ᠪᠠᠶ᠋ᠬᠠᠣᠪᠤᠭ᠎ᠠ ᠠᠭᠤᠷᠬᠠᠢ ᠶᠢᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ 2019 ᠣᠨ ᠤ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ | ᠪᠣᠯᠭᠠᠬᠤ ᠠᠵᠢᠯ ᠤᠨ ᠣᠨ ᠤ ᠮᠡᠳᠡᠭᠦᠯᠦᠯᠲᠡ | ᠨᠢᠭᠡ᠂ ᠶᠡᠷᠦᠩᠬᠡᠶ ᠪᠠᠶᠢᠳᠠᠯ | ᠲᠣᠰ ᠣᠨ ᠤ ᠮᠡᠳᠡᠭᠦᠯᠦᠯᠲᠡ ᠪᠣᠯ《ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ | ᠪᠣᠯᠭᠠᠬᠤ ᠲᠦᠷᠢᠮ》︵ᠳᠣᠷᠣᠭᠰᠢ《ᠲᠦᠷᠢᠮ》ᠭᠡᠵᠦ ᠲᠣᠪᠴᠢᠯᠠᠨ᠎ᠠ︶ ᠤᠨ ᠬᠠᠮᠤᠭ ᠰᠢᠨ᠎ᠡ ᠱᠠᠭᠠᠷᠳᠠᠯᠭ᠎ᠠ ᠪᠠ ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ᠂ ᠪᠤᠭᠤᠲᠤ ᠬᠤᠲᠠ ᠶᠢᠨ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠣᠨ ᠤ ᠮᠡᠳᠡᠭᠦᠯᠦᠯᠲᠡ ᠶᠢᠨ ᠬᠠᠮᠢᠶ᠎ᠠ ᠪᠥᠬᠦᠶ ᠱᠠᠭᠠᠷᠳᠠᠯᠭ᠎ᠠ | ᠶᠣᠰᠣᠭᠠᠷ᠂ ᠪᠥᠬᠦ ᠲᠣᠭᠤᠷᠢᠭ ᠤᠨ ᠰᠠᠯᠠᠭ᠎ᠠ ᠮᠥᠴᠢᠷ ᠪᠠ ᠨᠢᠭᠡᠴᠡ ᠶᠢᠨ 2019 ᠣᠨ ᠤ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ | ᠠᠵᠢᠯ ᠤᠨ ᠮᠡᠳᠡᠭᠦᠯᠦᠯᠲᠡ ᠶᠢ ᠶᠡᠷᠦᠩᠬᠡᠶᠢᠯᠡᠨ ᠵᠠᠳᠠᠯᠤᠭᠰᠠᠨ ᠰᠠᠭᠤᠷᠢᠨ ᠳᠡᠭᠡᠷ᠎ᠡ ᠨᠠᠶᠢᠷᠠᠭᠤᠯᠤᠨ ᠵᠣᠬᠢᠶᠠᠵᠤ᠂ ᠪᠥᠬᠦ ᠠᠭᠤᠯᠭ᠎ᠠ ᠳᠤ ᠲᠣᠶᠢᠮᠣᠴᠢᠯᠠᠯ᠂ ᠵᠠᠰᠠᠭ | ᠤᠨ ᠣᠷᠳᠣᠨ ᠤ ᠮᠡᠳᠡᠭᠡ ᠵᠠᠩᠭᠢ ᠶᠢ ᠰᠠᠨᠠᠭᠠᠴᠢᠯᠠᠭ᠎ᠠ ᠠᠴᠠ ᠪᠠᠨ ᠢᠯᠡ ᠪᠣᠯᠭᠠᠭᠰᠠᠨ ᠪᠠᠶᠢᠳᠠᠯ᠂ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ | ᠭᠤᠶᠤᠴᠢᠯᠠᠯ ᠢ ᠭᠥᠯᠢᠶᠡᠨ ᠠᠪᠤᠭᠰᠠᠨ ᠪᠠ ᠰᠢᠶᠳᠪᠦᠷᠢᠯᠡᠭᠰᠡᠨ ᠪᠠᠶᠢᠳᠠᠯ᠂ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠵᠠᠰᠠᠭ ᠵᠠᠬᠢᠷᠭᠠᠨ ᠤ | ᠳᠠᠬᠢᠨ ᠵᠥᠪᠯᠡᠬᠦ᠂ ᠵᠠᠰᠠᠭ ᠵᠠᠬᠢᠷᠭᠠᠨ ᠤ ᠵᠠᠷᠭᠤ ᠶᠢᠨ ᠪᠠᠶᠢᠳᠠᠯ᠂ ᠠᠵᠢᠯ ᠤᠨ ᠳᠤᠮᠳᠠ ᠣᠷᠣᠰᠢᠵᠤ ᠪᠠᠶᠢᠭ᠎ᠠ ᠭᠤᠤᠯ ᠠᠰᠠᠭᠤᠳᠠᠯ ᠪᠠ ᠬᠠᠯᠠᠨ ᠰᠠᠶᠢᠵᠢᠷᠠᠭᠤᠯᠬᠤ | ᠠᠷᠭ᠎ᠠ ᠬᠡᠮᠵᠢᠶ᠎ᠡ ᠵᠡᠷᠭᠡ ᠪᠠᠭᠲᠠᠨ᠎ᠠ᠃ ᠲᠣᠰ ᠮᠡᠳᠡᠭᠦᠯᠦᠯᠲᠡ ᠶᠢᠨ ᠡᠯᠧᠺᠲᠷᠣᠨ ᠬᠡᠪᠯᠡᠯ ᠢ ᠪᠠᠶ᠋ᠬᠠᠣᠪᠤᠭ᠎ᠠ ᠠᠭᠤᠷᠬᠠᠢ ᠶᠢᠨ ᠲᠣᠭᠤᠷᠢᠭ ᠤᠨ ᠠᠷᠠᠳ ᠤᠨ | ᠵᠠᠰᠠᠭ ᠤᠨ ᠣᠷᠳᠣᠨ ᠰᠦᠯᠵᠢᠶ᠎ᠡ ︵www.byeb.gov.cn︶ ᠶᠢᠨ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠣᠨ ᠤ | ᠮᠡᠳᠡᠭᠦᠯᠦᠯᠲᠡ ᠶᠢᠨ ᠪᠤᠯᠤᠩ ᠠᠴᠠ ᠪᠠᠭᠤᠯᠭᠠᠵᠤ ᠠᠪᠴᠤ ᠪᠣᠯᠤᠨ᠎ᠠ᠃ ᠬᠡᠷᠪᠡ ᠲᠣᠰ ᠣᠨ ᠤ ᠮᠡᠳᠡᠭᠦᠯᠦᠯᠲᠡ ᠳᠤ ᠶᠠᠮᠠᠷᠪᠠ ᠮᠠᠳᠠᠭ ᠲᠠᠢ ᠪᠣᠯ ᠪᠤᠭᠤᠲᠤ ᠬᠤᠲᠠ | ᠶᠢᠨ ᠪᠠᠶ᠋ᠬᠠᠣᠪᠤᠭ᠎ᠠ ᠠᠭᠤᠷᠬᠠᠶ ᠶᠢᠨ ᠲᠣᠭᠤᠷᠢᠭ ᠤᠨ ᠠᠷᠠᠳ ᠤᠨ ᠵᠠᠰᠠᠭ ᠤ ᠣᠷᠳᠣᠨ ᠤ ᠠᠯᠪᠠᠨ ᠭᠡᠷ ᠲᠠᠢ ᠬᠠᠷᠢᠯᠴᠠᠭᠠᠷᠠᠶ᠃ | ᠬᠠᠷᠢᠯᠴᠠᠬᠤ ᠬᠡᠯᠪᠡᠷᠢ᠄ | ᠬᠠᠶ᠋ᠢᠭ᠄ ᠪᠠᠶ᠋ᠬᠠᠣᠪᠤᠭ᠎ᠠ ᠠᠭᠤᠷᠬᠠᠶ ᠶᠢᠨ ᠲᠣᠭᠤᠷᠢᠭ ᠤᠨ ᠵᠠᠰᠠᠭ ᠤᠨ ᠣᠷᠳᠣᠨ ᠤ 211 ᠥᠷᠥᠭᠡ | ᠤᠲᠠᠰᠤ᠄ 0472 — 8517617 | ᠹᠠᠺᠰ᠄ 0472 — 8517617 | 2019 ᠣᠨ ᠳᠤ᠂ ᠮᠠᠨ ᠤ ᠲᠣᠭᠤᠷᠢᠭ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠤ ᠨᠢᠭᠡᠳᠦᠯᠲᠡᠶ ᠪᠠᠶᠢᠷᠢᠯᠠᠭᠤᠯᠤᠯᠲᠠ | ᠶᠢ ᠦᠨᠳᠦᠰᠦᠯᠡᠨ᠂ ᠲᠣᠭᠤᠷᠢᠭ ᠤᠨ ᠨᠠᠮ ᠤᠨ ᠬᠤᠷᠢᠶ᠎ᠠ᠂ ᠲᠣᠭᠤᠷᠢᠭ ᠤᠨ ᠵᠠᠰᠠᠭ ᠤᠨ ᠣᠷᠳᠣᠨ ᠤ ᠭᠤᠤᠯ ᠠᠵᠢᠯ ᠲᠠᠢ ᠤᠶᠠᠯᠳᠤᠭᠤᠯᠤᠨ᠂ ᠬᠤᠲᠠ ᠶᠢᠨ | ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠲᠣᠪᠴᠢᠶ᠎ᠠ ᠶᠢᠨ ᠵᠠᠰᠠᠭ ᠤᠨ ᠶᠠᠪᠤᠳᠠᠯ ᠢ ᠢᠯᠡ ᠪᠣᠯᠭᠠᠬᠤ ᠰᠠᠯᠠᠭᠠᠨ ᠤ ᠵᠢᠯᠣᠭᠤᠳᠣᠯᠭ᠎ᠠ ᠳᠣᠤᠷ᠎ᠠ᠂《ᠢᠯᠡ | ᠪᠣᠯᠭᠠᠬᠤ ᠪᠠᠷ ᠬᠡᠪ ᠤᠨ ᠪᠠᠶᠢᠳᠠᠯ ᠪᠣᠯᠭᠠᠵᠤ᠂ ᠢᠯᠡ ᠪᠣᠯᠭᠠᠬᠤ ᠥᠬᠡᠶ ᠪᠠᠷ ᠣᠨᠴᠠᠭᠠᠶ ᠵᠦᠶᠯ ᠪᠣᠯᠭᠠᠬᠤ》ᠵᠠᠷᠴᠢᠮ ᠶᠣᠰᠣᠭᠠᠷ᠂ ᠲᠥᠷᠥ ᠶᠢᠨ ᠶᠠᠪᠤᠳᠠᠯ ᠤᠨ | ᠬᠤᠷᠢᠶ᠎ᠠ᠂ ᠥᠪᠡᠷᠲᠡᠭᠡᠨ ᠵᠠᠰᠠᠬᠤ ᠣᠷᠣᠨ᠂ ᠬᠤᠲᠠ ᠶᠢᠨ ᠵᠠᠰᠠᠭ ᠤᠨ ᠣᠷᠳᠣᠨ ᠤ ᠰᠢᠷᠢᠰ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠬᠢᠨᠠᠮᠠᠭᠠᠶ | ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂《ᠪᠠᠶ᠋ᠬᠠᠣᠪᠤᠭ᠎ᠠ ᠠᠭᠤᠷᠬᠠᠢ ᠶᠢᠨ ᠲᠣᠭᠤᠷᠢᠭ ᠤᠨ 2019 ᠣᠨ ᠤ ᠵᠠᠰᠠᠭ ᠤᠨ ᠶᠠᠪᠤᠳᠠᠯ ᠢ ᠢᠯᠡ ᠪᠣᠯᠭᠠᠬᠤ | ᠠᠵᠢᠯ ᠤᠨ ᠭᠤᠣᠯ ᠠᠭᠤᠯᠭ᠎ᠠ》 ᠶᠢ ᠲᠣᠭᠲᠠᠭᠠᠵᠤ᠂ ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠤᠨ ᠬᠠᠷᠠᠯᠲᠠ ᠡᠭᠦᠷᠭᠡ᠂ ᠭᠤᠤᠯᠳᠠᠯᠭ᠎ᠠ᠂ ᠴᠠᠭ ᠤᠨ | ᠬᠤᠯᠪᠣᠭᠠᠰᠤ ᠴᠡᠭ᠂ ᠰᠢᠯᠭᠠᠨ ᠬᠢᠨᠠᠬᠤ ᠠᠷᠭ᠎ᠠ ᠮᠠᠶ᠋ᠢᠭ ᠵᠡᠷᠭᠡ ᠭᠤᠣᠯᠳᠠᠯᠭ᠎ᠠ ᠲᠠᠢ ᠠᠭᠤᠯᠭ᠎ᠠ ᠶᠢ ᠲᠣᠳᠣᠷᠬᠠᠶᠢᠯᠠᠭᠰᠠᠨ ᠪᠥᠭᠡᠳ ᠵᠠᠰᠠᠭ ᠤᠨ ᠶᠠᠪᠤᠳᠠᠯ ᠢ ᠢᠯᠡ | ᠪᠣᠯᠭᠠᠬᠤ ᠲᠤᠰᠬᠠᠶ ᠠᠵᠢᠯᠯᠠᠭ᠎ᠠ ᠶᠢ ᠠᠬᠢᠭᠤᠯᠬᠤ ᠵᠢᠴᠢ ᠪᠣᠯᠪᠠᠰᠤᠷᠠᠯ ᠤᠨ ᠬᠤᠷᠠᠯ ᠬᠤᠷᠠᠯᠳᠤᠭᠤᠯᠵᠤ᠂ ᠡᠭᠦᠷᠭᠡ ᠬᠠᠷᠢᠭᠤᠴᠠᠯᠭᠠᠲᠤ ᠰᠠᠯᠠᠭ᠎ᠠ ᠮᠥᠴᠢᠷ ᠪᠠ | ᠬᠠᠷᠢᠭᠤᠴᠠᠯᠭᠠᠲᠠᠨ ᠳᠤ ᠬᠦᠷᠲᠡᠯ᠎ᠡ ᠨᠠᠶᠢᠳᠠᠪᠤᠷᠢᠵᠢᠭᠤᠯᠤᠨ᠂ ᠰᠢᠯᠭᠠᠨ ᠬᠢᠨᠠᠬᠤ ᠨᠠᠷᠢᠨ ᠳᠦᠷᠢᠮ ᠲᠣᠭᠲᠠᠭᠠᠬᠤ ᠶᠢᠨ ᠬᠠᠮᠲᠤ᠂ ᠲᠣᠭᠤᠷᠢᠭ ᠤᠨ ᠨᠠᠮ ᠤᠨ | ᠬᠤᠷᠢᠶ᠎ᠠ ᠶᠢᠨ ᠵᠣᠬᠢᠶᠠᠨ ᠪᠠᠶᠢᠭᠤᠯᠬᠤ ᠬᠡᠯᠲᠡᠰ ᠠᠴᠠ ᠲᠦᠷᠦᠭᠦᠯᠡᠨ ᠡᠯ᠎ᠡ ᠰᠠᠯᠠᠭ᠎ᠠ ᠮᠥᠴᠢᠷ ᠤᠨ ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠤᠨ | ᠠᠮᠵᠢᠯᠲᠠ ᠪᠦᠲᠦᠮᠵᠢ ᠶᠢ ᠰᠢᠯᠭᠠᠨ ᠬᠢᠨᠠᠬᠤ ᠡᠷᠴᠢᠮ ᠢᠶᠠᠨ ᠴᠢᠩᠭᠠᠷᠠᠭᠤᠯᠵᠤ᠂ ᠪᠦᠬᠦ ᠲᠣᠭᠤᠷᠢᠭ ᠤᠨ ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠤᠨ | ᠡᠮᠬᠢ ᠵᠢᠷᠤᠮ ᠲᠠᠢ ᠶᠠᠪᠤᠭᠳᠠᠬᠤ ᠶᠢ ᠤᠯᠠᠮ ᠨᠢᠭᠡ ᠠᠯᠬᠤᠮ ᠠᠬᠢᠭᠤᠯᠪᠠ᠃ | 《5 + 1》 ᠶᠢ ᠢᠯᠡ ᠪᠣᠯᠭᠠᠬᠤ ᠶᠢ ᠪᠥᠬᠦ ᠲᠠᠯ᠎ᠠ ᠪᠠᠷ ᠬᠡᠷᠡᠭᠵᠢᠭᠦᠯᠵᠦ᠂ ᠲᠤᠬᠠᠶᠢᠯᠠᠪᠠᠯ᠄ ᠰᠢᠶᠳᠪᠦᠷᠢᠲᠦ ᠪᠣᠳᠣᠯᠭ᠎ᠠ ᠶᠢ ᠢᠯᠡ ᠪᠣᠯᠭᠠᠬᠤ᠂ | ᠬᠡᠷᠡᠭᠵᠢᠭᠦᠯᠦᠯᠲᠡ ᠶᠢ ᠢᠯᠡ ᠪᠣᠯᠭᠠᠬᠤ᠂ ᠬᠠᠮᠢᠶᠠᠷᠤᠯᠲᠠ ᠶᠢ ᠢᠯᠡ ᠪᠣᠯᠭᠠᠬᠤ᠂ ᠦᠶᠯᠡᠴᠢᠯᠡᠭᠡ ᠶᠢ ᠢᠯᠡ ᠪᠣᠯᠭᠠᠬᠤ᠂ ᠦᠷ᠎ᠡ ᠳ᠋ᠦᠩ ᠢ ᠢᠯᠡ ᠪᠣᠯᠭᠠᠬᠤ ᠪᠠ | ᠭᠤᠤᠯᠳᠠᠯᠭ᠎ᠠ ᠲᠠᠢ ᠬᠦᠷᠢᠶ᠎ᠡ ᠴᠠᠷᠠᠭ᠎ᠠ ᠶᠢᠨ ᠮᠡᠳᠡᠭᠡ ᠵᠠᠩᠭᠢ ᠶᠢ ᠢᠯᠡ ᠪᠣᠯᠭᠠᠬᠤ ᠪᠠᠶᠢᠵᠤ᠂ ᠵᠠᠰᠠᠭ ᠤᠨ ᠶᠠᠪᠤᠳᠠᠯ ᠢ ᠢᠯᠡ ᠪᠣᠯᠭᠠᠬᠤ ᠠᠭᠤᠯᠭ᠎ᠠ ᠶᠢ ᠡᠷᠬᠡ ᠶᠢᠨ | ᠠᠵᠢᠯᠯᠠᠭᠠᠨ ᠤ ᠪᠥᠬᠦ ᠶᠠᠪᠤᠴᠠ᠂ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠪᠥᠬᠦ ᠶᠠᠪᠤᠴᠠ ᠳᠤ ᠪᠦᠷᠬᠦᠭᠦᠯᠦᠨ᠎ᠡ᠃ ᠡᠯ᠎ᠡ ᠰᠠᠯᠠᠭ᠎ᠠ ᠮᠥᠴᠢᠷ ᠲᠤ ᠮᠡᠳᠡᠭᠡ | ᠵᠠᠩᠭᠢ ᠶᠢ ᠢᠯᠡ ᠪᠣᠯᠭᠠᠬᠤ ᠪᠤᠯᠤᠩ ᠭᠠᠷᠭᠠᠬᠤ᠂ ᠵᠠᠰᠠᠭ ᠤᠨ ᠣᠷᠳᠣᠨ ᠤ ᠰᠦᠯᠵᠢᠶ᠎ᠡ ᠵᠢᠴᠢ ᠵᠠᠰᠠᠭ ᠤᠨ ᠶᠠᠪᠤᠳᠠᠯ ᠤᠨ ᠸᠢᠴᠠᠲ ᠲᠤ ᠨᠡᠶᠢᠲᠡᠯᠡᠬᠦ᠂ ᠵᠠᠰᠠᠭ ᠤᠨ | ᠶᠠᠪᠤᠳᠠᠯ ᠤᠨ ᠦᠶᠯᠡᠴᠢᠯᠡᠭᠡᠨ ᠤ ᠲᠥᠪ ᠲᠤ ᠪᠠᠶᠢᠴᠠᠭᠠᠨ ᠯᠠᠪᠯᠠᠬᠤ ᠴᠢᠭ ᠭᠠᠷᠭᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠣᠯᠠᠨ ᠨᠡᠶᠢᠲᠡ ᠶᠢᠨ | ᠵᠠᠰᠠᠭ ᠤᠨ ᠣᠷᠳᠣᠨ ᠤ ᠮᠡᠳᠡᠭᠡ ᠵᠠᠩᠭᠢ ᠶᠢ ᠣᠶᠢᠯᠠᠭᠠᠬᠤ ᠳᠤ ᠳᠥᠭᠦᠮ ᠦᠵᠡᠭᠦᠯᠦᠨ᠎ᠡ᠃《ᠢᠯᠡ ᠪᠣᠯᠭᠠᠵᠤ ᠪᠣᠯᠬᠤ ᠶᠢ ᠨᠢ ᠪᠦᠬᠦᠨ ᠢ ᠢᠯᠡ ᠪᠣᠯᠭᠠᠪᠠ》᠃ | 12 ᠰᠠᠷ᠎ᠠ ᠳᠤ ᠵᠠᠰᠠᠭ ᠤᠨ ᠣᠷᠳᠣᠨ ᠤ ᠰᠦᠯᠵᠢᠶᠡᠨ ᠳᠤ《ᠪᠠᠶ᠋ᠬᠠᠣᠪᠤᠭ᠎ᠠ ᠠᠭᠤᠷᠬᠠᠢ ᠶᠢᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠯᠪᠠᠨ | ᠮᠡᠳᠡᠭᠡ》 ᠶᠢ ᠡᠬᠢᠯᠡᠨ ᠶᠠᠪᠤᠭᠳᠠᠭᠤᠯᠵᠤ᠂ ᠵᠠᠰᠠᠭ ᠤᠨ ᠣᠷᠳᠣᠨ ᠤ ᠪᠢᠴᠢᠭ ᠮᠠᠲ᠋ᠧᠷᠢᠶᠠᠯ᠂ ᠲᠣᠮᠣ ᠶᠠᠪᠤᠳᠠᠯ ᠤᠨ ᠲᠡᠮᠳᠡᠭᠯᠡᠯ ᠢ ᠬᠤᠭᠤᠴᠠᠭ᠎ᠠ ᠶᠣᠰᠣᠭᠠᠷ | ᠨᠡᠶᠢᠲᠡᠯᠡᠵᠦ᠂ ᠲᠥᠷᠥ ᠶᠢᠨ ᠪᠣᠳᠣᠯᠭ᠎ᠠ ᠶᠢᠨ ᠲᠠᠶᠢᠯᠪᠤᠷᠢᠯᠠᠯᠲᠠ ᠶᠢ ᠰᠠᠶᠢᠲᠤᠷ ᠬᠢᠪᠡ᠃ 1 — 12 ᠰᠠᠷ᠎ᠠ ᠳᠤ᠂ ᠪᠥᠬᠦ ᠲᠣᠭᠤᠷᠢᠭ ᠲᠤ ᠡᠯ᠎ᠡ ᠲᠥᠷᠥᠯ ᠤᠨ | ᠵᠠᠰᠠᠭ ᠤᠨ ᠣᠷᠳᠣᠨ ᠤ ᠮᠡᠳᠡᠭᠡ ᠵᠠᠩᠭᠢ ᠶᠢ ᠨᠡᠶᠢᠲᠡ 291 ᠵᠤᠷᠪᠤᠰ ᠰᠠᠨᠠᠭᠠᠴᠢᠯᠠᠭ᠎ᠠ ᠠᠴᠠ ᠪᠠᠨ ᠢᠯᠡ ᠪᠣᠯᠭᠠᠪᠠ᠃ ᠡᠭᠦᠨ ᠳᠤ᠂ ᠲᠣᠭᠤᠷᠢᠭ ᠤᠨ ᠠᠷᠠᠳ | ᠤᠨ ᠵᠠᠰᠠᠭ ᠤᠨ ᠣᠷᠳᠣᠨ ᠤ ᠠᠵᠢᠯ ᠤᠨ ᠮᠡᠳᠡᠭᠦᠯᠦᠯᠲᠡ᠂ ᠴᠢᠬᠤᠯᠠ ᠶᠡᠭᠡ ᠰᠢᠶᠳᠪᠦᠷᠢᠲᠦ ᠪᠣᠳᠣᠯᠭ᠎ᠠ᠂ ᠴᠢᠬᠤᠯᠠ ᠶᠡᠭᠡ ᠠᠵᠢᠯ ᠤᠨ ᠪᠠᠶᠢᠷᠢᠯᠠᠭᠤᠯᠤᠯᠲᠠ ᠵᠢᠴᠢ | ᠭᠤᠤᠯᠳᠠᠯᠭ᠎ᠠ ᠲᠠᠢ ᠠᠵᠢᠯ ᠤᠨ ᠮᠡᠳᠡᠭᠡ ᠵᠠᠩᠭᠢ ᠶᠢ 71 ᠵᠤᠷᠪᠤᠰ ᠨᠡᠶᠢᠲᠡᠯᠡᠵᠦ᠂ ᠡᠯ᠎ᠡ ᠰᠠᠯᠠᠭ᠎ᠠ ᠮᠥᠴᠢᠷ ᠤᠨ ᠭᠤᠤᠯᠳᠠᠯᠭ᠎ᠠ ᠲᠠᠢ ᠬᠦᠷᠢᠶ᠎ᠡ ᠴᠠᠷᠠᠭ᠎ᠠ ᠳᠤ 99 | ᠵᠤᠷᠪᠤᠰ ᠵᠦᠶᠯᠡᠰ ᠢ ᠢᠯᠡ ᠪᠣᠯᠭᠠᠵᠤ᠂ 121 ᠵᠤᠷᠪᠤᠰ ᠭᠤᠤᠯᠳᠠᠯᠭ᠎ᠠ ᠮᠡᠳᠡᠭᠡ ᠵᠠᠷᠯᠠᠯ ᠢ ᠨᠡᠶᠢᠲᠡᠯᠡᠵᠦ᠂ ᠲᠣᠭᠤᠷᠢᠭ ᠤᠨ ᠬᠠᠷᠢᠶ᠎ᠠ ᠰᠠᠯᠠᠭ᠎ᠠ ᠮᠥᠴᠢᠷ | ᠤᠨ《ᠭᠤᠷᠪᠠᠨ ᠵᠦᠶᠯ ᠤᠨ ᠠᠯᠪᠠᠨ ᠵᠠᠷᠤᠳᠠᠯ》 ᠤᠨ ᠲᠥᠰᠦᠪ᠂ ᠲᠥᠰᠦᠪ ᠤᠨ ᠭᠦᠶᠴᠡᠳᠬᠡᠯ ᠢ ᠪᠦᠬᠦᠨ ᠢ ᠢᠯᠡ ᠪᠣᠯᠭᠠᠪᠠ᠃ ᠨᠡᠶᠢᠭᠡᠮ ᠲᠣᠭᠤᠷᠢᠭ ᠤᠨ | ᠭᠤᠷᠪᠠᠨ ᠶᠠᠪᠤᠳᠠᠯ ᠢ ᠢᠯᠡ ᠪᠣᠯᠭᠠᠬᠤ ᠶᠢ ᠭᠤᠤᠯᠳᠠᠯᠭ᠎ᠠ ᠲᠠᠢ ᠠᠬᠢᠭᠤᠯᠵᠤ᠂ ᠵᠠᠰᠠᠭ ᠤᠨ ᠣᠷᠳᠣᠨ ᠤ ᠰᠦᠯᠵᠢᠶᠡᠨ ᠳᠤ ᠭᠤᠷᠪᠠᠨ ᠶᠠᠪᠤᠳᠠᠯ ᠢ ᠢᠯᠡ ᠪᠣᠯᠭᠠᠬᠤ | ᠲᠤᠰᠬᠠᠶ ᠪᠤᠯᠤᠩ ᠭᠠᠷᠭᠠᠵᠤ ᠴᠠᠭ ᠲᠤᠬᠠᠢ ᠳᠤᠨᠢ ᠮᠡᠳᠡᠭᠡ ᠵᠠᠩᠭᠢ ᠨᠡᠶᠢᠲᠡᠯᠡᠵᠦ᠂ ᠣᠯᠠᠨ ᠲᠦᠮᠡᠨ ᠳᠤ《ᠦᠵᠡᠵᠦ ᠣᠶᠢᠯᠠᠭᠠᠬᠤ》᠂《ᠦᠨᠡᠨ ᠬᠦ ᠬᠡᠷᠡᠭ | ᠲᠠᠢ》ᠮᠡᠳᠡᠭᠡ ᠵᠠᠩᠭᠢ ᠶᠢᠨ ᠦᠶᠯᠡᠴᠢᠯᠡᠭᠡ ᠬᠠᠩᠭᠠᠪᠠ᠃ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠶᠢ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ | ᠪᠣᠯᠭᠠᠬᠤ ᠶᠢᠨ ᠴᠢᠬᠤᠯᠠ ᠠᠭᠤᠯᠭ᠎ᠠ ᠪᠣᠯᠭᠠᠵᠤ᠂ ᠰᠦᠯᠵᠢᠶ᠎ᠡ᠂ ᠵᠠᠰᠠᠭ ᠤᠨ ᠶᠠᠪᠤᠳᠠᠯ ᠤᠨ ᠬᠠᠮ ᠵᠠᠭᠤᠴᠢᠯᠠᠭᠤᠷ ᠤᠨ APP᠂ ᠸᠢᠴᠠᠲ ᠵᠡᠷᠭᠡ ᠶᠢ | ᠨᠢᠭᠡᠳᠦᠯᠲᠡᠶ ᠲᠥᠯᠥᠪᠯᠡᠨ ᠬᠡᠷᠡᠭᠯᠡᠵᠦ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠬᠢᠬᠦ ᠶᠢᠨ ᠬᠠᠮᠲᠤ ᠢᠳᠡᠪᠬᠢᠲᠡᠶ ᠰᠦᠪᠡᠭᠴᠢᠯᠡᠨ᠂ ᠨᠡᠶᠢᠭᠡᠮ ᠤᠨ ᠣᠯᠠᠨ | ᠨᠡᠶᠢᠲᠡ ᠶᠢᠨ ᠦᠵᠡᠵᠦ ᠰᠣᠨᠢᠷᠬᠠᠬᠤ ᠳᠤᠷᠠᠲᠠᠢ ᠬᠡᠯᠪᠡᠷᠢ ᠶᠢ ᠡᠭᠦᠳᠦᠨ ᠥᠷᠭᠡᠳᠬᠡᠵᠦ᠂ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠬᠢᠬᠦ ᠠᠵᠢᠯ ᠢ | ᠴᠢᠩᠭᠠᠳᠬᠠᠪᠠ᠃ ᠠᠷᠠᠳ ᠤᠨ ᠪᠠᠶᠢᠳᠠᠯ ᠠᠷᠠᠳ ᠤᠨ ᠰᠠᠨᠠᠭ᠎ᠠ ᠶᠢ ᠣᠶᠢᠯᠠᠭᠠᠵᠤ᠂ ᠨᠡᠶᠢᠭᠡᠮ ᠤᠨ ᠨᠢᠭᠲᠠ ᠠᠩᠬᠠᠷᠴᠤ ᠪᠠᠶᠢᠭ᠎ᠠ ᠬᠤᠷᠸ᠎ᠠ ᠠᠵᠤ ᠠᠬᠤᠶ᠂ ᠠᠷᠠᠳ | ᠤᠨ ᠠᠮᠢᠳᠤᠷᠠᠯ ᠵᠡᠷᠭᠡ ᠴᠢᠬᠤᠯᠠ ᠮᠡᠳᠡᠭᠡ ᠵᠠᠩᠭᠢ ᠶᠢ ᠨᠡᠶᠢᠲᠡᠯᠡᠬᠦ ᠤᠳᠠᠭ᠎ᠠ ᠶᠢ ᠨᠡᠮᠡᠭᠳᠡᠭᠦᠯᠪᠡ᠃ ᠴᠢᠬᠤᠯᠠ ᠲᠥᠷᠥ ᠶᠢᠨ ᠪᠣᠳᠣᠯᠭ᠎ᠠ᠂ ᠬᠠᠤᠯᠢ ᠲᠣᠭᠲᠠᠭᠠᠯ | ᠨᠡᠶᠢᠲᠡᠯᠡᠭᠳᠡᠭᠰᠡᠨ ᠤ ᠳᠠᠷᠠᠭ᠎ᠠ᠂ ᠣᠯᠠᠨ ᠵᠦᠶᠯ ᠤᠨ ᠠᠷᠭ᠎ᠠ ᠬᠡᠯᠪᠡᠷᠢ ᠪᠠᠷ ᠳᠠᠮᠵᠢᠭᠤᠯᠤᠨ ᠰᠢᠨᠵᠢᠯᠡᠬᠦ ᠤᠬᠠᠭᠠᠨᠴᠢ ᠲᠠᠶᠢᠯᠤᠮᠵᠢ ᠶᠢ ᠰᠠᠶᠢᠲᠤᠷ ᠬᠢᠵᠦ᠂ ᠵᠠᠰᠠᠭ | ᠤᠨ ᠣᠷᠳᠣᠨ ᠤ ᠠᠵᠤ ᠠᠬᠤᠶ᠂ ᠨᠡᠶᠢᠭᠡᠮ ᠤᠨ ᠬᠥᠭᠵᠢᠯᠲᠡ ᠶᠢᠨ ᠲᠥᠷᠥ ᠶᠢᠨ ᠪᠣᠳᠣᠯᠭ᠎ᠠ ᠪᠠ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠣᠯᠠᠨ ᠨᠡᠶᠢᠲᠡ | ᠳᠤ ᠨᠠᠩ ᠰᠠᠶᠢᠲᠤᠷ ᠮᠡᠳᠡᠭᠦᠯᠵᠦ ᠣᠶᠢᠯᠠᠭᠠᠭᠤᠯᠪᠠ᠃ ᠴᠢᠬᠤᠯᠠ ᠶᠠᠷᠢᠶ᠎ᠠ ᠬᠡᠯᠡᠯᠴᠡᠭᠡᠨ ᠤ ᠪᠠᠶᠢᠳᠠᠯ ᠪᠠ ᠨᠡᠶᠢᠭᠡᠮ ᠤᠨ ᠬᠠᠯᠠᠮᠰᠢᠯ ᠠᠰᠠᠭᠤᠳᠠᠯ ᠳᠤ ᠢᠳᠡᠪᠬᠢᠲᠡᠢ | ᠬᠠᠷᠢᠭᠤᠯᠲᠠ ᠥᠭᠴᠦ᠂ ᠰᠡᠵᠢᠭ ᠢ ᠠᠯᠳᠠᠷᠠᠭᠠᠨ ᠲᠥᠭᠡᠷᠢᠭᠳᠡᠯ ᠢ ᠲᠠᠶᠢᠯᠬᠤ ᠶᠢᠨ ᠬᠠᠮᠲᠤ ᠠᠷᠠᠳ ᠤᠯᠠᠨ ᠤ ᠬᠦᠰᠡᠯ ᠡᠷᠡᠮᠡᠯᠵᠡᠯ ᠢ ᠵᠠᠰᠠᠭ ᠤᠨ ᠣᠷᠳᠣᠨ ᠤ | ᠰᠢᠶᠳᠪᠦᠷᠢᠲᠦ ᠪᠤᠳᠤᠯᠭ᠎ᠠ ᠪᠠ ᠠᠵᠢᠯ ᠤᠨ ᠳᠤᠮᠳᠠ ᠠᠭᠤᠰᠤᠯᠴᠠᠭᠤᠯᠬᠤ ᠶᠢ ᠠᠩᠬᠠᠷᠴᠤ᠂ ᠪᠦᠬᠦ ᠵᠢᠯ ᠳᠤ ᠲᠦᠷᠦ ᠶᠢᠨ ᠪᠤᠳᠤᠯᠭ᠎ᠠ ᠶᠢᠨ ᠲᠠᠶᠢᠯᠤᠮᠵᠢ ᠬᠢᠬᠦ | ᠲᠦᠷᠦᠯ ᠤᠨ ᠮᠡᠳᠡᠭᠡ ᠵᠠᠩᠭᠢ ᠶᠢ ᠨᠡᠶᠢᠲᠡ 30 ᠭᠠᠷᠤᠶ ᠵᠤᠷᠪᠤᠰ ᠨᠡᠶᠢᠲᠡᠯᠡᠪᠡ᠃《ᠣᠯᠠᠨ ᠲᠦᠮᠡᠨ ᠳᠤ ᠪᠣᠳᠠᠲᠤ ᠶᠠᠪᠤᠳᠠᠯ ᠬᠢᠵᠦ᠂ ᠬᠦᠴᠢᠷ ᠠᠰᠠᠭᠤᠳᠠᠯ ᠢ | ᠰᠢᠶᠳᠪᠦᠷᠢᠯᠡᠬᠦ》ᠵᠠᠷᠴᠢᠮ ᠶᠣᠰᠣᠭᠠᠷ᠂《ᠰᠦᠯᠵᠢᠶᠡᠨ ᠳᠡᠭᠡᠷᠡᠬᠢ ᠵᠠᠬᠢᠳᠠᠯ ᠰᠤᠷᠪᠤᠯᠵᠢᠯᠠᠭ᠎ᠠ》 ᠶᠢ ᠬᠢᠨᠠᠮᠠᠭᠠᠶ ᠰᠢᠶᠳᠪᠦᠷᠢᠯᠡᠵᠦ᠂《ᠤᠳᠤᠷᠢᠳᠤᠯᠭ᠎ᠠ ᠶᠢᠨ | ᠵᠠᠬᠢᠳᠠᠯ ᠤᠨ ᠬᠠᠶᠢᠷᠴᠠᠭ》ᠵᠡᠷᠭᠡ ᠪᠤᠯᠤᠩ ᠳᠠᠬᠢ ᠰᠦᠯᠵᠢᠶᠡᠨ ᠨᠠᠶᠢᠵᠠ ᠶᠢᠨ ᠦᠯᠡᠳᠡᠭᠡᠭᠰᠡᠨ ᠦᠭᠡ ᠪᠠ ᠰᠢᠯᠵᠢᠭᠦᠯᠦᠨ ᠭᠦᠶᠴᠡᠳᠬᠡᠭᠰᠡᠨ ᠪᠢᠴᠢᠭ ᠮᠠᠲ᠋ᠧᠷᠢᠶᠠᠯ | ᠨᠢ ᠥᠷᠭᠡᠨ ᠣᠯᠠᠨ ᠲᠦᠮᠡᠨ ᠤ ᠰᠠᠶᠢᠨ ᠦᠨᠡᠯᠡᠯᠲᠡ ᠶᠢ ᠣᠯᠵᠤ᠂ ᠣᠯᠠᠨ ᠲᠦᠮᠡᠨ ᠤ ᠬᠠᠤᠯᠢ ᠶᠣᠰᠣᠨ ᠤ ᠠᠰᠢᠭ ᠲᠤᠰᠠ ᠶᠢ ᠲᠤᠶᠢᠯ ᠤᠨ ᠶᠡᠭᠡ ᠪᠠᠷ | ᠬᠠᠮᠠᠭᠠᠯᠠᠵᠤ᠂ ᠨᠡᠶᠢᠭᠡᠮ ᠤᠨ ᠵᠥᠷᠢᠴᠡᠯ ᠢ ᠪᠦᠲᠦᠮᠵᠢᠲᠡᠶ ᠰᠢᠢᠳᠪᠦᠷᠢᠯᠡᠪᠡ᠃ | 《ᠲᠠᠯᠪᠢᠬᠤ ᠬᠠᠮᠢᠶᠠᠷᠬᠤ ᠦᠢᠯᠡᠴᠢᠯᠡᠬᠦ》ᠥᠭᠡᠷᠡᠴᠢᠯᠡᠯᠲᠡ ᠶᠢ ᠭᠦᠨᠵᠡᠭᠡᠶ ᠲᠦᠯᠬᠢᠨ ᠠᠬᠢᠭᠤᠯᠤᠨ᠎ᠠ᠃ ᠣᠯᠠᠨ ᠲᠦᠮᠡᠨ ᠤ ᠬᠦᠷᠲᠡᠮᠵᠢ ᠶᠢᠨ | ᠲᠥᠷᠥᠭᠳᠡᠯ᠂ ᠵᠣᠯ ᠵᠢᠷᠭᠠᠯ ᠤᠨ ᠲᠥᠷᠥᠭᠳᠡᠯ ᠢ ᠳᠡᠭᠡᠭᠰᠢᠯᠡᠭᠦᠯᠬᠦ ᠪᠠᠷ ᠭᠠᠷᠳᠠᠨ ᠪᠣᠯᠭᠠᠵᠤ᠂《ᠬᠠᠮᠤᠭ ᠣᠯᠠᠨ ᠳᠠᠭᠠᠨ ᠨᠢᠭᠡ ᠤᠳᠠᠭ᠎ᠠ | ᠭᠦᠶᠦᠬᠦ》ᠥᠭᠡᠷᠡᠴᠢᠯᠡᠯᠲᠡ ᠶᠢ《ᠲᠠᠯᠪᠢᠬᠤ ᠬᠠᠮᠢᠶᠠᠷᠬᠤ ᠦᠢᠯᠡᠴᠢᠯᠡᠬᠦ》ᠥᠭᠡᠷᠡᠴᠢᠯᠡᠯᠲᠡ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠬᠦ᠂ ᠬᠤᠳᠠᠯᠳᠤᠭ᠎ᠠ | ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠲᠠᠢ ᠨᠢᠭᠲᠠ ᠤᠶᠠᠯᠳᠤᠭᠤᠯᠵᠤ᠂《ᠠᠵᠤ ᠠᠬᠤᠶᠢᠯᠠᠯ ᠤᠨ ᠠᠵᠢᠯ ᠬᠢᠬᠦ ᠳᠤ ᠬᠦᠴᠢᠷ ᠥᠬᠡᠶ᠂ ᠠᠷᠠᠳ | ᠢᠷᠭᠡᠳ ᠤᠨ ᠶᠠᠪᠤᠳᠠᠯ ᠪᠦᠲᠦᠭᠡᠬᠦ ᠳᠤ ᠬᠥᠮᠦᠨ ᠢ ᠡᠷᠢᠬᠦ ᠥᠬᠡᠶ》 ᠪᠠᠷ ᠬᠠᠷᠠᠯᠲᠠ ᠪᠣᠯᠭᠠᠨ ᠣᠷᠣᠨ ᠪᠦᠰᠡ ᠶᠢᠨ ᠶᠡᠭᠡ ᠲᠢᠩᠬᠢᠮ ᠤᠨ ᠪᠠᠶᠢᠷᠢᠰᠢᠭᠤᠯᠤᠯᠲᠠ᠂ | ᠢᠨᠵᠧᠨᠧᠷᠢᠩ ᠤᠨ ᠬᠢᠨᠠᠨ ᠵᠥᠪᠰᠢᠶᠡᠷᠡᠬᠦ ᠲᠥᠷᠥᠯ ᠵᠦᠶᠯ ᠤᠨ ᠬᠤᠷᠳᠤᠴᠠ ᠶᠢ ᠲᠦᠷᠭᠡᠳᠬᠡᠵᠦ᠂ ᠠᠵᠢᠯ ᠶᠠᠪᠤᠳᠠᠯ ᠭᠦᠶᠴᠡᠳᠬᠡᠬᠦ ᠶᠠᠪᠤᠴᠠ ᠶᠢ | ᠰᠢᠯᠢᠳᠡᠭᠵᠢᠭᠦᠯᠦᠨ᠂ ᠵᠠᠰᠠᠭ ᠤᠨ ᠶᠠᠪᠤᠳᠠᠯ ᠤᠨ ᠣᠶᠤᠨᠴᠢ ᠬᠠᠷᠢᠯᠴᠠᠨ ᠨᠡᠪᠲᠡᠷᠡᠯᠴᠡᠵᠦ ᠬᠠᠮᠲᠤ ᠪᠠᠷ ᠡᠳ᠋ᠯᠡᠬᠦ᠂ ᠠᠵᠢᠯ ᠶᠠᠪᠤᠳᠠᠯ ᠭᠦᠶᠴᠡᠳᠬᠡᠬᠦ ᠨᠠᠷᠢᠨ | ᠬᠠᠭᠤᠳᠠᠰᠤ ᠶᠢ ᠡᠮᠬᠢᠯᠡᠨ ᠨᠡᠶᠢᠲᠡᠯᠡᠬᠦ ᠵᠡᠷᠭᠡ ᠡᠯ᠎ᠡ ᠵᠦᠶᠯ ᠤᠨ ᠥᠭᠡᠷᠡᠴᠢᠯᠡᠯᠲᠡ ᠶᠢ ᠨᠢᠭᠡᠳᠦᠯᠲᠡᠶ ᠲᠥᠯᠥᠪᠯᠡᠨ ᠠᠬᠢᠭᠤᠯᠵᠤ᠂ ᠠᠵᠢᠯ ᠶᠠᠪᠤᠳᠠᠯ ᠭᠦᠶᠴᠡᠳᠬᠡᠬᠦ | ᠠᠵᠤ ᠠᠬᠤᠶᠢᠯᠠᠯ ᠪᠠ ᠣᠯᠠᠨ ᠲᠦᠮᠡᠨ ᠤ ᠬᠦᠷᠲᠡᠮᠵᠢ ᠶᠢᠨ ᠲᠥᠷᠥᠭᠳᠡᠯ ᠢᠯᠡᠳᠲᠡ ᠨᠡᠮᠡᠭᠳᠡᠵᠦ᠂ ᠵᠠᠰᠠᠭ ᠤᠨ ᠣᠷᠳᠣᠨ ᠤ ᠠᠵᠢᠯ ᠶᠠᠪᠤᠳᠠᠯ ᠭᠦᠶᠴᠡᠳᠬᠡᠬᠦ | ᠦᠷ᠎ᠡ ᠪᠦᠲᠦᠮᠵᠢ ᠢᠯᠡᠳᠲᠡ ᠳᠡᠭᠡᠭᠰᠢᠯᠡᠵᠦ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠲᠠᠰᠤᠷᠠᠯᠲᠠ ᠥᠬᠡᠶ ᠰᠠᠶᠢᠵᠢᠷᠠᠪᠠ᠃ ᠡᠯ᠎ᠡ ᠵᠦᠶᠯ ᠤᠨ ᠠᠵᠢᠯ | ᠢᠳᠡᠪᠬᠢᠲᠡᠢ ᠠᠬᠢᠴᠠ ᠲᠠᠢ ᠪᠣᠯᠵᠤ᠂ ᠳᠠᠷᠤᠶᠢᠬᠠᠨ ᠭᠦᠶᠴᠡᠳᠬᠡᠬᠦ᠂ ᠰᠦᠯᠵᠢᠶᠡᠨ ᠳᠡᠭᠡᠷ᠎ᠡ ᠭᠦᠶᠴᠡᠳᠬᠡᠬᠦ᠂ ᠬᠠᠪᠢ ᠳᠤᠨᠢ ᠭᠦᠶᠴᠡᠳᠬᠡᠬᠦ᠂ ᠨᠢᠭᠡ ᠯᠡ ᠤᠳᠠᠭ᠎ᠠ | ᠳᠤ ᠭᠦᠶᠴᠡᠳᠬᠡᠬᠦ ᠵᠦᠶᠯᠡᠰ ᠤᠨ ᠲᠣᠳᠣᠷᠬᠠᠢ ᠬᠠᠭᠤᠳᠠᠰᠤ ᠶᠢ ᠡᠮᠬᠢᠯᠡᠵᠦ᠂ ᠡᠭᠦᠨ ᠳᠤ 90% ᠶᠢᠨ ᠵᠦᠶᠯᠡᠰ ᠢ ᠨᠢᠭᠡ ᠯᠡ ᠤᠳᠠᠭ᠎ᠠ ᠳᠤ ᠭᠦᠶᠴᠡᠳᠬᠡᠬᠦ ᠶᠢ | ᠪᠡᠶᠡᠯᠡᠭᠦᠯᠪᠡ᠃ ᠲᠥᠷᠥᠯ ᠬᠤᠪᠢᠶᠠᠨ ᠨᠢᠭᠡ ᠴᠣᠩᠬᠤ ᠪᠠᠷ ᠶᠡᠷᠦᠩᠬᠡᠶᠢᠯᠡᠨ ᠬᠦᠯᠢᠶᠡᠨ ᠠᠪᠴᠤ ᠰᠢᠶᠳᠪᠦᠷᠢᠯᠡᠬᠦ ᠶᠢ ᠤᠷᠢᠳᠠᠪᠠᠷ ᠲᠤᠷᠰᠢᠨ ᠬᠡᠷᠡᠭᠵᠢᠭᠦᠯᠵᠦ᠂ ᠪᠦᠬᠦ | ᠬᠤᠲᠠ ᠶᠢᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠲᠡᠷᠢᠭᠦᠨ ᠤ ᠭᠠᠵᠠᠷ ᠣᠷᠣᠨ ᠢᠶᠠᠷ ᠦᠨᠡᠯᠡᠭᠳᠡᠪᠡ᠃ ᠪᠦᠬᠦ ᠬᠤᠲᠠ ᠳᠤ ᠤᠷᠢᠳᠠᠪᠠᠷ ᠨᠡᠶᠢᠭᠡᠮ ᠤᠨ ᠪᠡᠯᠡ | ᠣᠷᠣᠭᠤᠯᠤᠯᠲᠠ ᠶᠢᠨ ᠲᠥᠷᠦᠯ ᠵᠦᠢᠯ ᠤᠨ ᠠᠮᠠᠯᠠᠯᠲᠠ ᠶᠢᠨ ᠳᠦᠷᠢᠮ ᠢ ᠲᠤᠷᠰᠢᠨ ᠬᠡᠷᠡᠭᠵᠢᠭᠦᠯᠵᠦ᠂ ᠲᠥᠷᠦᠯ ᠵᠦᠢᠯ ᠢ ᠬᠢᠨᠠᠨ ᠵᠥᠪᠰᠢᠶᠡᠷᠡᠬᠦ ᠬᠤᠭᠤᠴᠠᠭ᠎ᠠ ᠶᠢ | 20 ᠡᠳᠦᠷ ᠪᠠᠭᠠᠰᠬᠠᠪᠠ᠃ ᠨᠢᠭᠡ ᠵᠢᠯ ᠤᠨ ᠲᠤᠷᠰᠢ ᠠᠵᠤ ᠠᠬᠤᠶᠢᠯᠠᠯ ᠤᠨ 40 ᠭᠠᠷᠤᠶ ᠪᠣᠳᠠᠲᠠᠶ ᠠᠰᠠᠭᠤᠳᠠᠯ ᠢ ᠰᠢᠶᠳᠪᠦᠷᠢᠯᠡᠵᠦ᠂ ᠰᠢᠨ᠎ᠡ ᠪᠠᠷ ᠨᠡᠮᠡᠭᠳᠡᠭᠰᠡᠨ | ᠵᠠᠬ᠎ᠠ ᠳᠡᠯᠭᠡᠭᠦᠷ ᠤᠨ ᠭᠤᠤᠯ ᠴᠣᠭᠴᠠ ᠡᠮᠦᠨ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 40.2% ᠢᠶᠠᠷ ᠨᠡᠮᠡᠭᠳᠡᠵᠦ᠂ 1496 ᠡᠷᠦᠬᠡ ᠳᠤ ᠬᠦᠷᠴᠡᠶ᠃ | ᠨᠢᠭᠡ ᠵᠢᠯ ᠤᠨ ᠲᠤᠷᠰᠢ᠂ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠲᠢᠩᠬᠢᠮ᠂ ᠨᠢᠭᠡ ᠥᠷᠲᠡᠭᠡ ᠪᠠᠷ ᠠᠷᠠᠳ ᠲᠤ ᠲᠥᠬᠦᠮ ᠦᠵᠡᠭᠦᠯᠬᠦ ᠦᠶᠯᠡᠴᠢᠯᠡᠭᠡᠨ | ᠤ ᠲᠢᠩᠬᠢᠮ ᠪᠣᠯᠤᠨ ᠨᠡᠶᠢᠭᠡᠮ ᠲᠣᠭᠤᠷᠢᠭ ᠤᠨ ᠦᠶᠯᠡᠴᠢᠯᠡᠭᠡᠨ ᠤ ᠥᠷᠲᠡᠭᠡ ᠨᠢᠭᠡᠨᠲᠡ ᠠᠵᠤ ᠠᠬᠤᠶᠢᠯᠠᠯ ᠪᠠ ᠠᠷᠠᠳ ᠲᠤ ᠬᠤᠯᠪᠣᠭᠳᠠᠭᠰᠠᠨ ᠬᠡᠷᠡᠭ ᠶᠠᠪᠤᠳᠠᠯ ᠢ | 3.8 ᠲᠦᠮᠡᠨ ᠬᠤᠪᠢ ᠰᠢᠶᠳᠪᠦᠷᠢᠯᠡᠵᠦ᠂ ᠣᠯᠠᠨ ᠲᠦᠮᠡᠨ ᠢ 4 ᠲᠦᠮᠡ ᠰᠢᠬᠠᠮ ᠬᠥᠮᠦᠨ ᠤᠳᠠᠭ᠎ᠠ ᠭᠥᠯᠢᠶᠡᠨ ᠠᠪᠴᠤ᠂ ᠦᠶᠯᠡᠴᠢᠯᠡᠭᠡᠨ ᠤ ᠴᠢᠳᠠᠪᠤᠷᠢ | ᠢᠯᠡᠳᠲᠡ ᠴᠢᠩᠭᠠᠷᠠᠪᠠ᠃《ᠳᠤᠮᠳᠠᠳᠤ ᠤᠯᠤᠰ ᠤᠨ ᠦᠶᠯᠡᠳᠪᠦᠷᠢ ᠬᠤᠳᠠᠯᠳᠤᠭᠠᠨ ᠤ ᠴᠠᠭ ᠤᠨ ᠰᠣᠨᠢᠨ》ᠵᠡᠷᠭᠡ ᠵᠠᠭᠤᠴᠢᠯᠠᠭᠤᠷ ᠪᠠᠰᠠ ᠮᠠᠨ ᠤ | ᠲᠣᠭᠤᠷᠢᠭ ᠤᠨ《ᠲᠠᠯᠪᠢᠬᠤ ᠬᠠᠮᠢᠶᠠᠷᠬᠤ ᠦᠢᠯᠡᠴᠢᠯᠡᠬᠦ》ᠠᠵᠢᠯ ᠢ ᠮᠡᠳᠡᠭᠡᠯᠡᠵᠦ᠂《ᠲᠠᠯᠪᠢᠬᠤ ᠬᠠᠮᠢᠶᠠᠷᠬᠤ ᠦᠢᠯᠡᠴᠢᠯᠡᠬᠦ》ᠥᠭᠡᠷᠡᠴᠢᠯᠡᠯᠲᠡ ᠨᠡᠯᠢᠶᠡᠳ | ᠰᠠᠶᠢᠨ ᠨᠡᠷ᠎ᠡ ᠬᠦᠨᠳᠦ ᠲᠠᠢ ᠪᠣᠯᠪᠠ᠃ | ᠬᠤᠶᠠᠷ᠂ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠰᠠᠨᠠᠭᠠᠴᠢᠯᠠᠭ᠎ᠠ ᠠᠴᠠ ᠪᠠᠨ ᠢᠯᠡ ᠪᠣᠯᠭᠠᠭᠰᠠᠨ ᠪᠠᠶᠢᠳᠠᠯ | | | ᠭᠤᠷᠪᠠ᠂ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠭᠤᠶᠤᠴᠢᠯᠠᠯ ᠢ ᠬᠦᠯᠢᠶᠡᠨ ᠠᠪᠤᠭᠰᠠᠨ ᠪᠠ ᠰᠢᠶᠳᠪᠦᠷᠢᠯᠡᠭᠰᠡᠨ ᠪᠠᠶᠢᠳᠠᠯ | | | | | ᠳᠥᠷᠪᠡ᠂ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠵᠠᠰᠠᠭ ᠵᠠᠬᠢᠷᠭᠠᠨ ᠤ ᠳᠠᠬᠢᠨ ᠵᠥᠪᠯᠡᠬᠦ᠂ ᠵᠠᠰᠠᠭ ᠵᠠᠬᠢᠷᠭᠠᠨ ᠤ ᠵᠠᠷᠭᠤ ᠶᠢᠨ | ᠪᠠᠶᠢᠳᠠᠯ | | ᠲᠠᠪᠤ᠂ ᠣᠷᠣᠰᠢᠵᠤ ᠪᠠᠶᠢᠭ᠎ᠠ ᠭᠤᠤᠯ ᠠᠰᠠᠭᠤᠳᠠᠯ ᠵᠢᠴᠢ ᠰᠠᠶᠢᠵᠢᠷᠠᠭᠤᠯᠤᠭᠰᠠᠨ ᠪᠠᠶᠢᠳᠠᠯ | ᠮᠠᠨ ᠤ ᠲᠣᠭᠤᠷᠢᠭ ᠤᠨ ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠢ ᠯᠠᠪᠳᠠᠭᠤᠨ ᠪᠠᠲᠤᠲᠠᠶ ᠪᠦᠲᠦᠮᠵᠢᠲᠡᠶ ᠥᠷᠨᠢᠭᠦᠯᠬᠦ ᠳᠤ᠂ ᠮᠥᠨ ᠬᠦ | ᠳᠣᠤᠷᠠᠬᠢ ᠮᠡᠲᠦ ᠠᠰᠠᠭᠤᠳᠠᠯ ᠣᠷᠣᠰᠢᠵᠤ ᠪᠠᠶᠢᠨ᠎ᠠ᠃ ᠬᠡᠰᠡᠭ ᠰᠠᠯᠠᠭ᠎ᠠ ᠮᠥᠴᠢᠷ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠠᠵᠢᠯ ᠢ | ᠴᠢᠬᠤᠯᠠᠴᠢᠯᠠᠭᠰᠠᠨ ᠢᠶᠠᠷ ᠬᠦᠷᠦᠯᠴᠡᠬᠦ ᠦᠭᠡᠢ᠂ ᠲᠠᠨᠢᠯᠲᠠ ᠶᠢᠨ ᠬᠡᠮᠵᠢᠶ᠎ᠡ ᠶᠢ ᠭᠦᠨᠵᠡᠭᠡᠶᠢᠷᠡᠭᠦᠯᠬᠦ ᠴᠢᠬᠤᠯᠠᠲᠠᠶ᠃ ᠮᠡᠳᠡᠭᠡ ᠵᠠᠩᠭᠢ ᠶᠢ ᠢᠯᠡ ᠪᠣᠯᠭᠠᠬᠤ ᠶᠢᠨ | ᠠᠷᠠᠳ ᠲᠤ ᠲᠥᠬᠦᠮ ᠦᠵᠡᠭᠦᠯᠬᠦ ᠴᠢᠨᠠᠷ ᠢ ᠳᠡᠭᠡᠭᠰᠢᠯᠡᠭᠦᠯᠬᠦ ᠴᠢᠬᠤᠯᠠᠲᠠᠢ᠂ ᠢᠯᠡ ᠪᠣᠯᠭᠠᠬᠤ ᠳᠤ ᠳᠣᠭᠢᠷᠠᠬᠤ ᠬᠡᠯᠪᠡᠷᠢ ᠶᠢ ᠥᠷᠭᠡᠳᠬᠡᠬᠦ ᠴᠢᠬᠤᠯᠠᠲᠠᠶ᠃ ᠢᠯᠡ | ᠪᠣᠯᠭᠠᠬᠤ ᠶᠣᠰᠣᠲᠠᠶ ᠠᠯᠪᠠᠨ ᠪᠢᠴᠢᠭ ᠤᠨ ᠬᠤᠭᠤᠰᠣᠨ ᠳᠠᠩᠰᠠ ᠡᠪᠬᠡᠮᠡᠯ ᠲᠠᠰᠤᠯᠳᠠᠬᠤ ᠦᠵᠡᠭᠳᠡᠯ ᠮᠥᠨ ᠣᠷᠣᠰᠢᠵᠤ ᠪᠠᠶᠢᠨ᠎ᠠ᠃ ᠢᠯᠡ ᠪᠣᠯᠭᠠᠬᠤ ᠭᠠᠷᠴᠠᠭ ᠢ | ᠨᠠᠷᠢᠯᠢᠬᠵᠢᠭᠤᠯᠬᠤ ᠴᠢᠬᠤᠯᠠᠲᠠᠶ᠂ ᠵᠣᠬᠢᠴᠠᠩᠭᠤᠶ ᠮᠡᠳᠡᠭᠡ ᠵᠠᠩᠭᠢ ᠶᠢ ᠲᠥᠷᠥᠯ ᠬᠤᠪᠢᠶᠠᠬᠤ ᠪᠠ ᠪᠠᠶᠢᠴᠠᠭᠠᠨ ᠯᠠᠪᠯᠠᠬᠤ ᠲᠦᠷᠢᠮ ᠢ ᠲᠡᠭᠦᠯᠳᠡᠷᠵᠢᠭᠦᠯᠬᠦ | ᠴᠢᠬᠤᠯᠠᠲᠠᠶ᠃ ᠮᠡᠳᠡᠭᠡ ᠵᠠᠩᠭᠢ ᠶᠢ ᠢᠯᠡ ᠪᠣᠯᠭᠠᠬᠤ ᠶᠢ ᠤᠬᠠᠭᠤᠯᠬᠤ ᠪᠠ ᠬᠥᠲᠥᠯᠥᠨ ᠵᠢᠯᠣᠭᠤᠳᠬᠤ ᠠᠵᠢᠯ ᠢ ᠮᠥᠨ ᠬᠦ ᠤᠯᠠᠮ ᠨᠢᠭᠡ ᠠᠯᠬᠤᠮ | ᠴᠢᠩᠭᠠᠳᠬᠠᠬᠤ ᠴᠢᠬᠤᠯᠠᠲᠠᠶ ᠵᠡᠷᠭᠡ ᠪᠣᠯᠤᠨ᠎ᠠ᠃ | ᠡᠳᠡᠭᠡᠷ ᠠᠰᠠᠭᠤᠳᠠᠯ ᠳᠤ ᠴᠢᠭᠯᠡᠭᠦᠯᠦᠨ᠂ ᠮᠠᠨ ᠤ ᠲᠣᠭᠤᠷᠢᠭ ᠬᠤᠶᠢᠰᠢᠳᠠ ᠶᠢᠨ ᠠᠵᠢᠯ ᠤᠨ ᠳᠤᠮᠳᠠ ᠳᠣᠤᠷᠠᠬᠢ ᠠᠷᠭ᠎ᠠ ᠬᠡᠮᠵᠢᠶ᠎ᠡ ᠶᠢ ᠠᠪᠴᠤ ᠬᠠᠯᠠᠨ | ᠰᠠᠶᠢᠵᠢᠷᠠᠭᠤᠯᠤᠨ᠎ᠠ᠃ ᠨᠢᠭᠡ ᠳᠤ᠂《ᠲᠠᠪᠤ ᠶᠢ ᠢᠯᠡ ᠪᠣᠯᠭᠠᠬᠤ》 ᠶᠢ ᠬᠦᠴᠦᠯᠡᠨ ᠠᠬᠢᠭᠤᠯᠤᠨ᠎ᠠ᠃《ᠲᠠᠪᠤ ᠶᠢ ᠢᠯᠡ ᠪᠣᠯᠭᠠᠬᠤ》ᠱᠠᠭᠠᠷᠳᠠᠯᠭ᠎ᠠ ᠶᠢ ᠠᠯᠪᠠᠨ | ᠪᠢᠴᠢᠭ᠂ ᠬᠤᠷᠠᠯ ᠢᠶᠠᠷ ᠭᠦᠶᠴᠡᠳᠬᠡᠬᠦ ᠲᠠᠰ ᠳᠠᠷᠠᠭᠠᠯᠠᠯ ᠳᠤ ᠨᠠᠶᠢᠳᠠᠪᠤᠷᠢᠵᠢᠭᠤᠯᠵᠤ᠂ ᠰᠠᠨᠠᠭᠠᠴᠢᠯᠠᠭ᠎ᠠ ᠠᠴᠠ ᠪᠠᠨ ᠢᠯᠡ ᠪᠣᠯᠭᠠᠬᠤ ᠭᠠᠷᠴᠠᠭ ᠢ ᠪᠠᠶᠢᠭᠤᠯᠤᠨ | ᠪᠦᠷᠢᠨᠰᠢᠭᠦᠯᠵᠦ᠂ ᠦᠨᠳᠦᠰᠦᠨ ᠱᠠᠲᠤᠨ ᠤ ᠵᠠᠰᠠᠭ ᠤᠨ ᠶᠠᠪᠤᠳᠠᠯ ᠢ ᠢᠯᠡ ᠪᠣᠯᠭᠠᠬᠤ ᠶᠢ ᠪᠠᠷᠢᠮᠵᠢᠶᠠᠵᠢᠭᠤᠯᠬᠤ᠂ ᠵᠢᠷᠤᠮᠵᠢᠭᠤᠯᠬᠤ ᠶᠢ ᠠᠬᠢᠭᠤᠯᠤᠨ᠎ᠠ᠃ ᠬᠤᠶᠠᠷ | ᠲᠤ᠂ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠬᠢᠬᠦ ᠶᠢ ᠴᠢᠩᠭᠠᠷᠠᠭᠤᠯᠤᠨ᠎ᠠ᠃ ᠲᠥᠷᠥ ᠶᠢᠨ ᠶᠠᠪᠤᠳᠠᠯ ᠤᠨ ᠬᠤᠷᠢᠶ᠎ᠠ᠂ ᠥᠪᠡᠷᠲᠡᠭᠡᠨ ᠵᠠᠰᠠᠬᠤ ᠣᠷᠣᠨ᠂ | ᠬᠤᠲᠠ ᠶᠢᠨ ᠵᠠᠰᠠᠭ ᠤᠨ ᠣᠷᠳᠣᠨ ᠤ ᠴᠢᠬᠤᠯᠠ ᠶᠡᠭᠡ ᠲᠥᠷᠥ ᠶᠢᠨ ᠪᠣᠳᠣᠯᠭ᠎ᠠ ᠶᠢ ᠤᠩᠰᠢᠨ ᠲᠠᠶᠢᠯᠪᠤᠷᠢᠯᠠᠬᠤ ᠠᠵᠢᠯ ᠢ ᠰᠠᠶᠢᠲᠤᠷ ᠬᠢᠵᠦ᠂ ᠲᠥᠷᠥ ᠶᠢᠨ | ᠪᠣᠳᠣᠯᠭ᠎ᠠ ᠶᠢᠨ ᠴᠢᠨᠠᠷᠲᠠᠶ ᠪᠢᠴᠢᠭ ᠮᠠᠲ᠋ᠧᠷᠢᠶᠠᠯ ᠪᠠ ᠤᠩᠰᠢᠨ ᠲᠠᠶᠢᠯᠪᠤᠷᠢᠯᠠᠬᠤ ᠲᠥᠰᠦᠯ᠂ ᠤᠩᠰᠢᠨ ᠲᠠᠶᠢᠯᠪᠤᠷᠢᠯᠠᠬᠤ ᠮᠠᠲ᠋ᠧᠷᠢᠶᠠᠯ ᠢ ᠵᠡᠷᠭᠡ ᠳᠤᠨᠢ ᠵᠣᠬᠢᠶᠠᠨ | ᠪᠠᠶᠢᠭᠤᠯᠵᠤ᠂ ᠵᠡᠷᠭᠡ ᠳᠤᠨᠢ ᠬᠢᠨᠠᠨ ᠵᠢᠷᠤᠵᠤ᠂ ᠵᠡᠷᠭᠡ ᠳᠤᠨᠢ ᠪᠠᠶᠢᠷᠢᠯᠠᠭᠤᠯᠬᠤ ᠶᠢ ᠪᠠᠷᠢᠮᠲᠠᠯᠠᠨ᠎ᠠ᠃ ᠭᠤᠷᠪᠠ ᠳᠤ᠂ ᠠᠩᠬᠠᠷᠴᠤ ᠪᠠᠶᠢᠭ᠎ᠠ ᠠᠰᠠᠭᠤᠳᠠᠯ ᠳᠤ | ᠢᠳᠡᠪᠬᠢᠲᠡᠢ ᠬᠠᠷᠢᠭᠤᠯᠲᠠ ᠥᠭᠭᠦᠨ᠎ᠡ᠃ ᠵᠠᠰᠠᠭ ᠤᠨ ᠶᠠᠪᠤᠳᠠᠯ ᠤᠨ ᠶᠠᠷᠢᠶ᠎ᠠ ᠬᠡᠯᠡᠯᠴᠡᠭᠡᠨ ᠤ ᠪᠠᠶᠢᠳᠠᠯ ᠢ ᠴᠤᠭᠯᠠᠭᠤᠯᠬᠤ᠂ ᠵᠥᠪᠳᠡᠯᠴᠡᠬᠦ᠂ ᠰᠤᠳᠤᠯᠤᠨ | ᠮᠠᠭᠠᠳᠯᠠᠬᠤ᠂ ᠬᠠᠷᠢᠭᠤ ᠥᠭᠬᠦ᠂ ᠦᠨᠡᠯᠡᠨ ᠵᠢᠱᠢᠬᠦ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠣᠯᠠᠨ ᠲᠦᠮᠡᠨ ᠤ ᠲᠤᠰᠬᠠᠭᠰᠠᠨ ᠴᠢᠬᠤᠯᠠ ᠶᠡᠭᠡ | ᠠᠰᠠᠭᠤᠳᠠᠯ ᠶᠢ ᠪᠠᠶᠢᠴᠠᠭᠠᠨ ᠰᠢᠶᠳᠪᠦᠷᠢᠯᠡᠭᠰᠡᠨ ᠪᠠᠶᠢᠳᠠᠯ ᠢ ᠴᠠᠭ ᠲᠤᠬᠠᠶ ᠳᠤᠨᠢ ᠨᠡᠶᠢᠲᠡᠯᠡᠨ᠎ᠡ᠃ ᠲᠦᠷᠪᠡ ᠳᠤ ᠲᠠᠪᠴᠠᠩ ᠤᠨ ᠪᠠᠶᠢᠭᠤᠯᠤᠯᠲᠠ ᠶᠢ | ᠴᠢᠩᠭᠠᠳᠬᠠᠨ᠎ᠠ᠃ ᠵᠠᠰᠠᠭ ᠤᠨ ᠣᠷᠳᠣᠨ ᠤ ᠰᠦᠯᠵᠢᠶᠡᠨ ᠤ ᠪᠠᠶᠢᠭᠤᠯᠤᠯᠲᠠ ᠶᠢ ᠠᠬᠢᠭᠤᠯᠵᠤ᠂ ᠬᠠᠮ ᠵᠠᠭᠤᠴᠢᠯᠠᠭᠤᠷ ᠲᠠᠢ ᠬᠠᠮᠵᠢᠯᠴᠠᠨ ᠬᠤᠯᠪᠣᠭᠠᠯᠠᠨ | ᠬᠥᠳᠡᠯᠦᠯᠴᠡᠬᠦ ᠶᠢ ᠴᠢᠩᠭᠠᠳᠬᠠᠵᠤ᠂ ᠵᠠᠰᠠᠭ ᠤᠨ ᠶᠠᠪᠤᠳᠠᠯ ᠢ ᠢᠯᠡ ᠪᠣᠯᠭᠠᠬᠤ ᠶᠢ ᠪᠦᠬᠦ ᠲᠠᠯ᠎ᠠ ᠪᠠᠷ ᠠᠬᠢᠭᠤᠯᠤᠨ᠎ᠠ᠃ ᠲᠠᠪᠤ ᠳᠤ᠂ ᠣᠯᠠᠨ ᠨᠡᠶᠢᠲᠡ ᠶᠢᠨ | ᠣᠷᠣᠯᠴᠠᠬᠤ ᠶᠢ ᠥᠷᠭᠡᠳᠬᠡᠨ᠎ᠡ᠃ ᠣᠯᠠᠨ ᠨᠡᠶᠢᠲᠡ ᠶᠢᠨ ᠣᠷᠣᠯᠴᠠᠬᠤ ᠠᠷᠭ᠎ᠠ ᠮᠠᠶ᠋ᠢᠭ ᠢ ᠵᠢᠷᠤᠮᠵᠢᠭᠤᠯᠵᠤ᠂ ᠣᠯᠠᠨ ᠨᠡᠶᠢᠲᠡ ᠶᠢᠨ ᠣᠷᠣᠯᠴᠠᠬᠤ ᠠᠷᠭ᠎ᠠ ᠵᠠᠮ ᠢ | ᠲᠡᠭᠦᠯᠳᠡᠷᠵᠢᠭᠦᠯᠦᠨ᠎ᠡ᠃ ᠵᠢᠷᠭᠤᠭ᠎ᠠ ᠳᠤ᠂ ᠵᠠᠰᠠᠭ ᠤᠨ ᠶᠠᠪᠤᠳᠠᠯ ᠢ ᠢᠯᠡ ᠪᠣᠯᠭᠠᠬᠤ ᠡᠳᠦᠷ ᠲᠤᠲᠤᠮ ᠤᠨ ᠬᠠᠮᠢᠶᠠᠷᠤᠯᠲᠠ ᠶᠢ ᠴᠢᠩᠭᠠᠳᠬᠠᠨ᠎ᠠ᠃ ᠵᠠᠰᠠᠭ ᠤᠨ | ᠶᠠᠪᠤᠳᠠᠯ ᠢ ᠢᠯᠡ ᠪᠣᠯᠭᠠᠬᠤ ᠶᠢ ᠪᠠᠶᠢᠭᠤᠯᠤᠯᠭ᠎ᠠ ᠶᠢᠨ ᠵᠠᠰᠠᠭ ᠵᠠᠬᠢᠷᠭᠠᠨ ᠤ ᠬᠦᠴᠦᠨ ᠴᠢᠳᠠᠪᠤᠷᠢ ᠶᠢᠨ ᠪᠠᠶᠢᠭᠤᠯᠤᠯᠲᠠ ᠪᠠ ᠦᠶᠯᠡᠴᠢᠯᠡᠭᠡᠨ ᠤ ᠬᠡᠯᠪᠡᠷᠢ ᠶᠢᠨ | ᠵᠠᠰᠠᠭ ᠤᠨ ᠣᠷᠳᠣᠨ ᠤ ᠪᠠᠶᠢᠭᠤᠯᠤᠯᠲᠠ ᠶᠢ ᠵᠢᠷᠤᠮᠵᠢᠭᠤᠯᠬᠤ ᠴᠢᠬᠤᠯᠠ ᠠᠭᠤᠯᠭ᠎ᠠ ᠪᠣᠯᠭᠠᠵᠤ᠂ ᠡᠳᠦᠷ ᠲᠤᠲᠤᠮ ᠤᠨ ᠬᠠᠮᠢᠶᠠᠷᠤᠯᠲᠠ ᠳᠤ ᠣᠷᠣᠭᠤᠯᠤᠨ᠎ᠠ᠃ | 《ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠪᠠᠷ ᠵᠠᠷᠴᠢᠮ ᠪᠣᠯᠭᠠᠵᠤ᠂ ᠢᠯᠡ ᠪᠣᠯᠭᠠᠬᠤ ᠦᠭᠡᠶ ᠪᠠᠷ ᠣᠨᠴᠠᠭᠠᠶ ᠵᠦᠶᠯ ᠪᠣᠯᠭᠠᠬᠤ》ᠦᠵᠡᠯ | ᠤᠬᠠᠮᠰᠠᠷ ᠤᠨ ᠬᠥᠮᠦᠵᠢᠯ ᠢ ᠤᠯᠠᠮ ᠨᠢᠭᠡ ᠠᠯᠬᠤᠮ ᠴᠢᠩᠭᠠᠷᠠᠭᠤᠯᠵᠤ᠂ ᠵᠠᠰᠠᠭ ᠤᠨ ᠶᠠᠪᠤᠳᠠᠯ ᠢ ᠢᠯᠡ ᠪᠣᠯᠭᠠᠬᠤ ᠡᠯ᠎ᠡ ᠵᠦᠶᠯ ᠤᠨ ᠳᠦᠷᠢᠮ ᠢ ᠴᠢᠩᠭ᠎ᠠ | ᠨᠠᠶᠢᠳᠠᠪᠤᠷᠢᠵᠢᠭᠤᠯᠵᠤ᠂ ᠵᠠᠰᠠᠭ ᠤᠨ ᠶᠠᠪᠤᠳᠠᠯ ᠢ ᠢᠯᠡ ᠪᠣᠯᠭᠠᠬᠤ ᠶᠢᠨ ᠳᠣᠲᠣᠭᠠᠳᠤ ᠶᠢᠨ ᠠᠯᠪᠠᠲᠠᠨ ᠤ ᠡᠳᠦᠷ ᠲᠤᠲᠤᠮ ᠤᠨ ᠦᠢᠯᠡ ᠠᠵᠢᠯᠯᠠᠭ᠎ᠠ ᠶᠢᠨ | ᠪᠠᠷᠢᠮᠵᠢᠶ᠎ᠠ ᠪᠣᠯᠭᠠᠨ ᠬᠤᠪᠢᠷᠠᠭᠤᠯᠤᠨ᠎ᠠ᠃ ᠲᠤᠯᠤᠭ᠎ᠠ ᠳᠤ᠂ ᠲᠤᠬᠠᠶᠢᠯᠠᠭᠰᠠᠨ ᠠᠵᠢᠯ ᠤᠨ ᠰᠤᠷᠤᠯᠴᠠᠯᠭ᠎ᠠ ᠶᠢ ᠴᠢᠩᠭᠠᠳᠬᠠᠨ᠎ᠠ᠃ ᠡᠯ᠎ᠡ ᠲᠥᠷᠥᠯ ᠤᠨ ᠮᠡᠳᠡᠭᠡ | ᠵᠠᠩᠭᠢ ᠶᠢ ᠢᠯᠡ ᠪᠣᠯᠭᠠᠬᠤ ᠬᠠᠮᠢᠶ᠎ᠠ ᠪᠦᠬᠦᠢ ᠬᠠᠤᠯᠢ ᠲᠣᠭᠲᠠᠭᠠᠯ᠂ ᠳᠦᠷᠢᠮ ᠤᠨ ᠪᠣᠯᠪᠠᠰᠤᠷᠠᠯ ᠢ ᠢᠳᠡᠪᠬᠢᠲᠡᠶ ᠵᠣᠬᠢᠶᠠᠨ ᠪᠠᠶᠢᠭᠤᠯᠵᠤ᠂《ᠵᠠᠰᠠᠭ ᠤᠨ ᠣᠷᠳᠣᠨ | ᠤ ᠮᠡᠳᠡᠭᠡ ᠵᠠᠩᠭᠢ ᠶᠢ ᠢᠯᠡ ᠪᠣᠯᠭᠠᠬᠤ ᠳᠦᠷᠢᠮ》ᠵᠡᠷᠭᠡ ᠳᠦᠷᠢᠮ ᠲᠣᠭᠲᠠᠭᠠᠯ ᠢ ᠭᠤᠤᠯᠳᠠᠯᠭ᠎ᠠ ᠲᠠᠢ ᠰᠤᠷᠤᠯᠴᠠᠵᠤ᠂ ᠵᠠᠰᠠᠭ ᠤᠨ ᠶᠠᠪᠤᠳᠠᠯ ᠢ ᠢᠯᠡ ᠪᠣᠯᠭᠠᠬᠤ | ᠠᠵᠢᠯᠲᠠᠨ ᠤ ᠠᠵᠢᠯ ᠤᠨ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ᠃ | | ᠪᠠᠶ᠋ᠬᠠᠣᠪᠤᠭ᠎ᠠ ᠠᠭᠤᠷᠬᠠᠢ ᠶᠢᠨ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠭᠡᠷ | 2020 ᠣᠨ ᠤ 1 ᠰᠠᠷ᠎ᠠ ᠶᠢᠨ 23 ᠤ ᠡᠳᠦᠷ |