ᠪᠠᠶ᠋ᠬᠠᠣᠪᠤᠭ᠎ᠠ ᠠᠭᠤᠷᠬᠠᠶ ᠶᠢᠨ ᠲᠣᠭᠤᠷᠢᠭ ᠤᠨ ᠳᠤᠮᠳᠠᠳᠤ ᠪᠠᠭ᠎ᠠ ᠰᠤᠷᠭᠠᠭᠤᠯᠢ ᠵᠢᠴᠢ ᠬᠡᠤᠬᠡᠳ ᠤᠨ ᠴᠡᠴᠡᠷᠯᠢᠭ ᠤᠨ ︽ᠣᠳᠣᠨ ᠲᠠᠰ ᠤᠨ ᠠᠮᠤᠷ ᠠᠮᠤᠭᠤᠯᠠᠩ ᠰᠤᠷᠭᠠᠭᠤᠯᠢ ᠶᠢᠨ ᠬᠦᠷᠢᠶ᠎ᠡ︾᠎ ᠶᠢ ᠪᠠᠶᠢᠴᠠᠭᠠᠵᠤ ᠰᠢᠯᠭᠠᠨ ᠠᠪᠬᠤ ᠠᠵᠢᠯ ᠢ ᠤᠷᠤᠭᠰᠢᠲᠠᠶ ᠪᠡᠶᠡᠯᠡᠭᠦᠯᠪᠡ
ᠨᠡᠶᠢᠲᠡᠯᠡᠭᠰᠡᠨ ᠴᠠᠭ᠄
2020/11/3
     11 ᠰᠠᠷ᠎ᠠ ᠶᠢᠨ 2 ᠪᠠ 3᠎ ᠤ ᠡᠳᠦᠷ᠂ ᠪᠤᠭᠤᠲᠤ ᠬᠤᠲᠠ ᠶᠢᠨ ᠰᠤᠷᠭᠠᠨ ᠬᠥᠮᠦᠵᠢᠯ ᠤᠨ ᠲᠣᠪᠴᠢᠶᠠᠨ ᠤ ᠵᠣᠬᠢᠶᠠᠨ ᠪᠠᠶᠢᠭᠤᠯᠤᠭᠰᠠᠨ ︽ᠣᠳᠣᠨ ᠲᠠᠰ ᠤᠨ ᠠᠮᠤᠷ ᠠᠮᠤᠭᠤᠯᠠᠩ ᠰᠤᠷᠭᠠᠭᠤᠯᠢ ᠶᠢᠨ ᠬᠦᠷᠢᠶ᠎ᠡ︾᠎ ᠶᠢ ᠪᠠᠶᠢᠴᠠᠭᠠᠨ ᠰᠢᠯᠭᠠᠨ ᠬᠤᠷᠢᠶᠠᠬᠤ ᠳᠤᠭᠤᠶᠢᠯᠠᠩ  ᠪᠠᠶ᠋ᠬᠠᠣᠪᠤᠭ᠎ᠠ ᠠᠭᠤᠷᠬᠠᠶ ᠶᠢᠨ ᠲᠣᠭᠤᠷᠢᠭ ᠤᠨ ᠳᠤᠮᠳᠠᠳᠤ ᠪᠠᠭ᠎ᠠ ᠰᠤᠷᠭᠠᠭᠤᠯᠢ ᠵᠢᠴᠢ ᠬᠡᠤᠬᠡᠳ ᠤᠨ ᠴᠡᠴᠡᠷᠯᠢᠭ ᠲᠤ ᠬᠦᠷᠴᠦ ︽ᠣᠳᠣᠨ ᠲᠠᠰ ᠤᠨ ᠠᠮᠤᠷ ᠠᠮᠤᠭᠤᠯᠠᠩ ᠰᠤᠷᠭᠠᠭᠤᠯᠢ ᠶᠢᠨ ᠬᠦᠷᠢᠶ᠎ᠡ ︾᠎ ᠶᠢᠨ ᠪᠠᠶᠢᠭᠤᠯᠤᠯᠲᠠ ᠶᠢᠨ ᠠᠵᠢᠯ ᠤᠨ ᠰᠢᠯᠭᠠᠨ ᠪᠠᠶᠢᠴᠠᠭᠠᠬᠤ ᠪᠠᠶᠢᠴᠠᠭᠠᠯᠲᠠ ᠬᠢᠪᠠ᠃ ᠪᠠᠶᠢᠴᠠᠭᠠᠬᠤ ᠳᠤᠭᠤᠶᠢᠯᠠᠩ ᠨᠢ ᠪᠤᠭᠤᠲᠤ ᠬᠤᠲᠠ ᠶᠢᠨ ᠮᠧᠬᠠᠨᠢᠭ ᠤᠨ ᠰᠤᠷᠭᠠᠭᠤᠯᠢ ᠶᠢᠨ ᠠᠮᠤᠷ ᠢ ᠬᠠᠮᠠᠭᠠᠯᠠᠬᠤ ᠰᠠᠯᠭᠠᠨ ᠤ ᠳᠠᠷᠤᠭ᠎ᠠ ᠵᠧᠤ ᠵᠢᠶᠠᠨ ᠵᠢᠶᠦ᠋ᠨ᠂ ᠪᠣᠭᠤᠲᠤ ᠶᠢᠨ ᠬᠥᠩᠭᠡᠨᠴᠠᠭᠠᠨ ᠤ ᠳᠤᠮᠳᠠᠳᠤ ᠰᠤᠷᠭᠠᠭᠤᠯᠢ ᠶᠢᠨ ᠠᠮᠤᠷ ᠢ ᠬᠠᠮᠠᠭᠠᠯᠠᠬᠤ ᠰᠠᠯᠠᠭᠠᠨ ᠤ ᠳᠠᠷᠤᠭ᠎ᠠ ᠹᠠᠨ ᠬᠠᠶ ᠯᠦᠩ᠂ ᠪᠤᠭᠤᠲᠤ ᠬᠤᠲᠠ ᠶᠢᠨ ᠦᠢᠯᠡᠴᠢᠯᠡᠭᠡ ᠬᠠᠮᠢᠶᠠᠷᠤᠯᠲᠠ ᠶᠢᠨ ᠰᠤᠷᠭᠠᠭᠤᠯᠢ ᠶᠢᠨ ᠠᠮᠤᠷ ᠢ ᠬᠠᠮᠠᠭᠠᠯᠠᠬᠤ ᠰᠠᠯᠠᠭᠠᠨ ᠤ ᠳᠠᠷᠤᠭ᠎ᠠ ᠺᠠᠩ ᠰᠢᠶᠤᠤ ᠳ᠋ᠦᠩ᠂ ᠲᠣᠭᠤᠷᠢᠭ ᠤᠨ ᠰᠤᠷᠭᠠᠨ ᠬᠥᠮᠥᠵᠢᠯ ᠤᠨ  ᠲᠣᠪᠴᠢᠶᠠᠨ ᠤ ᠠᠶᠤᠯ ᠥᠬᠡᠶ ᠬᠠᠤᠯᠢ ᠶᠢᠨ ᠲᠠᠰᠤᠭ ᠤᠨ ᠠᠵᠢᠯᠲᠠᠨ ᠢᠶᠠᠷ ᠪᠦᠷᠢᠯᠳᠦᠵᠡᠶ᠃ ᠠᠵᠢᠯᠲᠠᠳ ᠮᠠᠲ᠋ᠧᠷᠢᠶᠠᠯ ᠢ ᠨᠠᠷᠢᠨ ᠬᠢᠨᠠᠮᠠᠭᠠᠶ ᠬᠢᠨᠠᠨ ᠪᠠᠶᠢᠴᠠᠭᠠᠬᠤ ᠶᠢᠨ ᠬᠠᠮᠲᠤ᠂ ᠰᠤᠷᠭᠠᠭᠤᠯᠢ ᠶᠢᠨ ᠬᠦᠷᠢᠶᠡᠨ ᠤ ᠬᠠᠮᠢᠶ᠎ᠠ ᠪᠥᠬᠦᠶ ᠠᠮᠤᠷ ᠲᠦᠪᠰᠢᠨ ᠤ ᠪᠡᠯᠡᠳᠬᠡᠮᠵᠢ ᠶᠢ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠬᠦ  ᠦᠵᠡᠪᠡ᠃    
