ᠳᠤᠮᠳᠠᠳᠤ ᠤᠯᠤᠰ ᠤᠨ ᠡᠪ ᠬᠠᠮᠲᠤ ᠨᠠᠮ ᠤᠨ ᠪᠠᠶ᠋ᠬᠠᠣᠪᠤᠭ᠎ᠠ ᠠᠭᠤᠷᠬᠠᠢ ᠶᠢᠨ ᠲᠣᠭᠤᠷᠢᠭ ᠤᠨ ᠠᠷᠪᠠᠨ ᠨᠢᠭᠡᠳᠦᠭᠡᠷ ᠬᠤᠭᠤᠴᠠᠭᠠᠨ ᠤ ᠨᠠᠮ ᠤᠨ ᠬᠤᠷᠢᠶᠠᠨ ᠤ | ᠨᠠᠶᠮᠠᠳᠤᠭᠠᠷ ᠪᠥᠬᠦᠳᠡ ᠬᠤᠷᠠᠯ ᠤᠨ ᠠᠯᠪᠠᠨ ᠮᠡᠳᠡᠭᠡ | ᠳᠤᠮᠳᠠᠳᠤ ᠤᠯᠤᠰ ᠤᠨ ᠡᠪ ᠬᠠᠮᠲᠤ ᠨᠠᠮ ᠤᠨ ᠪᠠᠶ᠋ᠬᠠᠣᠪᠤᠭ᠎ᠠ ᠠᠭᠤᠷᠬᠠᠢ ᠶᠢᠨ ᠲᠣᠭᠤᠷᠢᠭ ᠤᠨ ᠠᠷᠪᠠᠨ ᠨᠢᠭᠡᠳᠦᠭᠡᠷ ᠬᠤᠭᠤᠴᠠᠭᠠᠨ ᠤ ᠨᠠᠮ ᠤᠨ ᠬᠤᠷᠢᠶ᠎ᠠ | ᠨᠠᠶᠮᠠᠳᠤᠭᠠᠷ ᠪᠥᠬᠦᠳᠡ ᠬᠤᠷᠠᠯ ᠤᠨ ᠠᠯᠪᠠᠨ ᠮᠡᠳᠡᠭᠡ | ︵2020 ᠣᠨ ᠤ 1 ᠰᠠᠷ᠎ᠠ ᠶᠢᠨ 3 ᠤ ᠡᠳᠦᠷ︶ | ᠳᠤᠮᠳᠠᠳᠤ ᠤᠯᠤᠰ ᠤᠨ ᠡᠪ ᠬᠠᠮᠲᠤ ᠨᠠᠮ ᠤᠨᠪᠠᠶ᠋ᠬᠠᠣᠪᠤᠭᠠ ᠠᠭᠤᠷᠬᠠᠢ ᠶᠢᠨ ᠲᠣᠭᠤᠷᠢᠭ ᠤᠨ ᠠᠷᠪᠠᠨ ᠨᠢᠭᠡᠳᠦᠭᠡᠷ ᠬᠤᠭᠤᠴᠠᠭᠠᠨ ᠤ ᠨᠠᠮ ᠤᠨ ᠬᠤᠷᠢᠶᠠᠨ | ᠤ ᠨᠠᠶᠮᠠᠳᠤᠭᠠᠷ ᠪᠥᠬᠦᠳᠡ ᠬᠤᠷᠠᠯ ᠵᠢᠴᠢ ᠪᠥᠬᠦ ᠲᠣᠭᠤᠷᠢᠭ ᠤᠨ ᠠᠵᠤ ᠠᠬᠤᠶ ᠶᠢᠨ ᠠᠵᠢᠯ ᠤᠨ ᠬᠤᠷᠠᠯ 2020 ᠣᠨ ᠤ 1 ᠰᠠᠷ᠎ᠠ ᠶᠢᠨ 3 ᠤ ᠡᠳᠦᠷ | ᠬᠤᠷᠠᠯᠳᠤᠪᠠ᠃ | ᠬᠤᠷᠠᠯ ᠳᠤ 25 ᠲᠣᠭᠤᠷᠢᠭ ᠤᠨ ᠨᠠᠮ ᠤᠨ ᠬᠤᠷᠢᠶᠠᠨ ᠤ ᠭᠡᠰᠢᠭᠦᠨ ᠣᠷᠣᠯᠴᠠᠪᠠ᠃ ᠲᠣᠭᠤᠷᠢᠭ ᠤᠨ ᠬᠤᠯᠪᠣᠭᠳᠠᠯ ᠪᠥᠬᠦᠶ ᠤᠳᠤᠷᠢᠳᠤᠯᠭ᠎ᠠ᠂ | ᠲᠣᠭᠤᠷᠢᠭ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠤᠳᠤᠷᠢᠳᠬᠤ ᠪᠠᠭ ᠤᠨ ᠪᠦᠷᠢᠯᠳᠦᠬᠦᠨ᠂ ᠬᠤᠯᠪᠣᠭᠳᠠᠯ ᠪᠥᠬᠦᠶ | ᠲᠠᠯ᠎ᠠ ᠶᠢᠨ ᠬᠠᠷᠢᠭᠤᠴᠠᠯᠭᠠᠲᠠᠨ᠂ ᠠᠷᠠᠳ ᠤᠨ ᠡᠵᠡᠩᠨᠡᠯᠲᠡ ᠶᠢᠨ ᠬᠡᠰᠡᠭ ᠠᠵᠤ ᠠᠬᠤᠶᠢᠯᠠᠯ ᠤᠨ ᠭᠤᠤᠯ ᠬᠠᠷᠢᠭᠤᠴᠠᠯᠭᠠᠲᠠᠨ ᠪᠠ ᠦᠨᠳᠦᠰᠦᠨ ᠱᠠᠲᠤᠨ ᠤ ᠨᠠᠮ | ᠤᠨ ᠲᠥᠯᠥᠭᠡᠯᠡᠭᠴᠢ ᠬᠤᠷᠠᠯ ᠳᠤ ᠰᠤᠯᠠ ᠣᠷᠣᠯᠴᠠᠪᠠ᠃ | ᠪᠥᠬᠦᠳᠡ ᠬᠤᠷᠠᠯ ᠢ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠡᠷᠬᠢᠯᠡᠪᠡ᠃ ᠲᠣᠭᠤᠷᠢᠭ ᠤᠨ ᠨᠠᠮ ᠤᠨ ᠬᠤᠷᠢᠶᠠᠨ ᠤ ᠱᠦᠵᠢ | ᠵᠠᠩ ᠶᠦᠩ ᠳ᠋ᠦᠩ᠂ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠵᠠᠰᠠᠭ ᠤᠨ ᠣᠷᠳᠣᠨ ᠤ ᠳᠠᠷᠤᠭ᠎ᠠ ᠬᠤᠸᠠᠩ ᠮᠢᠨ ᠲᠣᠰ ᠲᠣᠰ | ᠶᠠᠷᠢᠶ᠎ᠠ ᠲᠠᠯᠪᠢᠪᠠ᠃ | | ᠪᠥᠬᠦᠳᠡ ᠬᠤᠷᠠᠯ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠥᠬᠦᠶ ᠨᠡᠶᠢᠭᠡᠮ ᠵᠢᠷᠤᠮ ᠤᠨ ᠦᠵᠡᠯ ᠰᠠᠨᠠᠭ᠎ᠠ | ᠪᠠᠷ ᠵᠢᠯᠣᠭᠤᠳᠣᠯᠭ᠎ᠠ ᠪᠣᠯᠭᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠠ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ | ᠭᠤᠷᠪᠠᠳᠤᠭᠠᠷ᠂ ᠳᠥᠷᠪᠡᠳᠦᠭᠡᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠲᠥᠪ ᠤᠨ ᠠᠵᠤ ᠠᠬᠤᠶ ᠶᠢᠨ | ᠠᠵᠢᠯ ᠤᠨ ᠬᠤᠷᠠᠯᠳᠤᠭᠠᠨ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠷᠪᠠᠳᠤᠭᠠᠷ ᠬᠤᠭᠤᠴᠠᠭᠠᠨ ᠤ ᠠᠷᠪᠠᠨ ᠨᠢᠭᠡᠳᠦᠭᠡᠷ ᠪᠥᠬᠦᠳᠡ ᠬᠤᠷᠠᠯ | ᠵᠢᠴᠢ ᠪᠦᠬᠦ ᠣᠷᠣᠨ ᠤ ᠠᠵᠤ ᠠᠬᠤᠶ ᠶᠢᠨ ᠠᠵᠢᠯ ᠤᠨ ᠬᠤᠷᠠᠯᠳᠤᠭᠠᠨ ᠤ ᠵᠣᠷᠢᠭ ᠰᠠᠨᠠᠭ᠎ᠠ ᠪᠣᠯᠤᠨ ᠬᠤᠲᠠ ᠶᠢᠨ ᠨᠠᠮ ᠤᠨ ᠬᠤᠷᠢᠶᠠᠨ ᠤ ᠠᠷᠪᠠᠨ ᠬᠤᠶᠠᠳᠤᠭᠠᠷ | ᠬᠤᠭᠤᠴᠠᠭᠠᠨ ᠤ ᠠᠷᠪᠠᠨ ᠨᠢᠭᠡᠳᠦᠭᠡᠷ ᠤᠳᠠᠭᠠᠨ ᠤ ᠪᠥᠬᠦᠳᠡ ᠬᠤᠷᠠᠯ ᠵᠢᠴᠢ ᠪᠦᠬᠦ ᠬᠤᠲᠠ ᠶᠢᠨ ᠠᠵᠤ ᠠᠬᠤᠶ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ | ᠶᠢ ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠵᠠᠩ ᠶᠦᠩ ᠳ᠋ᠦᠩ ᠤᠨ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠶᠢᠨ | ᠨᠠᠶᠢᠳᠠᠯᠭ᠎ᠠ ᠪᠠᠷ ᠬᠢᠭᠰᠡᠨ ᠠᠵᠢᠯ ᠤᠨ ᠢᠯᠡᠳᠬᠡᠯ ᠢ ᠰᠣᠨᠣᠰᠴᠤ ᠶᠠᠷᠢᠯᠴᠠᠪᠠ᠃《ᠳᠤᠮᠳᠠᠳᠤ ᠤᠯᠤᠰ ᠤᠨ ᠡᠪ ᠬᠠᠮᠲᠤ ᠨᠠᠮ ᠤᠨ ᠪᠠᠶ᠋ᠬᠠᠣᠪᠤᠭ᠎ᠠ ᠠᠭᠤᠷᠬᠠᠢ ᠶᠢᠨ | ᠲᠣᠭᠤᠷᠢᠭ ᠤᠨ ᠨᠠᠮ ᠤᠨ ᠬᠤᠷᠢᠶ᠎ᠠ〈ᠲᠥᠪ ᠬᠤᠷᠢᠶᠠᠨ ᠤ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠪᠠᠶᠢᠭᠤᠯᠤᠯ ᠢ ᠪᠠᠶᠢᠭᠤᠯᠤᠨ | ᠲᠡᠭᠦᠯᠳᠡᠷᠵᠢᠭᠦᠯᠵᠦ ᠤᠯᠤᠰ ᠤᠨ ᠵᠠᠰᠠᠯᠲᠠ ᠶᠢᠨ ᠰᠢᠰᠲ᠋ᠧᠮ ᠪᠣᠯᠤᠨ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠠᠬᠢᠭᠤᠯᠬᠤ ᠴᠢᠬᠤᠯᠠ ᠶᠡᠭᠡ | ᠠᠰᠠᠭᠤᠳᠠᠯ ᠤᠳ ᠤᠨ ᠲᠤᠬᠠᠶ ᠰᠢᠢᠳᠪᠦᠷᠢ〉 ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠬᠤ ᠲᠤᠬᠠᠶ ᠬᠡᠷᠡᠭᠵᠢᠭᠦᠯᠬᠦ ᠰᠠᠨᠠᠯ》 ᠢ ᠬᠢᠨᠠᠨ ᠵᠥᠪᠯᠡᠵᠦ ᠪᠠᠲᠤᠯᠠᠵᠤ᠂ | 2020 ᠣᠨ ᠤ ᠠᠵᠤ ᠠᠬᠤᠶ ᠶᠢᠨ ᠠᠵᠢᠯ ᠢ ᠪᠠᠶᠢᠷᠢᠯᠠᠭᠤᠯᠪᠠ᠃ ᠵᠠᠩ ᠶᠦᠩ ᠳ᠋ᠦᠩ《ᠬᠡᠷᠡᠭᠵᠢᠭᠦᠯᠬᠦ ᠰᠠᠨᠠᠯ ︵ᠶᠠᠷᠢᠯᠴᠠᠬᠤ ᠨᠤᠤᠷᠠᠭ︶》 ᠤᠨ ᠲᠤᠬᠠᠶ | ᠪᠥᠬᠦᠳᠡ ᠬᠤᠷᠠᠯ ᠳᠤ ᠲᠣᠳᠣᠷᠬᠠᠶᠢᠯᠠᠯᠲᠠ ᠬᠢᠪᠡ᠃ | | ᠪᠥᠬᠦᠳᠡ ᠬᠤᠷᠠᠯ ᠳᠤ᠂ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠨᠢᠭᠡ ᠵᠢᠯ ᠤᠨ ᠲᠤᠷᠰᠢᠬᠢ ᠠᠵᠢᠯ ᠢ ᠭᠦᠶᠴᠡᠳ | ᠪᠠᠲᠤᠯᠠᠪᠠ᠃ ᠲᠣᠭᠤᠷᠢᠭ ᠤᠨ ᠨᠠᠮ ᠤᠨ ᠬᠤᠷᠢᠶ᠎ᠠ ᠢᠮᠠᠭᠲᠠ《ᠬᠤᠶᠠᠷ ᠢ ᠬᠠᠮᠠᠭᠠᠯᠠᠬᠤ》 ᠶᠢ ᠡᠷᠡᠰ ᠦᠶᠯᠡᠳᠦᠯᠭᠡᠵᠢᠭᠦᠯᠬᠦ ᠪᠠᠷ ᠦᠨᠳᠦᠰᠦᠨ ᠤᠯᠤᠰ ᠲᠥᠷᠥ | ᠶᠢᠨ ᠡᠭᠦᠷᠭᠡ ᠪᠠᠨ ᠪᠣᠯᠭᠠᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ᠂ | ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ ᠪᠥᠬᠦᠳᠡ ᠬᠤᠷᠠᠯ ᠪᠠ ᠶᠡᠷᠦᠩᠬᠡᠶ | ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠲᠦᠷᠦᠭᠦᠯᠡᠨ ᠭᠦᠨᠵᠡᠭᠡᠶ ᠰᠤᠷᠤᠯᠴᠠᠨ | ᠲᠤᠭᠤᠰᠢᠯᠠᠭᠤᠯᠵᠤ᠂ ᠨᠠᠮ ᠤᠨ ᠲᠥᠪ ᠬᠤᠷᠢᠶᠠᠨ ᠤ ᠡᠯ᠎ᠡ ᠵᠦᠶᠯ ᠤᠨ ᠰᠢᠶᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠪᠠ ᠥᠪᠡᠷᠲᠡᠭᠡᠨ ᠵᠠᠰᠠᠬᠤ ᠣᠷᠣᠨ ᠤ | ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶᠠᠨ ᠤ ᠬᠠᠮᠢᠶ᠎ᠠ ᠪᠥᠬᠦᠶ ᠱᠠᠭᠠᠷᠳᠠᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠪᠥᠬᠦ ᠲᠣᠭᠤᠷᠢᠭ ᠢ | ᠪᠦᠯᠬᠦᠮᠳᠡᠭᠦᠯᠦᠨ ᠳᠠᠶᠢᠴᠢᠯᠠᠵᠤ《ᠳᠥᠷᠪᠡᠨ ᠤᠬᠠᠮᠰᠠᠷ》 ᠢ ᠪᠠᠲᠤ ᠪᠣᠶ ᠪᠣᠯᠭᠠᠵᠤ᠂《ᠳᠥᠷᠪᠡᠨ ᠢᠲᠡᠭᠡᠯ》 ᠢ ᠪᠠᠲᠤᠳᠬᠠᠨ᠂《ᠬᠤᠶᠠᠷ ᠢ ᠬᠠᠮᠠᠭᠠᠯᠠᠬᠤ》 ᠶᠢ | ᠪᠡᠶᠡᠯᠡᠭᠦᠯᠪᠡ᠃ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ 70 ᠵᠢᠯ ᠤᠨ ᠣᠶ ᠶᠢ ᠪᠡᠯᠭᠡᠯᠡᠬᠦ ᠰᠢᠷᠢᠰ ᠠᠵᠢᠯᠯᠠᠭ᠎ᠠ ᠶᠢ ᠨᠠᠷᠢᠨ ᠨᠢᠮᠪᠠᠶ ᠥᠷᠨᠢᠭᠦᠯᠪᠡ᠃ | 《ᠣᠭ ᠰᠠᠨᠠᠭ᠎ᠠ ᠪᠠᠨ ᠥᠯᠥ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ》ᠭᠤᠤᠯ ᠰᠡᠳᠦᠪᠲᠦ ᠬᠥᠮᠦᠵᠢᠯ ᠢ ᠰᠢᠨ᠎ᠡ ᠶᠢ ᠡᠭᠦᠳᠦᠨ | ᠥᠷᠨᠢᠭᠦᠯᠵᠦ᠂ ᠨᠠᠮ ᠤᠨ ᠭᠡᠰᠢᠭᠦᠨ ᠺᠠᠳ᠋ᠷᠴᠤᠳ ᠤᠨ《ᠲᠠᠪᠤᠨ ᠨᠢᠭᠡᠳᠦᠭᠡᠷ ᠴᠠᠭ》 ᠤᠨ ᠲᠤᠬᠠᠶ ᠶᠢᠨ ᠲᠠᠯᠠᠪᠠᠶ ᠳᠤ ᠠᠰᠠᠭᠤᠳᠠᠯ ᠰᠢᠶᠳᠪᠦᠷᠢᠯᠡᠬᠦ ᠲᠣᠭᠲᠠᠴᠠ | ᠶᠢ ᠪᠠᠶᠢᠭᠤᠯᠵᠤ᠂ ᠠᠭᠤᠷᠬᠠᠶ ᠶᠢᠨ ᠲᠣᠭᠤᠷᠢᠭ ᠤᠨ ᠣᠯᠠᠨ ᠲᠦᠮᠡᠨ ᠤ 60 ᠵᠢᠯ ᠤᠨ ᠤᠤᠭᠤᠵᠤ ᠢᠳᠡᠬᠦ ᠤᠰᠤᠨ ᠤ ᠬᠦᠴᠢᠷ ᠠᠰᠠᠭᠤᠳᠠᠯ ᠢ ᠰᠢᠶᠳᠪᠦᠷᠢᠯᠡᠪᠡ᠃ | ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠪᠦᠬᠦ ᠬᠦᠴᠦ ᠪᠠᠷ ᠠᠬᠢᠭᠤᠯᠵᠤ᠂ ᠭᠤᠷᠪᠠᠨ ᠶᠡᠭᠡ ᠪᠣᠭᠤᠮᠲᠠ ᠰᠢᠪᠲᠤᠯᠬᠤ ᠳᠠᠶᠢᠯᠠᠯᠳᠤᠭᠠᠨ ᠳᠠᠬᠢᠨᠲᠠ | ᠦᠷ᠎ᠡ ᠪᠦᠲᠦᠮᠵᠢ ᠣᠯᠵᠤ᠂ ᠠᠵᠤ ᠠᠬᠤᠢ ᠶᠢᠨ ᠶᠠᠰᠤ ᠴᠢᠨᠠᠷ ᠤᠨ ᠦᠷ᠎ᠡ ᠠᠰᠢᠭ ᠰᠢᠨ᠋ ᠡ ᠳᠡᠭᠡᠭᠰᠢᠯᠡᠯᠲᠡ ᠶᠢ ᠪᠡᠶᠡᠯᠡᠭᠦᠯᠵᠦ᠂ ᠤᠨᠴᠠᠯᠢᠬᠳᠤ ᠰᠣᠳᠣᠨ | ᠪᠦᠲᠦᠭᠡᠯ ᠤᠨ ᠬᠤᠳᠠ ᠶᠢᠨ ᠲᠣᠭᠤᠷᠢᠭ ᠲᠤ ᠰᠢᠨ᠎ᠡ ᠳᠦᠷᠰᠦ ᠪᠠᠶᠢᠳᠠᠯ ᠢᠯᠡᠷᠡᠵᠦ᠂ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠠᠵᠢᠯ ᠰᠢᠨ᠎ᠡ ᠰᠢᠪᠲᠤᠯᠤᠯᠲᠠ | ᠲᠠᠢ ᠪᠤᠯᠵᠥ᠂ ᠨᠡᠶᠢᠭᠡᠮ ᠵᠢᠷᠤᠮ ᠤᠨ ᠠᠷᠠᠳᠴᠢᠯᠠᠭᠰᠠᠨ ᠤᠯᠤᠰ ᠲᠦᠷᠦ ᠰᠢᠨ᠎ᠡ ᠲᠠᠪᠰᠢᠯᠳᠠ ᠲᠠᠢ ᠪᠤᠯᠵᠥ᠂ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ | ᠤᠨ ᠠᠵᠢᠯ ᠰᠢᠨ᠎ᠡ ᠦᠷ᠎ᠡ ᠪᠦᠲᠦᠮᠵᠢ ᠣᠯᠵᠤ᠂ ᠨᠠᠮ ᠤᠯᠠᠨ ᠲᠦᠮᠡᠨ ᠺᠠᠳ᠋ᠷ ᠤᠯᠠᠨ ᠲᠦᠮᠡᠨ ᠤ ᠬᠠᠷᠢᠴᠠᠭ᠎ᠠ ᠨᠡᠩ ᠨᠢᠭᠲᠠᠷᠠᠵᠤ᠂ ᠠᠭᠤᠷᠬᠠᠢ ᠶᠢᠨ | ᠲᠣᠭᠤᠷᠢᠭ ᠤᠨ ᠠᠷᠠᠳ ᠤᠯᠠᠨ ᠤ ᠵᠣᠯ ᠵᠢᠷᠭᠠᠯᠲᠤ ᠲᠦᠷᠦᠭᠳᠡᠯ ᠠᠮᠤᠷ ᠲᠦᠪᠰᠢᠨ ᠤ ᠲᠦᠷᠦᠭᠳᠡᠯ ᠮᠡᠳᠡᠭᠳᠡᠮ᠎ᠡ ᠳᠡᠭᠡᠭᠰᠢᠯᠡᠪᠡ ᠭᠡᠵᠦ ᠣᠯᠠᠨ ᠢᠶᠠᠷ ᠢᠶᠠᠨ ᠰᠠᠨᠠᠯ | ᠨᠢᠭᠡᠲᠡᠢ ᠦᠵᠡᠪᠡ᠃ | ᠪᠥᠬᠦᠳᠡ ᠬᠤᠷᠠᠯ ᠳᠤ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠳᠥᠷᠪᠡᠳᠦᠭᠡᠷ ᠪᠥᠬᠦᠳᠡ ᠬᠤᠷᠠᠯ ᠪᠣᠯ ᠮᠠᠨ ᠤ | ᠨᠠᠮ ᠤᠨ《ᠬᠤᠤᠰ ᠵᠠᠭᠤᠨ ᠵᠢᠯ》 ᠤᠨ ᠲᠡᠮᠡᠴᠡᠯ ᠤᠨ ᠬᠠᠷᠠᠯᠲᠠ ᠶᠢᠨ ᠲᠡᠦᠬᠡᠨ ᠠᠭᠤᠯᠵᠠᠷ ᠴᠡᠭ ᠳᠡᠭᠡᠷ᠎ᠡ ᠬᠤᠷᠠᠯᠳᠤᠭᠤᠯᠤᠭᠰᠠᠨ ᠨᠢᠭᠡ ᠤᠳᠠᠭᠠᠨ ᠤ ᠲᠤᠶᠢᠯ | ᠤᠨ ᠴᠢᠬᠤᠯᠠ ᠬᠤᠷᠠᠯ ᠮᠥᠨ᠂ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ 70 ᠵᠢᠯ ᠤᠨ ᠤᠢ ᠪᠣᠯᠬᠤ ᠲᠠᠰᠢᠷᠠᠮ ᠳᠤ᠂ ᠮᠠᠨ ᠤ ᠤᠯᠤᠰ ᠳᠤᠮᠳᠠᠳᠤ ᠶᠢᠨ | ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠵᠠᠩᠭᠢᠯᠠᠭ᠎ᠠ ᠶᠢᠨ ᠦᠶ᠎ᠡ ᠳᠤ ᠬᠤᠷᠠᠯᠳᠤᠭᠤᠯᠤᠭᠰᠠᠨ ᠨᠢᠭᠡᠨ ᠤᠳᠠᠭᠠᠨ ᠤ ᠡᠭᠦᠳᠦᠯᠲᠡ ᠶᠢᠨ ᠴᠢᠨᠠᠷᠲᠠᠶ᠂ | ᠬᠥᠰᠢᠶ᠎ᠡ ᠳᠤᠷᠠᠰᠬᠠᠯ ᠤᠨ ᠠᠴᠢ ᠬᠤᠯᠪᠣᠭᠳᠠᠯ ᠲᠠᠢ ᠬᠤᠷᠠᠯ ᠮᠥᠨ᠃ ᠪᠥᠬᠦᠳᠡ ᠬᠤᠷᠠᠯ ᠳᠤ ᠮᠠᠨ ᠤ ᠤᠯᠤᠰ ᠤᠨ ᠤᠯᠤᠰ ᠤᠨ ᠪᠠᠶᠢᠭᠤᠯᠤᠯ ᠤᠨ | ᠪᠠᠶᠢᠭᠤᠯᠤᠯᠲᠠ ᠪᠠ ᠤᠯᠤᠰ ᠤᠨ ᠵᠠᠰᠠᠯᠲᠠ ᠶᠢᠨ ᠠᠰᠠᠭᠤᠳᠠᠯ ᠤᠨ ᠲᠤᠬᠠᠶ ᠲᠤᠰᠬᠠᠶ ᠰᠡᠳᠦᠪᠲᠦ ᠰᠤᠳᠤᠯᠭᠠᠨ ᠬᠢᠬᠦ ᠶᠢᠨ ᠬᠠᠮᠲᠤ ᠰᠢᠢᠳᠪᠦᠷᠢ ᠭᠠᠷᠭᠠᠪᠠ᠃ | ᠳᠠᠷᠤᠢ ᠰᠢ ᠶᠢᠨ ᠫᠢᠩ ᠨᠥᠬᠦᠷ ᠢᠶᠠᠷ ᠭᠤᠤᠯᠯᠠᠭᠤᠯᠤᠭᠰᠠᠨ ᠨᠠᠮ ᠤᠨ ᠲᠥᠪ ᠬᠤᠷᠢᠶᠠᠨ ᠤ ᠤᠯᠤᠰ ᠲᠦᠷᠦ᠂ ᠪᠦᠬᠦ ᠲᠠᠯ᠎ᠠ᠂ ᠪᠠᠶᠢᠯᠳᠤᠬᠤ ᠪᠤᠳᠤᠯᠭ᠎ᠠ ᠶᠢᠨ | ᠲᠠᠯ᠎ᠠ ᠠᠴᠠ ᠪᠦᠬᠦ ᠲᠠᠯ᠎ᠠ ᠪᠠᠷ ᠪᠣᠳᠣᠯᠬᠢᠯᠠᠵᠤ᠂ ᠣᠳᠣᠬᠠᠨ ᠤ ᠪᠠᠶᠢᠳᠠᠯ ᠳᠤ ᠰᠠᠭᠤᠷᠢᠯᠠᠨ᠂ ᠠᠯᠤᠰ ᠬᠤᠯᠠ ᠶᠢ ᠪᠣᠳᠣᠯᠬᠢᠯᠠᠭᠠᠳ ᠭᠠᠷᠭᠠᠭᠰᠠᠨ ᠴᠢᠬᠤᠯᠠ ᠶᠡᠭᠡ | ᠰᠢᠶᠳᠪᠦᠷᠢᠲᠦ ᠪᠤᠳᠤᠯᠭ᠎ᠠ ᠮᠥᠨ᠃ ᠪᠥᠬᠦᠳᠡ ᠬᠤᠷᠠᠯ ᠳᠤ ᠪᠠᠲᠤᠯᠠᠭᠰᠠᠨ《ᠰᠢᠢᠳᠪᠦᠷᠢ》 ᠳᠤ ᠮᠠᠨ ᠤ ᠤᠯᠤᠰ ᠤᠨ ᠲᠦᠷᠦ ᠶᠢᠨ ᠪᠠᠶᠢᠭᠤᠯᠤᠯ ᠪᠠ ᠤᠯᠤᠰ | ᠤᠨ ᠵᠠᠰᠠᠯᠲᠠ ᠶᠢᠨ ᠰᠢᠰᠲ᠋ᠧᠮ ᠳᠡᠭᠡᠷ᠎ᠡ ᠶᠠᠭᠤ ᠶᠢ ᠪᠠᠷᠢᠮᠲᠠᠯᠠᠨ ᠪᠠᠬᠢᠵᠢᠭᠦᠯᠬᠦ᠂ ᠶᠠᠭᠤ ᠶᠢ ᠲᠡᠭᠦᠯᠳᠡᠷᠵᠢᠭᠦᠯᠦᠨ ᠬᠥᠭᠵᠢᠭᠦᠯᠬᠦ ᠭᠡᠬᠦ ᠴᠢᠬᠤᠯᠠ ᠶᠡᠭᠡ ᠤᠯᠤᠰ | ᠲᠦᠷᠦ ᠶᠢᠨ ᠠᠰᠠᠭᠤᠳᠠᠯ ᠳᠤ ᠭᠦᠨᠵᠡᠭᠡᠶ ᠬᠠᠷᠢᠭᠤᠯᠲᠠ ᠥᠭᠪᠡ᠃ ᠳᠠᠷᠤᠢ᠂ ᠰᠢᠨ᠎ᠡ ᠴᠠᠭ ᠦᠶ᠎ᠡ ᠳᠤ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ | ᠵᠢᠷᠤᠮ ᠤᠨ ᠪᠠᠶᠢᠭᠤᠯᠤᠯ ᠢ ᠪᠠᠷᠢᠮᠲᠠᠯᠠᠨ ᠲᠡᠭᠦᠯᠳᠡᠷᠵᠢᠭᠦᠯᠵᠦ᠂ ᠤᠯᠤᠰ ᠤᠨ ᠵᠠᠰᠠᠯᠲᠠ ᠶᠢᠨ ᠰᠢᠰᠲ᠋ᠧᠮ ᠪᠠ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ | ᠶᠢ ᠠᠬᠢᠭᠤᠯᠬᠤ ᠤᠯᠤᠰ ᠲᠦᠷᠦ ᠶᠢᠨ ᠲᠤᠩᠬᠠᠭ ᠪᠠ ᠠᠵᠢᠯᠯᠠᠭᠠᠨ ᠤ ᠬᠥᠲᠥᠯᠪᠦᠷᠢ ᠮᠥᠨ᠃ ᠪᠦᠬᠦ ᠲᠣᠭᠤᠷᠢᠭ ᠤᠨ ᠡᠯ᠎ᠡ ᠱᠠᠲᠤᠨ ᠤ ᠨᠠᠮ ᠤᠨ ᠵᠣᠬᠢᠶᠠᠨ | ᠪᠠᠶᠢᠭᠤᠯᠤᠯᠲᠠ ᠪᠣᠯᠤᠨ ᠥᠷᠭᠡᠨ ᠤᠯᠠᠨ ᠨᠠᠮ ᠤᠨ ᠭᠡᠰᠢᠭᠦᠨ ᠺᠠᠳ᠋ᠷᠴᠤᠳ ᠦᠵᠡᠯ ᠰᠠᠨᠠᠭ᠎ᠠ ᠦᠢᠯᠡ ᠠᠵᠢᠯᠯᠠᠭ᠎ᠠ ᠪᠠᠨ ᠶᠡᠭᠡ ᠬᠤᠷᠠᠯ ᠤᠨ ᠵᠣᠷᠢᠭ ᠰᠠᠨᠠᠭ᠎ᠠ | ᠳᠡᠭᠡᠷ᠎ᠡ ᠦᠨᠡᠨᠬᠦ ᠨᠢᠭᠡᠳᠬᠡᠵᠦ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠪᠠᠶᠢᠭᠤᠯᠤᠯ ᠢ ᠭᠤᠶᠢᠪᠢᠰᠢ ᠦᠭᠡᠢ ᠪᠠᠷᠢᠮᠲᠠᠯᠠᠨ ᠪᠠᠬᠢᠵᠢᠭᠦᠯᠵᠦ᠂ | ᠴᠠᠭ ᠦᠶ᠎ᠡ ᠶᠢ ᠲᠠᠭᠠᠨ ᠪᠦᠬᠦ ᠲᠠᠯ᠎ᠠ ᠪᠠᠷ ᠤᠷᠤᠭᠰᠢᠯᠠᠵᠤ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠪᠠᠶᠢᠭᠤᠯᠤᠯ ᠢ ᠲᠡᠭᠦᠯᠳᠡᠷᠵᠢᠭᠦᠯᠦᠨ | ᠬᠥᠭᠵᠢᠭᠦᠯᠵᠦ᠂ ᠵᠠᠰᠠᠯᠲᠠ ᠶᠢᠨ ᠰᠢᠰᠲ᠋ᠧᠮ ᠪᠣᠯᠤᠨ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ | ᠬᠤᠪᠣᠷ ᠰᠢᠷᠣᠢ ᠶᠢᠨ ᠨᠤᠲᠤᠭ ᠤᠨ ᠬᠥᠭᠵᠢᠨ ᠮᠠᠨᠳᠤᠭᠰᠠᠨ ᠬᠠᠭᠤᠳᠠᠰᠤ ᠶᠢ ᠪᠢᠴᠢᠭᠯᠡᠬᠦ ᠳᠤ ᠬᠦᠴᠦᠲᠡᠢ ᠪᠠᠲᠤᠯᠠᠭ᠎ᠠ ᠬᠠᠩᠭᠠᠬᠤ ᠬᠡᠷᠡᠭᠲᠡᠢ ᠭᠡᠵᠦ ᠵᠢᠭᠠᠵᠤ | ᠭᠠᠷᠭᠠᠪᠠ᠃ | ᠪᠥᠬᠦᠳᠡ ᠬᠤᠷᠠᠯ ᠳᠤ᠂ ᠪᠦᠬᠦ ᠲᠣᠭᠤᠷᠢᠭ ᠤᠨ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠤᠨ ᠥᠷᠭᠡᠨ ᠣᠯᠠᠨ ᠨᠠᠮ ᠤᠨ ᠭᠡᠰᠢᠭᠦᠨ | ᠺᠠᠳ᠋ᠷᠴᠤᠳ ᠲᠥᠪ ᠤᠨ 13『ᠪᠠᠷᠢᠮᠲᠠᠯᠠᠯ ᠪᠠ ᠲᠡᠭᠦᠯᠳᠡᠷᠵᠢᠭᠦᠯᠦᠯᠲᠡ』 ᠶᠢᠨ ᠴᠢᠬᠤᠯᠠ ᠰᠢᠶᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠪᠦᠬᠦ ᠲᠠᠯ᠎ᠠ | ᠪᠠᠷ ᠨᠠᠶᠢᠳᠠᠪᠤᠷᠢᠵᠢᠭᠤᠯᠵᠤ᠂ ᠲᠤᠰ ᠰᠠᠯᠠᠭ᠎ᠠ ᠮᠥᠴᠢᠷ ᠤᠨ ᠪᠣᠳᠠᠲᠤ ᠪᠠᠶᠢᠳᠠᠯ ᠲᠠᠢ ᠤᠶᠠᠯᠳᠤᠭᠤᠯᠵᠤ᠂ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ | ᠵᠢᠷᠤᠮᠲᠤ ᠪᠠᠶᠢᠭᠤᠯᠤᠯ ᠤᠨ ᠪᠠᠶ᠋ᠬᠠᠣᠪᠤᠭ᠎ᠠ ᠠᠭᠤᠷᠬᠠᠢ ᠶᠢᠨ ᠲᠣᠭᠤᠷᠢᠭ ᠲᠠᠬᠢ ᠪᠣᠳᠠᠲᠠᠶ ᠦᠶᠯᠡᠳᠦᠯᠭᠡ ᠶᠢ ᠭᠦᠨᠵᠡᠭᠡᠶ ᠠᠬᠢᠭᠤᠯᠬᠤ ᠬᠡᠷᠡᠭᠲᠡᠶ᠃ ᠨᠠᠮ ᠤᠨ | ᠱᠤᠭᠤᠮ ᠴᠢᠭᠯᠡᠯᠲᠡ ᠲᠥᠷᠥ ᠶᠢᠨ ᠪᠣᠳᠣᠯᠭ᠎ᠠ ᠶᠢ ᠭᠤᠶᠢᠪᠢᠰᠢ ᠥᠬᠡᠶ ᠲᠤᠭᠤᠰᠢᠯᠠᠭᠤᠯᠤᠨ ᠬᠡᠷᠡᠭᠵᠢᠭᠦᠯᠵᠦ᠂ ᠨᠡᠶᠢᠭᠡᠮ ᠵᠢᠷᠤᠮ ᠤᠨ ᠠᠷᠠᠳᠴᠢᠯᠠᠭᠰᠠᠨ ᠤᠯᠤᠰ | ᠲᠥᠷᠥ ᠶᠢ ᠬᠥᠭᠵᠢᠭᠦᠯᠵᠦ᠂ ᠬᠠᠤᠯᠢ ᠪᠠᠷ ᠵᠠᠰᠠᠬᠤ ᠪᠠᠶ᠋ᠬᠠᠣᠪᠤᠭ᠎ᠠ ᠶᠢᠨ ᠪᠠᠶᠢᠭᠤᠯᠤᠯᠲᠠ ᠶᠢ ᠠᠬᠢᠭᠤᠯᠵᠤ᠂ ᠠᠷᠠᠳ ᠲᠦᠮᠡᠨ ᠤ ᠰᠡᠳᠬᠢᠯ ᠬᠠᠨᠤᠮᠵᠢᠲᠠᠶ ᠵᠠᠰᠠᠭ | ᠤᠨ ᠣᠷᠳᠣᠨ ᠢ ᠪᠠᠶᠢᠭᠤᠯᠤᠨ᠂ ᠪᠥᠬᠦ ᠲᠣᠭᠤᠷᠢᠭ ᠤᠨ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠵᠤ᠂ ᠰᠣᠶᠣᠯ ᠢᠶᠠᠷ ᠲᠣᠭᠤᠷᠢᠭ ᠢᠶᠠᠨ | ᠬᠦᠴᠦᠷᠬᠡᠭᠵᠢᠭᠦᠯᠬᠦ ᠪᠥᠲᠥᠭᠡᠨ ᠪᠠᠶᠢᠭᠤᠯᠤᠯᠲᠠ ᠶᠢ ᠠᠬᠢᠭᠤᠯᠵᠤ᠂ ᠠᠷᠠᠳ ᠣᠯᠠᠨ ᠤ ᠠᠵᠠ ᠵᠢᠷᠭᠠᠯ ᠢ ᠨᠡᠮᠡᠭᠳᠡᠭᠦᠯᠵᠦ᠂ ᠠᠮᠤᠷ ᠠᠮᠤᠭᠤᠯᠠᠩ ᠪᠠᠶ᠋ᠬᠠᠣᠪᠤᠭ᠎ᠠ ᠶᠢᠨ | ᠪᠥᠲᠥᠭᠡᠨ ᠪᠠᠶᠢᠭᠤᠯᠤᠯᠲᠠ ᠶᠢ ᠠᠬᠢᠭᠤᠯᠬᠤ᠂ ᠤᠮᠠᠷᠠᠲᠤ ᠬᠢᠯᠢ ᠶᠢᠨ ᠠᠮᠢ ᠠᠬᠤᠶ ᠶᠢᠨ ᠠᠮᠤᠷ ᠲᠦᠪᠰᠢᠨ ᠤ ᠬᠠᠯᠬᠠᠪᠴᠢ ᠶᠢ ᠪᠠᠶᠢᠭᠤᠯᠵᠤ᠂ ᠡᠷᠬᠡ ᠶᠢᠨ | ᠠᠵᠢᠯᠯᠠᠭᠠᠨ ᠢ ᠬᠢᠵᠠᠭᠠᠷᠯᠠᠬᠤ ᠪᠠ ᠬᠢᠨᠠᠯᠲᠠ ᠲᠠᠯᠪᠢᠬᠤ ᠶᠢ ᠴᠢᠩᠭᠠᠳᠬᠠᠵᠤ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠪᠠᠶᠢᠭᠤᠯᠤᠯ ᠤᠨ | ᠳᠠᠪᠠᠭᠤᠯᠢᠭ᠂ ᠪᠠᠶ᠋ᠬᠠᠣᠪᠤᠭ᠎ᠠ ᠠᠭᠤᠷᠬᠠᠢ ᠶᠢᠨ ᠲᠣᠭᠤᠷᠢᠭ ᠤᠨ ᠵᠠᠰᠠᠯᠲᠠ ᠶᠢᠨ ᠬᠠᠶᠢᠨ ᠰᠦᠪᠡᠭᠴᠢᠯᠡᠯᠲᠡ ᠶᠢᠨ ᠲᠦᠷᠢᠮ ᠤᠨ ᠦᠷ᠎ᠡ ᠪᠦᠲᠦᠭᠡᠯ ᠢ ᠵᠠᠰᠠᠯᠲᠠ ᠶᠢᠨ | ᠦᠷ᠎ᠡ ᠪᠦᠲᠦᠮᠵᠢ ᠪᠣᠯᠭᠠᠨ ᠲᠠᠰᠤᠷᠠᠯᠲᠠ ᠥᠬᠡᠶ ᠨᠠᠩ ᠰᠠᠶᠢᠲᠤᠷ ᠬᠤᠪᠢᠷᠠᠭᠤᠯᠤᠨ᠂ ᠰᠢᠨ᠎ᠡ ᠴᠠᠭ ᠦᠶ᠎ᠡ ᠳᠤ ᠡᠯ᠎ᠡ ᠵᠦᠶᠯ ᠤᠨ ᠠᠵᠢᠯ ᠦᠶᠯᠡᠰ ᠤᠨ ᠲᠠᠰ | ᠳᠡᠪᠰᠢᠬᠦ ᠶᠢ ᠪᠥᠬᠦ ᠲᠠᠯ᠎ᠠ ᠪᠠᠷ ᠠᠬᠢᠭᠤᠯᠬᠤ᠂ ᠲᠡᠷᠢᠭᠦᠨ ᠤ ᠬᠢ ᠶᠢ ᠴᠢᠷᠮᠠᠶᠢᠨ ᠡᠭᠦᠳᠬᠦ ᠳᠤ ᠬᠥᠳᠡᠯᠭᠡᠬᠦ ᠬᠦᠴᠦᠨ ᠪᠠ ᠪᠠᠲᠤᠯᠠᠭ᠎ᠠ ᠬᠠᠩᠭᠠᠬᠤ ᠬᠡᠷᠡᠭᠲᠡᠢ ᠭᠡᠵᠦ | ᠱᠠᠭᠠᠷᠳᠠᠪᠠ᠃ | ᠪᠥᠬᠦᠳᠡ ᠬᠤᠷᠠᠯ ᠳᠤ᠂ ᠪᠥᠬᠦ ᠲᠣᠭᠤᠷᠢᠭ ᠤᠨ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠠ ᠥᠷᠭᠡᠨ ᠣᠯᠠᠨ ᠨᠠᠮ ᠤᠨ ᠭᠡᠰᠢᠭᠦᠨ ᠺᠠᠳ᠋ᠷ | ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠳᠥᠷᠪᠡᠳᠦᠭᠡᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ | ᠲᠤᠭᠤᠰᠢᠯᠠᠭᠤᠯᠬᠤ ᠶᠢ ᠣᠳᠣᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠪᠥᠬᠦ ᠲᠣᠭᠤᠷᠢᠭ ᠤᠨ ᠴᠢᠬᠤᠯᠠ ᠤᠯᠤᠰ ᠲᠥᠷᠥ ᠶᠢᠨ ᠡᠭᠦᠷᠭᠡ ᠪᠠ | ᠣᠷᠳᠣ ᠬᠤᠭᠤᠴᠠᠭᠠᠨ ᠤ ᠪᠠᠶᠢᠯᠳᠤᠬᠤ ᠪᠣᠳᠣᠯᠭ᠎ᠠ ᠶᠢᠨ ᠡᠭᠦᠷᠭᠡ ᠪᠣᠯᠭᠠᠵᠤ᠂ ᠠᠵᠢᠯ ᠤᠨ ᠪᠣᠳᠠᠲᠠᠶ ᠲᠠᠢ ᠤᠶᠠᠯᠳᠤᠭᠤᠯᠤᠨ᠂ ᠰᠡᠳᠬᠢᠮᠵᠢ ᠪᠠᠨ ᠲᠣᠳᠣᠷᠬᠠᠶ | ᠪᠣᠯᠭᠠᠵᠤ᠂ ᠠᠷᠭ᠎ᠠ ᠬᠡᠮᠵᠢᠶ᠎ᠡ ᠪᠠᠨ ᠨᠠᠷᠢᠯᠢᠬᠵᠢᠭᠤᠯᠤᠨ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠵᠤ᠂ ᠨᠠᠮ ᠤᠨ ᠠᠷᠪᠠ ᠶᠢᠰᠦᠳᠦᠭᠡᠷ | ᠬᠤᠭᠤᠴᠠᠭᠠᠨ ᠤ ᠲᠥᠪ ᠬᠤᠷᠢᠶᠠᠨ ᠤ ᠳᠥᠷᠪᠡᠳᠦᠭᠡᠷ ᠪᠥᠬᠦᠳᠡ ᠬᠤᠷᠠᠯ ᠪᠠ ᠨᠠᠮ ᠤᠨ ᠲᠥᠪ ᠬᠤᠷᠢᠶᠠᠨ ᠤ《 ᠰᠢᠢᠳᠪᠦᠷᠢ》ᠵᠢᠴᠢ ᠥᠪᠡᠷᠲᠡᠭᠡᠨ ᠵᠠᠰᠠᠬᠤ | ᠣᠷᠣᠨ ᠤ ᠨᠠᠮ ᠤᠨ ᠬᠤᠷᠢᠶᠠᠨ ᠤ ᠪᠥᠭᠦᠳᠡ ᠬᠤᠷᠠᠯ ᠪᠠ《ᠰᠠᠨᠠᠯ》᠂ ᠪᠤᠭᠤᠲᠤ ᠬᠤᠲᠠ ᠶᠢᠨ ᠨᠠᠮ ᠤᠨ ᠬᠤᠷᠢᠶᠠᠨ ᠤ ᠪᠥᠬᠦᠳᠡ ᠬᠤᠷᠠᠯ ᠪᠠ《ᠰᠠᠨᠠᠯ》 ᠤᠨ | ᠵᠣᠷᠢᠭ ᠰᠠᠨᠠᠭ᠎ᠠ ᠶᠢ ᠨᠠᠶᠢᠳᠠᠪᠤᠷᠢᠵᠢᠭᠤᠯᠵᠤ᠂ ᠦᠷ᠎ᠡ ᠪᠦᠲᠦᠮᠵᠢ ᠭᠠᠷᠭᠠᠬᠤ ᠶᠢ ᠦᠨᠡᠨᠬᠦ ᠪᠠᠲᠤᠯᠠᠬᠤ ᠬᠡᠷᠡᠭᠲᠡᠶ ᠭᠡᠵᠦ ᠴᠢᠬᠤᠯᠠᠴᠢᠯᠠᠪᠠ᠃ | ᠪᠥᠬᠦᠳᠡ ᠬᠤᠷᠠᠯ ᠳᠤ᠂ 2020 ᠣᠨ ᠪᠣᠯ ᠴᠢᠨᠡᠭᠡᠯᠢᠭ ᠨᠡᠶᠢᠭᠡᠮ ᠢ ᠪᠥᠬᠦ ᠲᠠᠯ᠎ᠠ ᠪᠠᠷ ᠪᠠᠶᠢᠭᠤᠯᠤᠨ ᠪᠦᠲᠦᠭᠡᠬᠦ ᠪᠠ ᠠᠷᠪᠠᠨ ᠭᠤᠷᠪᠠᠳᠤᠭᠠᠷ ᠲᠠᠪᠤᠨ ᠵᠢᠯ | ᠤᠨ ᠲᠥᠯᠥᠪᠵᠢᠭᠦᠯᠭᠡ ᠶᠢᠨ ᠰᠡᠬᠦᠯ ᠬᠤᠷᠢᠶᠠᠬᠤ ᠵᠢᠯ ᠮᠥᠨ᠂ ᠡᠯ᠎ᠡ ᠵᠦᠶᠯ ᠤᠨ ᠠᠵᠢᠯ ᠢ ᠰᠠᠶᠢᠲᠤᠷ ᠬᠢᠬᠦ ᠳᠤ ᠡᠷᠬᠡᠪᠰᠢ ᠪᠠᠶᠢᠳᠠᠯ ᠢ ᠲᠣᠳᠣᠷᠬᠠᠶ ᠲᠠᠨᠢᠵᠤ᠂ | ᠭᠤᠤᠯᠳᠠᠯᠭ᠎ᠠ ᠶᠢ ᠡᠵᠡᠮᠳᠡᠬᠦ ᠬᠡᠷᠡᠭᠲᠡᠶ᠃ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠳᠤ 2019 ᠣᠨ ᠤ ᠠᠵᠤ ᠠᠬᠤᠢ ᠶᠢᠨ ᠠᠵᠢᠯ ᠤᠨ ᠠᠮᠵᠢᠯᠲᠠ | ᠪᠦᠲᠦᠮᠵᠢ ᠶᠢ ᠪᠦᠬᠦ ᠲᠠᠯ᠎ᠠ ᠪᠠᠷ ᠳ᠋ᠦᠩᠨᠡᠵᠦ᠂ ᠠᠵᠤ ᠠᠬᠤᠢ ᠶᠢᠨ ᠪᠠᠶᠢᠳᠠᠯ ᠢ ᠰᠢᠨᠵᠢᠯᠡᠬᠦ ᠤᠬᠠᠭᠠᠨᠴᠢ ᠪᠠᠷ ᠰᠤᠳᠤᠯᠤᠨ ᠮᠠᠭᠠᠳᠯᠠᠵᠤ᠂ ᠠᠵᠤ ᠠᠬᠤᠢ ᠶᠢᠨ | ᠵᠢᠮ᠎ᠡ ᠶᠣᠰᠣ ᠶᠢ ᠣᠨᠣᠪᠴᠢᠲᠠᠢ ᠡᠵᠡᠮᠰᠢᠵᠦ᠂ 2020 ᠣᠨ ᠤ ᠠᠵᠤ ᠠᠬᠤᠢ ᠶᠢᠨ ᠠᠵᠢᠯ ᠤᠨ ᠶᠡᠷᠦᠩᠬᠡᠢ ᠱᠠᠭᠠᠷᠳᠠᠯᠭ᠎ᠠ᠂ ᠲᠦᠷᠦ ᠶᠢᠨ ᠪᠤᠳᠤᠯᠭ᠎ᠠ ᠶᠢᠨ | ᠬᠠᠨᠳᠤᠰᠢ ᠪᠣᠯᠤᠨ ᠭᠤᠣᠯᠳᠠᠯᠭ᠎ᠠ ᠲᠠᠢ ᠡᠭᠦᠷᠭᠡ ᠶᠢ ᠲᠣᠳᠣᠷᠬᠠᠢ ᠳᠤᠷᠠᠳᠴᠤ᠂ ᠪᠢᠳᠡᠨ ᠤ ᠠᠵᠢᠯ ᠢᠶᠠᠨ ᠰᠠᠶᠢᠲᠤᠷ ᠬᠢᠬᠦ ᠳᠤ ᠦᠨᠳᠦᠰᠦᠨ ᠵᠢᠷᠤᠮᠯᠠᠯ ᠬᠠᠩᠭᠠᠪᠠ᠃ | ᠪᠥᠬᠦ ᠲᠣᠭᠤᠷᠢᠭ ᠵᠠᠪᠠᠯ ᠪᠤᠰᠤᠳᠴᠢ᠂ ᠪᠥᠬᠦ ᠲᠠᠯ᠎ᠠ ᠪᠠᠷ ᠪᠠᠶᠢᠳᠠᠯ ᠢ ᠲᠠᠨᠢᠵᠤ᠂ ᠠᠵᠤ ᠠᠬᠤᠶ ᠨᠡᠶᠢᠭᠡᠮ ᠤᠨ ᠡᠯ᠎ᠡ ᠵᠦᠶᠯ ᠤᠨ ᠠᠵᠢᠯ ᠦᠶᠯᠡᠰ ᠤᠨ ᠡᠮᠬᠢ | ᠵᠢᠷᠤᠮ ᠲᠠᠢ ᠶᠠᠪᠤᠭᠳᠠᠬᠤ ᠶᠢ ᠡᠷᠡᠰ ᠭᠤᠶᠢᠪᠢᠰᠢ ᠥᠬᠡᠶ ᠠᠬᠢᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠠᠵᠢᠯ ᠤᠨ ᠲᠤᠬᠠᠶ | ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠲᠠᠢ ᠤᠶᠠᠯᠳᠤᠭᠤᠯᠤᠨ᠂ ᠨᠠᠮ ᠤᠨ ᠲᠥᠪ | ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠪᠤᠭᠤᠲᠤ ᠬᠤᠲᠠ ᠶᠢᠨ ᠨᠠᠮ ᠤᠨ ᠬᠤᠷᠢᠶ᠎ᠠ ᠶᠢᠨ 2020 ᠣᠨ ᠤ ᠠᠵᠤ ᠠᠬᠤᠶ ᠶᠢᠨ | ᠠᠵᠢᠯ ᠤᠨ ᠲᠤᠬᠠᠶ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠰᠠᠶᠢᠲᠤᠷ ᠨᠠᠶᠢᠳᠠᠪᠤᠷᠢᠵᠢᠭᠤᠯᠵᠤ᠂ ᠮᠠᠨ ᠤ ᠲᠣᠭᠤᠷᠢᠭ ᠤᠨ ᠪᠣᠳᠠᠲᠤ ᠪᠠᠶᠢᠳᠠᠯ ᠲᠠᠢ ᠤᠶᠠᠯᠳᠤᠭᠤᠯᠤᠨ | ᠂ ᠪᠦᠲᠦᠭᠡᠯᠴᠢ ᠪᠠᠷ ᠠᠵᠢᠯ ᠢᠶᠠᠨ ᠥᠷᠨᠢᠭᠦᠯᠵᠦ᠂ ᠰᠢᠨ᠎ᠡ ᠦᠷ᠎ᠡ ᠪᠦᠲᠦᠮᠵᠢ ᠤᠯᠬᠤ ᠶᠢ ᠦᠨᠡᠨᠬᠦ ᠪᠠᠲᠤᠯᠠᠬᠤ ᠬᠡᠷᠡᠭᠲᠡᠶ ᠭᠡᠵᠦ ᠵᠢᠭᠠᠵᠤ ᠭᠠᠷᠭᠠᠪᠠ᠃ | ᠪᠥᠬᠦᠳᠡ ᠬᠤᠷᠠᠯ ᠳᠤ᠂ 2020 ᠣᠨ ᠤ ᠠᠵᠤ ᠠᠬᠤᠢ ᠶᠢᠨ ᠠᠵᠢᠯ ᠢ ᠰᠠᠶᠢᠲᠤᠷ ᠬᠢᠬᠦ ᠳᠤ ᠡᠷᠬᠡᠪᠰᠢ ᠰᠢᠨ᠎ᠡ ᠬᠥᠭᠵᠢᠯᠲᠡ ᠶᠢᠨ ᠤᠢᠢᠯᠠᠭᠠᠭᠳᠠᠬᠤᠨ ᠢ | ᠡᠷᠡᠰ ᠲᠤᠭᠤᠰᠢᠯᠠᠭᠤᠯᠵᠤ᠂ ᠡᠷᠬᠡᠪᠰᠢ ᠨᠠᠮ ᠤᠨ ᠠᠵᠤ ᠠᠬᠤᠢ ᠶᠢᠨ ᠠᠵᠢᠯ ᠳᠠᠬᠢ ᠲᠥᠪᠯᠡᠷᠡᠩᠭᠦᠢ ᠤᠳᠤᠷᠢᠳᠤᠯᠭ᠎ᠠ ᠶᠢ ᠪᠠᠷᠢᠮᠲᠠᠯᠠᠬᠤ ᠬᠡᠷᠡᠭᠲᠡᠢ᠃ ᠬᠥᠭᠵᠢᠯᠲᠡ | ᠶᠢᠨ ᠪᠠᠶᠢᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠢᠲᠡᠭᠡᠯ ᠵᠣᠷᠢᠭ ᠢᠶᠠᠨ ᠪᠠᠲᠤᠳᠬᠠᠵᠤ᠂ ᠡᠭᠦᠷᠭᠡ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠵᠤ᠂ ᠠᠵᠤ | ᠠᠬᠤᠶ ᠶᠢᠨ ᠬᠡᠮᠵᠢᠶ᠎ᠡ ᠶᠢᠨ ᠵᠦᠶ ᠵᠣᠬᠢᠰᠲᠠᠶ ᠨᠡᠮᠡᠭᠳᠡᠯ ᠪᠠ ᠶᠠᠰᠤ ᠴᠢᠨᠠᠷ ᠤᠨ ᠲᠣᠭᠲᠠᠭᠤᠨ ᠢᠶᠠᠷ ᠳᠡᠭᠡᠭᠰᠢᠯᠡᠬᠦ ᠶᠢ ᠪᠡᠶᠡᠯᠡᠭᠦᠯᠦᠨ᠎ᠡ᠃ ᠰᠢᠨ᠎ᠡ ᠬᠥᠭᠵᠢᠯᠲᠡ ᠶᠢᠨ | ᠣᠶᠢᠯᠠᠭᠠᠭᠳᠠᠬᠤᠨ ᠢ ᠨᠠᠶᠢᠳᠠᠪᠤᠷᠢᠵᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠲᠣᠭᠲᠠᠭᠤᠨ ᠬᠦᠴᠦᠨ ᠢᠶᠠᠨ ᠪᠠᠲᠤᠯᠠᠵᠤ᠂ ᠵᠥᠪ ᠵᠠᠮ ᠢ ᠡᠷᠢᠵᠦ᠂ | ᠠᠷᠭ᠎ᠠ ᠬᠡᠯᠪᠡᠷᠢ ᠪᠠᠨ ᠬᠤᠪᠢᠷᠠᠭᠤᠯᠤᠨ ᠪᠦᠲᠦᠴᠡ ᠪᠠᠨ ᠲᠣᠬᠢᠷᠠᠭᠤᠯᠵᠤ᠂ ᠰᠢᠨ᠎ᠡ ᠶᠢ ᠡᠭᠦᠳᠬᠦ ᠶᠢ ᠠᠬᠢᠭᠤᠯᠵᠤ᠂ ᠳᠤᠲᠠᠭᠳᠠᠯ ᠢᠶᠠᠨ ᠨᠥᠬᠦᠪᠥᠷᠢᠯᠡᠬᠦ ᠲᠠᠯ᠎ᠠ ᠪᠠᠷ | ᠰᠢᠪᠲᠤᠯᠤᠯᠲᠠ ᠭᠠᠷᠭᠠᠵᠤ᠂ ᠠᠮᠢ ᠠᠬᠤᠢ ᠶᠢ ᠤᠷᠢᠳ ᠢᠶᠠᠷ ᠪᠣᠳᠣᠯᠬᠢᠯᠠᠬᠤ᠂ ᠪᠣᠬᠢᠷᠲᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ | ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠡᠷᠡᠰ ᠭᠤᠶᠢᠪᠢᠰᠢ ᠦᠭᠡᠢ ᠰᠠᠶᠢᠲᠤᠷ ᠵᠠᠮᠨᠠᠬᠤ ᠬᠡᠷᠡᠭᠲᠡᠢ᠃ ᠴᠢᠨᠡᠭᠡᠯᠢᠭ ᠨᠡᠶᠢᠭᠡᠮ ᠢ ᠪᠥᠬᠦ ᠲᠠᠯ᠎ᠠ ᠪᠠᠷ ᠪᠠᠶᠢᠭᠤᠯᠤᠨ | ᠪᠦᠲᠦᠭᠡᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠨᠠᠷᠢᠯᠢᠭ ᠣᠨᠣᠪᠴᠢᠲᠠᠢ ᠪᠠᠷ ᠬᠦᠴᠦᠯᠡᠵᠦ᠂ ᠳᠤᠲᠠᠭᠳᠠᠯ ᠢᠶᠠᠨ ᠨᠥᠬᠦᠪᠥᠷᠢᠯᠡᠵᠦ᠂ ᠡᠯ᠎ᠡ ᠵᠦᠶᠯ ᠤᠨ ᠴᠢᠨᠠᠷ | ᠬᠡᠮᠵᠢᠶ᠎ᠡ ᠲᠣᠭᠲᠠᠭᠠᠬᠤ ᠭᠦᠶᠴᠡᠳᠬᠡᠯ ᠲᠤᠭ᠎ᠠ ᠲᠠᠢ ᠬᠠᠷᠢᠴᠠᠭᠤᠯᠤᠨ᠂ ᠵᠥᠷᠢᠶ᠎ᠡ ᠪᠠ ᠬᠦᠷᠦᠯᠴᠡᠬᠦ ᠥᠬᠡᠶ ᠲᠠᠯ᠎ᠠ ᠪᠠᠨ ᠪᠥᠬᠦ ᠲᠠᠯ᠎ᠠ ᠪᠠᠷ ᠵᠢᠭᠰᠠᠭᠠᠨ ᠪᠠᠶᠢᠴᠠᠭᠠᠵᠤ | ᠡᠮᠬᠢᠯᠡᠵᠦ᠂《ᠡᠴᠦᠰ ᠤᠨ ᠨᠢᠭᠡ ᠺᠢᠯᠣᠮᠧᠲᠷ》 ᠢ ᠪᠥᠬᠦ ᠬᠦᠴᠦ ᠪᠠᠷ ᠭᠦᠶᠦᠬᠦ ᠬᠡᠷᠡᠭᠲᠡᠢ ᠭᠡᠵᠦ ᠱᠠᠭᠠᠷᠳᠠᠪᠠ᠃ | ᠪᠥᠬᠦᠳᠡ ᠬᠤᠷᠠᠯ ᠳᠤ᠂ ᠭᠤᠷᠪᠠᠨ ᠶᠡᠭᠡ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠡᠷᠡᠰ ᠰᠠᠶᠢᠲᠤᠷ ᠬᠢᠬᠦ ᠬᠡᠷᠡᠭᠲᠡᠢ᠃ ᠶᠠᠳᠠᠭᠤ ᠠᠴᠠ | ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠤᠨᠢᠨ ᠳᠡᠭᠡᠷ᠎ᠡ ᠨᠢ ᠰᠠᠶᠢᠲᠤᠷ ᠬᠢᠵᠦ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ | ᠰᠢᠪᠲᠤᠯᠬᠤ ᠡᠭᠦᠷᠭᠡ ᠶᠢ ᠬᠤᠭᠤᠴᠠᠭ᠎ᠠ ᠶᠣᠰᠣᠭᠠᠷ ᠪᠦᠬᠦ ᠲᠠᠯ᠎ᠠ ᠪᠠᠷ ᠪᠡᠶᠡᠯᠡᠭᠦᠯᠬᠦ ᠶᠢ ᠪᠠᠲᠤᠯᠠᠬᠤ ᠬᠡᠷᠡᠭᠲᠡᠢ᠃ ᠪᠣᠬᠢᠷᠲᠤᠯ ᠢ ᠰᠡᠷᠭᠡᠶᠢᠯᠡᠨ ᠵᠠᠰᠠᠬᠤ ᠪᠣᠭᠤᠮᠲᠠ | ᠰᠢᠪᠲᠤᠯᠬᠤ ᠳᠠᠶᠢᠯᠠᠯᠳᠤᠭᠠᠨ ᠢ ᠰᠠᠶᠢᠲᠤᠷ ᠬᠢᠵᠦ᠂ ᠪᠣᠬᠢᠷᠲᠤᠯ ᠦᠭᠡᠢ ᠬᠦᠷᠢᠶᠡᠯᠡᠩ ᠲᠣᠭᠤᠷᠢᠭ᠂ ᠪᠣᠬᠢᠷᠲᠤᠯ ᠦᠭᠡᠢ ᠠᠭᠤᠷᠬᠠᠢ ᠶᠢ ᠪᠠᠶᠢᠭᠤᠯᠵᠤ᠂ ᠬᠦᠬᠡ | ᠣᠭᠲᠠᠷᠭᠤᠢ᠂ ᠬᠥᠬᠡᠮᠳᠦᠭ ᠤᠰᠤ᠂ ᠴᠡᠪᠡᠷ ᠬᠥᠷᠥᠰᠥ ᠶᠢ ᠬᠠᠮᠠᠭᠠᠯᠠᠬᠤ ᠳᠠᠶᠢᠯᠠᠯᠳᠤᠭᠠᠨ ᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠬᠡᠷᠡᠭᠲᠡᠢ᠃ | ᠮᠥᠩᠭᠦᠨ ᠭᠦᠶᠯᠭᠡᠭᠡᠨ ᠤ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ᠂ ᠢᠯᠠᠩᠭᠤᠶ᠎ᠠ ᠵᠠᠰᠠᠭ ᠤᠨ ᠣᠷᠳᠣᠨ ᠤ ᠥᠷᠢ ᠥᠭᠴᠡᠭᠡᠨ ᠤ ᠠᠶᠤᠯ ᠲᠦᠭᠰᠢᠭᠦᠷᠢ | ᠶᠢ ᠰᠡᠷᠭᠡᠶᠢᠯᠡᠨ ᠠᠷᠢᠯᠭᠠᠬᠤ ᠠᠵᠢᠯ ᠢ ᠲᠡᠷᠢᠭᠦᠨ ᠪᠠᠶᠢᠷᠢᠨ ᠳᠤ ᠲᠠᠯᠪᠢᠵᠤ᠂ 2020 ᠣᠨ ᠤ ᠥᠷᠢ ᠥᠭᠴᠡᠭᠡ ᠶᠢ ᠠᠷᠢᠯᠭᠠᠬᠤ ᠡᠭᠦᠷᠭᠡ ᠶᠢ ᠪᠡᠶᠡᠯᠡᠭᠦᠯᠬᠦ ᠶᠢ | ᠦᠨᠡᠨᠬᠦ ᠪᠠᠲᠤᠯᠠᠬᠤ ᠬᠡᠷᠡᠭᠲᠡᠶ᠃ ᠠᠶᠤᠯ ᠲᠦᠭᠰᠢᠭᠦᠷᠢ ᠥᠷᠢᠰᠥᠯᠳᠦᠭᠡᠨ ᠢ ᠲᠣᠬᠢᠲᠠᠶ ᠰᠡᠷᠭᠡᠶᠢᠯᠡᠨ ᠠᠷᠢᠯᠭᠠᠵᠤ᠂ ᠲᠣᠭᠲᠠᠭᠤᠨ ᠪᠠᠶᠢᠳᠠᠯ ᠢ ᠬᠠᠮᠠᠭᠠᠯᠠᠬᠤ | ᠨᠢᠭᠡᠳᠦᠭᠡᠷ ᠬᠠᠷᠢᠭᠤᠴᠠᠯᠭ᠎ᠠ ᠪᠠ ᠬᠠᠷᠢᠶ᠎ᠠ ᠣᠷᠣᠨ ᠤ ᠰᠢᠶᠳᠪᠦᠷᠢᠯᠡᠬᠦ ᠬᠠᠷᠢᠭᠤᠴᠠᠯᠭ᠎ᠠ ᠶᠢ ᠬᠢᠨᠠᠮᠠᠭᠠᠶ ᠨᠠᠶᠢᠳᠠᠪᠤᠷᠢᠵᠢᠭᠤᠯᠵᠤ᠂ ᠤᠯᠤᠰ ᠲᠦᠷᠦ᠂ ᠦᠵᠡᠯ | ᠤᠬᠠᠮᠰᠠᠷ ᠤᠨ ᠬᠡᠯᠪᠡᠷᠢ᠂ ᠠᠵᠤ ᠠᠬᠤᠶ᠂ ᠨᠡᠶᠢᠭᠡᠮ ᠵᠡᠷᠭᠡ ᠬᠦᠷᠢᠶᠡᠨ ᠳᠠᠬᠢ ᠬᠦᠨᠳᠦ ᠶᠡᠭᠡ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠠᠵᠢᠯ ᠢ ᠪᠣᠳᠠᠲᠠᠶ | ᠪᠥᠭᠡᠳ ᠨᠠᠷᠢᠯᠢᠭ ᠬᠢᠬᠦ ᠬᠡᠷᠡᠭᠲᠡᠶ ᠭᠡᠵᠦ ᠴᠢᠬᠤᠯᠠᠴᠢᠯᠠᠪᠠ᠃ | ᠪᠥᠬᠦᠳᠡ ᠬᠤᠷᠠᠯ ᠳᠤ᠂ ᠠᠷᠠᠳ ᠤᠨ ᠠᠮᠢᠳᠤᠷᠠᠯ ᠢ ᠪᠦᠲᠦᠮᠵᠢᠲᠡᠢ ᠪᠠᠲᠤᠯᠠᠨ ᠰᠠᠶᠢᠵᠢᠷᠠᠭᠤᠯᠵᠤ᠂ ᠦᠨᠳᠦᠰᠦᠲᠡᠨ ᠨᠦᠭᠦᠳ ᠤᠨ ᠤᠯᠠᠨ ᠲᠦᠮᠡᠨ ᠤ | ᠬᠦᠷᠲᠡᠮᠵᠢ ᠶᠢᠨ ᠲᠦᠷᠦᠭᠳᠡᠯ᠂ ᠵᠢᠷᠭᠠᠯᠲᠤ ᠲᠦᠷᠦᠭᠳᠡᠯ᠂ ᠠᠮᠤᠷ ᠲᠦᠪᠰᠢᠨ ᠤ ᠲᠦᠷᠦᠭᠳᠡᠯ ᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃ ᠠᠵᠢᠯ | ᠣᠯᠭᠤᠯᠲᠠ ᠶᠢ ᠲᠣᠭᠲᠠᠭᠤᠨ ᠪᠠᠶᠢᠯᠭᠠᠬᠤ ᠶᠢ ᠲᠡᠷᠢᠭᠦᠨ ᠪᠠᠶᠢᠷᠢᠨ ᠳᠤ ᠲᠠᠯᠪᠢᠵᠤ᠂ ᠠᠵᠢᠯ ᠣᠯᠭᠤᠯᠲᠠ ᠶᠢᠨ ᠶᠡᠷᠦᠩᠬᠡᠢ ᠬᠡᠮᠵᠢᠶ᠎ᠡ ᠶᠢ ᠲᠣᠭᠲᠠᠪᠤᠷᠢᠵᠢᠭᠤᠯᠤᠨ᠂ | ᠠᠵᠢᠯ ᠣᠯᠭᠤᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠵᠦ᠂ ᠠᠵᠢᠯ ᠥᠬᠡᠶ ᠬᠡᠷ ᠪᠦᠯᠢ ᠶᠢᠨ ᠪᠠᠶᠢᠳᠠᠯ ᠢ ᠥᠬᠡᠶ ᠪᠣᠯᠭᠠᠬᠤ ᠶᠢ ᠦᠨᠡᠨᠬᠦ ᠪᠠᠲᠤᠯᠠᠬᠤ ᠬᠡᠷᠡᠭᠲᠡᠶ᠃ | 《ᠣᠭᠤᠷᠴᠠᠭ ᠬᠠᠷᠢᠶ᠎ᠠ ᠭᠠᠵᠠᠷ ᠤᠨ ᠠᠵᠤ ᠠᠬᠤᠢ》 ᠶᠢᠨ ᠦᠢᠯᠡᠰ ᠴᠣᠭᠴᠠᠯᠠᠵᠤ ᠰᠢᠨ᠎ᠡ ᠶᠢ ᠡᠭᠦᠳᠬᠦ ᠬᠦᠷᠢᠶᠡᠯᠡᠩ ᠪᠠ ᠪᠠᠶ᠋ᠬᠠᠣᠪᠤᠭ᠎ᠠ ᠶᠢᠨ ᠦᠢᠯᠡᠰ | ᠴᠣᠭᠴᠠᠯᠠᠬᠤ ᠬᠦᠷᠢᠶᠡᠯᠡᠩ ᠳᠤ ᠲᠦᠰᠢᠭᠯᠡᠨ᠂ ᠦᠢᠯᠡᠰ ᠴᠣᠭᠴᠠᠯᠠᠬᠤ ᠪᠠᠷ ᠠᠵᠢᠯ ᠣᠯᠭᠤᠯᠲᠠ ᠶᠢ ᠳᠠᠶᠢᠴᠢᠯᠠᠬᠤ ᠦᠢᠯᠡᠳᠦᠯ ᠢ ᠬᠠᠮᠤᠭ ᠶᠡᠭᠡ ᠬᠡᠮᠵᠢᠶ᠎ᠡ ᠪᠠᠷ | ᠪᠠᠳᠠᠷᠠᠭᠤᠯᠬᠤ ᠬᠡᠷᠡᠭᠲᠡᠢ᠃ ᠦᠨᠳᠦᠰᠦᠨ ᠠᠮᠢᠳᠤᠷᠠᠯ ᠤᠨ ᠬᠤᠷᠢᠭ᠎ᠠ ᠱᠤᠭᠤᠮ ᠢ ᠰᠠᠬᠢᠵᠤ᠂ ᠡᠯ᠎ᠡ ᠲᠦᠷᠦᠯ ᠤᠨ ᠪᠠᠭᠤᠷᠠᠶᠢᠴᠤᠤᠯ ᠤᠨ ᠪᠠᠲᠤᠯᠠᠭ᠎ᠠ ᠶᠢᠨ | ᠲᠦᠪᠰᠢᠨ ᠢ ᠳᠡᠭᠡᠭᠰᠢᠯᠡᠭᠦᠯᠬᠦ ᠬᠡᠷᠡᠭᠲᠡᠢ᠃ ᠨᠡᠶᠢᠭᠡᠮ ᠤᠨ ᠦᠢᠯᠡᠰ ᠤᠨ ᠡᠷᠬᠡ ᠲᠡᠭᠰᠢ ᠶᠠᠰᠤ ᠴᠢᠨᠠᠷ ᠢ ᠳᠡᠭᠡᠭᠰᠢᠯᠡᠭᠦᠯᠦᠨ ᠬᠥᠭᠵᠢᠬᠦ ᠶᠢ ᠠᠬᠢᠭᠤᠯᠵᠤ᠂ ᠠᠷᠠᠳ | ᠲᠦᠮᠡᠨ ᠳᠤ ᠲᠠᠭᠠᠰᠢᠶᠠᠭᠳᠠᠭᠰᠠᠨ ᠤᠳᠤ ᠦᠶ᠎ᠡ ᠶᠢᠨ ᠰᠤᠷᠭᠠᠨ ᠬᠥᠮᠦᠵᠢᠯ ᠢ ᠰᠠᠶᠢᠲᠤᠷ ᠡᠷᠬᠢᠯᠡᠬᠦ ᠬᠡᠷᠡᠭᠲᠡᠢ᠃ ᠡᠷᠡᠭᠦᠯ ᠮᠡᠨᠳᠦ ᠶᠢᠨ ᠪᠠᠶ᠋ᠬᠠᠣᠪᠤᠭ᠎ᠠ ᠶᠢᠨ | ᠪᠠᠶᠢᠭᠤᠯᠤᠯᠲᠠ ᠶᠢ ᠲᠦᠷᠭᠡᠳᠬᠡᠵᠦ᠂ ᠠᠭᠤᠷᠬᠠᠢ ᠶᠢᠨ ᠲᠣᠭᠤᠷᠢᠭ ᠤᠨ ᠣᠯᠠᠨ ᠲᠦᠮᠡᠨ ᠳᠤ ᠪᠦᠬᠦ ᠲᠠᠯ᠎ᠠ ᠶᠢᠨ᠂ ᠪᠦᠬᠦ ᠦᠶᠡᠯᠡᠯ ᠤᠨ ᠬᠤᠭᠤᠴᠠᠭᠠᠨ ᠤ ᠡᠷᠡᠭᠦᠯ | ᠮᠡᠨᠳᠦ ᠶᠢᠨ ᠪᠠᠲᠤᠯᠠᠭ᠎ᠠ ᠬᠠᠩᠭᠠᠨ᠎ᠠ᠃ ᠨᠡᠶᠢᠭᠡᠮ ᠤᠨ ᠠᠮᠤᠷ ᠲᠦᠪᠰᠢᠨ ᠲᠣᠭᠲᠠᠭᠤᠨ ᠢ ᠪᠦᠬᠦ ᠬᠦᠴᠦ ᠪᠠᠷ ᠬᠠᠮᠠᠭᠠᠯᠠᠵᠤ᠂ ᠬᠠᠤᠯᠢᠵᠢᠯ ᠤᠨ ᠵᠠᠰᠠᠭ ᠤᠨ | ᠣᠷᠳᠣᠨ᠂ ᠬᠠᠤᠯᠢᠵᠢᠯ ᠤᠨ ᠨᠡᠶᠢᠭᠡᠮ ᠤᠨ ᠪᠠᠶᠢᠭᠤᠯᠤᠯᠲᠠ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠬᠤ ᠬᠡᠷᠡᠭᠲᠡᠢ ᠭᠡᠵᠦ ᠱᠠᠭᠠᠷᠳᠠᠪᠠ᠃ | ᠪᠥᠬᠦᠳᠡ ᠬᠤᠷᠠᠯ ᠳᠤ᠂ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠬᠦᠴᠦᠯᠡᠨ ᠠᠬᠢᠭᠤᠯᠵᠤ᠂ ᠠᠵᠤ ᠠᠬᠤᠢ ᠶᠢᠨ ᠪᠦᠬᠦᠯᠢ ᠴᠣᠭᠴᠠ ᠶᠢᠨ | ᠦᠷᠢᠰᠦᠯᠳᠦᠬᠦ ᠬᠦᠴᠦᠨ ᠢ ᠪᠦᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠢ᠃ ᠤᠯᠠᠮᠵᠢᠯᠠᠯᠲᠤ ᠠᠵᠤ ᠦᠢᠯᠡᠰ ᠢ ᠬᠦᠴᠦᠷᠬᠡᠭᠵᠢᠭᠦᠯᠦᠨ ᠪᠤᠵᠠᠭᠠᠶᠢᠷᠠᠭᠤᠯᠵᠤ᠂ | 《ᠬᠡᠯᠬᠢᠶᠡᠨ ᠤ ᠳᠠᠷᠤᠭ᠎ᠠ ᠶᠢᠨ ᠳᠦᠷᠢᠮ》 ᠢ ᠪᠣᠳᠠᠲᠠᠶᠢᠵᠢᠭᠤᠯᠵᠤ᠂ ᠲᠥᠪᠯᠡᠷᠡᠭᠦᠯᠦᠨ ᠡᠷᠴᠢᠮᠵᠢᠭᠦᠯᠦᠨ ᠬᠥᠭᠵᠢᠭᠦᠯᠬᠦ ᠰᠢᠨ᠎ᠡ ᠪᠠᠶᠢᠷᠢᠰᠢᠯ ᠢ ᠪᠦᠷᠢᠯᠳᠦᠭᠦᠯᠬᠦ | ᠬᠡᠷᠡᠭᠲᠡᠢ᠃ ᠰᠢᠨ᠎ᠡ ᠨᠡᠮᠡᠭᠳᠡᠯ ᠤᠨ ᠲᠤᠶᠢᠯ ᠢ ᠪᠣᠶᠢᠵᠢᠭᠤᠯᠵᠤ᠂ ᠥᠪᠡᠷᠲᠡᠭᠡᠨ ᠵᠠᠰᠠᠬᠤ ᠣᠷᠣᠨ ᠤ ᠭᠠᠳᠠᠭᠠᠳᠤ ᠠᠴᠠ ᠣᠷᠣᠭᠤᠯᠬᠤ ᠡᠬᠢ ᠪᠠᠶᠠᠯᠢᠭ ᠢ ᠮᠠᠨ ᠤ | ᠲᠣᠭᠤᠷᠢᠭ ᠲᠤ ᠡᠳ᠋ᠰᠢᠭᠦᠯᠬᠦ᠂ ᠳᠠᠮᠵᠢᠭᠤᠯᠤᠨ ᠭᠦᠶᠯᠭᠡᠭᠡᠬᠦ ᠪᠠᠷ ᠢᠳᠡᠪᠬᠢᠯᠡᠨ ᠴᠢᠷᠮᠠᠶᠢᠬᠤ ᠬᠡᠷᠡᠭᠲᠡᠶ᠃《ᠣᠭᠤᠷᠴᠠᠭ ᠬᠠᠷᠢᠶ᠎ᠠ ᠭᠠᠵᠠᠷ ᠤᠨ ᠠᠵᠤ ᠠᠬᠤᠢ》 ᠶᠢ | ᠶᠡᠬᠡᠪᠡᠷ ᠬᠥᠭᠵᠢᠭᠦᠯᠵᠦ᠂ ᠤᠯᠤᠰ ᠤᠨ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠢ ᠪᠠᠶᠢᠭᠤᠯᠵᠤ᠂ ᠥᠪᠡᠷᠲᠡᠭᠡᠨ | ᠵᠠᠰᠠᠬᠤ ᠣᠷᠣᠨ ᠤ ᠳᠡᠭᠡᠳᠦ ᠰᠢᠨ᠎ᠡ ᠮᠡᠷᠭᠡᠵᠢᠯ ᠤᠨ ᠣᠨᠴᠠᠯᠢᠭᠲᠤ ᠠᠵᠤ ᠦᠢᠯᠡᠰ ᠤᠨ ᠰᠠᠭᠤᠷᠢᠨ ᠭᠠᠵᠠᠷ ᠢ ᠢᠳᠡᠪᠬᠢᠲᠡᠶ ᠪᠠᠷ ᠭᠤᠶᠤᠴᠢᠯᠠᠨ ᠮᠡᠳᠡᠭᠦᠯᠬᠦ | ᠬᠡᠷᠡᠭᠲᠡᠢ᠃ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠡᠷᠴᠢᠮ ᠢᠶᠠᠨ ᠨᠡᠮᠡᠭᠳᠡᠭᠦᠯᠵᠦ᠂ ᠬᠡᠪᠴᠢᠶᠡᠵᠢᠯ ᠲᠠᠢ᠂ ᠦᠷ᠎ᠡ ᠠᠰᠢᠭ ᠲᠠᠢ᠂ ᠳᠠᠶᠢᠴᠢᠯᠠᠬᠤ | ᠬᠦᠴᠦᠨ ᠲᠠᠢ ᠳᠠᠪᠠᠭᠤᠯᠢᠭ ᠠᠵᠤ ᠦᠶᠯᠡᠰ ᠢ ᠬᠦᠴᠦᠯᠡᠨ ᠪᠠᠶᠢᠭᠤᠯᠤᠨ᠎ᠠ᠃ ᠰᠢᠨ᠎ᠡ ᠶᠢ ᠡᠭᠦᠳᠬᠦ ᠬᠥᠳᠡᠯᠭᠡᠬᠦ ᠡᠨᠧᠷᠭᠢ ᠶᠢ ᠴᠢᠩᠭᠠᠳᠬᠠᠵᠤ᠂ ᠳᠤᠮᠳᠠᠳᠤ ᠤᠯᠤᠰ | ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠪᠠᠶ᠋ᠬᠠᠣᠪᠤᠭ᠎ᠠ ᠶᠢᠨ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠤᠨ ᠰᠢᠨᠵᠢᠯᠡᠬᠦ ᠤᠬᠠᠭᠠᠨ ᠤ ᠰᠤᠳᠤᠯᠭᠠᠨ | ᠤ ᠰᠠᠭᠤᠷᠢᠨ ᠭᠠᠵᠠᠷ ᠪᠠ ᠪᠤᠭᠤᠲᠤ ᠬᠤᠳᠠ ᠶᠢᠨ ᠬᠤᠪᠣᠷ ᠰᠢᠷᠣᠢ ᠶᠢᠨ ᠠᠵᠤ ᠦᠢᠯᠡᠰ ᠤᠨ ᠳᠤᠮᠳᠠ ᠲᠤᠷᠰᠢᠯᠲᠠ ᠶᠢᠨ ᠰᠠᠭᠤᠷᠢᠨ ᠭᠠᠵᠠᠷ ᠢ ᠲᠦᠷᠭᠡᠳᠬᠡᠨ | ᠪᠠᠶᠢᠭᠤᠯᠵᠤ᠂ ᠬᠠᠮᠵᠢᠯᠴᠠᠨ ᠰᠢᠨ᠎ᠡ ᠶᠢ ᠡᠭᠦᠳᠬᠦ ᠴᠣᠭᠴᠠ ᠶᠢ ᠬᠦᠴᠦᠯᠡᠨ ᠪᠠᠶᠢᠭᠤᠯᠬᠤ ᠬᠡᠷᠡᠭᠲᠡᠢ᠃ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ | ᠰᠢᠯᠢᠳᠡᠭᠵᠢᠭᠦᠯᠵᠦ᠂《ᠲᠠᠯᠪᠢᠬᠤ ᠬᠠᠮᠢᠶᠠᠷᠬᠤ ᠦᠶᠯᠡᠴᠢᠯᠡᠬᠦ》ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠵᠠᠰᠠᠭ ᠵᠠᠬᠢᠷᠭᠠᠨ ᠤ ᠬᠢᠨᠠᠨ | ᠵᠥᠪᠰᠢᠶᠡᠷᠡᠬᠦ᠂ ᠲᠥᠷᠥᠯ ᠵᠦᠶᠯ ᠢ ᠬᠢᠨᠠᠨ ᠵᠥᠪᠰᠢᠶᠡᠷᠡᠬᠦ ᠴᠠᠭ ᠤᠨ ᠬᠢᠵᠠᠭᠠᠷ ᠢ ᠤᠯᠠᠮ ᠨᠢᠭᠡ ᠠᠯᠬᠤᠮ ᠪᠣᠭᠤᠨᠢᠰᠬᠠᠬᠤ ᠬᠡᠷᠡᠭᠲᠡᠶ ᠭᠡᠵᠦ ᠵᠢᠭᠠᠵᠤ ᠭᠠᠷᠭᠠᠪᠠ᠃ | ᠬᠤᠷᠠᠯ ᠳᠤ᠂ ᠠᠮᠢ ᠠᠬᠤᠶ ᠶᠢᠨ ᠠᠮᠤᠷ ᠲᠦᠪᠰᠢᠨ ᠤ ᠬᠠᠯᠬᠠᠪᠴᠢ ᠶᠢ ᠪᠠᠲᠤ ᠴᠣᠭᠴᠠᠯᠠᠵᠤ᠂ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠶ ᠶᠢᠨ | ᠲᠥᠯᠥᠪᠵᠢᠭᠦᠯᠭᠡ ᠶᠢ ᠲᠦᠷᠭᠡᠪᠴᠢᠯᠡᠨ ᠨᠠᠶᠢᠷᠠᠭᠤᠯᠤᠨ ᠵᠣᠬᠢᠶᠠᠵᠤ ᠬᠡᠷᠡᠭᠵᠢᠭᠦᠯᠬᠦ ᠬᠡᠷᠡᠭᠲᠡᠶ᠃ ᠬᠤᠳᠠ ᠶᠢᠨ《ᠬᠤᠤᠰ ᠵᠠᠰᠠᠯᠲᠠ》 ᠶᠢᠨ ᠲᠤᠷᠰᠢᠯᠲᠠ ᠶᠢ | ᠭᠦᠨᠵᠡᠭᠡᠶ ᠲᠦᠯᠬᠢᠨ ᠠᠬᠢᠭᠤᠯᠵᠤ᠂ ᠠᠮᠢ ᠠᠬᠤᠶ ᠶᠢᠨ ᠪᠣᠬᠢᠷᠲᠤᠯ ᠦᠭᠡᠢ ᠪᠠᠷ ᠠᠷᠠᠳ ᠲᠤ ᠠᠰᠢᠭ ᠬᠦᠷᠲᠡᠭᠡᠬᠦ 12 ᠢᠨᠵᠧᠨᠧᠷᠢᠩ ᠡᠷᠲᠡᠬᠡᠨ ᠠᠰᠢᠭᠯᠠᠯᠲᠠ | ᠳᠤ ᠣᠷᠣᠬᠤ ᠶᠢ ᠠᠬᠢᠭᠤᠯᠤᠨ᠎ᠠ᠃ ᠶᠠᠩ ᠭᠤᠸᠠᠩ ᠰᠢᠨ ᠴᠧᠩ ᠰᠠᠭᠤᠭᠠᠯᠢ ᠠᠷᠠᠳ ᠤᠨ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠶᠯ ᠪᠠ | ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠤᠨ ᠥᠭᠡᠷᠡᠴᠢᠯᠡᠯᠲᠡ ᠶᠢ ᠯᠠᠪᠳᠠᠭᠤᠨ ᠢᠶᠠᠷ ᠲᠦᠯᠬᠢᠨ ᠠᠬᠢᠭᠤᠯᠵᠤ᠂ ᠬᠤᠲᠠ ᠲᠣᠭᠤᠷᠢᠭ ᠤᠨ ᠤᠰᠤ | ᠬᠠᠩᠭᠠᠬᠤ ᠤᠰᠤ ᠭᠠᠳᠠᠭᠰᠢᠯᠠᠭᠤᠯᠬᠤ᠂ ᠵᠠᠮ ᠤᠨ ᠲᠣᠣᠷᠵᠢᠯ ᠤᠨ ᠰᠢᠰᠲ᠋ᠧᠮᠵᠢ ᠶᠢ ᠲᠡᠭᠦᠯᠳᠡᠷᠵᠢᠭᠦᠯᠦᠨ᠂ ᠤᠰᠤ ᠴᠡᠪᠡᠷᠰᠢᠭᠦᠯᠬᠦ ᠦᠶᠯᠡᠳᠪᠦᠷᠢ ᠶᠢᠨ ᠡᠷᠡᠭᠦᠯ | ᠤᠰᠤ᠂ ᠰᠢᠭᠤᠳ ᠤᠤᠭᠤᠬᠤ ᠤᠰᠤᠨ ᠤ ᠢᠨᠵᠧᠨᠧᠷᠢᠩ ᠢ ᠬᠡᠷᠡᠭᠵᠢᠭᠦᠯᠵᠦ᠂ ᠰᠢᠲᠠᠮᠠᠬᠠᠢ ᠬᠡᠢ ᠶᠢ ᠡᠷᠦᠬᠡ ᠳᠤ ᠣᠷᠣᠭᠤᠯᠬᠤ ᠶᠢ ᠲᠦᠷᠭᠡᠳᠬᠡᠨ᠎ᠡ᠃ ᠬᠤᠲᠠ | ᠲᠣᠭᠤᠷᠢᠭ ᠤᠨ ᠣᠷᠴᠢᠨ ᠲᠣᠭᠤᠷᠢᠨ ᠤ ᠶᠡᠷᠦᠩᠬᠡᠶᠢᠯᠡᠨ ᠴᠡᠭᠴᠡᠯᠡᠨ ᠵᠠᠰᠠᠬᠤ ᠶᠢ ᠴᠢᠩᠭᠠᠳᠬᠠᠵᠤ᠂《ᠭᠤᠷᠪᠠᠨ ᠬᠠᠩᠭᠠᠯᠭ᠎ᠠ ᠨᠢᠭᠡ ᠦᠶᠯᠡᠰ》 ᠤᠨ | ᠬᠠᠮᠢᠶᠠᠷᠤᠯᠲᠠ ᠬᠠᠮᠠᠭᠠᠯᠠᠯᠲᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠵᠦ᠂ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠬᠤ ᠪᠠ ᠡᠬᠢ | ᠪᠠᠶᠠᠯᠢᠭᠵᠢᠭᠤᠯᠤᠨ ᠠᠰᠢᠭᠯᠠᠬᠤ ᠠᠵᠢᠯ ᠢ ᠡᠬᠢᠯᠡᠭᠦᠯᠦᠨ᠎ᠡ᠃《ᠤᠶᠤᠨᠲᠤ ᠬᠤᠲᠠ》 ᠶᠢᠨ ᠣᠷᠴᠢᠨ ᠲᠣᠭᠤᠷᠢᠨ ᠤ ᠬᠠᠮᠠᠭᠠᠯᠠᠯᠲᠠ᠂ ᠬᠤᠲᠠ ᠶᠢᠨ | ᠬᠠᠮᠢᠶᠠᠷᠤᠯᠲᠠ᠂ ᠢᠳᠡᠭᠡᠨ ᠪᠠ ᠡᠮ ᠤᠨ ᠵᠦᠶᠯ ᠤᠨ ᠬᠢᠨᠠᠯᠲᠠ ᠬᠠᠮᠢᠶᠠᠷᠤᠯᠲᠠ ᠵᠡᠷᠭᠡ ᠬᠦᠷᠢᠶ᠎ᠡ ᠴᠠᠷᠠᠭ᠎ᠠ ᠶᠢᠨ ᠬᠡᠷᠡᠭᠯᠡᠯᠲᠡ ᠶᠢ ᠰᠦᠪᠡᠭᠴᠢᠯᠡᠵᠦ᠂ 5G ᠶᠢᠨ | ᠰᠠᠭᠤᠷᠢ ᠥᠷᠲᠡᠭᠡ ᠶᠢ ᠪᠠᠶᠢᠭᠤᠯᠵᠤ᠂ ᠪᠥᠬᠦ ᠬᠤᠲᠠ ᠳᠤ 5G ᠰᠦᠯᠵᠢᠶ᠎ᠡ ᠶᠢ ᠪᠦᠷᠢᠨ ᠪᠦᠷᠬᠦᠭᠦᠯᠬᠦ ᠶᠢ ᠡᠩ ᠲᠡᠷᠢᠭᠦᠨ ᠳᠤ ᠪᠡᠶᠡᠯᠡᠭᠦᠯᠬᠦ ᠪᠠᠷ ᠴᠢᠷᠮᠠᠶᠢᠵᠤ᠂ | ᠠᠭᠤᠯᠠ ᠨᠢ ᠬᠥᠬᠡᠮᠳᠦᠭ ᠤᠰᠤ ᠨᠢ ᠲᠤᠩᠭᠠᠯᠠᠭ ᠣᠷᠣᠰᠢᠨ ᠠᠮᠢᠳᠤᠷᠠᠬᠤ ᠳᠤ ᠲᠣᠬᠢᠷᠠᠮᠵᠢᠲᠠᠶ ᠪᠠᠶ᠋ᠬᠠᠣᠪᠤᠭ᠎ᠠ ᠶᠢ ᠪᠠᠶᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ | | ᠪᠥᠬᠦᠳᠡ ᠬᠤᠷᠠᠯ ᠳᠤ᠂ ᠪᠥᠬᠦ ᠲᠣᠭᠤᠷᠢᠭ ᠤᠨ ᠳᠡᠭᠡᠳᠦ ᠳᠣᠤᠷᠠᠳᠤ ᠱᠠᠲᠤ ᠬᠠᠷᠠᠯᠲᠠ ᠡᠭᠦᠷᠭᠡ ᠳᠤ ᠠᠩᠬᠠᠷᠤᠯ ᠢᠶᠠᠨ ᠲᠥᠪᠯᠡᠷᠡᠭᠦᠯᠵᠦ᠂ ᠤᠯᠤᠰ | ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠦᠨ᠂《ᠬᠤᠶᠠᠷ ᠢ ᠬᠠᠮᠠᠭᠠᠯᠠᠬᠤ》 ᠶᠢ ᠪᠡᠶᠡᠯᠡᠭᠦᠯᠬᠦ ᠶᠢ ᠬᠠᠮᠤᠭ ᠤᠨ ᠦᠨᠳᠦᠰᠦᠨ ᠨᠠᠶᠢᠳᠠᠪᠤᠷᠢᠵᠢᠭᠤᠯᠤᠯᠲᠠ ᠶᠢᠨ | ᠴᠢᠬᠤᠯᠠ ᠵᠦᠶᠯ ᠪᠣᠯᠭᠠᠵᠤ᠂ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠶ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠣᠷᠢᠭ | ᠰᠠᠨᠠᠭ᠎ᠠ ᠪᠠ ᠨᠠᠮ ᠤᠨ ᠲᠥᠪ ᠬᠤᠷᠢᠶᠠᠨ ᠤ ᠰᠢᠶᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠲᠠᠢ ᠪᠥᠬᠦ ᠲᠠᠯ᠎ᠠ ᠪᠠᠷ ᠣᠨᠣᠪᠴᠢᠲᠠᠶ ᠬᠠᠷᠭᠤᠭᠤᠯᠵᠤ᠂ ᠣᠭ | ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠤᠷᠤᠭᠰᠢᠯᠠᠨ ᠳᠠᠪᠰᠢᠬᠤ ᠵᠣᠷᠢᠭ᠂ ᠵᠠᠮ ᠨᠡᠭᠡᠭᠡᠨ ᠰᠢᠨ᠎ᠡ ᠶᠢ ᠡᠭᠦᠳᠬᠦ ᠪᠠ ᠰᠢᠷᠭᠠᠭᠤ ᠬᠠᠲᠠᠭᠤᠵᠢᠯᠲᠠᠶ ᠠᠵᠢᠯᠯᠠᠬᠤ | ᠵᠣᠷᠢᠭ ᠰᠠᠨᠠᠭ᠎ᠠ᠂ ᠦᠨᠡᠨᠬᠦ ᠠᠳᠬᠤᠨ ᠪᠣᠳᠠᠲᠠᠶ ᠠᠵᠢᠯᠯᠠᠬᠤ ᠤᠬᠠᠮᠰᠠᠷᠲᠤ ᠠᠵᠢᠯᠯᠠᠭ᠎ᠠ ᠪᠣᠯᠭᠠᠨ ᠬᠤᠪᠢᠷᠠᠭᠤᠯᠵᠤ᠂ ᠪᠣᠳᠠᠲᠠᠶ ᠲᠠᠢ ᠪᠠᠨ ᠤᠶᠠᠯᠳᠤᠭᠤᠯᠤᠨ | ᠪᠦᠲᠦᠭᠡᠯᠴᠢ ᠪᠠᠷ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠬᠤ ᠬᠡᠷᠡᠭᠲᠡᠶ᠃ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠶᠢ | ᠤᠷᠮᠠᠰᠢᠭᠤᠯᠤᠨ ᠵᠣᠷᠢᠭᠵᠢᠭᠤᠯᠬᠤ ᠲᠣᠭᠲᠠᠴᠠ ᠶᠢ ᠲᠡᠭᠦᠯᠳᠡᠷᠵᠢᠭᠦᠯᠵᠦ᠂《ᠭᠤᠷᠪᠠ ᠶᠢ ᠢᠯᠭᠠᠨ ᠰᠠᠯᠭᠠᠬᠤ》ᠱᠠᠭᠠᠷᠳᠠᠯᠭ᠎ᠠ ᠶᠢ ᠪᠦᠬᠦ ᠲᠠᠯ᠎ᠠ ᠪᠠᠷ | ᠨᠠᠶᠢᠳᠠᠪᠤᠷᠢᠵᠢᠭᠤᠯᠵᠤ᠂ ᠦᠨᠳᠦᠰᠦᠨ ᠱᠠᠲᠤᠨ ᠤ ᠳᠠᠷᠤᠭᠠᠰᠤ ᠶᠢ ᠤᠯᠠᠮ ᠨᠢᠭᠡ ᠠᠯᠬᠤᠮ ᠬᠥᠩᠭᠡᠷᠡᠭᠦᠯᠵᠦ᠂《ᠲᠦᠷᠪᠡᠨ ᠵᠦᠶᠯ ᠤᠨ ᠬᠡᠯᠪᠡᠷᠢ ᠪᠠᠶᠢᠳᠠᠯ》 ᠢ | ᠶᠡᠷᠦᠩᠬᠡᠶᠢᠯᠡᠨ ᠬᠡᠷᠡᠭᠯᠡᠵᠦ᠂ ᠺᠠᠳ᠋ᠷ ᠤᠨ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠭᠰᠠᠨ ᠪᠠᠶᠢᠳᠠᠯ ᠢ ᠤᠯᠤᠰ ᠲᠦᠷᠦ ᠶᠢᠨ ᠴᠠᠭᠳᠠᠨ | ᠪᠠᠶᠢᠴᠠᠭᠠᠯᠲᠠ ᠶᠢ ᠭᠦᠨᠵᠡᠭᠡᠶᠢᠷᠡᠭᠦᠯᠬᠦ ᠴᠢᠬᠤᠯᠠ ᠠᠭᠤᠯᠭ᠎ᠠ ᠳᠤ ᠣᠷᠣᠭᠤᠯᠵᠤ᠂ ᠦᠨᠡᠨᠴᠢ ᠰᠢᠳᠤᠷᠭᠤ ᠠᠷᠢᠭᠤᠨ ᠴᠢᠬᠡᠴᠢ ᠬᠠᠷᠢᠭᠤᠴᠠᠯᠭ᠎ᠠ ᠡᠭᠦᠷᠭᠡᠯᠡᠬᠦ | ᠲᠡᠷᠢᠭᠦᠨ ᠤ ᠨᠡᠶᠢᠲᠡᠯᠢᠭ ᠵᠢᠱᠢᠶ᠎ᠡ ᠶᠢ ᠶᠡᠭᠡ ᠪᠠᠷ ᠰᠣᠩᠭᠤᠨ ᠪᠤᠢ ᠪᠣᠯᠭᠠᠬᠤ ᠬᠡᠷᠡᠭᠲᠡᠶ᠃ ᠨᠠᠮ ᠤᠨ ᠪᠠᠶᠢᠭᠤᠯᠤᠯᠲᠠ ᠶᠢ ᠪᠥᠬᠦ ᠲᠠᠯ᠎ᠠ ᠪᠠᠷ ᠴᠢᠩᠭᠠᠳᠬᠠᠵᠤ᠂ ᠡᠯ᠎ᠡ | ᠲᠥᠷᠥᠯ ᠵᠥᠢᠯ ᠤᠨ ᠡᠭᠦᠷᠭᠡ ᠬᠠᠷᠢᠭᠤᠴᠠᠯᠭ᠎ᠠ ᠶᠢ ᠪᠡᠶᠡᠯᠡᠭᠦᠯᠬᠦ ᠶᠢ ᠪᠠᠲᠤ ᠪᠠᠬᠢ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠬᠠᠩᠭᠠᠬᠤ ᠬᠡᠷᠡᠭᠲᠡᠢ᠃ ᠵᠢᠯ ᠤᠨ | ᠡᠴᠦᠰ ᠣᠨ ᠤ ᠡᠬᠢᠨ ᠤ ᠠᠷᠠᠳ ᠤᠨ ᠠᠮᠢᠳᠤᠷᠠᠯ ᠤᠨ ᠬᠤᠷᠢᠭ᠎ᠠ ᠱᠤᠭᠤᠮ᠂ ᠠᠷᠠᠳ ᠣᠯᠠᠨ ᠤ ᠳᠤᠯᠠᠭᠠᠯᠠᠭ᠎ᠠ ᠶᠢᠨ ᠪᠠᠲᠤᠯᠠᠭ᠎ᠠ᠂ ᠪᠠᠶᠠᠷ ᠳᠤᠷᠠᠰᠬᠠᠯ ᠤᠨ | ᠡᠳᠦᠷ ᠤᠨ ᠵᠠᠬ᠎ᠠ ᠳᠡᠯᠭᠡᠭᠦᠷ ᠤᠨ ᠪᠠᠲᠤᠯᠠᠭ᠎ᠠ᠂ ᠨᠡᠶᠢᠲᠡ ᠶᠢᠨ ᠠᠮᠤᠷ ᠲᠥᠪᠰᠢᠨ ᠤ ᠵᠠᠰᠠᠯᠲᠠ᠂ ᠪᠠᠶᠠᠷ ᠳᠤᠷᠠᠰᠬᠠᠯ ᠤᠨ ᠡᠳᠦᠷ ᠤᠨ ᠬᠤᠭᠤᠴᠠᠭᠠᠨ ᠳᠠᠬᠢ | ᠪᠠᠴᠢᠮ ᠪᠠᠶᠢᠳᠠᠯ ᠢ ᠠᠷᠭᠠᠴᠠᠭᠠᠬᠤ ᠵᠢᠵᠢᠭᠦᠷᠯᠡᠯ᠂ ᠨᠡᠶᠢᠭᠡᠮ ᠤᠨ ᠲᠣᠭᠲᠠᠭᠤᠨ ᠢ ᠪᠠᠲᠤᠯᠠᠬᠤ ᠵᠡᠷᠭᠡ ᠡᠯ᠎ᠡ ᠴᠢᠬᠤᠯᠠ ᠠᠵᠢᠯ ᠢ ᠪᠠᠲᠤᠲᠠᠢ ᠬᠢᠬᠦ ᠬᠡᠷᠡᠭᠲᠡᠢ ᠭᠡᠵᠦ | ᠱᠠᠭᠠᠷᠳᠠᠪᠠ᠃ | ᠪᠥᠬᠦᠳᠡ ᠬᠤᠷᠠᠯ ᠳᠤ《ᠳᠤᠮᠳᠠᠳᠤ ᠤᠯᠤᠰ ᠤᠨ ᠡᠪ ᠬᠠᠮᠲᠤ ᠨᠠᠮ ᠤᠨ ᠲᠦᠷᠢᠮ》ᠪᠣᠯᠤᠨ《ᠳᠤᠮᠳᠠᠳᠤ ᠤᠯᠤᠰ ᠤᠨ ᠡᠪ ᠬᠠᠮᠲᠤ ᠨᠠᠮ ᠤᠨ ᠣᠷᠣᠨ | ᠨᠤᠲᠤᠭ ᠤᠨ ᠨᠠᠮ ᠤᠨ ᠬᠤᠷᠢᠶᠠᠨ ᠤ ᠠᠵᠢᠯ ᠤᠨ ᠲᠦᠷᠢᠮ》 ᠢ ᠦᠨᠳᠦᠰᠦᠯᠡᠵᠦ᠂ ᠹᠸᠢ ᠰᠢᠶᠤᠤ ᠳ᠋ᠦᠩ ᠨᠥᠬᠦᠷ ᠤᠨ ᠲᠣᠭᠤᠷᠢᠭ ᠤᠨ ᠨᠠᠮ ᠤᠨ ᠬᠤᠷᠢᠶᠠᠨ ᠤ | ᠭᠡᠰᠢᠭᠦᠨ ᠤ ᠲᠤᠰᠢᠶᠠᠯ᠂ ᠯᠢ ᠯᠸᠢ ᠨᠥᠬᠦᠷ ᠤᠨ ᠲᠣᠭᠤᠷᠢᠭ ᠤᠨ ᠨᠠᠮ ᠤᠨ ᠬᠤᠷᠢᠶᠠᠨ ᠤ ᠣᠷᠣᠯᠠᠭᠴᠢ ᠭᠡᠰᠢᠭᠦᠨ ᠤ ᠲᠤᠰᠢᠶᠠᠯ ᠠᠴᠠ ᠪᠠᠭᠤᠯᠭᠠᠬᠤ ᠪᠠᠷ | ᠲᠣᠭᠲᠠᠭᠠᠵᠤ᠂ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠭᠠᠷᠭᠠᠭᠰᠠᠨ ᠴᠧᠨ ᠬᠠᠶ ᠴᠢᠨ ᠨᠥᠬᠦᠷ ᠲᠤ ᠨᠠᠮ ᠤᠨ ᠳᠣᠲᠣᠭᠠᠳᠤ | ᠶᠢᠨ ᠲᠤᠰᠢᠶᠠᠯ ᠢ ᠤᠭᠴᠠᠷᠠᠭᠤᠯᠬᠤ ᠰᠢᠳᠬᠡᠯ ᠥᠭᠬᠦ ᠰᠢᠢᠳᠪᠦᠷᠢ ᠶᠢ ᠨᠡᠬᠡᠮᠵᠢᠯᠡᠨ ᠥᠭᠬᠦ ᠪᠠᠷ ᠲᠣᠭᠲᠠᠪᠠ᠃ | ᠪᠦᠬᠦᠳᠡ ᠬᠤᠷᠠᠯ ᠳᠤ᠂ ᠪᠦᠬᠦ ᠲᠣᠭᠤᠷᠢᠭ ᠤᠨ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠤᠨ ᠥᠷᠭᠡᠨ ᠤᠯᠠᠨ ᠨᠠᠮ ᠤᠨ ᠭᠡᠰᠢᠭᠦᠨ | ᠺᠠᠳ᠋ᠷ ᠤᠯᠠᠨ ᠲᠦᠮᠡᠨ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ᠂ ᠰᠢ | ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠵᠤ᠂ | ᠢᠲᠡᠭᠡᠯ ᠵᠣᠷᠢᠭ ᠢᠶᠠᠨ ᠪᠠᠲᠤᠳᠬᠠᠵᠤ᠂ ᠬᠠᠷᠢᠯᠴᠠᠨ ᠬᠠᠪᠰᠤᠷᠤᠯᠴᠠᠵᠤ᠂ ᠡᠷᠡᠮᠡᠬᠡᠶᠢᠯᠡᠨ ᠲᠡᠮᠡᠴᠡᠵᠦ᠂ ᠮᠣᠩᠭᠤᠯ ᠮᠣᠷᠢᠨ ᠤ ᠵᠣᠷᠢᠭ ᠰᠠᠨᠠᠭ᠎ᠠ ᠶᠢ ᠶᠡᠬᠡᠪᠡᠷ | ᠪᠠᠳᠠᠷᠠᠭᠤᠯᠵᠤ᠂ ᠰᠢᠨ᠎ᠡ ᠴᠠᠭ ᠦᠶ᠎ᠡ ᠶᠢᠨ ᠨᠢᠭᠡᠳᠦᠭᠡᠷ ᠵᠠᠭᠤᠨ ᠵᠢᠯ ᠤᠨ ᠲᠡᠮᠡᠴᠡᠬᠦ ᠬᠠᠷᠠᠯᠲᠠ ᠶᠢ ᠪᠡᠶᠡᠯᠡᠭᠦᠯᠬᠦ ᠶᠢᠨ ᠲᠥᠯᠥᠭᠡ ᠴᠥᠬᠦᠷᠡᠰᠢ ᠦᠭᠡᠢ | ᠲᠡᠮᠡᠴᠡᠰᠦᠭᠡᠢ ᠭᠡᠵᠦ ᠤᠷᠢᠶᠠᠯᠠᠪᠠ︕ |