ᠲᠤᠭᠤᠷᠢᠭ ᠤᠨ ᠵᠠᠰᠠᠭ ᠤᠨ ᠣᠷᠳᠣᠨ ᠤ ᠠᠯᠪᠠᠨ ᠭᠡᠷ ᠤᠨ ᠪᠠᠶᠢᠭᠤᠯᠭ᠎ᠠ ᠶᠢᠨ ᠨᠠᠮ ᠤᠨ ᠡᠭᠦᠷ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠲᠤᠰᠬᠠᠢ ᠰᠡᠳᠦᠪ ᠢᠶᠠᠷ ᠰᠤᠷᠤᠯᠴᠠᠪᠠ
ᠨᠡᠶᠢᠲᠡᠯᠡᠭᠰᠡᠨ ᠴᠠᠭ᠄
2020/12/11
           ᠣᠶᠢᠷ᠎ᠠ ᠳᠤ᠂ ᠲᠤᠭᠤᠷᠢᠭ ᠤᠨ ᠵᠠᠰᠠᠭ ᠤᠨ ᠣᠷᠳᠣᠨ ᠤ ᠠᠯᠪᠠᠨ ᠬᠡᠷ ᠤᠨ ᠪᠠᠶᠢᠭᠤᠯᠭ᠎ᠠ ᠶᠢᠨ ᠨᠠᠮ ᠤᠨ ᠡᠭᠦᠷ ᠪᠥᠬᠦ ᠨᠠᠮ ᠤᠨ ᠭᠡᠰᠢᠭᠦᠳ ᠤᠨ ᠶᠡᠭᠡ ᠬᠤᠷᠠᠯ ᠬᠤᠷᠠᠯᠳᠤᠭᠤᠯᠵᠤ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠪᠠ᠃      ᠬᠤᠷᠠᠯ ᠳᠡᠭᠡᠷ᠎ᠡ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠥᠬᠦᠳᠡ ᠬᠤᠷᠠᠯ ᠤᠨ ᠠᠯᠪᠠᠨ ᠮᠡᠳᠡᠭᠡ︾᠎ ᠶᠢᠨ ᠵᠣᠷᠢᠭ ᠰᠠᠨᠠᠭ᠎ᠠ ᠵᠢᠴᠢ ︽ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠪᠠ 2035 ᠣᠨ ᠤ ᠠᠯᠤᠰ ᠤᠨ ᠬᠠᠷᠠᠯᠲᠠ ᠶᠢ ᠲᠣᠭᠲᠠᠭᠠᠬᠤ ᠲᠤᠬᠠᠶ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠰᠠᠨᠠᠭᠤᠯᠭ᠎ᠠ︾᠎ ᠶᠢᠨ ᠵᠣᠷᠢᠭ ᠰᠠᠨᠠᠭ᠎ᠠ ᠶᠢ ᠤᠯᠠᠮᠵᠢᠯᠠᠪᠠ᠃      ᠬᠤᠷᠠᠯ ᠤᠨ ᠱᠠᠭᠠᠷᠳᠠᠯᠭ᠎ᠠ ᠠᠴᠠ᠂ ᠤᠯᠤᠰ ᠲᠦᠷᠦ ᠶᠢᠨ ᠵᠣᠭᠰᠣᠴᠠ ᠪᠠᠨ ᠥᠷᠭᠦᠯᠵᠢᠯᠡᠨ ᠳᠡᠭᠡᠭᠰᠢᠯᠡᠭᠦᠯᠬᠦ ᠬᠡᠷᠡᠭᠲᠡᠢ᠃ ᠦᠵᠡᠯ ᠰᠠᠨᠠᠭ᠎ᠠ ᠪᠣᠯᠤᠨ ᠦᠢᠯᠡ ᠠᠵᠢᠯᠯᠠᠭ᠎ᠠ ᠪᠠᠨ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠳᠡᠭᠡᠷ᠎ᠡ ᠨᠢᠭᠡᠳᠬᠡᠵᠦ᠂ ᠪᠥᠬᠦᠳᠡ ᠬᠤᠷᠠᠯ ᠤᠨ ᠰᠢᠢᠳᠪᠤᠷᠢᠳᠤ ᠪᠤᠳᠤᠯᠭ᠎ᠠ ᠪᠠᠶᠢᠷᠢᠯᠠᠭᠤᠯᠤᠯᠲᠠ ᠶᠢ ᠡᠯ᠎ᠡ ᠵᠦᠢᠯ ᠤᠨ ᠠᠵᠢᠯ ᠳᠤ ᠨᠡᠶᠢᠳᠠᠪᠤᠷᠢᠵᠢᠭᠤᠯᠵᠤ᠂ ︽ᠲᠦᠷᠪᠡᠨ ᠤᠬᠠᠮᠰᠠᠷ︾᠎ ᠢᠶᠠᠨ ᠤᠯᠠᠮ ᠨᠢᠭᠡ ᠠᠯᠬᠤᠮ ᠴᠢᠩᠭᠠᠳᠬᠠᠵᠤ᠂ ︽ᠲᠦᠷᠪᠡᠨ ᠢᠲᠡᠭᠡᠯ︾᠎ ᠢᠶᠠᠨ  