ᠦᠨᠳᠦᠰᠦᠲᠡᠨ ᠤ ᠪᠥᠵᠢᠭᠲᠦ ᠵᠦᠴᠦᠭᠡ ︽ᠮᠣᠷᠢᠲᠤ ᠴᠡᠷᠢᠭ︾᠎ ᠤᠨ ᠲᠤᠬᠠᠢ ᠶᠠᠷᠢᠯᠴᠠᠬᠤ ᠬᠤᠷᠠᠯ ᠬᠥᠬᠡᠬᠤᠲᠠ ᠳᠤ ᠶᠠᠪᠤᠭᠳᠠᠪᠠ
ᠨᠡᠶᠢᠲᠡᠯᠡᠭᠰᠡᠨ ᠴᠠᠭ᠄
2020/10/22
     ᠠᠷᠠᠳ ᠤᠨ ᠡᠳᠦᠷ ᠤᠨ ᠰᠣᠨᠢᠨ ᠤ 10 ᠰᠠᠷ᠎ᠠ ᠶᠢᠨ 20᠎ ᠤ ᠡᠳᠦᠷ ᠤᠨ ᠮᠡᠳᠡᠭᠡ ︵ᠰᠤᠷᠪᠤᠯᠵᠢᠯᠠᠭᠴᠢ ᠰᠢᠤᠢ ᠶᠤᠸᠠᠢ︶10 ᠰᠠᠷ᠎ᠠ ᠶᠢᠨ 20᠎ ᠤ ᠡᠳᠦᠷ᠂ ᠦᠨᠳᠦᠰᠦᠲᠡᠨ ᠤ ᠪᠥᠵᠢᠭᠲᠦ ᠵᠦᠴᠦᠭᠡ ︽ᠮᠣᠷᠢᠲᠤ ᠴᠡᠷᠢᠭ︾᠎ ᠤᠨ ᠲᠤᠬᠠᠢ ᠶᠠᠷᠢᠯᠴᠠᠬᠤ ᠬᠤᠷᠠᠯ ᠬᠥᠬᠡᠬᠤᠲᠠ ᠳᠠᠬᠢ ᠥᠪᠥᠷ ᠮᠣᠩᠭᠤᠯ ᠤᠨ ᠦᠨᠳᠦᠰᠦᠲᠡᠨ ᠤ ᠤᠷᠠᠯᠢᠭ ᠤᠨ ᠲᠢᠶᠠᠲᠷ ᠲᠤ ᠶᠠᠪᠤᠭᠳᠠᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠪᠠᠢ ᠢᠦᠢ ᠭᠠᠩ᠂ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠵᠧᠩ ᠬᠤᠩ ᠹᠠᠨ ᠶᠠᠷᠢᠯᠴᠠᠬᠤ  ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃      ᠪᠠᠢ ᠢᠦᠢ ᠭᠠᠩ᠄ ᠪᠥᠵᠢᠭᠲᠦ  ᠵᠦᠴᠦᠭᠡ  ︽ᠮᠣᠷᠢᠲᠤ  ᠴᠡᠷᠢᠭ︾᠎ ᠤᠨ  ᠭᠤᠣᠯ ᠰᠡᠳᠦᠪ ᠨᠢ ᠢᠯᠡ ᠲᠣᠳᠣᠷᠬᠠᠢ᠂ᠵᠤᠬᠢᠶᠠᠮᠵᠢ ᠨᠢ ᠠᠪᠴᠠᠯᠳᠤᠩᠭᠤᠢ᠂ ᠬᠥᠮᠦᠰ ᠤᠨ ᠰᠡᠳᠬᠢᠯ ᠢ ᠬᠥᠳᠡᠯᠭᠡᠮ᠎ᠡ ᠪᠦᠭᠡᠳ ᠥᠪᠡᠷᠮᠢᠴᠡ  ᠣᠨᠴᠠᠯᠢᠭ ᠲᠠᠢ  ᠪᠠᠶᠢᠵᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠯᠭ᠎ᠠ ᠲᠤᠤᠷ᠎ᠠ᠂ ᠮᠣᠩᠭᠤᠯ ᠦᠨᠳᠦᠰᠦᠲᠡᠨ ᠤ ᠵᠠᠯᠠᠭᠤᠴᠤᠳ ᠦᠩᠭᠡ ᠭᠡᠷᠡᠯᠲᠡᠢ ᠮᠣᠷᠢᠲᠤ ᠴᠡᠷᠢᠭ ᠤᠨ ᠪᠠᠶᠢᠯᠳᠤᠭᠴᠢᠳ ᠪᠤᠯᠵᠤ ᠦᠰᠦᠨ ᠪᠤᠶᠢᠵᠢᠭᠰᠠᠨ ᠥᠩᠭᠡᠷᠡᠯᠲᠡ ᠶᠢ ᠲᠤᠰᠬᠠᠵᠤ᠂ ᠰᠠᠶᠢᠨ ᠰᠠᠶᠢᠬᠠᠨ ᠢᠨᠠᠬ ᠬᠠᠶᠢᠷ᠎ᠠ ᠪᠣᠯᠤᠨ ᠡᠬᠡ ᠣᠷᠣᠨᠴᠢ ᠬᠠᠶᠢᠷ᠎ᠠ ᠰᠡᠳᠬᠢᠯᠭᠡ ᠶᠢ ᠵᠢᠷᠤᠭᠯᠠᠵᠤ᠂ ᠮᠣᠩᠭᠤᠯ ᠮᠣᠷᠢᠨ ᠤ ᠦᠨᠡᠨᠴᠢ ᠰᠢᠳᠤᠷᠭᠤ᠂ ᠡᠷᠡᠯᠬᠡᠭ  ᠪᠠᠭᠠᠲᠤᠷᠯᠢᠭ᠂ ᠡᠷᠡᠰ ᠬᠠᠲᠠᠭᠤ ᠮᠥᠷᠲᠡᠭᠡᠨ ᠤᠶᠠᠨ ᠵᠥᠭᠡᠯᠡᠨ ᠪᠠᠶᠢᠳᠠᠭ ᠢ ᠲᠠᠶᠢᠰᠠᠨ ᠳᠡᠭᠡᠷ᠎ᠡ ᠢᠯᠡᠷᠡᠭᠦᠯᠵᠦ᠂ ︽ᠲᠠᠰᠪᠤᠷᠢ ᠬᠠᠳᠠᠭᠤᠵᠢᠯᠳᠠᠢ ᠲᠡᠮᠡᠴᠡᠭᠦ᠂ ᠪᠤᠴᠠᠯᠲᠠ ᠦᠭᠡᠢ ᠤᠷᠤᠭᠰᠢᠯᠠᠬᠤ᠂ ᠵᠣᠷᠢᠬᠰᠠᠨ ᠳᠠᠭᠠᠨ ᠬᠦᠷᠭᠦ ᠦᠭᠡᠢ ᠪᠤᠯ ᠶᠠᠭᠠᠬᠢᠬᠰᠠᠨ ᠴᠤ ᠵᠤᠷᠢᠬ ᠮᠤᠬᠤᠬᠤ ᠦᠭᠡᠢ︾ ᠮᠣᠩᠭᠤᠯ ᠮᠣᠷᠢᠨ ᠤ ᠵᠣᠷᠢᠭ ᠰᠠᠨᠠᠭ᠎ᠠ ᠶᠢ ᠲᠦᠷᠰᠦᠯᠢᠭ ᠢᠶᠠᠷ ᠬᠠᠷᠠᠭᠤᠯᠵᠤ᠂ ᠦᠨᠳᠦᠰᠦᠲᠡᠨ ᠨᠦᠭᠦᠳ ᠤᠨ  ᠺᠠᠳ᠋ᠷ ᠣᠯᠠᠨ ᠲᠦᠮᠡᠨ ᠤ ᠨᠠᠮ ᠢᠶᠠᠨ ᠬᠠᠶᠢᠷᠠᠯᠠᠵᠤ ᠤᠯᠤᠰ ᠢᠶᠠᠨ ᠬᠠᠶᠢᠷᠠᠯᠠᠬᠤ᠂ ᠡᠷᠡᠯᠬᠡᠭ ᠪᠠᠭᠠᠲᠤᠷᠯᠢᠭ ᠢᠶᠠᠷ ᠬᠤᠪᠢ ᠨᠡᠮᠡᠷᠢ ᠦᠵᠡᠭᠦᠯᠬᠦ ᠮᠣᠷᠢᠲᠤ ᠴᠡᠷᠢᠭ ᠤᠨ ᠵᠣᠷᠢᠭ ᠰᠠᠨᠠᠭ᠎ᠠ ᠶᠢ ᠨᠠᠩ ᠰᠠᠶᠢᠲᠤᠷ ᠪᠠᠳᠠᠷᠠᠭᠤᠯᠬᠤ ᠶᠢ ᠵᠤᠷᠢᠬᠵᠢᠭᠤᠯᠵᠠᠢ᠃ ᠥᠪᠡᠷᠲᠡᠭᠡᠨ ᠵᠠᠰᠠᠬᠤ ᠣᠷᠣᠨ ︽ᠮᠣᠷᠢᠲᠤ ᠴᠡᠷᠢᠭ︾᠎ ᠤᠨ ᠨᠠᠩ ᠶᠡᠭᠡ ᠲᠠᠪᠴᠠᠩ ᠵᠦᠭ ᠤᠷᠤᠭᠰᠢᠯᠠᠵᠤ᠂ ᠪᠦᠬᠦ ᠤᠯᠤᠰ ᠤᠨ ᠲᠠᠶᠢᠰᠠᠨ ᠳᠡᠭᠡᠷ᠎ᠡ ︽ᠮᠣᠷᠢᠲᠤ ᠴᠡᠷᠢᠭ︾᠎ ᠢ ᠪᠠᠶᠢᠡᠭᠭᠤ ᠬᠦᠭᠵᠢᠶᠡᠡᠲᠡᠢ ᠲᠤᠬᠯᠠᠬᠤ ᠳᠤ ᠦᠷᠭᠦᠯᠵᠢᠯᠡᠨ ᠤᠯᠠᠨ ᠲᠠᠯ᠎ᠠ ᠠᠴᠠ ᠲᠡᠮᠵᠢᠯᠭᠡ ᠦᠵᠡᠭᠦᠯᠦᠨ᠎ᠡ ᠭᠡᠵᠦ ᠵᠢᠭᠠᠵᠤ ᠭᠠᠷᠭᠠᠪᠠ᠃ ᠪᠠᠢ ᠢᠦᠢ ᠭᠠᠩ᠄ ᠢᠷᠡᠬᠦ ᠵᠢᠯ ᠪᠣᠯ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ  ᠤᠢ ᠪᠣᠯᠤᠨ᠎ᠠ᠂ ᠪᠦᠬᠦ ᠣᠷᠣᠨ ᠤ ᠤᠳᠬ᠎ᠠ ᠤᠷᠠᠯᠢᠭ ᠤᠨ ᠹᠷᠣᠨᠲ ᠤᠨ ᠬᠢᠨ ᠴᠢᠬᠤᠯᠠ ᠶᠡᠭᠡ ᠭᠤᠣᠯ ᠰᠡᠳᠦᠪ ᠤᠨ ᠲᠣᠭᠤᠷᠢᠨ ᠳᠤ ᠨᠡᠩ ᠤᠯᠠᠨ ᠰᠣᠳᠣᠨ ᠪᠦᠲᠦᠭᠡᠯ ᠢ ᠦᠷᠭᠦᠯᠵᠢᠯᠡᠨ ᠵᠣᠬᠢᠶᠠᠨ ᠪᠦᠲᠦᠭᠡᠬᠦ ᠬᠡᠷᠡᠭᠲᠡᠢ ᠭᠡᠵᠦ ᠴᠢᠬᠤᠯᠠᠴᠢᠯᠠᠪᠠ᠃        ᠵᠧᠩ ᠬᠤᠩ ᠹᠠᠨ᠄ ᠪᠥᠵᠢᠭᠲᠦ ᠵᠦᠴᠦᠭᠡ ︽ᠮᠣᠷᠢᠲᠤ ᠴᠡᠷᠢᠭ︾ ᠪᠣᠯ ᠦᠵᠡᠯ ᠰᠠᠨᠠᠭᠠᠴᠢ ᠴᠢᠨᠠᠷ᠂ ᠤᠷᠠᠯᠢᠭᠴᠢ ᠴᠢᠨᠠᠷ ᠪᠠ ᠰᠣᠨᠢᠷᠬᠠᠯᠳᠤ ᠴᠢᠨᠠᠷ ᠢ ᠪᠦᠷᠢᠳᠦᠭᠦᠯᠦᠭᠰᠡᠨ ᠤᠷᠠᠯᠢᠭ ᠤᠨ ᠰᠣᠳᠣᠨ ᠪᠦᠲᠦᠭᠡᠯ ᠪᠤᠯᠬᠤ ᠶᠤᠮ᠃ ᠲᠡᠭᠦᠨ ᠤ ᠬᠢᠵᠠᠭᠠᠷᠳᠠᠢ ᠴᠠᠬ ᠪᠠ ᠤᠷᠤᠨ ᠵᠠᠢ ᠳᠤ ᠲᠡᠯᠭᠡᠨ ᠦᠵᠡᠭᠦᠯᠦᠭᠰᠡᠨ ᠠᠭᠤᠯᠭ᠎ᠠ ᠨᠢ ᠮᠠᠰᠢ ᠪᠦᠷᠢᠨ᠂ ᠳᠡᠰ ᠳᠠᠪᠬᠤᠷᠭ᠎ᠠ ᠨᠢ ᠪᠠᠶᠠᠯᠢᠭ᠂ ᠠᠳᠠᠯᠢ ᠪᠤᠰᠤ ᠨᠠᠰᠤ ᠵᠢᠯ ᠪᠠ ᠠᠳᠠᠯᠢ ᠪᠤᠰᠤ ᠠᠵᠢᠯ ᠮᠡᠷᠭᠡᠵᠢᠯ ᠤᠨ ᠦᠵᠡᠭᠴᠢᠳ ᠪᠦᠷ ᠵᠦᠴᠦᠭᠡ ᠠᠴᠠ ᠬᠠᠮᠳᠤ ᠶᠢᠨ ᠴᠤᠤᠷᠢᠶᠠᠳᠤᠯ ᠢ  ᠤᠯᠵᠤ‌‍ᠴᠢᠳᠠᠨ᠎ᠠ᠃ ᠰᠠᠨᠠᠯ ᠰᠠᠨᠠᠭᠤᠯᠭ᠎ᠠ ᠶᠢ ᠭᠦᠢᠴᠡᠳ ᠰᠢᠩᠭᠡᠭᠡᠨ ᠠᠪᠴᠤ᠂ ᠠᠷᠠᠳ ᠲᠦᠮᠡᠨ ᠳᠤ ᠦᠢᠯᠡᠴᠢᠯᠡᠬᠦ ᠵᠣᠬᠢᠶᠠᠨ  ᠪᠦᠲᠦᠭᠡᠬᠦ ᠤᠳᠤᠷᠢᠳᠤᠮᠵᠢ ᠶᠢ ᠪᠠᠷᠢᠮᠲᠠᠯᠠᠵᠤ᠂ ᠡᠨᠡᠭᠦ ᠪᠦᠲᠦᠭᠡᠯ ᠢ ᠰᠤᠳᠤᠨ ᠪᠦᠲᠦᠭᠡᠯ ᠪᠣᠯᠭᠠᠵᠤ ᠥᠨᠢ ᠤᠳᠠᠭᠠᠨ ᠤ ᠠᠮᠢᠵᠢᠷᠠᠯ ᠤᠨ ᠬᠦᠴᠦᠨ ᠲᠠᠢ  ᠪᠤᠯᠭᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号