ᠲᠣᠭᠤᠷᠢᠭ ᠤᠨ ᠨᠠᠮ ᠤᠨ ᠬᠤᠷᠢᠶᠠᠨ ᠤ ᠣᠨᠣᠯ ᠰᠤᠷᠤᠯᠴᠠᠬᠤ ᠭᠤᠤᠯ ᠳᠤᠭᠤᠢᠯᠠᠩ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠬᠠᠮᠲᠤ ᠪᠠᠷ ᠰᠤᠷᠤᠯᠴᠠᠪᠠ
ᠨᠡᠶᠢᠲᠡᠯᠡᠭᠰᠡᠨ ᠴᠠᠭ᠄
2020/12/10
     12 ᠰᠠᠷ᠎ᠠ ᠶᠢᠨ 10᠎ ᠤ ᠦᠳᠡ ᠶᠢᠨ ᠬᠤᠶᠢᠨ᠎ᠠ᠂  ᠲᠣᠭᠤᠷᠢᠭ ᠤᠨ ᠨᠠᠮ ᠤᠨ ᠬᠤᠷᠢᠶᠠᠨ ᠤ ᠤᠨᠤᠯ ᠰᠤᠷᠤᠯᠴᠠᠬᠤ ᠭᠤᠣᠯ ᠳᠤᠭᠤᠶᠢᠯᠠᠩ 2020 ᠣᠨ ᠤ 14 ᠳ᠋ᠦᠭᠡᠷ ᠤᠳᠠᠭᠠᠨ ᠤ ᠬᠠᠮᠲᠤ ᠶᠢᠨ ᠰᠤᠷᠤᠯᠴᠠᠯᠭ᠎ᠠ ︵ᠥᠷᠭᠡᠳᠬᠡᠭᠰᠡᠨ︶ ᠬᠤᠷᠠᠯ ᠵᠢᠴᠢ ᠪᠦᠬᠦ ᠲᠣᠭᠤᠷᠢᠭ ᠤᠨ ᠺᠠᠳ᠋ᠷ ᠢ ᠪᠣᠯᠪᠠᠰᠤᠷᠠᠭᠤᠯᠬᠤ ᠬᠤᠷᠠᠯ ᠬᠢᠵᠦ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠪᠠ᠃ ᠪᠦᠬᠦ ᠲᠣᠭᠤᠷᠢᠭ ᠤᠨ ᠰᠢᠶᠠᠨ ᠤ ᠱᠠᠲᠤᠨ ᠤ ᠤᠳᠤᠷᠢᠳᠬᠤ ᠺᠠᠳ᠋ᠷ᠂ ᠲᠣᠭᠤᠷᠢᠭ ᠤᠨ ᠨᠠᠮ ᠤᠨ ᠬᠤᠷᠢᠶ᠎ᠠ ᠶᠢᠨ ᠡᠯ᠎ᠡ ᠰᠠᠯᠠᠭ᠎ᠠ ᠮᠥᠴᠢᠷ᠂ ᠲᠣᠭᠤᠷᠢᠭ ᠤᠨ ᠰᠢᠭᠤᠳ ᠬᠠᠷᠢᠶ᠎ᠠ ᠡᠯ᠎ᠡ ᠪᠠᠶᠢᠭᠤᠯᠭ᠎ᠠ ᠠᠵᠢᠯ ᠦᠢᠯᠡᠰ ᠤᠨ ᠨᠢᠭᠡᠴᠡ᠂ ᠡᠯ᠎ᠡ ᠨᠡᠶᠢᠭᠡᠮ ᠲᠣᠭᠤᠷᠢᠭ᠂ ᠠᠷᠠᠳ ᠤᠨ ᠪᠦᠯᠬᠦᠮ ᠪᠠ ᠲᠣᠭᠤᠷᠢᠭ ᠲᠤ ᠰᠠᠭᠤᠭ᠎ᠠ ᠡᠯ᠎ᠡ ᠨᠢᠭᠡᠴᠡ ᠶᠢᠨ ᠳᠡᠳ᠋ ᠰᠠᠯᠠᠭᠠᠨ ᠳᠡᠰ ᠠᠴᠠ ᠳᠡᠭᠡᠭᠰᠢᠬᠢ ᠺᠠᠳ᠋ᠷ᠂ ᠡᠯ᠎ᠡ ᠰᠤᠷᠤᠯᠴᠠᠯᠭ᠎ᠠ ᠶᠢᠨ ᠬᠢᠴᠢᠶᠡᠯ ᠤᠨ ᠲᠠᠩᠬᠢᠮ ᠤᠨ ᠡᠷᠬᠢᠯᠡᠭᠴᠢ ᠵᠢᠴᠢ ᠤᠬᠠᠭᠤᠯᠤᠨ ᠲᠠᠶᠢᠯᠪᠤᠷᠢᠯᠠᠭᠴᠢ᠂ ᠡᠯ᠎ᠡ ᠨᠢᠭᠡᠴᠡ ᠶᠢᠨ ᠤᠬᠠᠭᠤᠯᠤᠨ ᠲᠠᠶᠢᠯᠪᠤᠷᠢᠯᠠᠭᠴᠢ᠂ ᠡᠯ᠎ᠡ ᠨᠡᠶᠢᠭᠡᠮ ᠲᠣᠭᠤᠷᠢᠭ ᠤᠨ ᠤᠬᠠᠭᠤᠯᠬᠤ ᠭᠡᠰᠢᠭᠦᠨ ᠵᠠᠭᠤ ᠰᠢᠬᠠᠮ ᠬᠥᠮᠦᠨ ᠤᠬᠠᠭᠤᠯᠤᠨ ᠲᠠᠶᠢᠯᠪᠤᠷᠢᠯᠠᠬᠤ ᠳᠤ ᠣᠷᠣᠯᠴᠠᠪᠠ᠃      ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ  ᠬᠡᠯᠲᠡᠰ ᠤᠨ ᠳᠠᠷᠤᠭ᠎ᠠ ᠯᠢ ᠵᠢᠩ ᠤᠬᠠᠭᠤᠯᠤᠨ ᠲᠠᠶᠢᠯᠪᠤᠷᠢᠯᠠᠪᠠ᠃      ᠬᠤᠷᠠᠯ ᠠᠴᠠ ᠪᠤᠭᠤᠲᠤ ᠬᠤᠲᠠ ᠶᠢᠨ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠶᠢᠨ ᠨᠠᠮ ᠤᠨ ᠲᠡᠤᠬᠡ ᠎ ᠶᠢᠨ ᠨᠠᠮ ᠤᠨ ᠪᠠᠶᠢᠭᠤᠯᠤᠯᠲᠠ ᠶᠢᠨ ᠵᠢᠭᠠᠨ ᠰᠤᠳᠤᠯᠬᠤ ᠲᠠᠰᠤᠭ ᠤᠨ ᠡᠷᠬᠢᠯᠡᠭᠴᠢ ᠳᠡᠳ᠋ ᠫᠷᠤᠹᠧᠰᠰᠤᠷ ᠢ ᠤᠷᠢᠵᠠᠶ᠃ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠥᠬᠦᠳᠡ ᠬᠤᠷᠠᠯ ᠤᠨ ᠪᠤᠭᠤᠲᠤ ᠬᠤᠲᠠ ᠶᠢᠨ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠭᠡᠰᠢᠭᠦᠨ ᠫᠧᠩ ᠬᠤᠩ ᠯᠢ ᠨᠥᠬᠦᠷ ᠣᠯᠠᠨ ᠳᠤ ︽ᠰᠢᠰᠲ᠋ᠧᠮ ᠲᠠᠢ ᠵᠣᠬᠢᠴᠠᠭᠤᠯᠬᠤ᠂ ᠨᠢᠭᠡᠳᠦᠯᠲᠡᠶ ᠲᠥᠯᠥᠪᠯᠡᠨ ᠠᠬᠢᠭᠤᠯᠬᠤ᠂ ᠰᠠᠶᠢᠨ ᠲᠠᠯ᠎ᠠ ᠪᠠᠨ ᠪᠠᠳᠠᠷᠠᠭᠤᠯᠤᠨ ᠳᠤᠲᠠᠭᠳᠠᠯ ᠢᠶᠠᠨ ᠨᠥᠬᠦᠪᠥᠷᠢᠯᠡᠬᠦ᠂ ᠭᠤᠤᠯᠳᠠᠯᠭ᠎ᠠ ᠪᠠᠨ ᠲᠣᠪᠤᠶᠢᠯᠭᠠᠬᠤ᠂ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠰᠢᠨ᠎ᠡ ᠠᠶᠠᠯᠠᠯ ᠢ ᠡᠬᠢᠯᠡᠭᠦᠯᠦᠶ᠎ᠡ︾ ᠭᠡᠬᠦ ᠲᠤᠰᠬᠠᠶ ᠰᠡᠳᠦᠪᠲᠦ ᠬᠠᠪᠰᠤᠷᠤᠨ ᠵᠢᠯᠣᠭᠤᠳᠬᠤ ᠲᠠᠶᠢᠯᠤᠮᠵᠢ ᠬᠢᠪᠡ᠃ ᠫᠧᠩ ᠫᠷᠣᠫᠧᠰᠰᠤᠷ ᠭᠤᠣᠯᠳᠠᠭᠤ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠪᠠᠷ ᠭᠤᠣᠯᠳᠠᠭᠤᠯᠵᠤ᠂ ᠪᠥᠬᠦᠳᠡ ᠬᠤᠷᠠᠯ ᠤᠨ ᠦᠨᠳᠦᠰᠦᠨ ᠪᠠᠶᠢᠳᠠᠯ᠂ ᠰᠢᠰᠲ᠋ᠧᠮ ᠲᠠᠢ ᠪᠠᠷ ᠤᠬᠠᠭᠠᠯᠠᠵᠤ᠂ ᠨᠢᠭᠡᠳᠦᠯᠲᠡᠶ ᠲᠥᠯᠥᠪᠵᠢᠭᠦᠯᠦᠨ ᠠᠬᠢᠭᠤᠯᠵᠤ᠂ ᠰᠠᠶᠢᠨ ᠲᠠᠯ᠎ᠠ ᠪᠠᠨ ᠪᠠᠳᠠᠷᠠᠭᠤᠯᠤᠨ ᠳᠤᠲᠠᠭᠳᠠᠯ ᠲᠠᠢ ᠲᠠᠯ᠎ᠠ ᠪᠠᠨ ᠨᠥᠬᠦᠪᠥᠷᠢᠯᠡᠵᠦ᠂ ᠭᠤᠣᠯᠳᠠᠯᠭ᠎ᠠ ᠪᠠᠨ ᠳᠣᠪᠤᠶᠢᠯᠭᠠᠬᠤ ᠵᠡᠷᠭᠡ ᠲᠠᠯ᠎ᠠ ᠪᠠᠷ ᠭᠦᠨ ᠭᠦᠨᠵᠡᠭᠡᠶ ᠨᠠᠷᠢᠨ ᠨᠢᠮᠪᠠᠶ ᠲᠠᠶᠢᠯᠤᠮᠵᠢ ᠬᠢᠵᠦ᠂ ᠲᠠᠶᠢᠯᠤᠮᠵᠢ ᠶᠢᠨ ᠠᠭᠤᠯᠭ᠎ᠠ ᠭᠦᠨ ᠭᠦᠨᠵᠡᠭᠡᠶ ᠪᠥᠭᠡᠳ ᠣᠶᠢᠯᠠᠭᠠᠮᠵᠢᠲᠠᠶ ᠪᠠᠶᠢᠵᠤ᠂ ᠣᠨᠣᠯ ᠤᠨ ᠳ᠋ᠦᠩᠨᠡᠯᠲᠡ ᠪᠠᠶᠢᠬᠤ ᠶᠢᠨ ᠬᠠᠮᠲᠤ ᠪᠠᠰᠠ ᠮᠠᠲ᠋ᠧᠷᠢᠶᠠᠯ ᠢ ᠵᠠᠳᠠᠯᠤᠨ ᠰᠢᠨᠵᠢᠯᠡᠵᠦ᠂ ᠳᠦᠷᠰᠦᠯᠢᠭ ᠲᠣᠳᠣᠷᠬᠠᠢᠯᠠᠯᠲᠠ ᠲᠠᠢ᠂ ᠪᠠᠰᠠ ᠪᠣᠳᠠᠲᠤ ᠶᠠᠪᠤᠳᠠᠯ ᠤᠨ ᠦᠨᠳᠦᠰᠦ ᠪᠠᠷᠢᠮᠲᠠ ᠲᠠᠢ ᠪᠠᠶᠢᠵᠤ᠂ ᠦᠨᠳᠦᠰᠦᠨ ᠱᠠᠲᠤ ᠶᠢ ᠬᠠᠪᠰᠤᠷᠤᠨ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ  ᠣᠨᠣᠪᠴᠢᠲᠠᠢ ᠪᠥᠭᠡᠳ ᠪᠦᠷᠢᠨ ᠪᠦᠲᠦᠨ ᠢᠶᠠᠷ ᠰᠤᠷᠤᠯᠴᠠᠨ ᠣᠶᠢᠯᠠᠭᠠᠵᠤ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠳᠤ ᠴᠢᠬᠤᠯᠠ ᠬᠠᠪᠰᠤᠷᠤᠯᠭ᠎ᠠ ᠦᠵᠡᠭᠦᠯᠵᠡᠶ᠃      ᠬᠤᠷᠠᠯ ᠠᠴᠠ ᠱᠠᠭᠠᠷᠳᠠᠭᠰᠠᠨ ᠨᠢ᠂ ᠪᠦᠬᠦ ᠲᠣᠭᠤᠷᠢᠭ ᠤᠨ ᠳᠠᠶᠠᠭᠠᠷ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠪᠥᠬᠦᠳᠡ ᠬᠤᠷᠠᠯ ᠤᠨ ᠵᠣᠷᠢᠭ ᠰᠠᠨᠠᠭ᠎ᠠ ᠳᠡᠭᠡᠷ᠎ᠡ ᠤᠯᠠᠮ ᠨᠢᠭᠡ ᠠᠯᠬᠤᠮ ᠨᠢᠭᠡᠳᠬᠡᠵᠦ᠂ ᠲᠤᠤᠱᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠪᠦᠬᠦ ᠲᠠᠯ᠎ᠠ ᠪᠠᠷ ᠰᠠᠶᠢᠲᠤᠷ ᠠᠳᠬᠤᠬᠤ ᠬᠡᠷᠡᠭᠲᠡᠶ᠃ ᠠᠵᠢᠯ ᠢᠶᠠᠨ ᠠᠬᠢᠭᠤᠯᠬᠤ ᠪᠣᠳᠠᠲᠠᠶ ᠴᠢᠳᠠᠪᠤᠷᠢ ᠪᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠠᠷᠠᠳ ᠲᠦᠮᠡᠨ ᠳᠤ ᠦᠢᠯᠡᠴᠢᠯᠡᠬᠦ ᠬᠢᠷᠢ ᠬᠡᠮᠵᠢᠶ᠎ᠡ ᠪᠠᠨ ᠳᠡᠭᠡᠭᠰᠢᠯᠡᠭᠦᠯᠬᠦ ᠬᠡᠷᠡᠭᠲᠡᠶ᠃ ᠲᠡᠷᠡ ᠶᠣᠰᠣᠭᠠᠷ ᠨᠢ ᠰᠤᠷᠤᠯᠴᠠᠬᠤ᠂ ᠪᠦᠬᠦ ᠲᠠᠯ᠎ᠠ ᠪᠠᠷ ᠰᠢᠰᠲ᠋ᠧᠮ ᠲᠠᠢ ᠰᠤᠷᠤᠯᠴᠠᠬᠤ᠂ ᠭᠦᠨᠵᠡᠭᠡᠶ ᠰᠡᠳᠬᠢᠨ ᠪᠣᠳᠣᠯᠬᠢᠯᠠᠵᠤ᠂ ᠪᠣᠳᠠᠲᠤ  ᠪᠠᠶᠢᠳᠠᠯ ᠲᠠᠢ ᠤᠶᠠᠯᠳᠤᠭᠤᠯᠤᠨ ᠰᠤᠷᠤᠯᠴᠠᠬᠤ ᠶᠢ ᠪᠠᠷᠢᠮᠲᠠᠯᠠᠵᠤ᠂ ᠵᠣᠷᠢᠭ ᠰᠠᠨᠠᠭᠠᠨ ᠤ ᠮᠥᠨ ᠴᠢᠨᠠᠷ ᠢ ᠨᠡᠪᠲᠡᠷᠬᠡᠶ ᠣᠶᠢᠯᠠᠭᠠᠵᠤ᠂ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠢᠷᠡᠭᠡᠳᠦᠢ ᠶᠢᠨ ᠮᠠᠨ ᠤ ᠲᠣᠭᠤᠷᠢᠭ ᠤᠨ ᠬᠥᠭᠵᠢᠯᠲᠡ ᠶᠢᠨ ᠬᠠᠷᠠᠯᠲᠠ ᠶᠢᠨ ᠪᠠᠶᠢᠷᠢ ᠲᠣᠭᠲᠠᠭᠠᠯᠲᠠ ᠪᠠ ᠰᠡᠳᠬᠢᠴᠡ ᠠᠷᠭ᠎ᠠ ᠬᠡᠮᠵᠢᠶ᠎ᠡ ᠳᠤ ᠠᠭᠤᠰᠬᠠᠨ᠎ᠠ᠃ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠶᠢ ᠰᠢ ᠶᠢᠨ ᠫᠢᠩ ᠤᠨ ᠰᠢᠨ᠎ᠡ ᠴᠠᠭ ᠦᠶ ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠶ ᠰᠣᠷᠣᠯᠴᠠᠨ ᠲᠤᠭᠤᠰᠢᠯᠠᠭᠤᠯᠬᠤ ᠯᠤᠭ᠎ᠠ ᠤᠶᠠᠯᠳᠤᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠠᠵᠢᠯ ᠤᠨ ᠲᠤᠬᠠᠶ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠲᠠᠢ ᠤᠶᠠᠯᠳᠤᠭᠤᠯᠤᠨ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠤᠨ ᠪᠦᠲᠦᠭᠡᠬᠦ ᠰᠢᠢᠳᠪᠦᠷᠢᠲᠦ ᠢᠯᠠᠯᠲᠠ ᠣᠯᠬᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠰᠢᠢᠳᠪᠦᠷᠢᠲᠦ ᠳᠠᠶᠢᠯᠠᠯᠳᠤᠭᠠᠨ ᠲᠠᠢ ᠤᠶᠠᠯᠳᠤᠭᠤᠯᠤᠨ᠂ ︽ᠵᠢᠷᠭᠤᠭ᠎ᠠ ᠶᠢ ᠲᠣᠭᠲᠠᠪᠤᠷᠢᠵᠢᠭᠤᠯᠬᠤ︾ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ︽ᠵᠢᠷᠭᠤᠭ᠎ᠠ ᠶᠢ ᠪᠠᠲᠤᠯᠠᠬᠤ︾ ᠡᠭᠦᠷᠭᠡ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠬᠤ ᠲᠠᠢ ᠤᠶᠠᠯᠳᠤᠭᠤᠯᠵᠤ᠂ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠬᠦᠴᠦᠷᠬᠡᠭ ᠶᠡᠭᠡ ᠤᠯᠤᠰ ᠲᠥᠷᠥ ᠶᠢᠨ ᠬᠥᠲᠥᠯᠥᠨ ᠳᠠᠭᠠᠭᠤᠯᠬᠤ ᠬᠦᠴᠦᠨ᠂ ᠣᠶᠤᠨ ᠰᠠᠨᠠᠭᠠᠨ ᠤ ᠨᠢᠭᠲᠠᠷᠠᠯ ᠤᠨ ᠬᠦᠴᠦᠨ᠂ ᠠᠵᠢᠯ ᠤᠨ ᠲᠦᠯᠬᠢᠴᠡ ᠬᠦᠴᠦᠨ ᠪᠣᠯᠭᠠᠨ ᠬᠤᠪᠢᠷᠠᠭᠤᠯᠵᠤ᠂ ᠮᠠᠨ ᠤ  ᠲᠣᠭᠤᠷᠢᠭ ᠤᠨ ᠡᠯ᠎ᠡ ᠵᠦᠢᠯ ᠤᠨ ᠠᠵᠢᠯ ᠦᠢᠯᠡᠰ ᠤᠨ ᠬᠥᠭᠵᠢᠯᠲᠡ ᠶᠢᠨ ᠰᠢᠨ᠎ᠡ ᠪᠠᠶᠢᠳᠠᠯ ᠢ ᠡᠭᠦᠳᠬᠦ ᠳᠤ ᠬᠦᠴᠦᠨ ᠴᠢᠳᠠᠯ ᠢ ᠨᠢᠭᠲᠠᠷᠠᠭᠤᠯᠤᠨ᠎ᠠ᠃      ᠬᠤᠷᠠᠯ ᠳᠤ ᠣᠷᠣᠯᠴᠠᠭᠰᠠᠳ ᠨᠠᠷᠢᠨ ᠬᠢᠨᠠᠮᠠᠭᠠᠶ ᠰᠣᠨᠣᠰᠴᠤ᠂ ᠨᠠᠷᠢᠨ ᠬᠢᠨᠠᠮᠠᠭᠠᠶ ᠲᠡᠮᠳᠡᠭᠯᠡᠵᠦ᠂ ᠡᠨᠡ ᠤᠳᠠᠭᠠᠨ ᠤ ᠤᠬᠠᠭᠤᠯᠤᠨ ᠲᠠᠶᠢᠯᠪᠤᠷᠢᠯᠠᠬᠤ ᠬᠤᠷᠠᠯ ᠨᠢ ᠪᠦᠬᠦ ᠲᠠᠯ᠎ᠠ ᠪᠠᠷ ᠰᠢᠰᠲ᠋ᠧᠮ ᠲᠠᠢ᠂ ᠬᠥᠮᠦᠨ ᠢ ᠵᠣᠷᠢᠭᠵᠢᠭᠤᠯᠤᠨ ᠤᠷᠤᠭᠰᠢᠯᠠᠭᠤᠯᠵᠤ᠂ ᠬᠥᠮᠦᠰ ᠲᠤ ᠭᠦᠨ ᠭᠦᠨᠵᠡᠭᠡᠶ ᠬᠥᠮᠦᠵᠢᠯ ᠰᠡᠩᠬᠡᠷᠡᠭᠦᠯᠦᠯ ᠥᠭᠴᠦ᠂ ᠬᠤᠶᠢᠰᠢᠳᠠ ᠶᠢᠨ ᠠᠵᠢᠯ ᠤᠨ ᠳᠤᠮᠳᠠ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠤᠱᠯᠠᠭᠤᠯᠬᠤ ᠤᠯᠤᠰ ᠲᠦᠷᠦ ᠶᠢᠨ ᠤᠬᠠᠮᠰᠠᠷ᠂ ᠦᠵᠡᠯ ᠰᠠᠨᠠᠭᠠᠨ ᠤ ᠤᠬᠠᠮᠰᠠᠷ ᠪᠠ ᠦᠢᠯᠡ ᠠᠵᠢᠯᠯᠠᠭ᠎ᠠ ᠶᠢᠨ ᠤᠬᠠᠮᠰᠠᠷ ᠢᠶᠠᠨ ᠳᠡᠭᠡᠭᠰᠢᠯᠡᠭᠦᠯᠬᠦ ᠪᠣᠯᠤᠨ᠎ᠠ᠃ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠶᠢ ᠡᠳᠦᠷ ᠲᠤᠲᠤᠮ ᠤᠨ ᠠᠵᠢᠯ ᠲᠠᠢ ᠤᠶᠠᠯᠳᠤᠭᠤᠯᠵᠤ᠂ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠴᠢᠩᠭᠠᠳᠬᠠᠵᠤ᠂ ᠯᠠᠪᠳᠠᠭᠤᠨ ᠪᠠᠲᠤᠲᠠᠢ ᠠᠵᠢᠯᠯᠠᠵᠤ ᠪᠣᠳᠠᠲᠠᠢ ᠠᠵᠢᠯᠯᠠᠯ ᠡᠭᠦᠷᠭᠡᠯᠡᠯ ᠲᠠᠢ ᠪᠠᠶᠢᠵᠤ᠂ ᠠᠷᠠᠳ ᠤᠯᠠᠨ ᠤ ᠵᠣᠯ ᠵᠢᠷᠭᠠᠯᠲᠤ ᠲᠦᠷᠦᠭᠳᠡᠯ ᠪᠠ ᠬᠦᠷᠲᠡᠮᠵᠢ ᠶᠢᠨ ᠲᠥᠷᠥᠭᠳᠡᠯ ᠢ ᠴᠢᠷᠮᠠᠶᠢᠨ ᠳᠡᠭᠡᠭᠰᠢᠯᠡᠭᠦᠯᠦᠨ᠎ᠡ᠃
 
ᠢᠷᠡᠯᠲᠡ᠄ ᠪᠠᠶ᠋ᠬᠠᠣᠪᠤᠭ᠎ᠠ ᠠᠭᠤᠷᠬᠠᠢ ᠶᠢᠨ ᠲᠣᠭᠤᠷᠢᠭ ᠤᠨ ᠵᠠᠰᠠᠭ ᠤᠨ ᠣᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号