ᠪᠠᠷᠢᠮᠳᠠᠯᠠᠵᠤ᠂ ︽ᠬᠤᠶᠠᠷ ᠢ ᠬᠠᠮᠠᠭᠠᠯᠠᠬᠤ︾᠎ ᠶᠢ ᠪᠡᠶᠡᠯᠡᠭᠦᠯᠬᠦ ᠬᠡᠷᠡᠭᠲᠡᠶ᠃ ᠠᠯᠪᠠᠨ ᠭᠡᠷ ᠤᠨ ᠶᠡᠷᠦᠩᠬᠡᠶᠢᠯᠡᠨ ᠵᠣᠬᠢᠴᠠᠭᠤᠯᠬᠤ ᠪᠠ ᠠᠵᠢᠯᠯᠠᠭᠠᠨ ᠤ ᠵᠠᠩᠭᠢᠯᠠᠭ᠎ᠠ ᠶᠢᠨ ᠥᠢᠯᠠᠳᠤᠯ ᠢᠶᠠᠨ ᠭᠦᠢᠴᠠᠳ ᠪᠠᠳᠠᠷᠠᠭᠤᠯᠵᠤ᠂ ᠮᠠᠨ ᠤ ᠲᠤᠭᠤᠷᠢᠭ ᠤᠨ ︽ᠠᠷᠪᠠᠨ ᠳᠥᠷᠪᠡᠳᠦᠭᠡᠷ ᠲᠠᠪᠤᠨ ᠵᠢᠯ︾᠎ ᠤᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠪᠠ ᠬᠡᠷᠡᠭᠵᠢᠭᠦᠯᠬᠦ ᠶᠢᠨ ᠥᠢᠯᠡᠴᠢᠯᠡᠭᠡᠨ ᠤ ᠪᠠᠲᠤᠯᠠᠭ᠎ᠠ ᠶᠢ ᠰᠠᠶᠢᠲᠤᠷ ᠬᠢᠬᠦ ᠬᠡᠷᠡᠭᠲᠡᠶ᠃ ᠵᠢᠯ ᠤᠨ ᠡᠬᠢᠨ ᠤ ᠬᠠᠷᠠᠯᠲᠠ ᠡᠭᠦᠷᠭᠡ ᠶᠢᠨ ᠣᠷᠬᠢᠭᠳᠠᠯ ᠢ ᠪᠠᠶᠢᠴᠠᠭᠠᠨ ᠨᠥᠬᠦᠪᠥᠷᠢᠯᠡᠬᠦ᠂ ᠠᠷᠭ᠎ᠠ ᠬᠡᠮᠵᠢᠶ᠎ᠡ ᠨᠡᠮᠡᠬᠦ ᠲᠠᠢ ᠬᠠᠷᠢᠴᠠᠭᠤᠯᠵᠤ᠂ ᠡᠨᠡ ᠵᠢᠯ ᠤᠨ ᠡᠴᠦᠰ ᠤᠨ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ ︽ᠠᠷᠪᠡᠨ ᠭᠤᠷᠪᠠᠳᠤᠭᠠᠷ ᠲᠠᠪᠤᠨ ᠵᠢᠯ ︾᠎ ᠤᠨ ᠲᠦᠯᠤᠪᠵᠢᠭᠦᠯᠭᠡ ᠶᠢᠨ ᠠᠮᠵᠢᠯᠲᠠ ᠲᠠᠢ ᠲᠡᠭᠦᠰᠬᠦ ᠶᠢ ᠪᠠᠲᠤᠯᠠᠬᠤ ᠬᠡᠷᠡᠭᠲᠡᠶ᠃ ᠤᠨᠤᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠭᠤᠤᠯ ᠳᠤᠭᠤᠶᠢᠯᠠᠩ ᠤᠨ ᠰᠤᠷᠤᠯᠴᠠᠯᠭ᠎ᠠ᠂ ︽ᠭᠤᠷᠪᠠᠨ ᠬᠤᠷᠠᠯ ᠨᠢᠭᠡ ᠬᠢᠴᠢᠶᠡᠯ︾ ᠵᠡᠷᠭᠡ ᠬᠡᠯᠪᠡᠷᠢ ᠶᠢ ᠭᠦᠢᠴᠠᠳ ᠠᠰᠢᠭᠯᠠᠨ ᠲᠤᠰᠬᠠᠶ ᠰᠡᠳᠦᠪ᠂ ᠰᠢᠰᠲ᠋ᠧᠮ ᠲᠠᠢ᠂ ᠭᠦᠨᠵᠡᠭᠡᠶ ᠰᠣᠷᠤᠯᠴᠠᠬᠤ ᠬᠡᠷᠡᠭᠲᠡᠶ᠃ ᠳᠠᠠᠭᠠᠭᠤᠯᠵᠤ ᠰᠣᠷᠤᠯᠴᠠᠨ ᠤᠬᠠᠭᠤᠯᠤᠨ ᠲᠠᠶᠢᠯᠪᠤᠷᠢᠯᠠᠬᠤ᠂ ᠶᠠᠷᠢᠯᠴᠠᠨ ᠰᠤᠳᠤᠯᠬᠤ ᠶᠢ ᠨᠢᠭᠡᠳᠦᠯᠲᠡᠢ ᠲᠥᠯᠥᠪᠵᠢᠭᠦᠯᠵᠦ᠂ ᠰᠤᠷᠤᠯᠴᠠᠯᠭ᠎ᠠ ᠶᠢ ᠲᠠᠰᠤᠷᠠᠯᠲᠠ ᠦᠭᠡᠢ ᠭᠦᠨᠵᠡᠭᠡᠢ ᠠᠬᠢᠭᠤᠯᠬᠤ ᠬᠡᠷᠡᠭᠲᠡᠢ᠃
 
ᠢᠷᠡᠯᠲᠡ᠄ ᠪᠠᠶ᠋ᠬᠠᠣᠪᠤᠭ᠎ᠠ ᠠᠭᠤᠷᠬᠠᠢ ᠶᠢᠨ ᠲᠣᠭᠤᠷᠢᠭ ᠤᠨ ᠵᠠᠰᠠᠭ ᠤᠨ ᠣᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号