ᠳᠤᠮᠳᠠᠳᠤ ᠤᠯᠤᠰ ᠤᠨ ᠡᠪ ᠬᠠᠮᠲᠤ ᠨᠠᠮ ᠤᠨ ᠪᠠᠶ᠋ᠬᠠᠣᠪᠤᠭ᠎ᠠ ᠠᠭᠤᠷᠬᠠᠢ ᠶᠢᠨ ᠲᠣᠭᠤᠷᠢᠭ ᠤᠨ ᠨᠠᠮ ᠤᠨ ᠬᠤᠷᠢᠶ᠎ᠠ ᠴᠡᠷᠢᠭ ᠤᠨ ᠵᠥᠪᠯᠡᠯᠭᠡᠨ ᠤ ᠬᠤᠷᠠᠯ ᠵᠢᠴᠢ ᠤᠯᠤᠰ ᠤᠨ ᠪᠠᠲᠤᠯᠠᠨ ᠬᠠᠮᠠᠭᠠᠯᠠᠯᠲᠠ ᠶᠢᠨ ᠲᠠᠶᠢᠴᠢᠯᠠᠯᠳᠠ ᠶᠢᠨ ᠵᠥᠪᠯᠡᠯ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2020/1/2
     12 ᠰᠠᠷ᠎ᠠ ᠶᠢᠨ 28 ᠤ ᠡᠳᠦᠷ᠂ ᠲᠣᠭᠤᠷᠢᠭ ᠤᠨ ᠨᠠᠮ ᠤᠨ ᠬᠤᠷᠢᠶ᠎ᠠ ᠶᠢᠨ ᠱᠦᠵᠢ ᠵᠠᠩ ᠶᠦᠩ ᠳ᠋ᠦᠩ ᠳᠤᠮᠳᠠᠳᠤ ᠤᠯᠤᠰ ᠤᠨ ᠡᠪ ᠬᠠᠮᠲᠤ ᠨᠠᠮ ᠤᠨ ᠪᠠᠶ᠋ᠬᠠᠣᠪᠤᠭ᠎ᠠ ᠠᠭᠤᠷᠬᠠᠢ ᠶᠢᠨ ᠲᠣᠭᠤᠷᠢᠭ ᠤᠨ ᠨᠠᠮ ᠤᠨ ᠬᠤᠷᠢᠶ᠎ᠠ ᠴᠡᠷᠢᠭ ᠤᠨ ᠵᠥᠪᠯᠡᠯᠭᠡᠨ ᠤ ᠬᠤᠷᠠᠯ ᠵᠢᠴᠢ ᠤᠯᠤᠰ ᠤᠨ ᠪᠠᠲᠤᠯᠠᠨ ᠬᠠᠮᠠᠭᠠᠯᠠᠯᠲᠠ ᠶᠢᠨ ᠲᠠᠶᠢᠴᠢᠯᠠᠯᠳᠠ ᠶᠢᠨ ᠵᠥᠪᠯᠡᠯ ᠤᠨ ᠬᠤᠷᠠᠯ ᠢ ᠡᠷᠬᠢᠯᠡᠨ ᠬᠤᠷᠠᠯᠳᠤᠭᠤᠯᠪᠠ᠃
     ᠲᠣᠭᠤᠷᠢᠭ ᠤᠨ ᠤᠳᠤᠷᠢᠳᠤᠯᠭ᠎ᠠ ᠬᠤᠸᠠᠩ ᠮᠢᠨ᠂ ᠰᠢᠤᠸᠠᠢ ᠵᠢᠶᠠᠨ᠂ ᠵᠠᠩ ᠾᠧ ᠱᠧᠩ᠂ ᠯᠢ ᠵᠢᠩ᠂ ᠲᠠᠨ ᠰᠢᠤᠸᠠᠢ ᠸᠧᠨ᠂ ᠶᠠᠩ ᠵᠢᠶᠠᠨ ᠹᠧᠩ᠂ ᠪᠠᠢ ᠶᠦᠩ ᠭᠠᠩ᠂ ᠵᠦᠩ ᠵᠢᠶᠠᠨ᠂ ᠲᠢᠶᠠᠨ ᠱᠢ ᠵᠧᠨ᠂ ᠱᠧ ᠴᠥᠩ ᠬᠤᠷᠠᠯ ᠳᠤ ᠣᠷᠣᠯᠴᠠᠪᠠ᠃      ᠬᠤᠷᠠᠯ ᠳᠤ ᠲᠣᠭᠤᠷᠢᠭ ᠤᠨ ᠨᠡᠶᠢᠭᠡᠮ ᠲᠣᠭᠤᠷᠢᠭ ᠤᠨ ᠨᠠᠮ ᠤᠨ ᠬᠤᠷᠢᠶ᠎ᠠ ᠶᠢᠨ ᠱᠦᠵᠢ ᠶᠢᠨ ᠨᠠᠮ ᠠᠴᠠ ᠵᠡᠪᠰᠡᠭᠲᠦ ᠬᠦᠴᠦᠨ ᠢ ᠬᠠᠮᠢᠶᠠᠷᠬᠤ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠭᠰᠡᠨ ᠪᠠᠶᠢᠳᠠᠯ ᠤᠨ ᠲᠤᠬᠠᠢ ᠲᠤᠰᠢᠶᠠᠯ ᠤᠨ ᠮᠡᠳᠡᠭᠦᠯᠦᠯᠲᠡ᠂ ᠮᠠᠨ ᠤ ᠲᠣᠭᠤᠷᠢᠭ ᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠪᠡᠯᠡᠳᠬᠡᠯ ᠬᠦᠴᠦᠨ ᠤ ᠪᠠᠶᠢᠭᠤᠯᠤᠯᠲᠠ ᠵᠢᠴᠢ ᠠᠰᠠᠭᠤᠳᠠᠯ ᠢ ᠰᠢᠢᠳᠪᠦᠷᠢᠯᠡᠬᠦ ᠴᠢᠬᠤᠯᠠᠲᠠᠢ ᠪᠠᠶᠢᠳᠠᠯ ᠤᠨ ᠮᠡᠳᠡᠭᠦᠯᠦᠯᠲᠡ ᠶᠢ ᠰᠣᠨᠣᠰᠴᠤ᠂ ᠳᠠᠷᠠᠭᠠᠴᠢ ᠶᠢᠨ ᠠᠯᠬᠤᠮ  ᠤᠨ ᠠᠵᠢᠯ ᠢ ᠲᠤᠬᠢᠷᠠᠭᠤᠯᠤᠨ ᠪᠠᠶᠢᠷᠢᠯᠠᠭᠤᠯᠪᠠ᠃
     ᠬᠤᠷᠠᠯ ᠳᠤ᠂ ᠪᠦᠬᠦ ᠲᠣᠭᠤᠷᠢᠭ ᠵᠥᠪ ᠣᠨᠣᠪᠴᠢᠲᠠᠢ ᠤᠯᠤᠰ ᠲᠦᠷᠦ ᠶᠢᠨ ᠴᠢᠭᠯᠡᠯ ᠢ ᠪᠠᠲᠤ ᠡᠵᠡᠮᠳᠡᠵᠦ᠂ ᠨᠠᠮ ᠵᠡᠪ ᠰᠡᠭᠲᠦ ᠬᠦᠴᠦᠨ ᠢ ᠬᠠᠮᠢᠶᠠᠷᠬᠤ《ᠲᠠᠪᠤ ᠶᠢ ᠨᠢᠭᠡ ᠳᠤ ᠴᠤᠭᠴᠠᠵᠢᠭᠤᠯᠬᠤ》ᠶᠡᠷᠦᠩᠬᠡᠢ ᠪᠠᠶᠢᠷᠢᠰᠢᠭᠤᠯᠤᠯᠲᠠ᠂《ᠲᠦᠷᠪᠡᠨ ᠪᠥᠬᠦ ᠲᠠᠯ᠎ᠠ》 ᠶᠢᠨ ᠪᠠᠶᠢᠯᠳᠤᠬᠤ ᠪᠤᠳᠤᠯᠭ᠎ᠠ ᠶᠢᠨ ᠪᠠᠶᠢᠷᠢᠰᠢᠭᠤᠯᠤᠯᠲᠠ ᠳᠠᠬᠢ ᠴᠢᠬᠤᠯᠠ ᠦᠢᠯᠡᠳᠦᠯ ᠢ ᠭᠦᠨᠵᠡᠭᠡᠢ ᠣᠶᠢᠯᠠᠭᠠᠵᠤ᠂《ᠲᠦᠷᠪᠡᠨ ᠢᠲᠡᠭᠡᠯ》 ᠢᠶᠠᠨ ᠪᠠᠲᠤᠳᠬᠠᠵᠤ᠂《ᠲᠦᠷᠪᠡᠨ ᠤᠬᠠᠮᠰᠠᠷ》 ᠢ ᠪᠠᠲᠤ ᠪᠤᠢ ᠪᠣᠯᠭᠠᠵᠤ᠂《ᠬᠤᠶᠠᠷ ᠢ ᠬᠠᠮᠠᠭᠠᠯᠠᠬᠤ》 ᠶᠢ ᠡᠷᠡᠰ ᠪᠡᠶᠡᠯᠡᠭᠦᠯᠵᠦ᠂ ᠰᠢᠨ᠎ᠡ ᠴᠠᠭ ᠦᠶ᠎ᠡ ᠶᠢᠨ ᠨᠠᠮ ᠵᠡᠪᠰᠡᠭᠲᠦ ᠬᠦᠴᠦᠨ ᠢ ᠬᠠᠮᠢᠶᠠᠷᠬᠤ ᠠᠵᠢᠯ ᠤᠨ ᠤᠯᠤᠰ ᠲᠦᠷᠦ ᠶᠢᠨ ᠬᠠᠷᠢᠭᠤᠴᠠᠯᠭ᠎ᠠ ᠶᠢ ᠤᠬᠠᠮᠰᠠᠷ ᠠᠴᠠ ᠪᠠᠨ ᠡᠭᠦᠷᠭᠡᠯᠡᠵᠦ᠂ ᠨᠠᠮ ᠵᠡᠪ ᠰᠡᠭᠲᠦ ᠬᠦᠴᠦᠨ ᠢ ᠬᠠᠮᠢᠶᠠᠷᠬᠤ ᠤᠯᠤᠰ ᠲᠦᠷᠦ ᠶᠢᠨ ᠡᠭᠦᠷᠭᠡᠯᠡᠯ ᠢ ᠴᠢᠩᠭᠠᠳᠬᠠᠵᠤ᠂ ᠴᠢᠩᠭ᠎ᠠ ᠲᠤᠯᠭᠠᠮ᠎ᠠ ᠰᠡᠳᠬᠢᠯᠭᠡ᠂ ᠬᠠᠷᠢᠭᠤᠴᠠᠯᠭᠠᠲᠤ ᠰᠡᠳᠬᠢᠯᠭᠡ ᠪᠠᠷ ᠨᠠᠮ ᠵᠡᠪᠰᠡᠭᠲᠦ ᠬᠦᠴᠦᠨ ᠢ ᠬᠠᠮᠢᠶᠠᠷᠬᠤ ᠠᠵᠢᠯ ᠢ ᠰᠠᠶᠢᠲᠤᠷ ᠠᠳᠬᠤᠵᠤ᠂ ᠰᠢᠨ᠎ᠡ ᠴᠠᠭ ᠦᠶ᠎ᠡ ᠶᠢᠨ ᠭᠠᠵᠠᠷ ᠣᠷᠣᠨ ᠤ ᠨᠠᠮ ᠵᠡᠪᠰᠡᠭᠲᠦ ᠬᠦᠴᠦᠨ ᠢ ᠬᠠᠮᠢᠶᠠᠷᠬᠤ ᠠᠵᠢᠯ ᠤᠨ ᠪᠣᠳᠠᠲᠤ ᠦᠷ᠎ᠡ ᠪᠦᠲᠦᠮᠵᠢ ᠶᠢ ᠨᠡᠮᠡᠭᠳᠡᠭᠦᠯᠬᠦ ᠶᠢ ᠪᠠᠲᠤᠯᠠᠬᠤ ᠬᠡᠷᠡᠭᠲᠡᠢ ᠭᠡᠵᠦ ᠱᠠᠭᠠᠷᠳᠠᠪᠠ᠃      ᠬᠤᠷᠠᠯ ᠳᠤ᠂ ᠪᠦᠬᠦ ᠲᠣᠭᠤᠷᠢᠭ ᠴᠡᠷᠢᠭ ᠠᠷᠠᠳ ᠶᠢ ᠠᠭᠤᠰᠤᠯᠴᠠᠭᠤᠯᠤᠨ ᠭᠦᠨᠵᠡᠭᠡᠢ ᠬᠥᠭᠵᠢᠭᠦᠯᠬᠦ ᠶᠢ ᠪᠦᠬᠦ ᠬᠦᠴᠦ ᠪᠠᠷ ᠠᠬᠢᠭᠤᠯᠵᠤ᠂ ᠭᠠᠵᠠᠷ ᠣᠷᠣᠨ ᠤ ᠣᠨᠴᠠᠯᠢᠭ ᠲᠠᠢ ᠴᠡᠷᠢᠭ ᠠᠷᠠᠳ ᠤᠨ ᠬᠡᠷᠡᠭᠯᠡᠭᠡ ᠶᠢ ᠠᠭᠤᠰᠤᠯᠴᠠᠭᠤᠯᠤᠨ ᠬᠥᠭᠵᠢᠭᠦᠯᠬᠦ ᠲᠦᠷᠦᠯ ᠵᠦᠢᠯ ᠢ ᠲᠦᠷᠭᠡᠨ ᠪᠦᠷᠢᠯᠳᠦᠭᠦᠯᠵᠦ᠂ ᠴᠡᠷᠢᠭ ᠠᠷᠠᠳ ᠤᠨ ᠬᠡᠷᠡᠭᠯᠡᠭᠡ ᠶᠢ ᠠᠭᠤᠰᠤᠯᠴᠠᠭᠤᠯᠤᠨ ᠬᠥᠭᠵᠢᠭᠦᠯᠬᠦ ᠪᠦᠬᠦᠯᠢ ᠴᠣᠭᠴᠠ ᠶᠢᠨ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃ ᠬᠤᠪᠢᠰᠬᠠᠯ ᠤᠨ ᠡᠬᠢ ᠪᠠᠶᠠᠯᠢᠭ ᠢ ᠦᠷᠭᠦᠯᠵᠢᠯᠡᠨ ᠰᠠᠶᠢᠲᠤᠷ ᠬᠡᠷᠡᠭᠯᠡᠵᠦ᠂《ᠤᠯᠤᠰ ᠤᠨ ᠪᠠᠲᠤᠯᠠᠨ ᠬᠠᠮᠠᠭᠠᠯᠠᠯᠲᠠ ᠶᠢᠨ ᠪᠥᠲᠥᠭᠡᠨ ᠪᠠᠶᠢᠭᠤᠯᠤᠯᠲᠠ ᠳᠤ ᠬᠥᠮᠦᠨ ᠪᠦᠬᠦᠨ ᠬᠠᠷᠢᠭᠤᠴᠠᠯᠭ᠎ᠠ ᠡᠭᠦᠷᠭᠡᠯᠡᠬᠦ》ᠦᠵᠡᠯᠲᠡ ᠶᠢ ᠤᠯᠠᠮ ᠨᠢᠭᠡ ᠠᠯᠬᠤᠮ ᠴᠢᠩᠭᠠᠳᠬᠠᠵᠤ᠂《ᠲᠠᠯ᠎ᠠ ᠨᠤᠲᠤᠭ ᠤᠨ ᠪᠢᠴᠢᠬᠠᠨ ᠪᠠᠭᠠᠲᠤᠷ ᠡᠭᠡᠴᠢ ᠥᠬᠢᠨ ᠳᠡᠭᠦᠦ》 ᠶᠢᠨ ᠤᠯᠤᠰ ᠢᠶᠠᠨ ᠬᠠᠶᠢᠷᠠᠯᠠᠬᠤ ᠦᠵᠡᠯ ᠤᠨ ᠬᠥᠮᠦᠵᠢᠯ ᠤᠨ ᠵᠢᠭᠰᠠᠭᠠᠯ ᠤᠨ ᠭᠠᠵᠠᠷ ᠤᠨ ᠪᠥᠲᠥᠭᠡᠨ ᠪᠠᠶᠢᠭᠤᠯᠤᠯᠲᠠ ᠶᠢ ᠴᠢᠩᠭᠠᠳᠬᠠᠵᠤ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠢ ᠪᠠᠶᠢᠭᠤᠯᠭ᠎ᠠ᠂ ᠰᠤᠷᠭᠠᠭᠤᠯᠢ᠂ ᠠᠵᠤ ᠠᠬᠤᠶᠢᠯᠠᠯ᠂ ᠨᠡᠶᠢᠭᠡᠮ ᠲᠣᠭᠤᠷᠢᠭ᠂ ᠬᠡᠷ ᠪᠦᠯᠢ ᠳᠤ ᠣᠷᠣᠭᠤᠯᠬᠤ ᠶᠢ ᠠᠬᠢᠭᠤᠯᠬᠤ ᠬᠡᠷᠡᠭᠲᠡᠶ᠃ ᠴᠡᠷᠢᠭ ᠵᠠᠰᠠᠭ ᠴᠡᠷᠢᠭ ᠠᠷᠠᠳ ᠤᠨ ᠪᠦᠯᠬᠦᠮᠳᠡᠯ ᠤᠨ ᠰᠠᠶᠢᠨ ᠰᠠᠶᠢᠬᠠᠨ ᠪᠠᠶᠢᠳᠠᠯ  ᠢ ᠦᠷᠭᠦᠯᠵᠢᠯᠡᠨ ᠪᠠᠬᠢᠵᠢᠭᠦᠯᠵᠦ᠂ ᠴᠡᠷᠢᠭ ᠢᠶᠠᠨ ᠬᠦᠷᠢᠶᠡᠯᠡᠨ ᠭᠡᠷ ᠪᠦᠯᠢ ᠶᠢ ᠨᠢ ᠬᠠᠷᠠᠭᠠᠯᠵᠠᠬᠤ᠂ ᠴᠡᠷᠢᠭ ᠵᠠᠰᠠᠭ ᠴᠡᠷᠢᠭ ᠠᠷᠠᠳ ᠬᠠᠮᠲᠤᠪᠠᠷ ᠪᠠᠶᠢᠭᠤᠯᠬᠤ᠂ ᠴᠡᠷᠢᠭ ᠠᠴᠠ ᠬᠠᠯᠠᠭᠳᠠᠭᠰᠠᠳ ᠤᠨ ᠦᠢᠯᠡᠴᠢᠯᠡᠭᠡ ᠪᠠᠲᠤᠯᠠᠭ᠎ᠠ ᠵᠡᠷᠭᠡ ᠠᠵᠢᠯ ᠢ ᠪᠦᠬᠦ ᠬᠦᠴᠦ ᠪᠠᠷ ᠰᠠᠶᠢᠲᠤᠷ ᠬᠢᠵᠦ᠂ ᠦᠵᠡᠯ ᠰᠠᠨᠠᠭ᠎ᠠ ᠲᠠᠨᠢᠯᠲᠠ ᠪᠠᠨ ᠪᠣᠳᠠᠲᠠᠶᠢᠵᠢᠭᠤᠯᠬᠤ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠪᠣᠳᠠᠲᠠᠶᠢᠵᠢᠭᠤᠯᠬᠤ᠂ ᠲᠦᠷᠦ ᠶᠢᠨ ᠪᠤᠳᠤᠯᠭ᠎ᠠ ᠪᠠᠨ ᠪᠣᠳᠠᠲᠠᠶᠢᠵᠢᠭᠤᠯᠬᠤ᠂ ᠠᠵᠢᠯ ᠠᠬᠢᠭᠤᠯᠬᠤ ᠶᠢ ᠪᠣᠳᠠᠲᠠᠶᠢᠵᠢᠭᠤᠯᠬᠤ ᠶᠢ ᠦᠨᠡᠨᠬᠦ ᠪᠡᠶᠡᠯᠡᠭᠦᠯᠬᠦ ᠬᠡᠷᠡᠭᠲᠡᠢ᠃ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ ᠶᠢᠨ ᠰᠢᠰᠲ᠋ᠧᠮᠵᠢ ᠶᠢ ᠬᠦᠴᠦᠯᠡᠨ ᠲᠡᠭᠦᠯᠳᠡᠷᠵᠢᠭᠦᠯᠵᠦ᠂ ᠤᠬᠠᠭᠤᠯᠭ᠎ᠠ ᠶᠢᠨ ᠠᠵᠢᠯ ᠢ ᠯᠠᠪᠳᠠᠭᠤᠨ ᠪᠠᠲᠤᠲᠠᠶ ᠥᠷᠨᠢᠭᠦᠯᠵᠦ᠂ ᠮᠠᠨ  ᠤ ᠲᠣᠭᠤᠷᠢᠭ ᠤᠨ ᠴᠡᠷᠢᠭ ᠡᠯᠰᠡᠬᠦ ᠠᠵᠢᠯ ᠤᠨ ᠡᠮᠬᠢ ᠵᠢᠷᠤᠮ ᠲᠠᠢ ᠥᠷᠨᠢᠬᠦ ᠶᠢ ᠦᠨᠡᠨᠬᠦ ᠪᠠᠲᠤᠯᠠᠬᠤ ᠬᠡᠷᠡᠭᠲᠡᠶ ᠭᠡᠵᠦ ᠴᠢᠩᠭᠠᠳᠬᠠᠪᠠ᠃
ᠢᠷᠡᠯᠲᠡ᠄ ᠪᠠᠶ᠋ᠬᠠᠣᠪᠤᠭ᠎ᠠ ᠠᠭᠤᠷᠬᠠᠢ ᠶᠢᠨ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠭᠡᠷ