ᠲᠣᠭᠤᠷᠢᠭ ᠤᠨ ᠮᠣᠩᠭᠤᠯ ᠦᠨᠳᠦᠰᠦᠲᠡᠨ ᠤ ᠪᠠᠭ᠎ᠠ ᠰᠤᠷᠭᠠᠭᠤᠯᠢ ᠰᠤᠷᠤᠭᠴᠢᠳ ᠢ ᠵᠣᠬᠢᠶᠠᠨ ᠪᠠᠶᠢᠭᠤᠯᠵᠤ ᠬᠤᠤᠷᠲᠤ ᠡᠳ᠋ ᠴᠠᠭᠠᠵᠠᠯᠠᠬᠤ ᠰᠤᠷᠭᠠᠨ ᠬᠥᠮᠦᠵᠢᠯ ᠤᠨ ᠰᠠᠭᠤᠷᠢᠨ ᠭᠠᠵᠠᠷ ᠢ ᠲᠣᠭᠤᠷᠢᠨ ᠦᠵᠡᠪᠡ
ᠨᠡᠶᠢᠲᠡᠯᠡᠭᠰᠡᠨ ᠴᠠᠭ᠄
2020/11/3
     ᠪᠠᠭᠠᠴᠤᠳ ᠬᠡᠤᠬᠡᠳ ᠤᠨ ᠬᠤᠤᠷᠲᠤ ᠡᠳ᠋ ᠢ ᠰᠡᠷᠭᠡᠶᠢᠯᠡᠬᠦ ᠬᠥᠮᠦᠵᠢᠯ ᠢ ᠴᠢᠩᠭᠠᠳᠬᠠᠵᠤ᠂ ᠥᠪᠡᠷ ᠤᠨ ᠰᠡᠷᠭᠡᠶᠢᠯᠡᠬᠦ ᠦᠵᠡᠯ ᠤᠬᠠᠮᠰᠠᠷ ᠢᠶᠠᠨ ᠳᠡᠭᠡᠭᠰᠢᠯᠡᠭᠦᠯᠵᠦ᠂ ᠬᠤᠤᠷᠲᠤ ᠡᠳ᠋ ᠢ ᠴᠠᠭᠠᠵᠠᠯᠠᠬᠤ ᠤᠬᠠᠭᠤᠯᠭ᠎ᠠ ᠬᠥᠮᠦᠵᠢᠯ ᠤᠨ ᠡᠷᠴᠢᠮ ᠢ ᠭᠦᠨᠵᠡᠭᠡᠶᠢᠷᠡᠭᠦᠯᠬᠦ ᠶᠢᠨ ᠲᠥᠯᠥᠭᠡ᠃ 11 ᠰᠠᠷ᠎ᠠ ᠶᠢᠨ 2᠎ ᠤ ᠡᠳᠦᠷ ᠤᠨ ᠦᠳᠡ ᠶᠢᠨ ᠬᠤᠶᠢᠨ᠎ᠠ᠂ ᠲᠣᠭᠤᠷᠢᠭ ᠤᠨ ᠮᠣᠩᠭᠤᠯ ᠦᠨᠳᠦᠰᠦᠲᠡᠨ ᠤ ᠪᠠᠭ᠎ᠠ ᠰᠤᠷᠭᠠᠭᠤᠯᠢ ᠶᠢᠨ ᠶᠣᠰᠣ ᠰᠤᠷᠲᠠᠬᠤᠨ ᠤ ᠬᠥᠮᠦᠵᠢᠯ ᠤᠨ ᠭᠠᠵᠠᠷ ᠳᠥᠷᠪᠡᠳᠦᠭᠡᠷ ᠣᠨ ᠤ ᠪᠥᠬᠦ ᠰᠤᠷᠤᠭᠴᠢᠳ ᠢ ᠵᠣᠬᠢᠶᠠᠨ  ᠪᠠᠶᠢᠭᠤᠯᠤᠨ ᠲᠣᠭᠤᠷᠢᠭ ᠤᠨ ᠬᠤᠤᠷ ᠴᠠᠭᠠᠵᠠᠯᠠᠬᠤ ᠰᠤᠷᠭᠠᠨ ᠬᠥᠮᠦᠵᠢᠯ ᠤᠨ ᠰᠠᠭᠤᠷᠢᠨ ᠭᠠᠵᠠᠷ ᠢ ᠲᠣᠭᠤᠷᠢᠨ ᠦᠵᠡᠭᠦᠯᠪᠡ᠃  
     ᠠᠵᠢᠯᠯᠠᠭᠠᠨ ᠤ ᠳᠤᠮᠳᠠ ᠯᠢᠦ ᠴᠠᠭᠳᠠᠭ᠎ᠠ ᠰᠤᠷᠤᠭᠴᠢᠳ ᠲᠤ ᠳᠤᠮᠳᠠᠳᠤ ᠤᠯᠤᠰ ᠤᠨ ᠬᠤᠣᠷ ᠴᠠᠭᠠᠵᠠᠯᠠᠬᠤ ᠲᠡᠦᠬᠡ᠂ ᠬᠤᠣᠷ ᠴᠠᠭᠠᠵᠠᠯᠠᠬᠤ ᠪᠠᠭᠠᠲᠤᠷ ᠯᠢᠨ ᠽᠧ ᠰᠢᠤᠢ᠂ ᠬᠤ ᠮᠧᠨ ᠤ ᠲᠠᠮᠠᠬᠢ ᠪᠣᠷᠣᠯᠠᠭᠤᠯᠬᠤ ᠵᠡᠷᠭᠡ ᠦᠯᠢᠭᠡᠷ ᠢ ᠲᠠᠶᠢᠯᠪᠤᠷᠢᠯᠠᠨ ᠶᠠᠷᠢᠵᠤ ᠥᠭᠪᠡ᠃ ᠬᠤᠤᠷᠲᠤ ᠡᠳ᠋ ᠴᠠᠭᠠᠵᠠᠯᠠᠬᠤ ᠰᠤᠷᠭᠠᠨ ᠬᠥᠮᠦᠵᠢᠯ ᠤᠨ ᠤᠬᠠᠭᠤᠯᠭ᠎ᠠ ᠶᠢᠨ ᠺᠠᠷᠲ᠋ᠣᠨ ᠵᠢᠷᠤᠭ ᠵᠢᠴᠢ ᠸᠢᠳᠢᠣ᠋᠂  ᠬᠤᠯᠪᠣᠭᠳᠠᠯ ᠪᠦᠬᠦᠢ ᠦᠰᠦᠭ ᠪᠢᠴᠢᠭ ᠵᠢᠷᠤᠭ ᠵᠢᠴᠢ ᠬᠤᠤᠷᠲᠤ ᠡᠳ᠋ ᠤᠨ ᠦᠯᠢᠭᠡᠷ ᠡᠳ᠋ ᠢ ᠲᠣᠭᠤᠷᠢᠨ ᠦᠵᠡᠭᠦᠯᠬᠦ ᠪᠠᠷ ᠳᠠᠮᠵᠢᠨ᠂ ᠰᠤᠷᠤᠭᠴᠢᠳ ᠬᠤᠤᠷᠲᠤ ᠡᠳ᠋ ᠤᠨ ᠲᠤᠬᠠᠶ ᠨᠠᠩ ᠭᠦᠨ ᠳᠠᠪᠬᠤᠷᠭ᠎ᠠ ᠶᠢᠨ ᠲᠠᠨᠢᠯᠲᠠ ᠲᠠᠢ ᠪᠣᠯᠵᠠᠶ᠃
     ᠲᠣᠭᠤᠷᠢᠨ ᠦᠵᠡᠵᠦ ᠪᠠᠷᠠᠭᠰᠠᠨ ᠤ ᠳᠠᠷᠠᠭ᠎ᠠ᠂ ᠰᠤᠷᠤᠭᠴᠢᠳ ᠦᠯᠡᠳᠡᠭᠡᠭᠰᠡᠨ ᠦᠭᠡ ᠪᠢᠴᠢᠪᠡ᠃ ᠰᠤᠷᠤᠭᠴᠢᠳ ᠬᠤᠶᠢᠰᠢᠳᠠ ᠬᠤᠣᠷᠲᠤ ᠡᠳ᠋ ᠠᠴᠠ ᠬᠤᠯᠠᠳᠠᠬᠤ ᠪᠠᠷ ᠪᠠᠷᠠᠬᠤ ᠦᠭᠡᠢ᠂ ᠪᠠᠰᠠ ᠳᠡᠷᠭᠡᠳᠡᠬᠢ ᠲᠥᠷᠥᠯ ᠰᠠᠳᠤᠨ ᠨᠠᠶᠢᠵᠠ ᠨᠥᠬᠦᠳ ᠲᠡᠭᠡᠨ ᠬᠤᠣᠷ ᠴᠠᠭᠠᠵᠠᠯᠠᠬᠤ ᠮᠡᠳᠡᠯᠭᠡ ᠶᠢᠨ ᠤᠬᠠᠭᠤᠯᠭ᠎ᠠ ᠬᠢᠬᠦ ᠶᠢᠨ ᠬᠠᠮᠲᠤ ᠪᠦᠬᠦ ᠠᠷᠠᠳ ᠢᠶᠠᠷ ᠢᠶᠠᠨ ᠬᠤᠣᠷ ᠴᠠᠭᠠᠵᠠᠯᠠᠬᠤ ᠠᠵᠢᠯ ᠳᠤ ᠢᠳᠡᠪᠬᠢᠲᠡᠢ ᠣᠷᠣᠯᠴᠠᠬᠤ ᠶᠢ ᠴᠢᠩᠭᠠᠳᠬᠠᠵᠤ᠂ ᠡᠶ᠎ᠡ ᠵᠣᠬᠢᠴᠠᠯ ᠲᠠᠢ ᠨᠡᠶᠢᠭᠡᠮ ᠢ ᠪᠠᠶᠢᠭᠤᠯᠬᠤ ᠳᠤ ᠥᠪᠡᠷ ᠤᠨ ᠬᠦᠴᠦᠨ ᠴᠢᠳᠠᠯ ᠢᠶᠠᠨ ᠡᠷᠭᠦᠬᠦ ᠬᠡᠷᠡᠭᠲᠡᠢ᠃
 
ᠢᠷᠡᠯᠲᠡ᠄ ᠪᠠᠶ᠋ᠬᠠᠣᠪᠤᠭ᠎ᠠ ᠠᠭᠤᠷᠬᠠᠢ ᠶᠢᠨ ᠲᠣᠭᠤᠷᠢᠭ ᠤᠨ ᠵᠠᠰᠠᠭ ᠤᠨ ᠣᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号