ᠬᠠᠰ ᠴᠢᠯᠠᠭᠤ ᠬᠤᠷᠠᠨ ᠴᠤᠭᠯᠠᠷᠠᠵᠤ᠂ ᠰᠣᠶᠣᠯ ᠵᠢᠭᠤᠯᠴᠢᠯᠠᠯ ᠠᠭᠤᠰᠤᠯᠴᠠᠪᠠ—ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ 70 ᠵᠢᠯ ᠤᠨ ᠣᠢ ᠶᠢ ᠪᠡᠯᠭᠡᠯᠡᠬᠦ ᠵᠢᠴᠢ ᠪᠤᠭᠤᠲᠤ ᠶᠢᠨ ᠪᠠᠶ᠋ᠬᠠᠣᠪᠤᠭ᠎ᠠ ᠶᠢᠨ ᠠᠷᠪᠠᠨ ᠳᠥᠷᠪᠡᠳᠦᠭᠡᠷ ᠬᠤᠭᠤᠴᠠᠭᠠᠨ ᠤ ᠬᠠᠴᠢᠨ ᠴᠢᠯᠠᠭᠤᠨ ᠰᠣᠶᠣᠯ ᠵᠤᠭᠠᠴᠠᠯ ᠤᠨ ᠨᠠᠶᠢᠷ ᠤᠨ ᠡᠬᠢᠯᠡᠯᠲᠡ ᠶᠢᠨ ᠶᠣᠰᠣᠯᠠᠯ ᠤᠨ ᠤᠷᠠᠨ ᠰᠠᠶᠢᠬᠠᠨ ᠤ ᠲᠣᠭᠯᠠᠯᠲᠠ ᠡᠬᠢᠯᠡᠪᠡ
ᠨᠡᠶᠢᠲᠡᠯᠡᠭᠰᠡᠨ ᠴᠠᠭ᠄
2019-07-18
     7 ᠰᠠᠷ᠎ᠠ ᠶᠢᠨ ᠪᠠᠶ᠋ᠬᠠᠣᠪᠤᠭ᠎ᠠ ᠶᠢᠨ ᠰᠡᠷᠢᠭᠦᠨ ᠰᠠᠯᠬᠢ ᠦᠯᠢᠶᠡᠵᠦ᠂ ᠡᠪᠡᠰᠦ ᠨᠣᠭᠤᠭ᠎ᠠ ᠬᠥᠬᠡᠷᠡᠨ ᠨᠣᠭᠤᠭᠠᠷᠠᠵᠤ ᠪᠠᠶᠢᠯ᠎ᠠ᠃ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ 70 ᠵᠢᠯ ᠤᠨ ᠣᠢ ᠶᠢᠨ ᠲᠠᠰᠢᠷᠠᠮ ᠢᠶᠠᠷ᠂ ᠭᠠᠶᠢᠬᠠᠮᠰᠢᠭᠲᠤ ᠵᠤᠰᠠᠯᠠᠩ ᠤᠨ ᠦᠵᠡᠮᠵᠢᠲᠦ ᠣᠷᠣᠨ᠂ ᠬᠤᠪᠣᠷ ᠰᠢᠷᠣᠶ ᠶᠢᠨ ᠨᠤᠲᠤᠭ— ᠪᠠᠶ᠋ᠬᠠᠣᠪᠤᠭ᠎ᠠ ᠨᠢ ᠬᠠᠴᠢᠨ ᠴᠢᠯᠠᠭᠤᠨ ᠰᠣᠶᠣᠯ ᠤᠨ ᠦᠪᠡᠳᠡᠭᠰᠢ ᠳᠠᠶᠢᠯᠠᠯᠭ᠎ᠠ ᠡᠬᠢᠯᠡᠪᠡ᠃ 7 ᠰᠠᠷ᠎ᠠ ᠶᠢᠨ 16᠎ ᠤ ᠣᠷᠣᠢ᠂ ᠬᠠᠴᠢᠨ ᠴᠢᠯᠠᠭᠤᠨ ᠰᠣᠶᠣᠯ ᠵᠤᠭᠠᠴᠠᠯ ᠤᠨ ᠪᠠᠶᠠᠷ ᠤᠨ ᠨᠢᠭᠡ ᠵᠦᠶᠯ ᠤᠨ ᠠᠵᠢᠯᠯᠠᠭ᠎ᠠ ᠪᠣᠯᠤᠭᠰᠠᠨ ᠤ ᠬᠤᠪᠢ ᠳᠤ᠂ ᠬᠥᠮᠦᠰ ᠎ ᠤᠨ ᠠᠩᠬᠠᠷᠤᠯ ᠢ ᠶᠡᠬᠡᠳᠡ ᠲᠠᠲᠠᠭᠰᠠᠨ ᠪᠤᠭᠤᠲᠤ ᠶᠢᠨ ᠪᠠᠶ᠋ᠬᠠᠣᠪᠤᠭ᠎ᠠ ᠶᠢᠨ ᠠᠷᠪᠠᠨ ᠳᠥᠷᠪᠡᠳᠦᠭᠡᠷ ᠬᠤᠭᠤᠴᠠᠭᠠᠨ ᠤ ᠬᠠᠴᠢᠨ ᠴᠢᠯᠠᠭᠤᠨ ᠰᠣᠶᠣᠯ ᠵᠤᠭᠠᠴᠠᠯ ᠤᠨ ᠪᠠᠶᠠᠷ ᠤᠨ ᠡᠬᠢᠯᠡᠯᠲᠡ ᠶᠢᠨ ᠶᠣᠰᠣᠯᠠᠯ ᠤᠨ ᠤᠷᠠᠨ ᠰᠠᠶᠢᠬᠠᠨ ᠤ ᠲᠣᠭᠯᠠᠯᠲᠠ ᠺᠠᠩ ᠲᠢ ᠲᠠᠮᠢᠷ ᠤᠨ ᠲᠥᠪ ᠲᠤ ᠡᠬᠢᠯᠡᠪᠡ︕
     ᠲᠣᠭᠤᠷᠢᠭ ᠤᠨ ᠨᠠᠮ ᠤᠨ ᠬᠤᠷᠢᠶᠠᠨ ᠤ ᠱᠦᠵᠢ ᠵᠠᠩ ᠶᠦᠩ ᠳ᠋ᠦᠩ᠂ ᠲᠣᠭᠤᠷᠢᠭ ᠤᠨ ᠨᠠᠮ ᠤᠨ ᠬᠤᠷᠢᠶᠠᠨ ᠎ ᠤ ᠪᠠᠶᠢᠩᠭᠤ ᠶᠢᠨ ᠭᠡᠰᠢᠭᠦᠨ᠂ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ᠂ ᠬᠢᠨᠠᠨ ᠪᠠᠶᠢᠴᠠᠭᠠᠬᠤ ᠵᠥᠪᠯᠡᠯ ᠎ ᠤᠨ ᠡᠷᠬᠢᠯᠡᠭᠴᠢ ᠵᠠᠩ ᠰᠢᠶᠣᠣ ᠭᠤᠸᠠᠩ᠂ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠲᠣᠭᠤᠷᠢᠭ ᠤᠨ ᠨᠠᠮ ᠤᠨ ᠬᠤᠷᠢᠶᠠᠨ ᠤ ᠠᠯᠪᠠᠨ ᠭᠡᠷ ᠤᠨ ᠡᠷᠬᠢᠯᠡᠭᠴᠢ ᠶᠠᠩ ᠵᠢᠶᠠᠨ ᠹᠧᠩ᠂ ᠲᠣᠭᠤᠷᠢᠭ ᠤᠨ ᠨᠠᠮ ᠎ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠪᠠᠶ ᠶᠦᠩ ᠭᠠᠩ᠂ ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠡᠦ ᡁᠢ ᠴᠢᠶᠠᠩ᠂ ᠲᠣᠭᠤᠷᠢᠭ ᠤᠨ ᠤᠯᠤᠰ ᠲᠥᠷᠦ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠹᠧᠶ ᠪᠦ᠋ᠦ ᠷᠦᠩ᠂ ᠲᠣᠭᠤᠷᠢᠭ ᠤᠨ ᠠᠷᠠᠳ ᠤᠨ ᠰᠢᠭᠦᠬᠦ ᠬᠤᠷᠢᠶᠠᠨ ᠤ ᠳᠠᠷᠤᠭ᠎ᠠ ᠶᠤᠸᠠᠨ ᠨᠢᠩ ᠲᠣᠰ ᠤᠳᠠᠭ᠎ᠠ ᠶᠢᠨ ᠲᠣᠭᠯᠠᠯᠲᠠ ᠶᠢ ᠦᠵᠡᠵᠦ᠂ ᠬᠤᠲᠠ ᠶᠢᠨ ᠴᠠᠭ ᠠᠭᠤᠷ ᠤᠨ ᠲᠣᠪᠴᠢᠶᠠᠨ ᠤ ᠳᠡᠳ᠋ ᠳᠠᠷᠤᠭ᠎ᠠ ᠸᠠᠩ ᠬᠦᠶ ᠫᠢᠩ ᠤᠷᠢᠯᠭ᠎ᠠ ᠪᠠᠷ ᠦᠳᠡᠰᠢᠯᠡᠭᠡ ᠶᠢ ᠰᠣᠨᠢᠷᠬᠠᠪᠠ᠃
     ᠲᠣᠭᠯᠠᠯᠲᠠ ᠨᠢ ᠡᠬᠢᠯᠡᠯᠲᠡ ᠶᠢᠨ ᠪᠥᠵᠢᠭ ᠲᠤ ᠬᠥᠰᠢᠭᠡ ᠪᠠᠨ ᠰᠡᠬᠦᠵᠦ᠂ ᠪᠠᠶᠠᠷ ᠪᠠᠶᠠᠰᠬᠤᠯᠠᠩᠲᠤ ᠪᠥᠵᠢᠭ ᠎ ᠨᠢ ᠠᠬᠤᠶ ᠲᠠᠯᠠᠪᠠᠢ ᠶᠢᠨ ᠠᠭᠤᠷ ᠠᠮᠢᠰᠬᠤᠯ ᠢ ᠦᠳᠲᠡᠷ ᠲᠦᠷᠭᠡᠨ ᠬᠥᠭᠵᠢᠭᠡᠪᠡ᠃ ᠪᠦᠬᠦᠶᠢᠯᠡ ᠲᠣᠭᠯᠠᠯᠲᠠ ᠨᠡᠶᠢᠲᠡ 17 ᠲᠣᠭᠯᠠᠯᠲᠠ ᠪᠣᠢ᠂ ᠡᠭᠦᠨ ᠳᠤ ᠪᠥᠵᠢᠭ᠂ ᠳᠠᠭᠤᠤ᠂ ᠦᠵᠡᠭᠳᠡᠯᠲᠦ ᠵᠦᠴᠦᠭᠡ᠂ ᠱᠤᠭ ᠵᠦᠴᠦᠭᠡ ᠵᠡᠷᠭᠡ ᠣᠯᠠᠨ ᠵᠦᠶᠯ ᠤᠨ ᠲᠣᠭᠯᠠᠯᠲᠠ ᠶᠢᠨ ᠬᠡᠯᠪᠡᠷᠢ ᠪᠠᠭᠲᠠᠵᠤ᠂ ᠲᠤᠬᠠᠶ ᠶᠢᠨ ᠲᠠᠯᠠᠪᠠᠢ ᠳᠤ ᠬᠥᠷ ᠬᠥᠭᠵᠢᠶᠡᠨ ᠲᠠᠢ ᠂ ᠠᠯᠠᠭ᠎ᠠ ᠲᠡᠰᠢᠯᠲᠡ ᠶᠢᠨ ᠳᠠᠭᠤᠨ ᠵᠠᠯᠭᠠᠯᠳᠤᠨ᠂ ᠦᠵᠡᠭᠴᠢᠳ ᠭᠤᠶᠢᠳᠠ ᠰᠠᠶᠢᠬᠠᠨ ᠤᠳᠬ᠎ᠠ ᠤᠷᠠᠯᠢᠭ ᠤᠨ ᠦᠪᠡᠳᠡᠭᠰᠢ ᠨᠠᠶᠢᠷ ᠢ ᠰᠣᠨᠢᠷᠬᠠᠪᠠ  ᠃ ᠡᠷᠡᠭᠲᠡᠶ ᠰᠤᠷᠤᠭᠴᠢ ᠶᠢᠨ ᠭᠤᠴᠣᠯᠠᠯ ᠳᠠᠭᠤᠤ《ᠪᠢ ᠳᠤᠮᠳᠠᠳᠤ ᠤᠯᠤᠰ ᠲᠤ ᠪᠠᠨ ᠬᠠᠶᠢᠷᠠᠲᠠᠢ》᠎ ᠨᠢ ᠡᠬᠡ ᠤᠯᠤᠰ ᠤᠨ ᠴᠡᠴᠡᠭᠯᠡᠯ ᠬᠥᠭᠵᠢᠯ᠂ ᠠᠷᠠᠳ ᠲᠦᠮᠡᠨ ᠤ ᠰᠠᠶᠢᠨ ᠰᠠᠶᠢᠬᠠᠨ ᠬᠦᠰᠡᠯ ᠡᠷᠡᠮᠡᠯᠵᠡᠯ ᠢ ᠢᠯᠡᠳᠬᠡᠵᠦ᠂《ᠨᠡᠷᠡᠨ ᠭᠡᠷᠡᠯᠲᠦ ᠵᠠᠮ》᠎ ᠨᠢ ᠪᠦᠬᠦ ᠲᠣᠭᠤᠷᠢᠭ ᠤᠨ ᠠᠷᠠᠳ ᠲᠦᠮᠡᠨ ᠤ ᠡᠶ᠎ᠡ ᠵᠣᠬᠢᠴᠠᠩᠭᠤᠶ ᠨᠡᠶᠢᠭᠡᠮ ᠢ ᠪᠦᠲᠦᠭᠡᠨ ᠪᠠᠶᠢᠭᠤᠯᠬᠤ ᠰᠠᠷᠠᠭᠤᠯ ᠳᠠᠷᠳᠠᠩ ᠵᠠᠮ ᠳᠡᠭᠡᠷ᠎ᠡ ᠡᠷᠡᠮᠡᠬᠡᠶᠢᠯᠡᠨ ᠤᠷᠤᠭᠰᠢᠯᠠᠭᠰᠠᠨ ᠢᠷᠠᠭᠤ ᠰᠠᠶᠢᠬᠠᠨ ᠳᠠᠭᠤᠯᠠᠯ ᠢ ᠪᠢᠴᠢᠭᠯᠡᠵᠦ᠂《ᠮᠠᠨᠳᠠᠷᠠᠸ᠎ᠠ ᠴᠡᠴᠡᠭ ᠪᠠ ᠬᠤᠨᠢᠴᠢᠨ ᠬᠡᠦᠬᠡᠳ》᠎ ᠨᠢ ᠤᠯᠠᠨ ᠢ ᠳᠠᠭᠠᠭᠤᠯᠤᠨ ᠥᠪᠥᠷ ᠮᠣᠩᠭᠤᠯ ᠤᠨ ᠠᠷᠠᠳ ᠤᠨ ᠰᠣᠶᠣᠯ ᠢ ᠣᠶᠢᠯᠠᠭᠠᠭᠤᠯᠵᠤ᠂ ᠲᠣᠭᠯᠠᠯᠲᠠ ᠨᠢ《ᠰᠢᠨ᠎ᠡ ᠴᠠᠭ ᠦᠶ᠎ᠡ ᠳᠤ ᠡᠷᠡᠯᠬᠡᠭᠯᠡᠨ ᠤᠷᠤᠭᠰᠢᠯᠠᠶ᠎ᠠ》ᠭᠡᠬᠦ ᠪᠥᠵᠢᠭ ᠤᠨ ᠳᠤᠮᠳᠠ ᠲᠡᠭᠦᠰᠪᠡ᠃
     12 ᠳ᠋ᠤᠭᠠᠷ ᠠᠰᠠᠷ ᠲᠤ ᠰᠠᠭᠤᠵᠤ‌‍ᠪᠠᠶᠢᠭ᠎ᠠ ᠯᠢᠦ ᠠᠪᠤᠭᠠᠢ᠄《ᠶᠠᠭᠤ ᠴᠤ ᠭᠡᠰᠡᠨ ᠬᠠᠴᠢᠨ ᠴᠢᠯᠠᠭᠤᠨ ᠪᠠᠶᠠᠷ ᠤᠨ ᠡᠬᠢᠯᠡᠯᠲᠡ ᠶᠢ ᠬᠦᠯᠢᠶᠡᠵᠦ ᠠᠪᠴᠢᠷᠠᠯ᠎ᠠ᠂ ᠵᠢᠯ ᠪᠦᠷᠢ ᠶᠢᠨ ᠬᠠᠴᠢᠨ ᠴᠢᠯᠠᠭᠤᠨ ᠰᠣᠶᠣᠯ ᠵᠤᠭᠠᠴᠠᠯ ᠤᠨ ᠪᠠᠶᠠᠷ ᠤᠨ ᠤᠷᠠᠨ ᠰᠠᠶᠢᠬᠠᠨ ᠤ ᠲᠣᠭᠯᠠᠯᠲᠠ ᠪᠣᠯ ᠮᠠᠨ ᠤ ᠪᠦᠬᠦ ᠭᠡᠷ ᠢᠶᠠᠷ ᠢᠶᠠᠨ ᠬᠦᠰᠡᠨ ᠬᠦᠯᠢᠶᠡᠵᠦ ᠪᠠᠶᠢᠭ᠎ᠠ ᠲᠥᠷᠥᠯ ᠵᠦᠶᠯ ᠪᠣᠯᠤᠨ᠎ᠠ᠂ ᠪᠢᠳᠡ ᠵᠢᠯ ᠪᠦᠷᠢ ᠬᠠᠴᠢᠨ ᠴᠢᠯᠠᠭᠤᠨ ᠪᠠᠶᠠᠷ ᠤᠨ ᠤᠷᠠᠨ ᠰᠠᠶᠢᠬᠠᠨ ᠤ ᠲᠣᠭᠯᠠᠯᠲᠠ ᠶᠢ ᠰᠣᠨᠢᠷᠬᠠᠳᠠᠭ᠃ ᠡᠨᠡ ᠤᠳᠠᠭ᠎ᠠ ᠶᠠᠭ ᠰᠠᠢᠬᠠᠨ ᠬᠡᠦᠬᠡᠳ ᠤᠳ ᠵᠤᠨ ᠤ ᠠᠮᠠᠷᠠᠯᠲᠠ ᠲᠠᠯᠪᠢᠵᠤ᠂ ᠰᠠᠳᠤᠨ ᠲᠥᠷᠥᠯ ᠎ ᠢᠶᠠᠨ ᠤᠷᠢᠳᠴᠢᠯᠠᠨ ᠲᠤᠰᠴᠤ ᠠᠪᠴᠢᠷᠠᠨ ᠢᠯᠡᠭᠦᠦ ᠬᠡᠳᠦᠨ ᠡᠳᠦᠷ ᠨᠠᠭᠠᠳᠪᠠ᠂ ᠡᠨᠡ ᠵᠢᠯ ᠤᠨ ᠬᠠᠴᠢᠨ ᠴᠢᠯᠠᠭᠤᠨ ᠦᠵᠡᠭᠦᠯᠦᠯᠭᠡ ᠶᠢᠨ ᠣᠯᠠᠩᠬᠢ ᠨᠢ ᠶᠡᠷᠦ ᠠᠴᠠ ᠣᠯᠵᠤ ᠦᠵᠡᠭᠡ ᠦᠭᠡᠢ ᠶᠤᠮ᠂ ᠮᠠᠨ ᠤ ᠪᠠᠶ᠋ᠬᠠᠣᠪᠤᠭ᠎ᠠ ᠶᠢᠨ ᠬᠠᠴᠢᠨ ᠴᠢᠯᠠᠭᠤᠨ ᠤ ᠰᠣᠶᠣᠯ ᠵᠤᠭᠠᠴᠠᠯ ᠤᠨ ᠨᠠᠶᠢᠷ ᠶᠠᠪᠤᠬᠤ ᠳᠣᠳᠥᠮ ᠰᠠᠶᠢᠨ ᠪᠣᠯᠬᠤ ᠶᠢ ᠬᠦᠰᠡᠵᠦ ᠪᠠᠶᠢᠨ᠎ᠠ》ᠭᠡᠵᠦ ᠪᠠᠶᠠᠷᠲᠠᠶᠢᠬᠠᠨ ᠬᠡᠯᠡᠨ᠎ᠡ᠃
     ᠣᠶᠢᠯᠠᠭᠠᠭᠰᠠᠨ ᠢᠶᠠᠷ᠂ ᠲᠣᠰ ᠤᠳᠠᠭᠠᠨ ᠤ ᠰᠣᠶᠣᠯ ᠵᠢᠭᠤᠯᠴᠢᠯᠠᠯ ᠤᠨ ᠨᠠᠶᠢᠷ ᠨᠢᠭᠡ ᠰᠠᠷ᠎ᠠ ᠦᠷᠭᠦᠯᠵᠢᠯᠡᠬᠦ ᠪᠣᠯᠤᠨ᠎ᠠ᠂ ᠬᠠᠴᠢᠨ ᠴᠢᠯᠠᠭᠤᠨ ᠰᠣᠶᠣᠯ ᠵᠢᠭᠤᠯᠴᠢᠯᠠᠯ ᠤᠨ ᠪᠠᠶᠠᠷ ᠤᠨ ᠬᠤᠭᠤᠴᠠᠭᠠᠨ ᠳᠤ ᠪᠠᠰᠠ ᠪᠣᠳᠠᠰ ᠤᠨ ᠪᠤᠰᠤ ᠰᠣᠶᠣᠯ ᠤᠨ ᠥᠪ ᠤᠨ ᠦᠵᠡᠭᠦᠯᠦᠯᠭᠡ᠂ ᠬᠡᠦᠬᠡᠳ ᠤᠨ ᠪᠥᠵᠢᠭ ᠤᠨ ᠲᠤᠰᠬᠠᠶ ᠲᠣᠭᠯᠠᠯᠲᠠ᠂ ᠤᠯᠠᠭᠠᠨ ᠺᠢᠨᠣ᠋ ᠶᠢᠨ ᠦᠵᠡᠭᠦᠯᠦᠯᠭᠡ ᠵᠡᠷᠭᠡ ᠠᠵᠢᠯᠯᠠᠭ᠎ᠠ ᠪᠠᠶᠢᠵᠤ᠂ ᠲᠠᠨ ᠢ ᠪᠠᠶ᠋ᠬᠠᠣᠪᠤᠭ᠎ᠠ ᠶᠢᠨ ᠨᠢᠭᠤᠴᠠ ᠬᠠᠶᠢᠬᠤ ᠠᠶᠠᠯᠠᠯ ᠳᠤ ᠤᠷᠢᠵᠤ ᠪᠠᠶᠢᠨ᠎ᠠ᠃
 
ᠢᠷᠡᠯᠲᠡ᠄ ᠪᠠᠶ᠋ᠬᠠᠣᠪᠤᠭ᠎ᠠ ᠠᠭᠤᠷᠬᠠᠢ ᠶᠢᠨ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号