ᠪᠣᠳᠠᠲᠠᠶ ᠳᠤ ᠰᠠᠭᠤᠷᠢᠯᠠᠨ ᠨᠠᠶᠢᠳᠠᠪᠤᠷᠢᠵᠢᠭᠤᠯᠤᠯᠲᠠ ᠶᠢ ᠬᠦᠴᠦᠲᠡᠶ ᠠᠳᠬᠤᠵᠤ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠤᠨ᠎ᠠ
ᠨᠡᠶᠢᠲᠡᠯᠡᠭᠰᠡᠨ ᠴᠠᠭ᠄
2020-01-09
ᠪᠣᠳᠠᠲᠠᠶ ᠳᠤ ᠰᠠᠭᠤᠷᠢᠯᠠᠨ ᠨᠠᠶᠢᠳᠠᠪᠤᠷᠢᠵᠢᠭᠤᠯᠤᠯᠲᠠ ᠶᠢ ᠬᠦᠴᠦᠲᠡᠶ ᠠᠳᠬᠤᠵᠤ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠤᠨ᠎ᠠ      ᠴᠠᠭ᠄ 2020—01—07      ᠵᠣᠴᠢᠨ᠄ ᠪᠠᠶ᠋ᠬᠠᠣᠪᠤᠭ᠎ᠠ ᠠᠭᠤᠷᠬᠠᠢ ᠶᠢᠨ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠵᠠᠩ ᠶᠦᠩ ᠳ᠋ᠦᠩ      ᠠᠬᠤᠢ ᠪᠠᠶᠢᠳᠠᠯ᠄『ᠬᠤᠲᠠ ᠶᠢᠨ ᠨᠠᠮ ᠤᠨ ᠬᠤᠷᠢᠶᠠᠨ ᠤ ᠠᠷᠪᠠᠨ ᠬᠤᠶᠠᠳᠤᠭᠠᠷ ᠬᠤᠭᠤᠴᠠᠭᠠᠨ ᠤ ᠠᠷᠪᠠᠨ ᠨᠢᠭᠡᠳᠦᠭᠡᠷ ᠪᠦᠭᠦᠳᠡ ᠬᠤᠷᠠᠯ ᠵᠢᠴᠢ ᠪᠥᠬᠦ ᠬᠤᠲᠠ ᠶᠢᠨ ᠠᠵᠤ ᠠᠬᠤᠶ ᠶᠢᠨ ᠠᠵᠢᠯ ᠤᠨ ᠬᠤᠷᠠᠯ ᠪᠣᠯ ᠶᠡᠷᠦᠩᠬᠡᠶ ᠱᠦᠵᠢ ᠰᠢ ᠶᠢᠨ ᠫᠢᠩ ᠤᠨ ᠳᠤᠷᠠᠳᠤᠭᠰᠠᠨ ᠪᠠᠷᠢᠮᠲᠠᠯᠠᠨ ᠪᠠᠬᠢᠵᠢᠭᠦᠯᠬᠦ᠂ ᠲᠡᠭᠦᠯᠳᠡᠷᠵᠢᠭᠦᠯᠦᠨ ᠬᠥᠭᠵᠢᠭᠦᠯᠬᠦ᠂ ᠵᠢᠷᠤᠮᠯᠠᠨ ᠰᠠᠬᠢᠬᠤ ᠪᠠ ᠬᠡᠷᠡᠭᠵᠢᠭᠦᠯᠬᠦ ᠭᠤᠷᠪᠠᠨ ᠶᠡᠭᠡ ᠶᠠᠪᠤᠳᠠᠯ ᠢ ᠪᠤᠭᠤᠲᠤ ᠬᠤᠲᠠ ᠳᠤ ᠰᠠᠶᠢᠲᠤᠷ ᠠᠳᠬᠤᠬᠤ ᠪᠣᠳᠠᠲᠠᠶ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠪᠣᠯᠤᠨ᠎ᠠ᠃ ᠪᠥᠬᠦᠳᠡ ᠬᠤᠷᠠᠯ ᠳᠤ᠂ ᠪᠤᠭᠤᠲᠤ ᠶᠢᠨ ᠠᠵᠤ ᠠᠬᠤᠢ ᠶᠢᠨ ᠬᠥᠭᠵᠢᠯᠲᠡ ᠶᠢᠨ ᠪᠠᠶᠢᠳᠠᠯ ᠢ ᠰᠢᠨᠵᠢᠯᠡᠬᠦ ᠤᠬᠠᠭᠠᠨᠴᠢ ᠪᠠᠷ ᠰᠤᠳᠤᠯᠤᠨ ᠮᠠᠭᠠᠳᠯᠠᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠪᠣᠯᠤᠨ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠶᠢ ᠬᠠᠷᠢᠯᠴᠠᠨ ᠤᠶᠠᠯᠳᠤᠭᠤᠯᠬᠤ ᠶᠢ ᠪᠠᠷᠢᠮᠲᠠᠯᠠᠵᠤ᠂ ᠡᠨᠡ ᠵᠢᠯ ᠤᠨ ᠠᠵᠤ ᠠᠬᠤᠢ ᠶᠢᠨ ᠠᠵᠢᠯ ᠤᠨ ᠶᠡᠷᠦᠩᠬᠡᠶ ᠱᠠᠭᠠᠷᠳᠠᠯᠭ᠎ᠠ᠂ ᠪᠣᠳᠠᠲᠠᠶ ᠬᠠᠷᠠᠯᠲᠠ ᠪᠣᠯᠤᠨ ᠬᠥᠭᠵᠢᠯᠲᠡ ᠶᠢᠨ ᠠᠷᠭ᠎ᠠ ᠬᠡᠮᠵᠢᠶ᠎ᠡ ᠶᠢ ᠣᠨᠣᠪᠴᠢᠲᠠᠶ ᠳᠤᠷᠠᠳᠴᠤ᠂ ᠪᠦᠬᠦ ᠬᠤᠲᠠ ᠶᠢᠨ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠳᠤ ᠪᠠᠲᠤ ᠪᠠᠬᠢ ᠰᠠᠭᠤᠷᠢ ᠶᠢ ᠲᠠᠯᠪᠢᠪᠠ᠃』 ᠪᠠᠶ᠋ᠬᠠᠣᠪᠤᠭ᠎ᠠ ᠠᠭᠤᠷᠬᠠᠢ ᠶᠢᠨ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠵᠠᠩ ᠶᠦᠩ ᠳ᠋ᠦᠩ《ᠳᠠᠷᠠᠭᠠᠴᠢ ᠶᠢᠨ ᠠᠯᠬᠤᠮ ᠳᠤ᠂ ᠪᠠᠶ᠋ᠬᠠᠣᠪᠤᠭ᠎ᠠ ᠠᠭᠤᠷᠬᠠᠢ ᠶᠢᠨ ᠲᠣᠭᠤᠷᠢᠭ ᠤᠨ ᠪᠦᠬᠦᠳᠠ ᠬᠤᠷᠠᠯ ᠤᠨ ᠵᠣᠷᠢᠭ ᠰᠠᠨᠠᠭ᠎ᠠ ᠪᠣᠯᠤᠨ ᠠᠵᠢᠯ ᠤᠨ ᠪᠣᠳᠠᠲᠠᠢ ᠶᠢ ᠭᠦᠨᠵᠡᠭᠡᠢ ᠣᠶᠢᠯᠠᠭᠠᠵᠤ᠂ ᠨᠠᠷᠢᠨ ᠬᠢᠨᠠᠮᠠᠭᠠᠢ ᠲᠤᠭᠤᠰᠢᠯᠠᠭᠤᠯᠬᠤ ᠶᠢ ᠨᠢᠭᠲᠠ ᠤᠶᠠᠯᠳᠤᠭᠤᠯᠵᠤ᠂ ᠴᠢᠨᠠᠷ ᠰᠠᠶᠢᠲᠠᠢ ᠬᠥᠭᠵᠢᠯᠲᠡ ᠶᠢᠨ ︿ᠰᠢᠨ᠎ᠡ ᠵᠠᠮ﹀᠎ ᠢ ᠴᠢᠷᠮᠠᠶᠢᠨ ᠰᠦᠪᠡᠭᠴᠢᠯᠡᠨ᠎ᠡ》ᠭᠡᠵᠦ ᠬᠡᠯᠡᠪᠡ᠃      ᠰᠤᠷᠪᠤᠯᠵᠢᠯᠠᠭᠴᠢ᠄ ᠪᠠᠶ᠋ᠬᠠᠣᠪᠤᠭ᠎ᠠ ᠠᠭᠤᠷᠬᠠᠢ ᠶᠢᠨ ᠲᠣᠭᠤᠷᠢᠭ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠬᠡᠷᠬᠢᠨ ᠠᠬᠢᠭᠤᠯᠤᠭᠰᠠᠨ ᠪᠣᠶ︖      ᠪᠠᠶ᠋ᠬᠠᠣᠪᠤᠭ᠎ᠠ ᠠᠭᠤᠷᠬᠠᠢ ᠶᠢᠨ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠵᠠᠩ ᠶᠦᠩ ᠳ᠋ᠦᠩ᠄ ᠪᠠᠶ᠋ᠬᠠᠣᠪᠤᠭ᠎ᠠ ᠠᠭᠤᠷᠬᠠᠢ ᠶᠢᠨ ᠲᠣᠭᠤᠷᠢᠭ ᠪᠦᠬᠦᠳᠠ ᠬᠤᠷᠠᠯ ᠤᠨ ᠵᠣᠷᠢᠭ ᠰᠠᠨᠠᠭ᠎ᠠ ᠪᠣᠯᠤᠨ ᠠᠵᠢᠯ ᠤᠨ ᠪᠣᠳᠠᠲᠤ ᠪᠠᠶᠢᠳᠠᠯ ᠢ ᠭᠦᠨᠵᠡᠭᠡᠢ ᠣᠶᠢᠯᠠᠭᠠᠵᠤ᠂ ᠨᠠᠷᠢᠨ ᠬᠢᠨᠠᠮᠠᠭᠠᠢ ᠲᠤᠭᠤᠰᠢᠯᠠᠭᠤᠯᠬᠤ ᠶᠢ ᠨᠢᠭᠲᠠ ᠤᠶᠠᠯᠳᠤᠭᠤᠯᠵᠤ᠂ ᠴᠢᠨᠠᠷ ᠰᠠᠶᠢᠲᠠᠢ ᠪᠠᠶ᠋ᠬᠠᠣᠪᠤᠭ᠎ᠠ ᠠᠭᠤᠷᠬᠠᠢ ᠶᠢᠨ ᠲᠣᠭᠤᠷᠢᠭ ᠤᠨ ᠬᠥᠭᠵᠢᠯᠲᠡ ᠶᠢᠨ ︿ᠰᠢᠨ᠎ᠡ ᠵᠠᠮ﹀᠎ ᠢ ᠴᠢᠷᠮᠠᠶᠢᠨ ᠰᠦᠪᠡᠭᠴᠢᠯᠡᠨ᠎ᠡ᠃      ᠬᠤᠯᠪᠣᠯᠳᠤᠨ ᠨᠡᠪᠲᠡᠷᠡᠯᠴᠡᠬᠦ ᠬᠠᠮ ᠨᠢᠳᠤᠷᠭ᠎ᠠ ᠶᠢ ᠰᠠᠶᠢᠲᠤᠷ ᠬᠢᠬᠦ ᠬᠡᠷᠡᠭᠲᠡᠢ᠃ ᠠᠵᠤ ᠠᠬᠤᠶᠢᠯᠠᠯ ᠪᠠ ᠭᠠᠵᠠᠷ ᠣᠷᠣᠨ ᠤ ᠠᠭᠤᠰᠤᠯᠴᠠᠯ᠂ ᠣᠷᠣᠨ ᠪᠦᠰᠡ ᠶᠢᠨ ᠬᠠᠮᠵᠢᠯᠴᠠᠨ ᠬᠥᠭᠵᠢᠬᠦ ᠶᠢ ᠪᠥᠬᠦ‌‍ᠬᠦ᠋ᠴᠦ ᠪᠠᠷ ᠠᠬᠢᠭᠤᠯᠵᠤ᠂ ᠨᠢᠭᠡᠳᠦᠯᠲᠡᠶ ᠲᠥᠯᠥᠪᠵᠢᠭᠦᠯᠬᠦ᠂ ᠨᠢᠭᠡᠳᠦᠯᠲᠡᠶ ᠬᠤᠳᠠᠯᠳᠤᠭᠠᠴᠢᠨ ᠤᠷᠢᠬᠤ᠂ ᠨᠢᠭᠡᠳᠦᠯᠲᠡᠢ ᠪᠥᠲᠥᠭᠡᠨ ᠪᠠᠶᠢᠭᠤᠯᠬᠤ᠂ ᠨᠢᠭᠡᠳᠦᠯᠲᠡᠶ ᠠᠰᠢᠭ ᠭᠥᠷᠳᠡᠬᠦ᠂ ᠨᠢᠭᠡᠳᠦᠯᠲᠡᠶ ᠬᠥᠭᠵᠢᠭᠦᠯᠬᠦ ᠬᠠᠮᠲᠤᠷᠠᠯᠴᠠᠭᠠᠨ ᠤ ᠰᠢᠨ᠎ᠡ ᠲᠣᠭᠲᠠᠴᠠ ᠶᠢ ᠬᠠᠶᠢᠨ ᠰᠦᠪᠡᠭᠴᠢᠯᠡᠵᠦ᠂ ᠠᠵᠤ ᠦᠶᠯᠡᠳᠪᠦᠷᠢ ᠶᠢᠨ ᠬᠦᠷᠢᠶᠡᠯᠡᠩ ᠲᠣᠭᠤᠷᠢᠭ᠂ ᠪᠣᠬᠢᠷᠲᠤᠯ ᠥᠬᠡᠶ ᠠᠭᠤᠷᠬᠠᠶ᠂ ᠰᠢᠨ᠎ᠡ ᠪᠠᠷ ᠬᠥᠭᠵᠢᠭᠰᠡᠨ ᠠᠵᠤ ᠦᠶᠯᠡᠰ ᠤᠨ ᠬᠠᠮᠵᠢᠯᠴᠠᠨ ᠬᠥᠭᠵᠢᠬᠦ ᠶᠢ ᠬᠠᠮᠲᠤᠪᠠᠷ ᠠᠬᠢᠭᠤᠯᠵᠤ᠂ ᠣᠷᠣᠨ ᠪᠦᠰᠡ ᠶᠢᠨ ᠴᠢᠨᠠᠷᠲᠠᠶ ᠬᠠᠮᠲᠤ ᠶᠢᠨ ᠠᠰᠠᠭᠤᠳᠠᠯ ᠢ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ ᠰᠠᠶᠢᠲᠤᠷ ᠰᠢᠶᠳᠪᠦᠷᠢᠯᠡᠵᠦ᠂ ᠦᠨᠳᠦᠰᠦᠲᠡᠨ ᠤ ᠪᠦᠯᠬᠦᠮᠳᠡᠯ᠂ ᠬᠢᠯᠢ ᠬᠢᠵᠠᠭᠠᠷ ᠤᠨ ᠲᠣᠭᠲᠠᠭᠤᠨ ᠪᠠ ᠭᠠᠵᠠᠷ ᠣᠷᠣᠨ ᠤ ᠴᠡᠴᠡᠭᠯᠡᠨ ᠬᠥᠭᠵᠢᠬᠦ ᠶᠢ ᠬᠠᠮᠲᠤ ᠪᠠᠷ ᠠᠬᠢᠭᠤᠯᠤᠨ᠎ᠠ᠃ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦ ᠬᠠᠮ ᠠᠷᠭ᠎ᠠ ᠶᠢ ᠰᠠᠶᠢᠲᠤᠷ ᠬᠢᠬᠦ ᠬᠡᠷᠡᠭᠲᠡᠢ᠃ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠪᠣᠯᠤᠨ ᠦᠯᠡᠳᠡᠭᠳᠡᠯ ᠠᠭᠤᠷᠬᠠᠢ ᠶᠢᠨ ᠡᠬᠢ ᠪᠠᠶᠠᠯᠢᠭ ᠢ ᠶᠡᠷᠦᠩᠬᠡᠶᠢᠯᠡᠨ ᠠᠰᠢᠭᠯᠠᠬᠤ ᠰᠠᠭᠤᠷᠢᠨ ᠭᠠᠵᠠᠷ ᠪᠣᠯᠤᠨ ᠠᠭᠤᠷᠬᠠᠢ ᠶᠢᠨ ᠭᠠᠵᠠᠷ ᠤᠨ ᠣᠷᠴᠢᠨ ᠲᠣᠭᠤᠷᠢᠨ ᠢ ᠰᠡᠷᠭᠦᠭᠡᠨ ᠵᠠᠰᠠᠬᠤ ᠵᠢᠱᠢᠶ᠎ᠡ ᠦᠵᠡᠭᠦᠯᠬᠦ ᠰᠠᠭᠤᠷᠢᠨ ᠭᠠᠵᠠᠷ ᠢ ᠲᠦᠷᠭᠡᠳᠬᠡᠨ ᠪᠠᠶᠢᠭᠤᠯᠵᠤ᠂ ᠠᠭᠤᠷᠬᠠᠢ ᠎ ᠶᠢᠨ ᠠᠮᠢ ᠠᠬᠤᠶ ᠶᠢ ᠰᠡᠷᠭᠦᠭᠡᠨ ᠵᠠᠰᠠᠬᠤ ᠬᠢᠭᠡᠳ ᠠᠷᠢᠭᠤᠨ ᠴᠡᠪᠡᠷ ᠡᠨᠧᠷᠭᠢ ᠶᠢ ᠨᠢᠭᠡ ᠳᠤ ᠴᠣᠭᠴᠠᠵᠢᠭᠤᠯᠤᠨ ᠬᠥᠭᠵᠢᠭᠦᠯᠬᠦ ᠶᠢ ᠲᠦᠷᠭᠡᠳᠬᠡᠨ ᠠᠬᠢᠭᠤᠯᠵᠤ᠂《ᠪᠣᠬᠢᠷᠲᠤᠯ ᠦᠭᠡᠢ ᠠᠭᠤᠷᠬᠠᠶ》᠎ ᠶᠢᠨ ᠨᠡᠷᠡᠲᠦ ᠲᠡᠮᠳᠡᠭᠲᠦ ᠶᠢ ᠪᠤᠢ ᠪᠣᠯᠭᠠᠨ᠎ᠠ᠃      ᠬᠥᠭᠵᠢᠯᠲᠡ ᠶᠢᠨ ᠬᠠᠮᠠᠭᠠᠯᠠᠯᠲᠠ ᠶᠢᠨ ᠬᠠᠮ ᠨᠢᠳᠤᠷᠭ᠎ᠠ ᠶᠢ ᠰᠠᠶᠢᠲᠤᠷ ᠬᠢᠬᠦ ᠬᠡᠷᠡᠭᠲᠡᠢ᠃ ᠠᠮᠢ ᠠᠬᠤᠢ ᠶᠢᠨ ᠰᠡᠷᠭᠦᠭᠡᠯᠲᠡ᠂ ᠣᠷᠴᠢᠨ ᠲᠣᠭᠤᠷᠢᠨ ᠤ ᠬᠠᠮᠠᠭᠠᠯᠠᠯᠲᠠ᠂ ᠪᠣᠬᠢᠷᠲᠤᠯ ᠦᠭᠡᠢ ᠬᠥᠭᠵᠢᠯᠲᠡ᠂ ᠠᠮᠢ ᠠᠬᠤᠢ ᠪᠠᠷ ᠠᠷᠠᠳ ᠎ ᠲᠤ ᠠᠰᠢᠭ ᠬᠦᠷᠲᠡᠭᠡᠬᠦ《ᠳᠥᠷᠪᠡᠨ ᠶᠡᠭᠡ ᠶᠠᠪᠤᠳᠠᠯ》᠎ ᠢ ᠪᠦᠬᠦ ᠬᠦᠴᠦ ᠪᠠᠷ ᠰᠠᠶᠢᠲᠤᠷ ᠬᠢᠵᠦ᠂ ᠣᠯᠠᠨ ᠲᠦᠮᠡᠨ ᠤ ᠳᠡᠷᠭᠡᠳᠡᠬᠢ ᠣᠷᠴᠢᠨ ᠲᠣᠭᠤᠷᠢᠨ ᠤ ᠳᠣᠪᠤᠶᠢᠮ᠎ᠠ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠪᠣᠬᠢᠷᠲᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠯᠠᠪᠳᠠᠭᠤᠨ ᠪᠠᠲᠤᠲᠠᠢ ᠰᠠᠶᠢᠲᠤᠷ ᠬᠢᠨ᠎ᠡ᠃ ᠪᠥᠬᠦ ᠲᠣᠭᠤᠷᠢᠭ ᠤᠨ ᠬᠦᠴᠦᠨ ᠢᠶᠠᠷ ᠪᠥᠬᠦ ᠣᠷᠣᠨ ᠪᠦᠰᠡ ᠶᠢᠨ ᠤᠯᠤᠰ ᠤᠨ ᠲᠠᠰ ᠤᠨ ᠠᠭᠤᠷᠬᠠᠶ ᠶᠢᠨ ᠴᠡᠴᠡᠷᠯᠢᠭ ᠤᠨ ᠵᠢᠱᠢᠶ᠎ᠡ ᠦᠵᠡᠭᠦᠯᠬᠦ ᠲᠥᠷᠥᠯ ᠵᠦᠶᠯ᠂ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠢ ᠶᠡᠷᠦᠩᠬᠡᠶᠢᠯᠡᠨ ᠠᠰᠢᠭᠯᠠᠵᠤ ᠭᠦᠨᠵᠡᠭᠡᠶ ᠡᠳ᠋ᠰᠢᠭᠦᠯᠬᠦ ᠵᠡᠷᠭᠡ《ᠠᠮᠢ ᠠᠬᠤᠶ ᠶᠢᠨ ᠪᠣᠬᠢᠷᠲᠤᠯ ᠥᠬᠡᠶ ᠪᠠᠷ ᠠᠷᠠᠳ ᠲᠤ ᠠᠰᠢᠭ ᠬᠦᠷᠲᠡᠭᠡᠬᠦ 12 ᠢᠨᠵᠧᠨᠧᠷᠢᠩ》᠎ ᠢ ᠰᠠᠶᠢᠲᠤᠷ ᠬᠡᠷᠡᠭᠵᠢᠭᠦᠯᠵᠦ᠂ ᠴᠢᠨᠠᠷ ᠰᠠᠶᠢᠲᠠᠶ ᠬᠥᠭᠵᠢᠯᠲᠡ ᠶᠢᠨ ᠳᠤᠮᠳᠠ ᠥᠨᠳᠥᠷ ᠲᠦᠪᠰᠢᠨ ᠪᠥᠬᠦᠶ ᠬᠠᠮᠠᠭᠠᠯᠠᠯᠲᠠ ᠶᠢ ᠪᠡᠶᠡᠯᠡᠭᠦᠯᠵᠦ᠂ ᠥᠨᠳᠥᠷ ᠲᠦᠪᠰᠢᠨ ᠪᠥᠬᠦᠶ ᠬᠠᠮᠠᠭᠠᠯᠠᠯᠲᠠ ᠶᠢᠨ ᠳᠤᠮᠳᠠ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠪᠠᠷ ᠴᠢᠷᠮᠠᠶᠢᠨ᠎ᠠ᠃ ᠪᠠᠰᠠ ᠲᠥᠯᠥᠪᠵᠢᠭᠦᠯᠦᠨ ᠪᠦᠲᠦᠭᠡᠨ ᠪᠠᠶᠢᠭᠤᠯᠬᠤ ᠬᠠᠮ ᠨᠢᠳᠤᠷᠭ᠎ᠠ ᠶᠢ ᠰᠠᠶᠢᠲᠤᠷ ᠬᠢᠬᠦ ᠬᠡᠷᠡᠭᠲᠡᠢ᠃ ᠦᠶᠯᠡᠳᠪᠦᠷᠢᠯᠡᠯ ᠤᠨ ᠣᠷᠣᠨ ᠵᠠᠶ ᠶᠢ ᠡᠷᠴᠢᠮᠵᠢᠭᠦᠯᠦᠨ ᠥᠨᠳᠥᠷ ᠪᠦᠲᠦᠮᠵᠢᠲᠡᠶ ᠪᠠᠶᠢᠯᠭᠠᠬᠤ᠂ ᠠᠮᠢᠳᠤᠷᠠᠯ ᠤᠨ ᠣᠷᠣᠨ ᠵᠠᠶ ᠶᠢ ᠣᠷᠣᠰᠢᠨ ᠰᠠᠭᠤᠬᠤ ᠳᠤ ᠲᠣᠬᠢᠷᠠᠮᠵᠢᠲᠠᠶ ᠪᠠᠶᠢᠯᠭᠠᠬᠤ᠂ ᠠᠮᠢ ᠠᠬᠤᠶ ᠶᠢᠨ ᠣᠷᠣᠨ ᠵᠠᠶ ᠶᠢᠨ ᠠᠭᠤᠯᠠ ᠤᠰᠤ ᠶᠢ ᠲᠤᠩᠭᠠᠯᠠᠭ ᠪᠠᠶᠢᠯᠭᠠᠬᠤ ᠪᠠᠷ ᠬᠠᠷᠠᠯᠲᠠ ᠪᠣᠯᠭᠠᠵᠤ᠂《ᠣᠯᠠᠨ ᠲᠥᠯᠥᠪᠵᠢᠭᠦᠯᠭᠡ ᠶᠢ ᠨᠡᠶᠢᠯᠡᠭᠦᠯᠦᠨ ᠨᠢᠭᠡ ᠪᠣᠯᠭᠠᠬᠤ》᠎ ᠶᠢ ᠨᠠᠷᠢᠨ ᠨᠢᠮᠪᠠᠶ ᠰᠠᠶᠢᠲᠤᠷ ᠬᠢᠵᠦ᠂ ᠪᠣᠬᠢᠷᠲᠤᠯ ᠥᠬᠡᠶ ᠠᠭᠤᠷᠬᠠᠶ ᠪᠠᠷ ᠭᠤᠤᠯ ᠪᠣᠯᠭᠠᠭᠰᠠᠨ ᠪᠣᠬᠢᠷᠲᠤᠯ ᠥᠬᠡᠶ ᠠᠵᠤ ᠠᠬᠤᠶᠢᠯᠠᠯ᠂ ᠪᠣᠬᠢᠷᠲᠤᠯ ᠥᠬᠡᠶ ᠨᠡᠶᠢᠭᠡᠮ ᠲᠣᠭᠤᠷᠢᠭ᠂ ᠪᠣᠬᠢᠷᠲᠤᠯ ᠥᠬᠡᠶ ᠰᠤᠷᠭᠠᠭᠤᠯᠢ ᠶᠢᠨ ᠬᠦᠷᠢᠶ᠎ᠡ᠂ ᠪᠣᠬᠢᠷᠲᠤᠯ ᠥᠬᠡᠶ ᠵᠡᠭᠡᠯᠢ ᠭᠤᠳᠤᠮᠵᠢ ᠂ ᠪᠣᠬᠢᠷᠲᠤᠯ ᠥᠬᠡᠶ ᠬᠦᠷᠢᠶ᠎ᠡ ᠬᠠᠰᠢᠶ᠎ᠠ ᠶᠢᠨ《1 + N》ᠪᠣᠬᠢᠷᠲᠤᠯ ᠥᠬᠡᠶ ᠬᠤᠲᠠ ᠲᠣᠭᠤᠷᠢᠭ ᠤᠨ ᠪᠠᠶᠢᠷᠢᠰᠢᠯ ᠎ ᠢ ᠢᠳᠡᠪᠬᠢᠲᠡᠶ ᠪᠠᠶᠢᠭᠤᠯᠵᠤ᠂ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠲᠣᠭᠤᠷᠢᠭ ᠎ ᠢ ᠪᠥᠬᠦ ᠬᠦᠴᠦ ᠪᠠᠷ ᠡᠭᠦᠳᠦᠨ ᠪᠠᠶᠢᠭᠤᠯᠤᠨ᠎ᠠ᠃      《ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠪᠣᠯ ᠮᠠᠨ ᠤ ᠡᠨᠡ ᠵᠢᠯ ᠤᠨ ᠠᠵᠢᠯ ᠤᠨ ᠲᠡᠷᠢᠭᠦᠨ ᠴᠢᠬᠤᠯᠠ ᠶᠠᠪᠤᠳᠠᠯ ᠪᠣᠯᠤᠨ᠎ᠠ᠃ ᠪᠢᠳᠡ ᠬᠠᠷᠠᠯᠲᠠ ᠪᠠᠨ ᠴᠢᠩᠭ᠎ᠠ ᠠᠩᠬᠠᠷᠴᠤ᠂ ᠨᠠᠷᠢᠨ ᠬᠢᠨᠠᠮᠠᠭᠠᠶ ᠪᠦᠷᠢᠳᠬᠡᠵᠦ᠂ ᠬᠦᠴᠦ ᠪᠠᠨ ᠲᠥᠪᠯᠡᠷᠡᠭᠦᠯᠦᠨ ︿ᠡᠴᠦᠰ ᠤᠨ ᠨᠢᠭᠡ ᠺᠢᠯᠣᠮᠧᠲᠷ﹀᠎ ᠢ ᠰᠠᠶᠢᠲᠤᠷ ᠭᠦᠶᠦᠨ᠎ᠡ᠃》ᠪᠠᠶ᠋ᠬᠠᠣᠪᠤᠭ᠎ᠠ ᠠᠭᠤᠷᠬᠠᠶ ᠶᠢᠨ ᠲᠣᠭᠤᠷᠢᠭ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠰᠢᠨ᠎ᠡ ᠶᠢ ᠡᠭᠦᠳᠬᠦ ᠪᠠᠷ ᠬᠥᠳᠡᠯᠭᠡᠬᠦ ᠬᠦᠴᠦᠨ ᠪᠣᠯᠭᠠᠵᠤ᠂ ᠪᠦᠲᠦᠴᠡ ᠶᠢ ᠵᠣᠬᠢᠴᠠᠭᠤᠯᠤᠨ᠂ ᠪᠣᠬᠢᠷᠲᠤᠯ ᠦᠭᠡᠶ ᠠᠮᠢ ᠠᠬᠤᠶ ᠶᠢ ᠬᠠᠮᠠᠭᠠᠯᠠᠵᠤ᠂ ᠨᠡᠭᠡᠭᠡᠯᠲᠡ ᠪᠠᠷ ᠣᠷᠣᠨ ᠵᠠᠶ ᠶᠢ ᠥᠷᠭᠡᠳᠬᠡᠵᠦ᠂ ᠠᠷᠠᠳ ᠤᠨ ᠠᠮᠢᠳᠤᠷᠠᠯ ᠢ ᠬᠠᠮᠲᠤᠪᠠᠷ ᠡᠳ᠋ᠯᠡᠨ᠎ᠡ᠃ ᠠᠮᠢ ᠠᠬᠤᠢ ᠶᠢ ᠤᠷᠢᠳ ᠢᠶᠠᠷ ᠪᠣᠳᠣᠯᠬᠢᠯᠠᠬᠤ᠂ ᠪᠣᠬᠢᠷᠲᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠡᠷᠡᠰ ᠭᠤᠶᠢᠪᠢᠰᠢ ᠦᠭᠡᠢ ᠰᠠᠶᠢᠲᠤᠷ ᠵᠠᠮᠨᠠᠵᠤ᠂ ᠠᠭᠤᠷᠬᠠᠢ ᠶᠢᠨ ᠲᠣᠭᠤᠷᠢᠭ ᠤᠨ ᠣᠷᠴᠢᠨ ᠲᠣᠭᠤᠷᠢᠨ ᠤ ᠶᠡᠷᠦᠩᠬᠡᠶᠢᠯᠡᠭᠰᠡᠨ ᠵᠠᠰᠠᠯᠲᠠ ᠶᠢ ᠠᠬᠢᠭᠤᠯᠵᠤ᠂ ᠪᠣᠬᠢᠷᠲᠤᠯ ᠦᠭᠡᠢ ᠠᠭᠤᠷᠬᠠᠢ ᠶᠢ ᠪᠦᠬᠦ ᠬᠦᠴᠦ ᠪᠠᠷ ᠴᠣᠭᠴᠠᠯᠠᠵᠤ᠂ ᠴᠢᠨᠠᠷ ᠰᠠᠶᠢᠲᠠᠢ ᠡᠬᠢ ᠪᠠᠶᠠᠯᠢᠭ ᠢ ᠳᠠᠬᠢᠨ ᠠᠰᠢᠭᠯᠠᠬᠤ᠂ ᠤᠨᠴᠠᠯᠢᠭᠳᠤ ᠠᠵᠤ ᠦᠢᠯᠡᠰ ᠢ ᠪᠤᠵᠠᠭᠠᠶᠢᠷᠠᠭᠤᠯᠬᠤ ᠪᠠ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢ ᠳᠠᠬᠢᠨ ᠳᠡᠭᠡᠭᠰᠢᠯᠡᠭᠦᠯᠬᠦ ᠳᠤ ᠠᠩᠬᠠᠷᠤᠯ ᠢᠶᠠᠨ ᠲᠥᠪᠯᠡᠷᠡᠭᠦᠯᠦᠨ᠎ᠡ᠃ ᠤᠯᠠᠮᠵᠢᠯᠠᠯᠲᠤ ᠠᠵᠤ ᠦᠶᠯᠡᠰ ᠢ ᠬᠦᠴᠦᠷᠬᠡᠭᠵᠢᠭᠦᠯᠦᠨ ᠪᠤᠵᠠᠭᠠᠶᠢᠷᠠᠭᠤᠯᠬᠤ᠂ ᠶᠠᠰᠤ ᠴᠢᠨᠠᠷ ᠢ ᠳᠡᠭᠡᠭᠰᠢᠯᠡᠭᠦᠯᠦᠨ ᠬᠡᠷᠡᠭᠯᠡᠭᠡᠨ ᠤ ᠠᠵᠤ ᠦᠶᠯᠡᠰ ᠢ ᠳᠡᠭᠡᠭᠰᠢᠯᠡᠭᠦᠯᠦᠨ᠂ ᠰᠢᠨ᠎ᠡ ᠨᠡᠮᠡᠭᠳᠡᠯ ᠤᠨ ᠲᠤᠶᠢᠯ ᠢ ᠪᠣᠶᠢᠵᠢᠭᠤᠯᠤᠨ ᠪᠣᠶᠢᠵᠢᠭᠤᠯᠵᠤ ᠂ ᠠᠮᠢ ᠠᠬᠤᠢ ᠣᠷᠴᠢᠨ ᠲᠣᠭᠤᠷᠢᠨ ᠤ《ᠥᠨᠳᠥᠷ ᠦᠨ᠎ᠡ ᠥᠷᠲᠡᠭ ᠲᠠᠢ》ᠪᠠ ᠠᠵᠤ ᠠᠬᠤᠢ ᠶᠢᠨ ᠬᠥᠭᠵᠢᠯᠲᠡ ᠎ ᠶᠢᠨ《ᠴᠢᠨᠠᠷ ᠰᠠᠶᠢᠲᠠᠶ》᠎ ᠶᠢ ᠴᠢᠷᠮᠠᠶᠢᠨ ᠪᠡᠶᠡᠯᠡᠭᠦᠯᠦᠨ᠎ᠡ᠃ ᠭᠤᠤᠯᠳᠠᠯᠭ᠎ᠠ ᠶᠢᠨ ᠳᠣᠲᠣᠷᠠᠬᠢ ᠭᠤᠤᠯᠳᠠᠯᠭ᠎ᠠ ᠪᠣᠯ ᠨᠠᠮ ᠎ ᠤᠨ ᠤᠳᠤᠷᠢᠳᠤᠯᠭ᠎ᠠ ᠶᠢ ᠬᠤᠲᠠ ᠶᠢᠨ ᠦᠨᠳᠦᠰᠦᠨ ᠱᠠᠲᠤᠨ ᠤ ᠵᠠᠰᠠᠯᠲᠠ ᠶᠢᠨ ᠪᠥᠬᠦ ᠶᠠᠪᠤᠴᠠ ᠳᠤ ᠲᠤᠭᠤᠰᠢᠯᠠᠭᠤᠯᠵᠤ᠂ ᠬᠤᠲᠠ ᠶᠢᠨ ᠦᠨᠳᠦᠰᠦᠨ ᠱᠠᠲᠤᠨ ᠤ ᠵᠠᠰᠠᠯᠲᠠ ᠶᠢᠨ ᠬᠢᠷᠢ ᠬᠡᠮᠵᠢᠶ᠎ᠡ ᠶᠢ ᠲᠠᠰᠤᠷᠠᠯᠲᠠ ᠥᠬᠡᠶ ᠳᠡᠭᠡᠭᠰᠢᠯᠡᠭᠦᠯᠦᠨ᠂ ᠠᠷᠠᠳ ᠤᠨ ᠠᠮᠢᠳᠤᠷᠠᠯ ᠢ ᠪᠥᠬᠦ ᠬᠦᠴᠦ ᠪᠠᠷ ᠪᠠᠲᠤᠯᠠᠨ ᠰᠠᠶᠢᠵᠢᠷᠠᠭᠤᠯᠵᠤ᠂ ᠠᠭᠤᠷᠬᠠᠶ ᠶᠢᠨ ᠲᠣᠭᠤᠷᠢᠭ ᠤᠨ ᠣᠯᠠᠨ ᠲᠦᠮᠡᠨ ᠤ ᠬᠠᠮᠤᠭ ᠤᠨ ᠪᠠᠴᠢᠮ᠂ ᠬᠠᠮᠤᠭ ᠤᠨ ᠰᠠᠨᠠᠭᠠᠰᠢᠷᠠᠵᠤ ᠬᠦᠰᠡᠵᠦ ᠪᠠᠶᠢᠭ᠎ᠠ ᠶᠡᠭᠡ ᠪᠠᠴᠢᠮ ᠶᠠᠪᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠠᠷᠠᠳ ᠤᠨ ᠠᠮᠢᠳᠤᠷᠠᠯ ᠤᠨ ᠬᠦᠷᠢᠶᠡᠨ ᠳᠠᠬᠢ ᠲᠣᠪᠣᠶᠢᠮ᠎ᠠ ᠳᠤᠲᠠᠭᠳᠠᠯ ᠢ ᠬᠦᠴᠦᠯᠡᠨ ᠰᠢᠶᠳᠪᠦᠷᠢᠯᠡᠵᠦ᠂ ᠴᠢᠳᠠᠯ ᠤᠨ ᠬᠢᠷᠢ ᠪᠠᠷ ᠬᠢᠵᠦ᠂ ᠴᠢᠳᠠᠯ ᠤᠨ ᠬᠢᠷᠢ ᠪᠠᠷ ᠴᠢᠷᠮᠠᠶᠢᠵᠤ᠂ ᠠᠭᠤᠷᠬᠠᠶ ᠶᠢᠨ ᠲᠣᠭᠤᠷᠢᠭ ᠤᠨ ᠣᠯᠠᠨ ᠲᠦᠮᠡᠨ ᠢ ᠰᠤᠷᠭᠠᠨ ᠬᠥᠮᠦᠵᠢᠯ᠂ ᠡᠷᠡᠭᠦᠯ ᠮᠡᠨᠳᠦ᠂ ᠨᠠᠰᠤᠵᠢᠯ ᠤᠨ ᠠᠰᠠᠷᠠᠮᠵᠢ ᠪᠠ ᠠᠵᠢᠯ ᠣᠯᠭᠤᠯᠲᠠ ᠵᠡᠷᠭᠡ ᠲᠠᠯ᠎ᠠ ᠪᠠᠷ ᠨᠠᠩ ᠣᠯᠠᠨ ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯᠲᠤ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠲᠠᠢ ᠪᠣᠯᠭᠠᠬᠤ ᠶᠠᠪᠤᠳᠠᠯ ᠪᠣᠯᠤᠨ᠎ᠠ᠃
 
ᠢᠷᠡᠯᠲᠡ᠄ ᠪᠠᠶ᠋ᠬᠠᠣᠪᠤᠭ᠎ᠠ ᠠᠭᠤᠷᠬᠠᠢ ᠶᠢᠨ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号