ᠵᠠᠩ ᠶᠦᠩ ᠳ᠋ᠦᠩ᠂ ᠬᠤᠸᠠᠩ ᠮᠢᠨ ᠪᠠᠶᠠᠷ ᠤᠨ ᠦᠭᠡ ᠨᠡᠶᠢᠲᠡᠯᠡᠪᠡ | ᠰᠢᠨ᠎ᠡ ᠣᠨ ᠤ ᠪᠠᠶᠠᠷ ᠤᠨ ᠦᠭᠡ | | ᠳᠤᠮᠳᠠᠳᠤ ᠤᠯᠤᠰ ᠤᠨ ᠡᠪ ᠬᠠᠮᠲᠤ ᠨᠠᠮ ᠤᠨ ᠪᠠᠶ᠋ᠬᠠᠣᠪᠤᠭ᠎ᠠ ᠠᠭᠤᠷᠬᠠᠢ ᠶᠢᠨ ᠲᠣᠭᠤᠷᠢᠭ ᠤᠨ ᠨᠠᠮ ᠤᠨ ᠬᠤᠷᠢᠶᠠᠨ | ᠤ ᠱᠦᠵᠢ ᠵᠠᠩ ᠶᠦᠩ ᠳ᠋ᠦᠩ | ᠳᠤᠮᠳᠠᠳᠤ ᠤᠯᠤᠰ ᠤᠨ ᠡᠪ ᠬᠠᠮᠲᠤ ᠨᠠᠮ ᠤᠨ ᠪᠠᠶ᠋ᠬᠠᠣᠪᠤᠭ᠎ᠠ ᠠᠭᠤᠷᠬᠠᠢ ᠶᠢᠨ ᠲᠣᠭᠤᠷᠢᠭ ᠤᠨ ᠨᠠᠮ ᠤᠨ ᠬᠤᠷᠢᠶᠠᠨ | ᠤ ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ ᠬᠤᠸᠠᠩ ᠮᠢᠨ | | ᠨᠥᠬᠦᠳ ᠡ᠂ ᠨᠠᠶᠢᠵᠠ ᠨᠠᠷ ᠡ᠄ | ᠬᠥᠪᠰᠥᠭᠡᠷ ᠴᠠᠰᠤ ᠪᠣᠭᠳᠠ ᠠᠭᠤᠯᠠ ᠶᠢ ᠤᠮᠳᠠᠯᠠᠭᠤᠯᠵᠤ᠂ ᠰᠢᠨ᠎ᠡ ᠵᠢᠯ ᠳᠤ ᠰᠢᠨ᠎ᠡ ᠬᠠᠭᠤᠳᠠᠰᠤ ᠶᠢ ᠪᠢᠴᠢᠭᠯᠡᠨ᠎ᠡ᠃ | ᠬᠤᠷᠢᠨ ᠨᠢᠭᠡᠳᠦᠭᠡᠷ ᠵᠠᠭᠤᠨ ᠤ ᠠᠷᠪᠠ ᠶᠢᠨ ᠳ᠋ᠤᠭᠠᠷ ᠤᠨ ᠡᠴᠦᠰ ᠤᠨ ᠨᠢᠭᠡ ᠵᠢᠯ ᠤᠨ ᠡᠴᠦᠰ ᠤᠨ ᠡᠳᠦᠷ ᠤᠳᠠᠯ ᠦᠭᠡᠢ | ᠥᠩᠭᠡᠷᠡᠬᠦ ᠭᠡᠵᠦ ᠪᠠᠶᠢᠨ᠎ᠠ᠂ ᠨᠢᠭᠡᠨ ᠴᠣ ᠰᠢᠨ᠎ᠡ ᠵᠢᠯ᠂ ᠨᠢᠭᠡᠨ ᠴᠣ ᠰᠢᠨ᠎ᠡ ᠴᠠᠭ ᠦᠶ᠎ᠡ ᠶᠠᠭ ᠬᠦᠷᠴᠦ ᠢᠷᠡᠵᠦ ᠪᠠᠶᠢᠨ᠎ᠠ᠃ | ᠡᠨᠡᠬᠦ ᠬᠠᠭᠤᠴᠢᠨ ᠵᠢᠯ ᠢᠶᠠᠨ ᠦᠳᠡᠵᠦ ᠰᠢᠨ᠎ᠡ ᠵᠢᠯ ᠢᠶᠠᠨ ᠤᠭᠲᠤᠬᠤ ᠲᠠᠰᠢᠷᠠᠮ ᠢᠶᠠᠷ᠂ ᠪᠢᠳᠡ ᠪᠠᠶ᠋ᠬᠠᠣᠪᠤᠭ᠎ᠠ ᠠᠭᠤᠷᠬᠠᠢ | ᠶᠢᠨ ᠲᠣᠭᠤᠷᠢᠭ ᠤᠨ ᠨᠠᠮ ᠤᠨ ᠬᠤᠷᠢᠶ᠎ᠠ ᠪᠣᠯᠤᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠢ ᠲᠥᠯᠥᠭᠡᠯᠡᠨ᠂ | ᠪᠦᠬᠦ ᠲᠣᠭᠤᠷᠢᠭ ᠤᠨ ᠡᠯ᠎ᠡ ᠦᠨᠳᠦᠰᠦᠲᠡᠨ ᠡᠯ᠎ᠡ ᠡᠲᠡᠭᠡᠳ ᠲᠤ ᠪᠠᠶᠠᠷ ᠤᠨ ᠡᠳᠦᠷ ᠤᠨ ᠮᠡᠨᠳᠦᠴᠢᠯᠡᠯ ᠪᠣᠯᠤᠨ ᠰᠠᠶᠢᠨ | ᠰᠠᠶᠢᠬᠠᠨ ᠵᠥᠩᠨᠡᠯ ᠳᠡᠪᠰᠢᠭᠦᠯᠵᠦ ᠪᠠᠶᠢᠨ᠎ᠠ︕ | ᠡᠨᠡ ᠮᠥᠴᠡ ᠪᠣᠯᠬᠤ ᠪᠦᠷᠢ᠂ ᠨᠢᠭᠡ ᠵᠢᠯ ᠤᠨ ᠲᠤᠷᠰᠢᠬᠢ ᠮᠡᠷᠡᠶᠢᠨ ᠲᠡᠮᠡᠴᠡᠭᠰᠡᠨ᠂ ᠨᠢᠭᠡ ᠵᠢᠯ ᠤᠨ ᠲᠤᠷᠰᠢᠬᠢ | ᠠᠮᠵᠢᠯᠲᠠ ᠪᠦᠲᠦᠮᠵᠢ᠂ ᠨᠢᠭᠡ ᠵᠢᠯ ᠤᠨ ᠲᠤᠷᠰᠢᠬᠢ ᠣᠯᠤᠯᠲᠠ᠂ ᠨᠢᠭᠡ ᠵᠢᠯ ᠤᠨ ᠲᠤᠷᠰᠢᠬᠢ ᠰᠠᠶᠢᠬᠠᠨ ᠪᠠᠶᠢᠳᠠᠯ ᠢ | ᠡᠷᠭᠢᠴᠡᠭᠦᠯᠦᠨ ᠪᠣᠳᠣᠨ᠎ᠠ ᠁ ᠡᠨᠡ ᠮᠥᠴᠡ ᠪᠣᠯᠬᠤ ᠪᠦᠷᠢ᠂ ᠪᠠᠰᠠ ᠵᠠᠷᠢᠮ ᠵᠢᠷᠤᠭ ᠳᠦᠷᠰᠦ ᠡᠷᠭᠢᠴᠡᠭᠦᠯᠦᠨ | ᠪᠣᠳᠣᠭᠳᠠᠵᠤ᠂ ᠨᠢᠳᠦᠨ ᠡᠮᠦᠨ᠎ᠡ ᠳᠡᠰ ᠳᠠᠷᠠᠭᠠᠯᠠᠨ ᠲᠣᠳᠣᠷᠠᠨ᠎ᠠ᠃ | ᠡᠨᠡ ᠨᠢᠭᠡ ᠵᠢᠯ ᠳᠤ᠂ ᠪᠢᠳᠡ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ | ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ | ᠪᠣᠯᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ | ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠨᠠᠮ ᠤᠨ ᠲᠥᠪ ᠬᠤᠷᠢᠶᠠᠨ ᠤ | ᠰᠢᠶᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠪᠤᠭᠤᠲᠤ | ᠬᠤᠲᠠ ᠶᠢᠨ ᠨᠠᠮ ᠤᠨ ᠬᠤᠷᠢᠶᠠᠨ ᠤ ᠠᠵᠢᠯ ᠤᠨ ᠱᠠᠭᠠᠷᠳᠠᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ | 《ᠪᠠᠬᠢᠵᠢᠭᠦᠯᠬᠦ᠂ ᠴᠢᠩᠭᠠᠷᠠᠭᠤᠯᠬᠤ᠂ ᠳᠡᠭᠡᠭᠰᠢᠯᠡᠭᠦᠯᠬᠦ᠂ ᠰᠠᠭᠠᠳ ᠥᠬᠡᠶ ᠨᠡᠪᠲᠡᠷᠡᠭᠦᠯᠬᠦ》ᠴᠢᠭᠯᠡᠯᠲᠡ ᠶᠢᠨ ᠲᠣᠭᠤᠷᠢᠨ ᠳᠤ᠂ | ᠠᠮᠢ ᠠᠬᠤᠶ ᠶᠢ ᠤᠷᠢᠳ ᠢᠶᠠᠷ ᠪᠣᠳᠣᠯᠬᠢᠯᠠᠬᠤ᠂ ᠪᠣᠬᠢᠷᠲᠤᠯ ᠥᠬᠡᠶ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ | ᠰᠠᠶᠢᠲᠠᠶ ᠬᠥᠭᠵᠢᠯᠲᠡ ᠶᠢᠨ ᠰᠢᠨ᠎ᠡ ᠵᠠᠮ ᠢ ᠨᠡᠭᠡᠭᠡᠵᠦ᠂ ᠪᠥᠬᠦ ᠣᠷᠣᠨ ᠤ ᠠᠵᠤ ᠠᠬᠤᠢ ᠶᠢᠨ ᠪᠦᠲᠦᠭᠡᠨ ᠪᠠᠶᠢᠭᠤᠯᠤᠯᠲᠠ | ᠪᠠ ᠡᠯ᠎ᠡ ᠵᠦᠶᠯ ᠤᠨ ᠠᠵᠢᠯ ᠦᠶᠯᠡᠰ ᠳᠡᠰ ᠳᠡᠪᠰᠢᠵᠦ᠂ ᠲᠡᠷᠢᠭᠦᠨ ᠤ ᠬᠢ ᠶᠢ ᠴᠢᠷᠮᠠᠶᠢᠨ ᠡᠭᠦᠳᠬᠦ ᠠᠶᠠᠨ ᠳᠤ ᠰᠢᠨ᠎ᠡ | ᠠᠯᠬᠤᠮ ᠢ ᠠᠯᠬᠤᠵᠤ᠂ ᠰᠢᠨ᠎ᠡ ᠠᠮᠵᠢᠯᠲᠠ ᠪᠦᠲᠦᠮᠵᠢ ᠣᠯᠪᠠ᠃ | ᠡᠨᠡ ᠨᠢᠭᠡ ᠵᠢᠯ ᠳᠤ᠂ ᠪᠢᠳᠡ ᠵᠥᠪ ᠣᠨᠣᠪᠴᠢᠲᠠᠶ ᠤᠯᠤᠰ ᠲᠥᠷᠦ ᠶᠢᠨ ᠵᠣᠭᠰᠣᠴᠠ ᠪᠠ ᠤᠯᠤᠰ ᠲᠥᠷᠦ ᠶᠢᠨ | ᠴᠢᠭᠯᠡᠯ ᠢᠶᠠᠨ ᠪᠠᠲᠤᠳᠬᠠᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ | ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠪᠦᠬᠦ ᠲᠣᠭᠤᠷᠢᠭ ᠤᠨ ᠨᠠᠮ ᠤᠨ ᠭᠡᠰᠢᠭᠦᠨ ᠺᠠᠳ᠋ᠷ ᠣᠯᠠᠨ ᠲᠦᠮᠡᠨ ᠤ ᠦᠵᠡᠯ | ᠰᠠᠨᠠᠭ᠎ᠠ ᠶᠢ ᠦᠷᠭᠦᠯᠵᠢᠯᠡᠨ ᠭᠦᠨᠵᠡᠭᠡᠶ ᠵᠡᠪᠰᠡᠭᠯᠡᠵᠦ᠂ ᠪᠦᠬᠦ ᠲᠣᠭᠤᠷᠢᠭ ᠤᠨ ᠳᠡᠭᠡᠳᠦ ᠳᠣᠣᠷᠠᠳᠤ ᠱᠠᠲᠤ ᠤᠯᠤᠰ ᠲᠥᠷᠦ | ᠶᠢᠨ ᠵᠣᠭᠰᠣᠴᠠ ᠪᠠᠨ ᠴᠢᠨᠠᠭᠰᠢᠳᠠ ᠳᠡᠭᠡᠭᠰᠢᠯᠡᠭᠦᠯᠵᠦ᠂《ᠳᠥᠷᠪᠡᠨ ᠤᠬᠠᠮᠰᠠᠷ》 ᠢ ᠪᠠᠲᠤ ᠪᠣᠶ ᠪᠣᠯᠭᠠᠵᠤ᠂《ᠳᠥᠷᠪᠡᠨ | ᠢᠲᠡᠭᠡᠯ》 ᠢ ᠪᠠᠲᠤᠳᠬᠠᠵᠤ᠂《ᠬᠤᠶᠠᠷ ᠢ ᠬᠠᠮᠠᠭᠠᠯᠠᠬᠤ》 ᠶᠢ ᠡᠷᠡᠰ ᠪᠡᠶᠡᠯᠡᠭᠦᠯᠵᠦ᠂ ᠪᠦᠬᠦ ᠲᠣᠭᠤᠷᠢᠭ ᠤᠨ ᠭᠤᠤᠯᠯᠠᠭᠴᠢ | ᠳᠠᠭᠠᠨ ᠦᠨᠡᠨᠴᠢ ᠰᠢᠳᠤᠷᠭᠤ᠂ ᠭᠤᠤᠯᠯᠠᠭᠴᠢ ᠪᠠᠨ ᠬᠦᠷᠢᠶᠡᠯᠡᠬᠦ᠂ ᠭᠤᠤᠯᠯᠠᠭᠴᠢ ᠪᠠᠨ ᠬᠠᠮᠠᠭᠠᠯᠠᠬᠤ᠂ ᠭᠤᠤᠯᠯᠠᠭᠴᠢ ᠪᠠᠨ | ᠴᠢᠩᠭ᠎ᠠ ᠳᠠᠭᠠᠬᠤ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠨᠠᠩ ᠪᠠᠲᠤ ᠪᠠᠬᠢ ᠪᠣᠯᠤᠭᠰᠠᠨ ᠪᠠᠶᠢᠨ᠎ᠠ᠃ | ᠡᠨᠡ ᠨᠢᠭᠡ ᠵᠢᠯ ᠳᠤ᠂ ᠪᠢᠳᠡ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠨᠥᠬᠦᠴᠡᠯ᠂ ᠡᠬᠢ | ᠪᠠᠶᠠᠯᠢᠭ ᠤᠨ ᠤᠭ ᠰᠤᠷᠪᠤᠯᠵᠢ ᠵᠡᠷᠭᠡ ᠶᠢᠨ ᠲᠤᠬᠠᠶ ᠭᠦᠨᠵᠡᠭᠡᠶ ᠲᠠᠨᠢᠯᠲᠠ ᠶᠢ ᠭᠦᠨᠵᠡᠭᠡᠶ ᠣᠶᠢᠯᠠᠭᠠᠵᠤ᠂ ᠶᠡᠷᠦᠩᠬᠡᠶ ᠱᠦᠵᠢ | ᠰᠢ ᠶᠢᠨ ᠫᠢᠩ ᠤᠨ ᠥᠪᠥᠷ ᠮᠣᠩᠭᠤᠯ ᠲᠤᠬᠠᠢ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ᠂ ᠲᠡᠮᠡᠴᠡᠬᠦ ᠬᠠᠷᠠᠯᠲᠠ | ᠵᠡᠷᠭᠡ ᠲᠠᠯ᠎ᠠ ᠪᠠᠷ ᠬᠢ ᠴᠢᠬᠤᠯᠠ ᠥᠭᠦᠯᠡᠯᠲᠡ ᠶᠢ ᠴᠢᠷᠮᠠᠶᠢᠨ ᠰᠤᠷᠤᠯᠴᠠᠵᠤ᠂ ᠠᠬᠤᠶ ᠪᠠᠶᠢᠳᠠᠯ᠂ ᠰᠡᠳᠬᠢᠯᠭᠡ᠂ | ᠣᠶᠢᠯᠠᠭᠠᠭᠳᠠᠬᠤᠨ᠂ ᠬᠠᠷᠠᠭᠠᠰᠤ᠂ ᠪᠠᠶᠢᠷᠢᠰᠢᠯ ᠤᠨ ᠲᠠᠯ᠎ᠠ ᠪᠠᠷ ᠪᠠᠷᠢᠮᠵᠢᠶ᠎ᠠ ᠲᠠᠢ ᠬᠠᠷᠢᠴᠠᠭᠤᠯᠵᠤ᠂ ᠪᠠᠲᠤ ᠢᠲᠡᠭᠡᠵᠦ᠂ | ᠯᠠᠪᠳᠠᠭᠤᠨ ᠪᠠᠲᠤᠲᠠᠶ ᠬᠡᠷᠡᠭᠵᠢᠭᠦᠯᠵᠦ᠂ ᠪᠠᠶ᠋ᠬᠠᠣᠪᠤᠭ᠎ᠠ ᠠᠭᠤᠷᠬᠠᠢ ᠶᠢᠨ ᠲᠣᠭᠤᠷᠢᠭ ᠤᠨ ᠲᠤᠭᠤᠰᠢᠯᠠᠭᠤᠯᠤᠨ | ᠨᠠᠶᠢᠳᠠᠪᠤᠷᠢᠵᠢᠭᠤᠯᠬᠤ ᠵᠠᠩᠭᠢᠯᠠᠭ᠎ᠠ ᠶᠢᠨ ᠴᠡᠭ ᠢ ᠴᠢᠷᠮᠠᠶᠢᠨ ᠣᠶᠢᠯᠠᠭᠠᠵᠤ᠂ ᠶᠡᠷᠦᠩᠬᠡᠶ ᠱᠦᠵᠢ ᠶᠢᠨ ᠵᠢᠭᠠᠭᠰᠠᠨ ᠴᠢᠭᠯᠡᠯ | ᠶᠣᠰᠣᠭᠠᠷ ᠡᠷᠡᠰ ᠭᠤᠶᠢᠪᠢᠰᠢ ᠦᠭᠡᠢ ᠪᠠᠷ ᠤᠷᠤᠭᠰᠢᠯᠠᠵᠤ᠂ ᠪᠤᠭᠤᠲᠤ ᠬᠤᠲᠠ᠂ ᠥᠪᠡᠷᠲᠡᠭᠡᠨ ᠵᠠᠰᠠᠬᠤ ᠣᠷᠣᠨ᠂ ᠪᠦᠬᠦ | ᠤᠯᠤᠰ ᠤᠨ ᠬᠥᠭᠵᠢᠯᠲᠡ ᠶᠢᠨ ᠶᠡᠭᠡ ᠲᠠᠯ᠎ᠠ ᠳᠤ ᠪᠦᠬᠦ ᠬᠦᠴᠦ ᠪᠠᠷ ᠠᠭᠤᠰᠤᠯᠴᠠᠵᠤ᠂ ᠶᠡᠷᠦᠩᠬᠡᠶ ᠱᠦᠵᠢ ᠶᠢᠨ ᠴᠢᠬᠤᠯᠠ | ᠶᠠᠷᠢᠶᠠᠨ ᠤ ᠵᠣᠷᠢᠭ ᠰᠠᠨᠠᠭ᠎ᠠ ᠪᠣᠳᠠᠲᠠᠢ ᠳᠤ ᠬᠦᠷᠬᠦ ᠶᠢ ᠠᠬᠢᠭᠤᠯᠪᠠ᠃ | ᠡᠨᠡ ᠨᠢᠭᠡ ᠵᠢᠯ ᠳᠤ᠂ ᠪᠢᠳᠡ ᠶᠡᠷᠦᠩᠬᠡᠶ ᠱᠦᠵᠢ ᠰᠢ ᠶᠢᠨ ᠫᠢᠩ ᠤᠨ《ᠭᠤᠷᠪᠠᠨ ᠡᠷᠬᠡᠪᠰᠢ》᠂《ᠳᠥᠷᠪᠡ ᠶᠢ | ᠪᠣᠳᠠᠲᠠᠶᠢᠵᠢᠭᠤᠯᠬᠤ 》ᠴᠢᠬᠤᠯᠠ ᠱᠠᠭᠠᠷᠳᠠᠯᠭ᠎ᠠ ᠶᠢ ᠨᠠᠷᠢᠨ ᠬᠢᠨᠠᠮᠠᠭᠠᠶᠨᠠᠶᠢᠳᠠᠪᠤᠷᠢᠵᠢᠭᠤᠯᠵᠤ᠂《ᠤᠭ ᠰᠠᠨᠠᠭ᠎ᠠ ᠪᠠᠨ ᠦᠯᠦ | ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ》ᠭᠤᠤᠯ ᠰᠡᠳᠦᠪᠲᠦ ᠬᠥᠮᠦᠵᠢᠯ ᠢ ᠯᠠᠪᠳᠠᠭᠤᠨ ᠪᠠᠲᠤᠲᠠᠶ | ᠥᠷᠨᠢᠭᠦᠯᠪᠡ᠃ ᠪᠢᠳᠡ ᠰᠠᠶᠢᠨ ᠢᠶᠠᠷ ᠡᠬᠢᠯᠡᠵᠦ ᠰᠠᠶᠢᠨ ᠢᠶᠠᠷ ᠲᠡᠭᠦᠰᠬᠡᠬᠦ᠂ ᠴᠢᠳᠠᠮᠠᠭᠠᠶ ᠪᠠᠷ ᠬᠢᠵᠦ ᠴᠢᠳᠠᠮᠠᠭᠠᠶ ᠪᠠᠷ | ᠪᠦᠲᠦᠭᠡᠬᠦ ᠶᠢ ᠪᠠᠷᠢᠮᠲᠠᠯᠠᠵᠤ᠂ ᠭᠤᠤᠯ ᠰᠡᠳᠦᠪᠲᠦ ᠰᠤᠷᠭᠠᠨ ᠬᠥᠮᠦᠵᠢᠯ ᠤᠨ ᠦᠷ᠎ᠡ ᠪᠦᠲᠦᠭᠡᠯ ᠢ ᠲᠠᠰᠤᠷᠠᠯᠲᠠ ᠦᠭᠡᠢ | ᠪᠠᠬᠢᠵᠢᠭᠦᠯᠦᠨ ᠥᠷᠭᠡᠳᠬᠡᠪᠡ᠃ ᠪᠢᠳᠡ ᠤᠭ ᠰᠠᠨᠠᠭ᠎ᠠ ᠪᠠᠨ ᠪᠠᠲᠤ ᠰᠠᠬᠢᠵᠤ᠂ ᠡᠭᠦᠷᠭᠡ ᠬᠠᠷᠢᠭᠤᠴᠠᠯᠭ᠎ᠠ ᠪᠠᠨ ᠵᠣᠷᠢᠭᠲᠠᠶ | ᠡᠭᠦᠷᠭᠡᠯᠡᠵᠦ᠂ ᠠᠷᠠᠳ ᠲᠦᠮᠡᠨ ᠳᠤ ᠦᠶᠯᠡᠴᠢᠯᠡᠬᠦ ᠳᠤ ᠠᠩᠬᠠᠷᠤᠯ ᠢᠶᠠᠨ ᠲᠥᠪᠯᠡᠷᠡᠭᠦᠯᠦᠨ ᠬᠦᠴᠢᠷ ᠠᠰᠠᠭᠤᠳᠠᠯ ᠢ | ᠰᠢᠶᠳᠪᠦᠷᠢᠯᠡᠵᠦ᠂《ᠲᠠᠪᠤᠨ ᠬᠠᠮᠤᠭ ᠤᠨ ᠨᠢᠭᠡᠳᠦᠭᠡᠷ ᠴᠠᠭ》 ᠤᠨ ᠠᠰᠠᠭᠤᠳᠠᠯ ᠢ ᠰᠢᠶᠳᠪᠦᠷᠢᠯᠡᠬᠦ ᠠᠵᠢᠯ ᠤᠨ ᠲᠣᠭᠲᠠᠴᠠ | ᠶᠢ ᠡᠬᠢᠯᠡᠭᠦᠯᠵᠦ᠂ ᠠᠷᠠᠳ ᠤᠨ ᠲᠥᠯᠥᠭᠡ᠂ ᠠᠷᠠᠳ ᠲᠤ ᠠᠰᠢᠭ ᠬᠦᠷᠲᠡᠭᠡᠬᠦ ᠣᠯᠠᠨ ᠵᠦᠶᠯ ᠤᠨ ᠰᠠᠶᠢᠨ ᠶᠠᠪᠤᠳᠠᠯ ᠪᠣᠳᠠᠲᠤ | ᠶᠠᠪᠤᠳᠠᠯ ᠢ ᠪᠡᠶᠡᠯᠡᠭᠦᠯᠵᠦ᠂ ᠭᠤᠤᠯ ᠰᠡᠳᠦᠪᠲᠦ ᠰᠤᠷᠭᠠᠨ ᠬᠥᠮᠦᠵᠢᠯ ᠳᠤ ᠨᠢᠭᠡ ᠬᠤᠪᠢ ᠬᠥᠨᠳᠥᠴᠡ ᠲᠠᠢ ᠬᠠᠷᠢᠭᠤᠯᠲᠠ | ᠲᠤᠰᠢᠶᠠᠭᠰᠠᠨ ᠪᠠᠶᠢᠨ᠎ᠠ᠃ | ᠡᠨᠡ ᠨᠢᠭᠡ ᠵᠢᠯ ᠳᠤ᠂ ᠪᠢᠳᠡ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ 70 ᠵᠢᠯ ᠤᠨ ᠣᠢ ᠶᠢ ᠤᠭᠲᠤᠵᠤ᠂ | ᠪᠦᠬᠦ ᠲᠣᠭᠤᠷᠢᠭ ᠪᠠᠶᠠᠷᠯᠠᠨ ᠵᠣᠷᠢᠭᠵᠢᠵᠤ᠂ ᠣᠷᠭᠢᠯᠤᠮ᠎ᠠ ᠰᠡᠳᠬᠢᠯᠭᠡ ᠪᠢᠯᠬᠠᠵᠤ᠂ ᠡᠬᠡ ᠤᠯᠤᠰ ᠢᠶᠠᠨ ᠬᠠᠶᠢᠷᠠᠯᠠᠵᠤ ᠬᠤᠪᠢ | ᠨᠡᠮᠡᠷᠢ ᠦᠵᠡᠭᠦᠯᠬᠦ ᠳᠠᠭᠤᠤ ᠶᠢ ᠬᠠᠩᠭᠢᠨᠠᠭᠤᠯᠪᠠ᠃ ᠪᠢᠳᠡ ᠪᠤᠭᠤᠲᠤ ᠶᠢᠨ ᠪᠣᠯᠣᠳ ᠲᠡᠮᠦᠷ ᠤᠨ ᠪᠦᠯᠦᠭᠯᠡᠯ᠂ ᠳᠠᠷᠬᠠᠨ | ᠮᠤᠤᠮᠢᠩᠭᠠᠨ ᠬᠤᠯᠪᠣᠭᠠᠲᠤ ᠬᠤᠰᠢᠭᠤ ᠲᠠᠢ ᠨᠥᠬᠦᠷᠯᠡᠯ ᠢᠶᠠᠨ ᠭᠦᠨᠵᠡᠭᠡᠶᠢᠷᠡᠭᠦᠯᠵᠦ᠂ ᠬᠥᠭᠵᠢᠯᠲᠡ ᠶᠢ ᠡᠷᠢᠯᠬᠢᠯᠡᠵᠦ᠂ | ᠦᠨᠳᠦᠰᠦᠲᠡᠨ ᠤ ᠪᠦᠯᠬᠦᠮᠳᠡᠯ ᠤᠨ ᠳᠠᠭᠤᠤ ᠶᠢ ᠬᠠᠩᠭᠢᠨᠠᠭᠤᠯᠪᠠ᠃ ᠪᠢᠳᠡ ᠠᠭ᠎ᠠ ᠳᠡᠭᠦᠦ ᠬᠤᠰᠢᠭᠤ ᠰᠢᠶᠠᠨ ᠲᠣᠭᠤᠷᠢᠭ | ᠯᠤᠭ᠎ᠠ ᠬᠠᠷᠢᠯᠴᠠᠨ ᠰᠤᠷᠤᠯᠴᠠᠵᠤ ᠬᠠᠷᠢᠯᠴᠠᠨ ᠲᠣᠯᠢ ᠪᠣᠯᠭᠠᠵᠤ᠂ ᠬᠠᠷᠢᠯᠴᠠᠨ ᠬᠠᠪᠰᠤᠷᠤᠯᠴᠠᠵᠤ᠂ ᠭᠠᠷ ᠬᠤᠯᠪᠣᠨ ᠬᠠᠮᠲᠤ | ᠪᠠᠷ ᠤᠷᠤᠭᠰᠢᠯᠠᠬᠤ ᠳᠠᠭᠤᠤ ᠶᠢ ᠬᠠᠩᠭᠢᠨᠠᠭᠤᠯᠪᠠ᠃ | ᠡᠨᠡ ᠨᠢᠭᠡ ᠵᠢᠯ ᠳᠤ᠂ ᠪᠢᠳᠡ ᠠᠮᠢ ᠠᠬᠤᠶ ᠶᠢ ᠲᠡᠷᠢᠭᠦᠨ ᠳᠤ ᠲᠠᠯᠪᠢᠵᠤ᠂ ᠪᠣᠬᠢᠷᠲᠤᠯ ᠦᠭᠡᠢ ᠬᠥᠭᠵᠢᠯᠲᠡ ᠪᠠᠷ | ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠨᠡᠮᠡᠭᠳᠡᠯ ᠢ ᠲᠣᠭᠲᠠᠪᠤᠷᠢᠵᠢᠭᠤᠯᠬᠤ᠂ ᠥᠭᠡᠷᠡᠴᠢᠯᠡᠯᠲᠡ ᠶᠢ ᠠᠬᠢᠭᠤᠯᠬᠤ᠂ | ᠪᠦᠲᠦᠴᠡ ᠶᠢ ᠲᠣᠬᠢᠷᠠᠭᠤᠯᠬᠤ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ᠂ ᠠᠶᠤᠯ ᠲᠦᠭᠰᠢᠭᠦᠷᠢ ᠶᠢ ᠰᠡᠷᠭᠡᠶᠢᠯᠡᠬᠦ᠂ | ᠲᠣᠭᠲᠠᠭᠤᠨ ᠢ ᠪᠠᠲᠤᠯᠠᠬᠤ ᠡᠯ᠎ᠡ ᠵᠦᠶᠯ ᠤᠨ ᠠᠵᠢᠯ ᠢ ᠨᠢᠭᠡᠳᠦᠯᠲᠡᠶ ᠳᠤ ᠲᠥᠯᠥᠪᠵᠢᠭᠦᠯᠦᠨ ᠠᠬᠢᠭᠤᠯᠵᠤ᠂ ᠪᠦᠬᠦ ᠵᠢᠯ ᠤᠨ | ᠬᠠᠷᠠᠯᠲᠠ ᠡᠭᠦᠷᠭᠡ ᠪᠠᠨ ᠲᠡᠭᠦᠰ ᠠᠮᠵᠢᠯᠲᠠ ᠲᠠᠢ ᠪᠡᠶᠡᠯᠡᠭᠦᠯᠵᠦ᠂ ᠠᠵᠤ ᠠᠬᠤᠢ ᠶᠢᠨ ᠡᠷᠭᠢᠯᠲᠡ ᠶᠠᠰᠤ ᠴᠢᠨᠠᠷ ᠢᠶᠠᠨ | ᠳᠡᠭᠡᠭᠰᠢᠯᠡᠭᠦᠯᠵᠦ᠂ ᠬᠡᠯᠪᠡᠷᠢ ᠶᠢ ᠬᠤᠪᠢᠷᠠᠭᠤᠯᠤᠨ ᠲᠡᠰ ᠳᠡᠪᠰᠢᠭᠦᠯᠬᠦ ᠠᠯᠬᠤᠴᠠ ᠢᠳᠡᠷᠡᠭᠦᠨ ᠳᠣᠷᠪᠢᠲᠠᠶ ᠶᠠᠪᠤᠭᠳᠠᠵᠤ᠂ | ᠭᠤᠷᠪᠠᠨ ᠶᠡᠭᠡ ᠪᠣᠭᠤᠮᠲᠠ ᠰᠢᠪᠲᠤᠯᠬᠤ ᠳᠠᠶᠢᠯᠠᠯᠳᠤᠭᠠᠨ ᠳᠣᠪᠤᠶᠢᠮ᠎ᠠ ᠠᠮᠵᠢᠯᠲᠠ ᠣᠯᠪᠠ᠃ | ᠡᠨᠡ ᠨᠢᠭᠡ ᠵᠢᠯ ᠳᠤ᠂ ᠪᠢᠳᠡ ᠥᠪᠡᠷᠲᠡᠭᠡᠨ ᠵᠠᠰᠠᠬᠤ ᠣᠷᠣᠨ ᠤ ᠠᠩᠬᠠᠳᠠᠭᠴᠢ 5G ᠤᠲᠠᠰᠤ ᠶᠢ ᠠᠮᠵᠢᠯᠲᠠ ᠲᠠᠢ | ᠨᠡᠪᠲᠡᠷᠡᠭᠦᠯᠵᠦ᠂ ᠥᠪᠡᠷᠲᠡᠭᠡᠨ ᠵᠠᠰᠠᠬᠤ ᠣᠷᠣᠨ ᠤ ᠠᠩᠬᠠᠳᠠᠭᠴᠢ ᠵᠢᠯᠣᠭᠤᠴᠢ ᠦᠭᠡᠢ ᠠᠭᠤᠷᠬᠠᠢ ᠶᠢᠨ ᠲᠡᠷᠭᠡ ᠶᠢ | ᠤᠷᠤᠭᠰᠢᠲᠠᠢ ᠬᠥᠳᠡᠯᠭᠡᠵᠦ᠂ ᠪᠢᠳᠡ ᠪᠠᠶ᠋ᠬᠠᠣᠪᠤᠭ᠎ᠠ ᠲᠡᠮᠦᠷ ᠤᠨ ᠠᠭᠤᠷᠬᠠᠢ ᠶᠢ ᠥᠪᠡᠷᠲᠡᠭᠡᠨ ᠵᠠᠰᠠᠬᠤ ᠣᠷᠣᠨ ᠤ ᠨᠢᠭᠡᠳᠦᠭᠡᠷ | ᠪᠦᠯᠦᠭ ᠵᠢᠱᠢᠶ᠎ᠡ ᠦᠵᠡᠭᠦᠯᠬᠦ ᠤᠶᠤᠨᠲᠤ ᠬᠦᠷᠢᠶᠡᠯᠡᠩ ᠲᠣᠭᠤᠷᠢᠭ ᠪᠣᠯᠤᠨ ᠤᠶᠤᠨᠲᠤ ᠠᠭᠤᠷᠬᠠᠢ ᠶᠢᠨ ᠲᠤᠷᠰᠢᠯᠲᠠ ᠶᠢᠨ | ᠴᠢᠭ ᠢᠶᠠᠷ ᠠᠮᠵᠢᠯᠲᠠ ᠲᠠᠢ ᠲᠦᠯᠬᠢᠨ ᠠᠬᠢᠭᠤᠯᠵᠤ᠂《ᠤᠶᠤᠨᠲᠤ ᠪᠠᠶ᠋ᠬᠠᠣᠪᠤᠭ᠎ᠠ》 ᠶᠢ ᠪᠦᠬᠦ ᠤᠯᠤᠰ ᠤᠨ《ᠤᠶᠤᠨᠲᠤ | ᠬᠤᠲᠠ ᠶᠢᠨ ᠵᠠᠰᠠᠯᠲᠠ ᠶᠢᠨ ᠬᠡᠪᠴᠢᠶᠡᠨ ᠳᠠᠬᠢ ᠠᠷᠪᠠᠨ ᠶᠡᠭᠡ ᠰᠢᠯᠢᠳᠡᠭ ᠰᠢᠢᠳᠪᠦᠷᠢᠯᠡᠬᠦ ᠲᠥᠰᠦᠯ》 ᠢᠶᠠᠷ ᠰᠢᠯᠭᠠᠷᠠᠭᠤᠯᠪᠠ᠃ | | ᠡᠨᠡ ᠨᠢᠭᠡ ᠵᠢᠯ ᠳᠤ᠂ ᠪᠢᠳᠡ ᠠᠷᠠᠳ ᠲᠦᠮᠡᠨ ᠢᠶᠠᠷ ᠭᠤᠤᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ | ᠪᠠᠷᠢᠮᠲᠠᠯᠠᠵᠤ᠂ ᠨᠢᠭᠡ ᠪᠦᠯᠦᠭ ᠪᠣᠬᠢᠷᠲᠤᠯ ᠦᠭᠡᠢ ᠠᠷᠠᠳ ᠲᠤ ᠠᠰᠢᠭ ᠬᠦᠷᠲᠡᠭᠡᠬᠦ ᠢᠨᠵᠧᠨᠧᠷᠢᠩ ᠠᠷᠠᠳ ᠤᠨ ᠵᠣᠯ | ᠵᠢᠷᠭᠠᠯᠠᠩᠲᠤ ᠠᠮᠢᠳᠤᠷᠠᠯ ᠤᠨ ᠰᠢᠨ᠎ᠡ ᠡᠬᠢ ᠪᠤᠯᠠᠭ ᠪᠣᠯᠪᠠ᠄ 6 ᠰᠠᠷ᠎ᠠ ᠶᠢᠨ 18 ᠤ ᠡᠳᠦᠷ ᠠᠰᠢᠭᠯᠠᠯᠲᠠ ᠳᠤ | ᠣᠷᠣᠭᠤᠯᠤᠭᠰᠠᠨ ᠾᠦᠢ ᠳ᠋ᠧ ᠨᠠᠰᠤᠵᠢᠯ ᠤᠨ ᠠᠰᠠᠷᠠᠮᠵᠢ ᠶᠢᠨ ᠠᠵᠤ ᠦᠢᠯᠡᠰ ᠤᠨ ᠬᠦᠷᠢᠶᠡᠯᠡᠩ ᠲᠣᠭᠤᠷᠢᠭ ᠨᠢ ᠪᠠᠶᠠᠷ | ᠬᠥᠷ ᠲᠠᠢ᠂ ᠬᠠᠯᠠᠭᠤᠨ ᠳᠣᠲᠣᠨᠣᠰᠤᠭ ᠪᠣᠯᠪᠠ᠃ 8 ᠰᠠᠷ᠎ᠠ ᠶᠢᠨ 20 ᠡᠳᠦᠷ ᠤᠨ ᠵᠠᠰᠠᠭᠰᠠᠨ ᠨᠣᠭᠤᠭ᠎ᠠ ᠴᠠᠭ᠎ᠠ ᠶᠢᠨ | ᠬᠤᠳᠠᠯᠳᠤᠭᠠᠨ ᠤ ᠵᠠᠬ᠎ᠠ ᠳᠡᠯᠭᠡᠭᠦᠷ ᠤᠨ ᠪᠠᠶᠢᠷᠢᠰᠢᠯ ᠵᠦᠶ ᠵᠣᠬᠢᠰᠲᠠᠶ᠂ ᠴᠡᠪᠡᠷ ᠲᠡᠭᠰᠢ ᠪᠣᠯᠪᠠ᠃ 12 ᠰᠠᠷ᠎ᠠ ᠶᠢᠨ 18 ᠤ | ᠡᠳᠦᠷ ᠤᠰᠤ ᠨᠡᠪᠲᠡᠷᠡᠭᠰᠡᠨ《ᠤᠭ ᠰᠠᠨᠠᠭ᠎ᠠ ᠢᠨᠵᠧᠨᠧᠷᠢᠩ》 ᠤᠨ ᠤᠰᠤ ᠴᠡᠪᠡᠷᠰᠢᠭᠦᠯᠬᠦ ᠦᠶᠯᠡᠳᠪᠦᠷᠢ ᠶᠢᠨ ᠮᠥᠩᠭᠦᠨ | ᠳᠣᠯᠭᠢᠶᠠᠨ ᠣᠷᠭᠢᠯᠤᠨ ᠪᠠᠳᠠᠷᠠᠵᠤ᠂ ᠬᠥᠮᠦᠰ ᠤᠨ ᠰᠡᠳᠬᠢᠯ ᠢ ᠳᠣᠭᠳᠣᠯᠤᠭᠤᠯᠤᠨ᠎ᠠ ᠁ | ᠡᠨᠡ ᠨᠢᠭᠡ ᠵᠢᠯ ᠳᠤ᠂ ᠪᠢᠳᠡ ᠲᠣᠭᠤᠷᠢᠭ ᠪᠠ ᠠᠭᠤᠷᠬᠠᠢ ᠶᠢᠨ ᠡᠮᠨᠡᠯᠭᠡ ᠶᠢᠨ ᠬᠤᠷᠢᠶ᠎ᠠ ᠶᠢ ᠡᠮᠬᠢᠯᠡᠨ ᠨᠡᠶᠢᠯᠡᠭᠦᠯᠵᠦ | ᠳᠠᠬᠢᠨ ᠵᠣᠬᠢᠶᠠᠨ ᠪᠠᠶᠢᠭᠤᠯᠤᠨ᠂ ᠣᠨᠣᠰᠢᠯᠠᠨ ᠡᠮᠨᠡᠬᠦ ᠲᠥᠬᠦᠭᠡᠷᠦᠮᠵᠢ ᠨᠡᠮᠡᠵᠦ᠂ ᠣᠯᠠᠨ ᠲᠦᠮᠡᠨ ᠣᠨᠣᠰᠢᠯᠠᠵᠤ ᠠᠪᠤᠷᠠᠨ | ᠵᠠᠰᠠᠬᠤ ᠳᠤ ᠭᠠᠳᠠᠭᠰᠢ ᠶᠠᠪᠤᠬᠤ ᠦᠭᠡᠢ ᠪᠣᠯᠵᠤ᠂ ᠡᠪᠡᠳᠴᠢᠨ ᠦᠵᠡᠭᠦᠯᠬᠦ ᠳᠤ ᠬᠦᠴᠢᠷᠲᠡᠶ ᠠᠰᠠᠭᠤᠳᠠᠯ ᠢ ᠦᠨᠳᠦᠰᠦᠨ | ᠳᠡᠭᠡᠨ ᠰᠢᠶᠳᠪᠦᠷᠢᠯᠡᠪᠡ᠃ ᠪᠢᠳᠡ《ᠪᠠᠭ᠎ᠠ ᠠᠩᠭᠢᠴᠢᠯᠠᠬᠤ》ᠰᠤᠷᠭᠠᠨ ᠬᠥᠮᠦᠵᠢᠯ ᠤᠨ ᠥᠭᠡᠷᠡᠴᠢᠯᠡᠯᠲᠡ ᠶᠢ ᠪᠦᠬᠦ ᠲᠠᠯ᠎ᠠ | ᠪᠠᠷ ᠬᠡᠷᠡᠭᠵᠢᠭᠦᠯᠵᠦ᠂ ᠠᠯᠢ ᠪᠣᠯᠭᠠᠨ ᠢ ᠠᠩᠬᠠᠷᠴᠤ᠂ ᠠᠯᠢ ᠪᠣᠯᠭᠠᠨ ᠢ ᠤᠷᠮᠠᠰᠢᠭᠤᠯᠤᠨ ᠵᠣᠷᠢᠭᠵᠢᠭᠤᠯᠵᠤ᠂ ᠠᠯᠢ ᠪᠣᠯᠭᠠᠨ ᠢ | ᠬᠥᠭᠵᠢᠭᠦᠯᠵᠦ᠂ ᠠᠯᠢ ᠪᠣᠯᠭᠠᠨ ᠠᠮᠵᠢᠯᠲᠠ ᠣᠯᠵᠤ᠂ ᠰᠤᠷᠭᠠᠭᠤᠯᠢ ᠳᠤ ᠰᠠᠭᠤᠬᠤ ᠬᠦᠴᠢᠷᠲᠡᠶ ᠠᠰᠠᠭᠤᠳᠠᠯ ᠢ | ᠰᠢᠶᠳᠪᠦᠷᠢᠯᠡᠪᠡ᠃ ᠪᠢᠳᠡ ᠬᠤᠲᠠ ᠶᠢᠨ《ᠬᠤᠣᠰ ᠵᠠᠰᠠᠯᠲᠠ》 ᠶᠢ ᠲᠦᠯᠬᠢᠨ ᠠᠬᠢᠭᠤᠯᠵᠤ᠂ ᠶᠡᠭᠡ ᠵᠠᠮ ᠢ ᠲᠡᠭᠰᠢᠯᠡᠨ᠂ | ᠨᠠᠷᠢᠨ ᠭᠤᠳᠤᠮᠵᠢ ᠶᠢ ᠵᠠᠰᠠᠵᠤ᠂ ᠲᠦᠷᠢᠶᠡᠰᠦᠨ ᠮᠠᠰᠢᠨ ᠲᠡᠷᠭᠡ ᠶᠢ ᠰᠣᠯᠢᠵᠤ᠂ ᠰᠢᠨ᠎ᠡ ᠪᠠᠷ ᠨᠡᠶᠢᠲᠡ ᠶᠢᠨ ᠮᠠᠰᠢᠨ | ᠬᠤᠳᠠᠯᠳᠤᠨ ᠠᠪᠴᠤ᠂ ᠭᠠᠳᠠᠭᠰᠢ ᠭᠠᠷᠬᠤ ᠳᠤ ᠬᠦᠴᠢᠷ ᠠᠰᠠᠭᠤᠳᠠᠯ ᠨᠢ ᠲᠡᠤᠬᠡ ᠪᠣᠯᠪᠠ᠃ | ᠡᠨᠡ ᠨᠢᠭᠡ ᠵᠢᠯ ᠳᠤ᠂ ᠪᠢᠳᠡ ᠬᠠᠮ ᠵᠠᠭᠤᠴᠢᠯᠠᠭᠤᠷ ᠤᠨ ᠲᠥᠪ ᠤᠨ ᠪᠦᠲᠦᠭᠡᠨ ᠪᠠᠶᠢᠭᠤᠯᠤᠯᠲᠠ ᠶᠢ ᠬᠦᠴᠦᠯᠡᠨ | ᠠᠬᠢᠭᠤᠯᠵᠤ᠂ ᠬᠦᠴᠦ ᠪᠠᠨ ᠲᠥᠪᠯᠡᠷᠡᠭᠦᠯᠦᠨ ᠭᠤᠤᠯ ᠤᠷᠤᠰᠬᠠᠯ ᠤᠨ ᠶᠠᠷᠢᠶ᠎ᠠ ᠬᠡᠯᠡᠯᠴᠡᠭᠡ ᠶᠢ ᠪᠤᠵᠠᠭᠠᠶᠢᠷᠠᠭᠤᠯᠵᠤ᠂ | ᠪᠠᠶ᠋ᠬᠠᠣᠪᠤᠭ᠎ᠠ ᠶᠢᠨ ᠰᠠᠶᠢᠨ ᠦᠯᠢᠭᠡᠷ ᠢ ᠶᠠᠷᠢᠵᠤ᠂ ᠪᠠᠶ᠋ᠬᠠᠣᠪᠤᠭ᠎ᠠ ᠶᠢᠨ ᠰᠠᠶᠢᠨ ᠳᠠᠭᠤᠨ ᠢ ᠳᠠᠮᠵᠢᠭᠤᠯᠵᠤ᠂ | ᠪᠠᠶ᠋ᠬᠠᠣᠪᠤᠭ᠎ᠠ ᠶᠢᠨ ᠰᠢᠨ᠎ᠡ ᠳᠦᠷᠢ ᠲᠥᠷᠬᠦ ᠶᠢ ᠱᠤᠭᠤᠪᠠ᠃ ᠪᠢᠳᠡ ᠴᠢᠨᠠᠷ ᠰᠠᠶᠢᠲᠠᠶ ᠰᠣᠶᠣᠯ ᠤᠨ ᠬᠠᠩᠭᠠᠯᠭ᠎ᠠ ᠪᠠᠷ ᠰᠦᠭ | ᠰᠦᠨᠡᠰᠦ ᠶᠢ ᠱᠤᠭᠤᠵᠤ᠂ ᠠᠷᠠᠳ ᠣᠯᠠᠨ ᠤ ᠣᠶᠤᠨ ᠰᠠᠨᠠᠭᠠᠨ ᠤ ᠭᠡᠷ ᠣᠷᠣᠨ ᠢ ᠪᠠᠶᠢᠭᠤᠯᠵᠤ᠂ ᠪᠠᠶ᠋ᠬᠠᠣᠪᠤᠭ᠎ᠠ ᠶᠢ | ᠤᠶᠠᠷᠠᠭᠤᠨ ᠰᠠᠶᠢᠬᠠᠨ ᠳᠠᠭᠤᠤ ᠪᠣᠯᠭᠠᠨ ᠬᠠᠩᠭᠢᠨᠠᠭᠤᠯᠵᠤ᠂ ᠪᠠᠶ᠋ᠬᠠᠣᠪᠤᠭ᠎ᠠ ᠢᠷᠠᠭᠤ ᠰᠠᠶᠢᠬᠠᠨ ᠰᠢᠯᠦᠭ ᠰᠢᠯᠦᠭ ᠪᠣᠯᠭᠠᠨ | ᠤᠶᠠᠩᠭᠠᠯᠠᠭᠤᠯᠵᠤ᠂ ᠪᠠᠶ᠋ᠬᠠᠣᠪᠤᠭ᠎ᠠ ᠶᠢ ᠭᠤᠶᠤ ᠰᠠᠶᠢᠬᠠᠨ ᠵᠢᠷᠤᠭ ᠪᠣᠯᠭᠠᠨ ᠪᠣᠳᠣᠵᠤ᠂ ᠪᠠᠶ᠋ᠬᠠᠣᠪᠤᠭ᠎ᠠ ᠶᠢ ᠢᠳᠡ ᠳᠣᠷᠪᠢᠲᠠᠶ | ᠦᠰᠦᠭ ᠢᠶᠠᠷ ᠪᠢᠴᠢᠭᠯᠡᠪᠡ᠃ | ᠡᠨᠡ ᠨᠢᠭᠡ ᠵᠢᠯ ᠳᠤ᠂ ᠪᠢᠳᠡ ᠪᠦᠬᠦ ᠤᠯᠤᠰ ᠤᠨ ᠡᠷᠡᠭᠦᠯ ᠬᠠᠮᠠᠭᠠᠯᠠᠯ ᠤᠨ ᠬᠤᠲᠠ ᠪᠠᠷ ᠦᠨᠡᠯᠡᠭᠳᠡᠵᠦ᠂ ᠪᠢᠳᠡ | ᠵᠠᠬᠢᠳᠠᠯ ᠰᠤᠷᠪᠤᠯᠵᠢᠯᠠᠭ᠎ᠠ ᠶᠢᠨ ᠠᠵᠢᠯ ᠳᠤ ᠪᠦᠬᠦ ᠤᠯᠤᠰ ᠤᠨ《ᠭᠤᠷᠪᠠ ᠦᠭᠡᠢ》ᠬᠤᠰᠢᠭᠤ ᠰᠢᠶᠠᠨ ᠲᠣᠭᠤᠷᠢᠭ ᠤᠨ | ᠢᠷᠠᠭᠤ ᠠᠯᠳᠠᠷ ᠤᠨ ᠴᠣᠯᠠ ᠶᠢ ᠬᠦᠷᠲᠡᠵᠦ᠂ ᠪᠢᠳᠡ ᠥᠪᠡᠷᠲᠡᠭᠡᠨ ᠵᠠᠰᠠᠬᠤ ᠣᠷᠣᠨ ᠤ ᠪᠣᠯᠪᠠᠰᠤᠨ ᠬᠤᠲᠠ ᠶᠢᠨ ᠢᠷᠠᠭᠤ | ᠠᠯᠳᠠᠷ ᠲᠠᠢ ᠵᠠᠯᠭᠠᠨ ᠬᠦᠷᠲᠡᠵᠦ᠂ ᠪᠢᠳᠡ ᠪᠦᠬᠦ ᠬᠤᠲᠠ ᠶᠢᠨ ᠠᠶᠤᠯ ᠦᠭᠡᠢ ᠦᠢᠯᠡᠳᠪᠦᠷᠢᠯᠡᠯ ᠤᠨ ᠬᠤᠰᠢᠭᠤᠴᠢ ᠭᠠᠵᠠᠷ | ᠣᠷᠣᠨ ᠢᠶᠠᠷ ᠦᠨᠡᠯᠡᠭᠳᠡᠪᠡ᠃ | ᠡᠨᠡ ᠵᠢᠯ᠂ ᠪᠢᠳᠡ ᠲᠠᠯ᠎ᠠ ᠨᠤᠲᠤᠭ ᠤᠨ ᠳᠠᠭᠤᠤ ᠶᠢ ᠬᠠᠩᠭᠢᠨᠠᠭᠤᠯᠵᠤ᠂ ᠡᠷᠡᠯᠬᠡᠭᠯᠡᠨ ᠳᠠᠪᠰᠢᠬᠤ ᠵᠣᠷᠢᠭ ᠰᠠᠨᠠᠭ᠎ᠠ ᠶᠢ | ᠤᠶᠠᠩᠭᠠᠯᠠᠨ ᠪᠢᠴᠢᠭᠯᠡᠪᠡ᠃ ᠡᠨᠡ ᠵᠢᠯ᠂ ᠪᠢᠳᠡ ᠭᠡᠷᠡᠯ ᠰᠠᠴᠤᠷᠠᠩᠭᠤᠶ ᠠᠮᠵᠢᠯᠲᠠ ᠪᠦᠲᠦᠮᠵᠢ ᠶᠢ ᠡᠭᠦᠳᠪᠡ︕ ᠡᠯᠪᠡᠭ | ᠬᠤᠷᠢᠶᠠᠯᠲᠠ ᠣᠯᠬᠤ ᠶᠢᠨ ᠬᠠᠮᠲᠤ᠂ ᠪᠢᠳᠡ ᠬᠦᠰᠡᠯᠡᠩ ᠢᠲᠡᠭᠡᠯ ᠪᠢᠰᠢᠷᠡᠯ ᠢᠶᠠᠨ ᠤᠯᠠᠮ ᠪᠠᠲᠤᠳᠬᠠᠵᠤ᠂ ᠡᠭᠦᠷᠭᠡ | ᠬᠠᠷᠢᠭᠤᠴᠠᠯᠭ᠎ᠠ ᠪᠠᠨ ᠦᠶᠯᠡᠳᠦᠯᠭᠡᠵᠢᠭᠦᠯᠵᠦ᠂ ᠤᠷᠤᠭᠰᠢᠯᠠᠬᠤ ᠬᠦᠴᠦᠨ ᠴᠢᠳᠠᠯ ᠢᠶᠠᠨ ᠨᠢᠭᠲᠠᠷᠠᠭᠤᠯᠪᠠ᠃ | ᠡᠨᠡ ᠵᠢᠯ᠂《ᠮᠣᠩᠭᠤᠯ ᠮᠣᠷᠢᠨ ᠤ ᠵᠣᠷᠢᠭ ᠰᠠᠨᠠᠭ᠎ᠠ》ᠪᠦᠬᠦ ᠲᠣᠭᠤᠷᠢᠭ ᠤᠨ ᠦᠨᠳᠦᠰᠦᠲᠡᠨ ᠨᠦᠭᠦᠳ ᠤᠨ ᠠᠷᠠᠳ | ᠲᠦᠮᠡᠨ ᠤ ᠴᠢᠰᠤ ᠮᠢᠬᠠᠨ ᠳᠤ ᠰᠢᠩᠭᠡᠵᠦ᠂ ᠠᠭᠤᠷᠬᠠᠢ ᠶᠢᠨ ᠲᠣᠭᠤᠷᠢᠭ ᠤᠨ ᠬᠥᠪᠡᠭᠦᠳ ᠥᠬᠢᠳ ᠤᠨ ᠬᠠᠷᠢᠯᠴᠠᠨ | ᠬᠠᠪᠰᠤᠷᠤᠯᠴᠠᠬᠤ᠂ ᠪᠦᠯᠬᠦᠮᠳᠡᠨ ᠲᠡᠮᠡᠴᠡᠬᠦ᠂ ᠬᠥᠳᠡᠯᠭᠡᠬᠦ ᠬᠦᠴᠦᠨ ᠤ ᠡᠬᠢ ᠪᠤᠯᠠᠭ ᠪᠣᠯᠵᠤ᠂ ᠨᠡᠶᠢᠭᠡᠮ ᠠᠵᠤ ᠠᠬᠤᠶ ᠡᠯ᠎ᠡ | ᠵᠦᠶᠯ ᠤᠨ ᠠᠵᠢᠯ ᠦᠶᠯᠡᠰ ᠥᠷᠨᠢᠨ ᠬᠥᠭᠵᠢᠵᠦ᠂ ᠴᠡᠴᠡᠭᠯᠡᠨ ᠬᠥᠭᠵᠢᠬᠦ ᠶᠢ ᠬᠥᠲᠥᠯᠥᠨ ᠳᠠᠭᠠᠭᠤᠯᠵᠠᠶ᠃ | ᠡᠨᠡ ᠨᠢᠭᠡ ᠵᠢᠯ ᠤᠨ ᠠᠮᠵᠢᠯᠲᠠ ᠪᠦᠲᠦᠮᠵᠢ ᠪᠣᠯ ᠨᠠᠮ ᠤᠨ ᠲᠥᠪ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ | ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶᠠᠨ ᠤ ᠵᠥᠪ ᠣᠨᠣᠪᠴᠢᠲᠠᠶ | ᠤᠳᠤᠷᠢᠳᠤᠯᠭ᠎ᠠ ᠶᠢᠨ ᠦᠷ᠎ᠡ ᠳ᠋ᠦᠩ ᠮᠥᠨ᠂ ᠠᠭᠤᠷᠬᠠᠢ ᠶᠢᠨ ᠲᠣᠭᠤᠷᠢᠭ ᠤᠨ ᠡᠯ᠎ᠡ ᠶᠡᠭᠡ ᠤᠳᠤᠷᠢᠳᠬᠤ ᠪᠠᠭ ᠤᠨ ᠬᠦᠴᠦ | ᠪᠠᠨ ᠬᠠᠮᠲᠤᠳᠬᠠᠨ ᠰᠡᠳᠬᠢᠯ ᠢᠶᠠᠨ ᠨᠢᠭᠡᠳᠬᠡᠵᠦ᠂ ᠵᠠᠮ ᠨᠡᠭᠡᠭᠡᠨ ᠰᠢᠨ᠎ᠡ ᠶᠢ ᠡᠭᠦᠳᠦᠭᠰᠡᠨ ᠤ ᠦᠷ᠎ᠡ ᠳ᠋ᠦᠩ ᠮᠥᠨ᠂ ᠪᠦᠬᠦ | ᠲᠣᠭᠤᠷᠢᠭ ᠤᠨ ᠡᠯ᠎ᠡ ᠰᠠᠯᠠᠭ᠎ᠠ ᠮᠥᠴᠢᠷ ᠨᠢᠭᠡᠴᠡ ᠶᠢᠨ ᠵᠣᠷᠢᠭᠲᠠᠶ ᠪᠠᠷ ᠬᠦᠨᠳᠦ ᠡᠭᠦᠷᠭᠡ ᠡᠭᠦᠷᠭᠡᠯᠡᠵᠦ᠂ ᠬᠦᠴᠢᠷ ᠢ | ᠲᠤᠭᠤᠯᠤᠨ ᠪᠡᠷᠬᠡ ᠶᠢ ᠳᠠᠪᠠᠭ᠋ᠤ ᠪᠠ ᠡᠯ᠎ᠡ ᠦᠨᠳᠦᠰᠦᠲᠡᠨ ᠡᠯ᠎ᠡ ᠡᠲᠡᠭᠡᠳ ᠤᠨ ᠠᠵᠢᠯ ᠦᠶᠯᠡᠰ ᠢᠶᠠᠨ ᠬᠦᠨᠳᠦᠯᠡᠵᠦ ᠬᠤᠪᠢ | ᠨᠡᠮᠡᠷᠢ ᠦᠵᠡᠭᠦᠯᠵᠦ᠂ ᠰᠢᠷᠭᠠᠭᠤ ᠬᠠᠲᠠᠭᠤᠵᠢᠯᠲᠠᠶ ᠪᠣᠳᠠᠲᠠᠶ ᠠᠵᠢᠭᠯᠠᠭᠰᠠᠨ ᠤ ᠦᠷ᠎ᠡ ᠳ᠋ᠦᠩ ᠮᠥᠨ︕ | ᠴᠠᠭ ᠦᠶ᠎ᠡ ᠶᠢᠨ ᠵᠣᠷᠢᠭ ᠰᠠᠨᠠᠭ᠎ᠠ ᠶᠢ ᠠᠷᠠᠳ ᠲᠦᠮᠡᠨ ᠡᠭᠦᠳᠦᠨ ᠪᠦᠲᠦᠭᠡᠭᠰᠡᠨ ᠶᠤᠮ᠂ ᠪᠢᠳᠡ ᠬᠠᠮᠲᠤ ᠪᠠᠷ ᠠᠷᠠᠳ | ᠲᠦᠮᠡᠨ ᠠᠴᠠ ᠰᠤᠷᠤᠯᠴᠠᠶ᠎ᠠ︕ | ᠭᠡᠷᠡᠯ ᠰᠠᠴᠤᠷᠠᠩᠭᠤᠶ ᠠᠮᠵᠢᠯᠲᠠ ᠪᠦᠲᠦᠮᠵᠢ ᠶᠢ ᠠᠷᠠᠳ ᠲᠦᠮᠡᠨ ᠪᠢᠴᠢᠭᠯᠡᠭᠰᠡᠨ ᠶᠤᠮ᠂ ᠪᠢᠳᠡ ᠬᠠᠮᠲᠤ ᠪᠠᠷ ᠠᠷᠠᠳ | ᠲᠦᠮᠡᠨ ᠳᠤ ᠬᠦᠨᠳᠦᠳᠬᠡᠯ ᠳᠡᠪᠰᠢᠭᠦᠯᠦᠶ᠎ᠡ︕ | ᠡᠷᠡᠯᠬᠡᠭᠯᠡᠨ ᠤᠷᠤᠭᠰᠢᠯᠠᠵᠤ᠂ ᠤᠭ ᠰᠠᠨᠠᠭ᠎ᠠ ᠪᠠᠨ ᠦᠯᠦ ᠮᠠᠷᠲᠠᠨ ᠠᠶᠠᠨ ᠵᠠᠮ ᠳᠠᠭᠠᠨ ᠳᠠᠬᠢᠨ ᠮᠣᠷᠳᠠᠶ᠎ᠠ︕ | ᠤᠳᠠᠭ᠎ᠠ ᠪᠦᠷᠢ ᠶᠢᠨ ᠬᠠᠭᠤᠴᠢᠨ ᠵᠢᠯ ᠢᠶᠠᠨ ᠦᠳᠡᠵᠦ ᠰᠢᠨ᠎ᠡ ᠵᠢᠯ ᠢᠶᠠᠨ ᠤᠭᠲᠤᠬᠤ ᠦᠶ᠎ᠡ ᠳᠤ᠂ ᠪᠢᠳᠡ ᠴᠥᠮ ᠬᠦᠰᠡᠯ | ᠡᠷᠡᠮᠡᠯᠵᠡᠯ ᠢᠶᠠᠷ ᠪᠢᠯᠬᠠᠮ᠎ᠠ ᠪᠠᠶᠢᠳᠠᠭ᠃ ᠰᠢᠨ᠎ᠡ ᠵᠢᠯ ᠤᠨ ᠠᠩᠬᠠᠨ ᠤ ᠨᠠᠷᠠᠨ ᠤ ᠭᠡᠷᠡᠯ ᠲᠤᠰᠬᠤ ᠳᠤ᠂ ᠪᠢᠳᠡ ᠡᠷᠬᠡᠪᠰᠢ | ᠰᠢᠨ᠎ᠡ ᠬᠠᠷᠢᠭᠤᠴᠠᠯᠭ᠎ᠠ ᠪᠠ ᠡᠭᠦᠷᠭᠡ ᠶᠢ ᠡᠭᠦᠷᠭᠡᠯᠡᠬᠦ ᠶᠢ ᠮᠡᠳᠡᠬᠦ ᠬᠡᠷᠡᠭᠲᠡᠶ᠂ ᠪᠢᠳᠡ ᠡᠷᠬᠡᠪᠰᠢ ᠰᠢᠨ᠎ᠡ ᠬᠦᠰᠡᠯ | ᠡᠷᠡᠮᠡᠯᠵᠡᠯ ᠢᠶᠠᠨ ᠪᠡᠶᠡᠯᠡᠭᠦᠯᠬᠦ ᠬᠡᠷᠡᠭᠲᠡᠶ᠃ | ᠰᠢᠨ᠎ᠡ ᠵᠢᠯ ᠤᠨ ᠡᠬᠢᠨ ᠤ ᠡᠳᠦᠷ᠂ ᠪᠢᠳᠡ ᠰᠢᠨ᠎ᠡ ᠨᠢᠭᠡ ᠡᠭᠡᠯᠵᠢ ᠶᠢᠨ ᠲᠡᠮᠡᠴᠡᠯ ᠡᠬᠢᠯᠡᠭᠰᠡᠨ ᠢ ᠲᠤᠩᠬᠠᠭᠯᠠᠶᠠ᠃ | ᠨᠥᠬᠦᠳ ᠡ᠂ ᠨᠠᠶᠢᠵᠠ ᠨᠠᠷ ᠠ︕ 2020 ᠣᠨ ᠪᠣᠯ《ᠠᠷᠪᠠᠨ ᠭᠤᠷᠪᠠᠳᠤᠭᠠᠷ ᠲᠠᠪᠤᠨ ᠵᠢᠯ》 ᠤᠨ | ᠲᠥᠯᠥᠪᠵᠢᠭᠦᠯᠭᠡ ᠶᠢᠨ ᠰᠡᠭᠦᠯ ᠬᠤᠷᠢᠶᠠᠬᠤ ᠵᠢᠯ ᠮᠥᠨ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠵᠦ᠂ | 《ᠨᠢᠭᠡᠳᠦᠭᠡᠷ ᠵᠠᠭᠤᠨ ᠵᠢᠯ》 ᠤᠨ ᠲᠡᠮᠡᠴᠡᠬᠦ ᠬᠠᠷᠠᠯᠲᠠ ᠶᠢ ᠪᠡᠶᠡᠯᠡᠭᠦᠯᠬᠦ ᠰᠢᠶᠳᠪᠦᠷᠢᠲᠦ ᠢᠯᠠᠯᠲᠠ ᠣᠯᠬᠤ ᠵᠢᠯ ᠮᠥᠨ᠃ | ᠪᠢᠳᠡ ᠰᠢ ᠶᠢᠨ ᠫᠢᠩ ᠨᠥᠬᠦᠷ ᠢᠶᠠᠷ ᠭᠤᠤᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠠᠩ ᠨᠢᠭᠲᠠᠷᠠᠨ | ᠪᠦᠯᠬᠦᠮᠳᠡᠵᠦ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ | ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠨᠠᠮ ᠤᠨ ᠲᠥᠪ ᠬᠤᠷᠢᠶᠠᠨ ᠤ ᠰᠢᠶᠳᠪᠦᠷᠢᠲᠦ ᠪᠣᠳᠣᠯᠭ᠎ᠠ | ᠪᠠᠶᠢᠷᠢᠯᠠᠭᠤᠯᠤᠯᠲᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠪᠤᠭᠤᠲᠤ ᠬᠤᠲᠠ ᠶᠢᠨ ᠨᠠᠮ ᠤᠨ | ᠬᠤᠷᠢᠶᠠᠨ ᠤ ᠡᠯ᠎ᠡ ᠵᠦᠶᠯ ᠤᠨ ᠠᠵᠢᠯ ᠤᠨ ᠱᠠᠭᠠᠷᠳᠠᠯᠭ᠎ᠠ ᠶᠢ ᠨᠠᠷᠢᠨ ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ | ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠡᠭᠦᠷᠢᠳᠡ ᠬᠤᠪᠢᠷᠠᠰᠢ ᠦᠭᠡᠢ | ᠣᠶᠤᠨ ᠰᠠᠨᠠᠭᠠᠨ ᠤ ᠪᠠᠶᠢᠳᠠᠯ ᠪᠣᠯᠤᠨ ᠲᠡᠮᠡᠴᠡᠯ ᠤᠨ ᠪᠠᠶᠢᠳᠠᠯ ᠢᠶᠠᠷ᠂ ᠴᠢᠨᠠᠷ ᠰᠠᠶᠢᠲᠠᠶ ᠬᠥᠭᠵᠢᠯᠲᠡ ᠶᠢᠨ ᠦᠷ᠎ᠡ ᠪᠦᠲᠦᠭᠡᠯ | ᠢᠶᠠᠷ ᠠᠷᠠᠳ ᠣᠯᠠᠨ ᠤ ᠰᠠᠶᠢᠨ ᠰᠠᠶᠢᠬᠠᠨ ᠠᠮᠢᠳᠤᠷᠠᠯ ᠤᠨ ᠲᠤᠬᠠᠶ ᠰᠢᠨ᠎ᠡ ᠬᠦᠰᠡᠯ ᠡᠷᠡᠮᠡᠯᠵᠡᠯ ᠢ ᠲᠠᠰᠤᠷᠠᠯᠲᠠ ᠦᠭᠡᠢ | ᠬᠠᠩᠭᠠᠵᠤ᠂ ᠠᠷᠠᠳ ᠣᠯᠠᠨ ᠤ ᠬᠦᠷᠲᠡᠮᠵᠢ ᠶᠢᠨ ᠲᠥᠷᠥᠭᠳᠡᠯ ᠵᠢᠷᠭᠠᠯᠲᠤ ᠲᠥᠷᠥᠭᠳᠡᠯ ᠠᠮᠤᠷ ᠲᠦᠪᠰᠢᠨ ᠤ ᠲᠥᠷᠥᠭᠳᠡᠯ ᠢ | ᠲᠠᠰᠤᠷᠠᠯᠲᠠ ᠦᠭᠡᠢ ᠨᠡᠮᠡᠭᠳᠡᠭᠦᠯᠬᠦ ᠬᠡᠷᠡᠭᠲᠡᠶ︕ | ᠰᠢᠨ᠎ᠡ ᠵᠢᠯ ᠤᠨ ᠬᠤᠩᠬᠤᠨ ᠳᠠᠭᠤᠨ ᠤᠳᠠᠯ ᠦᠭᠡᠢ ᠳᠠᠭᠤᠷᠢᠰᠬᠤ ᠪᠣᠯᠤᠯ᠎ᠠ᠂ 2019 ᠣᠨ ᠲᠠᠢ ᠭᠠᠷ ᠳᠠᠯᠠᠯᠵᠤ᠂ | 2020 ᠣᠨ ᠳᠤ ᠠᠯᠬᠤᠨ ᠣᠷᠣᠨ᠎ᠠ︕ ᠳᠡᠯᠡᠬᠡᠶ ᠶᠢᠨ《ᠬᠤᠪᠣᠷ ᠰᠢᠷᠣᠶ ᠶᠢᠨ ᠨᠤᠲᠤᠭ》ᠪᠠᠶ᠋ᠬᠠᠣᠪᠤᠭ᠎ᠠ ᠶᠢᠨ ᠰᠢᠨ᠎ᠡ | ᠵᠢᠯ ᠤᠨ ᠠᠩᠬᠠᠨ ᠤ ᠨᠡᠷᠡᠨ ᠤ ᠭᠡᠷᠡᠯ ᠳᠣᠤᠷ᠎ᠠ᠂ ᠪᠢᠳᠡ ᠴᠢᠩ ᠰᠡᠳᠬᠢᠯ ᠠᠴᠠ ᠪᠠᠨ — ᠠᠭᠤᠤ ᠶᠡᠭᠡ ᠤᠯᠤᠰ ᠤᠨ ᠢᠶᠠᠨ | ᠬᠥᠭᠵᠢᠨ ᠴᠡᠴᠡᠭᠯᠡᠵᠦ᠂ ᠪᠠᠶ᠋ᠬᠠᠣᠪᠤᠭ᠎ᠠ ᠶᠢᠨ ᠮᠠᠷᠭᠠᠰᠢ ᠨᠠᠩ ᠰᠠᠶᠢᠨ ᠰᠠᠶᠢᠬᠠᠨ ᠪᠠᠶᠢᠵᠤ᠂ ᠪᠦᠬᠦ ᠲᠣᠭᠤᠷᠢᠭ ᠤᠨ | ᠦᠨᠳᠦᠰᠦᠲᠡᠨ ᠨᠦᠭᠦᠳ ᠤᠨ ᠠᠷᠠᠳ ᠲᠦᠮᠡᠨ ᠵᠣᠯ ᠵᠢᠷᠭᠠᠯ ᠲᠠᠢ ᠠᠮᠤᠷ ᠠᠮᠤᠭᠤᠯᠠᠩ ᠪᠠᠶᠢᠬᠤ ᠶᠢ ᠬᠦᠰᠡᠨ ᠵᠥᠩᠨᠡᠵᠦ | ᠪᠠᠶᠢᠨ᠎ᠠ︕ | |