵᠤ᠂ ᠲᠠᠯ᠎ᠠ ᠨᠤᠲᠤᠭ ᠤᠨ ᠦᠵᠡᠰᠬᠦᠯᠡᠩᠲᠦ ᠰᠠᠶᠢᠬᠠᠨ ᠦᠵᠡᠮᠵᠢ ᠶᠢ ᠰᠣᠨᠢᠷᠬᠠᠨ᠂ ᠳᠡᠯᠡᠬᠡᠶ ᠎ ᠶᠢᠨ ᠬᠤᠪᠣᠷ ᠰᠢᠷᠣᠶ ᠶᠢᠨ ᠨᠤᠲᠤᠭ ᠤᠰᠤᠨ ᠤ ᠴᠤᠭ ᠵᠢᠪᠬᠤᠭ᠎ᠠ ᠶᠢ ᠣᠶᠢᠯᠠᠭᠠᠵᠤ᠂ ᠪᠠᠶ᠋ᠬᠠᠣᠪᠤᠭ᠎ᠠ ᠠᠭᠤᠷᠬᠠᠢ ᠶᠢᠨ ᠲᠣᠭᠤᠷᠢᠭ ᠤᠨ70 ᠵᠢᠯ ᠤᠨ ᠬᠥᠭᠵᠢᠯᠲᠡ ᠶᠢᠨ ᠦᠷ᠎ᠡ ᠪᠦᠲᠦᠭᠡᠯ ᠢ ᠮᠠᠭᠲᠠᠨ ᠰᠠᠶᠢᠰᠢᠶᠠᠪᠠ᠃
     ᠪᠤᠭᠤᠲᠤ ᠬᠤᠲᠠ ᠶᠢᠨ ᠪᠠᠶ᠋ᠬᠠᠣᠪᠤᠭ᠎ᠠ ᠠᠭᠤᠷᠬᠠᠢ ᠶᠢᠨ ᠲᠣᠭᠤᠷᠢᠭ ᠤᠨ ᠠᠷᠪᠠᠨ ᠳᠥᠷᠪᠡᠳᠦᠭᠡᠷ ᠬᠤᠭᠤᠴᠠᠭᠠᠨ ᠤ ᠴᠢᠯᠠᠭᠤᠨ ᠰᠣᠶᠣᠯ ᠵᠢᠭᠤᠯᠴᠢᠯᠠᠯ ᠤᠨ ᠪᠠᠶᠠᠷ ᠢ ᠪᠤᠭᠤᠲᠤ ᠬᠤᠲᠠ ᠶᠢᠨ ᠠᠷᠠᠳ ᠤᠨ ᠵᠠᠰᠠᠭ ᠤᠨ ᠣᠷᠳᠣᠨ ᠠᠴᠠ ᠭᠤᠣᠯᠯᠠᠨ ᠡᠷᠬᠢᠯᠡᠵᠦ᠂ ᠳᠤᠮᠳᠠᠳᠤ ᠤᠯᠤᠰ ᠤᠨ ᠡᠪ ᠬᠠᠮᠲᠤ ᠨᠠᠮ ᠪᠠᠶ᠋ᠬᠠᠣᠪᠤᠭ᠎ᠠ ᠠᠭᠤᠷᠬᠠᠢ ᠶᠢᠨ ᠲᠣᠭᠤᠷᠢᠭ ᠤᠨ ᠨᠠᠮ ᠤᠨ ᠬᠤᠷᠢᠶ᠎ᠠ᠂ ᠪᠠᠶ᠋ᠬᠠᠣᠪᠤᠭ᠎ᠠ ᠠᠭᠤᠷᠬᠠᠢ ᠶᠢᠨ ᠲᠣᠭᠤᠷᠢᠭ ᠤᠨ ᠵᠠᠰᠠᠭ ᠤᠨ ᠣᠷᠳᠣᠨ ᠠᠴᠠ ᠳᠠᠭᠠᠭᠠᠴᠢᠯᠠᠨ ᠭᠦᠢᠴᠡᠳᠬᠡᠪᠡ᠃ ᠡᠬᠢᠯᠡᠬᠦ ᠶᠣᠰᠣᠯᠠᠯ ᠳᠤ ᠬᠤᠲᠠ ᠶᠢᠨ ᠤᠳᠤᠷᠢᠳᠤᠯᠭ᠎ᠠ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠪᠠ ᠰᠢᠶᠣᠤ ᠸᠧᠨ᠂ ᠬᠤᠲᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ ᠵᠠᠩ ᠪᠢᠨ᠂ ᠬᠤᠲᠠ ᠶᠢᠨ ᠤᠯᠤᠰ ᠲᠥᠷᠦ ᠶᠢᠨ ᠵᠥᠪᠯᠡᠯᠭᠡᠨ ᠎ ᠤ ᠳᠡᠳ᠋ ᠲᠡᠷᠢᠭᠦᠯᠡᠭᠴᠢ ᠯᠢᠦ ᠰᠦ᠋ ᠮᠧᠶ᠂ ᠬᠤᠲᠠ ᠶᠢᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠤᠨ ᠪᠠᠶᠢᠴᠠᠭᠠᠨ ᠰᠤᠳᠤᠯᠤᠭᠴᠢ ᠸᠠᠩ ᠵᠢᠶᠠᠨ ᠰᠢᠨ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠎ ᠤᠨ ᠪᠠᠶᠢᠩᠭᠤ ᠶᠢᠨ ᠬᠤᠷᠢᠶᠠᠨ ᠤ ᠰᠢᠨᠵᠢᠯᠡᠬᠦ ᠤᠬᠠᠭᠠᠨ ᠰᠤᠷᠭᠠᠨ ᠬᠥᠮᠦᠵᠢᠯ ᠰᠣᠶᠣᠯ ᠡᠷᠡᠭᠦᠯ ᠬᠠᠮᠠᠭᠠᠯᠠᠯ ᠪᠡᠶ᠎ᠡ ᠶᠢᠨ ᠲᠠᠮᠢᠷ ᠤᠨ ᠵᠥᠪᠯᠡᠯ ᠤᠨ ᠡᠷᠬᠢᠯᠡᠭᠴᠢ ᠵᠠᠩ ᠯᠢ ᠵᠢᠶᠦ᠋ᠨ᠂ ᠬᠤᠲᠠ ᠶᠢᠨ ᠣᠷᠣᠨ ᠨᠤᠲᠤᠭ ᠤᠨ ᠣᠶᠢᠯᠠᠯᠭ᠎ᠠ ᠶᠢᠨ ᠠᠯᠪᠠᠨ ᠭᠡᠷ ᠤᠨ ᠡᠷᠬᠢᠯᠡᠭᠴᠢ ᠬᠤ᠋ ᠶᠦᠨ ᠾᠦᠢ᠂ ᠬᠤᠲᠠ ᠶᠢᠨ ᠤᠯᠤᠰ ᠲᠥᠷᠦ ᠶᠢᠨ ᠵᠥᠪᠯᠡᠯᠭᠡᠨ ᠤ ᠰᠢᠨᠵᠢᠯᠡᠬᠦ ᠤᠬᠠᠭᠠᠨ ᠰᠤᠷᠭᠠᠨ ᠬᠥᠮᠦᠵᠢᠯ ᠤᠨ ᠡᠷᠡᠭᠦᠯ ᠬᠠᠮᠠᠭᠠᠯᠠᠯ ᠪᠡᠶ᠎ᠡ ᠶᠢᠨ ᠲᠠᠮᠢᠷ ᠤᠨ ᠵᠥᠪᠯᠡᠯ ᠤᠨ ᠡᠷᠬᠢᠯᠡᠭᠴᠢ ᠸᠧᠢ ᠰᠢᠤᠸᠠᠢ ᠪᠢᠨ᠂ ᠬᠤᠲᠠ ᠶᠢᠨ ᠵᠡᠮᠳᠡᠭᠴᠦᠳ ᠤᠨ ᠬᠤᠯᠪᠣᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠬᠡᠷᠡᠭ ᠡᠷᠬᠢᠯᠡᠭᠴᠢᠳ ᠤᠨ ᠳᠠᠷᠤᠭ᠎ᠠ ᠵᠠᠩ ᠷᠦᠢ ᠫᠢᠩ ᠵᠢᠴᠢ ᠬᠤᠲᠠ ᠶᠢᠨ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ ᠤᠨ ᠬᠠᠮᠢᠶ᠎ᠠ ᠪᠦᠬᠦᠢ ᠤᠳᠤᠷᠢᠳᠤᠯᠭ᠎ᠠ ᠣᠷᠣᠯᠴᠠᠪᠠ᠃ ᠡᠯ᠎ᠡ ᠬᠤᠰᠢᠭᠤ ᠰᠢᠶᠠᠨ ᠲᠣᠭᠤᠷᠢᠭ ᠠᠴᠠ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠭᠦᠩ ᠬᠤᠸᠠ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠡᠷᠬᠢᠯᠡᠭᠴᠢ ᠰᠣᠳᠣ ᠵᠢᠴᠢ ᠴᠢᠩᠱᠠᠨ ᠲᠣᠭᠤᠷᠢᠭ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠬᠠᠮᠢᠶ᠎ᠠ ᠪᠦᠬᠦᠢ ᠤᠳᠤᠷᠢᠳᠤᠯᠭ᠎ᠠ ᠣᠷᠣᠯᠴᠠᠭᠰᠠᠨ ᠪᠠᠶᠢᠨ᠎ᠠ᠃ ᠬᠠᠴᠢᠨ ᠴᠢᠯᠠᠭᠤᠨ ᠰᠣᠶᠣᠯ ᠤᠷᠠᠯᠢᠭ ᠤᠨ ᠬᠢᠨ ᠤ ᠤᠳᠤᠷᠢᠳᠤᠯᠭ᠎ᠠ ᠪᠣᠯᠤᠨ ᠢᠷᠡᠭᠰᠡᠨ ᠵᠣᠴᠢᠳ ᠠᠴᠠ᠂ ᠾᠧᠨᠠᠨ ᠤ ᠵᠦᠩᠶᠤᠸᠠᠨ ᠤ ᠬᠠᠴᠢᠨ ᠴᠢᠯᠠᠭᠤᠨ ᠰᠣᠶᠣᠯ ᠤᠨ ᠰᠤᠳᠤᠯᠭᠠᠨ ᠤ ᠨᠡᠶᠢᠭᠡᠮᠯᠢᠭ ᠤᠨ ᠳᠠᠷᠤᠭ᠎ᠠ ᠸᠠᠩ ᠰᠢᠨ ᠮᠢᠩ᠂ ᠭᠤᠸᠠᠩᠰᠢ ᠶᠢᠨ ᠯᠢᠤᠵᠸᠤ ᠬᠤᠲᠠ ᠶᠢᠨ ᠴᠢᠯᠠᠭᠤᠨ ᠦᠵᠡᠮᠦᠷᠢ ᠶᠢᠨ ᠨᠡᠶᠢᠭᠡᠮᠯᠢᠭ ᠤᠨ ᠨᠠᠮ ᠤᠨ ᠡᠭᠦᠷ ᠤᠨ ᠱᠦᠵᠢ᠂ ᠳᠡᠳ᠋ ᠨᠡᠶᠢᠭᠡᠮᠯᠢᠭ ᠤᠨ ᠳᠠᠷᠤᠭ᠎ᠠ ᠸᠧᠶ ᠵᠢᠶᠠ ᠴᠤᠤ᠂ ᠬᠤᠲᠠ ᠶᠢᠨ ᠴᠢᠯᠠᠭᠤᠨ ᠦᠵᠡᠮᠦᠷᠢ ᠶᠢᠨ ᠪᠣᠣ ᠢᠥᠢ ᠱᠢ ᠨᠡᠶᠢᠭᠡᠮᠯᠢᠭ ᠤᠨ ᠳᠡᠳ᠋ ᠳᠠᠷᠤᠭ᠎ᠠ ᠵᠠᠩ ᠬᠦᠶ ᠶᠢᠩ᠂ ᠳ᠋ᠦᠩ ᠯᠢᠩ᠂ ᠷᠧᠨ ᠷᠦᠨ ᠱᠧᠩ᠂ ᠸᠠᠩ ᠰᠢᠶᠠᠨ ᠭᠦᠸᠧ ᠵᠢᠴᠢ ᠪᠦᠬᠦ ᠤᠯᠤᠰ ᠤᠨ ᠬᠡᠰᠡᠭ ᠮᠣᠵᠢ ᠬᠤᠲᠠ᠂ ᠥᠪᠡᠷᠲᠡᠭᠡᠨ ᠵᠠᠰᠠᠬᠤ ᠣᠷᠣᠨ ᠤ ᠬᠡᠰᠡᠭ ᠠᠶᠢᠮᠠᠭ ᠬᠤᠲᠠ᠂ ᠬᠤᠰᠢᠭᠤ ᠰᠢᠶᠠᠨ ᠤ ᠬᠠᠴᠢᠨ ᠴᠢᠯᠠᠭᠤᠨ ᠰᠣᠶᠣᠯ ᠤᠨ ᠤᠳᠤᠷᠢᠳᠤᠯᠭ᠎ᠠ᠂ ᠵᠣᠴᠢᠳ ᠣᠷᠤᠯᠴᠠᠪᠠ᠃ ᠪᠠᠶ᠋ᠬᠠᠣᠪᠤᠭ᠎ᠠ ᠠᠭᠤᠷᠬᠠᠢ ᠶᠢᠨ ᠲᠣᠭᠤᠷᠢᠭ ᠤᠨ ᠤᠳᠤᠷᠢᠳᠤᠯᠭ᠎ᠠ ᠠᠴᠠ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠵᠠᠩ ᠶᠦᠩ ᠳ᠋ᠦᠩ᠂ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ ᠬᠤᠸᠠᠩ ᠮᠢᠨ ᠂ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠬᠤᠤ ᠶᠢᠨ ᠬᠤᠸᠠ᠂ ᠲᠣᠭᠤᠷᠢᠭ ᠤᠨ ᠤᠯᠤᠰ ᠲᠥᠷᠥ ᠶᠢᠨ ᠵᠥᠪᠯᠡᠯᠭᠡᠨ ᠤ ᠳᠠᠷᠤᠭ᠎ᠠ ᠰᠢᠤᠸᠠᠢ ᠵᠢᠶᠠᠨ᠂ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ ᠭᠦᠸᠧ ᠾᠦᠢ ᠸᠧᠨ ᠵᠢᠴᠢ ᠲᠣᠭᠤᠷᠢᠭ ᠲᠤ ᠪᠠᠶᠢᠭ᠎ᠠ ᠰᠢᠶᠠᠨ ᠎ ᠤ ᠱᠠᠲᠤᠨ ᠤ ᠤᠳᠤᠷᠢᠳᠤᠯᠭ᠎ᠠ ᠣᠷᠤᠯᠴᠠᠪᠠ᠃ ᠡᠯ᠎ᠡ ᠲᠣᠮᠣ ᠠᠵᠤ ᠠᠬᠤᠶᠢᠯᠠᠯ ᠤᠨ ᠤᠳᠤᠷᠢᠳᠤᠯᠭ᠎ᠠ ᠠᠴᠠ ᠪᠠᠶ᠋ᠬᠠᠣᠪᠤᠭ᠎ᠠ ᠲᠡᠮᠦᠷ ᠤᠨ ᠠᠭᠤᠷᠬᠠᠢ ᠶᠢᠨ ᠨᠠᠮ ᠤᠨ ᠬᠤᠷᠢᠶᠠᠨ ᠤ ᠱᠦᠵᠢ ᠳ᠋ᠢᠩ ᠪᠣᠣ ᠱᠤ᠋᠂ ᠪᠣᠣ ᠱᠠᠨ ᠠᠭᠤᠷᠬᠠᠢ ᠎ ᠶᠢᠨ ᠦᠢᠯᠡᠰ ᠤᠨ ᠨᠠᠮ ᠤᠨ ᠬᠤᠷᠢᠶᠠᠨ ᠤ ᠳᠡᠳ᠋ ᠱᠦᠵᠢ ᠶᠠᠩ ᡁᠢ ᠴᠢᠶᠠᠩ᠂ ᠪᠠ ᠷᠦᠨ ᠠᠭᠤᠷᠬᠠᠢ ᠶᠢᠨ ᠦᠢᠯᠡᠰ ᠎ ᠤᠨ ᠨᠠᠮ ᠤᠨ ᠬᠤᠷᠢᠶᠠᠨ ᠤ ᠳᠡᠳ᠋ ᠱᠦᠵᠢ᠂ ᠠᠵᠢᠯᠴᠢᠨ ᠤ ᠡᠪᠯᠡᠯ ᠤᠨ ᠲᠡᠷᠢᠭᠦᠯᠡᠭᠴᠢ ᠶᠠᠨ ᠴᠠᠩ ᠯᠦ᠂ ᠪᠤᠭᠤᠲᠤ ᠎ ᠶᠢᠨ ᠪᠣᠯᠣᠳ ᠲᠡᠮᠦᠷ ᠤᠨ ᠰᠣᠶᠣᠯ ᠤᠨ ᠺᠣᠮᠫᠠᠨᠢ ᠶᠢᠨ ᠳᠡᠳ᠋ ᠶᠡᠷᠦᠩᠬᠡᠶ ᠳᠠᠭᠠᠭᠠᠮᠠᠯ ᠭᠧ ᠲᠦᠩ᠂ ᠪᠠᠶ᠋ᠬᠠᠣᠪᠤᠭ᠎ᠠ ᠲᠡᠮᠦᠷ ᠤᠨ ᠠᠭᠤᠷᠬᠠᠢ ᠶᠢᠨ ᠳᠡᠳ᠋ ᠳᠠᠷᠤᠭ᠎ᠠ ᠸᠠᠩ ᠭᠦᠸᠧ ᠳ᠋ᠦᠩ᠂ ᠸᠧ ᠡᠯ ᠲᠧ ᠠᠭᠤᠷᠬᠠᠢ ᠶᠢᠨ ᠦᠢᠯᠡᠰ ᠤᠨ ᠺᠣᠮᠫᠠᠨᠢ ᠶᠢᠨ ᠶᠡᠷᠦᠩᠬᠡᠶ ᠳᠠᠭᠠᠭᠠᠮᠠᠯ ᠶᠠᠨ ᠶᠦᠩ ᠯᠠᠶ᠂ ᠯᠢᠨ ᠹᠧᠩ ᠰᠢᠨᠵᠢᠯᠡᠬᠦ ᠤᠬᠠᠭᠠᠨ ᠮᠡᠷᠭᠡᠵᠢᠯ ᠤᠨ ᠶᠡᠷᠦᠩᠬᠡᠶ ᠳᠠᠭᠠᠭᠠᠮᠠᠯ ᠸᠠᠩ ᠯᠢ ᠫᠢᠩ ᠣᠷᠤᠯᠴᠠᠪᠠ᠃      ᠬᠤᠲᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ ᠵᠠᠩ ᠪᠢᠨ ᠠᠴᠠ ᠸᠧᠶ ᠵᠢᠶᠠ ᠴᠤᠤ᠂ ᠵᠠᠩ ᠬᠦᠶ ᠶᠢᠩ ᠳᠤ《ᠪᠠᠶ᠋ᠬᠠᠣᠪᠤᠭ᠎ᠠ ᠠᠭᠤᠷᠬᠠᠢ ᠶᠢᠨ ᠲᠣᠭᠤᠷᠢᠭ ᠤᠨ ᠴᠢᠯᠠᠭᠤᠨ ᠦᠵᠡᠮᠦᠷᠢ᠂ ᠪᠣᠣ ᠢᠥᠢ ᠱᠢ ᠨᠡᠶᠢᠭᠡᠮᠯᠢᠭ ᠎ ᠤᠨ ᠨᠡᠷ᠎ᠡ ᠬᠦᠨᠳᠦᠲᠦ ᠨᠡᠶᠢᠭᠡᠮᠯᠢᠭ ᠤᠨ ᠳᠠᠷᠤᠭ᠎ᠠ》᠎ ᠶᠢᠨ ᠤᠷᠢᠯᠭ᠎ᠠ ᠶᠢᠨ ᠪᠢᠴᠢᠭ ᠭᠠᠷᠳᠠᠭᠤᠯᠪᠠ᠃      ᠡᠬᠢᠯᠡᠯᠲᠡ ᠶᠢᠨ ᠶᠣᠰᠣᠯᠠᠯ ᠢ ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠡᠦ ᡁᠢ ᠴᠢᠶᠠᠩ ᠡᠷᠬᠢᠯᠡᠪᠡ᠃ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ ᠭᠦᠸᠧ ᠾᠦᠢ ᠸᠧᠨ ᠪᠣᠯᠤᠨ ᠬᠤᠲᠠ ᠵᠢᠨ‌‍ᠴᠢᠯᠠᠭᠤᠨ ᠦᠵᠡᠮᠦᠷᠢ᠂ ᠪᠣᠣ ᠢᠥᠢ ᠱᠢ ᠨᠡᠶᠢᠭᠡᠮᠯᠢᠭ ᠤᠨ ᠳᠡᠳ᠋ ᠳᠠᠷᠤᠭ᠎ᠠ ᠳ᠋ᠦᠩ ᠯᠢᠩ ᠲᠣᠰ ᠲᠣᠰ ᠪᠠᠶᠠᠷ ᠤᠨ ᠦᠭᠡ ᠬᠡᠯᠡᠵᠦ᠂ ᠬᠤᠲᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ ᠵᠠᠩ ᠪᠢᠨ ᠠᠴᠠ ᠭᠤᠸᠠᠩᠰᠢ ᠶᠢᠨ ᠯᠢᠤᠵᠸᠤ ᠬᠤᠲᠠ ᠶᠢᠨ ᠴᠢᠯᠠᠭᠤᠨ ᠦᠵᠡᠮᠦᠷᠢ ᠵᠢᠨ‌ᠨᠡᠶᠢᠭᠡᠮᠯᠢᠭ ᠤᠨ ᠨᠠᠮ ᠤᠨ ᠡᠭᠦᠷ ᠤᠨ ᠱᠦᠵᠢ᠂ ᠸᠧᠶ ᠵᠢᠶᠠ ᠴᠤᠤ᠂ ᠪᠤᠭᠤᠲᠤ ᠬᠤᠲᠠ ᠶᠢᠨ ᠴᠢᠯᠠᠭᠤᠨ ᠦᠵᠡᠮᠦᠷᠢ᠂ ᠪᠣᠣ ᠢᠥᠢ ᠱᠢ ᠨᠡᠶᠢᠭᠡᠮᠯᠢᠭ ᠤᠨ ᠵᠠᠩ ᠬᠦᠶ ᠶᠢᠩ ᠎ ᠳᠤ《ᠪᠠᠶ᠋ᠬᠠᠣᠪᠤᠭ᠎ᠠ ᠠᠭᠤᠷᠬᠠᠢ ᠶᠢᠨ ᠲᠣᠭᠤᠷᠢᠭ ᠤᠨ ᠴᠢᠯᠠᠭᠤᠨ ᠦᠵᠡᠮᠦᠷᠢ᠂ ᠪᠣᠣ ᠢᠥᠢ ᠱᠢ ᠨᠡᠶᠢᠭᠡᠮᠯᠢᠭ ᠤᠨ ᠨᠡᠷ᠎ᠡ ᠬᠦᠨᠳᠦᠲᠦ ᠨᠡᠶᠢᠭᠡᠮᠯᠢᠭ ᠤᠨ ᠳᠠᠷᠤᠭ᠎ᠠ》᠎ ᠶᠢᠨ ᠤᠷᠢᠯᠭ᠎ᠠ ᠶᠢᠨ ᠪᠢᠴᠢᠭ ᠭᠠᠷᠳᠠᠭᠤᠯᠪᠠ᠃ ᠲᠣᠭᠤᠷᠢᠭ ᠤᠨ ᠨᠠᠮ ᠎ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ ᠬᠤᠸᠠᠩ ᠮᠢᠨ ᠪᠤᠭᠤᠲᠤ ᠶᠢᠨ ᠪᠠᠶ᠋ᠬᠠᠣᠪᠤᠭ᠎ᠠ ᠎ ᠶᠢᠨ ᠠᠷᠪᠠᠨ ᠳᠥᠷᠪᠡᠳᠦᠭᠡᠷ ᠬᠤᠭᠤᠴᠠᠭᠠᠨ ᠤ ᠬᠠᠴᠢᠨ ᠴᠢᠯᠠᠭᠤᠨ ᠰᠣᠶᠣᠯ ᠵᠤᠭᠠᠴᠠᠯ ᠤᠨ ᠨᠠᠶᠢᠷ ᠡᠬᠢᠯᠡᠭᠰᠡᠨ ᠢ ᠨᠡᠶᠢᠲᠡᠯᠡᠪᠡ᠃
     ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ ᠬᠤᠸᠠᠩ ᠮᠢᠨ ᠪᠤᠭᠤᠲᠤ ᠶᠢᠨ ᠪᠠᠶ᠋ᠬᠠᠣᠪᠤᠭ᠎ᠠ ᠶᠢᠨ ᠠᠷᠪᠠᠨ ᠳᠥᠷᠪᠡᠳᠦᠭᠡᠷ ᠬᠤᠭᠤᠴᠠᠭᠠᠨ ᠤ ᠬᠠᠴᠢᠨ ᠴᠢᠯᠠᠭᠤᠨ ᠰᠣᠶᠣᠯ ᠵᠤᠭᠠᠴᠠᠯ ᠎ ᠤᠨ ᠨᠠᠶᠢᠷ ᠡᠬᠢᠯᠡᠭᠰᠡᠨ ᠢ ᠨᠡᠶᠢᠲᠡᠯᠡᠪᠡ᠃
     ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ ᠭᠦᠸᠧ ᠾᠦᠢ ᠸᠧᠨ ᠪᠠᠶᠠᠷ ᠤᠨ ᠦᠭᠡ ᠬᠡᠯᠡᠪᠡ᠃
    ᠬᠤᠲᠠ ᠶᠢᠨ ᠴᠢᠯᠠᠭᠤᠨ ᠦᠵᠡᠮᠦᠷᠢ᠂ ᠪᠣᠣ ᠢᠥᠢ ᠱᠢ ᠨᠡᠶᠢᠭᠡᠮᠯᠢᠭ ᠤᠨ ᠳᠡᠳ᠋ ᠳᠠᠷᠤᠭ᠎ᠠ ᠳ᠋ᠦᠩ ᠯᠢᠩ ᠪᠠᠶᠠᠷ
᠎ ᠤᠨ ᠦᠭᠡ ᠬᠡᠯᠡᠪᠡ᠃
     ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠡᠦ ᡁᠢ ᠴᠢᠶᠠᠩ ᠡᠬᠢᠯᠡᠯᠲᠡ ᠶᠢᠨ ᠶᠣᠰᠣᠯᠠᠯ ᠢ ᠡᠷᠭᠢᠯᠡᠪᠡ᠃
     ᠲᠣᠰ ᠬᠤᠭᠤᠴᠠᠭᠠᠨ ᠤ ᠬᠠᠴᠢᠨ ᠴᠢᠯᠠᠭᠤᠨ ᠤ ᠰᠣᠶᠣᠯ ᠵᠤᠭᠠᠴᠠᠯ ᠤᠨ ᠨᠠᠶᠢᠷ ᠨᠢ《70 ᠵᠢᠯ ᠪᠣᠯᠬᠤ ᠲᠡᠮᠡᠴᠡᠯ ᠤᠨ ᠰᠢᠨ᠎ᠡ ᠴᠠᠭ ᠦᠶ᠎ᠡ》ᠪᠠᠷ᠎ᠠ ᠭᠤᠤᠯ ᠰᠡᠳᠦᠪ ᠪᠣᠯᠭᠠᠪᠠ᠃ ᠠᠵᠢᠯᠯᠠᠭ᠎ᠠ ᠶᠢᠨ ᠬᠤᠭᠤᠴᠠᠭᠠᠨ ᠳᠤ ᠬᠠᠴᠢᠨ ᠴᠢᠯᠠᠭᠤ ᠶᠢ ᠳᠡᠯᠭᠡᠨ ᠪᠣᠷᠣᠯᠠᠭᠤᠯᠬᠤ᠂ ᠭᠡᠷᠲᠦ ᠲᠡᠷᠭᠡ ᠶᠢᠨ ᠫᠢᠸᠤ᠋ ᠳᠠᠭᠤᠤ ᠬᠥᠭᠵᠢᠮ ᠤᠨ ᠨᠠᠶᠢᠷ᠂ ᠪᠠᠶ᠋ᠬᠠᠣᠪᠤᠭ᠎ᠠ ᠶᠢᠨ ᠨᠢᠭᠤᠴᠠᠭᠠᠢ ᠶᠢ ᠬᠠᠶᠢᠬᠤ᠂ ᠤᠷᠠᠨ ᠰᠠᠶᠢᠬᠠᠨ ᠤ ᠲᠣᠭᠯᠠᠯᠲᠠ᠂ ᠪᠣᠳᠠᠰ ᠤᠨ ᠪᠤᠰᠤ ᠰᠣᠶᠣᠯ ᠤᠨ ᠥᠪ ᠤᠨ ᠦᠵᠡᠭᠦᠯᠦᠯᠭᠡ᠂ ᠬᠠᠴᠢᠨ ᠴᠢᠯᠠᠭᠤᠨ ᠰᠣᠶᠣᠯ ᠵᠢᠭᠤᠯᠴᠢᠯᠠᠯ ᠤᠨ ᠰᠤᠳᠤᠯᠤᠨ ᠶᠠᠷᠢᠯᠴᠠᠬᠤ ᠬᠤᠷᠠᠯ ᠵᠡᠷᠭᠡ 20 ᠵᠦᠢᠯ ᠤᠨ ᠠᠵᠢᠯᠯᠠᠭ᠎ᠠ ᠥᠷᠨᠢᠭᠦᠯᠵᠦ᠂ ᠭᠤᠸᠠᠩᠰᠢ᠂ ᠬᠤᠨᠠᠨ᠂ ᠱᠠᠨᠳᠦ᠋ᠩ᠂ ᠾᠧᠪᠧᠶ ᠵᠡᠷᠭᠡ ᠭᠠᠵᠠᠷ ᠤᠨ ᠪᠣᠳᠠᠲᠤ ᠬᠦᠴᠦᠨ ᠤ ᠦᠵᠡᠭᠦᠯᠦᠯᠭᠡ ᠶᠢᠨ ᠬᠤᠳᠠᠯᠳᠤᠭᠠᠴᠢᠨ 130 ᠭᠠᠷᠤᠶ ᠡᠷᠦᠬᠡ ᠦᠵᠡᠰᠬᠦᠯᠡᠩ ᠳᠤ ᠣᠷᠣᠯᠴᠠᠵᠤ᠂ ᠠᠵᠢᠯᠯᠠᠭ᠎ᠠ ᠨᠢ 150 ᠭᠠᠷᠤᠶ ᠳᠡᠯᠭᠡᠨ ᠦᠵᠡᠭᠦᠯᠬᠦ ᠪᠠᠶᠢᠷᠢ ᠲᠣᠬᠢᠷᠠᠭᠤᠯᠵᠠᠢ᠃      ᠨᠢᠭᠡ ᠰᠠᠷ᠎ᠠ ᠶᠢᠨ ᠬᠤᠭᠤᠴᠠᠭᠠᠲᠠᠢ ᠬᠠᠴᠢᠨ ᠴᠢᠯᠠᠭᠤᠨ ᠰᠣᠶᠣᠯ ᠵᠤᠭᠠᠴᠠᠯ ᠤᠨ ᠠᠵᠢᠯᠯᠠᠭ᠎ᠠ ᠳᠤ᠂ ᠪᠠᠰᠠ ᠤᠷᠠᠨ ᠰᠠᠶᠢᠬᠠᠨ ᠤ ᠲᠣᠭᠯᠠᠯᠲᠠ᠂ ᠬᠡᠦᠬᠡᠳ ᠤᠨ ᠤᠷᠠᠨ ᠵᠢᠷᠤᠭ ᠤᠨ ᠦᠵᠡᠭᠦᠯᠦᠯᠭᠡ᠂ ᠪᠠᠶ᠋ᠬᠠᠤᠪᠤᠭ᠎ᠠ ᠶᠢᠨ ᠨᠢᠭᠤᠴᠠ ᠬᠠᠶᠢᠬᠤ ᠠᠶᠠᠯᠠᠯ᠂ ᠣᠪᠣᠭ᠎ᠠ ᠳᠠᠬᠢᠬᠤ ᠠᠵᠢᠯᠯᠠᠭ᠎ᠠ᠂ ᠤᠯᠠᠭᠠᠨ ᠺᠢᠨᠣ᠋ ᠶᠢᠨ ᠦᠵᠡᠭᠦᠯᠦᠯᠭᠡ ᠵᠡᠷᠭᠡ ᠡᠯ᠎ᠡ ᠵᠦᠶᠯ ᠤᠨ ᠤᠷᠠᠨ ᠰᠠᠶᠢᠬᠠᠨ ᠤ ᠠᠵᠢᠯᠯᠠᠭ᠎ᠠ ᠭᠤᠶᠢᠳᠠ ᠰᠠᠶᠢᠬᠠᠨ ᠶᠠᠪᠤᠭᠳᠠᠵᠤ᠂ ᠵᠤᠭᠠᠴᠠᠭᠰᠠᠳ ᠢ ᠳᠠᠭᠠᠭᠤᠯᠤᠨ ᠲᠣᠰ ᠭᠠᠵᠠᠷ ᠤᠨ ᠬᠠᠴᠢᠨ ᠴᠢᠯᠠᠭᠤᠨ ᠰᠣᠶᠣᠯ᠂ ᠲᠠᠯ᠎ᠠ ᠨᠤᠲᠤᠭ ᠤᠨ ᠰᠣᠶᠣᠯ᠂ ᠠᠭᠤᠷᠬᠠᠢ ᠶᠢᠨ ᠰᠣᠶᠣᠯ᠂ ᠬᠤᠪᠢᠰᠬᠠᠯ ᠤᠨ ᠰᠣᠶᠣᠯ ᠵᠡᠷᠭᠡ ᠶᠢ ᠭᠦᠶᠴᠡᠳ ᠡᠳ᠋ᠯᠡᠬᠦ ᠪᠣᠯᠤᠨ᠎ᠠ᠃
 
ᠢᠷᠡᠯᠲᠡ᠄ ᠪᠠᠶ᠋ᠬᠠᠣᠪᠤᠭ᠎ᠠ ᠠᠭᠤᠷᠬᠠᠢ ᠶᠢᠨ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号