ᠪᠠᠶ᠋ᠬᠠᠣᠪᠤᠭ᠎ᠠ ᠠᠭᠤᠷᠬᠠᠢ ᠶᠢᠨ ᠲᠣᠭᠤᠷᠢᠭ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 70 ᠵᠢᠯ ᠤᠨ ᠣᠢ ᠶᠢ ᠪᠡᠯᠭᠡᠯᠡᠬᠦ ᠵᠢᠴᠢ《ᠤᠭ ᠰᠠᠨᠠᠭ᠎ᠠ ᠪᠠᠨ ᠦᠯᠦ ᠮᠠᠷᠲᠠᠵᠤ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ》ᠭᠤᠤᠯ ᠰᠡᠳᠦᠪᠲᠦ ᠬᠥᠮᠦᠵᠢᠯ ᠤᠨ ᠲᠤᠰᠬᠠᠶ ᠰᠡᠳᠦᠪᠲᠦ ᠦᠳᠡᠰᠢᠯᠡᠭᠡ ᠬᠢᠪᠡ
ᠨᠡᠶᠢᠲᠡᠯᠡᠭᠰᠡᠨ ᠴᠠᠭ᠄
2019-09-29
     ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ  ᠪᠠᠶᠢᠭᠤᠯᠤᠭᠳᠠᠭᠰᠠᠨ 70 ᠵᠢᠯ ᠤᠨ ᠣᠢ ᠶᠢ ᠪᠡᠯᠭᠡᠯᠡᠵᠦ ᠂ ︽ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠳᠦᠪᠲᠦ ᠬᠥᠮᠦᠵᠢᠯ ᠢ ᠯᠠᠪᠳᠠᠭᠤᠨ ᠪᠠᠲᠤᠲᠠᠶ ᠰᠠᠶᠢᠲᠤᠷ ᠥᠷᠨᠢᠭᠦᠯᠬᠦ ᠶᠢᠨ ᠲᠥᠯᠥᠭᠡ᠂ 9 ᠰᠠᠷ᠎ᠠ ᠶᠢᠨ 26᠎ ᠤ ᠣᠷᠣᠢ᠂ ᠣᠷᠣᠨ ᠤ ᠨᠠᠮ ᠤᠨ ᠬᠤᠷᠢᠶ᠎ᠠ ᠶᠢᠨ《ᠤᠭ ᠰᠠᠨᠠᠭ᠎ᠠ ᠪᠠᠨ ᠦᠯᠦ ᠮᠠᠷᠲᠠᠵᠤ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ》ᠭᠤᠤᠯ ᠰᠡᠳᠦᠪᠲᠦ ᠬᠥᠮᠦᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠠᠴᠠ ᠭᠤᠤᠯᠯᠠᠨ ᠡᠷᠬᠢᠯᠡᠵᠦ᠂ ᠪᠣᠣ ᠱᠠᠨ ᠨᠡᠶᠢᠭᠡᠮ ᠲᠣᠭᠤᠷᠢᠭ ᠤᠨ ᠬᠠᠮᠲᠤᠷᠠᠭᠰᠠᠨ ᠨᠠᠮ ᠤᠨ ᠬᠤᠷᠢᠶ᠎ᠠ᠂ ᠪᠠᠶ ᠯᠢᠩ ᠨᠡᠶᠢᠭᠡᠮ ᠲᠣᠭᠤᠷᠢᠭ ᠤᠨ ᠬᠠᠮᠲᠤᠷᠠᠭᠰᠠᠨ ᠨᠠᠮ ᠤᠨ ᠬᠤᠷᠢᠶ᠎ᠠ ᠶᠢᠨ ᠬᠠᠮᠲᠤᠷᠠᠨ ᠡᠷᠬᠢᠯᠡᠭᠰᠡᠨ ᠬᠥᠭᠵᠢᠯ ᠪᠠᠳᠠᠷᠠᠯ ᠤᠨ ᠦᠶ᠎ᠡ᠂ ᠭᠡᠷᠡᠯ ᠰᠠᠴᠤᠷᠠᠩᠭᠤᠶ ᠲᠡᠦᠬᠡᠨ ᠶᠠᠪᠤᠴᠠ᠂ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 70 ᠵᠢᠯ ᠤᠨ ᠣᠢ ᠶᠢ ᠪᠡᠯᠭᠡᠯᠡᠬᠦ ᠵᠢᠴᠢ《ᠤᠭ ᠰᠠᠨᠠᠭ᠎ᠠ ᠪᠠᠨ ᠦᠯᠦ ᠮᠠᠷᠲᠠᠵᠤ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ》ᠭᠤᠤᠯ ᠰᠡᠳᠦᠪᠲᠦ ᠬᠥᠮᠦᠵᠢᠯ ᠤᠨ ᠤᠳᠬ᠎ᠠ ᠤᠷᠠᠯᠢᠭ ᠤᠨ ᠦᠳᠡᠰᠢᠯᠡᠭᠡ ᠦᠪᠡᠳᠡᠭᠰᠢ ᠶᠡᠬᠡᠪᠡᠷ ᠶᠠᠪᠤᠭᠳᠠᠪᠠ᠃
     ᠲᠣᠭᠤᠷᠢᠭ ᠤᠨ ᠨᠠᠮ ᠤᠨ ᠬᠤᠷᠢᠶᠠᠨ ᠤ ᠱᠦᠵᠢ ᠵᠠᠩ ᠶᠦᠩ ᠳ᠋ᠦᠩ᠂ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠬᠤᠤ ᠶᠢᠨ ᠬᠤᠸᠠ᠂ ᠲᠣᠭᠤᠷᠢᠭ ᠤᠨ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠰᠢᠤᠸᠠᠢ ᠵᠢᠶᠠᠨ᠂ ᠪᠠᠶ᠋ᠬᠠᠣᠪᠤᠭ᠎ᠠ ᠲᠡᠮᠦᠷ ᠤᠨ ᠠᠭᠤᠷᠬᠠᠢ ᠶᠢᠨ ᠨᠠᠮ ᠤᠨ ᠬᠤᠷᠢᠶᠠᠨ ᠤ ᠱᠦᠵᠢ ᠳ᠋ᠢᠩ ᠪᠣᠣ ᠱᠤ᠋ ᠵᠢᠴᠢ ᠪᠣᠶ ᠪᠦᠬᠦᠢ ᠲᠣᠭᠤᠷᠢᠭ ᠲᠤ ᠪᠠᠶᠢᠭ᠎ᠠ ᠰᠢᠶᠠᠨ ᠤ ᠱᠠᠲᠤᠨ ᠤ ᠤᠳᠤᠷᠢᠳᠤᠯᠭ᠎ᠠ᠂ ᠡᠯ᠎ᠡ ᠰᠠᠯᠠᠭ᠎ᠠ ᠮᠥᠴᠢᠷ ᠨᠢᠭᠡᠴᠡ ᠶᠢᠨ ᠺᠠᠳ᠋ᠷ ᠠᠵᠢᠯᠲᠠᠨ ᠤ ᠲᠥᠯᠥᠭᠡᠯᠡᠭᠴᠢ ᠂ ᠨᠡᠶᠢᠭᠡᠮ ᠲᠣᠭᠤᠷᠢᠭ ᠤᠨ ᠣᠯᠠᠨ ᠲᠦᠮᠡᠨ ᠤ ᠲᠥᠯᠥᠭᠡᠯᠡᠭᠴᠢ ᠬᠠᠮᠲᠤ ᠪᠠᠷ ᠲᠣᠭᠯᠠᠯᠲᠠ ᠶᠢ ᠰᠣᠨᠢᠷᠬᠠᠪᠠ᠃
     ᠠᠬᠤᠶ ᠲᠠᠯᠠᠪᠠᠢ ᠳᠤ᠂ ᠨᠡᠶᠢᠭᠡᠮ ᠲᠣᠭᠤᠷᠢᠭ ᠤᠨ ᠠᠵᠢᠯᠲᠠᠨ ᠤ《ᠳᠤᠮᠳᠠᠳᠤ ᠶᠢ ᠵᠣᠷᠢᠭᠵᠢᠭᠤᠯᠤᠶ᠎ᠠ》ᠪᠥᠵᠢᠭ ᠵᠢᠩᠬᠢᠨᠢ ᠪᠠᠷ ᠦᠳᠡᠰᠢᠯᠡᠭᠡ ᠶᠢᠨ ᠬᠥᠰᠢᠭᠡ ᠶᠢ ᠰᠡᠬᠦᠪᠡ᠃ ᠨᠠᠶᠢᠷᠠᠯ ᠳᠠᠭᠤᠤ《ᠮᠢᠨᠦ ᠡᠬᠡ ᠤᠯᠤᠰ》᠂《ᠬᠦᠰᠡᠯᠡᠩ ᠤᠨ ᠬᠡᠭᠡᠷ᠎ᠡ ᠲᠠᠯ᠎ᠠ ᠳᠤ》᠂《ᠬᠥᠳᠡᠯᠮᠦᠷᠢ ᠪᠠᠷ ᠳᠤᠮᠳᠠᠳᠤ ᠶᠢᠨ ᠬᠦᠰᠡᠯ ᠢ ᠪᠡᠶᠡᠯᠡᠭᠦᠯᠦᠶ᠎ᠡ》᠂《ᠵᠣᠯ ᠵᠢᠷᠭᠠᠯᠲᠤ ᠳᠤᠮᠳᠠᠳᠤ ᠤᠯᠤᠰ ᠬᠠᠮᠲᠤᠪᠠᠷ ᠤᠷᠤᠭᠰᠢᠯᠠᠶ᠎ᠠ》᠂ ᠪᠦᠵᠢᠭ《ᠳᠣᠷᠣᠨ᠎ᠠ ᠵᠦᠭ ᠎ ᠠᠴᠠ ᠲᠤᠶᠠᠭᠠᠷᠠᠯ᠎ᠠ》᠂《ᠪᠢᠳᠡᠨ ᠤ ᠳᠤᠮᠳᠠᠳᠤ ᠶᠢᠨ ᠬᠦᠰᠡᠯ》᠂《ᠡᠶ᠎ᠡ ᠵᠣᠬᠢᠴᠠᠩᠭᠤᠶ ᠳᠤᠮᠳᠠᠳᠤ ᠤᠯᠤᠰ》᠂《ᠮᠥᠩᠭᠦᠨ ᠠᠶᠠᠭ᠎ᠠ》᠂《ᠮᠣᠷᠢ ᠰᠤᠷᠭᠠᠶ᠎ᠠ》᠂ ᠤᠶᠠᠩᠭᠠᠲᠤ ᠰᠢᠯᠦᠭ《ᠬᠥᠬᠡ ᠥᠩᠭᠡ ᠶᠢᠨ ᠪᠠᠳᠠᠷᠠᠨ ᠳᠡᠯᠭᠡᠷᠡᠭᠰᠡᠨ ᠨᠢ》᠂ ᠡᠷᠡᠭᠲᠡᠶ ᠡᠮᠡᠭᠲᠡᠶ ᠶᠢᠨ ᠭᠤᠴᠣᠯᠠᠯ ᠳᠠᠭᠤᠤ《ᠦᠵᠡᠰᠬᠦᠯᠡᠩᠲᠦ ᠰᠠᠶᠢᠬᠠᠨ ᠢᠷᠡᠭᠡᠳᠦᠶ》᠂《ᠤᠭ ᠰᠠᠨᠠᠭ᠎ᠠ ᠪᠠᠨ ᠦᠯᠦ ᠮᠠᠷᠲᠠᠨᠠᠮ》ᠵᠡᠷᠭᠡ ᠲᠣᠭᠯᠠᠯᠲᠠ ᠨᠢ ᠬᠠᠩᠭᠢᠨᠠᠮ᠎ᠠ ᠰᠠᠶᠢᠬᠠᠨ ᠬᠤᠭᠤᠯᠠᠢ᠂ ᠢᠳᠡᠷᠡᠭᠦᠨ ᠳᠣᠷᠪᠢᠯᠢᠭ ᠤᠩᠰᠢᠯᠭ᠎ᠠ᠂ ᠭᠤᠶᠢᠳᠠ ᠰᠠᠶᠢᠬᠠᠨ ᠪᠥᠵᠢᠭ ᠤᠨ ᠳᠦᠷᠢ ᠪᠠᠷ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ 70 ᠵᠢᠯ ᠤᠨ ᠣᠢ ᠶᠢᠨ ᠭᠡᠷᠡᠯ ᠰᠠᠴᠤᠷᠠᠩᠭᠤᠶ ᠠᠮᠵᠢᠯᠲᠠ ᠶᠢ ᠭᠦᠶᠴᠡᠳ ᠢᠯᠡᠷᠡᠭᠦᠯᠦᠭᠰᠡᠨ ᠪᠠᠶᠢᠨ᠎ᠠ᠃ ᠡᠬᠡ ᠤᠯᠤᠰ ᠲᠠᠭᠠᠨ ᠭᠦᠨ ᠵᠤᠵᠠᠭᠠᠨ ᠬᠠᠶᠢᠷ᠎ᠠ ᠬᠠᠯᠠᠮᠵᠢ ᠪᠣᠯᠤᠨ ᠢᠷᠡᠭᠡᠳᠦᠶ ᠶᠢᠨ ᠰᠠᠶᠢᠨ ᠰᠠᠶᠢᠬᠠᠨ ᠠᠮᠢᠳᠤᠷᠠᠯ ᠤᠨ ᠲᠤᠬᠠᠶ ᠰᠢᠨ᠎ᠡ ᠬᠦᠰᠡᠯ ᠡᠷᠡᠮᠡᠯᠵᠡᠯ ᠢᠶᠠᠨ ᠢᠯᠡᠳᠬᠡᠵᠦ᠂ ᠲᠤᠬᠠᠶ ᠶᠢᠨ ᠲᠠᠯᠠᠪᠠᠢ ᠶᠢᠨ ᠦᠵᠡᠭᠴᠢᠳ ᠎ ᠤᠨ ᠬᠠᠯᠠᠭᠤᠨ ᠠᠯᠠᠭ᠎ᠠ ᠲᠡᠰᠢᠯᠲᠡ ᠶᠢ ᠣᠯᠵᠤ᠂《ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠎ ᠪᠠᠨ ᠪᠠᠲᠤ ᠴᠡᠭᠡᠵᠢᠯᠡᠬᠦ》ᠭᠤᠤᠯ ᠰᠡᠳᠦᠪᠲᠦ ᠬᠥᠮᠦᠵᠢᠯ ᠢ ᠰᠠᠶᠢᠲᠤᠷ ᠥᠷᠨᠢᠭᠦᠯᠬᠦ ᠡᠷᠡᠰ ᠵᠣᠷᠢᠭ ᠪᠣᠯᠤᠨ ᠢᠲᠡᠭᠡᠯ ᠵᠣᠷᠢᠭ ᠢ ᠴᠢᠨᠠᠭᠰᠢᠳᠠ ᠪᠠᠲᠤᠳᠬᠠᠵᠤ᠂ ᠦᠳᠡᠰᠢᠯᠡᠭᠡ ᠨᠢ《ᠮᠢᠨᠦ ᠡᠬᠡ ᠤᠯᠤᠰ ᠮᠢᠨᠦ ᠬᠦᠰᠡᠯ》ᠭᠡᠬᠦ ᠪᠥᠵᠢᠭ ᠢᠶᠠᠷ ᠥᠨᠳᠥᠷᠯᠡᠪᠡ᠃
