ᠲᠤᠭᠤᠷᠢᠭ ᠤᠨ ᠵᠠᠰᠠᠭ ᠤᠨ ᠶᠠᠪᠤᠳᠠᠯ ᠤᠨ ᠥᠢᠯᠠᠴᠢᠯᠡᠭᠡᠨ ᠤ ᠲᠣᠪᠴᠢᠶ᠎ᠠ 2020 ᠣᠨ ᠤ ᠲᠤᠰᠬᠠᠶ ᠰᠡᠳᠦᠪᠲᠦ ᠰᠤᠷᠪᠤᠯᠵᠢᠯᠠᠨ ᠶᠠᠷᠢᠯᠴᠠᠬᠤ ᠪᠠᠷ ᠡᠷᠡᠮᠡᠬᠡᠶᠢᠯᠡᠨ ᠤᠷᠤᠭᠰᠢᠯᠠᠪᠠ
ᠨᠡᠶᠢᠲᠡᠯᠡᠭᠰᠡᠨ ᠴᠠᠭ᠄
2020/11/25
     ᠴᠠᠭ᠄ 2020ᠣᠨ ᠤ 10 ᠰᠠᠷ᠎ᠠ ᠶᠢᠨ15᠎ ᠤ ᠡᠳᠦᠷ      ᠵᠤᠴᠢᠨ᠄ ᠲᠤᠭᠤᠷᠢᠭ ᠤᠨ ᠵᠠᠰᠠᠭ ᠤᠨ ᠶᠠᠪᠤᠳᠠᠯ ᠤᠨ ᠥᠢᠯᠠᠴᠢᠯᠡᠭᠡᠨ ᠤ ᠲᠣᠪᠴᠢᠶ᠎ᠠ ᠶᠢᠨ ᠬᠠᠷᠢᠭᠤᠴᠠᠯᠭᠠᠲᠠᠨ  ᠵᠠᠩ ᠬᠤᠩ ᠭᠠᠩ      ᠠᠬᠤᠢ ᠪᠠᠶᠢᠳᠠᠯ᠄ 2020 ᠣᠨ ᠪᠣᠯ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠰᠢᠢᠳᠪᠦᠷᠢᠲᠦ ᠢᠯᠠᠯᠲᠠ ᠶᠢ ᠣᠯᠬᠤ ᠪᠠ ︽ᠠᠷᠪᠠᠨ ᠭᠤᠷᠪᠠᠳᠤᠭᠠᠷ ᠲᠠᠪᠤᠨ ᠵᠢᠯ︾᠎ ᠤᠨ ᠲᠥᠯᠥᠪᠵᠢᠭᠦᠯᠭᠡ ᠶᠢᠨ ᠡᠴᠦᠰ ᠤᠨ ᠵᠢᠯ ᠪᠣᠯᠤᠨ᠎ᠠ᠂ ᠲᠤᠭᠤᠷᠢᠭ ᠤᠨ ᠵᠠᠰᠠᠭ ᠤᠨ ᠶᠠᠪᠤᠳᠠᠯ ᠤᠨ ᠥᠢᠯᠠᠴᠢᠯᠡᠭᠡᠨ ᠤ ᠲᠣᠪᠴᠢᠶ᠎ᠠ ᠶᠢᠨ ᠠᠵᠢᠯ ᠤᠨ ᠶᠡᠷᠦᠩᠬᠡᠶ ᠰᠡᠳᠬᠢᠴᠡ ᠪᠤᠯ᠄ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠤᠯᠭᠠᠵᠤ᠂ ᠲᠥᠷᠥ ᠶᠢᠨ ᠶᠠᠪᠤᠳᠠᠯ ᠤᠨ ᠬᠤᠷᠢᠶᠠᠨ ᠤ ︽ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠳᠦᠷᠢᠮ︾᠎ ᠢ ᠨᠠᠶᠢᠳᠠᠪᠤᠷᠢᠵᠢᠭᠤᠯᠬᠤ ᠶᠢ ᠠᠬᠢᠭᠤᠯᠵᠤ᠂ ᠲᠤᠭᠤᠷᠢᠭ ᠤᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠬᠠᠮᠢᠶ᠎ᠠ ᠪᠦᠬᠦᠢ ᠪᠠᠶᠢᠷᠢᠯᠠᠭᠤᠯᠤᠯᠲᠠ ᠶᠣᠰᠣᠭᠠᠷ᠂ ᠰᠤᠯᠠᠯᠡᠨ ᠬᠠᠮᠢᠶᠠᠷᠤᠬᠤ ᠶᠢ ᠤᠶᠠᠯᠳᠤᠭᠤᠯᠤᠨ᠂ ᠥᠢᠯᠡᠴᠢᠯᠡᠭᠡ ᠪᠠᠨ ᠰᠢᠯᠢᠳᠡᠭᠵᠢᠭᠦᠯᠬᠦ ᠥᠭᠡᠷᠴᠢᠯᠠᠯᠳᠠ ᠎ ᠶᠢ ᠤᠯᠠᠮ ᠨᠢᠭᠡ ᠠᠯᠬᠤᠮ ᠠᠬᠢᠭᠤᠯᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠰᠢᠯᠢᠳᠡᠭᠵᠢᠭᠦᠯᠦᠨ᠎ᠡ᠂ ᠲᠡᠷᠢᠭᠦᠨ ᠵᠡᠷᠭᠡ ᠶᠢᠨ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠪᠤᠢ ᠪᠣᠯᠭᠠᠵᠤ᠂ ᠵᠠᠰᠠᠭ ᠢ ᠴᠣᠮᠬᠠᠳᠬᠠᠨ ᠡᠷᠬᠡ ᠶᠢ ᠳᠣᠷᠣᠭᠰᠢ ᠪᠠᠭᠤᠯᠭᠠᠵᠤ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠤᠷᠢᠳᠠᠪᠠᠷ ᠬᠢᠬᠦ ᠲᠤᠭᠤᠷᠢᠭ ᠢ ᠪᠦᠬᠦ ᠬᠦᠴᠤᠨ ᠢᠶᠠᠷ ᠢᠶᠠᠨ ᠴᠣᠭᠴᠠᠯᠠᠵᠤ᠂ ᠲᠠᠪᠤᠨ ᠨᠢᠭᠡ ᠶᠢᠨ ᠢᠨᠵᠧᠨᠧᠷᠢᠩ ᠢ ᠪᠣᠳᠠᠲᠠᠢ ᠰᠠᠶᠢᠲᠤᠷ ᠬᠡᠷᠡᠭᠵᠢᠭᠦᠯᠦᠨ᠎ᠡ᠃              2020 ᠣᠨ ᠪᠣᠯ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠰᠢᠢᠳᠪᠦᠷᠢᠲᠦ ᠢᠯᠠᠯᠲᠠ ᠶᠢ ᠣᠯᠬᠤ ᠪᠠ ︽ᠠᠷᠪᠠᠨ ᠭᠤᠷᠪᠠᠳᠤᠭᠠᠷ ᠲᠠᠪᠤᠨ ᠵᠢᠯ︾᠎ ᠤᠨ ᠲᠥᠯᠥᠪᠵᠢᠭᠦᠯᠭᠡ ᠶᠢᠨ ᠡᠴᠦᠰ ᠤᠨ ᠵᠢᠯ ᠪᠣᠯᠤᠨ᠎ᠠ᠂  ᠲᠤᠭᠤᠷᠢᠭ ᠤᠨ ᠵᠠᠰᠠᠭ ᠤᠨ ᠶᠠᠪᠤᠳᠠᠯ ᠤᠨ ᠥᠢᠯᠠᠴᠢᠯᠡᠭᠡᠨ ᠤ ᠲᠣᠪᠴᠢᠶ᠎ᠠ ᠶᠢᠨ ᠠᠵᠢᠯ ᠤᠨ ᠶᠡᠷᠦᠩᠬᠡᠶ ᠰᠡᠳᠬᠢᠴᠡ  ᠪᠤᠯ᠄ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠤᠯᠭᠠᠵᠤ᠂ ᠲᠥᠷᠥ ᠶᠢᠨ ᠶᠠᠪᠤᠳᠠᠯ ᠤᠨ ᠬᠤᠷᠢᠶᠠᠨ ᠤ ︽ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠳᠦᠷᠢᠮ︾᠎ ᠢ ᠨᠠᠶᠢᠳᠠᠪᠤᠷᠢᠵᠢᠭᠤᠯᠬᠤ ᠶᠢ ᠠᠬᠢᠭᠤᠯᠵᠤ᠂ ᠲᠤᠭᠤᠷᠢᠭ ᠤᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠬᠠᠮᠢᠶ᠎ᠠ ᠪᠦᠬᠦᠢ ᠪᠠᠶᠢᠷᠢᠯᠠᠭᠤᠯᠤᠯᠲᠠ ᠶᠣᠰᠣᠭᠠᠷ᠂ ᠰᠤᠯᠠᠯᠡᠨ ᠬᠠᠮᠢᠶᠠᠷᠤᠬᠤ ᠶᠢ ᠤᠶᠠᠯᠳᠤᠭᠤᠯᠤᠨ᠂ ᠥᠢᠯᠡᠴᠢᠯᠡᠭᠡ ᠪᠠᠨ ᠰᠢᠯᠢᠳᠡᠭᠵᠢᠭᠦᠯᠬᠦ ᠥᠭᠡᠷᠴᠢᠯᠠᠯᠳᠠ  ᠶᠢ ᠤᠯᠠᠮ ᠨᠢᠭᠡ ᠠᠯᠬᠤᠮ ᠠᠬᠢᠭᠤᠯᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠰᠢᠯᠢᠳᠡᠭᠵᠢᠭᠦᠯᠦᠨ᠎ᠡ᠂ ᠲᠡᠷᠢᠭᠦᠨ ᠵᠡᠷᠭᠡ ᠶᠢᠨ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠪᠤᠢ ᠪᠣᠯᠭᠠᠵᠤ᠂ ᠵᠠᠰᠠᠭ ᠢ ᠴᠣᠮᠬᠠᠳᠬᠠᠨ ᠡᠷᠬᠡ ᠶᠢ ᠳᠣᠷᠣᠭᠰᠢ ᠪᠠᠭᠤᠯᠭᠠᠵᠤ ᠥᠭᠡᠷᠡᠴᠢᠯᠡᠯᠲᠡ ᠶᠢ ᠤᠷᠢᠳᠠᠪᠠᠷ ᠭᠦᠨᠵᠡᠭᠡᠶᠢᠷᠡᠭᠦᠯᠬᠦ ᠬᠢᠬᠦ᠂ ᠲᠤᠭᠤᠷᠢᠭ ᠢ ᠪᠦᠬᠦ ᠬᠦᠴᠤᠨ ᠢᠶᠠᠷ ᠢᠶᠠᠨ ᠴᠣᠭᠴᠠᠯᠠᠵᠤ᠂ ᠲᠠᠪᠤᠨ ᠨᠢᠭᠡ ᠶᠢᠨ ᠢᠨᠵᠧᠨᠧᠷᠢᠩ ᠢ ᠪᠣᠳᠠᠲᠠᠢ ᠰᠠᠶᠢᠲᠤᠷ ᠬᠡᠷᠡᠭᠵᠢᠭᠦᠯᠦᠨ᠎ᠡ᠃      ᠨᠢᠭᠡ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ᠂ ᠬᠤᠷᠠᠮᠠᠯ  ᠥᠢᠯᠡᠴᠢᠯᠡᠭᠡ ᠶᠢ ︽ᠪᠦᠬᠦᠨ ᠢ ᠬᠠᠮᠤᠷᠤᠭᠰᠠᠨ︾ ᠠᠷᠭ᠎ᠠ ᠪᠠᠷ ᠰᠢᠢᠳᠪᠤᠷᠢᠯᠡᠨ᠎ᠡ   ᠬᠠᠷᠢᠴᠠᠩᠭᠤᠶ ᠲᠥᠪᠯᠡᠷᠡᠩᠭᠦᠶ ᠬᠢᠨᠠᠨ ᠵᠥᠪᠰᠢᠶᠡᠷᠡᠯ ᠢ ᠥᠷᠭᠡᠳᠬᠡᠵᠦ᠂ ᠣᠯᠠᠨ ᠰᠠᠯᠠᠭ᠎ᠠ ᠮᠥᠴᠢᠷ ᠲᠤ ᠲᠠᠷᠬᠠᠵᠤ ᠪᠠᠶᠢᠭ᠎ᠠ ᠵᠠᠰᠠᠭ ᠵᠠᠬᠢᠷᠭᠠᠨ ᠤ ᠵᠥᠪᠰᠢᠶᠡᠷᠡᠯ ᠤᠨ ᠡᠷᠬᠡ ᠶᠢ ᠵᠠᠰᠠᠭ ᠤᠨ ᠶᠠᠪᠤᠳᠠᠯ ᠤᠨ ᠥᠢᠯᠠᠴᠢᠯᠡᠭᠡᠨ ᠤ ᠲᠣᠪᠴᠢᠶ᠎ᠠ ᠳᠤ ᠬᠠᠷᠢᠴᠠᠩᠭᠤᠶ ᠪᠠᠷ ᠲᠥᠪᠯᠡᠷᠡᠭᠦᠯᠦᠨ ᠡᠮᠬᠢᠯᠡᠨ ᠨᠡᠶᠢᠯᠡᠭᠦᠯᠵᠤ᠂ ᠵᠠᠰᠠᠭ ᠤᠨ ᠶᠠᠪᠤᠳᠠᠯ ᠤᠨ ᠥᠢᠯᠠᠴᠢᠯᠡᠭᠡᠨ ᠤ ᠲᠣᠪᠴᠢᠶ᠎ᠠ ᠬᠢᠭᠡᠳ ᠰᠠᠯᠠᠭ᠎ᠠ ᠮᠥᠴᠢᠷ ᠬᠠᠮᠲᠤᠪᠠᠷ ᠬᠡᠷᠡᠭᠵᠢᠭᠦᠯᠵᠦ᠂ ᠪᠦᠷᠢᠨ ᠪᠦᠲᠦᠨ ︽ᠨᠢᠭᠡ ᠴᠣᠩᠬᠤ ᠪᠠᠷ ᠬᠦᠯᠢᠶᠡᠨ ᠠᠪᠴᠤ ᠰᠢᠢᠳᠪᠤᠷᠢᠯᠡᠬᠦ᠂ ᠬᠤᠷᠠᠮᠠᠯ ᠥᠢᠯᠡᠴᠢᠯᠡᠭᠡ︾᠎ ᠶᠢᠨ ᠬᠡᠯᠬᠢᠶᠡᠰᠦ ᠶᠢ ᠪᠦᠷᠢᠯᠳᠦᠭᠦᠯᠦᠨ᠎ᠡ᠃     ᠬᠤᠶᠠᠷ᠂ ᠨᠢᠭᠡ ᠴᠣᠩᠬᠤᠪᠴᠢ ᠪᠠᠷ ᠭᠥᠯᠢᠶᠡᠨ ᠠᠪᠴᠤ ᠰᠢᠢᠳᠪᠤᠷᠢᠯᠡᠬᠦ ᠠᠵᠢᠯ ᠢ ᠳᠠᠬᠢᠨ ᠭᠦᠨᠵᠡᠭᠡᠶᠢᠷᠡᠭᠦᠯᠦᠨ᠎ᠡ      ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠶᠡᠷᠦᠩᠬᠡᠶᠢᠯᠡᠭᠰᠡᠨ ᠬᠢᠨᠠᠨ ᠵᠥᠪᠰᠢᠶᠡᠷᠡᠬᠦ ᠲᠤᠭᠤᠷᠢᠭ᠂ ᠨᠡᠶᠢᠭᠡᠮ ᠤᠨ ᠠᠵᠢᠯ ᠦᠢᠯᠡᠰ ᠤᠨ ᠲᠥᠷᠥᠯ ᠤᠨ ᠬᠢᠨᠠᠨ ᠵᠥᠪᠰᠢᠶᠡᠷᠡᠬᠦ ᠲᠤᠭᠤᠷᠢᠭ᠂ ᠠᠵᠤ ᠠᠬᠤᠶᠢᠯᠠᠯ ᠤᠨ ᠲᠦᠷᠭᠡᠨ ᠡᠷᠬᠢᠯᠡᠬᠦ ᠴᠣᠩᠬᠤ ᠶᠢ ᠨᠢᠭᠡᠳᠦᠯᠲᠡᠶ ᠲᠣᠬᠢᠷᠠᠭᠤᠯᠵᠤ᠂ ᠲᠤᠰᠬᠠᠶ ᠲᠤᠰᠢᠶᠠᠯ ᠤᠨ ᠨᠢᠭᠡ ᠴᠣᠩᠬᠤᠨ ᠤ ᠡᠮᠦᠨ᠎ᠡ ᠲᠠᠪᠴᠠᠩ ᠤᠨ ᠬᠦᠯᠢᠶᠡᠨ ᠠᠪᠴᠤ ᠰᠢᠢᠳᠪᠤᠷᠢᠯᠡᠬᠦ ᠠᠵᠢᠯᠲᠠᠨ ᠨᠢ ᠦᠨᠡᠮᠯᠡᠯ ᠣᠯᠭᠤᠬᠤ ᠠᠵᠢᠯᠲᠠᠨ ᠭᠠᠷᠭᠠᠵᠤ᠂ ᠬᠠᠮᠢᠶ᠎ᠠ ᠪᠦᠬᠦᠢ ᠰᠠᠯᠠᠭ᠎ᠠ ᠮᠥᠴᠢᠷ ᠠᠴᠠ ᠲᠤᠬᠠᠶᠢᠯᠠᠭᠰᠠᠨ ᠠᠵᠢᠯ ᠤᠨ ᠠᠵᠢᠯᠲᠠᠨ ᠢ ᠰᠣᠩᠭᠤᠨ ᠲᠣᠮᠢᠯᠠᠵᠤ ᠲᠦᠪᠯᠡᠷᠡᠭᠦᠯᠤᠨ ᠬᠢᠨᠠᠨ ᠵᠥᠪᠰᠢᠶᠡᠷᠡᠬᠦ ᠥᠢᠯᠡᠴᠢᠯᠡᠭᠡᠨ ᠤ ᠳᠤᠭᠤᠶᠢᠯᠠᠩ ᠤᠨ ᠠᠷᠤ ᠲᠠᠪᠴᠠᠩ ᠢ ᠪᠦᠷᠢᠯᠳᠦᠭᠦᠯᠦᠨ᠂ ᠪᠦᠬᠦ ᠬᠤᠲᠠ ᠳᠤ ᠡᠩ ᠲᠡᠷᠢᠭᠦᠨ ᠳᠤ ︽ᠡᠮᠦᠨ᠎ᠡ ᠲᠠᠪᠴᠠᠩ ᠤᠨ ᠶᠡᠷᠦᠩᠬᠡᠶᠢᠯᠡᠭᠰᠡᠨ ᠨᠢ ᠬᠦᠯᠢᠶᠡᠨ ᠠᠪᠴᠤ ᠰᠢᠢᠳᠪᠤᠷᠢᠯᠡᠵᠤ᠂ ᠳᠤᠮᠳᠠ ᠲᠠᠪᠴᠠᠩ ᠤᠨ ᠲᠤᠰᠬᠠᠶ ᠮᠡᠷᠭᠡᠵᠢᠯ ᠢᠶᠠᠷ ᠲᠤᠯᠭᠠᠭᠤᠷᠢᠯᠠᠬᠤ᠂ ᠠᠷᠤ ᠲᠠᠪᠴᠠᠩ ᠤᠨ ᠲᠥᠷᠥᠯ ᠬᠤᠪᠢᠶᠠᠨ ᠬᠢᠨᠠᠨ ᠵᠥᠪᠰᠢᠶᠡᠷᠡᠬᠦ᠂ ᠴᠣᠩᠬᠤ ᠪᠠᠷ ᠨᠢᠭᠡᠳᠦᠯᠲᠡᠶ ᠮᠠᠲ᠋ᠧᠷᠢᠶᠠᠯ ᠭᠠᠷᠭᠠᠬᠤ︾᠎ ᠶᠢᠨ ᠡᠮᠦᠨ᠎ᠡ ᠳᠤᠮᠳᠠ ᠠᠷᠤ ᠳᠠᠪᠴᠠᠩ ᠤᠨ ᠬᠠᠮᠵᠢᠯᠴᠠᠭᠰᠠᠨ ᠥᠨᠳᠥᠷ ᠪᠦᠲᠦᠮᠵᠢᠲᠡᠶ ᠠᠵᠢᠯᠯᠠᠭᠠᠨ ᠤ ᠵᠠᠭᠪᠤᠷ ᠢ ᠥᠢᠯᠡᠳᠤᠯᠭᠡᠵᠢᠭᠦᠯᠵᠡᠢ᠂ ᠬᠢᠨᠠᠨ ᠵᠥᠪᠰᠢᠶᠡᠷᠡᠬᠦ ᠥᠢᠯᠡᠴᠢᠯᠡᠭᠡᠨ ᠤ ᠳᠥᠭᠦᠮᠴᠢᠯᠡᠬᠦ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃      ᠡᠩ ᠲᠡᠷᠢᠭᠦᠨ ᠳᠤ ᠠᠵᠤ ᠠᠬᠤᠶᠢᠯᠠᠯ ᠨᠡᠭᠡᠭᠡᠨ ᠡᠷᠬᠢᠯᠡᠬᠦ ᠳᠤ ᠳᠥᠭᠦᠮᠴᠢᠯᠡᠬᠦ ᠥᠭᠡᠷᠡᠴᠢᠯᠡᠯᠲᠡ ᠶᠢ ᠲᠦᠯᠬᠢᠨ ᠠᠬᠢᠭᠤᠯᠬᠤ ᠬᠡᠷᠡᠭᠲᠡᠶ᠃ ᠨᠢᠭᠡ ᠬᠦᠰᠦᠨᠦᠭᠲᠦ ᠪᠠᠷ ᠭᠤᠶᠤᠴᠢᠯᠠᠨ ᠮᠡᠳᠡᠭᠦᠯᠬᠦ᠂ ᠲᠤᠭ᠎ᠠ ᠪᠠᠷᠢᠮᠲᠠ ᠶᠢ ᠬᠠᠮᠲᠤ ᠪᠠᠷ ᠡᠳ᠋ᠯᠡᠬᠦ᠂ ᠬᠠᠮᠲᠤ ᠪᠠᠷ ᠬᠤᠯᠪᠣᠭᠠᠯᠠᠨ ᠭᠦᠢᠴᠡᠳᠬᠡᠬᠦ ᠶᠢ ᠴᠢᠩᠭᠠᠳᠬᠠᠵᠤ᠂ ᠵᠠᠬ᠎ᠠ ᠳᠡᠯᠭᠡᠭᠦᠷ ᠤᠨ ᠬᠢᠨᠡᠨ ᠬᠠᠮᠢᠶᠠᠷᠤᠯᠲᠠ ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠳᠤᠯᠠᠭ᠎ᠠ᠂ ᠭᠠᠶᠢᠯᠢ ᠶᠢᠨ ᠶᠠᠪᠤᠳᠠᠯ᠂ ᠪᠠᠩᠬᠢ ᠨᠢ ᠵᠠᠰᠠᠭ ᠤᠨ ᠶᠠᠪᠤᠳᠠᠯ ᠤᠨ ᠶᠡᠭᠡ ᠲᠢᠩᠬᠢᠮ ᠳᠤ ᠠᠵᠤ ᠠᠬᠤᠶᠢᠯᠠᠯ ᠢ ᠲᠦᠷᠭᠡᠨ ᠡᠷᠬᠢᠯᠡᠬᠦ ᠶᠡᠷᠦᠩᠬᠡᠶᠢᠯᠡᠭᠰᠡᠨ ᠴᠣᠩᠬᠤ ᠶᠢ ᠪᠦᠷᠢᠯᠳᠦᠭᠦᠯᠵᠦ᠂ ᠭᠤᠶᠤᠴᠢᠯᠠᠭᠴᠢ ᠨᠢ ᠶᠠᠷᠤᠩᠬᠡᠶᠢᠯᠡᠭᠰᠡᠨ ᠴᠣᠩᠬᠤ ᠪᠤᠶᠤ ᠠᠵᠤ ᠠᠬᠤᠶᠢᠯᠠᠯ ᠢᠶᠠᠷ ᠳᠠᠮᠵᠢᠨ ᠲᠠᠪᠴᠠᠩ ᠨᠡᠭᠡᠭᠡᠵᠦ᠂ ᠠᠵᠤ ᠠᠬᠤᠶᠢᠯᠠᠯ ᠪᠠᠶᠢᠭᠤᠯᠬᠤ᠂ ᠠᠯᠪᠠᠨ ᠲᠠᠮᠠᠭ᠎ᠠ ᠰᠡᠶᠢᠯᠦᠨ ᠦᠢᠯᠡᠳᠬᠦ᠂ ᠭᠠᠶᠢᠯᠢ ᠳᠤ ᠬᠤᠯᠪᠣᠭᠳᠠᠬᠤ ᠵᠦᠢᠯᠡᠰ᠂ ᠠᠵᠤ ᠠᠬᠤᠶᠢᠯᠠᠯ ᠳᠠᠭᠠᠳᠬᠠᠯ ᠳᠤ ᠣᠷᠣᠯᠴᠠᠬᠤ᠂ ᠠᠵᠤ ᠠᠬᠤᠶᠢᠯᠠᠯ ᠳᠠᠩᠰᠠ ᠨᠡᠭᠡᠭᠡᠬᠦ᠂ ᠨᠢᠭᠡᠳᠦᠯᠲᠡᠶ ᠨᠢᠭᠡ ᠴᠣᠩᠬᠤᠨ ᠳᠤ ᠭᠦᠢᠴᠡᠳᠭᠡᠵᠤ ᠳᠠᠭᠤᠰᠬᠠᠬᠤ ᠬᠡᠷᠡᠭᠲᠡᠶ᠃ ︽ᠨᠢᠭᠡ ᠶᠠᠪᠤᠳᠠᠯ ᠢ ᠪᠦᠲᠦᠭᠡᠬᠦ︾᠎ ᠪᠠᠷ ᠬᠠᠷᠠᠯᠲᠠ ᠪᠣᠯᠭᠠᠵᠤ᠂ ︽ᠵᠣᠴᠢᠳ ᠤᠨ ᠪᠠᠭᠤᠳᠠᠯ ᠡᠷᠬᠢᠯᠡᠬᠦ︾ ᠵᠡᠷᠭᠡ ᠢᠵᠢ ᠬᠤᠭᠤᠯᠠᠨ ᠤ ᠦᠢᠯᠡᠴᠢᠯᠡᠭᠡ ᠬᠠᠩᠭᠠᠵᠤ ᠂ ᠪᠦᠬᠦ ᠬᠡᠯᠬᠢᠶ᠎ᠡ ᠢᠵᠢ ᠬᠤᠭᠤᠯᠠᠨ ᠤ ᠬᠡᠯᠪᠡᠷᠢ ᠶᠢᠨ ᠬᠡᠷᠡᠭ ᠡᠷᠬᠢᠯᠡᠬᠦ ᠵᠦᠭᠯᠡᠭᠦᠷ ᠢ ᠨᠡᠶᠢᠲᠡᠯᠡᠵᠦ᠂ ︽ᠵᠥᠪᠬᠡᠨ ᠨᠢᠭᠡ ᠡᠭᠦᠳᠡ ᠪᠠᠷ ᠣᠷᠣᠬᠤ︾ ᠰᠠᠭᠤᠷᠢᠨ ᠳᠡᠭᠡᠷ᠎ᠡ ︽ᠵᠥᠪᠬᠡᠨ ᠨᠢᠭᠡ ᠴᠣᠩᠬᠤ ᠡᠷᠢᠬᠦ︾᠎ ᠶᠢ ᠪᠡᠶᠠᠯᠠᠭᠦᠯᠤᠨ᠎ᠡ᠃        ᠳᠠᠷᠠᠭᠠᠯᠠᠪᠠᠯ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠬᠢᠨᠠᠨ ᠵᠥᠪᠰᠢᠶᠡᠷᠡᠬᠦ ᠳᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠬᠡᠷᠡᠭᠲᠡᠶ᠃ ︽ᠮᠡᠳᠡᠭᠳᠡᠬᠦ ᠠᠮᠠᠯᠠᠯᠲᠠ + ᠬᠡᠷᠡᠭ ᠶᠠᠪᠤᠳᠠᠯ ᠤᠨ ᠳᠤᠮᠳᠠᠬᠢ ᠬᠡᠷᠡᠭ ᠶᠠᠪᠤᠳᠠᠯ ᠤᠨ ᠳᠠᠷᠠᠭᠠᠬᠢ ᠬᠢᠨᠡᠨ ᠬᠠᠮᠢᠶᠠᠷᠤᠯᠳᠠ︾᠎ ᠶᠢᠨ ᠬᠢᠨᠠᠨ ᠵᠥᠪᠰᠢᠶᠡᠷᠡᠬᠦ ᠵᠠᠭᠪᠤᠷ ᠢ ᠪᠦᠬᠦ ᠲᠠᠯ᠎ᠠ ᠪᠠᠷ ᠬᠡᠷᠡᠭᠵᠢᠭᠦᠯᠵᠦ᠂ ᠲᠥᠷᠥᠯ ᠵᠦᠢᠯ ᠤᠨ ᠨᠠᠶᠢᠳᠠᠪᠤᠷᠢᠵᠢᠭᠤᠯᠤᠯᠲᠠ ᠪᠣᠯᠤᠨ ᠬᠢᠨᠠᠨ ᠵᠥᠪᠰᠢᠶᠡᠷᠡᠬᠦ ᠴᠠᠭ ᠢ ᠶᠡᠬᠡᠪᠡᠷ ᠪᠠᠭᠠᠰᠬᠠᠨ᠂ ᠪᠡᠯᠡ ᠣᠷᠣᠭᠤᠯᠤᠯᠲᠠ ᠶᠢᠨ ᠠᠮᠢᠵᠢᠷᠠᠯ ᠤᠨ ᠬᠦᠴᠦᠨ ᠢ ᠤᠯᠠᠮ ᠬᠥᠭᠵᠢᠭᠡᠵᠦ᠂ ᠬᠠᠮᠲᠤᠷᠠᠨ ᠰᠢᠯᠭᠠᠨ ᠠᠪᠬᠤ᠂ ᠭᠠᠵᠠᠷ ᠠᠪᠴᠤ ᠠᠵᠢᠯ ᠡᠬᠢᠯᠡᠭᠦᠯᠬᠦ ᠵᠡᠷᠭᠡ ᠥᠭᠡᠷᠡᠴᠢᠯᠡᠯᠲᠡ ᠶᠢᠨ ᠡᠷᠴᠢᠮ ᠢ ᠴᠢᠩᠭᠠᠷᠠᠭᠤᠯᠵᠬᠤ᠂ ᠲᠥᠷᠥᠯ ᠵᠦᠢᠯ ᠲᠣᠭᠲᠠᠭᠠᠵᠤ ᠪᠠᠷᠢᠯᠭ᠎ᠠ ᠪᠠᠷᠢᠬᠤ ᠵᠥᠪᠰᠢᠶᠡᠷᠡᠯ ᠤᠨ ᠬᠢᠨᠠᠨ ᠵᠥᠪᠰᠢᠶᠡᠷᠡᠯ ᠢ 65 ᠠᠵᠢᠯᠯᠠᠬᠤ ᠡᠳᠦᠷ ᠤᠨ ᠳᠣᠲᠣᠷ᠎ᠠ ᠬᠢᠵᠠᠭᠠᠷᠯᠠᠵᠤ᠂ ᠲᠥᠷᠥᠯ ᠵᠦᠢᠯ ᠢ ᠰᠢᠯᠭᠠᠨ ᠠᠪᠬᠤ ᠶᠢ 35 ᠠᠵᠢᠯᠯᠠᠬᠤ ᠡᠳᠦᠷ ᠤᠨ ᠳᠣᠲᠣᠷ᠎ᠠ ᠬᠢᠵᠠᠭᠠᠷᠯᠠᠨ᠎ᠠ᠃      ᠡᠭᠦᠨ ᠤ ᠬᠠᠮᠲᠤ᠂ ᠭᠤᠣᠯᠳᠠᠯᠭ᠎ᠠ ᠲᠠᠢ ᠲᠥᠷᠥᠯ ᠵᠦᠢᠯ ᠤᠨ ᠦᠢᠯᠡᠴᠢᠯᠡᠭᠡᠨ ᠤ ᠪᠠᠶᠢᠯᠳᠤᠭᠠᠨ ᠤ ᠠᠩᠭᠢ ᠪᠠ ᠠᠵᠤ ᠠᠬᠤᠶᠢᠯᠠᠯ᠂ ᠣᠯᠠᠨ ᠲᠦᠮᠡᠨ ᠤ ᠦᠢᠯᠡᠴᠢᠯᠡᠭᠡᠨ ᠤ ᠠᠩᠭᠢ ᠶᠢ ᠪᠠᠶᠢᠭᠤᠯᠵᠤ᠂ ᠭᠤᠤᠯᠳᠠᠯᠭ᠎ᠠ ᠲᠠᠢ ᠲᠥᠷᠥᠯ ᠵᠦᠢᠯ ᠤᠨ ᠭᠠᠷᠳᠠᠮ ᠢ ᠤᠷᠤᠭᠰᠢᠲᠠᠶ ᠠᠬᠢᠭᠤᠯᠬᠤ ᠶᠢ ᠪᠠᠲᠤᠯᠠᠵᠤ᠂ ᠠᠵᠤ ᠠᠬᠤᠶᠢᠯᠠᠯ᠂ ᠣᠯᠠᠨ ᠲᠦᠮᠡᠨ ᠳᠤ ᠨᠠᠷᠢᠯᠢᠭ ᠴᠢᠨᠠᠷ ᠰᠠᠶᠢᠲᠠᠶ  ᠥᠢᠯᠡᠴᠢᠯᠡᠭᠡ ᠬᠠᠩᠭᠠᠨ᠎ᠠ᠃        ᠭᠤᠷᠪᠠ᠂ ︽ᠨᠢᠭᠡ ᠰᠦᠯᠵᠢᠶ᠎ᠡ ᠪᠠᠷ ᠨᠡᠶᠢᠳᠡᠮ ᠭᠦᠶ᠋ᠴᠡᠳᠬᠡᠬᠦ︾᠎ ᠶᠢ ᠲᠦᠷᠭᠡᠳᠬᠡᠨ ᠠᠬᠢᠭᠤᠯᠤᠨ᠎ᠠ      ᠨᠢᠭᠡ ᠴᠣᠭᠴᠠᠵᠢᠭᠤᠯᠤᠭᠰᠠᠨ ᠲᠠᠪᠴᠠᠩ ᠤᠨ ᠥᠪᠡᠰᠦᠪᠡᠨ ᠦᠢᠯᠡᠴᠢᠯᠡᠬᠦ ᠦᠵᠦᠭᠦᠷ᠂ ᠭᠠᠷ ᠤᠲᠠᠰᠤᠨ ᠤ ᠦᠵᠦᠭᠦᠷ ᠲᠡᠰᠢ ᠬᠥᠭᠵᠢᠬᠦ ᠶᠢ ᠠᠬᠢᠭᠤᠯᠵᠤ᠂ ᠨᠠᠩ ᠳᠥᠭᠦᠮ ᠳᠥᠲᠡ ᠪᠥᠭᠡᠳ ᠲᠦᠷᠭᠡᠨ ᠣᠨᠴᠠᠯᠢᠭᠲᠤ  ᠥᠢᠯᠡᠴᠢᠯᠡᠭᠡ ᠬᠠᠩᠭᠠᠵᠤ᠂ ︽ᠠᠵᠤ ᠠᠬᠤᠶᠢᠯᠠᠯ ᠤᠨ ᠣᠯᠠᠨ ᠲᠦᠮᠡᠨ ᠰᠦᠯᠵᠢᠶᠡᠨ ᠭᠠᠳᠠᠨ᠎ᠠ ᠭᠦᠶᠦᠬᠦ︾᠎ ᠶᠢ ︽ᠲᠤᠭ᠎ᠠ ᠪᠠᠷᠢᠮᠲᠠ ᠶᠢᠨ ᠮᠡᠳᠡᠭᠡ ᠵᠠᠩᠭᠢ ᠶᠢᠨ ᠰᠦᠯᠵᠢᠶᠡᠨ  ᠳᠡᠭᠡᠷ᠎ᠡ  ᠭᠦᠶᠦᠬᠦ︾ ᠪᠣᠯᠭᠠᠨ ᠬᠤᠪᠢᠷᠠᠭᠤᠯᠪᠠ᠃      ᠳᠥᠷᠪᠡ᠂ ᠨᠢᠭᠡ ᠵᠤᠷᠪᠤᠰ ᠥᠢᠯᠡᠴᠢᠯᠡᠭᠡᠨ ᠤ ᠬᠠᠯᠠᠮᠰᠢᠯ ᠤᠲᠠᠰᠤᠨ ᠳᠤ ᠥᠢᠯᠡᠴᠢᠯᠡᠭᠡ ᠬᠢᠨ᠎ᠠ      ᠲᠤᠭᠤᠷᠢᠭ ᠤᠨ ᠳᠠᠷᠤᠭ᠎ᠠ ᠶᠢᠨ ᠬᠠᠯᠠᠭᠤᠨ ᠤᠲᠠᠰᠤ᠂ ᠤᠶᠤᠨᠲᠤ ᠨᠡᠶᠢᠭᠡᠮ ᠲᠣᠭᠤᠷᠢᠭ ᠤᠨ ᠲᠤᠤᠷᠴᠢᠯᠠᠭᠰᠠᠨ ᠬᠠᠮᠢᠶᠠᠷᠤᠯᠲᠠ ᠵᠢᠴᠢ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠠᠯᠠᠭᠤᠨ ᠤᠲᠠᠰᠤ ᠶᠢ ᠨᠢᠭᠡᠳᠦᠯᠲᠡᠶ ᠲᠥᠯᠥᠪᠯᠡᠨ ᠨᠡᠶᠢᠳᠬᠡᠵᠦ᠂ ︽ᠲᠠᠪᠤᠨ ᠨᠢᠭᠡᠳᠦᠭᠡᠷ ᠴᠠᠭ︾᠎ ᠤᠨ ᠱᠠᠭᠠᠷᠳᠠᠯᠭ᠎ᠠ ᠶᠣᠰᠣᠭᠠᠷ ᠵᠠᠷᠭᠤ ᠬᠦᠯᠢᠶᠡᠨ ᠠᠪᠴᠤ ᠳᠠᠷᠤᠶ ᠰᠢᠢᠳᠪᠤᠷᠢᠯᠡᠬᠦ ᠠᠵᠢᠯ ᠤᠨ ᠲᠣᠭᠲᠠᠴᠠ ᠶᠢ ᠪᠠᠶᠢᠭᠤᠯᠵᠤ᠂ ᠲᠥᠪᠯᠡᠷᠡᠭᠦᠯᠦᠨ ᠬᠦᠯᠢᠶᠡᠨ ᠠᠪᠴᠤ ᠰᠢᠢᠳᠪᠤᠷᠢᠯᠡᠬᠦ᠂ ᠲᠥᠷᠥᠯ ᠬᠤᠪᠢᠶᠠᠨ ᠰᠢᠯᠵᠢᠭᠦᠯᠦᠨ ᠵᠠᠯᠭᠠᠬᠤ᠂ ᠡᠯ᠎ᠡ ᠲᠠᠯ᠎ᠠ ᠶᠢᠨ ᠬᠢᠨ ᠬᠤᠯᠪᠣᠭᠠᠯᠠᠨ ᠬᠥᠳᠡᠯᠦᠯᠴᠡᠬᠦ᠂ ᠴᠠᠭ ᠲᠣᠭᠲᠠᠭᠠᠨ ᠰᠢᠢᠳᠪᠤᠷᠢᠯᠡᠨ ᠳᠠᠭᠤᠰᠬᠠᠬᠤ᠂ ᠲᠣᠭᠲᠠᠮᠠᠯ ᠬᠤᠭᠤᠴᠠᠭ᠎ᠠ ᠲᠠᠢ ᠪᠠᠷ ᠨᠡᠪᠲᠡᠷᠡᠭᠦᠯᠬᠦ ᠣᠯᠠᠨ ᠲᠦᠮᠡᠨ ᠳᠤ ᠨᠢᠭᠡᠳᠦᠯᠲᠡᠶ ᠥᠨᠳᠥᠷ ᠪᠦᠲᠦᠮᠵᠢᠲᠡᠶ ᠵᠠᠰᠠᠭ ᠤᠨ ᠶᠠᠪᠤᠳᠠᠯ ᠤᠨ ᠵᠥᠪᠯᠡᠯᠭᠡ ᠥᠭᠬᠦ᠂ ᠠᠷᠠᠳ ᠲᠤ ᠳᠥᠭᠦᠮ ᠦᠵᠡᠭᠦᠯᠬᠦ ᠦᠢᠯᠡᠴᠢᠯᠡᠭᠡ᠂ ᠵᠠᠭᠠᠯᠳᠤᠬᠤ ᠢᠯᠡᠴᠢᠯᠡᠨ ᠮᠡᠳᠡᠭᠦᠯᠬᠦ ᠵᠡᠷᠭᠡ ᠦᠢᠯᠡᠴᠢᠯᠡᠭᠡ ᠬᠠᠩᠭᠠᠵᠤ᠂ ᠵᠠᠰᠠᠭ ᠤᠨ ᠣᠷᠳᠣᠨ ᠪᠠ ᠤᠯᠠᠨ ᠲᠦᠮᠡᠨ ᠢ ᠬᠤᠯᠪᠣᠭᠰᠠᠨ ︽ᠵᠢᠷᠦᠬᠡ ᠶᠢ ᠬᠤᠯᠪᠣᠬᠤ ᠬᠥᠭᠦᠷᠭᠡ︾᠎ ᠶᠢ ᠪᠤᠢ ᠪᠣᠯᠭᠠᠨ᠎ᠠ᠃     ᠲᠠᠪᠤ᠂ ᠨᠢᠭᠡ ᠢᠵᠢ ᠬᠢᠨᠠᠯᠲᠠ ᠲᠠᠯᠪᠢᠵᠤ ᠬᠢᠵᠠᠭᠠᠷᠯᠠᠬᠤ ᠲᠣᠭᠲᠠᠴᠠ ᠶᠢ ᠪᠦᠷᠢᠨ ᠪᠣᠯᠭᠠᠨ ᠲᠡᠭᠦᠯᠳᠡᠷᠵᠢᠭᠦᠯᠦᠨ᠎ᠡ      ᠪᠦᠬᠦ ᠬᠤᠲᠠ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠴᠢᠳᠠᠪᠤᠷᠢ ᠶᠢ ᠰᠢᠯᠭᠠᠨ ᠦᠨᠡᠯᠡᠬᠦ ᠠᠷᠭ᠎ᠠ ᠵᠢᠴᠢ ᠬᠤᠪᠢ ᠲᠣᠭᠲᠠᠭᠠᠬᠤ ᠨᠠᠷᠢᠨ ᠳᠦᠷᠢᠮ ᠶᠣᠰᠣᠭᠠᠷ᠂ ᠡᠯ᠎ᠡ ᠰᠠᠯᠠᠭ᠎ᠠ ᠮᠥᠴᠢᠷ ᠤᠨ ︽ᠭᠤᠷᠪᠠ ᠶᠢ ᠲᠥᠪᠯᠡᠷᠡᠭᠦᠯᠬᠦ᠂ ᠳᠥᠷᠪᠡ ᠶᠢ ᠪᠣᠳᠠᠲᠠᠶᠢᠵᠢᠭᠤᠯᠬᠤ︾ ᠥᠭᠡᠷᠡᠴᠢᠯᠡᠯᠲᠡ᠂ ︽ᠨᠢᠭᠡ ᠰᠦᠯᠵᠢᠶ᠎ᠡ ᠪᠠᠷ ᠨᠡᠶᠢᠳᠡᠮ  ᠭᠦᠢᠴᠡᠳᠭᠡᠬᠦ︾ ᠵᠡᠷᠭᠡ ᠥᠭᠡᠷᠡᠴᠢᠯᠡᠯᠲᠡ ᠶᠢᠨ ᠪᠠᠶᠢᠷᠢᠯᠠᠭᠤᠯᠤᠯᠲᠠ ᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠶᠡᠷᠦᠩᠬᠡᠶᠢᠯᠡᠨ ᠰᠢᠯᠭᠠᠨ ᠦᠨᠡᠯᠡᠵᠦ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ︽ᠳᠥᠷᠪᠡᠨ ᠵᠤᠷᠪᠤᠰ ᠱᠤᠭᠤᠮ︾ ︵ᠬᠠᠤᠯᠢ ᠪᠠᠷ ᠲᠣᠭᠲᠠᠭᠠᠭᠰᠠᠨ ᠴᠠᠭ ᠬᠤᠭᠤᠴᠠᠭ᠎ᠠ᠂ ᠠᠮᠠᠯᠠᠭᠰᠠᠨ ᠴᠠᠭ ᠬᠤᠭᠤᠴᠠᠭ᠎ᠠ᠂ ᠰᠢᠯᠭᠠᠨ ᠬᠢᠨᠠᠬᠤ ᠴᠠᠭ ᠬᠤᠭᠤᠴᠠᠭ᠎ᠠ᠂ ᠭᠦᠢᠴᠡᠳᠭᠡᠬᠦ ᠴᠠᠭ ᠬᠤᠭᠤᠴᠠᠭ᠎ᠠ︶᠎ ᠢ ᠴᠢᠩᠭ᠎ᠠ ᠬᠢᠨᠠᠨ ᠡᠵᠡᠮᠳᠡᠨ᠎ᠡ᠃ ᠲᠡᠷᠡᠴᠢᠯᠡᠨ ᠲᠤᠬᠠᠶᠢᠯᠠᠭᠰᠠᠨ ᠠᠵᠢᠯ ᠤᠨ ᠭᠦᠢᠴᠡᠳᠬᠡᠬᠦ᠂ ᠠᠰᠠᠭᠤᠨ ᠯᠠᠪᠯᠡᠨ ᠬᠠᠷᠢᠭᠤᠯᠲᠠ ᠥᠭᠬᠦ᠂ ︽ᠰᠠᠶᠢᠨ ᠮᠠᠭᠤ ᠶᠢ ᠦᠨᠡᠯᠡᠬᠦ︾ ᠵᠡᠷᠭᠡ ᠲᠤᠭ᠎ᠠ ᠪᠠᠷᠢᠮᠲᠠ ᠲᠠᠢ ᠤᠶᠠᠯᠳᠤᠭᠤᠯᠤᠨ᠂ ᠬᠢᠨᠠᠨ ᠰᠢᠯᠭᠠᠬᠤ ᠶᠢᠨ ᠣᠨᠣᠪᠴᠢᠲᠤ ᠴᠢᠨᠠᠷ᠂ ᠬᠤᠭᠤᠴᠠᠭᠠᠳᠤ ᠴᠢᠨᠠᠷ ᠪᠠ ᠬᠢᠵᠠᠭᠠᠷᠯᠠᠬᠤ ᠴᠢᠨᠠᠷ ᠢ ᠳᠡᠭᠡᠭᠰᠢᠯᠡᠭᠦᠯᠦᠨ᠎ᠡ᠃      ᠨᠢᠭᠡ ᠬᠤᠪᠢ ᠶᠢᠨ ᠪᠠᠶᠢᠷᠢᠯᠠᠭᠤᠯᠤᠯᠲᠠ᠂ ᠶᠢᠰᠦᠨ ᠬᠤᠪᠢ ᠶᠢᠨ ᠨᠠᠶᠢᠳᠠᠪᠤᠷᠢᠵᠢᠭᠤᠯᠤᠯᠲᠠ᠂ 2020 ᠣᠨ ᠳᠤ ᠮᠠᠨ ᠤ ᠲᠤᠭᠤᠷᠢᠭ ᠤᠨ ︽ᠰᠤᠯᠠᠯᠠᠨ ᠬᠠᠮᠢᠶᠠᠷᠤᠬᠤ ᠶᠢ ᠤᠶᠠᠯᠳᠤᠭᠤᠯᠤᠨ᠂ ᠥᠢᠯᠡᠴᠢᠯᠡᠭᠡ ᠪᠠᠨ ᠰᠢᠯᠢᠳᠡᠭᠵᠢᠭᠦᠯᠬᠦ︾ ᠥᠭᠡᠷᠡᠴᠢᠯᠡᠯᠲᠡ ᠪᠣᠯᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠵᠢᠯ ᠳᠤ ᠯᠤᠲᠤ ᠶᠡᠭᠡ ᠬᠥᠭᠵᠢᠯᠲᠡ ᠶᠢᠨ ᠠᠵᠠ ᠲᠣᠬᠢᠶᠠᠯ ᠲᠤᠯᠭᠠᠷᠠᠵᠤ᠂ ᠪᠠᠰᠠ ᠲᠠᠯ᠎ᠠ ᠲᠠᠯ᠎ᠠ ᠶᠢᠨ ᠬᠦᠴᠢᠷ ᠪᠡᠷᠬᠡᠰᠢᠶᠡᠯ ᠪᠠ ᠥᠷᠢᠰᠥᠯᠳᠦᠭᠡᠨ ᠢ ᠢᠯᠠᠨ ᠳᠠᠪᠠᠭ᠋ᠤ ᠴᠢᠬᠤᠯᠠᠲᠠᠶ᠂ ᠪᠢᠳᠡ ᠲᠤᠭᠤᠷᠢᠭ ᠤᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠤᠳᠤᠷᠢᠳᠤᠯᠭ᠎ᠠ ᠳᠣᠤᠷ᠎ᠠ ᠡᠯ᠎ᠡ ᠰᠠᠯᠠᠭ᠎ᠠ ᠮᠥᠴᠢᠷ ᠲᠠᠢ ᠨᠡᠶᠢᠯᠡᠮᠡᠯ ᠬᠦᠴᠦᠨ ᠢ ᠪᠦᠷᠢᠯᠳᠦᠭᠦᠯᠵᠦ᠂ ᠬᠤᠳᠠᠯᠳᠤᠭ᠎ᠠ ᠡᠵᠡᠩᠨᠡᠬᠦ ᠣᠷᠴᠢᠨ ᠲᠤᠭᠤᠷᠢᠨ ᠢ ᠰᠢᠯᠢᠳᠡᠭᠵᠢᠭᠦᠯᠬᠦ ᠰᠢᠨ᠎ᠡ ᠥᠨᠳᠦᠷᠯᠢᠭ ᠢ ᠨᠡᠭᠡᠭᠡᠬᠦ ᠬᠡᠷᠡᠭᠲᠡᠶ᠃
 
ᠢᠷᠡᠯᠲᠡ᠄ ᠪᠠᠶ᠋ᠬᠠᠣᠪᠤᠭ᠎ᠠ ᠠᠭᠤᠷᠬᠠᠢ ᠶᠢᠨ ᠲᠣᠭᠤᠷᠢᠭ ᠤᠨ ᠵᠠᠰᠠᠭ ᠤᠨ ᠣᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号