ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ  ᠵᠠᠰᠠᠭ ᠤᠨ ᠣᠷᠳᠣᠨ ᠤ ᠳᠠᠷᠤᠭ᠎ᠠ ᠬᠤᠸᠠᠩ ᠮᠢᠨ ᠳᠤᠭᠤᠶᠢᠯᠠᠩ ᠳᠠᠭᠠᠭᠤᠯᠤᠨ《8.1》᠎ ᠤ ᠲᠣᠬᠤᠨᠢᠭᠤᠯᠬᠤ ᠬᠥᠳᠡᠯᠭᠡᠭᠡᠨ ᠥᠷᠨᠢᠭᠦᠯᠪᠡ
ᠨᠡᠶᠢᠲᠡᠯᠡᠭᠰᠡᠨ ᠴᠠᠭ᠄
2019-08-01
     7 ᠰᠠᠷ᠎ᠠ ᠶᠢᠨ 30᠎ ᠤ ᠦᠳᠡ ᠶᠢᠨ ᠬᠤᠶᠢᠨ᠎ᠠ᠂ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ  ᠵᠠᠰᠠᠭ ᠤᠨ ᠣᠷᠳᠣᠨ ᠤ ᠳᠠᠷᠤᠭ᠎ᠠ ᠬᠤᠸᠠᠩ ᠮᠢᠨ ᠳᠤᠭᠤᠶᠢᠯᠠᠩ ᠳᠠᠭᠠᠭᠤᠯᠤᠨ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ ᠳᠤ ᠬᠦᠷᠴᠦ《8.1》᠎ ᠤ ᠲᠣᠬᠤᠨᠢᠭᠤᠯᠬᠤ ᠬᠥᠳᠡᠯᠭᠡᠭᠡᠨ ᠥᠷᠨᠢᠭᠦᠯᠪᠡ᠃ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠭᠡᠷ᠂ ᠴᠡᠷᠢᠭ ᠠᠴᠠ ᠬᠠᠯᠠᠭᠳᠠᠭᠰᠠᠳ ᠤᠨ ᠶᠠᠪᠤᠳᠠᠯ ᠤᠨ ᠲᠣᠪᠴᠢᠶ᠎ᠠ ᠪᠠ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶᠠᠨ ᠤ ᠬᠠᠷᠢᠭᠤᠴᠠᠯᠭᠠᠲᠠᠨ ᠬᠠᠮᠲᠤ ᠬᠥᠳᠡᠯᠭᠡᠭᠡᠨ ᠳᠤ ᠣᠷᠤᠯᠴᠠᠪᠠ᠃
     ᠲᠣᠭᠤᠷᠢᠭ ᠤᠨ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ ᠳᠤ᠂ ᠬᠤᠸᠠᠩ ᠮᠢᠨ ᠨᠠᠷ ᠶᠡᠷᠦᠩᠬᠡᠶᠢᠯᠡᠭᠰᠡᠨ ᠭᠠᠯ ᠤᠨᠲᠠᠷᠠᠭᠠᠬᠤ ᠠᠪᠤᠷᠠᠨ ᠲᠤᠰᠠᠯᠠᠬᠤ ᠠᠩᠭᠢ ᠶᠢᠨ ᠭᠡᠰᠢᠭᠦᠳ ᠲᠤ ᠳᠣᠲᠣᠨᠣ ᠮᠡᠨᠳᠦᠴᠢᠯᠡᠯ ᠪᠠ ᠵᠥᠩᠨᠡᠯ ᠳᠡᠪᠰᠡᠭᠦᠯᠦᠨ᠂ ᠲᠡᠳᠡᠨ ᠤ ᠪᠦᠬᠦ ᠲᠣᠭᠤᠷᠢᠭ ᠤᠨ ᠠᠮᠤᠷ ᠲᠦᠪᠰᠢᠨ ᠢ ᠪᠠᠲᠤᠯᠠᠵᠤ᠂ ᠠᠷᠠᠳ ᠲᠦᠮᠡᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠵᠢᠴᠢ ᠠᠮᠤᠷ ᠲᠦᠪᠰᠢᠨ ᠪᠠᠶ᠋ᠬᠠᠣᠪᠤᠭ᠎ᠠ ᠶᠢᠨ ᠪᠦᠲᠦᠭᠡᠨ ᠪᠠᠶᠢᠭᠤᠯᠤᠯᠲᠠ ᠳᠤ ᠦᠵᠡᠭᠦᠯᠦᠭᠰᠡᠨ ᠬᠤᠪᠢ ᠨᠡᠮᠡᠷᠢ ᠳᠤ ᠲᠠᠯᠠᠷᠬᠠᠬᠤ ᠰᠡᠳᠬᠢᠯ ᠢᠶᠠᠨ ᠢᠯᠡᠳᠭᠡᠭᠰᠡᠨ ᠪᠠᠶᠢᠨ᠎ᠠ᠃      ᠬᠤᠸᠠᠩ ᠮᠢᠨ᠂ ᠶᠡᠷᠦᠩᠬᠡᠶᠢᠯᠡᠭᠰᠡᠨ ᠭᠠᠯ ᠤᠨᠲᠠᠷᠠᠭᠠᠬᠤ ᠠᠪᠤᠷᠠᠨ ᠲᠤᠰᠠᠯᠠᠬᠤ ᠠᠩᠭᠢ ᠤᠭ ᠰᠠᠨᠠᠭ᠎ᠠ ᠪᠠᠨ ᠥᠯᠥ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠦ ᠴᠡᠭᠡᠵᠢᠯᠡᠵᠦ᠂ ᠲᠡᠰᠪᠦᠷᠢ ᠬᠠᠲᠠᠭᠤᠵᠢᠯᠲᠠᠢ ᠪᠠᠷ ᠲᠡᠮᠡᠴᠡᠬᠦ᠂ ᠠᠵᠢᠯᠴᠢ ᠬᠢᠴᠢᠶᠡᠩᠭᠦᠢ ᠪᠠᠷ ᠵᠠᠰᠠᠭ ᠪᠠᠷᠢᠵᠤ ᠪᠣᠲᠠᠲᠠᠢ ᠶᠢ ᠡᠷᠬᠢᠮᠯᠡᠬᠦ ᠰᠤᠷᠲᠠᠯ ᠢ ᠦᠷᠭᠦᠯᠵᠢᠯᠡᠨ ᠪᠠᠳᠠᠷᠠᠭᠤᠯᠵᠤ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠭᠡᠬᠦ ᠴᠢᠳᠠᠪᠤᠷᠢ ᠪᠠᠨ ᠪᠦᠬᠦ ᠲᠠᠯ᠎ᠠ ᠪᠠᠷ ᠲᠡᠭᠡᠭᠰᠢᠯᠡᠭᠦᠯᠵᠦ᠂ ᠪᠦᠬᠦ ᠲᠣᠭᠤᠷᠢᠭ ᠤᠨ ᠭᠠᠯ ᠤᠨᠲᠠᠷᠠᠭᠠᠬᠤ ᠠᠮᠤᠷ ᠲᠦᠪᠰᠢᠨ ᠤ ᠦᠢᠯᠡᠰ ᠲᠤ ᠳᠠᠬᠢᠨ ᠰᠢᠨ᠎ᠡ ᠭᠠᠪᠢᠶ᠎ᠠ ᠪᠠᠶᠢᠭᠤᠯᠬᠤ ᠪᠠᠷ ᠴᠢᠷᠮᠠᠶᠢᠬᠤ ᠬᠡᠷᠡᠭᠲᠡᠢ ᠭᠡᠵᠦ ᠴᠢᠬᠤᠯᠠᠴᠢᠯᠠᠪᠠ᠃      ᠬᠤᠸᠠᠩ ᠮᠢᠨ᠂ ᠲᠣᠭᠤᠷᠢᠭ ᠤᠨ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ ᠦᠵᠡᠯ ᠰᠠᠨᠠᠭ᠎ᠠ ᠪᠠᠨ ᠭᠦᠢᠴᠡᠳ ᠴᠢᠯᠦᠭᠡᠯᠡᠵᠦ ᠰᠢᠨ᠎ᠡ ᠴᠠᠭ ᠦᠶ᠎ᠡ ᠶᠢᠨ ᠭᠠᠯ ᠤᠨᠲᠠᠷᠠᠭᠠᠬᠤ ᠠᠩᠭᠢ ᠶᠢᠨ ᠥᠷᠲᠡᠭᠡ ᠶᠢᠨ ᠪᠦᠲᠦᠭᠡᠨ ᠪᠠᠶᠢᠭᠤᠯᠤᠯᠲᠠ ᠶᠢᠨ ᠡᠯ᠎ᠡ ᠵᠦᠢᠯ ᠤᠨ ᠱᠠᠭᠠᠷᠳᠠᠯᠭ᠎ᠠ ᠶᠣᠰᠣᠭᠠᠷ ᠠᠵᠢᠯ ᠢᠶᠠᠨ ᠰᠠᠶᠢᠲᠤᠷ ᠬᠢᠬᠦ ᠬᠡᠷᠡᠭᠲᠡᠢ᠃ ᠲᠣᠭᠤᠷᠢᠭ ᠤᠨ ᠬᠠᠷᠢᠶ᠎ᠠ ᠪᠦᠬᠦᠢ ᠡᠯ᠎ᠡ ᠰᠠᠯᠠᠭ᠎ᠠ ᠮᠥᠴᠢᠷ ᠨᠢᠭᠡᠴᠡ ᠤᠳ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ ᠶᠢᠨ ᠪᠦᠲᠦᠭᠡᠨ ᠪᠠᠶᠢᠭᠤᠯᠤᠯᠲᠠ ᠶᠢ ᠪᠦᠬᠦ ᠬᠦᠴᠦᠨ ᠢᠶᠠᠷ ᠢᠶᠠᠨ ᠳᠠᠮᠵᠢᠵᠤ ᠪᠠᠶᠢᠭᠠᠳ ᠬᠠᠮᠤᠭ ᠤᠨ ᠶᠡᠭᠡ ᠴᠢᠷᠮᠠᠶᠢᠯᠭ᠎ᠠ ᠪᠠᠷ ᠢᠶᠠᠨ ᠬᠦᠴᠢᠷ ᠠᠰᠠᠭᠤᠳᠠᠯ ᠢ ᠰᠢᠢᠳᠪᠦᠷᠢᠯᠡᠨ ᠨᠡᠩ ᠰᠠᠶᠢᠨ ᠠᠵᠢᠯ ᠪᠠ ᠠᠮᠢᠳᠤᠷᠠᠯ ᠤᠨ ᠨᠥᠬᠦᠴᠡᠯ ᠡᠭᠦᠳᠬᠦ ᠬᠡᠷᠡᠭᠲᠡᠢ᠃ ᠲᠣᠰ ᠭᠠᠵᠠᠷ ᠤᠨ ᠪᠠᠴᠢᠮ ᠪᠠᠶᠢᠳᠠᠯ ᠢ ᠠᠷᠭᠠᠴᠠᠬᠤ ᠡᠳ᠋ ᠪᠠᠷᠠᠭ᠎ᠠ ᠶᠢᠨ ᠲᠥᠬᠦᠭᠡᠷᠦᠮᠵᠢ ᠶᠢᠨ ᠦᠨᠳᠦᠰᠦᠨ ᠪᠥᠲᠣᠭᠡᠨ ᠪᠠᠶᠢᠭᠤᠯᠤᠯᠲᠠ ᠶᠢᠨ ᠲᠥᠷᠥᠯ ᠵᠦᠢᠯ ᠢ ᠡᠮᠬᠢᠯᠡᠨ ᠨᠡᠶᠢᠯᠡᠭᠦᠯᠵᠦ ᠡᠯ᠎ᠡ ᠲᠥᠷᠥᠯ ᠤᠨ ᠲᠥᠷᠦ ᠶᠢᠨ ᠪᠣᠳᠣᠯᠭ᠎ᠠ ᠪᠡᠯᠡ ᠮᠥᠩᠭᠦ ᠶᠢᠨ ᠳᠡᠮᠵᠢᠯᠭᠡ ᠶᠢ ᠴᠢᠷᠮᠠᠶᠢᠨ ᠣᠯᠵᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢ ᠴᠢᠩᠭᠠᠳᠬᠠᠬᠤ ᠬᠡᠷᠡᠭᠲᠡᠢ ᠭᠡᠵᠦ ᠱᠠᠭᠠᠷᠳᠠᠪᠠ᠃ ᠡᠭᠦᠨ ᠤ ᠬᠠᠮᠲᠤ ᠶᠡᠷᠦᠩᠬᠡᠶᠢᠯᠡᠭᠰᠡᠨ ᠭᠠᠯ ᠤᠨᠲᠠᠷᠠᠭᠠᠬᠤ ᠠᠪᠤᠷᠠᠨ ᠲᠤᠰᠠᠯᠠᠬᠤ ᠠᠩᠭᠢ ᠶᠢᠨ ᠥᠷᠭᠡᠨ ᠤᠯᠠᠨ ᠭᠡᠰᠢᠭᠦᠳ ᠪᠣᠯᠪᠠᠰᠤᠷᠠᠯ ᠢ ᠤᠯᠠᠮ ᠨᠢᠭᠡ ᠠᠯᠬᠤᠮ ᠴᠢᠩᠭᠠᠳᠬᠠᠵᠤ ᠡᠭᠦᠷᠭᠡ ᠴᠢᠳᠠᠪᠬᠢ ᠪᠠᠨ ᠪᠠᠳᠠᠷᠠᠭᠤᠯᠵᠤ ᠨᠢᠭᠲᠠᠷᠠᠭᠤᠯᠬᠤ ᠬᠠᠮᠲᠤᠷᠠᠯ ᠬᠦᠴᠦᠨ ᠨᠢ ᠪᠠᠶ᠋ᠬᠠᠣᠪᠤᠭ᠎ᠠ ᠠᠭᠤᠷᠬᠠᠢ ᠶᠢᠨ ᠲᠣᠭᠤᠷᠢᠭ ᠤᠨ ᠴᠢᠨᠠᠷ ᠰᠠᠶᠢᠲᠠᠢ ᠬᠥᠭᠵᠢᠯᠲᠡ ᠶᠢᠨ ᠪᠠᠲᠦ ᠴᠢᠩᠭ᠎ᠠ ᠥᠮᠥᠭ ᠲᠦᠰᠢᠭ ᠪᠣᠯᠬᠤ ᠪᠠᠷ ᠴᠢᠷᠮᠠᠶᠢᠬᠤ ᠶᠢ ᠬᠦᠰᠡᠵᠦ ᠪᠠᠶᠢᠨ᠎ᠠ ᠭᠡᠵᠦ ᠢᠯᠡᠳᠬᠡᠪᠡ᠃
 
ᠢᠷᠡᠯᠲᠡ᠄ ᠪᠠᠶ᠋ᠬᠠᠣᠪᠤᠭ᠎ᠠ ᠠᠭᠤᠷᠬᠠᠢ ᠶᠢᠨ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号