     ᠵᠧᠤ ᠵᠢᠶᠠᠨ ᠵᠢᠶᠦ᠋ᠨ ᠡᠯ᠎ᠡ ᠰᠤᠷᠭᠠᠭᠤᠯᠢ ᠶᠢᠨ ᠣᠳᠣᠨ ᠲᠠᠰ ᠤᠨ ᠠᠮᠤᠷ ᠠᠮᠤᠭᠤᠯᠠᠩ ᠰᠤᠷᠭᠠᠭᠤᠯᠢ ᠶᠢᠨ ᠬᠦᠷᠢᠶ᠎ᠡ ᠶᠢ ᠡᠭᠦᠳᠦᠨ ᠪᠠᠶᠢᠭᠤᠯᠬᠤ ᠠᠵᠢᠯ ᠢ ᠭᠦᠢᠴᠡᠳ ᠨᠤᠲᠠᠯᠠᠵᠠᠶ᠃ ᠡᠯ᠎ᠡ ᠰᠤᠷᠭᠠᠭᠤᠯᠢ ᠡᠭᠦᠨ ᠢᠶᠠᠷ ᠠᠵᠠ ᠲᠣᠬᠢᠶᠠᠯ ᠪᠣᠯᠭᠠᠵᠤ᠂ ᠠᠵᠢᠯ ᠤᠨ ᠭᠤᠣᠯᠳᠠᠯᠭ᠎ᠠ ᠪᠠᠨ ᠤᠯᠠᠮ ᠨᠢᠭᠡ ᠠᠯᠬᠤᠮ ᠳᠣᠪᠤᠶᠢᠯᠭᠠᠵᠤ᠂ ᠵᠢᠵᠢᠭ ᠰᠠᠵᠢᠭ ᠵᠦᠢᠯ ᠢ ᠨᠠᠶᠢᠳᠠᠪᠤᠷᠢᠵᠢᠭᠤᠯᠤᠨ᠂ ᠳᠤᠲᠠᠭᠳᠠᠯ ᠢ ᠨᠥᠬᠦᠪᠥᠷᠢᠯᠡᠵᠦ᠂ ᠳᠡᠭᠡᠭᠰᠢᠯᠡᠭᠦᠯᠬᠦ ᠶᠢ ᠴᠢᠬᠤᠯᠠᠴᠢᠯᠠᠵᠤ᠂ ︽ᠤᠳᠤᠨ ᠲᠡᠰ ᠤᠨ ᠠᠮᠤᠷ ᠠᠮᠤᠭᠤᠯᠠᠩ ᠰᠤᠷᠭᠠᠭᠤᠯᠢ ᠶᠢᠨ ᠬᠦᠷᠢᠶ᠎ᠡ︾᠎ ᠶᠢ ᠡᠭᠦᠳᠦᠨ ᠪᠠᠶᠢᠭᠤᠯᠬᠤ ᠠᠵᠢᠯ ᠢ ᠨᠡᠩ ᠰᠠᠶᠢᠲᠤᠷ ᠬᠢᠬᠦ  ᠪᠠᠷ ᠴᠢᠷᠮᠠᠶᠢᠨ᠎ᠠ᠃
 
ᠢᠷᠡᠯᠲᠡ᠄ ᠪᠠᠶ᠋ᠬᠠᠣᠪᠤᠭ᠎ᠠ ᠠᠭᠤᠷᠬᠠᠢ ᠶᠢᠨ ᠲᠣᠭᠤᠷᠢᠭ ᠤᠨ ᠵᠠᠰᠠᠭ ᠤᠨ ᠣᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号