     ᠲᠣᠰ ᠤᠳᠠᠭᠠᠨ ᠤ ᠠᠵᠢᠯᠯᠠᠭ᠎ᠠ ᠨᠢ ᠰᠢᠨ᠎ᠡ ᠳᠤᠮᠳᠠᠳᠤ ᠤᠯᠤᠰ ᠤᠨ 70 ᠵᠢᠯ ᠤᠨ ᠤᠢ ᠶᠢ ᠮᠠᠭᠲᠠᠨ ᠳᠠᠭᠤᠯᠠᠵᠤ᠂ ᠪᠥᠬᠦ  ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠡᠬᠡ ᠣᠷᠣᠨᠴᠢ ᠦᠵᠡᠯ ᠰᠡᠳᠬᠢᠯᠭᠡ ᠶᠢ ᠬᠥᠭᠵᠢᠭᠡᠨ᠂ ᠦᠨᠳᠦᠰᠦᠲᠡᠨ ᠤ ᠣᠮᠣᠭᠰᠢᠯᠲᠤ ᠰᠡᠳᠬᠢᠯᠭᠡ ᠶᠢ ᠨᠡᠮᠡᠭᠳᠡᠭᠦᠯᠵᠦ᠂ ᠢᠳᠡᠪᠬᠢᠲᠡᠢ ᠡᠷᠡᠭᠦᠯ ᠥᠭᠡᠳᠡᠷᠬᠡᠭ ᠡᠶ᠎ᠡ ᠵᠣᠬᠢᠴᠠᠯ ᠲᠠᠢ ᠠᠭᠤᠷ ᠠᠮᠢᠰᠬᠤᠯ ᠢ ᠪᠣᠶ ᠪᠣᠯᠭᠠᠵᠤ᠂ ᠨᠡᠢᠭᠡᠮ ᠲᠣᠭᠤᠷᠢᠭ ᠤᠨ ᠰᠠᠭᠤᠭᠠᠯᠢ ᠠᠷᠠᠳ ᠤᠨ ᠵᠣᠯ ᠵᠢᠷᠭᠠᠯ ᠤᠨ ᠵᠢᠭᠠᠯᠲᠠ ᠲᠤᠭ᠎ᠠ ᠶᠢ ᠳᠡᠭᠡᠭᠰᠢᠯᠡᠭᠦᠯᠦᠭᠰᠡᠨ ᠠᠴᠠ ᠰᠠᠭᠤᠭᠠᠯᠢ ᠠᠷᠠᠳ ᠭᠡᠷ ᠪᠦᠯᠢ ᠳᠡᠭᠡᠨ ᠰᠠᠭᠤᠷᠢᠯᠠᠵᠤ᠂ ᠠᠵᠢᠯ ᠳᠠᠭᠠᠨ ᠰᠠᠭᠤᠷᠢᠯᠠᠵᠤ᠂ ᠨᠡᠶᠢᠭᠡᠮ ᠲᠣᠭᠤᠷᠢᠭ ᠲᠠᠭᠠᠨ ᠰᠠᠭᠤᠷᠢᠯᠠᠵᠤ᠂ ᠡᠬᠡ ᠣᠷᠣᠨ ᠤ ᠥᠷᠨᠢᠩᠭᠦᠶ ᠬᠥᠭᠵᠢᠯᠲᠡ ᠳᠤ ᠦᠷᠭᠦᠯᠵᠢᠯᠡᠨ ᠬᠦᠴᠦᠨ ᠴᠢᠳᠠᠯ ᠨᠡᠮᠡᠨ᠎ᠡ ᠭᠡᠵᠦ  ᠢᠯᠡᠷᠬᠡᠶᠢᠯᠡᠭᠰᠡᠨ ᠪᠠᠶᠢᠨ᠎ᠠ᠃
 
ᠢᠷᠡᠯᠲᠡ᠄ ᠪᠠᠶ᠋ᠬᠠᠣᠪᠤᠭ᠎ᠠ ᠠᠭᠤᠷᠬᠠᠢ ᠶᠢᠨ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号