ᠳᠤᠮᠳᠠᠳᠤ ᠤᠯᠤᠰ ᠤᠨ ᠡᠪ ᠬᠠᠮᠲᠤ ᠨᠠᠮ ᠤᠨ ᠪᠠᠶ᠋ᠬᠠᠣᠪᠤᠭ᠎ᠠ ᠠᠭᠤᠷᠬᠠᠢ ᠶᠢᠨ ᠲᠣᠭᠤᠷᠢᠭ ᠤᠨ ᠠᠷᠪᠠᠨ ᠨᠢᠭᠡᠳᠦᠭᠡᠷ | ᠬᠤᠭᠤᠴᠠᠭᠠᠨ ᠤ ᠨᠠᠮ ᠤᠨ ᠬᠤᠷᠢᠶᠠᠨ ᠤ ᠨᠠᠶᠮᠠᠳᠤᠭᠠᠷ ᠪᠥᠬᠦᠳᠡ ᠬᠤᠷᠠᠯ ᠤᠨ ᠠᠯᠪᠠᠨ ᠮᠡᠳᠡᠭᠡ | ᠳᠤᠮᠳᠠᠳᠤ ᠤᠯᠤᠰ ᠤᠨ ᠡᠪ ᠬᠠᠮᠲᠤ ᠨᠠᠮ ᠤᠨ ᠪᠠᠶ᠋ᠬᠠᠣᠪᠤᠭ᠎ᠠ ᠠᠭᠤᠷᠬᠠᠢ ᠶᠢᠨ ᠲᠣᠭᠤᠷᠢᠭ ᠤᠨ ᠠᠷᠪᠠᠨ ᠨᠢᠭᠡᠳᠦᠭᠡᠷ | ᠬᠤᠭᠤᠴᠠᠭᠠᠨ ᠤ ᠨᠠᠮ ᠤᠨ ᠬᠤᠷᠢᠶ᠎ᠠ | ᠨᠠᠶᠮᠠᠳᠤᠭᠠᠷ ᠪᠥᠬᠦᠳᠡ ᠬᠤᠷᠠᠯ ᠤᠨ ᠠᠯᠪᠠᠨ ᠮᠡᠳᠡᠭᠡ | ︵2020 ᠣᠨ ᠤ 1 ᠰᠠᠷ᠎ᠠ ᠶᠢᠨ 3 ᠤ ᠡᠳᠦᠷ︶ | ᠳᠤᠮᠳᠠᠳᠤ ᠤᠯᠤᠰ ᠤᠨ ᠡᠪ ᠬᠠᠮᠲᠤ ᠨᠠᠮ ᠤᠨ ᠪᠠᠶ᠋ᠬᠠᠣᠪᠤᠭ᠎ᠠ ᠠᠭᠤᠷᠬᠠᠢ ᠶᠢᠨ ᠲᠣᠭᠤᠷᠢᠭ ᠤᠨ ᠠᠷᠪᠠᠨ ᠨᠢᠭᠡᠳᠦᠭᠡᠷ | ᠬᠤᠭᠤᠴᠠᠭᠠᠨ ᠤ ᠨᠠᠮ ᠤᠨ ᠬᠤᠷᠢᠶᠠᠨ ᠤ ᠨᠠᠶᠮᠠᠳᠤᠭᠠᠷ ᠪᠥᠬᠦᠳᠡ ᠬᠤᠷᠠᠯ ᠵᠢᠴᠢ ᠪᠥᠬᠦ ᠲᠣᠭᠤᠷᠢᠭ ᠤᠨ ᠠᠵᠤ ᠠᠬᠤᠶ ᠶᠢᠨ | ᠠᠵᠢᠯ ᠤᠨ ᠬᠤᠷᠠᠯ 2020 ᠣᠨ ᠤ 1 ᠰᠠᠷ᠎ᠠ ᠶᠢᠨ 3 ᠤ ᠡᠳᠦᠷ ᠬᠤᠷᠠᠯᠳᠤᠪᠠ᠃ | ᠬᠤᠷᠠᠯ ᠳᠤ 25 ᠲᠣᠭᠤᠷᠢᠭ ᠤᠨ ᠨᠠᠮ ᠤᠨ ᠬᠤᠷᠢᠶᠠᠨ ᠤ ᠭᠡᠰᠢᠭᠦᠨ ᠣᠷᠣᠯᠴᠠᠪᠠ᠃ ᠲᠣᠭᠤᠷᠢᠭ ᠤᠨ ᠬᠤᠯᠪᠣᠭᠳᠠᠯ | ᠪᠥᠬᠦᠶ ᠤᠳᠤᠷᠢᠳᠤᠯᠭ᠎ᠠ᠂ ᠲᠣᠭᠤᠷᠢᠭ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ | ᠤᠳᠤᠷᠢᠳᠬᠤ ᠪᠠᠭ ᠤᠨ ᠪᠦᠷᠢᠯᠳᠦᠬᠦᠨ᠂ ᠬᠤᠯᠪᠣᠭᠳᠠᠯ ᠪᠥᠬᠦᠶ ᠲᠠᠯ᠎ᠠ ᠶᠢᠨ ᠬᠠᠷᠢᠭᠤᠴᠠᠯᠭᠠᠲᠠᠨ᠂ ᠠᠷᠠᠳ ᠤᠨ ᠡᠵᠡᠩᠨᠡᠯᠲᠡ | ᠶᠢᠨ ᠬᠡᠰᠡᠭ ᠠᠵᠤ ᠠᠬᠤᠶᠢᠯᠠᠯ ᠤᠨ ᠭᠤᠤᠯ ᠬᠠᠷᠢᠭᠤᠴᠠᠯᠭᠠᠲᠠᠨ ᠪᠠ ᠦᠨᠳᠦᠰᠦᠨ ᠱᠠᠲᠤᠨ ᠤ ᠨᠠᠮ ᠤᠨ ᠲᠥᠯᠥᠭᠡᠯᠡᠭᠴᠢ | ᠬᠤᠷᠠᠯ ᠳᠤ ᠰᠤᠯᠠ ᠣᠷᠣᠯᠴᠠᠪᠠ᠃ | | ᠪᠥᠬᠦᠳᠡ ᠬᠤᠷᠠᠯ ᠢ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠡᠷᠬᠢᠯᠡᠪᠡ᠃ ᠲᠣᠭᠤᠷᠢᠭ ᠤᠨ | ᠨᠠᠮ ᠤᠨ ᠬᠤᠷᠢᠶᠠᠨ ᠤ ᠱᠦᠵᠢ ᠵᠠᠩ ᠶᠦᠩ ᠳ᠋ᠦᠩ᠂ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ | ᠤᠨ ᠵᠠᠰᠠᠭ ᠤᠨ ᠣᠷᠳᠣᠨ ᠤ ᠳᠠᠷᠤᠭ᠎ᠠ ᠬᠤᠸᠠᠩ ᠮᠢᠨ ᠲᠣᠰ ᠲᠣᠰ ᠶᠠᠷᠢᠶ᠎ᠠ ᠲᠠᠯᠪᠢᠪᠠ᠃ | | ᠪᠥᠬᠦᠳᠡ ᠬᠤᠷᠠᠯ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠥᠬᠦᠶ | ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠠ | ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ ᠪᠥᠬᠦᠳᠡ | ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠲᠥᠪ ᠤᠨ ᠠᠵᠤ ᠠᠬᠤᠶ ᠶᠢᠨ ᠠᠵᠢᠯ ᠤᠨ | ᠬᠤᠷᠠᠯᠳᠤᠭᠠᠨ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠷᠪᠠᠳᠤᠭᠠᠷ ᠬᠤᠭᠤᠴᠠᠭᠠᠨ ᠤ ᠠᠷᠪᠠᠨ | ᠨᠢᠭᠡᠳᠦᠭᠡᠷ ᠪᠥᠬᠦᠳᠡ ᠬᠤᠷᠠᠯ ᠵᠢᠴᠢ ᠪᠦᠬᠦ ᠣᠷᠣᠨ ᠤ ᠠᠵᠤ ᠠᠬᠤᠶ ᠶᠢᠨ ᠠᠵᠢᠯ ᠤᠨ ᠬᠤᠷᠠᠯᠳᠤᠭᠠᠨ ᠤ ᠵᠣᠷᠢᠭ ᠰᠠᠨᠠᠭ᠎ᠠ | ᠪᠣᠯᠤᠨ ᠬᠤᠲᠠ ᠶᠢᠨ ᠨᠠᠮ ᠤᠨ ᠬᠤᠷᠢᠶᠠᠨ ᠤ ᠠᠷᠪᠠᠨ ᠬᠤᠶᠠᠳᠤᠭᠠᠷ ᠬᠤᠭᠤᠴᠠᠭᠠᠨ ᠤ ᠠᠷᠪᠠᠨ ᠨᠢᠭᠡᠳᠦᠭᠡᠷ ᠤᠳᠠᠭᠠᠨ ᠤ | ᠪᠥᠬᠦᠳᠡ ᠬᠤᠷᠠᠯ ᠵᠢᠴᠢ ᠪᠦᠬᠦ ᠬᠤᠲᠠ ᠶᠢᠨ ᠠᠵᠤ ᠠᠬᠤᠶ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠬᠢᠨᠠᠮᠠᠭᠠᠶ | ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠵᠠᠩ ᠶᠦᠩ ᠳ᠋ᠦᠩ ᠤᠨ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ | ᠬᠤᠷᠢᠶ᠎ᠠ ᠶᠢᠨ ᠨᠠᠶᠢᠳᠠᠯᠭ᠎ᠠ ᠪᠠᠷ ᠬᠢᠭᠰᠡᠨ ᠠᠵᠢᠯ ᠤᠨ ᠢᠯᠡᠳᠬᠡᠯ ᠢ ᠰᠣᠨᠣᠰᠴᠤ ᠶᠠᠷᠢᠯᠴᠠᠪᠠ᠃《ᠳᠤᠮᠳᠠᠳᠤ ᠤᠯᠤᠰ ᠤᠨ ᠡᠪ | ᠬᠠᠮᠲᠤ ᠨᠠᠮ ᠤᠨ ᠪᠠᠶ᠋ᠬᠠᠣᠪᠤᠭ᠎ᠠ ᠠᠭᠤᠷᠬᠠᠢ ᠶᠢᠨ ᠲᠣᠭᠤᠷᠢᠭ ᠤᠨ ᠨᠠᠮ ᠤᠨ ᠬᠤᠷᠢᠶ᠎ᠠ〈ᠲᠥᠪ ᠬᠤᠷᠢᠶᠠᠨ ᠤ ᠳᠤᠮᠳᠠᠳᠤ | ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠪᠠᠶᠢᠭᠤᠯᠤᠯ ᠢ ᠪᠠᠶᠢᠭᠤᠯᠤᠨ ᠲᠡᠭᠦᠯᠳᠡᠷᠵᠢᠭᠦᠯᠵᠦ ᠤᠯᠤᠰ ᠤᠨ ᠵᠠᠰᠠᠯᠲᠠ | ᠶᠢᠨ ᠰᠢᠰᠲ᠋ᠧᠮ ᠪᠣᠯᠤᠨ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠠᠬᠢᠭᠤᠯᠬᠤ ᠴᠢᠬᠤᠯᠠ ᠶᠡᠭᠡ ᠠᠰᠠᠭᠤᠳᠠᠯ | ᠤᠳ ᠤᠨ ᠲᠤᠬᠠᠶ ᠰᠢᠢᠳᠪᠦᠷᠢ〉 ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠬᠤ ᠲᠤᠬᠠᠶ ᠬᠡᠷᠡᠭᠵᠢᠭᠦᠯᠬᠦ ᠰᠠᠨᠠᠯ》 ᠢ ᠬᠢᠨᠠᠨ | ᠵᠥᠪᠯᠡᠵᠦ ᠪᠠᠲᠤᠯᠠᠵᠤ᠂ 2020 ᠣᠨ ᠤ ᠠᠵᠤ ᠠᠬᠤᠶ ᠶᠢᠨ ᠠᠵᠢᠯ ᠢ ᠪᠠᠶᠢᠷᠢᠯᠠᠭᠤᠯᠪᠠ᠃ ᠵᠠᠩ ᠶᠦᠩ | ᠳ᠋ᠦᠩ《ᠬᠡᠷᠡᠭᠵᠢᠭᠦᠯᠬᠦ ᠰᠠᠨᠠᠯ ︵ᠶᠠᠷᠢᠯᠴᠠᠬᠤ ᠨᠤᠤᠷᠠᠭ︶》 ᠤᠨ ᠲᠤᠬᠠᠶ ᠪᠥᠬᠦᠳᠡ ᠬᠤᠷᠠᠯ ᠳᠤ ᠲᠣᠳᠣᠷᠬᠠᠶᠢᠯᠠᠯᠲᠠ ᠬᠢᠪᠡ | ᠃ | ᠪᠥᠬᠦᠳᠡ ᠬᠤᠷᠠᠯ ᠳᠤ᠂ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠨᠢᠭᠡ ᠵᠢᠯ ᠤᠨ | ᠲᠤᠷᠰᠢᠬᠢ ᠠᠵᠢᠯ ᠢ ᠭᠦᠶᠴᠡᠳ ᠪᠠᠲᠤᠯᠠᠪᠠ᠃ ᠲᠣᠭᠤᠷᠢᠭ ᠤᠨ ᠨᠠᠮ ᠤᠨ ᠬᠤᠷᠢᠶ᠎ᠠ ᠢᠮᠠᠭᠲᠠ《ᠬᠤᠶᠠᠷ ᠢ | ᠬᠠᠮᠠᠭᠠᠯᠠᠬᠤ》 ᠶᠢ ᠡᠷᠡᠰ ᠦᠶᠯᠡᠳᠦᠯᠭᠡᠵᠢᠭᠦᠯᠬᠦ ᠪᠠᠷ ᠦᠨᠳᠦᠰᠦᠨ ᠤᠯᠤᠰ ᠲᠥᠷᠥ ᠶᠢᠨ ᠡᠭᠦᠷᠭᠡ ᠪᠠᠨ ᠪᠣᠯᠭᠠᠵᠤ᠂ ᠰᠢ ᠶᠢᠨ | ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ᠂ ᠨᠠᠮ | ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ ᠪᠥᠬᠦᠳᠡ | ᠬᠤᠷᠠᠯ ᠪᠠ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠴᠣᠬᠤᠯᠠᠪᠤᠷᠢ ᠶᠢᠨ ᠵᠣᠷᠢᠭ | ᠰᠠᠨᠠᠭ᠎ᠠ ᠶᠢ ᠲᠦᠷᠦᠭᠦᠯᠡᠨ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠨᠠᠮ ᠤᠨ ᠲᠥᠪ ᠬᠤᠷᠢᠶᠠᠨ ᠤ ᠡᠯ᠎ᠡ ᠵᠦᠶᠯ ᠤᠨ | ᠰᠢᠶᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠲᠠ ᠶᠢᠨ ᠨᠠᠮ | ᠤᠨ ᠬᠤᠷᠢᠶᠠᠨ ᠤ ᠬᠠᠮᠢᠶ᠎ᠠ ᠪᠥᠬᠦᠶ ᠱᠠᠭᠠᠷᠳᠠᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠪᠥᠬᠦ ᠲᠣᠭᠤᠷᠢᠭ ᠢ | ᠪᠦᠯᠬᠦᠮᠳᠡᠭᠦᠯᠦᠨ ᠳᠠᠶᠢᠴᠢᠯᠠᠵᠤ《ᠳᠥᠷᠪᠡᠨ ᠤᠬᠠᠮᠰᠠᠷ》 ᠢ ᠪᠠᠲᠤ ᠪᠣᠶ ᠪᠣᠯᠭᠠᠵᠤ᠂《ᠳᠥᠷᠪᠡᠨ ᠢᠲᠡᠭᠡᠯ》 ᠢ ᠪᠠᠲᠤᠳᠬᠠᠨ | ᠂《ᠬᠤᠶᠠᠷ ᠢ ᠬᠠᠮᠠᠭᠠᠯᠠᠬᠤ》 ᠶᠢ ᠪᠡᠶᠡᠯᠡᠭᠦᠯᠪᠡ᠃ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ 70 ᠵᠢᠯ ᠤᠨ ᠣᠶ ᠶᠢ | ᠪᠡᠯᠭᠡᠯᠡᠬᠦ ᠰᠢᠷᠢᠰ ᠠᠵᠢᠯᠯᠠᠭ᠎ᠠ ᠶᠢ ᠨᠠᠷᠢᠨ ᠨᠢᠮᠪᠠᠶ ᠥᠷᠨᠢᠭᠦᠯᠪᠡ᠃《ᠣᠭ ᠰᠠᠨᠠᠭ᠎ᠠ ᠪᠠᠨ ᠥᠯᠥ ᠮᠠᠷᠲᠠᠵᠤ᠂ ᠡᠭᠦᠷᠭᠡ | ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ》ᠭᠤᠤᠯ ᠰᠡᠳᠦᠪᠲᠦ ᠬᠥᠮᠦᠵᠢᠯ ᠢ ᠰᠢᠨ᠎ᠡ ᠶᠢ ᠡᠭᠦᠳᠦᠨ ᠥᠷᠨᠢᠭᠦᠯᠵᠦ᠂ ᠨᠠᠮ ᠤᠨ | ᠭᠡᠰᠢᠭᠦᠨ ᠺᠠᠳ᠋ᠷᠴᠤᠳ ᠤᠨ《ᠲᠠᠪᠤᠨ ᠨᠢᠭᠡᠳᠦᠭᠡᠷ ᠴᠠᠭ》 ᠤᠨ ᠲᠤᠬᠠᠶ ᠶᠢᠨ ᠲᠠᠯᠠᠪᠠᠶ ᠳᠤ ᠠᠰᠠᠭᠤᠳᠠᠯ ᠰᠢᠶᠳᠪᠦᠷᠢᠯᠡᠬᠦ | ᠲᠣᠭᠲᠠᠴᠠ ᠶᠢ ᠪᠠᠶᠢᠭᠤᠯᠵᠤ᠂ ᠠᠭᠤᠷᠬᠠᠶ ᠶᠢᠨ ᠲᠣᠭᠤᠷᠢᠭ ᠤᠨ ᠣᠯᠠᠨ ᠲᠦᠮᠡᠨ ᠤ 60 ᠵᠢᠯ ᠤᠨ ᠤᠤᠭᠤᠵᠤ ᠢᠳᠡᠬᠦ | ᠤᠰᠤᠨ ᠤ ᠬᠦᠴᠢᠷ ᠠᠰᠠᠭᠤᠳᠠᠯ ᠢ ᠰᠢᠶᠳᠪᠦᠷᠢᠯᠡᠪᠡ᠃ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠪᠦᠬᠦ | ᠬᠦᠴᠦ ᠪᠠᠷ ᠠᠬᠢᠭᠤᠯᠵᠤ᠂ ᠭᠤᠷᠪᠠᠨ ᠶᠡᠭᠡ ᠪᠣᠭᠤᠮᠲᠠ ᠰᠢᠪᠲᠤᠯᠬᠤ ᠳᠠᠶᠢᠯᠠᠯᠳᠤᠭᠠᠨ ᠳᠠᠬᠢᠨᠲᠠ ᠦᠷ᠎ᠡ ᠪᠦᠲᠦᠮᠵᠢ ᠣᠯᠵᠤ᠂ | ᠠᠵᠤ ᠠᠬᠤᠢ ᠶᠢᠨ ᠶᠠᠰᠤ ᠴᠢᠨᠠᠷ ᠤᠨ ᠦᠷ᠎ᠡ ᠠᠰᠢᠭ ᠰᠢᠨ᠋ ᠡ ᠳᠡᠭᠡᠭᠰᠢᠯᠡᠯᠲᠡ ᠶᠢ ᠪᠡᠶᠡᠯᠡᠭᠦᠯᠵᠦ᠂ ᠤᠨᠴᠠᠯᠢᠬᠳᠤ ᠰᠣᠳᠣᠨ | ᠪᠦᠲᠦᠭᠡᠯ ᠤᠨ ᠬᠤᠳᠠ ᠶᠢᠨ ᠲᠣᠭᠤᠷᠢᠭ ᠲᠤ ᠰᠢᠨ᠎ᠡ ᠳᠦᠷᠰᠦ ᠪᠠᠶᠢᠳᠠᠯ ᠢᠯᠡᠷᠡᠵᠦ᠂ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ | ᠠᠵᠢᠯ ᠰᠢᠨ᠎ᠡ ᠰᠢᠪᠲᠤᠯᠤᠯᠲᠠ ᠲᠠᠢ ᠪᠤᠯᠵᠥ᠂ ᠨᠡᠶᠢᠭᠡᠮ ᠵᠢᠷᠤᠮ ᠤᠨ ᠠᠷᠠᠳᠴᠢᠯᠠᠭᠰᠠᠨ ᠤᠯᠤᠰ ᠲᠦᠷᠦ ᠰᠢᠨ᠎ᠡ ᠲᠠᠪᠰᠢᠯᠳᠠ | ᠲᠠᠢ ᠪᠤᠯᠵᠥ᠂ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠠᠵᠢᠯ ᠰᠢᠨ᠎ᠡ ᠦᠷ᠎ᠡ ᠪᠦᠲᠦᠮᠵᠢ ᠣᠯᠵᠤ᠂ ᠨᠠᠮ | ᠤᠯᠠᠨ ᠲᠦᠮᠡᠨ ᠺᠠᠳ᠋ᠷ ᠤᠯᠠᠨ ᠲᠦᠮᠡᠨ ᠤ ᠬᠠᠷᠢᠴᠠᠭ᠎ᠠ ᠨᠡᠩ ᠨᠢᠭᠲᠠᠷᠠᠵᠤ᠂ ᠠᠭᠤᠷᠬᠠᠢ ᠶᠢᠨ ᠲᠣᠭᠤᠷᠢᠭ ᠤᠨ ᠠᠷᠠᠳ ᠤᠯᠠᠨ | ᠤ ᠵᠣᠯ ᠵᠢᠷᠭᠠᠯᠲᠤ ᠲᠦᠷᠦᠭᠳᠡᠯ ᠠᠮᠤᠷ ᠲᠦᠪᠰᠢᠨ ᠤ ᠲᠦᠷᠦᠭᠳᠡᠯ ᠮᠡᠳᠡᠭᠳᠡᠮ᠎ᠡ ᠳᠡᠭᠡᠭᠰᠢᠯᠡᠪᠡ ᠭᠡᠵᠦ ᠣᠯᠠᠨ ᠢᠶᠠᠷ ᠢᠶᠠᠨ ᠰᠠᠨᠠᠯ | ᠨᠢᠭᠡᠲᠡᠢ ᠦᠵᠡᠪᠡ᠃ | ᠪᠥᠬᠦᠳᠡ ᠬᠤᠷᠠᠯ ᠳᠤ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠳᠥᠷᠪᠡᠳᠦᠭᠡᠷ | ᠪᠥᠬᠦᠳᠡ ᠬᠤᠷᠠᠯ ᠪᠣᠯ ᠮᠠᠨ ᠤ ᠨᠠᠮ ᠤᠨ《ᠬᠤᠤᠰ ᠵᠠᠭᠤᠨ ᠵᠢᠯ》 ᠤᠨ ᠲᠡᠮᠡᠴᠡᠯ ᠤᠨ ᠬᠠᠷᠠᠯᠲᠠ ᠶᠢᠨ ᠲᠡᠦᠬᠡᠨ ᠠᠭᠤᠯᠵᠠᠷ | ᠴᠡᠭ ᠳᠡᠭᠡᠷ᠎ᠡ ᠬᠤᠷᠠᠯᠳᠤᠭᠤᠯᠤᠭᠰᠠᠨ ᠨᠢᠭᠡ ᠤᠳᠠᠭᠠᠨ ᠤ ᠲᠤᠶᠢᠯ ᠤᠨ ᠴᠢᠬᠤᠯᠠ ᠬᠤᠷᠠᠯ ᠮᠥᠨ᠂ ᠰᠢᠨ᠎ᠡ ᠳᠤᠮᠳᠠᠳᠤ ᠤᠯᠤᠰ | ᠪᠠᠶᠢᠭᠤᠯᠤᠭᠳᠠᠭᠰᠠᠨ 70 ᠵᠢᠯ ᠤᠨ ᠤᠢ ᠪᠣᠯᠬᠤ ᠲᠠᠰᠢᠷᠠᠮ ᠳᠤ᠂ ᠮᠠᠨ ᠤ ᠤᠯᠤᠰ ᠳᠤᠮᠳᠠᠳᠤ ᠶᠢᠨ ᠦᠨᠳᠦᠰᠦᠲᠡᠨ ᠤ | ᠠᠭᠤᠤ ᠶᠡᠭᠡ ᠰᠡᠷᠭᠦᠨ ᠮᠠᠨᠳᠤᠯᠲᠠ ᠵᠠᠩᠭᠢᠯᠠᠭ᠎ᠠ ᠶᠢᠨ ᠦᠶ᠎ᠡ ᠳᠤ ᠬᠤᠷᠠᠯᠳᠤᠭᠤᠯᠤᠭᠰᠠᠨ ᠨᠢᠭᠡᠨ ᠤᠳᠠᠭᠠᠨ ᠤ ᠡᠭᠦᠳᠦᠯᠲᠡ | ᠶᠢᠨ ᠴᠢᠨᠠᠷᠲᠠᠶ᠂ ᠬᠥᠰᠢᠶ᠎ᠡ ᠳᠤᠷᠠᠰᠬᠠᠯ ᠤᠨ ᠠᠴᠢ ᠬᠤᠯᠪᠣᠭᠳᠠᠯ ᠲᠠᠢ ᠬᠤᠷᠠᠯ ᠮᠥᠨ᠃ ᠪᠥᠬᠦᠳᠡ ᠬᠤᠷᠠᠯ ᠳᠤ ᠮᠠᠨ ᠤ | ᠤᠯᠤᠰ ᠤᠨ ᠤᠯᠤᠰ ᠤᠨ ᠪᠠᠶᠢᠭᠤᠯᠤᠯ ᠤᠨ ᠪᠠᠶᠢᠭᠤᠯᠤᠯᠲᠠ ᠪᠠ ᠤᠯᠤᠰ ᠤᠨ ᠵᠠᠰᠠᠯᠲᠠ ᠶᠢᠨ ᠠᠰᠠᠭᠤᠳᠠᠯ ᠤᠨ ᠲᠤᠬᠠᠶ | ᠲᠤᠰᠬᠠᠶ ᠰᠡᠳᠦᠪᠲᠦ ᠰᠤᠳᠤᠯᠭᠠᠨ ᠬᠢᠬᠦ ᠶᠢᠨ ᠬᠠᠮᠲᠤ ᠰᠢᠢᠳᠪᠦᠷᠢ ᠭᠠᠷᠭᠠᠪᠠ᠃ ᠳᠠᠷᠤᠢ ᠰᠢ ᠶᠢᠨ ᠫᠢᠩ ᠨᠥᠬᠦᠷ ᠢᠶᠠᠷ | ᠭᠤᠤᠯᠯᠠᠭᠤᠯᠤᠭᠰᠠᠨ ᠨᠠᠮ ᠤᠨ ᠲᠥᠪ ᠬᠤᠷᠢᠶᠠᠨ ᠤ ᠤᠯᠤᠰ ᠲᠦᠷᠦ᠂ ᠪᠦᠬᠦ ᠲᠠᠯ᠎ᠠ᠂ ᠪᠠᠶᠢᠯᠳᠤᠬᠤ ᠪᠤᠳᠤᠯᠭ᠎ᠠ ᠶᠢᠨ ᠲᠠᠯ᠎ᠠ | ᠠᠴᠠ ᠪᠦᠬᠦ ᠲᠠᠯ᠎ᠠ ᠪᠠᠷ ᠪᠣᠳᠣᠯᠬᠢᠯᠠᠵᠤ᠂ ᠣᠳᠣᠬᠠᠨ ᠤ ᠪᠠᠶᠢᠳᠠᠯ ᠳᠤ ᠰᠠᠭᠤᠷᠢᠯᠠᠨ᠂ ᠠᠯᠤᠰ ᠬᠤᠯᠠ ᠶᠢ ᠪᠣᠳᠣᠯᠬᠢᠯᠠᠭᠠᠳ | ᠭᠠᠷᠭᠠᠭᠰᠠᠨ ᠴᠢᠬᠤᠯᠠ ᠶᠡᠭᠡ ᠰᠢᠶᠳᠪᠦᠷᠢᠲᠦ ᠪᠤᠳᠤᠯᠭ᠎ᠠ ᠮᠥᠨ᠃ ᠪᠥᠬᠦᠳᠡ ᠬᠤᠷᠠᠯ ᠳᠤ ᠪᠠᠲᠤᠯᠠᠭᠰᠠᠨ《ᠰᠢᠢᠳᠪᠦᠷᠢ》 ᠳᠤ | ᠮᠠᠨ ᠤ ᠤᠯᠤᠰ ᠤᠨ ᠲᠦᠷᠦ ᠶᠢᠨ ᠪᠠᠶᠢᠭᠤᠯᠤᠯ ᠪᠠ ᠤᠯᠤᠰ ᠤᠨ ᠵᠠᠰᠠᠯᠲᠠ ᠶᠢᠨ ᠰᠢᠰᠲ᠋ᠧᠮ ᠳᠡᠭᠡᠷ᠎ᠡ ᠶᠠᠭᠤ ᠶᠢ ᠪᠠᠷᠢᠮᠲᠠᠯᠠᠨ | ᠪᠠᠬᠢᠵᠢᠭᠦᠯᠬᠦ᠂ ᠶᠠᠭᠤ ᠶᠢ ᠲᠡᠭᠦᠯᠳᠡᠷᠵᠢᠭᠦᠯᠦᠨ ᠬᠥᠭᠵᠢᠭᠦᠯᠬᠦ ᠭᠡᠬᠦ ᠴᠢᠬᠤᠯᠠ ᠶᠡᠭᠡ ᠤᠯᠤᠰ ᠲᠦᠷᠦ ᠶᠢᠨ ᠠᠰᠠᠭᠤᠳᠠᠯ ᠳᠤ | ᠭᠦᠨᠵᠡᠭᠡᠶ ᠬᠠᠷᠢᠭᠤᠯᠲᠠ ᠥᠭᠪᠡ᠃ ᠳᠠᠷᠤᠢ᠂ ᠰᠢᠨ᠎ᠡ ᠴᠠᠭ ᠦᠶ᠎ᠡ ᠳᠤ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ | ᠵᠢᠷᠤᠮ ᠤᠨ ᠪᠠᠶᠢᠭᠤᠯᠤᠯ ᠢ ᠪᠠᠷᠢᠮᠲᠠᠯᠠᠨ ᠲᠡᠭᠦᠯᠳᠡᠷᠵᠢᠭᠦᠯᠵᠦ᠂ ᠤᠯᠤᠰ ᠤᠨ ᠵᠠᠰᠠᠯᠲᠠ ᠶᠢᠨ ᠰᠢᠰᠲ᠋ᠧᠮ ᠪᠠ ᠵᠠᠰᠠᠯᠲᠠ ᠶᠢᠨ | ᠴᠢᠳᠠᠪᠤᠷᠢ ᠶᠢᠨ ᠣᠳᠣᠬᠢᠴᠢᠯᠠᠯᠲᠠ ᠶᠢ ᠠᠬᠢᠭᠤᠯᠬᠤ ᠤᠯᠤᠰ ᠲᠦᠷᠦ ᠶᠢᠨ ᠲᠤᠩᠬᠠᠭ ᠪᠠ ᠠᠵᠢᠯᠯᠠᠭᠠᠨ ᠤ ᠬᠥᠲᠥᠯᠪᠦᠷᠢ ᠮᠥᠨ | ᠃ ᠪᠦᠬᠦ ᠲᠣᠭᠤᠷᠢᠭ ᠤᠨ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠤᠨ ᠥᠷᠭᠡᠨ ᠤᠯᠠᠨ ᠨᠠᠮ ᠤᠨ ᠭᠡᠰᠢᠭᠦᠨ | ᠺᠠᠳ᠋ᠷᠴᠤᠳ ᠦᠵᠡᠯ ᠰᠠᠨᠠᠭ᠎ᠠ ᠦᠢᠯᠡ ᠠᠵᠢᠯᠯᠠᠭ᠎ᠠ ᠪᠠᠨ ᠶᠡᠭᠡ ᠬᠤᠷᠠᠯ ᠤᠨ ᠵᠣᠷᠢᠭ ᠰᠠᠨᠠᠭ᠎ᠠ ᠳᠡᠭᠡᠷ᠎ᠡ ᠦᠨᠡᠨᠬᠦ ᠨᠢᠭᠡᠳᠬᠡᠵᠦ᠂ | ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠪᠠᠶᠢᠭᠤᠯᠤᠯ ᠢ ᠭᠤᠶᠢᠪᠢᠰᠢ ᠦᠭᠡᠢ ᠪᠠᠷᠢᠮᠲᠠᠯᠠᠨ ᠪᠠᠬᠢᠵᠢᠭᠦᠯᠵᠦ | ᠂ ᠴᠠᠭ ᠦᠶ᠎ᠡ ᠶᠢ ᠲᠠᠭᠠᠨ ᠪᠦᠬᠦ ᠲᠠᠯ᠎ᠠ ᠪᠠᠷ ᠤᠷᠤᠭᠰᠢᠯᠠᠵᠤ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ | ᠪᠠᠶᠢᠭᠤᠯᠤᠯ ᠢ ᠲᠡᠭᠦᠯᠳᠡᠷᠵᠢᠭᠦᠯᠦᠨ ᠬᠥᠭᠵᠢᠭᠦᠯᠵᠦ᠂ ᠵᠠᠰᠠᠯᠲᠠ ᠶᠢᠨ ᠰᠢᠰᠲ᠋ᠧᠮ ᠪᠣᠯᠤᠨ ᠵᠠᠰᠠᠯᠲᠠ ᠶᠢᠨ ᠴᠢᠳᠠᠪᠤᠷᠢ ᠶᠢᠨ | ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠬᠤᠪᠣᠷ ᠰᠢᠷᠣᠢ ᠶᠢᠨ ᠨᠤᠲᠤᠭ ᠤᠨ ᠬᠥᠭᠵᠢᠨ | ᠮᠠᠨᠳᠤᠭᠰᠠᠨ ᠬᠠᠭᠤᠳᠠᠰᠤ ᠶᠢ ᠪᠢᠴᠢᠭᠯᠡᠬᠦ ᠳᠤ ᠬᠦᠴᠦᠲᠡᠢ ᠪᠠᠲᠤᠯᠠᠭ᠎ᠠ ᠬᠠᠩᠭᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃ | ᠪᠥᠬᠦᠳᠡ ᠬᠤᠷᠠᠯ ᠳᠤ᠂ ᠪᠦᠬᠦ ᠲᠣᠭᠤᠷᠢᠭ ᠤᠨ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠤᠨ | ᠥᠷᠭᠡᠨ ᠣᠯᠠᠨ ᠨᠠᠮ ᠤᠨ ᠭᠡᠰᠢᠭᠦᠨ ᠺᠠᠳ᠋ᠷᠴᠤᠳ ᠲᠥᠪ ᠤᠨ 13『ᠪᠠᠷᠢᠮᠲᠠᠯᠠᠯ ᠪᠠ ᠲᠡᠭᠦᠯᠳᠡᠷᠵᠢᠭᠦᠯᠦᠯᠲᠡ』 ᠶᠢᠨ | ᠴᠢᠬᠤᠯᠠ ᠰᠢᠶᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠲᠤᠰ ᠰᠠᠯᠠᠭ᠎ᠠ | ᠮᠥᠴᠢᠷ ᠤᠨ ᠪᠣᠳᠠᠲᠤ ᠪᠠᠶᠢᠳᠠᠯ ᠲᠠᠢ ᠤᠶᠠᠯᠳᠤᠭᠤᠯᠵᠤ᠂ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮᠲᠤ | ᠪᠠᠶᠢᠭᠤᠯᠤᠯ ᠤᠨ ᠪᠠᠶ᠋ᠬᠠᠣᠪᠤᠭ᠎ᠠ ᠠᠭᠤᠷᠬᠠᠢ ᠶᠢᠨ ᠲᠣᠭᠤᠷᠢᠭ ᠲᠠᠬᠢ ᠪᠣᠳᠠᠲᠠᠶ ᠦᠶᠯᠡᠳᠦᠯᠭᠡ ᠶᠢ ᠭᠦᠨᠵᠡᠭᠡᠶ ᠠᠬᠢᠭᠤᠯᠬᠤ | ᠬᠡᠷᠡᠭᠲᠡᠶ᠃ ᠨᠠᠮ ᠤᠨ ᠱᠤᠭᠤᠮ ᠴᠢᠭᠯᠡᠯᠲᠡ ᠲᠥᠷᠥ ᠶᠢᠨ ᠪᠣᠳᠣᠯᠭ᠎ᠠ ᠶᠢ ᠭᠤᠶᠢᠪᠢᠰᠢ ᠥᠬᠡᠶ ᠲᠤᠭᠤᠰᠢᠯᠠᠭᠤᠯᠤᠨ | ᠬᠡᠷᠡᠭᠵᠢᠭᠦᠯᠵᠦ᠂ ᠨᠡᠶᠢᠭᠡᠮ ᠵᠢᠷᠤᠮ ᠤᠨ ᠠᠷᠠᠳᠴᠢᠯᠠᠭᠰᠠᠨ ᠤᠯᠤᠰ ᠲᠥᠷᠥ ᠶᠢ ᠬᠥᠭᠵᠢᠭᠦᠯᠵᠦ᠂ ᠬᠠᠤᠯᠢ ᠪᠠᠷ ᠵᠠᠰᠠᠬᠤ | ᠪᠠᠶ᠋ᠬᠠᠣᠪᠤᠭ᠎ᠠ ᠶᠢᠨ ᠪᠠᠶᠢᠭᠤᠯᠤᠯᠲᠠ ᠶᠢ ᠠᠬᠢᠭᠤᠯᠵᠤ᠂ ᠠᠷᠠᠳ ᠲᠦᠮᠡᠨ ᠤ ᠰᠡᠳᠬᠢᠯ ᠬᠠᠨᠤᠮᠵᠢᠲᠠᠶ ᠵᠠᠰᠠᠭ ᠤᠨ ᠣᠷᠳᠣᠨ ᠢ | ᠪᠠᠶᠢᠭᠤᠯᠤᠨ᠂ ᠪᠥᠬᠦ ᠲᠣᠭᠤᠷᠢᠭ ᠤᠨ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠵᠤ᠂ ᠰᠣᠶᠣᠯ ᠢᠶᠠᠷ | ᠲᠣᠭᠤᠷᠢᠭ ᠢᠶᠠᠨ ᠬᠦᠴᠦᠷᠬᠡᠭᠵᠢᠭᠦᠯᠬᠦ ᠪᠥᠲᠥᠭᠡᠨ ᠪᠠᠶᠢᠭᠤᠯᠤᠯᠲᠠ ᠶᠢ ᠠᠬᠢᠭᠤᠯᠵᠤ᠂ ᠠᠷᠠᠳ ᠣᠯᠠᠨ ᠤ ᠠᠵᠠ ᠵᠢᠷᠭᠠᠯ ᠢ | ᠨᠡᠮᠡᠭᠳᠡᠭᠦᠯᠵᠦ᠂ ᠠᠮᠤᠷ ᠠᠮᠤᠭᠤᠯᠠᠩ ᠪᠠᠶ᠋ᠬᠠᠣᠪᠤᠭ᠎ᠠ ᠶᠢᠨ ᠪᠥᠲᠥᠭᠡᠨ ᠪᠠᠶᠢᠭᠤᠯᠤᠯᠲᠠ ᠶᠢ ᠠᠬᠢᠭᠤᠯᠬᠤ᠂ ᠤᠮᠠᠷᠠᠲᠤ ᠬᠢᠯᠢ ᠶᠢᠨ | ᠠᠮᠢ ᠠᠬᠤᠶ ᠶᠢᠨ ᠠᠮᠤᠷ ᠲᠦᠪᠰᠢᠨ ᠤ ᠬᠠᠯᠬᠠᠪᠴᠢ ᠶᠢ ᠪᠠᠶᠢᠭᠤᠯᠵᠤ᠂ ᠡᠷᠬᠡ ᠶᠢᠨ ᠠᠵᠢᠯᠯᠠᠭᠠᠨ ᠢ ᠬᠢᠵᠠᠭᠠᠷᠯᠠᠬᠤ ᠪᠠ | ᠬᠢᠨᠠᠯᠲᠠ ᠲᠠᠯᠪᠢᠬᠤ ᠶᠢ ᠴᠢᠩᠭᠠᠳᠬᠠᠵᠤ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠪᠠᠶᠢᠭᠤᠯᠤᠯ ᠤᠨ | ᠳᠠᠪᠠᠭᠤᠯᠢᠭ᠂ ᠪᠠᠶ᠋ᠬᠠᠣᠪᠤᠭ᠎ᠠ ᠠᠭᠤᠷᠬᠠᠢ ᠶᠢᠨ ᠲᠣᠭᠤᠷᠢᠭ ᠤᠨ ᠵᠠᠰᠠᠯᠲᠠ ᠶᠢᠨ ᠬᠠᠶᠢᠨ ᠰᠦᠪᠡᠭᠴᠢᠯᠡᠯᠲᠡ ᠶᠢᠨ ᠲᠦᠷᠢᠮ ᠤᠨ | ᠦᠷ᠎ᠡ ᠪᠦᠲᠦᠭᠡᠯ ᠢ ᠵᠠᠰᠠᠯᠲᠠ ᠶᠢᠨ ᠦᠷ᠎ᠡ ᠪᠦᠲᠦᠮᠵᠢ ᠪᠣᠯᠭᠠᠨ ᠲᠠᠰᠤᠷᠠᠯᠲᠠ ᠥᠬᠡᠶ ᠨᠠᠩ ᠰᠠᠶᠢᠲᠤᠷ ᠬᠤᠪᠢᠷᠠᠭᠤᠯᠤᠨ᠂ | ᠰᠢᠨ᠎ᠡ ᠴᠠᠭ ᠦᠶ᠎ᠡ ᠳᠤ ᠡᠯ᠎ᠡ ᠵᠦᠶᠯ ᠤᠨ ᠠᠵᠢᠯ ᠦᠶᠯᠡᠰ ᠤᠨ ᠲᠠᠰ ᠳᠡᠪᠰᠢᠬᠦ ᠶᠢ ᠪᠥᠬᠦ ᠲᠠᠯ᠎ᠠ ᠪᠠᠷ ᠠᠬᠢᠭᠤᠯᠬᠤ᠂ | ᠲᠡᠷᠢᠭᠦᠨ ᠤ ᠬᠢ ᠶᠢ ᠴᠢᠷᠮᠠᠶᠢᠨ ᠡᠭᠦᠳᠬᠦ ᠳᠤ ᠬᠥᠳᠡᠯᠭᠡᠬᠦ ᠬᠦᠴᠦᠨ ᠪᠠ ᠪᠠᠲᠤᠯᠠᠭ᠎ᠠ ᠬᠠᠩᠭᠠᠬᠤ ᠬᠡᠷᠡᠭᠲᠡᠢ ᠭᠡᠵᠦ ᠱᠠᠭᠠᠷᠳᠠᠪᠠ | ᠃ | ᠪᠥᠬᠦᠳᠡ ᠬᠤᠷᠠᠯ ᠳᠤ᠂ ᠪᠥᠬᠦ ᠲᠣᠭᠤᠷᠢᠭ ᠤᠨ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠠ ᠥᠷᠭᠡᠨ | ᠣᠯᠠᠨ ᠨᠠᠮ ᠤᠨ ᠭᠡᠰᠢᠭᠦᠨ ᠺᠠᠳ᠋ᠷ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠳᠥᠷᠪᠡᠳᠦᠭᠡᠷ | ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠶᠢ ᠣᠳᠣᠬᠠᠨ ᠤ ᠪᠠ | ᠬᠤᠶᠢᠰᠢᠳᠠ ᠶᠢᠨ ᠨᠢᠭᠡ ᠬᠤᠭᠤᠴᠠᠭᠠᠨ ᠤ ᠪᠥᠬᠦ ᠲᠣᠭᠤᠷᠢᠭ ᠤᠨ ᠴᠢᠬᠤᠯᠠ ᠤᠯᠤᠰ ᠲᠥᠷᠥ ᠶᠢᠨ ᠡᠭᠦᠷᠭᠡ ᠪᠠ ᠣᠷᠳᠣ | ᠬᠤᠭᠤᠴᠠᠭᠠᠨ ᠤ ᠪᠠᠶᠢᠯᠳᠤᠬᠤ ᠪᠣᠳᠣᠯᠭ᠎ᠠ ᠶᠢᠨ ᠡᠭᠦᠷᠭᠡ ᠪᠣᠯᠭᠠᠵᠤ᠂ ᠠᠵᠢᠯ ᠤᠨ ᠪᠣᠳᠠᠲᠠᠶ ᠲᠠᠢ ᠤᠶᠠᠯᠳᠤᠭᠤᠯᠤᠨ᠂ | ᠰᠡᠳᠬᠢᠮᠵᠢ ᠪᠠᠨ ᠲᠣᠳᠣᠷᠬᠠᠶ ᠪᠣᠯᠭᠠᠵᠤ᠂ ᠠᠷᠭ᠎ᠠ ᠬᠡᠮᠵᠢᠶ᠎ᠡ ᠪᠠᠨ ᠨᠠᠷᠢᠯᠢᠬᠵᠢᠭᠤᠯᠤᠨ᠂ ᠲᠤᠭᠤᠰᠢᠯᠠᠭᠤᠯᠤᠨ | ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠵᠤ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ | ᠳᠥᠷᠪᠡᠳᠦᠭᠡᠷ ᠪᠥᠬᠦᠳᠡ ᠬᠤᠷᠠᠯ ᠪᠠ ᠨᠠᠮ ᠤᠨ ᠲᠥᠪ ᠬᠤᠷᠢᠶᠠᠨ ᠤ《 ᠰᠢᠢᠳᠪᠦᠷᠢ》ᠵᠢᠴᠢ ᠥᠪᠡᠷᠲᠡᠭᠡᠨ ᠵᠠᠰᠠᠬᠤ ᠣᠷᠣᠨ | ᠤ ᠨᠠᠮ ᠤᠨ ᠬᠤᠷᠢᠶᠠᠨ ᠤ ᠪᠥᠭᠦᠳᠡ ᠬᠤᠷᠠᠯ ᠪᠠ《ᠰᠠᠨᠠᠯ》᠂ ᠪᠤᠭᠤᠲᠤ ᠬᠤᠲᠠ ᠶᠢᠨ ᠨᠠᠮ ᠤᠨ ᠬᠤᠷᠢᠶᠠᠨ ᠤ ᠪᠥᠬᠦᠳᠡ | ᠬᠤᠷᠠᠯ ᠪᠠ《ᠰᠠᠨᠠᠯ》 ᠤᠨ ᠵᠣᠷᠢᠭ ᠰᠠᠨᠠᠭ᠎ᠠ ᠶᠢ ᠨᠠᠶᠢᠳᠠᠪᠤᠷᠢᠵᠢᠭᠤᠯᠵᠤ᠂ ᠦᠷ᠎ᠡ ᠪᠦᠲᠦᠮᠵᠢ ᠭᠠᠷᠭᠠᠬᠤ ᠶᠢ ᠦᠨᠡᠨᠬᠦ | ᠪᠠᠲᠤᠯᠠᠬᠤ ᠬᠡᠷᠡᠭᠲᠡᠶ ᠭᠡᠵᠦ ᠴᠢᠬᠤᠯᠠᠴᠢᠯᠠᠪᠠ᠃ | ᠪᠥᠬᠦᠳᠡ ᠬᠤᠷᠠᠯ ᠳᠤ᠂ 2020 ᠣᠨ ᠪᠣᠯ ᠴᠢᠨᠡᠭᠡᠯᠢᠭ ᠨᠡᠶᠢᠭᠡᠮ ᠢ ᠪᠥᠬᠦ ᠲᠠᠯ᠎ᠠ ᠪᠠᠷ ᠪᠠᠶᠢᠭᠤᠯᠤᠨ ᠪᠦᠲᠦᠭᠡᠬᠦ ᠪᠠ | ᠠᠷᠪᠠᠨ ᠭᠤᠷᠪᠠᠳᠤᠭᠠᠷ ᠲᠠᠪᠤᠨ ᠵᠢᠯ ᠤᠨ ᠲᠥᠯᠥᠪᠵᠢᠭᠦᠯᠭᠡ ᠶᠢᠨ ᠰᠡᠬᠦᠯ ᠬᠤᠷᠢᠶᠠᠬᠤ ᠵᠢᠯ ᠮᠥᠨ᠂ ᠡᠯ᠎ᠡ ᠵᠦᠶᠯ ᠤᠨ ᠠᠵᠢᠯ | ᠢ ᠰᠠᠶᠢᠲᠤᠷ ᠬᠢᠬᠦ ᠳᠤ ᠡᠷᠬᠡᠪᠰᠢ ᠪᠠᠶᠢᠳᠠᠯ ᠢ ᠲᠣᠳᠣᠷᠬᠠᠶ ᠲᠠᠨᠢᠵᠤ᠂ ᠭᠤᠤᠯᠳᠠᠯᠭ᠎ᠠ ᠶᠢ ᠡᠵᠡᠮᠳᠡᠬᠦ ᠬᠡᠷᠡᠭᠲᠡᠶ᠃ ᠲᠥᠪ ᠤᠨ | ᠠᠵᠤ ᠠᠬᠤᠢ ᠶᠢᠨ ᠠᠵᠢᠯ ᠤᠨ ᠬᠤᠷᠠᠯ ᠳᠤ 2019 ᠣᠨ ᠤ ᠠᠵᠤ ᠠᠬᠤᠢ ᠶᠢᠨ ᠠᠵᠢᠯ ᠤᠨ ᠠᠮᠵᠢᠯᠲᠠ ᠪᠦᠲᠦᠮᠵᠢ ᠶᠢ | ᠪᠦᠬᠦ ᠲᠠᠯ᠎ᠠ ᠪᠠᠷ ᠳ᠋ᠦᠩᠨᠡᠵᠦ᠂ ᠠᠵᠤ ᠠᠬᠤᠢ ᠶᠢᠨ ᠪᠠᠶᠢᠳᠠᠯ ᠢ ᠰᠢᠨᠵᠢᠯᠡᠬᠦ ᠤᠬᠠᠭᠠᠨᠴᠢ ᠪᠠᠷ ᠰᠤᠳᠤᠯᠤᠨ ᠮᠠᠭᠠᠳᠯᠠᠵᠤ᠂ | ᠠᠵᠤ ᠠᠬᠤᠢ ᠶᠢᠨ ᠵᠢᠮ᠎ᠡ ᠶᠣᠰᠣ ᠶᠢ ᠣᠨᠣᠪᠴᠢᠲᠠᠢ ᠡᠵᠡᠮᠰᠢᠵᠦ᠂ 2020 ᠣᠨ ᠤ ᠠᠵᠤ ᠠᠬᠤᠢ ᠶᠢᠨ ᠠᠵᠢᠯ ᠤᠨ | ᠶᠡᠷᠦᠩᠬᠡᠢ ᠱᠠᠭᠠᠷᠳᠠᠯᠭ᠎ᠠ᠂ ᠲᠦᠷᠦ ᠶᠢᠨ ᠪᠤᠳᠤᠯᠭ᠎ᠠ ᠶᠢᠨ ᠬᠠᠨᠳᠤᠰᠢ ᠪᠣᠯᠤᠨ ᠭᠤᠣᠯᠳᠠᠯᠭ᠎ᠠ ᠲᠠᠢ ᠡᠭᠦᠷᠭᠡ ᠶᠢ ᠲᠣᠳᠣᠷᠬᠠᠢ | ᠳᠤᠷᠠᠳᠴᠤ᠂ ᠪᠢᠳᠡᠨ ᠤ ᠠᠵᠢᠯ ᠢᠶᠠᠨ ᠰᠠᠶᠢᠲᠤᠷ ᠬᠢᠬᠦ ᠳᠤ ᠦᠨᠳᠦᠰᠦᠨ ᠵᠢᠷᠤᠮᠯᠠᠯ ᠬᠠᠩᠭᠠᠪᠠ᠃ ᠪᠥᠬᠦ ᠲᠣᠭᠤᠷᠢᠭ ᠵᠠᠪᠠᠯ | ᠪᠤᠰᠤᠳᠴᠢ᠂ ᠪᠥᠬᠦ ᠲᠠᠯ᠎ᠠ ᠪᠠᠷ ᠪᠠᠶᠢᠳᠠᠯ ᠢ ᠲᠠᠨᠢᠵᠤ᠂ ᠠᠵᠤ ᠠᠬᠤᠶ ᠨᠡᠶᠢᠭᠡᠮ ᠤᠨ ᠡᠯ᠎ᠡ ᠵᠦᠶᠯ ᠤᠨ ᠠᠵᠢᠯ ᠦᠶᠯᠡᠰ ᠤᠨ | ᠡᠮᠬᠢ ᠵᠢᠷᠤᠮ ᠲᠠᠢ ᠶᠠᠪᠤᠭᠳᠠᠬᠤ ᠶᠢ ᠡᠷᠡᠰ ᠭᠤᠶᠢᠪᠢᠰᠢ ᠥᠬᠡᠶ ᠠᠬᠢᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠥᠪᠥᠷ | ᠮᠣᠩᠭᠤᠯ ᠤᠨ ᠠᠵᠢᠯ ᠤᠨ ᠲᠤᠬᠠᠶ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ | ᠰᠤᠷᠤᠯᠴᠠᠨ ᠲᠤᠭᠤᠰᠢᠯᠠᠭᠤᠯᠬᠤ ᠲᠠᠢ ᠤᠶᠠᠯᠳᠤᠭᠤᠯᠤᠨ᠂ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ | ᠨᠠᠮ ᠤᠨ ᠬᠤᠷᠢᠶ᠎ᠠ᠂ ᠪᠤᠭᠤᠲᠤ ᠬᠤᠲᠠ ᠶᠢᠨ ᠨᠠᠮ ᠤᠨ ᠬᠤᠷᠢᠶ᠎ᠠ ᠶᠢᠨ 2020 ᠣᠨ ᠤ ᠠᠵᠤ ᠠᠬᠤᠶ ᠶᠢᠨ ᠠᠵᠢᠯ ᠤᠨ | ᠲᠤᠬᠠᠶ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠰᠠᠶᠢᠲᠤᠷ ᠨᠠᠶᠢᠳᠠᠪᠤᠷᠢᠵᠢᠭᠤᠯᠵᠤ᠂ ᠮᠠᠨ ᠤ ᠲᠣᠭᠤᠷᠢᠭ ᠤᠨ ᠪᠣᠳᠠᠲᠤ ᠪᠠᠶᠢᠳᠠᠯ | ᠲᠠᠢ ᠤᠶᠠᠯᠳᠤᠭᠤᠯᠤᠨ᠂ ᠪᠦᠲᠦᠭᠡᠯᠴᠢ ᠪᠠᠷ ᠠᠵᠢᠯ ᠢᠶᠠᠨ ᠥᠷᠨᠢᠭᠦᠯᠵᠦ᠂ ᠰᠢᠨ᠎ᠡ ᠦᠷ᠎ᠡ ᠪᠦᠲᠦᠮᠵᠢ ᠤᠯᠬᠤ ᠶᠢ ᠦᠨᠡᠨᠬᠦ | ᠪᠠᠲᠤᠯᠠᠬᠤ ᠬᠡᠷᠡᠭᠲᠡᠶ ᠭᠡᠵᠦ ᠵᠢᠭᠠᠵᠤ ᠭᠠᠷᠭᠠᠪᠠ᠃ | ᠪᠥᠬᠦᠳᠡ ᠬᠤᠷᠠᠯ ᠳᠤ᠂ 2020 ᠣᠨ ᠤ ᠠᠵᠤ ᠠᠬᠤᠢ ᠶᠢᠨ ᠠᠵᠢᠯ ᠢ ᠰᠠᠶᠢᠲᠤᠷ ᠬᠢᠬᠦ ᠳᠤ ᠡᠷᠬᠡᠪᠰᠢ ᠰᠢᠨ᠎ᠡ | ᠬᠥᠭᠵᠢᠯᠲᠡ ᠶᠢᠨ ᠤᠢᠢᠯᠠᠭᠠᠭᠳᠠᠬᠤᠨ ᠢ ᠡᠷᠡᠰ ᠲᠤᠭᠤᠰᠢᠯᠠᠭᠤᠯᠵᠤ᠂ ᠡᠷᠬᠡᠪᠰᠢ ᠨᠠᠮ ᠤᠨ ᠠᠵᠤ ᠠᠬᠤᠢ ᠶᠢᠨ ᠠᠵᠢᠯ ᠳᠠᠬᠢ | ᠲᠥᠪᠯᠡᠷᠡᠩᠭᠦᠢ ᠤᠳᠤᠷᠢᠳᠤᠯᠭ᠎ᠠ ᠶᠢ ᠪᠠᠷᠢᠮᠲᠠᠯᠠᠬᠤ ᠬᠡᠷᠡᠭᠲᠡᠢ᠃ ᠬᠥᠭᠵᠢᠯᠲᠡ ᠶᠢᠨ ᠪᠠᠶᠢᠳᠠᠯ ᠳᠤ ᠠᠩᠬᠠᠷᠤᠯ ᠢᠶᠠᠨ | ᠲᠥᠪᠯᠡᠷᠡᠭᠦᠯᠵᠦ᠂ ᠢᠲᠡᠭᠡᠯ ᠵᠣᠷᠢᠭ ᠢᠶᠠᠨ ᠪᠠᠲᠤᠳᠬᠠᠵᠤ᠂ ᠡᠭᠦᠷᠭᠡ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠵᠤ᠂ ᠠᠵᠤ | ᠠᠬᠤᠶ ᠶᠢᠨ ᠬᠡᠮᠵᠢᠶ᠎ᠡ ᠶᠢᠨ ᠵᠦᠶ ᠵᠣᠬᠢᠰᠲᠠᠶ ᠨᠡᠮᠡᠭᠳᠡᠯ ᠪᠠ ᠶᠠᠰᠤ ᠴᠢᠨᠠᠷ ᠤᠨ ᠲᠣᠭᠲᠠᠭᠤᠨ ᠢᠶᠠᠷ ᠳᠡᠭᠡᠭᠰᠢᠯᠡᠬᠦ ᠶᠢ | ᠪᠡᠶᠡᠯᠡᠭᠦᠯᠦᠨ᠎ᠡ᠃ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠨᠠᠶᠢᠳᠠᠪᠤᠷᠢᠵᠢᠭᠤᠯᠬᠤ ᠳᠤ ᠠᠩᠬᠠᠷᠤᠯ ᠢᠶᠠᠨ | ᠲᠥᠪᠯᠡᠷᠡᠭᠦᠯᠵᠦ᠂ ᠲᠣᠭᠲᠠᠭᠤᠨ ᠬᠦᠴᠦᠨ ᠢᠶᠠᠨ ᠪᠠᠲᠤᠯᠠᠵᠤ᠂ ᠵᠥᠪ ᠵᠠᠮ ᠢ ᠡᠷᠢᠵᠦ᠂ ᠠᠷᠭ᠎ᠠ ᠬᠡᠯᠪᠡᠷᠢ ᠪᠠᠨ | ᠬᠤᠪᠢᠷᠠᠭᠤᠯᠤᠨ ᠪᠦᠲᠦᠴᠡ ᠪᠠᠨ ᠲᠣᠬᠢᠷᠠᠭᠤᠯᠵᠤ᠂ ᠰᠢᠨ᠎ᠡ ᠶᠢ ᠡᠭᠦᠳᠬᠦ ᠶᠢ ᠠᠬᠢᠭᠤᠯᠵᠤ᠂ ᠳᠤᠲᠠᠭᠳᠠᠯ ᠢᠶᠠᠨ ᠨᠥᠬᠦᠪᠥᠷᠢᠯᠡᠬᠦ | ᠲᠠᠯ᠎ᠠ ᠪᠠᠷ ᠰᠢᠪᠲᠤᠯᠤᠯᠲᠠ ᠭᠠᠷᠭᠠᠵᠤ᠂ ᠠᠮᠢ ᠠᠬᠤᠢ ᠶᠢ ᠤᠷᠢᠳ ᠢᠶᠠᠷ ᠪᠣᠳᠣᠯᠬᠢᠯᠠᠬᠤ᠂ ᠪᠣᠬᠢᠷᠲᠤᠯ ᠦᠭᠡᠢ ᠬᠥᠭᠵᠢᠯᠲᠡ | ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠡᠷᠡᠰ ᠭᠤᠶᠢᠪᠢᠰᠢ ᠦᠭᠡᠢ ᠰᠠᠶᠢᠲᠤᠷ | ᠵᠠᠮᠨᠠᠬᠤ ᠬᠡᠷᠡᠭᠲᠡᠢ᠃ ᠴᠢᠨᠡᠭᠡᠯᠢᠭ ᠨᠡᠶᠢᠭᠡᠮ ᠢ ᠪᠥᠬᠦ ᠲᠠᠯ᠎ᠠ ᠪᠠᠷ ᠪᠠᠶᠢᠭᠤᠯᠤᠨ ᠪᠦᠲᠦᠭᠡᠬᠦ ᠳᠤ ᠠᠩᠬᠠᠷᠤᠯ ᠢᠶᠠᠨ | ᠲᠥᠪᠯᠡᠷᠡᠭᠦᠯᠵᠦ᠂ ᠨᠠᠷᠢᠯᠢᠭ ᠣᠨᠣᠪᠴᠢᠲᠠᠢ ᠪᠠᠷ ᠬᠦᠴᠦᠯᠡᠵᠦ᠂ ᠳᠤᠲᠠᠭᠳᠠᠯ ᠢᠶᠠᠨ ᠨᠥᠬᠦᠪᠥᠷᠢᠯᠡᠵᠦ᠂ ᠡᠯ᠎ᠡ ᠵᠦᠶᠯ ᠤᠨ | ᠴᠢᠨᠠᠷ ᠬᠡᠮᠵᠢᠶ᠎ᠡ ᠲᠣᠭᠲᠠᠭᠠᠬᠤ ᠭᠦᠶᠴᠡᠳᠬᠡᠯ ᠲᠤᠭ᠎ᠠ ᠲᠠᠢ ᠬᠠᠷᠢᠴᠠᠭᠤᠯᠤᠨ᠂ ᠵᠥᠷᠢᠶ᠎ᠡ ᠪᠠ ᠬᠦᠷᠦᠯᠴᠡᠬᠦ ᠥᠬᠡᠶ ᠲᠠᠯ᠎ᠠ ᠪᠠᠨ | ᠪᠥᠬᠦ ᠲᠠᠯ᠎ᠠ ᠪᠠᠷ ᠵᠢᠭᠰᠠᠭᠠᠨ ᠪᠠᠶᠢᠴᠠᠭᠠᠵᠤ ᠡᠮᠬᠢᠯᠡᠵᠦ᠂《ᠡᠴᠦᠰ ᠤᠨ ᠨᠢᠭᠡ ᠺᠢᠯᠣᠮᠧᠲᠷ》 ᠢ ᠪᠥᠬᠦ ᠬᠦᠴᠦ ᠪᠠᠷ ᠭᠦᠶᠦᠬᠦ | ᠬᠡᠷᠡᠭᠲᠡᠢ ᠭᠡᠵᠦ ᠱᠠᠭᠠᠷᠳᠠᠪᠠ᠃ | ᠪᠥᠬᠦᠳᠡ ᠬᠤᠷᠠᠯ ᠳᠤ᠂ ᠭᠤᠷᠪᠠᠨ ᠶᠡᠭᠡ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠡᠷᠡᠰ ᠰᠠᠶᠢᠲᠤᠷ ᠬᠢᠬᠦ ᠬᠡᠷᠡᠭᠲᠡᠢ᠃ | ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠤᠨᠢᠨ ᠳᠡᠭᠡᠷ᠎ᠡ ᠨᠢ ᠰᠠᠶᠢᠲᠤᠷ ᠬᠢᠵᠦ᠂ | ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠡᠭᠦᠷᠭᠡ ᠶᠢ ᠬᠤᠭᠤᠴᠠᠭ᠎ᠠ ᠶᠣᠰᠣᠭᠠᠷ ᠪᠦᠬᠦ ᠲᠠᠯ᠎ᠠ ᠪᠠᠷ | ᠪᠡᠶᠡᠯᠡᠭᠦᠯᠬᠦ ᠶᠢ ᠪᠠᠲᠤᠯᠠᠬᠤ ᠬᠡᠷᠡᠭᠲᠡᠢ᠃ ᠪᠣᠬᠢᠷᠲᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠢ | ᠰᠠᠶᠢᠲᠤᠷ ᠬᠢᠵᠦ᠂ ᠪᠣᠬᠢᠷᠲᠤᠯ ᠦᠭᠡᠢ ᠬᠦᠷᠢᠶᠡᠯᠡᠩ ᠲᠣᠭᠤᠷᠢᠭ᠂ ᠪᠣᠬᠢᠷᠲᠤᠯ ᠦᠭᠡᠢ ᠠᠭᠤᠷᠬᠠᠢ ᠶᠢ ᠪᠠᠶᠢᠭᠤᠯᠵᠤ᠂ ᠬᠦᠬᠡ | ᠣᠭᠲᠠᠷᠭᠤᠢ᠂ ᠬᠥᠬᠡᠮᠳᠦᠭ ᠤᠰᠤ᠂ ᠴᠡᠪᠡᠷ ᠬᠥᠷᠥᠰᠥ ᠶᠢ ᠬᠠᠮᠠᠭᠠᠯᠠᠬᠤ ᠳᠠᠶᠢᠯᠠᠯᠳᠤᠭᠠᠨ ᠤ ᠦᠷ᠎ᠡ ᠪᠦᠲᠦᠭᠡᠯ ᠢ | ᠪᠠᠬᠢᠵᠢᠭᠦᠯᠦᠨ ᠥᠷᠭᠡᠳᠬᠡᠬᠦ ᠬᠡᠷᠡᠭᠲᠡᠢ᠃ ᠮᠥᠩᠭᠦᠨ ᠭᠦᠶᠯᠭᠡᠭᠡᠨ ᠤ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ᠂ | ᠢᠯᠠᠩᠭᠤᠶ᠎ᠠ ᠵᠠᠰᠠᠭ ᠤᠨ ᠣᠷᠳᠣᠨ ᠤ ᠥᠷᠢ ᠥᠭᠴᠡᠭᠡᠨ ᠤ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠠᠵᠢᠯ ᠢ | ᠲᠡᠷᠢᠭᠦᠨ ᠪᠠᠶᠢᠷᠢᠨ ᠳᠤ ᠲᠠᠯᠪᠢᠵᠤ᠂ 2020 ᠣᠨ ᠤ ᠥᠷᠢ ᠥᠭᠴᠡᠭᠡ ᠶᠢ ᠠᠷᠢᠯᠭᠠᠬᠤ ᠡᠭᠦᠷᠭᠡ ᠶᠢ ᠪᠡᠶᠡᠯᠡᠭᠦᠯᠬᠦ ᠶᠢ | ᠦᠨᠡᠨᠬᠦ ᠪᠠᠲᠤᠯᠠᠬᠤ ᠬᠡᠷᠡᠭᠲᠡᠶ᠃ ᠠᠶᠤᠯ ᠲᠦᠭᠰᠢᠭᠦᠷᠢ ᠥᠷᠢᠰᠥᠯᠳᠦᠭᠡᠨ ᠢ ᠲᠣᠬᠢᠲᠠᠶ ᠰᠡᠷᠭᠡᠶᠢᠯᠡᠨ ᠠᠷᠢᠯᠭᠠᠵᠤ᠂ ᠲᠣᠭᠲᠠᠭᠤᠨ | ᠪᠠᠶᠢᠳᠠᠯ ᠢ ᠬᠠᠮᠠᠭᠠᠯᠠᠬᠤ ᠨᠢᠭᠡᠳᠦᠭᠡᠷ ᠬᠠᠷᠢᠭᠤᠴᠠᠯᠭ᠎ᠠ ᠪᠠ ᠬᠠᠷᠢᠶ᠎ᠠ ᠣᠷᠣᠨ ᠤ ᠰᠢᠶᠳᠪᠦᠷᠢᠯᠡᠬᠦ ᠬᠠᠷᠢᠭᠤᠴᠠᠯᠭ᠎ᠠ ᠶᠢ ᠬᠢᠨᠠᠮᠠᠭᠠᠶ | ᠨᠠᠶᠢᠳᠠᠪᠤᠷᠢᠵᠢᠭᠤᠯᠵᠤ᠂ ᠤᠯᠤᠰ ᠲᠦᠷᠦ᠂ ᠦᠵᠡᠯ ᠤᠬᠠᠮᠰᠠᠷ ᠤᠨ ᠬᠡᠯᠪᠡᠷᠢ᠂ ᠠᠵᠤ ᠠᠬᠤᠶ᠂ ᠨᠡᠶᠢᠭᠡᠮ ᠵᠡᠷᠭᠡ ᠬᠦᠷᠢᠶᠡᠨ | ᠳᠠᠬᠢ ᠬᠦᠨᠳᠦ ᠶᠡᠭᠡ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠠᠵᠢᠯ ᠢ ᠪᠣᠳᠠᠲᠠᠶ ᠪᠥᠭᠡᠳ ᠨᠠᠷᠢᠯᠢᠭ ᠬᠢᠬᠦ ᠬᠡᠷᠡᠭᠲᠡᠶ | ᠭᠡᠵᠦ ᠴᠢᠬᠤᠯᠠᠴᠢᠯᠠᠪᠠ᠃ | ᠪᠥᠬᠦᠳᠡ ᠬᠤᠷᠠᠯ ᠳᠤ᠂ ᠠᠷᠠᠳ ᠤᠨ ᠠᠮᠢᠳᠤᠷᠠᠯ ᠢ ᠪᠦᠲᠦᠮᠵᠢᠲᠡᠢ ᠪᠠᠲᠤᠯᠠᠨ ᠰᠠᠶᠢᠵᠢᠷᠠᠭᠤᠯᠵᠤ᠂ ᠦᠨᠳᠦᠰᠦᠲᠡᠨ | ᠨᠦᠭᠦᠳ ᠤᠨ ᠤᠯᠠᠨ ᠲᠦᠮᠡᠨ ᠤ ᠬᠦᠷᠲᠡᠮᠵᠢ ᠶᠢᠨ ᠲᠦᠷᠦᠭᠳᠡᠯ᠂ ᠵᠢᠷᠭᠠᠯᠲᠤ ᠲᠦᠷᠦᠭᠳᠡᠯ᠂ ᠠᠮᠤᠷ ᠲᠦᠪᠰᠢᠨ ᠤ | ᠲᠦᠷᠦᠭᠳᠡᠯ ᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃ ᠠᠵᠢᠯ ᠣᠯᠭᠤᠯᠲᠠ ᠶᠢ ᠲᠣᠭᠲᠠᠭᠤᠨ ᠪᠠᠶᠢᠯᠭᠠᠬᠤ ᠶᠢ | ᠲᠡᠷᠢᠭᠦᠨ ᠪᠠᠶᠢᠷᠢᠨ ᠳᠤ ᠲᠠᠯᠪᠢᠵᠤ᠂ ᠠᠵᠢᠯ ᠣᠯᠭᠤᠯᠲᠠ ᠶᠢᠨ ᠶᠡᠷᠦᠩᠬᠡᠢ ᠬᠡᠮᠵᠢᠶ᠎ᠡ ᠶᠢ ᠲᠣᠭᠲᠠᠪᠤᠷᠢᠵᠢᠭᠤᠯᠤᠨ᠂ ᠠᠵᠢᠯ | ᠣᠯᠭᠤᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠵᠦ᠂ ᠠᠵᠢᠯ ᠥᠬᠡᠶ ᠬᠡᠷ ᠪᠦᠯᠢ ᠶᠢᠨ ᠪᠠᠶᠢᠳᠠᠯ ᠢ ᠥᠬᠡᠶ ᠪᠣᠯᠭᠠᠬᠤ ᠶᠢ | ᠦᠨᠡᠨᠬᠦ ᠪᠠᠲᠤᠯᠠᠬᠤ ᠬᠡᠷᠡᠭᠲᠡᠶ᠃《ᠣᠭᠤᠷᠴᠠᠭ ᠬᠠᠷᠢᠶ᠎ᠠ ᠭᠠᠵᠠᠷ ᠤᠨ ᠠᠵᠤ ᠠᠬᠤᠢ》 ᠶᠢᠨ ᠦᠢᠯᠡᠰ ᠴᠣᠭᠴᠠᠯᠠᠵᠤ | ᠰᠢᠨ᠎ᠡ ᠶᠢ ᠡᠭᠦᠳᠬᠦ ᠬᠦᠷᠢᠶᠡᠯᠡᠩ ᠪᠠ ᠪᠠᠶ᠋ᠬᠠᠣᠪᠤᠭ᠎ᠠ ᠶᠢᠨ ᠦᠢᠯᠡᠰ ᠴᠣᠭᠴᠠᠯᠠᠬᠤ ᠬᠦᠷᠢᠶᠡᠯᠡᠩ ᠳᠤ ᠲᠦᠰᠢᠭᠯᠡᠨ᠂ ᠦᠢᠯᠡᠰ | ᠴᠣᠭᠴᠠᠯᠠᠬᠤ ᠪᠠᠷ ᠠᠵᠢᠯ ᠣᠯᠭᠤᠯᠲᠠ ᠶᠢ ᠳᠠᠶᠢᠴᠢᠯᠠᠬᠤ ᠦᠢᠯᠡᠳᠦᠯ ᠢ ᠬᠠᠮᠤᠭ ᠶᠡᠭᠡ ᠬᠡᠮᠵᠢᠶ᠎ᠡ ᠪᠠᠷ ᠪᠠᠳᠠᠷᠠᠭᠤᠯᠬᠤ ᠬᠡᠷᠡᠭᠲᠡᠢ | ᠃ ᠦᠨᠳᠦᠰᠦᠨ ᠠᠮᠢᠳᠤᠷᠠᠯ ᠤᠨ ᠬᠤᠷᠢᠭ᠎ᠠ ᠱᠤᠭᠤᠮ ᠢ ᠰᠠᠬᠢᠵᠤ᠂ ᠡᠯ᠎ᠡ ᠲᠦᠷᠦᠯ ᠤᠨ ᠪᠠᠭᠤᠷᠠᠶᠢᠴᠤᠤᠯ ᠤᠨ ᠪᠠᠲᠤᠯᠠᠭ᠎ᠠ | ᠶᠢᠨ ᠲᠦᠪᠰᠢᠨ ᠢ ᠳᠡᠭᠡᠭᠰᠢᠯᠡᠭᠦᠯᠬᠦ ᠬᠡᠷᠡᠭᠲᠡᠢ᠃ ᠨᠡᠶᠢᠭᠡᠮ ᠤᠨ ᠦᠢᠯᠡᠰ ᠤᠨ ᠡᠷᠬᠡ ᠲᠡᠭᠰᠢ ᠶᠠᠰᠤ ᠴᠢᠨᠠᠷ ᠢ ᠳᠡᠭᠡᠭᠰᠢᠯᠡᠭᠦᠯᠦᠨ | ᠬᠥᠭᠵᠢᠬᠦ ᠶᠢ ᠠᠬᠢᠭᠤᠯᠵᠤ᠂ ᠠᠷᠠᠳ ᠲᠦᠮᠡᠨ ᠳᠤ ᠲᠠᠭᠠᠰᠢᠶᠠᠭᠳᠠᠭᠰᠠᠨ ᠤᠳᠤ ᠦᠶ᠎ᠡ ᠶᠢᠨ ᠰᠤᠷᠭᠠᠨ ᠬᠥᠮᠦᠵᠢᠯ ᠢ ᠰᠠᠶᠢᠲᠤᠷ | ᠡᠷᠬᠢᠯᠡᠬᠦ ᠬᠡᠷᠡᠭᠲᠡᠢ᠃ ᠡᠷᠡᠭᠦᠯ ᠮᠡᠨᠳᠦ ᠶᠢᠨ ᠪᠠᠶ᠋ᠬᠠᠣᠪᠤᠭ᠎ᠠ ᠶᠢᠨ ᠪᠠᠶᠢᠭᠤᠯᠤᠯᠲᠠ ᠶᠢ ᠲᠦᠷᠭᠡᠳᠬᠡᠵᠦ᠂ ᠠᠭᠤᠷᠬᠠᠢ ᠶᠢᠨ | ᠲᠣᠭᠤᠷᠢᠭ ᠤᠨ ᠣᠯᠠᠨ ᠲᠦᠮᠡᠨ ᠳᠤ ᠪᠦᠬᠦ ᠲᠠᠯ᠎ᠠ ᠶᠢᠨ᠂ ᠪᠦᠬᠦ ᠦᠶᠡᠯᠡᠯ ᠤᠨ ᠬᠤᠭᠤᠴᠠᠭᠠᠨ ᠤ ᠡᠷᠡᠭᠦᠯ ᠮᠡᠨᠳᠦ ᠶᠢᠨ | ᠪᠠᠲᠤᠯᠠᠭ᠎ᠠ ᠬᠠᠩᠭᠠᠨ᠎ᠠ᠃ ᠨᠡᠶᠢᠭᠡᠮ ᠤᠨ ᠠᠮᠤᠷ ᠲᠦᠪᠰᠢᠨ ᠲᠣᠭᠲᠠᠭᠤᠨ ᠢ ᠪᠦᠬᠦ ᠬᠦᠴᠦ ᠪᠠᠷ ᠬᠠᠮᠠᠭᠠᠯᠠᠵᠤ᠂ ᠬᠠᠤᠯᠢᠵᠢᠯ | ᠤᠨ ᠵᠠᠰᠠᠭ ᠤᠨ ᠣᠷᠳᠣᠨ᠂ ᠬᠠᠤᠯᠢᠵᠢᠯ ᠤᠨ ᠨᠡᠶᠢᠭᠡᠮ ᠤᠨ ᠪᠠᠶᠢᠭᠤᠯᠤᠯᠲᠠ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠬᠤ | ᠬᠡᠷᠡᠭᠲᠡᠢ ᠭᠡᠵᠦ ᠱᠠᠭᠠᠷᠳᠠᠪᠠ᠃ | ᠪᠥᠬᠦᠳᠡ ᠬᠤᠷᠠᠯ ᠳᠤ᠂ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠬᠦᠴᠦᠯᠡᠨ ᠠᠬᠢᠭᠤᠯᠵᠤ᠂ ᠠᠵᠤ | ᠠᠬᠤᠢ ᠶᠢᠨ ᠪᠦᠬᠦᠯᠢ ᠴᠣᠭᠴᠠ ᠶᠢᠨ ᠦᠷᠢᠰᠦᠯᠳᠦᠬᠦ ᠬᠦᠴᠦᠨ ᠢ ᠪᠦᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠢ᠃ | ᠤᠯᠠᠮᠵᠢᠯᠠᠯᠲᠤ ᠠᠵᠤ ᠦᠢᠯᠡᠰ ᠢ ᠬᠦᠴᠦᠷᠬᠡᠭᠵᠢᠭᠦᠯᠦᠨ ᠪᠤᠵᠠᠭᠠᠶᠢᠷᠠᠭᠤᠯᠵᠤ᠂《ᠬᠡᠯᠬᠢᠶᠡᠨ ᠤ ᠳᠠᠷᠤᠭ᠎ᠠ ᠶᠢᠨ ᠳᠦᠷᠢᠮ》 ᠢ | ᠪᠣᠳᠠᠲᠠᠶᠢᠵᠢᠭᠤᠯᠵᠤ᠂ ᠲᠥᠪᠯᠡᠷᠡᠭᠦᠯᠦᠨ ᠡᠷᠴᠢᠮᠵᠢᠭᠦᠯᠦᠨ ᠬᠥᠭᠵᠢᠭᠦᠯᠬᠦ ᠰᠢᠨ᠎ᠡ ᠪᠠᠶᠢᠷᠢᠰᠢᠯ ᠢ ᠪᠦᠷᠢᠯᠳᠦᠭᠦᠯᠬᠦ ᠬᠡᠷᠡᠭᠲᠡᠢ᠃ | ᠰᠢᠨ᠎ᠡ ᠨᠡᠮᠡᠭᠳᠡᠯ ᠤᠨ ᠲᠤᠶᠢᠯ ᠢ ᠪᠣᠶᠢᠵᠢᠭᠤᠯᠵᠤ᠂ ᠥᠪᠡᠷᠲᠡᠭᠡᠨ ᠵᠠᠰᠠᠬᠤ ᠣᠷᠣᠨ ᠤ ᠭᠠᠳᠠᠭᠠᠳᠤ ᠠᠴᠠ ᠣᠷᠣᠭᠤᠯᠬᠤ ᠡᠬᠢ | ᠪᠠᠶᠠᠯᠢᠭ ᠢ ᠮᠠᠨ ᠤ ᠲᠣᠭᠤᠷᠢᠭ ᠲᠤ ᠡᠳ᠋ᠰᠢᠭᠦᠯᠬᠦ᠂ ᠳᠠᠮᠵᠢᠭᠤᠯᠤᠨ ᠭᠦᠶᠯᠭᠡᠭᠡᠬᠦ ᠪᠠᠷ ᠢᠳᠡᠪᠬᠢᠯᠡᠨ ᠴᠢᠷᠮᠠᠶᠢᠬᠤ ᠬᠡᠷᠡᠭᠲᠡᠶ᠃ | 《ᠣᠭᠤᠷᠴᠠᠭ ᠬᠠᠷᠢᠶ᠎ᠠ ᠭᠠᠵᠠᠷ ᠤᠨ ᠠᠵᠤ ᠠᠬᠤᠢ》 ᠶᠢ ᠶᠡᠬᠡᠪᠡᠷ ᠬᠥᠭᠵᠢᠭᠦᠯᠵᠦ᠂ ᠤᠯᠤᠰ ᠤᠨ ᠡᠯᠧᠺᠲᠷᠣᠨ | ᠬᠤᠳᠠᠯᠳᠤᠭᠠᠨ ᠤ ᠶᠠᠪᠤᠳᠠᠯ ᠤᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠢ ᠪᠠᠶᠢᠭᠤᠯᠵᠤ᠂ ᠥᠪᠡᠷᠲᠡᠭᠡᠨ ᠵᠠᠰᠠᠬᠤ ᠣᠷᠣᠨ ᠤ | ᠳᠡᠭᠡᠳᠦ ᠰᠢᠨ᠎ᠡ ᠮᠡᠷᠭᠡᠵᠢᠯ ᠤᠨ ᠣᠨᠴᠠᠯᠢᠭᠲᠤ ᠠᠵᠤ ᠦᠢᠯᠡᠰ ᠤᠨ ᠰᠠᠭᠤᠷᠢᠨ ᠭᠠᠵᠠᠷ ᠢ ᠢᠳᠡᠪᠬᠢᠲᠡᠶ ᠪᠠᠷ ᠭᠤᠶᠤᠴᠢᠯᠠᠨ | ᠮᠡᠳᠡᠭᠦᠯᠬᠦ ᠬᠡᠷᠡᠭᠲᠡᠢ᠃ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠡᠷᠴᠢᠮ ᠢᠶᠠᠨ ᠨᠡᠮᠡᠭᠳᠡᠭᠦᠯᠵᠦ᠂ ᠬᠡᠪᠴᠢᠶᠡᠵᠢᠯ ᠲᠠᠢ᠂ | ᠦᠷ᠎ᠡ ᠠᠰᠢᠭ ᠲᠠᠢ᠂ ᠳᠠᠶᠢᠴᠢᠯᠠᠬᠤ ᠬᠦᠴᠦᠨ ᠲᠠᠢ ᠳᠠᠪᠠᠭᠤᠯᠢᠭ ᠠᠵᠤ ᠦᠶᠯᠡᠰ ᠢ ᠬᠦᠴᠦᠯᠡᠨ ᠪᠠᠶᠢᠭᠤᠯᠤᠨ᠎ᠠ᠃ ᠰᠢᠨ᠎ᠡ ᠶᠢ | ᠡᠭᠦᠳᠬᠦ ᠬᠥᠳᠡᠯᠭᠡᠬᠦ ᠡᠨᠧᠷᠭᠢ ᠶᠢ ᠴᠢᠩᠭᠠᠳᠬᠠᠵᠤ᠂ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ | ᠪᠠᠶ᠋ᠬᠠᠣᠪᠤᠭ᠎ᠠ ᠶᠢᠨ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠰᠠᠭᠤᠷᠢᠨ | ᠭᠠᠵᠠᠷ ᠪᠠ ᠪᠤᠭᠤᠲᠤ ᠬᠤᠳᠠ ᠶᠢᠨ ᠬᠤᠪᠣᠷ ᠰᠢᠷᠣᠢ ᠶᠢᠨ ᠠᠵᠤ ᠦᠢᠯᠡᠰ ᠤᠨ ᠳᠤᠮᠳᠠ ᠲᠤᠷᠰᠢᠯᠲᠠ ᠶᠢᠨ ᠰᠠᠭᠤᠷᠢᠨ ᠭᠠᠵᠠᠷ | ᠢ ᠲᠦᠷᠭᠡᠳᠬᠡᠨ ᠪᠠᠶᠢᠭᠤᠯᠵᠤ᠂ ᠬᠠᠮᠵᠢᠯᠴᠠᠨ ᠰᠢᠨ᠎ᠡ ᠶᠢ ᠡᠭᠦᠳᠬᠦ ᠴᠣᠭᠴᠠ ᠶᠢ ᠬᠦᠴᠦᠯᠡᠨ ᠪᠠᠶᠢᠭᠤᠯᠬᠤ ᠬᠡᠷᠡᠭᠲᠡᠢ᠃ | ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠵᠦ᠂《ᠲᠠᠯᠪᠢᠬᠤ ᠬᠠᠮᠢᠶᠠᠷᠬᠤ | ᠦᠶᠯᠡᠴᠢᠯᠡᠬᠦ》ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ᠂ | ᠲᠥᠷᠥᠯ ᠵᠦᠶᠯ ᠢ ᠬᠢᠨᠠᠨ ᠵᠥᠪᠰᠢᠶᠡᠷᠡᠬᠦ ᠴᠠᠭ ᠤᠨ ᠬᠢᠵᠠᠭᠠᠷ ᠢ ᠤᠯᠠᠮ ᠨᠢᠭᠡ ᠠᠯᠬᠤᠮ ᠪᠣᠭᠤᠨᠢᠰᠬᠠᠬᠤ ᠬᠡᠷᠡᠭᠲᠡᠶ ᠭᠡᠵᠦ | ᠵᠢᠭᠠᠵᠤ ᠭᠠᠷᠭᠠᠪᠠ᠃ | ᠬᠤᠷᠠᠯ ᠳᠤ᠂ ᠠᠮᠢ ᠠᠬᠤᠶ ᠶᠢᠨ ᠠᠮᠤᠷ ᠲᠦᠪᠰᠢᠨ ᠤ ᠬᠠᠯᠬᠠᠪᠴᠢ ᠶᠢ ᠪᠠᠲᠤ ᠴᠣᠭᠴᠠᠯᠠᠵᠤ᠂ ᠤᠯᠤᠰ ᠤᠨ ᠨᠤᠲᠤᠭ | ᠳᠡᠪᠢᠰᠬᠡᠷ ᠤᠨ ᠣᠷᠣᠨ ᠵᠠᠶ ᠶᠢᠨ ᠲᠥᠯᠥᠪᠵᠢᠭᠦᠯᠭᠡ ᠶᠢ ᠲᠦᠷᠭᠡᠪᠴᠢᠯᠡᠨ ᠨᠠᠶᠢᠷᠠᠭᠤᠯᠤᠨ ᠵᠣᠬᠢᠶᠠᠵᠤ ᠬᠡᠷᠡᠭᠵᠢᠭᠦᠯᠬᠦ ᠬᠡᠷᠡᠭᠲᠡᠶ᠃ | ᠬᠤᠳᠠ ᠶᠢᠨ《ᠬᠤᠤᠰ ᠵᠠᠰᠠᠯᠲᠠ》 ᠶᠢᠨ ᠲᠤᠷᠰᠢᠯᠲᠠ ᠶᠢ ᠭᠦᠨᠵᠡᠭᠡᠶ ᠲᠦᠯᠬᠢᠨ ᠠᠬᠢᠭᠤᠯᠵᠤ᠂ ᠠᠮᠢ ᠠᠬᠤᠶ ᠶᠢᠨ | ᠪᠣᠬᠢᠷᠲᠤᠯ ᠦᠭᠡᠢ ᠪᠠᠷ ᠠᠷᠠᠳ ᠲᠤ ᠠᠰᠢᠭ ᠬᠦᠷᠲᠡᠭᠡᠬᠦ 12 ᠢᠨᠵᠧᠨᠧᠷᠢᠩ ᠡᠷᠲᠡᠬᠡᠨ ᠠᠰᠢᠭᠯᠠᠯᠲᠠ ᠳᠤ ᠣᠷᠣᠬᠤ ᠶᠢ | ᠠᠬᠢᠭᠤᠯᠤᠨ᠎ᠠ᠃ ᠶᠠᠩ ᠭᠤᠸᠠᠩ ᠰᠢᠨ ᠴᠧᠩ ᠰᠠᠭᠤᠭᠠᠯᠢ ᠠᠷᠠᠳ ᠤᠨ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢᠨ | ᠲᠥᠷᠥᠯ ᠵᠦᠶᠯ ᠪᠠ ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠤᠨ ᠥᠭᠡᠷᠡᠴᠢᠯᠡᠯᠲᠡ ᠶᠢ ᠯᠠᠪᠳᠠᠭᠤᠨ ᠢᠶᠠᠷ ᠲᠦᠯᠬᠢᠨ | ᠠᠬᠢᠭᠤᠯᠵᠤ᠂ ᠬᠤᠲᠠ ᠲᠣᠭᠤᠷᠢᠭ ᠤᠨ ᠤᠰᠤ ᠬᠠᠩᠭᠠᠬᠤ ᠤᠰᠤ ᠭᠠᠳᠠᠭᠰᠢᠯᠠᠭᠤᠯᠬᠤ᠂ ᠵᠠᠮ ᠤᠨ ᠲᠣᠣᠷᠵᠢᠯ ᠤᠨ | ᠰᠢᠰᠲ᠋ᠧᠮᠵᠢ ᠶᠢ ᠲᠡᠭᠦᠯᠳᠡᠷᠵᠢᠭᠦᠯᠦᠨ᠂ ᠤᠰᠤ ᠴᠡᠪᠡᠷᠰᠢᠭᠦᠯᠬᠦ ᠦᠶᠯᠡᠳᠪᠦᠷᠢ ᠶᠢᠨ ᠡᠷᠡᠭᠦᠯ ᠤᠰᠤ᠂ ᠰᠢᠭᠤᠳ ᠤᠤᠭᠤᠬᠤ | ᠤᠰᠤᠨ ᠤ ᠢᠨᠵᠧᠨᠧᠷᠢᠩ ᠢ ᠬᠡᠷᠡᠭᠵᠢᠭᠦᠯᠵᠦ᠂ ᠰᠢᠲᠠᠮᠠᠬᠠᠢ ᠬᠡᠢ ᠶᠢ ᠡᠷᠦᠬᠡ ᠳᠤ ᠣᠷᠣᠭᠤᠯᠬᠤ ᠶᠢ ᠲᠦᠷᠭᠡᠳᠬᠡᠨ᠎ᠡ᠃ ᠬᠤᠲᠠ | ᠲᠣᠭᠤᠷᠢᠭ ᠤᠨ ᠣᠷᠴᠢᠨ ᠲᠣᠭᠤᠷᠢᠨ ᠤ ᠶᠡᠷᠦᠩᠬᠡᠶᠢᠯᠡᠨ ᠴᠡᠭᠴᠡᠯᠡᠨ ᠵᠠᠰᠠᠬᠤ ᠶᠢ ᠴᠢᠩᠭᠠᠳᠬᠠᠵᠤ᠂《ᠭᠤᠷᠪᠠᠨ ᠬᠠᠩᠭᠠᠯᠭ᠎ᠠ | ᠨᠢᠭᠡ ᠦᠶᠯᠡᠰ》 ᠤᠨ ᠬᠠᠮᠢᠶᠠᠷᠤᠯᠲᠠ ᠬᠠᠮᠠᠭᠠᠯᠠᠯᠲᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠵᠦ᠂ ᠠᠮᠢᠳᠤᠷᠠᠯ ᠤᠨ ᠬᠤᠭ | ᠨᠣᠪᠰᠢ ᠶᠢ ᠲᠥᠷᠥᠯ ᠬᠤᠪᠢᠶᠠᠬᠤ ᠪᠠ ᠡᠬᠢ ᠪᠠᠶᠠᠯᠢᠭᠵᠢᠭᠤᠯᠤᠨ ᠠᠰᠢᠭᠯᠠᠬᠤ ᠠᠵᠢᠯ ᠢ ᠡᠬᠢᠯᠡᠭᠦᠯᠦᠨ᠎ᠡ᠃《ᠤᠶᠤᠨᠲᠤ | ᠬᠤᠲᠠ》 ᠶᠢᠨ ᠣᠷᠴᠢᠨ ᠲᠣᠭᠤᠷᠢᠨ ᠤ ᠬᠠᠮᠠᠭᠠᠯᠠᠯᠲᠠ᠂ ᠬᠤᠲᠠ ᠶᠢᠨ ᠬᠠᠮᠢᠶᠠᠷᠤᠯᠲᠠ᠂ ᠢᠳᠡᠭᠡᠨ ᠪᠠ ᠡᠮ ᠤᠨ ᠵᠦᠶᠯ ᠤᠨ | ᠬᠢᠨᠠᠯᠲᠠ ᠬᠠᠮᠢᠶᠠᠷᠤᠯᠲᠠ ᠵᠡᠷᠭᠡ ᠬᠦᠷᠢᠶ᠎ᠡ ᠴᠠᠷᠠᠭ᠎ᠠ ᠶᠢᠨ ᠬᠡᠷᠡᠭᠯᠡᠯᠲᠡ ᠶᠢ ᠰᠦᠪᠡᠭᠴᠢᠯᠡᠵᠦ᠂ 5G ᠶᠢᠨ ᠰᠠᠭᠤᠷᠢ ᠥᠷᠲᠡᠭᠡ | ᠶᠢ ᠪᠠᠶᠢᠭᠤᠯᠵᠤ᠂ ᠪᠥᠬᠦ ᠬᠤᠲᠠ ᠳᠤ 5G ᠰᠦᠯᠵᠢᠶ᠎ᠡ ᠶᠢ ᠪᠦᠷᠢᠨ ᠪᠦᠷᠬᠦᠭᠦᠯᠬᠦ ᠶᠢ ᠡᠩ ᠲᠡᠷᠢᠭᠦᠨ ᠳᠤ ᠪᠡᠶᠡᠯᠡᠭᠦᠯᠬᠦ ᠪᠠᠷ | ᠴᠢᠷᠮᠠᠶᠢᠵᠤ᠂ ᠠᠭᠤᠯᠠ ᠨᠢ ᠬᠥᠬᠡᠮᠳᠦᠭ ᠤᠰᠤ ᠨᠢ ᠲᠤᠩᠭᠠᠯᠠᠭ ᠣᠷᠣᠰᠢᠨ ᠠᠮᠢᠳᠤᠷᠠᠬᠤ ᠳᠤ ᠲᠣᠬᠢᠷᠠᠮᠵᠢᠲᠠᠶ | ᠪᠠᠶ᠋ᠬᠠᠣᠪᠤᠭ᠎ᠠ ᠶᠢ ᠪᠠᠶᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ | ᠪᠥᠬᠦᠳᠡ ᠬᠤᠷᠠᠯ ᠳᠤ᠂ ᠪᠥᠬᠦ ᠲᠣᠭᠤᠷᠢᠭ ᠤᠨ ᠳᠡᠭᠡᠳᠦ ᠳᠣᠤᠷᠠᠳᠤ ᠱᠠᠲᠤ ᠬᠠᠷᠠᠯᠲᠠ ᠡᠭᠦᠷᠭᠡ ᠳᠤ ᠠᠩᠬᠠᠷᠤᠯ ᠢᠶᠠᠨ | ᠲᠥᠪᠯᠡᠷᠡᠭᠦᠯᠵᠦ᠂ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠦᠨ᠂《ᠬᠤᠶᠠᠷ ᠢ ᠬᠠᠮᠠᠭᠠᠯᠠᠬᠤ》 ᠶᠢ ᠪᠡᠶᠡᠯᠡᠭᠦᠯᠬᠦ | ᠶᠢ ᠬᠠᠮᠤᠭ ᠤᠨ ᠦᠨᠳᠦᠰᠦᠨ ᠨᠠᠶᠢᠳᠠᠪᠤᠷᠢᠵᠢᠭᠤᠯᠤᠯᠲᠠ ᠶᠢᠨ ᠴᠢᠬᠤᠯᠠ ᠵᠦᠶᠯ ᠪᠣᠯᠭᠠᠵᠤ᠂ ᠶᠡᠷᠦᠩᠬᠡᠶ ᠱᠦᠵᠢ ᠰᠢ ᠶᠢᠨ | ᠫᠢᠩ ᠤᠨ ᠥᠪᠥᠷ ᠮᠣᠩᠭᠤᠯ ᠤᠨ ᠲᠤᠬᠠᠶ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠪᠠ ᠨᠠᠮ ᠤᠨ ᠲᠥᠪ | ᠬᠤᠷᠢᠶᠠᠨ ᠤ ᠰᠢᠶᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠲᠠᠢ ᠪᠥᠬᠦ ᠲᠠᠯ᠎ᠠ ᠪᠠᠷ ᠣᠨᠣᠪᠴᠢᠲᠠᠶ ᠬᠠᠷᠭᠤᠭᠤᠯᠵᠤ᠂ | ᠣᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠤᠷᠤᠭᠰᠢᠯᠠᠨ ᠳᠠᠪᠰᠢᠬᠤ ᠵᠣᠷᠢᠭ᠂ ᠵᠠᠮ ᠨᠡᠭᠡᠭᠡᠨ ᠰᠢᠨ᠎ᠡ ᠶᠢ ᠡᠭᠦᠳᠬᠦ ᠪᠠ | ᠰᠢᠷᠭᠠᠭᠤ ᠬᠠᠲᠠᠭᠤᠵᠢᠯᠲᠠᠶ ᠠᠵᠢᠯᠯᠠᠬᠤ ᠵᠣᠷᠢᠭ ᠰᠠᠨᠠᠭ᠎ᠠ᠂ ᠦᠨᠡᠨᠬᠦ ᠠᠳᠬᠤᠨ ᠪᠣᠳᠠᠲᠠᠶ ᠠᠵᠢᠯᠯᠠᠬᠤ ᠤᠬᠠᠮᠰᠠᠷᠲᠤ | ᠠᠵᠢᠯᠯᠠᠭ᠎ᠠ ᠪᠣᠯᠭᠠᠨ ᠬᠤᠪᠢᠷᠠᠭᠤᠯᠵᠤ᠂ ᠪᠣᠳᠠᠲᠠᠶ ᠲᠠᠢ ᠪᠠᠨ ᠤᠶᠠᠯᠳᠤᠭᠤᠯᠤᠨ ᠪᠦᠲᠦᠭᠡᠯᠴᠢ ᠪᠠᠷ ᠨᠠᠶᠢᠳᠠᠪᠤᠷᠢᠵᠢᠭᠤᠯᠤᠯᠲᠠ ᠶᠢ | ᠰᠠᠶᠢᠲᠤᠷ ᠠᠳᠬᠤᠬᠤ ᠬᠡᠷᠡᠭᠲᠡᠶ᠃ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠶᠢ ᠤᠷᠮᠠᠰᠢᠭᠤᠯᠤᠨ | ᠵᠣᠷᠢᠭᠵᠢᠭᠤᠯᠬᠤ ᠲᠣᠭᠲᠠᠴᠠ ᠶᠢ ᠲᠡᠭᠦᠯᠳᠡᠷᠵᠢᠭᠦᠯᠵᠦ᠂《ᠭᠤᠷᠪᠠ ᠶᠢ ᠢᠯᠭᠠᠨ ᠰᠠᠯᠭᠠᠬᠤ》ᠱᠠᠭᠠᠷᠳᠠᠯᠭ᠎ᠠ ᠶᠢ ᠪᠦᠬᠦ ᠲᠠᠯ᠎ᠠ | ᠪᠠᠷ ᠨᠠᠶᠢᠳᠠᠪᠤᠷᠢᠵᠢᠭᠤᠯᠵᠤ᠂ ᠦᠨᠳᠦᠰᠦᠨ ᠱᠠᠲᠤᠨ ᠤ ᠳᠠᠷᠤᠭᠠᠰᠤ ᠶᠢ ᠤᠯᠠᠮ ᠨᠢᠭᠡ ᠠᠯᠬᠤᠮ ᠬᠥᠩᠭᠡᠷᠡᠭᠦᠯᠵᠦ᠂ | 《ᠲᠦᠷᠪᠡᠨ ᠵᠦᠶᠯ ᠤᠨ ᠬᠡᠯᠪᠡᠷᠢ ᠪᠠᠶᠢᠳᠠᠯ》 ᠢ ᠶᠡᠷᠦᠩᠬᠡᠶᠢᠯᠡᠨ ᠬᠡᠷᠡᠭᠯᠡᠵᠦ᠂ ᠺᠠᠳ᠋ᠷ ᠤᠨ ᠬᠠᠷᠢᠭᠤᠴᠠᠯᠭ᠎ᠠ ᠡᠭᠦᠷᠭᠡᠯᠡᠨ | ᠵᠢᠳᠬᠦᠯ ᠴᠢᠷᠮᠠᠶᠢᠯᠭ᠎ᠠ ᠭᠠᠷᠭᠠᠭᠰᠠᠨ ᠪᠠᠶᠢᠳᠠᠯ ᠢ ᠤᠯᠤᠰ ᠲᠦᠷᠦ ᠶᠢᠨ ᠴᠠᠭᠳᠠᠨ ᠪᠠᠶᠢᠴᠠᠭᠠᠯᠲᠠ ᠶᠢ ᠭᠦᠨᠵᠡᠭᠡᠶᠢᠷᠡᠭᠦᠯᠬᠦ | ᠴᠢᠬᠤᠯᠠ ᠠᠭᠤᠯᠭ᠎ᠠ ᠳᠤ ᠣᠷᠣᠭᠤᠯᠵᠤ᠂ ᠦᠨᠡᠨᠴᠢ ᠰᠢᠳᠤᠷᠭᠤ ᠠᠷᠢᠭᠤᠨ ᠴᠢᠬᠡᠴᠢ ᠬᠠᠷᠢᠭᠤᠴᠠᠯᠭ᠎ᠠ ᠡᠭᠦᠷᠭᠡᠯᠡᠬᠦ ᠲᠡᠷᠢᠭᠦᠨ ᠤ | ᠨᠡᠶᠢᠲᠡᠯᠢᠭ ᠵᠢᠱᠢᠶ᠎ᠡ ᠶᠢ ᠶᠡᠭᠡ ᠪᠠᠷ ᠰᠣᠩᠭᠤᠨ ᠪᠤᠢ ᠪᠣᠯᠭᠠᠬᠤ ᠬᠡᠷᠡᠭᠲᠡᠶ᠃ ᠨᠠᠮ ᠤᠨ ᠪᠠᠶᠢᠭᠤᠯᠤᠯᠲᠠ ᠶᠢ ᠪᠥᠬᠦ ᠲᠠᠯ᠎ᠠ ᠪᠠᠷ | ᠴᠢᠩᠭᠠᠳᠬᠠᠵᠤ᠂ ᠡᠯ᠎ᠡ ᠲᠥᠷᠥᠯ ᠵᠥᠢᠯ ᠤᠨ ᠡᠭᠦᠷᠭᠡ ᠬᠠᠷᠢᠭᠤᠴᠠᠯᠭ᠎ᠠ ᠶᠢ ᠪᠡᠶᠡᠯᠡᠭᠦᠯᠬᠦ ᠶᠢ ᠪᠠᠲᠤ ᠪᠠᠬᠢ ᠵᠣᠬᠢᠶᠠᠨ | ᠪᠠᠶᠢᠭᠤᠯᠤᠯᠲᠠ ᠶᠢᠨ ᠪᠠᠲᠤᠯᠠᠭ᠎ᠠ ᠬᠠᠩᠭᠠᠬᠤ ᠬᠡᠷᠡᠭᠲᠡᠢ᠃ ᠵᠢᠯ ᠤᠨ ᠡᠴᠦᠰ ᠣᠨ ᠤ ᠡᠬᠢᠨ ᠤ ᠠᠷᠠᠳ ᠤᠨ ᠠᠮᠢᠳᠤᠷᠠᠯ ᠤᠨ | ᠬᠤᠷᠢᠭ᠎ᠠ ᠱᠤᠭᠤᠮ᠂ ᠠᠷᠠᠳ ᠣᠯᠠᠨ ᠤ ᠳᠤᠯᠠᠭᠠᠯᠠᠭ᠎ᠠ ᠶᠢᠨ ᠪᠠᠲᠤᠯᠠᠭ᠎ᠠ᠂ ᠪᠠᠶᠠᠷ ᠳᠤᠷᠠᠰᠬᠠᠯ ᠤᠨ ᠡᠳᠦᠷ ᠤᠨ ᠵᠠᠬ᠎ᠠ | ᠳᠡᠯᠭᠡᠭᠦᠷ ᠤᠨ ᠪᠠᠲᠤᠯᠠᠭ᠎ᠠ᠂ ᠨᠡᠶᠢᠲᠡ ᠶᠢᠨ ᠠᠮᠤᠷ ᠲᠥᠪᠰᠢᠨ ᠤ ᠵᠠᠰᠠᠯᠲᠠ᠂ ᠪᠠᠶᠠᠷ ᠳᠤᠷᠠᠰᠬᠠᠯ ᠤᠨ ᠡᠳᠦᠷ ᠤᠨ | ᠬᠤᠭᠤᠴᠠᠭᠠᠨ ᠳᠠᠬᠢ ᠪᠠᠴᠢᠮ ᠪᠠᠶᠢᠳᠠᠯ ᠢ ᠠᠷᠭᠠᠴᠠᠭᠠᠬᠤ ᠵᠢᠵᠢᠭᠦᠷᠯᠡᠯ᠂ ᠨᠡᠶᠢᠭᠡᠮ ᠤᠨ ᠲᠣᠭᠲᠠᠭᠤᠨ ᠢ ᠪᠠᠲᠤᠯᠠᠬᠤ ᠵᠡᠷᠭᠡ ᠡᠯ᠎ᠡ | ᠴᠢᠬᠤᠯᠠ ᠠᠵᠢᠯ ᠢ ᠪᠠᠲᠤᠲᠠᠢ ᠬᠢᠬᠦ ᠬᠡᠷᠡᠭᠲᠡᠢ ᠭᠡᠵᠦ ᠱᠠᠭᠠᠷᠳᠠᠪᠠ᠃ | ᠪᠥᠬᠦᠳᠡ ᠬᠤᠷᠠᠯ ᠳᠤ《ᠳᠤᠮᠳᠠᠳᠤ ᠤᠯᠤᠰ ᠤᠨ ᠡᠪ ᠬᠠᠮᠲᠤ ᠨᠠᠮ ᠤᠨ ᠲᠦᠷᠢᠮ》ᠪᠣᠯᠤᠨ《ᠳᠤᠮᠳᠠᠳᠤ ᠤᠯᠤᠰ | ᠤᠨ ᠡᠪ ᠬᠠᠮᠲᠤ ᠨᠠᠮ ᠤᠨ ᠣᠷᠣᠨ ᠨᠤᠲᠤᠭ ᠤᠨ ᠨᠠᠮ ᠤᠨ ᠬᠤᠷᠢᠶᠠᠨ ᠤ ᠠᠵᠢᠯ ᠤᠨ ᠲᠦᠷᠢᠮ》 ᠢ ᠦᠨᠳᠦᠰᠦᠯᠡᠵᠦ᠂ ᠹᠸᠢ | ᠰᠢᠶᠤᠤ ᠳ᠋ᠦᠩ ᠨᠥᠬᠦᠷ ᠤᠨ ᠲᠣᠭᠤᠷᠢᠭ ᠤᠨ ᠨᠠᠮ ᠤᠨ ᠬᠤᠷᠢᠶᠠᠨ ᠤ ᠭᠡᠰᠢᠭᠦᠨ ᠤ ᠲᠤᠰᠢᠶᠠᠯ᠂ ᠯᠢ ᠯᠸᠢ ᠨᠥᠬᠦᠷ ᠤᠨ | ᠲᠣᠭᠤᠷᠢᠭ ᠤᠨ ᠨᠠᠮ ᠤᠨ ᠬᠤᠷᠢᠶᠠᠨ ᠤ ᠣᠷᠣᠯᠠᠭᠴᠢ ᠭᠡᠰᠢᠭᠦᠨ ᠤ ᠲᠤᠰᠢᠶᠠᠯ ᠠᠴᠠ ᠪᠠᠭᠤᠯᠭᠠᠬᠤ ᠪᠠᠷ ᠲᠣᠭᠲᠠᠭᠠᠵᠤ᠂ | ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠭᠠᠷᠭᠠᠭᠰᠠᠨ ᠴᠧᠨ ᠬᠠᠶ ᠴᠢᠨ ᠨᠥᠬᠦᠷ ᠲᠤ ᠨᠠᠮ ᠤᠨ | ᠳᠣᠲᠣᠭᠠᠳᠤ ᠶᠢᠨ ᠲᠤᠰᠢᠶᠠᠯ ᠢ ᠤᠭᠴᠠᠷᠠᠭᠤᠯᠬᠤ ᠰᠢᠳᠬᠡᠯ ᠥᠭᠬᠦ ᠰᠢᠢᠳᠪᠦᠷᠢ ᠶᠢ ᠨᠡᠬᠡᠮᠵᠢᠯᠡᠨ ᠥᠭᠬᠦ ᠪᠠᠷ ᠲᠣᠭᠲᠠᠪᠠ᠃ | ᠪᠦᠬᠦᠳᠡ ᠬᠤᠷᠠᠯ ᠳᠤ᠂ ᠪᠦᠬᠦ ᠲᠣᠭᠤᠷᠢᠭ ᠤᠨ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠤᠨ | ᠥᠷᠭᠡᠨ ᠤᠯᠠᠨ ᠨᠠᠮ ᠤᠨ ᠭᠡᠰᠢᠭᠦᠨ ᠺᠠᠳ᠋ᠷ ᠤᠯᠠᠨ ᠲᠦᠮᠡᠨ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ | ᠲᠥᠪ ᠬᠤᠷᠢᠶᠠᠨ ᠤ ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ | ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠵᠤ᠂ ᠢᠲᠡᠭᠡᠯ | ᠵᠣᠷᠢᠭ ᠢᠶᠠᠨ ᠪᠠᠲᠤᠳᠬᠠᠵᠤ᠂ ᠬᠠᠷᠢᠯᠴᠠᠨ ᠬᠠᠪᠰᠤᠷᠤᠯᠴᠠᠵᠤ᠂ ᠡᠷᠡᠮᠡᠬᠡᠶᠢᠯᠡᠨ ᠲᠡᠮᠡᠴᠡᠵᠦ᠂ ᠮᠣᠩᠭᠤᠯ ᠮᠣᠷᠢᠨ ᠤ ᠵᠣᠷᠢᠭ | ᠰᠠᠨᠠᠭ᠎ᠠ ᠶᠢ ᠶᠡᠬᠡᠪᠡᠷ ᠪᠠᠳᠠᠷᠠᠭᠤᠯᠵᠤ᠂ ᠰᠢᠨ᠎ᠡ ᠴᠠᠭ ᠦᠶ᠎ᠡ ᠶᠢᠨ ᠨᠢᠭᠡᠳᠦᠭᠡᠷ ᠵᠠᠭᠤᠨ ᠵᠢᠯ ᠤᠨ ᠲᠡᠮᠡᠴᠡᠬᠦ ᠬᠠᠷᠠᠯᠲᠠ ᠶᠢ | ᠪᠡᠶᠡᠯᠡᠭᠦᠯᠬᠦ ᠶᠢᠨ ᠲᠥᠯᠥᠭᠡ ᠴᠥᠬᠦᠷᠡᠰᠢ ᠦᠭᠡᠢ ᠲᠡᠮᠡᠴᠡᠰᠦᠭᠡᠢ ᠭᠡᠵᠦ ᠤᠷᠢᠶᠠᠯᠠᠪᠠ︕ |