ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ ᠬᠤᠸᠠᠩ ᠮᠢᠨ《ᠰᠣᠶᠣᠯ ᠪᠣᠯᠪᠠᠰᠤᠨ ᠤ ᠬᠤᠲᠠ ᠶᠢᠨ ᠡᠭᠦᠳᠦᠨ ᠪᠠᠶᠢᠭᠤᠯᠤᠯᠲᠠ ᠪᠠ ᠡᠷᠡᠭᠦᠯ ᠬᠠᠮᠠᠭᠠᠯᠠᠯ ᠤᠨ ᠬᠤᠲᠠ ᠶᠢᠨ ᠪᠠᠶᠢᠭᠤᠯᠤᠯᠲᠠ》ᠵᠢᠴᠢ ᠨᠡᠶᠢᠭᠡᠮ ᠲᠣᠭᠤᠷᠢᠭ ᠤᠨ ᠠᠵᠢᠯ ᠢᠶᠠᠨ ᠥᠷᠨᠢᠭᠦᠯᠦᠭᠰᠡᠨ ᠪᠠᠶᠢᠳᠠᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2019-08-01
    7 ᠰᠠᠷ᠎ᠠ ᠶᠢᠨ 30᠎ ᠤ ᠡᠳᠦᠷ᠂ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ ᠬᠤᠸᠠᠩ ᠮᠢᠨ《ᠰᠣᠶᠣᠯ ᠪᠣᠯᠪᠠᠰᠤᠨ ᠤ ᠬᠤᠲᠠ ᠶᠢᠨ ᠡᠭᠦᠳᠦᠨ ᠪᠠᠶᠢᠭᠤᠯᠤᠯᠲᠠ ᠪᠠ ᠡᠷᠡᠭᠦᠯ ᠬᠠᠮᠠᠭᠠᠯᠠᠯ ᠤᠨ ᠬᠤᠲᠠ ᠶᠢᠨ ᠪᠠᠶᠢᠭᠤᠯᠤᠯᠲᠠ》ᠵᠢᠴᠢ ᠨᠡᠶᠢᠭᠡᠮ ᠲᠣᠭᠤᠷᠢᠭ ᠤᠨ ᠠᠵᠢᠯ ᠢᠶᠠᠨ ᠥᠷᠨᠢᠭᠦᠯᠦᠭᠰᠡᠨ ᠪᠠᠶᠢᠳᠠᠯ ᠢ ᠪᠠᠶᠢᠴᠠᠭᠠᠨ ᠰᠤᠳᠤᠯᠪᠠ᠃ ᠵᠠᠰᠠᠭ ᠤᠨ ᠣᠷᠳᠣᠨ ᠤ ᠳᠡᠳ᠋ ᠳᠠᠷᠤᠭ᠎ᠠ ᠦ᠋ ᡁᠢ ᠴᠢᠶᠠᠩ ᠪᠠ ᠡᠯ᠎ᠡ ᠬᠠᠮᠢᠶ᠎ᠠ ᠪᠦᠬᠦᠢ ᠪᠠᠶᠢᠭᠤᠯᠭ᠎ᠠ ᠶᠢᠨ  ᠬᠠᠷᠢᠭᠤᠴᠠᠯᠭᠠᠲᠠᠨ ᠬᠠᠮᠲᠤ ᠪᠠᠶᠢᠴᠠᠭᠠᠨ ᠰᠤᠳᠤᠯᠪᠠ᠃
     ᠪᠠᠶᠢᠴᠠᠭᠠᠨ ᠰᠤᠳᠤᠯᠤᠯᠲᠠ ᠳᠤᠮᠳᠠ᠂ ᠲᠡᠳᠡ ᠨᠡᠶᠢᠭᠡᠮ ᠲᠣᠭᠤᠷᠢᠭ ᠤᠨ《ᠤᠭ ᠰᠠᠨᠠᠭ᠎ᠠ ᠪᠠᠨ ᠥᠯᠥ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠦ ᠴᠡᠭᠡᠵᠢᠯᠡᠬᠦ》ᠭᠤᠣᠯ ᠰᠡᠳᠦᠪᠲᠦ ᠬᠥᠮᠥᠵᠢᠯ ᠤᠨ ᠠᠵᠢᠯ ᠢ ᠥᠷᠨᠢᠭᠦᠯᠦᠭᠰᠡᠨ ᠪᠠᠶᠢᠳᠠᠯ ᠢ ᠨᠠᠷᠢᠨ ᠠᠰᠠᠭᠤᠵᠤ᠂ ᠨᠡᠶᠢᠭᠡᠮ ᠲᠣᠭᠤᠷᠢᠭ ᠤᠨ ᠬᠠᠷᠢᠭᠤᠴᠠᠯᠭᠠᠲᠠᠨ ᠤ ᠲᠣᠪᠴᠢ ᠮᠡᠳᠡᠭᠦᠯᠦᠯᠲᠡ ᠶᠢ ᠰᠣᠨᠣᠰᠴᠤ᠂ ᠨᠡᠶᠢᠭᠡᠮ ᠲᠣᠭᠤᠷᠢᠭ ᠤᠨ ᠨᠠᠰᠤᠲᠠᠶᠢᠴᠤᠳ ᠤᠨ ᠨᠠᠶᠢᠷᠠᠯ ᠳᠠᠭᠤᠤ ᠶᠢᠨ ᠪᠦᠯᠬᠦᠮ ᠤᠨ ᠬᠥᠳᠡᠯᠭᠡᠨ ᠤ ᠪᠣᠯᠪᠠᠰᠤᠷᠠᠯ ᠢ ᠰᠡᠳᠬᠢᠯ ᠲᠠᠯᠪᠢᠨ ᠦᠵᠡᠵᠦ᠂ ᠨᠣᠭᠤᠭᠠᠨ ᠰᠡᠭᠦᠳᠡᠷᠲᠦ ᠰᠠᠭᠤᠭᠠᠯᠢ ᠠᠷᠠᠳ ᠤᠨ ᠲᠣᠭᠤᠷᠢᠭ ᠤᠨ《ᠰᠣᠶᠣᠯ ᠪᠣᠯᠪᠠᠰᠤᠨ ᠤ ᠬᠤᠲᠠ ᠶᠢᠨ ᠡᠭᠦᠳᠦᠨ ᠪᠠᠶᠢᠭᠤᠯᠤᠯᠲᠠ ᠪᠠ ᠡᠷᠡᠭᠦᠯ ᠬᠠᠮᠠᠭᠠᠯᠠᠯ ᠤᠨ ᠬᠤᠲᠠ ᠶᠢᠨ ᠪᠠᠶᠢᠭᠤᠯᠤᠯᠲᠠ》᠎ ᠤᠨ ᠣᠷᠴᠢᠨ ᠲᠣᠭᠤᠷᠢᠨ ᠢ ᠵᠠᠰᠠᠭᠰᠠᠨ ᠪᠠᠶᠢᠳᠠᠯ ᠎ ᠢ ᠲᠤᠬᠠᠢ ᠶᠢᠨ ᠭᠠᠵᠠᠷ ᠲᠤᠨᠢ ᠬᠦᠷᠴᠦ ᠪᠠᠶᠢᠴᠠᠭᠠᠨ ᠰᠤᠳᠤᠯᠤᠯᠲᠠ ᠬᠢᠪᠡ᠃
     ᠬᠤᠸᠠᠩ ᠮᠢᠨ ᠵᠢᠭᠠᠵᠤ ᠭᠠᠷᠭᠠᠭᠰᠠᠨ ᠨᠢ᠂ ᠨᠡᠶᠢᠭᠡᠮ ᠲᠣᠭᠤᠷᠢᠭ ᠪᠣᠯ ᠰᠠᠭᠤᠭᠠᠯᠢ ᠠᠷᠠᠳ ᠤᠨ ᠡᠳᠦᠷ ᠳᠣᠳᠥᠮ ᠤᠨ ᠠᠮᠢᠳᠤᠷᠠᠯ ᠤᠨ ᠬᠦᠷᠢᠶᠡᠯᠡᠩ ᠮᠥᠨ᠂ ᠮᠥᠨᠴᠦ ᠵᠠᠰᠠᠭ ᠤᠨ ᠣᠷᠳᠣᠨ ᠪᠠ ᠠᠷᠠᠳ ᠲᠦᠮᠡᠨ ᠤ ᠬᠤᠭᠤᠷᠣᠨᠳᠤᠬᠢ ᠬᠠᠮᠤᠭ ᠦᠨᠳᠦᠰᠦᠨ ᠬᠤᠯᠪᠣᠭᠠᠰᠤ᠂ ᠵᠠᠰᠠᠭ ᠤᠨ ᠣᠷᠳᠣᠨ ᠤ ᠠᠵᠢᠯ ᠤᠨ ᠭᠤᠣᠯᠳᠠᠯᠭ᠎ᠠ ᠶᠢ ᠳᠣᠷᠣᠭᠰᠢ ᠰᠢᠯᠵᠢᠭᠦᠯᠬᠦ ᠶᠢᠨ ᠡᠴᠦᠰ ᠤᠨ ᠭᠤᠭᠴᠤᠭ᠎ᠠ ᠪᠣᠯᠣᠨ᠎ᠠ᠂ ᠨᠡᠩ ᠢᠯᠠᠩᠭᠤᠶ᠎ᠠ ᠨᠡᠶᠢᠭᠡᠮ ᠤᠨ ᠲᠣᠭᠲᠠᠭᠤᠨ ᠤ ᠴᠢᠬᠤᠯᠠ ᠰᠠᠭᠤᠷᠢ ᠮᠦᠨ᠃ ᠨᠡᠶᠢᠭᠡᠮ ᠲᠣᠭᠤᠷᠢᠭ ᠤᠨ ᠠᠷᠠᠳ ᠤᠯᠠᠨ ᠤ ᠳᠤᠮᠳᠠᠬᠢ ᠵᠣᠬᠢᠶᠠᠨ ᠪᠠᠶᠢᠭᠤᠯᠬᠤ ᠬᠦᠴᠦᠨ ᠨᠢᠭᠲᠠᠷᠠᠯ ᠤᠨ ᠬᠦᠴᠦᠨ ᠢ ᠪᠠᠳᠠᠷᠠᠭᠤᠯᠤᠨ ᠵᠠᠰᠠᠭ ᠤᠨ ᠣᠷᠳᠣᠨ ᠪᠠ ᠠᠷᠠᠳ ᠣᠯᠠᠨ ᠤ ᠬᠠᠷᠢᠯᠴᠠᠨ ᠢᠲᠡᠭᠡᠯᠴᠡᠬᠦ ᠬᠦᠴᠦᠨ ᠢ ᠠᠬᠢᠭᠤᠯᠵᠤ᠂ ᠰᠠᠭᠤᠭᠠᠯᠢ ᠠᠷᠠᠳ ᠤᠨ ᠬᠤᠭᠤᠷᠣᠨᠳᠤᠬᠢ ᠨᠥᠬᠦᠷᠰᠡᠭ ᠬᠠᠷᠢᠯᠴᠠᠨ ᠬᠠᠪᠰᠤᠷᠤᠯᠴᠠᠬᠤ ᠶᠢ ᠴᠢᠩᠭᠠᠳᠬᠠᠨ᠂ ᠨᠡᠶᠢᠭᠡᠮ ᠲᠣᠭᠤᠷᠢᠭ ᠤᠨ ᠡᠯ᠎ᠡ ᠵᠦᠢᠯ ᠤᠨ ᠠᠵᠢᠯ ᠤᠨ ᠡᠮᠬᠢ ᠵᠢᠷᠤᠮ ᠲᠠᠢ ᠦᠷᠨᠢᠬᠦ ᠶᠢ ᠠᠬᠢᠭᠤᠯᠬᠤ ᠬᠡᠷᠡᠭᠲᠡᠢ᠃      ᠬᠤᠸᠠᠩ ᠮᠢᠨ ᠱᠠᠭᠠᠷᠳᠠᠭᠰᠠᠨ ᠨᠢ᠂ ᠨᠢᠭᠡ ᠳᠤ《ᠤᠭ ᠰᠠᠨᠠᠭ᠎ᠠ ᠪᠠᠨ ᠥᠯᠥ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠦ ᠴᠡᠭᠡᠵᠢᠯᠡᠬᠦ》ᠭᠤᠣᠯ ᠰᠡᠳᠦᠪᠲᠦ ᠬᠥᠮᠥᠵᠢᠯ ᠤᠨ ᠠᠵᠢᠯ ᠢ ᠤᠯᠠᠮ ᠨᠢᠭᠡ ᠠᠯᠬᠤᠮ ᠨᠠᠶᠢᠳᠠᠪᠤᠷᠢᠵᠢᠭᠤᠯᠤᠨ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠢ ᠰᠣᠷᠣᠯᠴᠠᠨ᠂ ᠠᠷᠠᠳ ᠣᠯᠠᠨ ᠤ ᠰᠠᠶᠢᠨ ᠰᠠᠶᠢᠬᠠᠨ ᠠᠮᠢᠳᠤᠷᠠᠯ ᠤᠨ ᠲᠤᠬᠠᠢ ᠬᠦᠰᠡᠯ ᠡᠷᠡᠮᠡᠯᠵᠢᠯ ᠳᠤ ᠵᠣᠬᠢᠴᠠᠵᠤ᠂ ᠨᠡᠶᠢᠭᠡᠮ ᠲᠣᠭᠤᠷᠢᠭ ᠤᠨ ᠬᠥᠭᠦᠷᠭᠡ ᠬᠤᠯᠪᠣᠭᠠᠰᠤ ᠵᠢᠴᠢ ᠦᠵᠡᠯ ᠤᠬᠠᠮᠰᠠᠷ ᠤᠨ ᠬᠡᠯᠪᠡᠷᠢ ᠶᠢ ᠵᠢᠭᠰᠠᠭᠠᠯ ᠤᠨ ᠭᠠᠵᠠᠷ ᠤᠨ ᠦᠢᠯᠡᠳᠦᠯ ᠢ ᠰᠠᠶᠢᠲᠤᠷ ᠪᠠᠳᠠᠷᠠᠭᠤᠯᠬᠤ ᠬᠡᠷᠡᠭᠲᠡᠢ᠃ ᠨᠡᠶᠢᠭᠡᠮ ᠲᠣᠭᠤᠷᠢᠭ  ᠤᠨ ᠰᠣᠶᠣᠯ ᠤᠨ ᠬᠥᠳᠡᠯᠭᠡᠭᠡᠨ ᠢ ᠤᠯᠠᠨ ᠶᠠᠩᠵᠤ ᠪᠠᠷ ᠥᠷᠨᠢᠭᠦᠯᠦᠨ᠂ ᠰᠠᠭᠤᠭᠠᠯᠢ ᠠᠷᠠᠳ ᠤᠨ ᠣᠶᠣᠨ ᠤ ᠰᠣᠶᠣᠯ ᠤᠨ ᠠᠮᠢᠳᠤᠷᠠᠯ ᠢ ᠨᠡᠩ ᠪᠠᠶᠠᠯᠢᠭᠵᠢᠭᠤᠯᠵᠤ᠂ ᠰᠠᠭᠤᠭᠠᠯᠢ ᠠᠷᠠᠳ ᠪᠠ ᠠᠷᠠᠳ ᠣᠯᠠᠨ ᠤ ᠡᠯ᠎ᠡ ᠲᠠᠯ᠎ᠠ ᠶᠢᠨ ᠰᠠᠨᠠᠯ ᠰᠠᠨᠠᠭᠤᠯᠭ᠎ᠠ ᠶᠢ ᠴᠤᠭᠯᠠᠭᠤᠯᠤᠨ᠂ ᠠᠵᠢᠯ ᠤᠨ ᠠᠷᠭ᠎ᠠ ᠬᠡᠯᠪᠡᠷᠢ ᠪᠠᠨ ᠬᠠᠯᠠᠨ ᠰᠠᠶᠢᠵᠢᠷᠠᠭᠤᠯᠬᠤ ᠶᠢᠨ ᠬᠠᠮᠲᠤ ᠨᠡᠶᠢᠭᠡᠮ ᠲᠣᠭᠤᠷᠢᠭ ᠤᠨ ᠦᠢᠯᠡᠴᠢᠯᠡᠭᠡᠨ ᠤ ᠴᠢᠨᠠᠷ ᠴᠢᠨᠰᠠᠭ᠎ᠠ ᠪᠠᠨ ᠲᠠᠰᠤᠷᠠᠯᠲᠠ ᠦᠭᠡᠢ ᠳᠡᠭᠡᠭᠰᠢᠯᠡᠭᠦᠯᠦᠨ᠂ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠲᠤ ᠨᠡᠩ ᠰᠠᠶᠢᠨ ᠰᠠᠶᠢᠬᠠᠨ ᠠᠮᠢᠳᠤᠷᠠᠯ ᠤᠨ ᠬᠦᠷᠢᠶᠡᠯᠡᠩ ᠪᠠᠶᠢᠭᠤᠯᠬᠤ ᠪᠠᠷ ᠴᠢᠷᠮᠠᠶᠢᠬᠤ ᠬᠡᠷᠡᠭᠲᠡᠢ᠃ ᠬᠤᠶᠠᠷ ᠲᠤ ᠨᠡᠶᠢᠭᠡᠮ ᠲᠣᠭᠤᠷᠢᠭ ᠤᠨ《ᠰᠣᠶᠣᠯ ᠪᠣᠯᠪᠠᠰᠤᠨ ᠤ ᠬᠤᠲᠠ ᠶᠢᠨ ᠡᠭᠦᠳᠦᠨ ᠪᠠᠶᠢᠭᠤᠯᠤᠯᠲᠠ ᠪᠠ ᠡᠷᠡᠭᠦᠯ ᠬᠠᠮᠠᠭᠠᠯᠠᠯ ᠤᠨ ᠬᠤᠲᠠ ᠶᠢᠨ ᠪᠠᠶᠢᠭᠤᠯᠤᠯᠲᠠ》᠎ ᠶᠢᠨ ᠠᠵᠢᠯ ᠢ ᠰᠠᠶᠢᠲᠤᠷ ᠠᠳᠬᠤᠵᠤ᠂ ᠨᠡᠶᠢᠭᠡᠮ ᠲᠣᠭᠤᠷᠢᠭ ᠵᠢᠴᠢ ᠨᠡᠶᠢᠭᠡᠮ ᠲᠣᠭᠤᠷᠢᠭ ᠤᠨ ᠡᠷᠭᠢᠨ ᠲᠣᠭᠤᠷᠢᠨ ᠤ ᠣᠷᠴᠢᠨ ᠲᠣᠭᠤᠷᠢᠨ ᠤ ᠴᠡᠴᠡᠭᠯᠡᠨ ᠵᠠᠰᠠᠯᠲᠠ ᠳᠤ ᠬᠦᠴᠦ ᠲᠠᠯᠪᠢᠨ᠂ ᠰᠠᠭᠤᠭᠠᠯᠢ ᠠᠷᠠᠳ ᠵᠢᠴᠢ ᠬᠠᠷᠢᠶᠠᠲᠤ ᠣᠷᠣᠨ ᠤ ᠳᠣᠲᠣᠷᠠᠬᠢ ᠠᠵᠦ ᠠᠬᠤᠶᠢᠯᠠᠯ ᠵᠡᠷᠭᠡ ᠡᠯ᠎ᠡ ᠲᠠᠯ᠎ᠠ ᠶᠢᠨ ᠬᠦᠴᠦᠨ ᠴᠢᠳᠠᠯ ᠢ ᠢᠳᠡᠪᠬᠢᠲᠡᠢ  ᠳᠠᠶᠢᠴᠢᠯᠠᠵᠤ᠂ ᠨᠡᠶᠢᠭᠡᠮ ᠲᠣᠭᠤᠷᠢᠭ ᠤᠨ《ᠰᠣᠶᠣᠯ ᠪᠣᠯᠪᠠᠰᠤᠨ ᠤ ᠬᠤᠲᠠ ᠶᠢᠨ ᠡᠭᠦᠳᠦᠨ ᠪᠠᠶᠢᠭᠤᠯᠤᠯᠲᠠ ᠪᠠ ᠡᠷᠡᠭᠦᠯ ᠬᠠᠮᠠᠭᠠᠯᠠᠯ ᠤᠨ ᠬᠤᠲᠠ ᠶᠢᠨ ᠪᠠᠶᠢᠭᠤᠯᠤᠯᠲᠠ》᠎ ᠤᠨ ᠠᠵᠢᠯ ᠤᠨ ᠤᠷᠤᠭᠰᠢᠲᠠᠢ ᠶᠠᠪᠤᠭᠳᠠᠵᠤ᠂ ᠰᠠᠭᠤᠭᠠᠯᠢ ᠠᠷᠠᠳ ᠪᠠ ᠤᠯᠠᠨ ᠲᠦᠮᠡᠨ ᠳᠤ ᠰᠠᠶᠢᠨ ᠰᠠᠶᠢᠬᠠᠨ ᠠᠮᠢᠳᠤᠷᠠᠯ ᠤᠨ ᠣᠷᠴᠢᠨ ᠲᠣᠭᠤᠷᠢᠨ ᠢ ᠪᠣᠢ ᠪᠣᠯᠭᠠᠵᠤ ᠥᠭᠬᠦ ᠬᠡᠷᠡᠭᠲᠡᠢ᠃
 
ᠢᠷᠡᠯᠲᠡ᠄ ᠪᠠᠶ᠋ᠬᠠᠣᠪᠤᠭ᠎ᠠ ᠠᠭᠤᠷᠬᠠᠢ ᠶᠢᠨ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号