ᠠᠮᠢ ᠠᠬᠤᠶ ᠶᠢ ᠤᠷᠢᠳ ᠢᠶᠠᠷ ᠪᠣᠳᠣᠯᠬᠢᠯᠠᠭᠰᠠᠨ ᠪᠣᠬᠢᠷᠲᠤᠯ ᠦᠭᠡᠢ ᠠᠭᠤᠷᠬᠠᠢ ᠶᠢᠨ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠵᠠᠮ ᠢᠶᠠᠷ ᠰᠠᠶᠢᠲᠤᠷ ᠵᠠᠮᠨᠠᠨ᠎ᠠ
ᠨᠡᠶᠢᠲᠡᠯᠡᠭᠰᠡᠨ ᠴᠠᠭ᠄
2019-09-06
ᠭᠤᠤᠯ ᠰᠡᠳᠦᠪ᠄ ᠠᠮᠢ ᠠᠬᠤᠶ ᠶᠢ ᠤᠷᠢᠳ ᠢᠶᠠᠷ ᠪᠣᠳᠣᠯᠬᠢᠯᠠᠭᠰᠠᠨ ᠪᠣᠬᠢᠷᠲᠤᠯ ᠦᠭᠡᠢ ᠠᠭᠤᠷᠬᠠᠢ ᠶᠢᠨ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠵᠠᠮ ᠢᠶᠠᠷ ᠰᠠᠶᠢᠲᠤᠷ ᠵᠠᠮᠨᠠᠨ᠎ᠠᠴᠠᠭ᠄ 2019-09-06ᠵᠣᠴᠢᠨ᠄ ᠪᠠᠶ᠋ᠬᠠᠣᠪᠤᠭ᠎ᠠ ᠠᠭᠤᠷᠬᠠᠢ ᠶᠢᠨ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠵᠠᠩ ᠶᠦᠩ ᠳ᠋ᠦᠩᠠᠬᠤᠢ ᠪᠠᠶᠢᠳᠠᠯ᠄《ᠬᠤᠲᠠ ᠶᠢᠨ ᠨᠠᠮ ᠤᠨ ᠬᠤᠷᠢᠶᠠᠨ ᠤ ᠠᠷᠪᠠᠨ ᠬᠤᠶᠠᠳᠤᠭᠠᠷ ᠬᠤᠭᠤᠴᠠᠭᠠᠨ ᠤ ᠠᠷᠪᠠᠳᠤᠭᠠᠷ ᠪᠥᠬᠦᠳᠡ ᠬᠤᠷᠠᠯ ᠪᠣᠯ ᠬᠤᠲᠠ ᠶᠢᠨ ᠨᠠᠮ ᠤᠨ ᠬᠤᠷᠢᠶ᠎ᠠ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠪᠦᠬᠦ ᠬᠤᠲᠠ ᠶᠢᠨ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠨᠢᠭᠡ ᠤᠳᠠᠭ᠎ᠠ ᠶᠢᠨ ᠬᠤᠷᠠᠯ ᠪᠣᠯᠤᠨ᠎ᠠ᠃》ᠬᠤᠲᠠ ᠶᠢᠨ ᠨᠠᠮ ᠤᠨ ᠬᠤᠷᠢᠶᠠᠨ ᠤ ᠠᠷᠪᠠᠨ ᠬᠤᠶᠠᠳᠤᠭᠠᠷ ᠬᠤᠭᠤᠴᠠᠭᠠᠨ ᠤ ᠠᠷᠪᠠᠳᠤᠭᠠᠷ ᠪᠥᠬᠦᠳᠡ ᠬᠤᠷᠠᠯ ᠬᠤᠷᠠᠯᠳᠤᠭᠰᠠᠨ ᠤ ᠳᠠᠷᠠᠭ᠎ᠠ᠂ ᠪᠠᠶ᠋ᠬᠠᠣᠪᠤᠭ᠎ᠠ ᠠᠭᠤᠷᠬᠠᠢ ᠶᠢᠨ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠵᠠᠩ ᠶᠦᠩ ᠳ᠋ᠦᠩ ᠰᠤᠷᠪᠤᠯᠵᠢᠯᠠᠭ᠎ᠠ ᠬᠦᠯᠢᠶᠡᠪᠡ᠃      ᠰᠤᠷᠪᠤᠯᠵᠢᠯᠠᠭᠴᠢ᠄ ᠬᠤᠲᠠ ᠶᠢᠨ ᠨᠠᠮ ᠤᠨ ᠬᠤᠷᠢᠶᠠᠨ ᠤ ᠠᠷᠪᠠᠨ ᠬᠤᠶᠠᠳᠤᠭᠠᠷ ᠬᠤᠭᠤᠴᠠᠭᠠᠨ ᠤ ᠠᠷᠪᠠᠳᠤᠭᠠᠷ ᠪᠥᠬᠦᠳᠡ ᠬᠤᠷᠠᠯ ᠬᠤᠷᠠᠯᠳᠤᠭᠰᠠᠨ ᠤ ᠳᠠᠷᠠᠭ᠎ᠠ᠂ ᠲᠠᠨ ᠤ ᠦᠵᠡᠬᠦ ᠪᠠᠷ ᠪᠠᠶ᠋ᠬᠠᠣᠪᠤᠭ᠎ᠠ ᠠᠭᠤᠷᠬᠠᠢ ᠶᠢᠨ ᠲᠣᠭᠤᠷᠢᠭ ᠢ ᠬᠡᠷᠬᠢᠨ ᠬᠥᠭᠵᠢᠭᠦᠯᠪᠡᠯ ᠵᠣᠬᠢᠬᠤ ᠪᠣᠶ︖      ᠪᠠᠶ᠋ᠬᠠᠣᠪᠤᠭ᠎ᠠ ᠠᠭᠤᠷᠬᠠᠢ ᠶᠢᠨ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠵᠠᠩ ᠶᠦᠩ ᠳ᠋ᠦᠩ᠄ ᠪᠥᠬᠦᠳᠡ ᠬᠤᠷᠠᠯ ᠬᠤᠷᠠᠯᠳᠤᠭᠰᠠᠨ ᠨᠢ ᠬᠤᠲᠠ ᠶᠢᠨ ᠨᠠᠮ ᠤᠨ ᠬᠤᠷᠢᠶᠠᠨ ᠤ ᠤᠯᠤᠰ ᠲᠥᠷᠦ ᠶᠢᠨ ᠡᠭᠦᠷᠭᠡᠯᠡᠯ᠂ ᠲᠡᠦᠬᠡᠲᠦ ᠡᠭᠦᠷᠭᠡᠯᠡᠯ ᠪᠣᠯᠤᠨ ᠬᠠᠷᠢᠭᠤᠴᠠᠯᠭ᠎ᠠ ᠡᠭᠦᠷᠭᠡᠯᠡᠯ ᠢ ᠭᠦᠢᠴᠡᠳ ᠬᠠᠷᠠᠭᠤᠯᠵᠤ᠂ ᠪᠢᠳᠡᠨ ᠤ ᠠᠵᠢᠯ ᠢᠶᠠᠨ ᠰᠠᠶᠢᠲᠤᠷ ᠬᠢᠬᠦ ᠳᠤ ᠤᠷᠤᠭᠰᠢᠯᠠᠬᠤ ᠴᠢᠭᠯᠡᠯ ᠢ ᠲᠣᠳᠣᠷᠬᠠᠶ ᠵᠢᠭᠠᠵᠤ ᠥᠭᠴᠡᠶ᠃ ᠪᠠᠶ᠋ᠬᠠᠣᠪᠤᠭ᠎ᠠ ᠠᠭᠤᠷᠬᠠᠢ ᠶᠢᠨ ᠲᠣᠭᠤᠷᠢᠭ ᠬᠦᠴᠦᠯᠡᠨ ᠬᠡᠷᠡᠭᠵᠢᠭᠦᠯᠵᠦ᠂ ᠶᠡᠷᠦᠩᠬᠡᠶ ᠱᠦᠵᠢ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠲᠠᠢ ᠬᠠᠷᠢᠴᠠᠭᠤᠯᠤᠨ ᠬᠠᠷᠭᠤᠭᠤᠯᠵᠤ᠂ ᠴᠢᠭᠯᠡᠯ ᠢᠶᠠᠨ ᠵᠥᠪ ᠪᠣᠯᠭᠠᠬᠤ᠂ ᠵᠠᠮ ᠢᠶᠠᠨ ᠵᠥᠪ ᠪᠣᠯᠭᠠᠬᠤ᠂ ᠨᠠᠩ ᠰᠠᠶᠢᠨ ᠬᠥᠭᠵᠢᠭᠦᠯᠬᠦ ᠳᠡᠭᠡᠷ᠎ᠡ ᠬᠦᠴᠦ ᠲᠠᠯᠪᠢᠵᠤ᠂ ᠠᠵᠤ ᠠᠬᠤᠢ ᠶᠢᠨ ᠬᠥᠭᠵᠢᠯᠲᠡ ᠶᠢᠨ ᠠᠷᠭ᠎ᠠ ᠬᠡᠯᠪᠡᠷᠢ ᠪᠠᠨ ᠴᠢᠨᠠᠭᠰᠢᠳᠠ ᠬᠤᠪᠢᠷᠠᠭᠤᠯᠵᠤ᠂ ᠪᠦᠬᠦ ᠬᠤᠲᠠ ᠶᠢᠨ ᠲᠡᠷᠢᠭᠦᠨ ᠵᠡᠷᠭᠡ ᠶᠢᠨ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠢ ᠪᠣᠶ ᠪᠣᠯᠭᠠᠵᠤ᠂ ᠠᠮᠢ ᠠᠬᠤᠶ ᠶᠢ ᠤᠷᠢᠳ ᠢᠶᠠᠷ ᠪᠣᠳᠣᠯᠬᠢᠯᠠᠭᠰᠠᠨ᠂ ᠪᠣᠬᠢᠷᠲᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠵᠠᠮ ᠢᠶᠠᠷ ᠰᠠᠶᠢᠲᠤᠷ ᠵᠠᠮᠨᠠᠵᠤ᠂ ᠠᠭᠤᠷᠬᠠᠢ ᠶᠢᠨ ᠲᠣᠭᠤᠷᠢᠭ ᠤᠨ ᠣᠯᠠᠨ ᠲᠦᠮᠡᠨ ᠤ ᠬᠦᠷᠲᠡᠮᠵᠢ ᠶᠢᠨ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠪᠣᠯᠤᠨ ᠵᠢᠷᠭᠠᠯᠲᠤ ᠲᠥᠷᠥᠭᠳᠡᠯ ᠢ ᠦᠷᠭᠦᠯᠵᠢᠯᠡᠨ ᠨᠡᠮᠡᠭᠳᠡᠭᠦᠯᠵᠦ᠂ ᠶᠡᠷᠦᠩᠬᠡᠶ ᠱᠦᠵᠢ ᠶᠢᠨ ᠪᠢᠳᠡᠨ ᠳᠤ ᠵᠢᠷᠤᠭᠯᠠᠵᠤ ᠥᠭᠭᠦᠭᠰᠡᠨ ᠵᠢᠷᠤᠭ ᠲᠥᠯᠥᠪᠯᠡᠭᠡ ᠶᠢ ᠯᠠᠪᠳᠠᠭᠤᠨ ᠪᠠᠲᠤᠲᠠᠶ ᠪᠠᠷ ᠪᠣᠳᠠᠲᠤ ᠠᠬᠤᠶ ᠪᠣᠯᠭᠠᠨ ᠬᠤᠪᠢᠷᠠᠭᠤᠯᠤᠨ᠎ᠠ᠃      ᠠᠵᠤ ᠦᠢᠯᠡᠰ ᠤᠨ ᠣᠯᠠᠨ ᠡᠰᠢᠵᠢᠬᠦ᠂ ᠪᠦᠲᠦᠴᠡ ᠶᠢᠨ ᠳᠡᠰ ᠳᠡᠪᠰᠢᠬᠦ ᠳᠤ ᠠᠩᠬᠠᠷᠤᠯ ᠢᠶᠠᠨ ᠲᠥᠪᠯᠡᠷᠡᠭᠦᠯᠵᠦ ᠬᠦᠴᠦ ᠪᠠᠨ ᠲᠥᠪᠯᠡᠷᠡᠭᠦᠯᠦᠨ᠎ᠡ᠃ ᠡᠬᠢ ᠪᠠᠶᠠᠯᠢᠭ ᠤᠨ ᠬᠡᠯᠪᠡᠷᠢ ᠶᠢᠨ ᠠᠵᠤ ᠦᠢᠯᠡᠰ ᠤᠨ ᠬᠡᠯᠬᠢᠶ᠎ᠡ ᠶᠢ ᠳᠡᠰ ᠳᠡᠪᠰᠢᠭᠦᠯᠦᠨ᠂ ᠪᠠᠶ᠋ᠬᠠᠣᠪᠤᠭ᠎ᠠ ᠲᠡᠮᠦᠷ ᠤᠨ ᠠᠭᠤᠷᠬᠠᠢ ᠶᠢᠨ《ᠤᠶᠤᠨᠲᠤ ᠠᠭᠤᠷᠬᠠᠢ》᠎ ᠶᠢ ᠪᠦᠲᠦᠭᠡᠨ ᠪᠠᠶᠢᠭᠤᠯᠬᠤ ᠶᠢ ᠪᠦᠬᠦ ᠬᠦᠴᠦᠨ ᠢᠶᠠᠷ ᠳᠠᠮᠵᠢᠵᠤ᠂ ᠨᠠᠷᠢᠯᠢᠭ ᠭᠦᠨᠵᠡᠭᠡᠢ ᠡᠳ᠋ᠰᠢᠭᠦᠯᠦᠭ ᠢ ᠶᠡᠬᠡᠪᠡᠷ ᠬᠥᠭᠵᠢᠭᠦᠯᠦᠨ᠂ ᠬᠤᠪᠣᠷ ᠰᠢᠷᠣᠢ ᠶᠢᠨ ᠠᠵᠤ ᠦᠢᠯᠡᠰ ᠤᠨ ᠬᠡᠯᠬᠢᠶ᠎ᠡ ᠶᠢᠨ ᠮᠡᠷᠭᠡᠵᠢᠯ ᠤᠨ ᠰᠢᠨ᠎ᠡ ᠶᠢ ᠡᠭᠦᠳᠬᠦ ᠪᠠ ᠠᠵᠤ ᠦᠢᠯᠡᠰ ᠤᠨ ᠪᠣᠳᠠᠲᠠᠶᠢᠵᠢᠭᠤᠯᠬᠤ ᠶᠢ ᠲᠦᠯᠬᠢᠨ ᠠᠬᠢᠭᠤᠯᠵᠤ᠂ ᠥᠪᠡᠷᠲᠡᠭᠡᠨ ᠵᠠᠰᠠᠬᠤ ᠣᠷᠣᠨ ᠤ ᠬᠤᠪᠣᠷ ᠰᠢᠷᠣᠢ ᠶᠢᠨ ᠰᠢᠨ᠎ᠡ ᠮᠠᠲ᠋ᠧᠷᠢᠶᠠᠯ ᠤᠨ ᠲᠦᠭᠦᠬᠡᠢ ᠮᠠᠲ᠋ᠧᠷᠢᠶᠠᠯ ᠤᠨ ᠭᠠᠷᠤᠯᠲᠠ ᠶᠢᠨ ᠭᠠᠵᠠᠷ᠂ ᠪᠤᠭᠤᠲᠤ ᠬᠤᠲᠠ ᠶᠢᠨ ᠬᠤᠪᠣᠷ ᠰᠢᠷᠣᠢ ᠶᠢᠨ ᠠᠵᠤ ᠦᠢᠯᠡᠰ ᠤᠨ ᠲᠤᠷᠰᠢᠯᠲᠠ ᠬᠢᠬᠦ ᠰᠠᠭᠤᠷᠢᠨ ᠭᠠᠵᠠᠷ ᠢ ᠪᠤᠢ ᠪᠣᠯᠭᠠᠨ᠂《ᠪᠣᠬᠢᠷᠲᠤᠯ ᠦᠭᠡᠢ ᠠᠭᠤᠷᠬᠠᠢ》᠎ ᠶᠢ ᠪᠤᠢ ᠪᠣᠯᠭᠠᠨ᠎ᠠ᠃ ᠣᠷᠣᠨ ᠪᠦᠰᠡ ᠶᠢᠨ ᠬᠠᠮᠵᠢᠯᠴᠠᠨ ᠬᠥᠭᠵᠢᠬᠦ ᠰᠡᠳᠬᠢᠮᠵᠢ ᠶᠢ ᠪᠠᠷᠢᠮᠲᠠᠯᠠᠵᠤ᠂ ᠪᠣᠬᠢᠷᠲᠤᠯ ᠥᠬᠡᠶ ᠡᠷᠴᠢᠮᠵᠢᠭᠦᠯᠦᠨ ᠲᠥᠪᠯᠡᠷᠡᠭᠦᠯᠦᠨ ᠬᠥᠭᠵᠢᠭᠦᠯᠬᠦ ᠪᠠᠷ ᠬᠠᠷᠠᠯᠲᠠ ᠪᠣᠯᠭᠠᠨ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤ ᠯᠤᠭ᠎ᠠ ᠣᠷᠣᠨ ᠪᠦᠰᠡ ᠠᠯᠤᠰᠯᠠᠭᠰᠠᠨ ᠠᠵᠤ ᠦᠢᠯᠡᠰ ᠤᠨ ᠲᠥᠪᠯᠡᠷᠡᠭᠰᠡᠨ ᠣᠷᠣᠨ ᠢ ᠬᠠᠮᠲᠤᠪᠠᠷ ᠪᠠᠶᠢᠭᠤᠯᠬᠤ ᠶᠢ ᠢᠳᠡᠪᠬᠢᠲᠡᠢ ᠠᠬᠢᠭᠤᠯᠵᠤ᠂ ᠣᠷᠣᠨ ᠪᠠᠶᠢᠷᠢ ᠰᠣᠯᠪᠢᠴᠠᠨ ᠬᠥᠭᠵᠢᠭᠰᠡᠨ᠂ ᠬᠠᠮᠵᠢᠯᠴᠠᠨ ᠬᠠᠮᠲᠤᠪᠠᠷ ᠤᠷᠤᠭᠰᠢᠯᠠᠭᠰᠠᠨ ᠬᠥᠭᠵᠢᠯᠲᠡ ᠶᠢᠨ ᠰᠢᠨ᠎ᠡ ᠳᠠᠪᠠᠭᠤᠯᠢᠭ ᠢ ᠪᠦᠷᠢᠯᠳᠦᠭᠦᠯᠦᠨ᠎ᠡ᠃ ᠡᠬᠢ ᠪᠠᠶᠠᠯᠢᠭ ᠤᠨ ᠪᠤᠰᠤ ᠬᠡᠯᠪᠡᠷᠢ ᠶᠢᠨ ᠠᠵᠤ ᠦᠢᠯᠡᠰ ᠤᠨ ᠬᠡᠯᠬᠢᠶᠡᠰᠦ ᠶᠢ ᠥᠷᠭᠡᠳᠬᠡᠨ ᠶᠠᠰᠤ ᠴᠢᠨᠠᠷ ᠢ ᠳᠡᠭᠡᠭᠰᠢᠯᠡᠭᠦᠯᠵᠦ᠂《ᠹᠧᠢ ᠳ᠋ᠢ ᠠᠵᠤ ᠠᠬᠤᠢ》ᠬᠤᠣᠰ ᠡᠭᠦᠳᠦᠯᠲᠡ ᠶᠢᠨ ᠬᠦᠷᠢᠶᠡᠯᠡᠩ ᠢᠶᠠᠷ ᠲᠠᠪᠴᠠᠩ ᠪᠣᠯᠭᠠᠨ᠂ ᠲᠣᠮᠣ ᠳ᠋ᠠᠶᠢᠲ᠋ᠠ᠂ ᠪᠣᠳᠠᠰᠯᠢᠭ ᠬᠤᠯᠪᠣᠭᠠᠲᠤ ᠰᠦᠯᠵᠢᠶ᠎ᠡ᠂ ᠰᠢᠯᠵᠢᠮᠡᠯ ᠢᠨᠲ᠋ᠧᠷ ᠰᠦᠯᠵᠢᠶ᠎ᠡ᠂ 5G ᠵᠡᠷᠭᠡ ᠰᠢᠨ᠎ᠡ ᠮᠡᠷᠭᠡᠵᠢᠯ ᠤᠨ ᠬᠡᠷᠡᠭᠯᠡᠭᠡ ᠶᠢ ᠴᠢᠩᠭᠠᠳᠬᠠᠵᠤ᠂ ᠨᠢᠭᠡ ᠪᠦᠯᠦᠭ ᠠᠵᠤ ᠠᠬᠤᠶᠢᠯᠠᠯ ᠢ ᠪᠤᠶᠢᠵᠢᠭᠤᠯᠵᠤ᠂ ᠤᠯᠤᠰ ᠤᠨ ᠲᠡᠰ ᠤᠨ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠢ ᠴᠢᠷᠮᠠᠶᠢᠨ ᠪᠠᠶᠢᠭᠤᠯᠤᠨ᠎ᠠ᠃ ᠭᠡᠷ ᠪᠦᠯᠢ ᠶᠢᠨ ᠦᠢᠯᠡᠴᠢᠯᠡᠭᠡ᠂ ᠡᠮᠴᠢᠯᠡᠭᠡ ᠨᠠᠰᠤᠵᠢᠯ ᠢ ᠤᠶᠠᠯᠳᠤᠭᠤᠯᠤᠭᠰᠠᠨ᠂ ᠰᠤᠷᠭᠠᠨ ᠬᠥᠮᠦᠵᠢᠯ ᠪᠣᠯᠪᠠᠰᠤᠷᠠᠯ ᠵᠡᠷᠭᠡ ᠬᠡᠷᠡᠭᠯᠡᠭᠡᠨ ᠳᠤ ᠬᠠᠨᠳᠤᠭᠤᠯᠤᠭᠰᠠᠨ ᠦᠢᠯᠡᠴᠢᠯᠡᠭᠡᠨ ᠤ ᠠᠵᠤ ᠦᠢᠯᠡᠰ ᠢ ᠢᠳᠡᠪᠬᠢᠲᠡᠶ ᠪᠤᠶᠢᠵᠢᠭᠤᠯᠵᠤ᠂ ᠾᠦᠢ ᠳ᠋ᠧ ᠡᠷᠡᠭᠦᠯᠵᠢᠯ ᠨᠠᠰᠤᠵᠢᠯ ᠤᠨ ᠠᠰᠠᠷᠠᠮᠵᠢ ᠶᠢᠨ ᠠᠵᠤ ᠦᠢᠯᠡᠰ ᠤᠨ ᠬᠦᠷᠢᠶᠡᠯᠡᠩ ᠢ ᠪᠥᠬᠦ ᠤᠯᠤᠰ ᠤᠨ ᠲᠡᠷᠢᠭᠦᠨ ᠵᠡᠷᠭᠡ ᠶᠢᠨ ᠡᠮᠴᠢᠯᠡᠭᠡ ᠨᠠᠰᠤᠵᠢᠯ ᠢ ᠤᠶᠠᠯᠳᠤᠭᠤᠯᠤᠭᠰᠠᠨ ᠨᠡᠷᠡᠲᠦ ᠲᠥᠷᠥᠯ ᠲᠡᠮᠳᠡᠭᠲᠦ ᠪᠣᠯᠭᠠᠨ᠎ᠠ᠃      ᠬᠦᠴᠦ ᠪᠠᠨ ᠲᠥᠪᠯᠡᠷᠡᠭᠦᠯᠦᠨ ᠣᠷᠴᠢᠨ ᠲᠣᠭᠤᠷᠢᠨ ᠢ ᠰᠢᠯᠢᠳᠡᠭᠵᠢᠭᠦᠯᠵᠦ᠂ ᠠᠮᠢᠵᠢᠷᠠᠯ ᠤᠨ ᠬᠦᠴᠦᠨ ᠢ ᠬᠥᠭᠵᠢᠭᠡᠨ᠎ᠡ᠃ ᠠᠵᠤ ᠠᠬᠤᠶᠢᠯᠠᠯ ᠭᠠᠵᠠᠷ ᠣᠷᠣᠨ ᠤ ᠠᠭᠤᠰᠤᠯᠴᠠᠯ ᠢ ᠭᠦᠨᠵᠡᠭᠡᠶᠢᠷᠡᠭᠦᠯᠵᠦ᠂ ᠪᠤᠭᠤᠲᠤ ᠬᠤᠲᠠ ᠶᠢᠨ ᠲᠣᠮᠣ ᠳᠤᠮᠳᠠ ᠵᠢᠵᠢᠭ ᠠᠵᠤ ᠠᠬᠤᠶᠢᠯᠠᠯ ᠤᠨ ᠬᠥᠭᠵᠢᠯᠲᠡ ᠶᠢᠨ ᠠᠵᠢᠯᠯᠠᠭᠠᠨ ᠤ ᠲᠥᠯᠥᠪᠯᠡᠭᠡ ᠶᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠵᠤ᠂ ᠪᠦᠬᠦ ᠬᠤᠲᠠ ᠶᠢᠨ《ᠬᠦᠷᠢᠶᠡᠯᠡᠩ ᠲᠣᠭᠤᠷᠢᠭ ᠤᠨ 10 ᠵᠤᠷᠪᠤᠰ》᠂《ᠨᠡᠶᠢᠲᠡ ᠶᠢᠨ ᠥᠮᠴᠢᠯᠡᠯ ᠤᠨ ᠪᠤᠰᠤ 10 ᠵᠤᠷᠪᠤᠰ》᠂《ᠰᠢᠨᠵᠢᠯᠡᠬᠦ ᠤᠬᠠᠭᠠᠨ ᠮᠡᠷᠭᠡᠵᠢᠯ ᠤᠨ 10 ᠵᠤᠷᠪᠤᠰ》᠂《ᠴᠢᠳᠠᠪᠤᠷᠢᠲᠠᠨ ᠤ 10 ᠵᠤᠷᠪᠤᠰ》ᠵᠢᠴᠢ ᠪᠠᠶ᠋ᠬᠠᠣᠪᠤᠭ᠎ᠠ ᠠᠭᠤᠷᠬᠠᠢ ᠶᠢᠨ ᠲᠣᠭᠤᠷᠢᠭ ᠤᠨ ᠬᠠᠮᠢᠶ᠎ᠠ ᠪᠦᠬᠦᠢ ᠲᠥᠬᠦᠷ ᠠᠷᠭ᠎ᠠ ᠬᠡᠮᠵᠢᠶ᠎ᠡ ᠶᠢ ᠤᠯᠠᠮ ᠴᠢᠨᠠᠭᠰᠢᠳᠠ ᠰᠠᠶᠢᠲᠤᠷ ᠬᠡᠷᠡᠭᠯᠡᠵᠦ᠂ ᠪᠠᠶ᠋ᠬᠠᠣᠪᠤᠭ᠎ᠠ ᠲᠡᠮᠦᠷ ᠤᠨ ᠠᠭᠤᠷᠬᠠᠢ᠂ ᠪᠣᠣ ᠱᠠᠨ ᠠᠭᠤᠷᠬᠠᠢ ᠶᠢᠨ ᠦᠢᠯᠡᠰ ᠪᠣᠯᠤᠨ ᠸᠧ ᠡᠯ ᠲᠧ ᠠᠭᠤᠷᠬᠠᠢ ᠶᠢᠨ ᠦᠢᠯᠡᠰ᠂ ᠯᠢᠨ ᠹᠧᠩ ᠰᠢᠨᠵᠢᠯᠡᠬᠦ ᠤᠬᠠᠭᠠᠨ ᠮᠡᠷᠭᠡᠵᠢᠯ ᠵᠡᠷᠭᠡ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠶᠢᠯᠠᠯ ᠲᠠᠢ ᠭᠦᠨᠵᠡᠭᠡᠢ ᠬᠠᠮᠲᠤᠷᠠᠯᠴᠠᠬᠤ ᠶᠢ ᠠᠬᠢᠭᠤᠯᠵᠤ᠂ ᠡᠬᠢ ᠪᠠᠶᠠᠯᠢᠭ ᠢ ᠨᠢᠭᠡᠳᠦᠯᠲᠡᠢ ᠳᠤ ᠲᠣᠬᠢᠷᠠᠭᠤᠯᠬᠤ᠂ ᠲᠥᠷᠥᠯ ᠵᠦᠢᠯ ᠢ ᠨᠢᠭᠡ ᠳᠤ ᠴᠣᠭᠴᠠᠵᠢᠭᠤᠯᠤᠨ ᠠᠬᠢᠭᠤᠯᠬᠤ᠂ ᠰᠢᠨᠵᠢᠯᠡᠬᠦ ᠤᠬᠠᠭᠠᠨ ᠤ ᠰᠤᠳᠤᠯᠭᠠᠨ ᠤ ᠲᠥᠪᠯᠡᠷᠡᠭᠦᠯᠦᠨ ᠪᠣᠭᠤᠮᠲᠠ ᠰᠢᠪᠲᠤᠯᠬᠤ ᠵᠡᠷᠭᠡ ᠬᠥᠭᠵᠢᠯᠲᠡ ᠶᠢᠨ ᠪᠠᠶᠢᠷᠢᠰᠢᠯ ᠢ ᠬᠦᠴᠦᠯᠡᠨ ᠪᠤᠢ ᠪᠣᠯᠭᠠᠨ᠎ᠠ᠃《ᠨᠢᠭᠡ ᠰᠦᠯᠵᠢᠶ᠎ᠡ᠂ ᠨᠢᠭᠡ ᠡᠭᠦᠳᠡ᠂ ᠨᠢᠭᠡ ᠤᠳᠠᠭ᠎ᠠ》᠎ ᠶᠢᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠵᠦ᠂《ᠭᠠᠵᠠᠷ ᠠᠪᠤᠮᠠᠭᠴᠠ ᠠᠵᠢᠯ ᠡᠬᠢᠯᠡᠭᠦᠯᠬᠦ》ᠥᠭᠡᠷᠡᠴᠢᠯᠡᠯᠲᠡ ᠶᠢᠨ ᠲᠤᠷᠰᠢᠯᠲᠠ ᠶᠢᠨ ᠴᠡᠭ ᠤᠨ ᠠᠵᠢᠯ ᠢ ᠯᠠᠪᠳᠠᠭᠤᠨ ᠪᠠᠲᠤᠲᠠᠢ ᠰᠠᠢᠲᠤᠷ ᠬᠢᠵᠦ᠂《ᠲᠥᠷᠦᠯ ᠵᠦᠢᠯ ᠢ ᠬᠢᠨᠠᠨ ᠵᠥᠪᠰᠢᠶᠡᠷᠡᠬᠦ ᠳᠥᠷᠪᠡᠨ ᠬᠤᠯᠪᠣᠭᠠᠯᠠᠨ ᠭᠦᠢᠴᠡᠳᠬᠡᠬᠦ》ᠪᠠ《ᠠᠵᠤ ᠠᠬᠤᠶᠢᠯᠠᠯ ᠤᠨ ᠬᠡᠷᠡᠭ ᠶᠠᠪᠤᠳᠠᠯ ᠳᠤ ᠵᠢᠷᠭᠤᠭᠠᠨ ᠦᠢᠯᠡᠴᠢᠯᠡᠬᠦ》ᠳᠡᠭᠡᠷ᠎ᠡ ᠬᠦᠴᠦ ᠲᠠᠯᠪᠢᠵᠤ᠂ ᠪᠦᠬᠦ ᠬᠤᠲᠠ ᠶᠢᠨ ᠲᠡᠷᠢᠭᠦᠨ ᠵᠡᠷᠭᠡ ᠶᠢᠨ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠪᠤᠢ ᠪᠣᠯᠭᠠᠨ᠎ᠠ᠃ ᠤᠴᠢᠷ ᠶᠠᠪᠤᠳᠠᠯ ᠤᠨ ᠳᠤᠮᠳᠠᠬᠢ ᠪᠠ ᠤᠴᠢᠷ ᠶᠠᠪᠤᠳᠠᠯ ᠤᠨ ᠳᠠᠷᠠᠭᠠᠬᠢ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠬᠤᠬᠢᠷᠠᠭᠤᠯᠤᠭᠰᠠᠨ ᠳᠣᠪᠤᠶᠢᠮ᠎ᠠ ᠠᠰᠠᠭᠤᠳᠠᠯ ᠢ ᠴᠢᠩᠭ᠎ᠠ ᠴᠡᠭᠴᠡᠯᠡᠨ ᠵᠠᠰᠠᠵᠤ᠂ ᠭᠤᠤᠯᠴᠢ ᠪᠠᠷ ᠥᠷᠢᠰᠦᠯᠳᠦᠬᠦ ᠵᠠᠬ᠎ᠠ ᠳᠡᠯᠭᠡᠭᠦᠷ ᠤᠨ ᠣᠷᠴᠢᠨ ᠨᠥᠬᠦᠴᠡᠯ ᠢ ᠪᠤᠢ ᠪᠣᠯᠭᠠᠨ᠎ᠠ᠃     ᠠᠮᠢ ᠠᠬᠤᠶ ᠶᠢ ᠤᠷᠢᠳ ᠢᠶᠠᠷ ᠪᠣᠳᠣᠯᠬᠢᠯᠠᠵᠤ ᠪᠣᠬᠢᠷᠲᠤᠯ ᠦᠭᠡᠢ ᠪᠠᠷ ᠬᠥᠭᠵᠢᠭᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ ᠬᠦᠴᠦ ᠪᠠᠨ ᠲᠥᠪᠯᠡᠷᠡᠭᠦᠯᠦᠨ᠎ᠡ᠃ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠪᠠᠶᠢᠯᠳᠤᠬᠤ ᠪᠣᠳᠣᠯᠭ᠎ᠠ ᠶᠢᠨ ᠬᠦᠴᠦᠨ ᠢ ᠪᠠᠲᠤᠯᠠᠵᠤ᠂ ᠬᠥᠬᠡ ᠣᠭᠲᠠᠷᠭᠤᠶ᠂ ᠴᠡᠩᠭᠡᠭ ᠤᠰᠤ᠂ ᠴᠡᠪᠡᠷ ᠬᠥᠷᠥᠰᠥ ᠶᠢ ᠬᠠᠮᠠᠭᠠᠯᠠᠬᠤ ᠳᠠᠶᠢᠯᠠᠯᠳᠤᠭᠠᠨ ᠢ ᠬᠦᠴᠦᠯᠡᠨ ᠰᠠᠶᠢᠲᠤᠷ ᠬᠢᠵᠦ᠂ ᠠᠮᠢ ᠠᠬᠤᠶ ᠶᠢ ᠰᠡᠷᠭᠦᠭᠡᠬᠦ ᠪᠠ ᠵᠠᠰᠠᠬᠤ ᠡᠷᠴᠢᠮ ᠢᠶᠠᠨ ᠴᠢᠩᠭᠠᠷᠠᠭᠤᠯᠵᠤ᠂ ᠠᠵᠤ ᠦᠢᠯᠡᠳᠪᠦᠷᠢ ᠶᠢᠨ ᠨᠡᠭᠡᠭᠡᠨ ᠮᠠᠯᠲᠠᠬᠤ᠂ ᠠᠴᠢᠵᠤ ᠪᠠᠭᠤᠯᠭᠠᠬᠤ᠂ ᠲᠡᠭᠡᠭᠡᠪᠦᠷᠢᠯᠡᠬᠦ ᠶᠠᠪᠤᠴᠠ ᠳᠠᠬᠢ ᠪᠣᠬᠢᠷᠲᠤᠯ ᠢ ᠰᠡᠷᠭᠡᠶᠢᠯᠡᠨ ᠵᠠᠰᠠᠬᠤ ᠪᠠ ᠲᠣᠭᠤᠰᠣ ᠶᠢ ᠪᠠᠭᠠᠰᠬᠠᠨ ᠲᠣᠭᠤᠰᠣ ᠶᠢ ᠳᠠᠷᠤᠬᠤ ᠠᠵᠢᠯ ᠢ ᠴᠢᠩᠭᠠᠳᠬᠠᠵᠤ᠂ ᠰᠠᠭᠤᠭᠠᠯᠢ ᠠᠷᠠᠳ ᠤᠨ ᠠᠮᠢᠳᠤᠷᠠᠯ ᠤᠨ ᠬᠤᠭ ᠨᠣᠪᠰᠢ ᠶᠢᠨ ᠲᠠᠯᠠᠪᠠᠢ ᠶᠢᠨ ᠣᠷᠴᠢᠨ ᠲᠣᠭᠤᠷᠢᠨ ᠢ ᠬᠠᠮᠠᠭᠠᠯᠠᠬᠤ ᠥᠭᠡᠷᠡᠴᠢᠯᠡᠯᠲᠡ᠂ᠸᠧ ᠡᠯ ᠲᠧ ᠦᠯᠡᠳᠡᠭᠳᠡᠯ ᠬᠦᠳᠡᠷ ᠤᠨ ᠬᠥᠮᠥᠷᠭᠡ ᠶᠢᠨ ᠡᠭᠦᠳᠡ ᠪᠠᠨ ᠬᠠᠭᠠᠵᠤ ᠬᠤᠭᠤᠴᠠᠭ᠎ᠠ ᠶᠣᠰᠣᠭᠠᠷ ᠪᠠᠷᠢᠯᠭ᠎ᠠ ᠳᠠᠭᠤᠰᠴᠤ ᠰᠢᠯᠭᠠᠨ ᠠᠪᠬᠤ ᠶᠢ ᠪᠠᠲᠤᠯᠠᠨ᠎ᠠ᠃ ᠬᠤᠲᠠ ᠶᠢᠨ ᠬᠤᠣᠰ ᠵᠠᠰᠠᠯᠲᠠ ᠶᠢᠨ ᠠᠯᠬᠤᠴᠠ ᠶᠢ ᠲᠦᠷᠭᠡᠳᠬᠡᠵᠦ᠂ ᠪᠣᠬᠢᠷᠲᠤᠯ ᠦᠭᠡᠢ ᠠᠵᠤ ᠠᠬᠤᠶᠢᠯᠠᠯ᠂ ᠪᠣᠬᠢᠷᠲᠤᠯ ᠦᠭᠡᠢ ᠨᠡᠶᠢᠭᠡᠮ ᠲᠣᠭᠤᠷᠢᠭ᠂ ᠪᠣᠬᠢᠷᠲᠤᠯ ᠦᠭᠡᠢ ᠰᠤᠷᠭᠠᠭᠤᠯᠢ ᠶᠢᠨ ᠬᠦᠷᠢᠶ᠎ᠡ᠂ ᠪᠣᠬᠢᠷᠲᠤᠯ ᠦᠭᠡᠢ ᠵᠡᠭᠡᠯᠢ ᠭᠤᠳᠤᠮᠵᠢ᠂ ᠪᠣᠬᠢᠷᠲᠤᠯ ᠦᠭᠡᠢ ᠬᠦᠷᠢᠶ᠎ᠡ ᠬᠠᠰᠢᠶ᠎ᠠ ᠶᠢ ᠢᠳᠡᠪᠬᠢᠲᠡᠢ ᠪᠠᠶᠢᠭᠤᠯᠤᠨ᠎ᠠ᠃ ᠠᠵᠤ ᠦᠢᠯᠡᠰ ᠤᠨ ᠲᠥᠪᠯᠡᠷᠡᠭᠰᠡᠨ ᠡᠷᠴᠢᠮᠵᠢᠭᠰᠡᠨ ᠬᠥᠭᠵᠢᠯᠲᠡ ᠶᠢ ᠠᠬᠢᠭᠤᠯᠵᠤ᠂ ᠠᠮᠢ ᠠᠬᠤᠢ ᠶᠢ ᠲᠡᠷᠢᠭᠦᠨ ᠳᠤ ᠲᠠᠯᠪᠢᠬᠤ ᠪᠣᠬᠢᠷᠲᠤᠯ ᠦᠭᠡᠢ ᠬᠥᠭᠵᠢᠭᠦᠯᠬᠦ ᠲᠥᠷᠥᠯ ᠵᠦᠢᠯ ᠤᠨ ᠬᠥᠮᠥᠷᠭᠡ ᠶᠢ ᠪᠠᠶᠢᠭᠤᠯᠵᠤ᠂ ᠡᠨᠧᠷᠭᠢ ᠶᠢᠨ ᠬᠤᠷᠣᠭᠳᠠᠯ ᠶᠡᠭᠡ᠂ ᠪᠣᠬᠢᠷᠲᠤᠯ ᠶᠡᠭᠡ᠂ ᠭᠠᠳᠠᠭᠰᠢᠯᠠᠭᠤᠯᠤᠯᠲᠠ ᠶᠡᠭᠡ ᠲᠥᠷᠥᠯ ᠵᠦᠢᠯ ᠢ ᠴᠢᠩᠭ᠎ᠠ ᠬᠢᠵᠠᠭᠠᠷᠯᠠᠵᠤ᠂ ᠤᠯᠤᠰ ᠤᠨ ᠲᠡᠰ ᠤᠨ ᠠᠭᠤᠷᠬᠠᠢ ᠶᠢᠨ ᠴᠡᠴᠡᠷᠯᠢᠭ ᠤᠨ ᠵᠢᠱᠢᠶ᠎ᠡ ᠦᠵᠡᠭᠦᠯᠬᠦ ᠲᠥᠷᠥᠯ ᠵᠦᠢᠯ᠂ ᠤᠯᠤᠰ ᠤᠨ ᠲᠡᠰ ᠤᠨ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠵᠢᠱᠢᠶ᠎ᠡ ᠦᠵᠡᠭᠦᠯᠬᠦ ᠰᠠᠭᠤᠷᠢᠨ ᠭᠠᠵᠠᠷ᠂ ᠤᠰᠤ ᠴᠡᠪᠡᠷᠰᠢᠭᠦᠯᠬᠦ ᠦᠢᠯᠡᠳᠪᠦᠷᠢ ᠵᠡᠷᠭᠡ 12 ᠠᠮᠢ ᠠᠬᠤᠢ ᠶᠢᠨ ᠪᠣᠬᠢᠷᠲᠤᠯ ᠦᠭᠡᠢ ᠠᠷᠠᠳ ᠲᠤ ᠠᠰᠢᠭ ᠬᠦᠷᠲᠡᠭᠡᠬᠦ ᠢᠨᠵᠧᠨᠧᠷᠢᠩ ᠢ ᠭᠤᠣᠯᠳᠠᠯᠭ᠎ᠠ ᠲᠠᠢ ᠰᠠᠶᠢᠲᠤᠷ ᠬᠡᠷᠡᠭᠵᠢᠭᠦᠯᠦᠨ᠎ᠡ᠃ ᠦᠢᠯᠡᠳᠪᠦᠷᠢᠯᠡᠬᠦ ᠴᠢᠳᠠᠪᠤᠷᠢ ᠶᠢ ᠤᠯᠠᠮ ᠨᠢᠭᠡ ᠠᠯᠬᠤᠮ ᠠᠭᠤᠳᠠᠯᠵᠤ᠂ ᠦᠷ᠎ᠡ ᠪᠦᠲᠦᠮᠵᠢ ᠶᠢ ᠳᠡᠭᠡᠭᠰᠢᠯᠡᠭᠦᠯᠦᠨ᠂ ᠥᠩᠭᠡ ᠦᠵᠡᠮᠵᠢ ᠶᠢ ᠵᠡᠷᠭᠡ ᠲᠤᠨᠢ ᠴᠢᠬᠤᠯᠠᠴᠢᠯᠠᠬᠤ᠂ ᠬᠠᠮᠵᠢᠯᠴᠠᠨ ᠡᠷᠴᠢᠮᠵᠢᠭᠰᠡᠨ ᠣᠳᠣ ᠦᠶ᠎ᠡ ᠶᠢᠨ ᠡᠨᠧᠷᠭᠢ ᠬᠠᠩᠭᠠᠬᠤ ᠠᠷᠭ᠎ᠠ ᠮᠠᠶ᠋ᠢᠭ ᠢ ᠪᠤᠢ ᠪᠣᠯᠭᠠᠨ᠎ᠠ᠃《ᠣᠶᠤᠨᠴᠢ ᠪᠠᠶ᠋ᠬᠠᠣᠪᠤᠭ᠎ᠠ》᠎ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠦᠷᠢᠶ᠎ᠡ ᠬᠡᠪᠴᠢᠶᠡᠨ ᠳᠠᠬᠢ ᠬᠡᠷᠡᠭᠯᠡᠭᠡ ᠶᠢ ᠥᠷᠭᠡᠳᠬᠡᠵᠦ᠂ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠣᠯᠠᠨ ᠨᠡᠶᠢᠲᠡ ᠶᠢᠨ ᠬᠢᠨᠠᠯᠲᠠ ᠲᠠᠯᠪᠢᠵᠤ ᠢᠯᠡᠴᠢᠯᠡᠨ ᠮᠡᠳᠡᠭᠦᠯᠵᠦ ᠬᠠᠷᠢᠭᠤ ᠲᠤᠰᠬᠠᠬᠤ ᠲᠣᠭᠲᠠᠴᠠ ᠶᠢ ᠲᠡᠭᠦᠯᠳᠡᠷᠵᠢᠭᠦᠯᠦᠨ᠎ᠡ᠃      ᠠᠷᠠᠳ ᠤᠨ ᠠᠮᠢᠳᠤᠷᠠᠯ ᠤᠨ ᠠᠮᠤᠷ ᠠᠮᠤᠭᠤᠯᠠᠩ᠂ ᠦᠨᠳᠦᠰᠦᠲᠡᠨ ᠤ ᠪᠦᠯᠬᠦᠮᠳᠡᠯ ᠳᠤ ᠠᠩᠬᠠᠷᠤᠯ ᠢᠶᠠᠨ ᠲᠥᠪᠯᠡᠷᠡᠭᠦᠯᠦᠨ ᠬᠦᠴᠦ ᠪᠠᠨ ᠲᠥᠪᠯᠡᠷᠡᠭᠦᠯᠦᠨ᠎ᠡ᠃ ᠲᠦᠭᠡᠮᠡᠯ ᠬᠠᠷᠠᠭᠠᠯᠵᠠᠯ ᠤᠨ ᠴᠢᠨᠠᠷᠲᠠᠶ᠂ ᠰᠠᠭᠤᠷᠢ ᠴᠢᠨᠠᠷᠲᠠᠶ᠂ ᠦᠨᠳᠦᠰᠦᠨ ᠵᠦᠢᠯ ᠢ ᠪᠠᠲᠤᠯᠠᠬᠤ ᠴᠢᠨᠠᠷᠲᠠᠶ ᠠᠷᠠᠳ ᠤᠨ ᠠᠮᠢᠳᠤᠷᠠᠯ ᠤᠨ ᠪᠠᠶᠢᠭᠤᠯᠤᠯᠲᠠ ᠶᠢ ᠴᠢᠩᠭᠠᠳᠬᠠᠵᠤ᠂ ᠠᠵᠢᠯ ᠣᠯᠭᠤᠯᠲᠠ ᠶᠢ ᠲᠣᠭᠲᠠᠪᠤᠷᠢᠵᠢᠭᠤᠯᠬᠤ ᠡᠯ᠎ᠡ ᠵᠦᠢᠯ ᠤᠨ ᠠᠵᠢᠯ ᠢ ᠢᠳᠡᠪᠬᠢᠲᠡᠢ ᠠᠬᠢᠭᠤᠯᠵᠤ᠂ ᠨᠡᠶᠢᠭᠡᠮ ᠤᠨ ᠪᠠᠲᠤᠯᠠᠭ᠎ᠠ ᠶᠢᠨ ᠴᠢᠳᠠᠪᠤᠷᠢ ᠶᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠨᠡᠶᠢᠭᠡᠮ ᠤᠨ ᠪᠠᠲᠤᠯᠠᠭ᠎ᠠ ᠶᠢᠨ ᠪᠠᠷᠢᠮᠵᠢᠶ᠎ᠠ ᠶᠢ ᠳᠡᠭᠡᠭᠰᠢᠯᠡᠭᠦᠯᠦᠨ ᠬᠡᠪᠴᠢᠶ᠎ᠡ ᠶᠢ ᠥᠷᠭᠡᠳᠬᠡᠬᠦ ᠶᠢ ᠦᠷᠭᠦᠯᠵᠢᠯᠡᠨ ᠠᠬᠢᠭᠤᠯᠤᠨ᠎ᠠ᠃ ᠤᠯᠤᠰ ᠤᠨ ᠡᠷᠡᠭᠦᠯ ᠬᠠᠮᠠᠭᠠᠯᠠᠯ ᠤᠨ ᠰᠢᠶᠠᠨ ᠬᠤᠲᠠ ᠶᠢ ᠪᠦᠬᠦ ᠬᠦᠴᠦ ᠪᠠᠷ ᠡᠭᠦᠳᠦᠨ ᠪᠠᠶᠢᠭᠤᠯᠵᠤ᠂ ᠥᠪᠡᠷᠲᠡᠭᠡᠨ ᠵᠠᠰᠠᠬᠤ ᠣᠷᠣᠨ ᠤ ᠪᠣᠯᠪᠠᠰᠤᠨ ᠬᠤᠲᠠ ᠶᠢᠨ ᠦᠷ᠎ᠡ ᠪᠦᠲᠦᠭᠡᠯ ᠢ ᠪᠠᠬᠢᠵᠢᠭᠦᠯᠦᠨ᠎ᠡ᠃ ᠣᠶᠤᠨᠯᠢᠭ ᠨᠡᠶᠢᠭᠡᠮ ᠲᠣᠭᠤᠷᠢᠭ ᠤᠨ ᠰᠦᠯᠵᠢᠶᠡᠵᠢᠯᠳᠡ ᠶᠢ ᠲᠡᠭᠦᠯᠳᠡᠷᠵᠢᠭᠦᠯᠵᠦ᠂《ᠣᠷᠣᠯᠭ᠎ᠠ ᠪᠠᠭᠠᠲᠠᠶ ᠬᠠᠮᠲᠤᠯᠢᠭ ᠤᠨ ᠵᠣᠯ ᠵᠢᠷᠭᠠᠯ ᠢ ᠳᠡᠭᠡᠭᠰᠢᠯᠡᠭᠦᠯᠬᠦ ᠢᠨᠵᠧᠨᠧᠷᠢᠩ》᠎ ᠢ ᠭᠦᠨᠵᠡᠭᠡᠶ ᠬᠡᠷᠡᠭᠵᠢᠭᠦᠯᠵᠦ᠂《ᠨᠡᠶᠢᠭᠡᠮ ᠤᠨ ᠠᠵᠢᠯᠲᠠᠨ + ᠰᠠᠶᠢᠨ ᠳᠤᠷ᠎ᠠ ᠶᠢᠨ ᠠᠵᠢᠭᠯᠠᠭᠴᠢ + ᠨᠡᠶᠢᠭᠡᠮ ᠤᠨ ᠬᠦᠴᠦᠨ》᠎ ᠤ ᠬᠤᠲᠠ ᠶᠢᠨ ᠶᠠᠳᠠᠭᠤ ᠶᠢ ᠲᠡᠳᠬᠦᠬᠦ ᠰᠢᠨ᠎ᠡ ᠵᠠᠭᠪᠤᠷ ᠢ  ᠪᠠᠶᠢᠭᠤᠯᠵᠤ᠂ ᠰᠠᠯᠠᠭ᠎ᠠ ᠮᠥᠴᠢᠷ ᠨᠢᠭᠡᠴᠢ ᠶᠢᠨ ᠬᠤᠭᠤᠷᠣᠨᠳᠣ ᠪᠠᠨ ᠵᠣᠬᠢᠴᠠᠭᠤᠯᠤᠨ ᠬᠠᠷᠢᠯᠴᠠᠨ ᠨᠡᠪᠲᠡᠷᠡᠯᠴᠡᠬᠦ ᠲᠣᠭᠲᠠᠴᠠ ᠶᠢ ᠪᠠᠶᠢᠭᠤᠯᠵᠤ᠂ ᠣᠷᠣᠯᠭ᠎ᠠ ᠪᠠᠭᠠᠲᠠᠶ ᠬᠠᠮᠲᠤ ᠴᠣᠭᠴᠠ ᠪᠠ ᠨᠠᠰᠤᠲᠠᠶᠢᠴᠤᠳ᠂ ᠵᠡᠮᠳᠡᠭᠴᠦᠳ᠂ ᠬᠦᠨᠳᠦ ᠡᠪᠡᠳᠴᠢᠲᠡᠨ ᠵᠡᠷᠭᠡ ᠣᠨᠴᠠ ᠲᠣᠭᠲᠠᠭᠰᠠᠨ ᠶᠠᠳᠠᠭᠤ ᠬᠦᠴᠢᠷᠳᠡᠯ ᠲᠠᠢ ᠬᠥᠮᠦᠨ ᠠᠮᠠ ᠶᠢ ᠬᠠᠮᠲᠤ ᠪᠠᠷ ᠪᠠᠶᠢᠭᠤᠯᠵᠤ ᠬᠠᠮᠲᠤ ᠪᠠᠷ ᠡᠳ᠋ᠯᠡᠬᠦ ᠬᠥᠭᠵᠢᠯᠲᠡ ᠶᠢᠨ ᠳᠤᠮᠳᠠ ᠨᠠᠩ ᠣᠯᠠᠨ ᠬᠦᠷᠲᠡᠮᠵᠢ ᠶᠢᠨ ᠲᠥᠷᠥᠭᠳᠡᠯ ᠲᠠᠢ ᠪᠣᠯᠭᠠᠨ᠎ᠠ᠃ ᠡᠮᠴᠢᠯᠡᠭᠡ ᠪᠠ ᠠᠰᠠᠷᠠᠮᠵᠢ ᠶᠢ ᠤᠶᠠᠯᠳᠤᠭᠤᠯᠬᠤ᠂ ᠡᠷᠡᠭᠦᠯ ᠮᠡᠨᠳᠦ ᠪᠠ ᠨᠠᠰᠤᠵᠢᠯ ᠤᠨ ᠠᠰᠠᠷᠠᠮᠵᠢ ᠪᠠᠷ ᠭᠤᠤᠯ ᠪᠣᠯᠭᠠᠵᠤ᠂ ᠪᠦᠬᠦ ᠤᠯᠤᠰ ᠤᠨ ᠴᠢᠨᠠᠷ ᠰᠠᠶᠢᠲᠠᠶ ᠠᠮᠢᠳᠤᠷᠠᠯ ᠤᠨ ᠨᠠᠰᠤᠵᠢᠯ ᠤᠨ ᠠᠰᠠᠷᠠᠮᠵᠢ ᠶᠢᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠢ ᠪᠠᠶᠢᠭᠤᠯᠵᠤ᠂ ᠠᠭᠤᠯᠠᠨ ᠬᠤᠶᠢᠲᠤ ᠬᠡᠰᠡᠭ ᠤᠨ ᠭᠠᠵᠠᠷ ᠣᠷᠣᠨ ᠤ ᠣᠯᠠᠨ ᠲᠦᠮᠡᠨ ᠢ ᠥᠲᠡᠯᠪᠡᠯ ᠣᠷᠣᠨ ᠰᠠᠭᠤᠴᠠ ᠲᠠᠢ᠂ ᠪᠠᠶᠠᠷ ᠴᠡᠩᠭᠡᠯ ᠲᠠᠢ ᠪᠣᠯᠭᠠᠨ᠎ᠠ᠃ ᠤᠯᠤᠰ ᠤᠨ ᠠᠮᠤᠷ ᠲᠦᠪᠰᠢᠨ ᠪᠠ ᠣᠯᠠᠨ ᠨᠡᠶᠢᠲᠡ ᠶᠢᠨ ᠠᠮᠤᠷ ᠲᠦᠪᠰᠢᠨ ᠢ ᠡᠷᠡᠰ ᠬᠠᠮᠠᠭᠠᠯᠠᠵᠤ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠶ ᠲᠡᠮᠡᠴᠡᠯ ᠤᠨ ᠦᠷ᠎ᠡ ᠪᠦᠲᠦᠭᠡᠯ ᠢ ᠦᠷᠭᠦᠯᠵᠢᠯᠡᠨ ᠥᠷᠭᠡᠳᠬᠡᠨ ᠪᠠᠬᠢᠵᠢᠭᠦᠯᠵᠦ᠂ ᠬᠦᠨᠳᠦ ᠶᠡᠭᠡ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠰᠠᠶᠢᠲᠤᠷ ᠬᠢᠵᠦ᠂ ᠠᠮᠤᠷ ᠠᠮᠤᠭᠤᠯᠠᠩ ᠪᠠᠶ᠋ᠬᠠᠣᠪᠤᠭ᠎ᠠ᠂ ᠬᠠᠤᠯᠢᠵᠢᠯ ᠤᠨ ᠪᠠᠶ᠋ᠬᠠᠣᠪᠤᠭ᠎ᠠ᠂ ᠡᠶ᠎ᠡ ᠵᠣᠬᠢᠴᠠᠩᠭᠤᠶ ᠪᠠᠶ᠋ᠬᠠᠣᠪᠤᠭ᠎ᠠ ᠶᠢᠨ ᠪᠠᠶᠢᠭᠤᠯᠤᠯᠲᠠ ᠶᠢ ᠪᠦᠬᠦ ᠲᠠᠯ᠎ᠠ ᠪᠠᠷ ᠠᠬᠢᠭᠤᠯᠵᠤ᠂ ᠬᠦᠨᠳᠦ ᠶᠡᠭᠡ ᠠᠮᠤᠷ ᠲᠦᠪᠰᠢᠨ ᠤ ᠠᠳᠡᠯ ᠭᠠᠷᠬᠤ ᠶᠢ ᠡᠷᠡᠰ ᠬᠤᠷᠢᠭᠯᠠᠵᠤ᠂ ᠨᠠᠶᠢᠭᠡᠮ ᠤᠨ ᠠᠮᠤᠷ ᠲᠦᠪᠰᠢᠨ ᠡᠶ᠎ᠡ ᠵᠣᠬᠢᠴᠠᠩᠭᠤᠶ ᠲᠣᠭᠲᠠᠭᠤᠨ ᠢ ᠦᠨᠡᠨᠬᠦ ᠪᠠᠲᠤᠯᠠᠨ᠎ᠠ᠃ ᠨᠠᠮ ᠤᠨ ᠦᠨᠳᠦᠰᠦᠲᠡᠨ ᠤ ᠲᠥᠷᠦ ᠶᠢᠨ ᠪᠣᠳᠣᠯᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠵᠤ᠂ ᠤᠯᠠᠭᠠᠨᠮᠥ᠋ᠴᠢᠷ ᠤᠨ ᠵᠣᠷᠢᠭ ᠰᠠᠨᠠᠭ᠎ᠠ ᠶᠢ ᠪᠠᠳᠠᠷᠠᠭᠤᠯᠤᠨ᠂ ᠲᠠᠯ᠎ᠠ ᠨᠤᠲᠤᠭ ᠤᠨ ᠶᠡᠷᠦᠩᠬᠡᠶᠢᠯᠡᠭᠰᠡᠨ ᠦᠢᠯᠡᠴᠢᠯᠡᠭᠡᠨ ᠤ ᠬᠥᠩᠭᠡᠨ ᠮᠣᠷᠢᠲᠤ ᠴᠡᠷᠢᠭ ᠢᠶᠠᠷ ᠬᠥᠲᠥᠯᠦᠮᠵᠢ ᠪᠣᠯᠭᠠᠵᠤ᠂ ᠳᠤᠮᠳᠠᠳᠤ ᠤᠯᠤᠰ ᠤᠨ ᠦᠯᠢᠭᠡᠷ ᠢ ᠰᠠᠶᠢᠲᠤᠷ ᠶᠠᠷᠢᠵᠤ᠂ ᠪᠠᠶ᠋ᠬᠠᠣᠪᠤᠭ᠎ᠠ ᠶᠢᠨ ᠦᠯᠢᠭᠡᠷ ᠢ ᠰᠠᠶᠢᠲᠤᠷ ᠶᠠᠷᠢᠵᠤ᠂《ᠲᠠᠯ᠎ᠠ ᠨᠤᠲᠤᠭ ᠤᠨ ᠪᠢᠴᠢᠬᠠᠨ ᠪᠠᠭᠠᠲᠤᠷ ᠡᠭᠡᠴᠢ ᠥᠬᠢᠨ ᠳᠡᠭᠦᠦ》᠎ ᠶᠢᠨ ᠦᠢᠯᠡ ᠠᠵᠢᠯᠯᠠᠭ᠎ᠠ ᠶᠢᠨ ᠦᠵᠡᠰᠬᠦᠯᠡᠩ ᠤᠨ ᠣᠷᠳᠣᠨ ᠢᠶᠠᠷ ᠲᠠᠪᠴᠠᠩ ᠪᠣᠯᠭᠠᠨ᠂ ᠬᠤᠪᠢᠰᠬᠠᠯ ᠤᠨ ᠬᠥᠮᠦᠵᠢᠯ ᠢ ᠰᠠᠶᠢᠲᠤᠷ ᠠᠳᠬᠤᠵᠤ᠂ ᠬᠠᠷᠢᠯᠴᠠᠨ ᠬᠠᠪᠰᠤᠷᠤᠯᠴᠠᠬᠤ ᠣᠶᠢᠯᠠᠭᠠᠭᠳᠠᠬᠤᠨ ᠢ ᠠᠭᠤᠷᠬᠠᠢ ᠶᠢᠨ ᠲᠣᠭᠤᠷᠢᠭ ᠤᠨ ᠦᠨᠳᠦᠰᠦᠲᠡᠨ ᠨᠦᠭᠦᠳ ᠤᠨ ᠣᠯᠠᠨ ᠲᠦᠮᠡᠨ ᠤ ᠰᠡᠳᠬᠢᠯ ᠳᠤ ᠭᠦᠨ ᠬᠠᠳᠠᠩᠰᠢᠭᠤᠯᠵᠤ᠂ ᠤᠮᠠᠷᠠᠲᠤ ᠶᠢᠨ ᠬᠢᠯᠢ ᠬᠢᠵᠠᠭᠠᠷ ᠢ ᠬᠠᠮᠲᠤᠪᠠᠷ ᠰᠠᠬᠢᠨ ᠬᠠᠮᠠᠭᠠᠯᠠᠨ᠎ᠠ᠃      ᠵᠠᠩ ᠶᠦᠩ ᠳ᠋ᠦᠩ᠂ ᠪᠠᠶ᠋ᠬᠠᠣᠪᠤᠭ᠎ᠠ ᠠᠭᠤᠷᠬᠠᠢ ᠶᠢᠨ ᠲᠣᠭᠤᠷᠢᠭ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠬᠤᠲᠠ ᠶᠢᠨ ᠨᠠᠮ ᠤᠨ ᠬᠤᠷᠢᠶᠠᠨ ᠤ ᠠᠷᠪᠠᠨ ᠬᠤᠶᠠᠳᠤᠭᠠᠷ ᠬᠤᠭᠤᠴᠠᠭᠠᠨ ᠤ ᠠᠷᠪᠠᠳᠤᠭᠠᠷ ᠪᠥᠭᠦᠳᠡ ᠬᠤᠷᠠᠯ ᠤᠨ ᠵᠣᠷᠢᠭ ᠰᠠᠨᠠᠭ᠎ᠠ ᠪᠣᠯᠤᠨ《ᠬᠡᠷᠡᠭᠵᠢᠭᠦᠯᠬᠦ ᠰᠠᠨᠠᠯ》᠎ ᠤᠨ ᠱᠠᠭᠠᠷᠳᠠᠯᠭ᠎ᠠ ᠶᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠵᠤ᠂ ᠠᠮᠢ ᠠᠬᠤᠶ ᠶᠢ ᠲᠡᠷᠢᠭᠦᠨ ᠳᠤ ᠲᠠᠯᠪᠢᠬᠤ ᠪᠣᠬᠢᠷᠲᠤᠯ ᠦᠭᠡᠢ ᠬᠥᠭᠵᠢᠯᠲᠡ ᠶᠢᠨ ᠣᠶᠢᠯᠠᠭᠠᠭᠳᠠᠬᠤᠨ ᠢ ᠪᠠᠲᠤ ᠲᠣᠭᠲᠠᠭᠠᠵᠤ᠂《ᠪᠠᠬᠢᠵᠢᠭᠦᠯᠬᠦ᠂ ᠴᠢᠩᠭᠠᠳᠬᠠᠬᠤ᠂ ᠳᠡᠭᠡᠭᠰᠢᠯᠡᠭᠦᠯᠬᠦ᠂ ᠰᠠᠭᠠᠳ ᠦᠭᠡᠢ ᠨᠡᠪᠲᠡᠷᠡᠭᠦᠯᠬᠦ》ᠴᠢᠭᠯᠡᠯᠲᠡ ᠶᠢ ᠲᠤᠭᠤᠰᠢᠯᠠᠭᠤᠯᠵᠤ᠂ ᠣᠯᠠᠨ ᠵᠠᠮ ᠢ ᠨᠡᠭᠡᠭᠡᠵᠦ᠂ ᠠᠷᠠᠳ ᠤᠨ ᠠᠮᠢᠳᠤᠷᠠᠯ ᠤᠨ ᠠᠰᠢᠭ ᠲᠤᠰᠠ ᠶᠢ ᠢᠯᠡᠭᠦᠬᠡᠨ ᠡᠷᠢᠯᠬᠢᠯᠡᠵᠦ᠂ ᠭᠠᠵᠠᠷ ᠣᠷᠣᠨ ᠤ ᠠᠵᠤ ᠠᠬᠤᠢ ᠶᠢᠨ ᠴᠢᠨᠠᠷ ᠰᠠᠶᠢᠲᠠᠶ ᠬᠥᠭᠵᠢᠯᠲᠡ ᠶᠢᠨ ᠬᠠᠷᠠᠯᠲᠠ ᠶᠢ ᠪᠡᠶᠡᠯᠡᠭᠦᠯᠬᠦ ᠶᠢᠨ ᠲᠥᠯᠥᠭᠡ ᠤᠷᠤᠭᠰᠢᠯᠠᠨ ᠳᠠᠪᠰᠢᠵᠤ᠂ ᠠᠮᠵᠢᠯᠲᠠ ᠪᠦᠲᠦᠮᠵᠢ ᠪᠣᠯᠤᠨ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ 70 ᠵᠢᠯ ᠤᠨ ᠣᠢ ᠶᠢ ᠪᠡᠯᠭᠡᠯᠡᠨ᠎ᠡ ᠭᠡᠵᠦ ᠬᠡᠯᠡᠪᠡ᠃
 
ᠢᠷᠡᠯᠲᠡ᠄ ᠪᠠᠶ᠋ᠬᠠᠣᠪᠤᠭ᠎ᠠ ᠠᠭᠤᠷᠬᠠᠢ ᠶᠢᠨ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号