ᠲᠤᠭᠤᠷᠢᠭ ᠤᠨ ᠵᠠᠬ᠎ᠠ ᠳᠡᠯᠭᠡᠭᠦᠷ ᠤᠨ ᠬᠢᠨᠡᠨ ᠬᠠᠮᠢᠶᠠᠷᠤᠯᠲᠠ ᠶᠢᠨ ᠲᠣᠪᠴᠢᠶ᠎ᠠ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠪᠠ
ᠨᠡᠶᠢᠲᠡᠯᠡᠭᠰᠡᠨ ᠴᠠᠭ᠄
2020/12/14
     12 ᠰᠠᠷ᠎ᠠ ᠶᠢᠨ 9᠎ ᠤ ᠡᠳᠦᠷ ᠤᠨ ᠦᠳᠡ ᠶᠢᠨ ᠬᠤᠶᠢᠨ᠎ᠠ᠂  ᠲᠤᠭᠤᠷᠢᠭ ᠤᠨ ᠵᠠᠬ᠎ᠠ ᠳᠡᠯᠭᠡᠭᠦᠷ ᠤᠨ ᠬᠢᠨᠡᠨ ᠬᠠᠮᠢᠶᠠᠷᠤᠯᠲᠠ ᠶᠢᠨ ᠲᠣᠪᠴᠢᠶ᠎ᠠ ᠨᠠᠮ ᠤᠨ ᠤᠳᠤᠷᠢᠳᠬᠤ ᠳᠤᠭᠤᠶᠢᠯᠠᠩ ᠤᠨ ᠥᠷᠭᠡᠳᠬᠡᠭᠰᠡᠨ ᠬᠤᠷᠠᠯ ᠬᠤᠷᠠᠯᠳᠤᠭᠤᠯᠵᠤ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ ᠲᠤᠭᠤᠰᠢᠯᠠᠭᠤᠯᠪᠠ᠃ ᠬᠤᠷᠠᠯ ᠳᠡᠭᠡᠷ᠎ᠡ᠂ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠢᠦᠢ ᠶᠦᠩ ᠰᠢᠨ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠦᠬᠦᠳᠡ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠤᠷᠢᠭ ᠰᠠᠨᠠᠭ᠎ᠠ᠂ ᠪᠦᠬᠦᠳᠡ ᠬᠤᠷᠠᠯ ᠠᠴᠠ ᠬᠢᠨᠠᠨ ᠵᠥᠪᠯᠡᠵᠦ ᠪᠠᠲᠤᠯᠠᠭᠰᠠᠨ ︽ᠠᠷᠪᠠᠨ ᠳᠥᠷᠪᠡᠳᠦᠭᠡᠷ ᠲᠠᠪᠤᠨ ᠵᠢᠯ︾᠎ ᠤᠨ ᠲᠥᠯᠥᠪᠵᠢᠭᠦᠯᠭᠡ ︽ᠰᠠᠨᠠᠭᠤᠯᠭ᠎ᠠ︾᠎ ᠪᠠᠷ ᠭᠤᠣᠯᠳᠠᠭᠤᠯᠵᠤ᠂ ᠪᠦᠬᠦᠳᠡ ᠬᠤᠷᠠᠯ ᠤᠨ ᠴᠢᠬᠤᠯᠠ ᠠᠴᠢ ᠬᠤᠯᠪᠣᠭᠳᠠᠯ᠂ ᠶᠠᠷᠤᠩᠬᠡᠢ ᠱᠠᠭᠠᠷᠳᠠᠯᠭ᠎ᠠ᠂ ᠬᠠᠷᠠᠯᠲᠠ ᠡᠭᠦᠷᠭᠡ ᠪᠠ ᠦᠢᠯᠡᠳᠦᠯᠭᠡ ᠶᠢᠨ ᠱᠠᠭᠠᠷᠳᠠᠯᠭ᠎ᠠ ᠵᠡᠷᠭᠡ ᠳᠤ ᠳᠠᠭᠠᠭᠤᠯᠤᠨ ᠰᠤᠷᠤᠯᠴᠠᠵᠤ ᠭᠦᠨᠵᠡᠭᠡᠢ ᠲᠠᠶᠢᠯᠤᠮᠵᠢ ᠬᠢᠵᠤ᠂ ᠡᠭᠦᠨ ᠤ ᠬᠠᠮᠳᠤ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠠᠵᠢᠯ ᠤᠨ ᠲᠤᠬᠠᠢ ᠪᠣᠳᠠᠲᠠᠢ ᠰᠠᠨᠠᠯ ᠳᠤᠷᠠᠳᠪᠠ᠃      ᠬᠤᠷᠠᠯ ᠠᠴᠠ ᠱᠠᠭᠠᠷᠳᠠᠭᠰᠠᠨ ᠨᠢ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠭᠤᠰᠢᠯᠠᠭᠤᠯᠵᠠᠶ᠂ ᠵᠠᠩᠭᠢᠯᠠᠭ᠎ᠠ ᠨᠢ ᠠᠵᠢᠯᠯᠠᠭ᠎ᠠ ᠬᠢᠬᠦ ᠳᠤ ᠪᠠᠶᠢᠵᠤ᠂ ᠡᠴᠦᠰ ᠰᠡᠭᠦᠯ ᠳᠡᠭᠡᠨ ᠦᠨᠡᠨ ᠪᠣᠳᠠᠲᠠᠢ ᠠᠵᠢᠯᠯᠠᠬᠤ ᠲᠡᠭᠡᠷ᠎ᠡ ᠨᠠᠶᠢᠳᠠᠪᠤᠷᠢᠵᠢᠭᠤᠯᠬᠤ ᠬᠡᠷᠡᠭᠲᠡᠢ᠃ ᠵᠠᠬ᠎ᠠ ᠳᠡᠯᠭᠡᠭᠦᠷ ᠤᠨ ᠬᠢᠨᠡᠨ ᠬᠠᠮᠢᠶᠠᠷᠤᠯᠲᠠ ᠶᠢᠨ ᠰᠠᠯᠠᠭ᠎ᠠ ᠮᠥᠴᠢᠷ ᠪᠣᠯᠤᠭᠰᠠᠨ ᠤ ᠬᠤᠪᠢ ᠳᠤ᠂ ᠭᠤᠤᠯ ᠬᠠᠷᠢᠭᠤᠴᠠᠯᠭ᠎ᠠ ᠳᠤ ᠠᠩᠬᠠᠷᠤᠯ ᠢᠶᠠᠨ ᠲᠦᠪᠯᠡᠷᠡᠭᠦᠯᠤᠨ᠂ ᠡᠭᠦᠷᠭᠡ ᠬᠠᠷᠢᠭᠤᠴᠠᠯᠭ᠎ᠠ ᠪᠠᠨ ᠭᠦᠢᠴᠠᠳᠭᠡᠵᠤ᠂ ᠲᠣᠰ ᠪᠡᠶ᠎ᠡ ᠶᠢᠨ ᠳᠠᠪᠠᠭᠤᠯᠢᠭ ᠢᠶᠠᠨ ᠪᠠᠳᠠᠷᠠᠭᠤᠯᠤᠨ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠶᠢ ᠠᠵᠢᠯ ᠤᠨ ᠪᠤᠳᠠᠳᠡᠢ ᠥᠢᠯᠡᠳᠤᠯᠭᠡ ᠶᠢᠨ ᠳᠤᠮᠳᠠ ᠨᠡᠶᠢᠳᠠᠪᠤᠷᠢᠵᠢᠭᠤᠯᠵᠤ᠂ ᠭᠤᠣᠯ ᠰᠡᠳᠦᠪ ᠢᠶᠠᠨ ᠴᠢᠩᠭ᠎ᠠ ᠠᠳᠬᠤᠨ᠂ ︽ᠲᠣᠮᠣ ᠵᠠᠬ᠎ᠠ ᠳᠡᠯᠭᠡᠭᠦᠷ᠂ ᠶᠡᠭᠡ ᠶᠠᠰᠤ ᠴᠢᠨᠠᠷ᠂ ᠶᠡᠭᠡ ᠬᠢᠨᠡᠨ ᠬᠠᠮᠢᠶᠠᠷᠤᠯᠲᠠ︾᠎ ᠶᠢᠨ ᠣᠨᠣᠯᠵᠢᠬᠤᠨ ᠢ ᠪᠤᠢ ᠪᠣᠯᠭᠠᠵᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ᠂ ᠬᠠᠷᠠᠯᠲᠠ ᠪᠠᠷ ᠤᠳᠤᠷᠢᠳᠤᠮᠵᠢ ᠪᠣᠯᠭᠠᠬᠤ᠂ ᠦᠷ᠎ᠡ ᠳ᠋ᠦᠩ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠵᠦ᠂ ᠬᠢᠨᠡᠨ ᠬᠠᠮᠢᠶᠠᠷᠤᠯᠲᠠ ᠶᠢᠨ ᠠᠷᠭ᠎ᠠ ᠮᠠᠶ᠋ᠢᠭ ᠢᠶᠠᠷ ᠰᠢᠨ᠎ᠡ ᠶᠢ ᠡᠭᠦᠳᠴᠦ᠂ ᠵᠠᠬ᠎ᠠ ᠳᠡᠯᠭᠡᠭᠦᠷ ᠤᠨ ᠠᠮᠢᠵᠢᠷᠠᠯ ᠤᠨ ᠬᠦᠴᠦᠨ ᠢ ᠬᠦᠴᠦᠯᠡᠨ ᠬᠥᠭᠵᠢᠭᠡᠵᠦ᠂ ᠡᠷᠬᠡ ᠲᠡᠭᠰᠢ ᠪᠠᠷ ᠥᠷᠢᠰᠤᠯᠳᠤᠬᠦ ᠵᠠᠬ᠎ᠠ ᠳᠡᠯᠭᠡᠭᠦᠷ ᠤᠨ ᠣᠷᠴᠢᠨ ᠲᠣᠭᠤᠷᠢᠨ ᠢ ᠪᠣᠶ ᠪᠣᠯᠭᠠᠨ᠎ᠠ᠃ ᠶᠠᠰᠤ ᠴᠢᠨᠠᠷ ᠤᠨ ᠪᠠᠷᠢᠮᠵᠢᠶ᠎ᠠ ᠶᠢ ᠴᠢᠩᠭᠠᠷᠠᠭᠤᠯᠵᠤ᠂ ᠬᠠᠷᠢᠭᠤᠴᠠᠯᠭ᠎ᠠ ᠨᠡᠶᠢᠳᠠᠪᠤᠷᠢᠵᠢᠭᠤᠯᠬᠤ ᠶᠢ ᠴᠢᠩᠭᠠᠳᠬᠠᠨ᠎ᠠ᠂ ᠬᠢᠨᠡᠨ ᠬᠠᠮᠢᠶᠠᠷᠤᠯᠲᠠ ᠶᠢᠨ ᠥᠢᠯᠡᠳᠤᠯ ᠴᠢᠳᠠᠪᠤᠷᠢ ᠪᠠ ᠬᠢᠷᠢ ᠲᠦᠪᠰᠢᠨ ᠢᠶᠠᠨ ᠪᠥᠬᠦ ᠲᠠᠯ᠎ᠠ ᠪᠠᠷ ᠳᠡᠭᠡᠰᠢᠯᠡᠭᠦᠯᠤᠨ᠎ᠡ᠃ ︽ᠵᠢᠷᠭᠤᠭ᠎ᠠ ᠶᠢ ᠲᠣᠭᠲᠠᠭᠤᠨ ᠪᠠᠶᠢᠯᠭᠠᠬᠤ︾ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ︽ᠵᠢᠷᠭᠤᠭ᠎ᠠ ᠶᠢ ᠪᠠᠲᠤᠯᠠᠬᠤ︾ ᠡᠭᠦᠷᠭᠡ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠮᠠᠨ ᠤ ᠲᠤᠭᠤᠷᠢᠭ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠳᠤ ᠬᠤᠪᠢ ᠨᠡᠮᠡᠷᠢ ᠦᠵᠡᠭᠦᠯᠦᠨ᠎ᠡ᠃    
 
ᠢᠷᠡᠯᠲᠡ᠄ ᠪᠠᠶ᠋ᠬᠠᠣᠪᠤᠭ᠎ᠠ ᠠᠭᠤᠷᠬᠠᠢ ᠶᠢᠨ ᠲᠣᠭᠤᠷᠢᠭ ᠤᠨ ᠵᠠᠰᠠᠭ ᠤᠨ ᠣᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号