ᠲᠣᠭᠤᠷᠢᠭ ᠤᠨ ᠨᠠᠮ ᠤᠨ ᠬᠤᠷᠢᠶᠠᠨ ᠤ ᠱᠦᠵᠢ ᠵᠠᠩ ᠶᠦᠩ ᠳ᠋ᠦᠩ ᠰᠢᠨᠵᠢᠯᠡᠨ ᠪᠠᠶᠢᠴᠠᠭᠠᠬᠤ ᠪᠦᠯᠬᠦᠮ ᠢ ᠳᠠᠭᠠᠭᠤᠯᠤᠨ ᠱᠠᠨᠳᠦ᠋ᠩ ᠮᠤᠵᠢ ᠶᠢᠨ ᠯᠠᠶ ᠶᠠᠩ ᠬᠤᠲᠠ ᠳᠤ ᠰᠢᠨᠵᠢᠯᠡᠨ ᠪᠠᠶᠢᠴᠠᠭᠠᠵᠤ ᠰᠤᠷᠤᠯᠴᠠᠪᠠ
ᠨᠡᠶᠢᠲᠡᠯᠡᠭᠰᠡᠨ ᠴᠠᠭ᠄
2020/12/9
     ᠣᠶᠢᠷ᠎ᠠ ᠳᠤ᠂  ᠲᠣᠭᠤᠷᠢᠭ ᠤᠨ ᠨᠠᠮ ᠤᠨ ᠬᠤᠷᠢᠶᠠᠨ ᠤ ᠱᠦᠵᠢ ᠵᠠᠩ ᠶᠦᠩ ᠳ᠋ᠦᠩ ᠰᠢᠨᠵᠢᠯᠡᠨ ᠪᠠᠶᠢᠴᠠᠭᠠᠬᠤ ᠪᠦᠯᠬᠦᠮ ᠢᠶᠠᠨ ᠳᠠᠭᠠᠭᠤᠯᠤᠨ ᠱᠠᠨᠳᠦ᠋ᠩ ᠮᠤᠵᠢ ᠶᠢᠨ ᠯᠠᠶ ᠶᠠᠩ ᠬᠤᠲᠠ ᠳᠤ ᠬᠦᠷᠴᠦ ᠲᠣᠭᠤᠷᠢᠨ ᠦᠵᠡᠵᠦ ᠰᠢᠨᠵᠢᠯᠡᠨ ᠪᠠᠶᠢᠴᠠᠭᠠᠪᠠ᠃ ᠲᠣᠭᠤᠷᠢᠭ ᠤᠨ ᠤᠳᠤᠷᠢᠳᠤᠯᠭ᠎ᠠ ᠶᠠᠩ ᠵᠢᠶᠠᠨ ᠹᠧᠩ᠂ ᠲᠣᠭᠤᠷᠢᠭ ᠤᠨ ᠵᠠᠰᠠᠭ ᠤᠨ ᠣᠷᠳᠣᠨ ᠤ ᠲᠤᠰᠬᠠᠢ ᠮᠡᠷᠭᠡᠵᠢᠯᠲᠡᠨ ᠸᠠᠩ ᠴᠢᠶᠠᠩ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠪᠠᠷ᠎ᠠ ᠪᠣᠯᠪᠠ᠃      ᠵᠠᠩ ᠶᠦᠩ ᠳ᠋ᠦᠩ ᠨᠡᠷ ᠯᠠᠶ ᠶᠠᠩ ᠬᠤᠲᠠ ᠶᠢᠨ ᠵᠢᠶᠠᠩ ᠲᠤᠤ ᠪᠠᠯᠭᠠᠰᠤᠨ ᠤ ᠽᠢ ᠲᠣᠰᠬᠤᠨ ᠪᠣᠯᠤᠨ ᠾᠧᠩ ᠳ᠋ᠡ ᠱᠢ ᠶᠢᠨ ᠰᠣᠶᠣᠯ ᠤᠨ ᠬᠤᠲᠠ᠂ ᠱᠠᠨ ᠴᠢ ᠠᠵᠤ ᠦᠢᠯᠡᠰ ᠤᠨ ᠬᠦᠷᠢᠶᠡᠯᠡᠩ᠂ ᠬᠠᠶ ᠡᠯ ᠣᠶᠤᠨᠴᠢ ᠲᠣᠭᠤᠭᠠᠨ ᠭᠡᠷ ᠴᠠᠬᠢᠯᠭᠠᠨ ᠬᠡᠷᠡᠭᠰᠡᠯ ᠤᠨ ᠠᠵᠤ ᠦᠢᠯᠡᠰ ᠤᠨ ᠬᠦᠷᠢᠶᠡᠯᠡᠩ᠂ ᠱᠠᠨᠳᠦ᠋ᠩ ᠤᠨ ᠱᠧᠩ ᠬᠤᠸᠠ ᠰᠢᠨᠵᠢᠯᠡᠭᠡ ᠮᠡᠷᠭᠡᠵᠢᠯ ᠤᠨ ᠦᠢᠯᠡᠰ ᠪᠣᠰᠬᠠᠬᠤ ᠬᠦᠷᠢᠶᠡᠯᠡᠩ᠂ ᠶᠠᠨ ᠲᠠᠢ ᠵᠦᠩ ᠷᠦᠢ ᠬᠢᠮᠢ ᠶᠢᠨ ᠠᠵᠤ ᠦᠢᠯᠡᠳᠪᠦᠷᠢ ᠶᠢᠨ ᠬᠢᠵᠠᠭᠠᠷᠲᠤ ᠺᠣᠮᠫᠠᠨᠢ ᠵᠡᠷᠭᠡ ᠬᠡᠰᠡᠭ ᠭᠤᠤᠯᠳᠠᠯᠭ᠎ᠠ ᠲᠠᠢ ᠠᠵᠤ ᠠᠬᠤᠶᠢᠯᠠᠯ ᠤᠨ ᠲᠥᠷᠥᠯ ᠵᠦᠢᠯ ᠢ ᠲᠣᠭᠤᠷᠢᠨ ᠦᠵᠡᠵᠡᠶ᠃ ᠬᠦᠷᠦᠭᠰᠡᠨ ᠭᠠᠵᠠᠷ ᠪᠣᠯᠭᠠᠨ ᠳᠤ ᠴᠥᠮ ᠬᠠᠮᠢᠶ᠎ᠠ ᠪᠥᠬᠦᠶ ᠪᠠᠶᠢᠳᠠᠯ ᠤᠨ ᠲᠠᠨᠢᠯᠴᠠᠭᠤᠯᠭ᠎ᠠ ᠶᠢ ᠨᠠᠷᠢᠨ ᠬᠢᠨᠠᠮᠠᠭᠠᠶ ᠰᠣᠨᠣᠰᠴᠤ᠂ ᠯᠠᠶ ᠶᠠᠩ ᠬᠤᠲᠠ ᠶᠢᠨ ︽ᠬᠤᠶᠠᠷ ᠢ ᠡᠯᠰᠡᠵᠦ ᠬᠤᠶᠠᠷ ᠢ ᠣᠷᠣᠭᠤᠯᠬᠤ︾᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠵᠡᠷᠭᠡ ᠠᠵᠢᠯ ᠤᠨ ᠠᠷᠭ᠎ᠠ ᠬᠡᠮᠵᠢᠶ᠎ᠡ ᠪᠠ ᠲᠤᠷᠰᠢᠯᠭ᠎ᠠ ᠠᠷᠭ᠎ᠠ ᠬᠢᠳᠡᠯ ᠢ ᠨᠠᠷᠢᠨ ᠣᠶᠢᠯᠠᠭᠠᠪᠠ᠃      ᠵᠠᠩ ᠶᠦᠩ ᠳ᠋ᠦᠩ ᠯᠠᠶ ᠶᠠᠩ ᠬᠤᠲᠠ ᠶᠢᠨ ᠣᠶᠢᠷ᠎ᠠ ᠶᠢᠨ ᠵᠢᠯ ᠤᠨ ᠲᠤᠷᠰᠢᠬᠢ ᠠᠵᠤ ᠠᠬᠤᠶ ᠨᠡᠶᠢᠭᠡᠮ ᠤᠨ ᠥᠷᠨᠢᠭᠦᠨ ᠬᠥᠭᠵᠢᠯᠲᠡ ᠶᠢᠨ ᠰᠠᠶᠢᠨ ᠪᠠᠶᠢᠳᠠᠯ ᠪᠣᠯᠤᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ᠂ ᠠᠵᠤ ᠦᠢᠯᠡᠰ ᠤᠨ ᠪᠤᠶᠢᠵᠢᠯᠲᠠ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠡᠷᠭᠡ ᠲᠠᠯ᠎ᠠ ᠪᠠᠷ ᠣᠯᠤᠭᠰᠠᠨ ᠡᠯᠪᠡᠭ ᠠᠮᠵᠢᠯᠲᠠ ᠶᠢ ᠥᠨᠳᠥᠷ ᠦᠨᠡᠯᠡᠵᠡᠶ᠃ ᠡᠳᠡᠭᠡᠷ ᠨᠡᠶᠢᠲᠡᠯᠢᠭ ᠠᠷᠭ᠎ᠠ ᠪᠠ ᠲᠤᠷᠰᠢᠯᠭ᠎ᠠ ᠶᠢ ᠰᠤᠷᠤᠯᠴᠠᠨ ᠲᠣᠯᠢᠳᠠᠵᠤ ᠪᠣᠯᠤᠨ᠎ᠠ ᠭᠡᠵᠦ ᠦᠵᠡᠵᠦ ᠪᠠᠶᠢᠨ᠎ᠠ᠃      ᠵᠠᠩ ᠶᠦᠩ ᠳ᠋ᠦᠩ ᠬᠡᠯᠡᠬᠦ ᠳᠡᠭᠡᠨ᠂ ᠡᠨᠡ ᠤᠳᠠᠭᠠᠨ ᠤ ᠪᠠᠶᠢᠴᠠᠭᠠᠯᠲᠠ ᠪᠠᠷ ᠲᠣᠬᠢᠶᠠᠯ ᠪᠣᠯᠭᠠᠵᠤ᠂ ᠬᠤᠶᠠᠷ ᠭᠠᠵᠠᠷ ᠤᠨ ᠨᠡᠪᠲᠡᠷᠡᠯᠴᠡᠭᠡ ᠰᠣᠯᠢᠯᠴᠠᠭ᠎ᠠ ᠪᠠᠨ ᠤᠯᠠᠮ ᠴᠢᠩᠭᠠᠳᠬᠠᠵᠤ᠂ ᠵᠣᠯᠭᠠᠯᠴᠠᠭ᠎ᠠ ᠬᠠᠮᠵᠢᠯᠴᠠᠭ᠎ᠠ ᠪᠠᠨ ᠭᠦᠨᠵᠡᠭᠡᠶᠢᠷᠡᠭᠦᠯᠵᠡᠶ᠃ ᠬᠠᠷᠢᠯᠴᠠᠨ ᠰᠠᠶᠢᠨ ᠲᠤᠷᠰᠢᠯᠭ᠎ᠠ ᠰᠠᠶᠢᠨ ᠬᠢᠳᠡᠯ ᠢᠶᠠᠷ ᠲᠤᠯᠢ ᠪᠣᠯᠭᠠᠵᠤ᠂ ᠬᠤᠶᠠᠷ ᠭᠠᠵᠠᠷ ᠤᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠪᠠᠶᠢᠳᠠᠯ ᠢ ᠭᠠᠷ ᠬᠤᠯᠪᠣᠨ ᠡᠭᠦᠳᠬᠦ  ᠪᠠᠷ ᠴᠢᠷᠮᠠᠶᠢᠨ᠎ᠠ᠃
 
ᠢᠷᠡᠯᠲᠡ᠄ ᠪᠠᠶ᠋ᠬᠠᠣᠪᠤᠭ᠎ᠠ ᠠᠭᠤᠷᠬᠠᠢ ᠶᠢᠨ ᠲᠣᠭᠤᠷᠢᠭ ᠤᠨ ᠵᠠᠰᠠᠭ ᠤᠨ ᠣᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号