ᠪᠠᠶᠠᠬᠤᠪᠤᠭ᠎ᠠ ᠠᠭᠤᠷᠬᠠᠢ ᠶᠢᠨ ᠲᠣᠭᠤᠷᠢᠭ ᠤᠨ ᠵᠠᠰᠠᠭ ᠤᠨ ᠣᠷᠳᠣᠨ ᠤ ᠲᠠᠷᠬᠠᠭᠠᠭᠰᠠᠨ | ︹2020︺ 6 ᠳ᠋ᠤᠭᠠᠷ ᠲᠣᠭᠠᠲᠤ | | | ᠪᠠᠶᠠᠬᠤᠪᠤᠭ᠎ᠠ ᠠᠭᠤᠷᠬᠠᠢ ᠶᠢᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ | ᠳᠣᠯᠣᠳᠤᠭᠠᠷ ᠤᠳᠠᠭᠠᠨ ᠤ ᠪᠦᠬᠦ ᠤᠯᠤᠰ ᠤᠨ ᠬᠥᠮᠦᠨ ᠠᠮᠠ ᠶᠢᠨ | ᠨᠡᠶᠢᠳᠡᠮ ᠪᠠᠶᠢᠴᠠᠭᠠᠯᠲᠠ ᠶᠢᠨ ᠠᠵᠢᠯ ᠢ ᠰᠠᠶᠢᠲᠤᠷ ᠬᠢᠬᠦ ᠲᠤᠬᠠᠶ ᠮᠡᠳᠡᠭᠳᠡᠯ | | | ᠲᠤᠭᠤᠷᠢᠭ ᠲᠤ ᠬᠠᠷᠢᠶᠠᠯᠠᠭᠳᠠᠬᠤ᠂ ᠲᠣᠭᠤᠷᠢᠭ ᠲᠤ ᠰᠠᠭᠤᠭ᠎ᠠ ᠡᠯ᠎ᠡ ᠬᠤᠯᠪᠤᠭᠳᠠᠯ ᠪᠦᠬᠦᠢ ᠰᠠᠯᠠᠭ᠎ᠠ ᠮᠥᠴᠢᠷ᠂ ᠪᠠᠶᠢᠭᠤᠯᠭ᠎ᠠ ᠨᠢᠭᠡᠴᠢ ᠂ ᠡᠯ᠎ᠡ ᠵᠡᠭᠡᠯᠢ | ᠭᠤᠳᠤᠮᠵᠢ ︵ᠨᠡᠶᠢᠭᠡᠮ ᠲᠣᠭᠤᠷᠢᠭ︶᠄ | ︽ᠳᠣᠯᠣᠳᠤᠭᠠᠷ ᠤᠳᠠᠭᠠᠨ ᠤ ᠪᠥᠬᠦ ᠤᠯᠤᠰ ᠤᠨ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢᠨ ᠠᠵᠢᠯ ᠢ ᠰᠠᠶᠢᠲᠤᠷ ᠬᠢᠬᠦ ᠲᠤᠬᠠᠶ ᠪᠤᠭᠤᠲᠤ ᠶᠢᠨ | ᠠᠷᠠᠳ ᠤᠨ ᠵᠠᠰᠠᠭ ᠤᠨ ᠣᠷᠳᠣᠨ ᠤ ᠮᠡᠳᠡᠭᠳᠡᠯ︾ ︵ ᠪᠤᠭᠤᠳᠤ ᠬᠤᠲᠠ ᠶᠢᠨ ᠵᠠᠰᠠᠭ ᠤᠨ ᠣᠷᠳᠣᠨ ᠤ ᠲᠠᠷᠬᠠᠭᠠᠭᠰᠠᠨ ︹ 2020︺ 4 ᠳ᠋ᠤᠭᠡᠷ ᠲᠣᠭᠠᠲᠤ︶ | ᠤᠨ ᠵᠣᠷᠢᠭ ᠰᠠᠨᠠᠭ᠎ᠠ ᠶᠢ ᠬᠢᠨᠠᠮᠠᠭᠠᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠮᠠᠨ ᠤ ᠲᠤᠭᠤᠷᠢᠭ ᠤᠨ ᠳᠣᠯᠣᠳᠤᠭᠠᠷ ᠤᠳᠠᠭᠠᠨ ᠤ ᠪᠦᠬᠦ ᠤᠯᠤᠰ ᠤᠨ ᠬᠥᠮᠦᠨ | ᠠᠮᠠ ᠶᠢᠨ ᠨᠡᠶᠢᠳᠡᠮ ᠪᠠᠶᠢᠴᠠᠭᠠᠯᠲᠠ ᠶᠢᠨ ᠠᠵᠢᠯ ᠢ ᠦᠨᠡᠨᠬᠦ ᠰᠠᠶᠢᠲᠤᠷ ᠬᠢᠵᠦ᠂ ᠬᠥᠮᠦᠨ ᠠᠮᠠ ᠶᠢᠨ ᠲᠤᠭ᠎ᠠ ᠬᠡᠮᠵᠢᠶ᠎ᠡ᠂ ᠪᠦᠲᠦᠴᠡ᠂ ᠲᠠᠷᠬᠠᠯᠲᠠ᠂ ᠬᠤᠲᠠ | ᠬᠥᠳᠡᠭᠡ ᠶᠢᠨ ᠣᠷᠣᠨ ᠰᠠᠭᠤᠴᠠ ᠵᠡᠷᠭᠡ ᠲᠠᠯ᠎ᠠ ᠶᠢᠨ ᠪᠠᠶᠢᠳᠠᠯ ᠢ ᠪᠦᠬᠦ ᠲᠠᠯ᠎ᠠ ᠪᠠᠷ ᠪᠠᠶᠢᠴᠠᠭᠠᠨ ᠲᠣᠳᠣᠯᠠᠵᠤ᠂ ᠡᠳᠦᠭᠡ ᠬᠤᠯᠪᠣᠭᠳᠠᠯ ᠪᠦᠬᠦᠢ ᠤᠴᠢᠷ ᠢ | ᠳᠣᠤᠷᠠᠬᠢ ᠮᠡᠲᠦ ᠮᠡᠳᠡᠭᠳᠡᠶ᠎ᠡ᠄ | ᠨᠢᠭᠡ᠂ ᠨᠡᠶᠢᠳᠡᠮ ᠪᠠᠶᠢᠴᠠᠭᠠᠭᠳᠠᠬᠤ ᠡᠲᠡᠭᠡᠳ᠂ ᠠᠭᠤᠯᠭ᠎ᠠ ᠪᠠ ᠴᠠᠭ ᠬᠤᠭᠤᠴᠠᠭ᠎ᠠ | ᠳᠣᠯᠣᠳᠤᠭᠠᠷ ᠤᠳᠠᠭᠠᠨ ᠤ ᠪᠦᠬᠦ ᠤᠯᠤᠰ ᠤᠨ ᠬᠥᠮᠦᠨ ᠠᠮᠠ ᠶᠢᠨ ᠨᠡᠶᠢᠳᠡᠮ ᠪᠠᠶᠢᠴᠠᠭᠠᠭᠳᠠᠬᠤ ᠡᠲᠡᠭᠡᠳ ᠪᠣᠯ ᠨᠡᠶᠢᠳᠡᠮ ᠪᠠᠶᠢᠴᠠᠭᠠᠯᠲᠠ ᠶᠢᠨ ᠪᠠᠷᠢᠮᠵᠢᠶ᠎ᠠ | ᠪᠣᠯᠭᠠᠬᠤ ᠪᠠᠷ ᠲᠣᠭᠲᠠᠭᠰᠠᠨ ᠴᠠᠭ ᠲᠠᠬᠢ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠢᠯᠢ ᠲᠤᠳᠤᠷᠠᠬᠢ ᠪᠠᠶᠢᠭᠠᠯᠢ ᠬᠥᠮᠦᠨ ᠵᠢᠴᠢ ᠪᠥᠬᠦᠳᠡ | ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠢᠯᠢ ᠶᠢᠨ ᠭᠠᠳᠠᠨ᠎ᠠ ᠪᠠᠶᠢᠭ᠎ᠠ ᠪᠣᠯᠪᠠᠴᠤ ᠰᠠᠭᠤᠷᠢᠰᠢᠭ᠎ᠠ ᠦᠭᠡᠶ ᠳᠤᠮᠳᠠᠳᠤ ᠤᠯᠤᠰ ᠤᠨ ᠠᠷᠠᠳ ᠢᠷᠭᠡᠨ ᠪᠣᠯᠤᠨ᠎ᠠ | ᠂ ᠡᠭᠦᠨ ᠳᠤ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠢᠯᠢ ᠳᠤ ᠲᠦᠷ ᠰᠠᠭᠠᠲᠠᠭᠰᠠᠨ ᠬᠢᠯᠢ ᠶᠢᠨ ᠭᠠᠳᠠᠨᠠᠬᠢ ᠬᠥᠮᠦᠰ ᠢ ᠪᠠᠭᠳᠠᠭᠠᠬᠤ ᠦᠭᠡᠶ᠃ | ᠨᠡᠶᠢᠳᠡᠮ ᠪᠠᠶᠢᠴᠠᠭᠠᠯᠲᠠ ᠳᠤ ᠭᠤᠣᠯᠳᠠᠭᠤ ᠬᠥᠮᠦᠨ ᠠᠮᠠ ᠪᠠ ᠰᠠᠭᠤᠭᠠᠯᠢ ᠡᠷᠦᠬᠡ ᠶᠢᠨ ᠦᠨᠳᠦᠰᠦᠨ ᠪᠠᠶᠢᠳᠠᠯ ᠳᠤ ᠪᠠᠶᠢᠴᠠᠭᠠᠯᠲᠠ ᠬᠢᠨ᠎ᠡ᠂ ᠠᠭᠤᠯᠭ᠎ᠠ ᠳᠤ ᠨᠢ᠄ | ᠣᠪᠣᠭ ᠨᠡᠷ᠎ᠡ᠂ ᠡᠷᠬᠡᠳᠦ ᠠᠷᠠᠳ ᠤᠨ ᠪᠡᠶ᠎ᠡ ᠶᠢᠨ ᠦᠨᠡᠮᠯᠠᠯ ᠤᠨ ᠨᠣᠮᠧᠷ᠂ ᠬᠦᠢᠰᠦ ᠢᠯᠭᠠᠯ᠂ ᠨᠠᠰᠤ᠂ ᠦᠨᠳᠦᠰᠦᠲᠡᠨ᠂ ᠰᠤᠷᠭᠠᠨ ᠬᠥᠮᠦᠵᠢᠯ ᠬᠦᠷᠲᠡᠭᠰᠡᠨ | ᠬᠡᠮᠵᠢᠶ᠎ᠡ᠂ ᠠᠵᠢᠯ ᠲᠥᠷᠥᠯ᠂ ᠡᠷᠬᠢᠯᠡᠭᠰᠡᠨ ᠠᠵᠢᠯ᠂ ᠨᠠᠭᠦᠵᠦ ᠰᠢᠯᠵᠢᠭᠰᠡᠨ᠂ ᠣᠷᠤᠭᠯᠠᠵᠤ ᠬᠦᠩᠭᠡᠵᠢᠭᠰᠡᠨ᠂ ᠨᠠᠰᠤ ᠪᠠᠷᠠᠭᠰᠠᠨ᠂ ᠣᠷᠣᠨ ᠰᠠᠭᠤᠴᠠ ᠶᠢᠨ | ᠪᠠᠶᠢᠳᠠᠯ ᠵᠡᠷᠭᠡ ᠶᠢ ᠪᠠᠭᠳᠠᠭᠠᠨ᠎ᠠ᠃ | ᠨᠡᠶᠢᠳᠡᠮ ᠪᠠᠶᠢᠴᠠᠭᠠᠯᠲᠠ ᠶᠢᠨ ᠪᠠᠷᠢᠮᠵᠢᠶ᠎ᠠ ᠪᠣᠯᠭᠠᠬᠤ ᠪᠠᠷ ᠲᠣᠭᠲᠠᠭᠰᠠᠨ ᠴᠠᠭ ᠪᠣᠯ 2020 ᠣᠨ ᠤ 11 ᠳ᠋ᠦ᠋ᠭᠡᠷ ᠰᠠᠷ᠎ᠠ ᠶᠢᠨ 1 ᠤ ᠡᠳᠦᠷ ᠤᠨ ᠲᠡᠭ | ᠴᠠᠭ ᠪᠣᠯᠤᠨ᠎ᠠ᠃ | ᠬᠤᠶᠠᠷ᠂ ᠨᠡᠶᠢᠳᠡᠮ ᠪᠠᠶᠢᠴᠠᠭᠠᠯᠲᠠ ᠶᠢ ᠵᠣᠬᠢᠶᠠᠨ ᠪᠠᠶᠢᠭᠤᠯᠤᠨ ᠶᠠᠪᠤᠭᠳᠠᠭᠤᠯᠬᠤ ᠬᠡᠷᠡᠭᠲᠡᠶ | ︵ᠨᠢᠭᠡ︶ ᠵᠣᠬᠢᠶᠠᠨ ᠪᠠᠶᠢᠭᠤᠯᠵᠤ ᠤᠳᠤᠷᠢᠳᠬᠤ ᠶᠢ ᠴᠢᠩᠭᠠᠳᠬᠠᠬᠤ ᠬᠡᠷᠡᠭᠲᠡᠶ᠃ ᠳᠣᠯᠣᠳᠤᠭᠠᠷ ᠤᠳᠠᠭᠠᠨ ᠤ ᠪᠦᠬᠦ ᠤᠯᠤᠰ ᠤᠨ ᠬᠥᠮᠦᠨ ᠠᠮᠠ ᠶᠢᠨ | ᠨᠡᠶᠢᠳᠡᠮ ᠪᠠᠶᠢᠴᠠᠭᠠᠯᠲᠠ ᠳᠤ ᠬᠤᠯᠪᠣᠭᠳᠠᠬᠤ ᠬᠦᠷᠢᠶ᠎ᠡ ᠬᠡᠪᠴᠢᠶ᠎ᠡ ᠥᠷᠭᠡᠨ᠂ ᠣᠷᠣᠯᠴᠠᠬᠤ ᠰᠠᠯᠠᠭ᠎ᠠ ᠮᠥᠴᠢᠷ ᠣᠯᠠᠨ᠂ ᠮᠡᠷᠭᠡᠵᠢᠯ ᠤᠨ ᠱᠠᠭᠠᠷᠳᠠᠯᠭ᠎ᠠ ᠥᠨᠳᠥᠷ᠂ | ᠠᠵᠢᠯ ᠤᠨ ᠬᠦᠴᠢᠷᠳᠡᠯ ᠶᠡᠭᠡ ᠪᠠᠶᠢᠵᠤ᠂ ᠡᠯ᠎ᠡ ᠰᠠᠯᠠᠭ᠎ᠠ ᠮᠥᠴᠢᠷ᠂ ᠨᠡᠶᠢᠭᠡᠮ ᠲᠣᠭᠤᠷᠢᠭ ︽ᠪᠦᠬᠦ ᠲᠤᠭᠤᠷᠢᠭ ᠤᠨ ᠨᠢᠭᠡᠳᠦᠯᠲᠡᠶ ᠤᠳᠤᠷᠢᠳᠬᠤ᠂ ᠰᠠᠯᠠᠭ᠎ᠠ | ᠮᠥᠴᠢᠷ ᠠᠵᠢᠯ ᠢᠶᠠᠨ ᠬᠤᠪᠢᠳᠠᠨ ᠬᠠᠮᠵᠢᠯᠴᠠᠬᠤ᠂ ᠬᠠᠮᠲᠤ ᠪᠠᠷ ᠣᠷᠣᠯᠴᠠᠬᠤ︾ ᠵᠠᠷᠴᠢᠮ ᠶᠣᠰᠣᠭᠠᠷ᠂ ᠡᠯ᠎ᠡ ᠰᠠᠯᠠᠭ᠎ᠠ ᠮᠥᠴᠢᠷ ᠨᠢ ᠤᠯᠤᠰ ᠲᠥᠷᠥ ᠶᠢᠨ | ᠵᠣᠭᠰᠣᠴᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠨᠡᠶᠢᠳᠡᠮ ᠪᠠᠶᠢᠴᠠᠭᠠᠯᠲᠠ ᠶᠢᠨ ᠵᠣᠬᠢᠶᠠᠨ ᠪᠠᠶᠢᠭᠤᠯᠵᠤ ᠬᠡᠷᠡᠭᠵᠢᠭᠦᠯᠬᠦ ᠡᠯ᠎ᠡ ᠵᠦᠢᠯ ᠤᠨ ᠠᠵᠢᠯ ᠢ | ᠪᠦᠬᠦ ᠬᠦᠴᠦᠨ ᠢᠶᠠᠷ ᠢᠶᠠᠨ ᠰᠠᠶᠢᠲᠤᠷ ᠬᠢᠬᠦ ᠬᠡᠷᠡᠭᠲᠡᠶ᠃ ᠨᠡᠶᠢᠳᠡᠮ ᠪᠠᠶᠢᠴᠠᠭᠠᠯᠲᠠ ᠶᠢᠨ ᠠᠵᠢᠯ ᠤᠨ ᠵᠣᠬᠢᠶᠠᠨ ᠪᠠᠶᠢᠭᠤᠯᠵᠤ ᠤᠳᠤᠷᠢᠳᠬᠤ ᠶᠢ | ᠴᠢᠩᠭᠠᠳᠬᠠᠬᠤ ᠶᠢᠨ ᠲᠥᠯᠥᠭᠡ᠂ ᠲᠤᠭᠤᠷᠢᠭ ᠤᠨ ᠵᠠᠰᠠᠭ ᠤᠨ ᠣᠷᠳᠣᠨ ᠳᠣᠯᠣᠳᠤᠭᠠᠷ ᠤᠳᠠᠭᠠᠨ ᠤ ᠪᠦᠬᠦ ᠤᠯᠤᠰ ᠤᠨ ᠬᠥᠮᠦᠨ ᠠᠮᠠ ᠶᠢᠨ ᠨᠡᠶᠢᠳᠡᠮ | ᠪᠠᠶᠢᠴᠠᠭᠠᠯᠲᠠ ᠶᠢᠨ ᠤᠳᠤᠷᠢᠳᠬᠤ ᠳᠤᠭᠤᠶᠢᠯᠠᠩ ︵ᠳᠠᠭᠠᠯᠳᠤᠭᠤᠯᠤᠯ ᠲᠤ ᠦᠵᠡ︶ ᠪᠠᠶᠢᠭᠤᠯᠵᠤ᠂ ᠪᠦᠬᠦ ᠲᠤᠭᠤᠷᠢᠭ ᠤᠨ ᠨᠡᠶᠢᠳᠡᠮ ᠪᠠᠶᠢᠴᠠᠭᠠᠯᠲᠠ ᠶᠢᠨ | ᠠᠵᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠬᠦ ᠶᠠᠪᠤᠴᠠ ᠳᠠᠬᠢ ᠴᠢᠬᠤᠯᠠ ᠶᠡᠭᠡ ᠠᠰᠠᠭᠤᠳᠠᠯ ᠤᠳ ᠢ ᠰᠤᠳᠤᠯᠬᠤ ᠪᠠ ᠰᠢᠢᠳᠪᠦᠷᠢᠲᠦ ᠪᠣᠳᠣᠯᠭ᠎ᠠ | ᠲᠣᠭᠲᠠᠭᠠᠬᠤ ᠶᠢ ᠬᠠᠷᠢᠭᠤᠴᠠᠬᠤ ᠬᠡᠷᠡᠭᠲᠡᠶ᠃ ᠨᠡᠶᠢᠳᠡᠮ ᠪᠠᠶᠢᠴᠠᠭᠠᠯᠲᠠ ᠶᠢᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠢ ᠲᠣᠭᠤᠷᠢᠭ ᠤᠨ ᠲᠤᠭ᠎ᠠ | ᠪᠦᠷᠢᠳᠬᠡᠯ ᠤᠨ ᠲᠣᠪᠴᠢᠶ᠎ᠠ ᠳᠤ ᠲᠤᠬᠢᠷᠠᠭᠤᠯᠵᠦ᠂ ᠨᠡᠶᠢᠳᠡᠮ ᠪᠠᠶᠢᠴᠠᠭᠠᠯᠲᠠ ᠶᠢᠨ ᠠᠵᠢᠯ ᠢ ᠵᠣᠬᠢᠶᠠᠨ ᠪᠠᠶᠢᠭᠤᠯᠵᠤ ᠬᠡᠷᠡᠭᠵᠢᠭᠦᠯᠬᠦ ᠶᠢ ᠪᠣᠳᠠᠲᠠᠶ ᠬᠠᠷᠢᠭᠤᠴᠠᠨ᠎ᠠ᠃ | | ︵ᠬᠤᠶᠠᠷ︶ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢ ᠲᠣᠳᠣᠷᠬᠠᠶᠢᠯᠠᠬᠤ ᠬᠡᠷᠡᠭᠲᠡᠶ᠃ ᠲᠤᠭᠤᠷᠢᠭ ᠤᠨ ᠳᠣᠯᠣᠳᠤᠭᠠᠷ ᠤᠳᠠᠭᠠᠨ ᠤ | ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢᠨ ᠤᠳᠤᠷᠢᠳᠬᠤ ᠳᠤᠭᠤᠶᠢᠯᠠᠩ ᠤᠨ ᠡᠯ᠎ᠡ ᠪᠦᠷᠢᠯᠳᠦᠬᠦᠨ ᠨᠢᠭᠡᠴᠢ ᠨᠢ ᠡᠭᠦᠷᠭᠡ ᠬᠠᠷᠢᠭᠤᠴᠠᠯᠭ᠎ᠠ ᠠᠵᠢᠯ ᠤᠨ | ᠬᠤᠪᠢᠶᠠᠷᠢᠯᠠᠯ ᠤᠨ ᠶᠣᠰᠣᠭᠠᠷ᠂ ᠲᠣᠰ ᠲᠣᠰ ᠤᠨ ᠬᠠᠷᠢᠭᠤᠴᠠᠯᠭ᠎ᠠ ᠪᠠᠨ ᠡᠭᠦᠷᠭᠡᠯᠡᠵᠦ᠂ ᠬᠦᠴᠦ ᠪᠠᠨ ᠬᠠᠮᠲᠤᠳᠬᠠᠨ ᠬᠤᠷᠰᠢᠯᠴᠠᠵᠤ᠂ ᠨᠢᠭᠲᠠ ᠬᠠᠮᠵᠢᠯᠴᠠᠨ | ᠠᠵᠢᠯᠯᠠᠵᠤ᠂ ᠨᠡᠶᠢᠳᠡᠮ ᠪᠠᠶᠢᠴᠠᠭᠠᠯᠲᠠ ᠶᠢᠨ ᠠᠵᠢᠯ ᠢ ᠬᠠᠮᠲᠤᠪᠠᠷ ᠰᠠᠶᠢᠲᠤᠷ ᠬᠢᠬᠦ ᠬᠡᠷᠡᠭᠲᠡᠶ᠃ ᠨᠡᠶᠢᠳᠡᠮ ᠪᠠᠶᠢᠴᠠᠭᠠᠯᠲᠠ ᠶᠢᠨ ᠠᠵᠢᠯ ᠤᠨ ᠳᠤᠮᠳᠠ | ᠲᠤᠯᠭᠠᠷᠠᠭᠰᠠᠨ ᠬᠦᠴᠢᠷᠳᠡᠯ ᠪᠤᠶᠤ ᠠᠰᠠᠭᠤᠳᠠᠯ ᠢ ᠴᠠᠭ ᠲᠤᠬᠠᠶ ᠳᠤᠨᠢ ᠠᠷᠭ᠎ᠠ ᠬᠡᠮᠵᠢᠶ᠎ᠡ ᠠᠪᠴᠤ ᠰᠢᠢᠳᠪᠤᠷᠢᠯᠡᠬᠦ ᠬᠡᠷᠡᠭᠲᠡᠶ᠃ ᠲᠤᠭᠤᠷᠢᠭ ᠤᠨ ᠲᠤᠭ᠎ᠠ | ᠪᠦᠷᠢᠳᠬᠡᠯ ᠤᠨ ᠲᠣᠪᠴᠢᠶ᠎ᠠ ᠨᠢ ᠨᠡᠶᠢᠳᠡᠮ ᠪᠠᠶᠢᠴᠠᠭᠠᠯᠲᠠ ᠶᠢᠨ ᠠᠵᠢᠯ ᠢ ᠪᠣᠳᠠᠲᠠᠶ ᠵᠣᠬᠢᠶᠠᠨ ᠪᠠᠶᠢᠭᠤᠯᠵᠤ ᠬᠡᠷᠡᠭᠵᠢᠭᠦᠯᠬᠦ ᠶᠢ ᠬᠠᠷᠢᠭᠤᠴᠠᠵᠤ᠂ ᠲᠤᠬᠠᠶᠢᠯᠠᠭᠰᠠᠨ | ᠠᠵᠢᠯ ᠤᠨ ᠵᠢᠯᠤᠭᠤᠳᠤᠯᠭ᠎ᠠ ᠪᠣᠯᠤᠨ ᠮᠡᠷᠭᠡᠵᠢᠯ ᠤᠨ ᠪᠠᠲᠤᠯᠠᠭ᠎ᠠ ᠵᠡᠷᠭᠡ ᠠᠵᠢᠯ ᠢ ᠪᠦᠬᠦ ᠲᠠᠯ᠎ᠠ ᠪᠠᠷ ᠬᠠᠷᠢᠭᠤᠴᠠᠨ᠎ᠠ᠃ ᠲᠤᠭᠤᠷᠢᠭ ᠤᠨ ᠤᠬᠠᠭᠤᠯᠬᠤ ᠬᠡᠯᠲᠡᠰ ᠨᠢ | ᠨᠡᠶᠢᠳᠡᠮ ᠪᠠᠶᠢᠴᠠᠭᠠᠯᠲᠠ ᠶᠢᠨ ᠤᠬᠠᠭᠤᠯᠬᠤ ᠠᠵᠢᠯ ᠢ ᠵᠣᠬᠢᠴᠠᠭᠤᠯᠤᠨ ᠰᠠᠶᠢᠲᠤᠷ ᠬᠢᠬᠦ ᠪᠠ ᠰᠣᠨᠢᠨ ᠮᠡᠳᠡᠭᠡᠨ ᠤ ᠵᠠᠭᠤᠴᠢᠯᠠᠭᠤᠷ ᠯᠤᠭ᠎ᠠ ᠶᠢᠨ ᠵᠣᠬᠢᠶᠠᠨ | ᠪᠠᠶᠢᠭᠤᠯᠵᠦ ᠵᠣᠬᠢᠴᠠᠭᠤᠯᠬᠤ ᠬᠤᠯᠪᠣᠭᠳᠠᠯ ᠪᠦᠬᠦᠢ ᠠᠵᠢᠯ ᠢ ᠬᠠᠷᠢᠭᠤᠴᠠᠨ᠎ᠠ᠃ ᠲᠤᠭᠤᠷᠢᠭ ᠤᠨ ᠢᠨᠲ᠋ᠧᠷ ᠰᠦᠯᠵᠢᠶ᠎ᠡ ᠶᠢᠨ ᠮᠡᠳᠡᠭᠡ ᠵᠠᠩᠭᠢ ᠶᠢᠨ ᠠᠯᠪᠠᠨ | ᠭᠡᠷ ᠨᠢ ᠨᠡᠶᠢᠳᠡᠮ ᠪᠠᠶᠢᠴᠠᠭᠠᠯᠲᠠ ᠶᠢᠨ ᠲᠣᠮᠣ ᠳ᠋ᠠᠶᠢᠲ᠋ᠠ ᠶᠢᠨ ᠬᠡᠷᠡᠭᠯᠡᠯᠲᠡ ᠪᠠ ᠢᠨᠲ᠋ᠧᠷ ᠰᠦᠯᠵᠢᠶᠡᠨ ᠤ ᠤᠬᠠᠭᠤᠯᠭ᠎ᠠ ᠶᠢᠨ ᠬᠤᠯᠪᠣᠭᠳᠠᠯ ᠪᠦᠬᠦᠢ ᠠᠵᠢᠯ ᠢ | ᠵᠣᠬᠢᠴᠠᠭᠤᠯᠬᠤ ᠶᠢ ᠬᠠᠷᠢᠭᠤᠴᠠᠨ᠎ᠠ᠃ ᠲᠤᠭᠤᠷᠢᠭ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠨᠢ ᠨᠡᠶᠢᠳᠡᠮ ᠪᠠᠶᠢᠴᠠᠭᠠᠯᠲᠠ ᠶᠢᠨ ᠲᠥᠰᠦᠯ ᠬᠢᠭᠡᠳ | ᠤᠯᠤᠰ ᠠᠷᠠᠳ ᠤᠨ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠶᠡᠷᠦᠩᠬᠡᠶ ᠲᠥᠯᠥᠪᠵᠢᠭᠦᠯᠭᠡ ᠵᠢᠴᠢ ᠬᠤᠯᠪᠣᠭᠳᠠᠯ ᠪᠦᠬᠦᠢ ᠲᠤᠰᠬᠠᠶ ᠵᠦᠢᠯ ᠤᠨ | ᠲᠥᠯᠥᠪᠵᠢᠭᠦᠯᠭᠡ ᠶᠢᠨ ᠵᠣᠯᠭᠠᠭᠤᠯᠬᠤ ᠠᠵᠢᠯ ᠢ ᠬᠠᠷᠢᠭᠤᠴᠠᠨ᠎ᠠ᠃ ᠲᠤᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ ᠨᠢ ᠰᠤᠷᠭᠠᠭᠤᠯᠢ ᠳᠤ ᠪᠠᠶᠢᠭ᠎ᠠ | ᠰᠤᠷᠤᠭᠴᠢᠳ ᠲᠠᠬᠢ ᠨᠡᠶᠢᠳᠡᠮ ᠪᠠᠶᠢᠴᠠᠭᠠᠯᠲᠠ ᠶᠢᠨ ᠤᠬᠠᠭᠤᠯᠭ᠎ᠠ ᠶᠢᠨ ᠠᠵᠢᠯ ᠢ ᠬᠠᠷᠢᠭᠤᠴᠠᠨ ᠵᠣᠬᠢᠴᠠᠭᠤᠯᠤᠨ᠎ᠠ᠃ ᠲᠤᠭᠤᠷᠢᠭ ᠤᠨ ᠳᠣᠲᠣᠭᠠᠳᠤ ᠶᠢ | ᠬᠠᠮᠠᠭᠠᠯᠠᠬᠤ ᠲᠣᠪᠴᠢᠶ᠎ᠠ ᠨᠢ ᠡᠷᠦᠬᠡ ᠠᠮᠠ ᠶᠢ ᠴᠡᠭᠴᠡᠯᠡᠬᠦ ᠠᠵᠢᠯ ᠢ ᠬᠠᠷᠢᠭᠤᠴᠠᠵᠤ᠂ ᠨᠡᠶᠢᠳᠡᠮ ᠪᠠᠶᠢᠴᠠᠭᠠᠯᠲᠠ ᠶᠢᠨ ᠳᠠᠩᠰᠠᠯᠠᠨ ᠲᠡᠮᠳᠡᠭᠯᠡᠬᠦ ᠮᠡᠳᠡᠭᠡ ᠵᠠᠩᠭᠢ | ᠬᠢᠭᠡᠳ ᠡᠷᠦᠬᠡ ᠠᠮᠠ ᠶᠢᠨ ᠵᠠᠰᠠᠭ ᠵᠠᠬᠢᠷᠭᠠᠨ ᠤ ᠲᠡᠮᠳᠡᠭᠯᠡᠯ ᠢ ᠬᠠᠷᠢᠭᠤᠴᠠᠭᠤᠯᠵᠤ ᠬᠠᠷᠭᠤᠭᠤᠯᠬᠤ ᠠᠵᠢᠯ ᠢ ᠬᠠᠮᠵᠢᠯᠴᠠᠨ ᠥᠷᠨᠢᠭᠦᠯᠵᠦ᠂ ᠨᠡᠶᠢᠳᠡᠮ | ᠪᠠᠶᠢᠴᠠᠭᠠᠯᠲᠠ ᠶᠢᠨ ᠳᠠᠩᠰᠠᠯᠠᠨ ᠲᠡᠮᠳᠡᠭᠯᠡᠬᠦ ᠱᠠᠲᠤᠨ ᠳᠠᠬᠢ ᠬᠠᠮᠢᠶ᠎ᠠ ᠪᠦᠬᠦᠢ ᠠᠵᠢᠯ ᠢ ᠬᠠᠮᠵᠢᠯᠴᠠᠨ᠎ᠠ᠃ ᠲᠤᠭᠤᠷᠢᠭ ᠤᠨ ᠴᠡᠷᠢᠭ ᠠᠴᠠ ᠬᠠᠯᠠᠭᠳᠠᠭᠰᠠᠳ ᠤᠨ | ᠶᠠᠪᠤᠳᠠᠯ ᠤᠨ ᠲᠣᠪᠴᠢᠶ᠎ᠠ ᠵᠠᠰᠠᠭ ᠵᠠᠬᠢᠷᠭᠠᠨ ᠤ ᠣᠷᠣᠨ ᠤ ᠬᠤᠪᠢᠶᠠᠷᠢᠯᠠᠯ ᠤᠨ ᠲᠠᠯ᠎ᠠ ᠪᠠᠷ ᠵᠣᠬᠢᠴᠠᠭᠤᠯᠤᠨ ᠬᠠᠮᠵᠢᠯᠴᠠᠬᠤ ᠠᠵᠢᠯ ᠢ ᠬᠠᠷᠢᠭᠤᠴᠠᠵᠤ᠂ ᠨᠡᠶᠢᠳᠡᠮ | ᠪᠠᠶᠢᠴᠠᠭᠠᠯᠲᠠ ᠶᠢᠨ ᠬᠤᠭᠤᠴᠠᠭᠠᠨ ᠲᠤ ᠨᠠᠰᠤ ᠪᠠᠷᠠᠭᠰᠠᠨ ᠬᠥᠮᠦᠨ ᠠᠮᠠ ᠶᠢᠨ ᠣᠷᠤᠰᠢᠭᠤᠯᠤᠭᠰᠠᠨ ᠲᠠᠯ᠎ᠠ ᠳᠤ ᠬᠠᠮᠢᠶᠠᠳᠠᠬᠤ ᠵᠠᠰᠠᠭ ᠵᠠᠬᠢᠷᠭᠠᠨ ᠤ ᠲᠡᠮᠳᠡᠭᠯᠡᠯ ᠢ | ᠬᠠᠪᠰᠤᠷᠤᠨ ᠬᠠᠩᠭᠠᠨ᠎ᠠ᠃ ᠲᠤᠭᠤᠷᠢᠭ ᠤᠨ ᠡᠳ᠋ ᠤᠨ ᠵᠠᠰᠠᠭ ᠤᠨ ᠲᠣᠪᠴᠢᠶ᠎ᠠ ᠨᠢ ᠨᠡᠶᠢᠳᠡᠮ ᠪᠠᠶᠢᠴᠠᠭᠠᠯᠲᠠ ᠶᠢᠨ ᠵᠠᠷᠤᠳᠠᠯ ᠤᠨ ᠵᠣᠬᠢᠴᠠᠭᠤᠯᠤᠨ ᠪᠠᠲᠤᠯᠠᠬᠤ | ᠠᠵᠢᠯ ᠢ ᠬᠠᠷᠢᠭᠤᠴᠠᠨ᠎ᠠ᠃ ᠲᠣᠭᠤᠷᠢᠭ ᠤᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠨᠢ ᠨᠡᠶᠢᠳᠡᠮ ᠪᠠᠶᠢᠴᠠᠭᠠᠯᠲᠠ ᠶᠢᠨ ᠵᠢᠷᠤᠭ ᠵᠢᠷᠤᠨᠨᠯᠠᠬᠤ ᠳᠤ | ᠬᠡᠷᠡᠭᠰᠡᠬᠦ ᠪᠠᠶᠢᠭᠠᠯᠢ ᠶᠢᠨ ᠡᠬᠢ ᠪᠠᠶᠠᠯᠢᠭ ᠤᠨ ᠲᠠᠯ᠎ᠠ ᠶᠢᠨ ᠭᠠᠵᠠᠷ ᠵᠦᠶ ᠶᠢᠨ ᠮᠡᠳᠡᠭᠡ ᠵᠠᠩᠭᠢ ᠶᠢᠨ ᠮᠠᠲ᠋ᠧᠷᠢᠶᠠᠯ ᠴᠤᠭᠯᠠᠭᠤᠯᠤᠨ ᠬᠠᠩᠭᠠᠬᠤ ᠵᠡᠷᠭᠡ ᠠᠵᠢᠯ ᠢ | ᠬᠠᠷᠢᠭᠤᠴᠠᠨ᠎ᠠ᠃ ᠲᠤᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠨᠢ ᠠᠳᠠᠯ ᠠᠬᠤᠶ ᠵᠡᠷᠭᠡ | ᠪᠠᠶᠢᠭᠤᠯᠭ᠎ᠠ ᠨᠢᠭᠡᠴᠢ ᠶᠢ ᠵᠣᠬᠢᠴᠠᠭᠤᠯᠵᠤ ᠪᠠᠶᠢᠭᠠᠳ ᠨᠡᠶᠢᠳᠡᠮ ᠪᠠᠶᠢᠴᠠᠭᠠᠯᠲᠠ ᠶᠢᠨ ᠳᠡᠩᠰᠡᠯᠡᠨ ᠲᠡᠮᠳᠡᠭᠯᠡᠬᠦ ᠱᠠᠳᠤᠨ ᠳᠤ ᠬᠠᠮᠢᠶ᠎ᠠ ᠪᠥᠬᠦᠶ ᠠᠵᠢᠯ ᠳᠤ | ᠬᠠᠮᠵᠢᠯᠴᠠᠬᠤ ᠶᠢ ᠬᠠᠷᠢᠭᠤᠴᠠᠨ᠎ᠠ᠃ ᠲᠤᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠨᠢ ᠨᠡᠶᠢᠳᠡᠮ ᠪᠠᠶᠢᠴᠠᠭᠠᠯᠲᠠ ᠥᠷᠨᠢᠭᠦᠯᠬᠦ ᠳᠤ ᠠᠰᠢᠭᠲᠠᠢ | ᠬᠤᠯᠪᠤᠭᠳᠠᠯ ᠪᠦᠬᠦᠢ ᠲᠥᠷᠥ ᠶᠢᠨ ᠪᠣᠳᠣᠯᠭ᠎ᠠ ᠶᠢ ᠬᠠᠷᠢᠭᠤᠴᠠᠨ ᠲᠣᠭᠲᠠᠭᠠᠬᠤ ᠵᠢᠴᠢ ᠨᠡᠶᠢᠳᠡᠮ ᠪᠠᠶᠢᠴᠠᠭᠠᠯᠲᠠ ᠶᠢᠨ ᠳᠠᠩᠰᠠᠯᠠᠨ ᠲᠡᠮᠳᠡᠭᠯᠡᠬᠦ ᠮᠡᠳᠡᠭᠡ ᠵᠠᠩᠭᠢ | ᠬᠢᠭᠡᠳ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠬᠤᠯᠪᠣᠭᠳᠠᠯ ᠪᠦᠬᠦᠢ ᠵᠠᠰᠠᠭ ᠵᠠᠬᠢᠷᠭᠠᠨ ᠤ ᠲᠡᠮᠳᠡᠭᠯᠡᠯ ᠤᠨ ᠬᠠᠷᠢᠴᠠᠭᠤᠯᠤᠨ ᠬᠠᠷᠭᠤᠭᠤᠯᠬᠤ ᠠᠵᠢᠯ ᠢ | ᠬᠠᠷᠢᠭᠤᠴᠠᠵᠤ᠂ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢᠨ ᠳᠠᠩᠰᠠᠯᠠᠨ ᠲᠡᠮᠳᠡᠭᠯᠡᠬᠦ ᠱᠠᠳᠤᠨ ᠤ ᠬᠠᠮᠢᠶ᠎ᠠ ᠪᠦᠬᠦᠢ ᠠᠵᠢᠯ ᠳᠤ ᠬᠠᠮᠵᠢᠯᠴᠠᠬᠤ ᠬᠡᠷᠡᠭᠲᠡᠶ᠃ | ᠤᠳᠤᠷᠢᠳᠬᠤ ᠳᠤᠭᠤᠶᠢᠯᠠᠩ ᠤᠨ ᠪᠤᠰᠤᠳ ᠪᠦᠷᠢᠯᠳᠦᠬᠦᠨ ᠨᠢᠭᠡᠴᠡ ᠨᠦᠭᠦᠳ ᠲᠣᠰ ᠲᠣᠰ ᠤᠨ ᠡᠭᠦᠷᠭᠡ ᠬᠠᠷᠢᠭᠤᠴᠠᠯᠭ᠎ᠠ ᠶᠢᠨ ᠢᠶᠠᠨ ᠶᠣᠰᠣᠭᠠᠷ᠂ ᠬᠠᠮᠢᠶ᠎ᠠ | ᠪᠦᠬᠦᠢ ᠲᠥᠷᠥ ᠶᠢᠨ ᠪᠣᠳᠣᠯᠭ᠎ᠠ ᠶᠢ ᠵᠣᠬᠢᠴᠠᠭᠤᠯᠬᠤ᠂ ᠨᠡᠶᠢᠳᠡᠮ ᠪᠠᠶᠢᠴᠠᠭᠠᠯᠲᠠ ᠶᠢᠨ ᠳᠠᠩᠰᠠᠯᠠᠨ ᠲᠡᠮᠳᠡᠭᠯᠡᠬᠦ ᠪᠠ ᠤᠬᠠᠭᠤᠯᠤᠨ ᠳᠠᠶᠢᠴᠢᠯᠠᠬᠤ ᠵᠡᠷᠭᠡ | ᠠᠵᠢᠯ ᠤᠳ ᠢ ᠬᠠᠮᠵᠢᠯᠴᠠᠨ ᠰᠠᠶᠢᠲᠤᠷ ᠬᠢᠬᠦ ᠬᠡᠷᠡᠭᠲᠡᠶ᠃ | ᠭᠤᠷᠪᠠ᠂ ᠵᠠᠷᠤᠳᠠᠯ ᠤᠨ ᠪᠠᠲᠤᠯᠠᠭ᠎ᠠ | ︽ᠳᠣᠯᠣᠳᠤᠭᠠᠷ ᠤᠳᠠᠭᠠᠨ ᠤ ᠪᠥᠬᠦ ᠤᠯᠤᠰ ᠤᠨ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢ ᠥᠷᠨᠢᠭᠦᠯᠬᠦ ᠲᠥᠷᠥ ᠶᠢᠨ ᠶᠠᠪᠤᠳᠠᠯ ᠤᠨ | ᠬᠤᠷᠢᠶ᠎ᠠ ᠶᠢᠨ ᠮᠡᠳᠡᠭᠳᠡᠯ︾ ︵ᠲᠥᠷᠥ ᠲᠠᠷᠬᠠᠭᠠᠭᠰᠠᠨ ︹ 2019 ︺ 24 ᠳ᠋ᠤᠭᠡᠷ ᠲᠤᠭᠠᠳᠤ︶ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠣᠰᠣᠭᠠᠷ᠂ | ᠳᠣᠯᠣᠳᠤᠭᠠᠷ ᠤᠳᠠᠭᠠᠨ ᠤ ᠪᠦᠬᠦ ᠤᠯᠤᠰ ᠤᠨ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠳᠤ ᠬᠡᠷᠡᠭᠰᠡᠬᠦ ᠵᠠᠷᠤᠳᠠᠯ ᠢ ᠲᠥᠪ ᠤᠨ ᠪᠠ ᠣᠷᠣᠨ ᠨᠤᠲᠤᠭ ᠤᠨ | ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠬᠠᠮᠲᠤᠪᠠᠷ ᠡᠭᠦᠷᠭᠡᠯᠡᠵᠦ᠂ ᠡᠯ᠎ᠡ ᠪᠠᠶᠢᠭᠤᠯᠭ᠎ᠠ ᠨᠢᠭᠡᠴᠢ ᠨᠢ ᠠᠵᠢᠯ ᠤᠨ ᠬᠡᠷᠡᠭᠴᠡᠭᠡ ᠪᠠᠨ ᠦᠨᠳᠦᠰᠦᠯᠡᠨ᠂ | ᠵᠠᠷᠤᠳᠠᠯ ᠤᠨ ᠲᠥᠰᠦᠪ ᠨᠠᠶᠢᠷᠠᠭᠤᠯᠤᠨ ᠵᠣᠬᠢᠶᠠᠵᠤ᠂ ᠭᠦᠢᠴᠠᠳ ᠲᠤᠭ᠎ᠠ ᠪᠠᠷ ᠰᠠᠯᠭᠠᠨ ᠥᠭᠴᠦ ᠪᠣᠳᠠᠲᠠᠶᠢᠵᠢᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠶ᠃ | ᠨᠡᠶᠢᠳᠡᠮ ᠪᠠᠶᠢᠴᠠᠭᠠᠯᠲᠠ ᠶᠢᠨ ᠵᠢᠭᠠᠨ ᠵᠢᠯᠣᠭᠤᠳᠣᠭᠴᠢ᠂ ᠨᠡᠶᠢᠳᠡᠮ ᠪᠠᠶᠢᠴᠠᠭᠠᠭᠴᠢ ᠶᠢᠨ ᠬᠥᠳᠡᠯᠮᠦᠷᠢ ᠶᠢᠨ ᠬᠥᠯᠥᠰᠥ ᠣᠯᠭᠤᠮᠵᠢ ᠵᠢᠴᠢ ᠨᠡᠶᠢᠳᠡᠮ | ᠪᠠᠶᠢᠴᠠᠭᠠᠯᠲᠠ ᠶᠢᠨ ᠵᠢᠭᠠᠨ ᠵᠢᠯᠣᠭᠤᠳᠣᠭᠴᠢ᠂ ᠨᠡᠶᠢᠳᠡᠮ ᠪᠠᠶᠢᠴᠠᠭᠠᠭᠴᠢ ᠬᠤᠪᠢ ᠬᠥᠮᠦᠨ ᠤ ᠤᠶᠤᠨᠲᠤ ᠭᠠᠷ ᠤᠲᠠᠰᠤ ᠪᠠᠷ ᠲᠤᠭ᠎ᠠ ᠪᠠᠷᠢᠮᠲᠠ ᠴᠤᠭᠯᠠᠭᠤᠯᠬᠤ | ᠬᠡᠷᠡᠭᠯᠡᠭᠰᠡᠨ ᠭᠠᠷ ᠤᠳᠠᠰᠤᠨ ᠤ ᠵᠠᠷᠤᠳᠠᠯ ᠤᠨ ᠨᠡᠮᠡᠭᠦᠷᠢ ᠶᠢ ᠭᠤᠤᠯᠳᠠᠯᠭ᠎ᠠ ᠲᠠᠢ ᠰᠠᠶᠢᠲᠤᠷ ᠨᠠᠶᠢᠳᠠᠪᠤᠷᠢᠵᠢᠭᠤᠯᠬᠤ ᠬᠡᠷᠡᠭᠲᠡᠶ᠃ ᠨᠡᠶᠢᠳᠡᠮ ᠪᠠᠶᠢᠴᠠᠭᠠᠯᠲᠠ ᠶᠢᠨ | ᠵᠠᠷᠤᠳᠠᠯ ᠤᠨ ᠠᠰᠠᠭᠤᠳᠠᠯ ᠠᠴᠠ ᠪᠣᠯᠵᠤ ᠨᠡᠶᠢᠳᠡᠮ ᠪᠠᠶᠢᠴᠠᠭᠠᠯᠲᠠ ᠶᠢᠨ ᠠᠵᠢᠯ ᠢ ᠦᠷᠨᠢᠭᠦᠯᠬᠦ ᠪᠠ ᠨᠡᠶᠢᠳᠡᠮ ᠪᠠᠶᠢᠴᠠᠭᠠᠯᠲᠠ ᠶᠢᠨ ᠲᠤᠭ᠎ᠠ ᠪᠠᠷᠢᠮᠲᠠ ᠶᠢᠨ ᠶᠠᠰᠤ | ᠴᠢᠨᠠᠷ ᠢ ᠨᠥᠯᠥᠭᠡᠯᠡᠵᠦ ᠪᠣᠯᠬᠤ ᠦᠬᠡᠢ᠃ | ᠲᠦᠷᠪᠡ᠂ ᠨᠡᠶᠢᠳᠡᠮ ᠪᠠᠶᠢᠴᠠᠭᠠᠯᠲᠠ ᠶᠢᠨ ᠠᠵᠢᠯ ᠤᠨ ᠱᠠᠭᠠᠷᠳᠠᠯᠭ᠎ᠠ | ︵ᠨᠢᠭᠡ︶ ᠬᠠᠤᠯᠢ ᠶᠣᠰᠣᠭᠠᠷ ᠨᠡᠶᠢᠳᠡᠮ ᠪᠠᠶᠢᠴᠠᠭᠠᠬᠤ ᠶᠢ ᠪᠠᠷᠢᠮᠲᠠᠯᠠᠬᠤ ᠬᠡᠷᠡᠭᠲᠡᠶ᠃ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ︽ᠪᠥᠬᠦᠳᠡ | ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠤᠭ᠎ᠠ ᠪᠦᠷᠢᠳᠬᠡᠯ ᠤᠨ ᠬᠠᠤᠯᠢ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠠᠴᠠ ᠲᠤᠭ᠎ᠠ | ᠪᠦᠷᠢᠳᠬᠡᠯ ᠤᠨ ᠬᠠᠤᠯᠢ ᠶᠢ ᠬᠡᠷᠡᠭᠵᠢᠭᠦᠯᠬᠦ ᠳᠦᠷᠢᠮ︾᠂ ︽ᠪᠦᠬᠦ ᠤᠯᠤᠰ ᠤᠨ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢᠨ ᠳᠦᠷᠢᠮ︾ ᠵᠡᠷᠭᠡ ᠬᠠᠤᠯᠢ | ᠴᠠᠭᠠᠵᠠ ᠬᠠᠤᠯᠢ ᠲᠣᠭᠲᠠᠭᠠᠯ ᠤᠨ ᠱᠠᠭᠠᠷᠳᠠᠯᠭ᠎ᠠ ᠶᠢ ᠴᠢᠩᠭ᠎ᠠ ᠬᠡᠷᠡᠭᠵᠢᠭᠦᠯᠵᠦ᠂ ᠨᠡᠶᠢᠳᠡᠮ ᠪᠠᠶᠢᠴᠠᠭᠠᠯᠲᠠ ᠶᠢᠨ ᠡᠯ᠎ᠡ ᠵᠦᠢᠯ ᠤᠨ ᠠᠵᠢᠯ ᠢ ᠬᠢᠨᠠᠮᠠᠭᠠᠶ ᠰᠠᠶᠢᠲᠤᠷ | ᠬᠢᠨ᠎ᠡ᠃ ᠨᠡᠶᠢᠳᠡᠮ ᠪᠠᠶᠢᠴᠠᠭᠠᠭᠳᠠᠬᠤ ᠡᠲᠡᠭᠡᠳ ᠨᠡᠶᠢᠳᠡᠮ ᠪᠠᠶᠢᠴᠠᠭᠠᠯᠲᠠ ᠶᠢᠨ ᠲᠤᠭ᠎ᠠ ᠪᠠᠷᠢᠮᠲᠠ ᠶᠢ ᠬᠤᠳᠠᠯ ᠢᠶᠠᠷ ᠮᠡᠳᠡᠭᠦᠯᠬᠦ᠂ ᠳᠠᠷᠤᠭᠠᠳ ᠮᠡᠳᠡᠭᠦᠯᠬᠦ ᠦᠭᠡᠢ᠂ | ᠮᠡᠳᠡᠭᠦᠯᠬᠦ ᠶᠢ ᠲᠡᠪᠴᠢᠵᠦ᠂ ᠤᠳᠠᠭᠠᠰᠢᠷᠠᠭᠤᠯᠤᠨ ᠮᠡᠳᠡᠭᠦᠯᠵᠦ ᠪᠣᠯᠬᠤ ᠦᠭᠡᠢ᠂ ᠨᠡᠶᠢᠳᠡᠮ ᠪᠠᠶᠢᠴᠠᠭᠠᠯᠲᠠ ᠶᠢᠨ ᠲᠤᠭ᠎ᠠ ᠪᠠᠷᠢᠮᠲᠠ ᠶᠢ ᠬᠠᠭᠤᠷᠮᠠᠭᠯᠠᠨ ᠵᠣᠬᠢᠶᠠᠵᠤ᠂ | ᠥᠭᠡᠷᠡᠲᠦᠭᠦᠯᠵᠦ ᠪᠣᠯᠬᠤ ᠦᠭᠡᠢ ᠃ ᠨᠡᠶᠢᠳᠡᠮ ᠪᠠᠶᠢᠴᠠᠭᠠᠯᠲᠠ ᠳᠤ ᠣᠯᠤᠭᠰᠠᠨ ᠲᠤᠭ᠎ᠠ ᠪᠠᠷᠢᠮᠲᠠ ᠪᠣᠯᠤᠨ ᠬᠤᠪᠢ ᠬᠥᠮᠦᠨ ᠤ ᠮᠠᠲ᠋ᠧᠷᠢᠶᠠᠯ ᠢ ᠨᠡᠶᠢᠳᠠᠮ | ᠪᠠᠶᠢᠴᠠᠭᠠᠯᠲᠠ ᠳᠤ ᠬᠡᠷᠡᠭᠯᠡᠬᠦ ᠵᠣᠷᠢᠯᠭ᠎ᠠ ᠶᠢ ᠴᠢᠩᠭ᠎ᠠ ᠬᠢᠵᠠᠭᠠᠷᠯᠠᠨ ᠲᠣᠭᠲᠠᠭᠠᠵᠤ᠂ ᠶᠠᠮᠠᠷᠪᠠ ᠪᠠᠶᠢᠭᠤᠯᠭ᠎ᠠ ᠨᠢᠭᠡᠴᠢ ᠶᠢᠨ ᠵᠠᠰᠠᠭ ᠵᠠᠬᠢᠷᠭᠠᠨ ᠤ | ᠬᠠᠮᠢᠶᠠᠷᠤᠯᠲᠠ ᠶᠢᠨ ᠠᠵᠢᠯ ᠢ ᠰᠢᠯᠭᠠᠨ ᠬᠢᠨᠠᠬᠤ᠂ ᠱᠠᠩᠨᠠᠵᠤ ᠲᠣᠷᠭᠠᠬᠤ ᠶᠢᠨ ᠦᠨᠳᠦᠰᠦᠯᠡᠯ ᠪᠣᠯᠤᠨ ᠨᠡᠶᠢᠳᠡᠮ ᠪᠠᠶᠢᠴᠠᠭᠠᠭᠳᠠᠬᠤ ᠡᠲᠡᠭᠡᠳ ᠢ ᠰᠢᠢᠳᠭᠡᠨ | ᠲᠣᠷᠭᠠᠬᠤ ᠵᠡᠷᠭᠡ ᠵᠠᠰᠠᠭ ᠵᠠᠬᠢᠷᠭᠠᠨ ᠤ ᠪᠣᠳᠠᠲᠠᠶ ᠦᠢᠯᠡ ᠠᠵᠢᠯᠯᠠᠭ᠎ᠠ ᠶᠢᠨ ᠦᠨᠳᠦᠰᠦᠯᠡᠯ ᠪᠣᠯᠭᠠᠵᠤ ᠪᠣᠯᠬᠤ ᠦᠭᠡᠶ ᠃ | ︵ᠬᠤᠶᠠᠷ︶ ᠲᠤᠭ᠎ᠠ ᠪᠠᠷᠢᠮᠲᠠ ᠶᠢᠨ ᠶᠠᠰᠤ ᠴᠢᠨᠠᠷ ᠢ ᠦᠨᠡᠨᠬᠦ ᠪᠠᠲᠤᠯᠠᠨ᠎ᠠ᠃ ᠨᠡᠶᠢᠳᠡᠮ ᠪᠠᠶᠢᠴᠠᠭᠠᠯᠲᠠ ᠶᠢᠨ ᠲᠤᠭ᠎ᠠ ᠪᠠᠷᠢᠮᠳᠠ ᠶᠢᠨ ᠶᠠᠰᠤ ᠴᠢᠨᠠᠷ ᠢ | ᠡᠵᠡᠮᠳᠡᠬᠦ ᠰᠢᠰᠲ᠋ᠧᠮ ᠢ ᠪᠠᠶᠢᠭᠤᠯᠤᠨ ᠲᠡᠭᠦᠯᠳᠡᠷᠵᠢᠭᠦᠯᠵᠦ᠂ ᠠᠵᠢᠯᠲᠠᠨ ᠤ ᠠᠵᠢᠯ ᠤᠨ ᠬᠤᠪᠢᠶᠠᠷᠢᠯᠠᠯ ᠢ ᠲᠣᠳᠣᠷᠬᠠᠶᠢᠯᠠᠨ᠂ ᠡᠭᠦᠷᠭᠡ ᠬᠠᠷᠢᠭᠤᠴᠠᠯᠭ᠎ᠠ ᠶᠢ | ᠨᠠᠢᠳᠠᠪᠤᠷᠢᠵᠢᠭᠤᠯᠬᠤ᠂ ᠲᠤᠬᠠᠶᠢᠯᠠᠭᠰᠠᠨ ᠠᠵᠢᠯ ᠤᠨ ᠪᠣᠯᠪᠠᠰᠤᠷᠠᠭᠤᠯᠤᠯ ᠢ ᠰᠠᠶᠢᠲᠤᠷ ᠬᠢᠵᠦ᠂ ᠨᠡᠶᠢᠳᠡᠮ ᠪᠠᠶᠢᠴᠠᠭᠠᠯᠲᠠ ᠶᠢᠨ ᠬᠡᠷᠡᠭ ᠤᠨ ᠡᠮᠦᠨ᠎ᠡ᠂ ᠬᠡᠷᠡᠭ ᠤᠨ | ᠳᠤᠮᠳᠠ᠂ ᠬᠡᠷᠡᠭ ᠤᠨ ᠳᠠᠷᠠᠭᠠᠬᠢ ᠶᠠᠰᠤ ᠴᠢᠨᠠᠷ ᠤᠨ ᠡᠵᠡᠮᠳᠡᠯ ᠢ ᠴᠢᠩᠭᠠᠷᠠᠭᠤᠯᠤᠨ᠎ᠠ᠃ ᠨᠡᠶᠢᠳᠡᠮ ᠪᠠᠶᠢᠴᠠᠭᠠᠯᠲᠠ ᠶᠢᠨ ᠡᠯ᠎ᠡ ᠭᠤᠭᠴᠤᠭ᠎ᠠ ᠳᠤ ᠭᠠᠷᠴᠤ ᠮᠡᠳᠡᠬᠦ | ᠠᠰᠠᠭᠤᠳᠠᠯ ᠢ ᠤᠷᠢᠳᠴᠢᠯᠠᠨ ᠰᠡᠷᠭᠡᠶᠢᠯᠠᠵᠤ᠂ ᠨᠡᠶᠢᠳᠡᠮ ᠪᠠᠶᠢᠴᠠᠭᠠᠯᠲᠠ ᠶᠢᠨ ᠲᠥᠰᠦᠯ ᠤᠨ ᠲᠣᠭᠲᠠᠭᠠᠯ ᠢ ᠴᠢᠩᠭ᠎ᠠ ᠵᠢᠷᠤᠮᠯᠠᠨ᠂ ᠨᠡᠶᠢᠳᠡᠮ ᠪᠠᠶᠢᠴᠠᠭᠠᠯᠲᠠ ᠶᠢᠨ | ᠲᠤᠭ᠎ᠠ ᠪᠠᠷᠢᠮᠲᠠ ᠶᠢ ᠴᠢᠩᠭ᠎ᠠ ᠬᠢᠨᠠᠨ ᠬᠠᠷᠭᠤᠭᠤᠯᠵᠤ᠂ ᠳᠠᠬᠢᠨ ᠪᠠᠶᠢᠴᠠᠭᠠᠵᠤ᠂ ᠡᠯ᠎ᠡ ᠱᠠᠲᠤ ᠦᠶ᠎ᠡ ᠶᠢᠨ ᠲᠤᠭ᠎ᠠ ᠪᠠᠷᠢᠮᠲᠠ ᠶᠢᠨ ᠶᠠᠰᠤ ᠴᠢᠨᠠᠷ ᠢ ᠰᠢᠯᠭᠠᠨ | ᠠᠪᠬᠤ ᠠᠵᠢᠯ ᠢ ᠬᠢᠨᠠᠮᠠᠭᠠᠶ ᠰᠠᠶᠢᠲᠤᠷ ᠬᠢᠵᠦ᠂ ᠨᠡᠶᠢᠳᠡᠮ ᠪᠠᠶᠢᠴᠠᠭᠠᠯᠲᠠ ᠶᠢᠨ ᠠᠵᠢᠯ ᠤᠨ ᠤᠷᠤᠭᠰᠢᠲᠠᠶ ᠶᠠᠪᠤᠭᠳᠠᠬᠤ ᠶᠢ ᠦᠨᠡᠨᠬᠦ ᠪᠠᠲᠤᠯᠠᠵᠤ᠂ ᠨᠡᠶᠢᠳᠡᠮ | ᠪᠠᠶᠢᠴᠠᠭᠠᠯᠲᠠ ᠶᠢᠨ ᠲᠤᠭ᠎ᠠ ᠪᠠᠷᠢᠮᠲᠠ ᠶᠢᠨ ᠦᠨᠡᠨ ᠪᠣᠳᠠᠲᠠᠶ ᠪᠥᠭᠡᠳ ᠣᠨᠣᠪᠴᠢᠲᠠᠶ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠶ᠃ | ︵ᠭᠤᠷᠪᠠ︶ ᠮᠡᠳᠡᠭᠡ ᠵᠠᠩᠭᠢᠵᠢᠯᠲᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠬᠦ ᠬᠡᠷᠡᠭᠲᠡᠢ᠃ ᠳᠣᠯᠣᠳᠤᠭᠠᠷ ᠤᠳᠠᠭᠠᠨ ᠤ ᠪᠦᠬᠦ ᠤᠯᠤᠰ ᠤᠨ ᠬᠥᠮᠦᠨ | ᠠᠮᠠ ᠶᠢᠨ ᠨᠡᠶᠢᠳᠡᠮ ᠪᠠᠶᠢᠴᠠᠭᠠᠯᠲᠠ ᠨᠢ ᠡᠯᠧᠺᠳ᠋ᠷᠣᠨᠴᠢᠯᠡᠭᠰᠡᠨ ᠠᠷᠭ᠎ᠠ ᠮᠠᠶ᠋ᠢᠭ ᠢᠶᠠᠷ ᠨᠡᠶᠢᠳᠡᠮ ᠪᠠᠶᠢᠴᠠᠭᠠᠯᠲᠠ ᠶᠢᠨ ᠳᠠᠩᠰᠠᠯᠠᠯᠲᠠ ᠬᠢᠵᠦ᠂ ᠡᠯᠧᠺᠲᠷᠣᠨ | ᠴᠤᠭᠯᠠᠭᠤᠯᠬᠤ ᠲᠥᠬᠦᠭᠡᠷᠦᠮᠵᠢ ︵PAD︶ ᠪᠤᠶᠤ ᠨᠡᠶᠢᠳᠡᠮ ᠪᠠᠶᠢᠴᠠᠭᠠᠭᠴᠢ ᠬᠤᠪᠢ ᠬᠥᠮᠦᠨ ᠤ ᠦᠨᠡᠨ ᠨᠡᠷ᠎ᠡ ᠪᠠᠷ ᠭᠡᠷᠡᠴᠢᠯᠡᠭᠰᠡᠨ ᠤᠶᠤᠨᠲᠤ ᠭᠠᠷ | ᠤᠲᠠᠰᠤᠨ ᠤ ᠳᠡᠩᠰᠡᠯᠡᠯᠲᠡ ᠶᠢᠨ ᠨᠡᠶᠢᠳᠡᠮ ᠪᠠᠶᠢᠴᠠᠭᠠᠭᠳᠠᠬᠤ ᠡᠲᠡᠭᠡᠳ ᠤᠨ ᠮᠡᠳᠡᠭᠡ ᠵᠠᠩᠭᠢ ᠶᠢ ᠬᠡᠷᠡᠭᠯᠡᠬᠦ ᠶᠢᠨ ᠬᠠᠮᠲᠤ ᠴᠠᠭ ᠲᠤᠬᠠᠶ ᠳᠤᠨᠢ ᠳᠡᠭᠡᠭᠰᠢ ᠮᠡᠳᠡᠭᠦᠯᠬᠦ | ᠂ ᠡᠰᠡᠬᠦᠯ᠎ᠡ ᠨᠡᠶᠢᠳᠡᠮ ᠪᠠᠶᠢᠴᠠᠭᠠᠭᠳᠠᠬᠤ ᠡᠲᠡᠭᠡᠳ ᠨᠢ ᠢᠨᠲ᠋ᠧᠷ ᠰᠦᠯᠵᠢᠶ᠎ᠡ ᠪᠠᠷ ᠳᠠᠮᠵᠢᠭᠤᠯᠤᠨ ᠡᠵᠡᠨ ᠮᠡᠳᠡᠵᠦ ᠲᠠᠭᠯᠠᠨ ᠮᠡᠳᠡᠭᠦᠯᠬᠦ ᠵᠡᠷᠭᠡ ᠠᠷᠭ᠎ᠠ ᠮᠠᠶ᠋ᠢᠭ ᠢᠶᠠᠷ | ᠶᠠᠪᠤᠭᠳᠠᠭᠤᠯᠤᠨ᠎ᠠ᠃ ᠨᠡᠶᠢᠳᠡᠮ ᠪᠠᠶᠢᠴᠠᠭᠠᠯᠲᠠ ᠶᠢᠨ ᠲᠤᠭᠤᠷᠢᠭ ᠨᠢᠭᠡᠪᠦᠷᠢ ᠳᠤ ᠨᠠᠭᠠᠲᠤ ᠵᠠᠬ᠎ᠠ ᠳᠤ ᠪᠠᠨ 1 — 2 ᠰᠠᠭᠤᠷᠢ PAD ᠪᠠᠶᠢᠬᠤ ᠶᠢ ᠪᠠᠲᠤᠯᠠᠵᠤ | ᠂ ᠨᠡᠶᠢᠳᠡᠮ ᠪᠠᠶᠢᠴᠠᠭᠠᠯᠲᠠ ᠶᠢᠨ ᠣᠷᠣᠨ ᠪᠦᠰᠡ ᠶᠢᠨ ᠵᠢᠷᠤᠭ ᠵᠢᠷᠤᠵᠤ ᠦᠢᠯᠡᠳᠬᠦ ᠵᠡᠷᠭᠡ ᠠᠵᠢᠯ ᠢ ᠬᠢᠬᠦ ᠳᠤ ᠬᠡᠷᠡᠭᠯᠡᠬᠦ ᠬᠡᠷᠡᠭᠲᠡᠶ᠃ ᠰᠠᠯᠠᠭ᠎ᠠ ᠮᠥᠴᠢᠷ ᠤᠨ | ᠵᠠᠰᠠᠭ ᠵᠠᠬᠢᠷᠭᠠᠨ ᠤ ᠲᠡᠮᠳᠡᠭᠯᠡᠯ ᠢ ᠥᠷᠭᠡᠨ ᠢᠶᠠᠷ ᠬᠡᠷᠡᠭᠯᠡᠵᠦ᠂ ᠨᠡᠶᠢᠳᠡᠮ ᠪᠠᠶᠢᠴᠠᠭᠠᠯᠲᠠ ᠳᠠᠬᠢ ᠲᠣᠮᠣ ᠳ᠋ᠠᠶᠢᠲ᠋ᠠ ᠶᠢᠨ ᠬᠡᠷᠡᠭᠯᠡᠯᠲᠡ ᠶᠢ ᠲᠦᠯᠬᠢᠨ ᠠᠬᠢᠭᠤᠯᠵᠤ᠂ | ᠨᠡᠶᠢᠳᠡᠮ ᠪᠠᠶᠢᠴᠠᠭᠠᠯᠲᠠ ᠶᠢᠨ ᠲᠤᠭ᠎ᠠ ᠪᠠᠷᠢᠮᠲᠠ ᠶᠢ ᠴᠤᠭᠯᠠᠭᠤᠯᠤᠨ ᠰᠢᠢᠳᠪᠦᠷᠢᠯᠡᠬᠦ ᠬᠦᠴᠦᠨ ᠴᠢᠳᠠᠪᠤᠷᠢ ᠶᠢ ᠳᠡᠭᠡᠭᠰᠢᠯᠡᠭᠦᠯᠬᠦ ᠬᠡᠷᠡᠭᠲᠡᠶ᠃ ᠠᠷᠠᠳ ᠢᠷᠭᠡᠨ ᠤ | ᠬᠤᠪᠢ ᠬᠥᠮᠦᠨ ᠤ ᠮᠡᠳᠡᠭᠡ ᠵᠠᠩᠭᠢ ᠶᠢᠨ ᠪᠦᠬᠦ ᠶᠠᠪᠤᠴᠠ ᠶᠢᠨ ᠬᠠᠮᠠᠭᠠᠯᠠᠯᠲᠠ ᠬᠢᠬᠦ ᠶᠢ ᠴᠢᠩᠭᠠᠳᠬᠠᠵᠤ᠂ ᠠᠵᠢᠯᠲᠠᠳ ᠡᠷᠬᠡᠪᠰᠢ ᠨᠢᠭᠤᠴᠠ ᠶᠢ ᠬᠠᠮᠠᠭᠠᠯᠠᠬᠤ | ᠡᠭᠦᠷᠭᠡ ᠪᠠᠨ ᠴᠢᠩᠭ᠎ᠠ ᠭᠦᠢᠴᠡᠳᠭᠡᠵᠦ᠂ ᠶᠠᠮᠠᠷᠪᠠ ᠪᠠᠶᠢᠭᠤᠯᠤᠮᠵᠢ᠂ ᠨᠢᠭᠡᠴᠢ᠂ ᠬᠤᠪᠢ ᠬᠥᠮᠦᠨ ᠳᠤ ᠠᠷᠠᠳ ᠢᠷᠭᠡᠨ ᠤ ᠬᠤᠪᠢ ᠬᠥᠮᠦᠨ ᠤ ᠮᠡᠳᠡᠭᠡ ᠵᠠᠩᠭᠢ ᠶᠢ | ᠵᠠᠳᠠᠷᠠᠭᠤᠯᠬᠤ ᠪᠤᠶᠤ ᠬᠤᠳᠠᠯᠳᠤᠬᠤ ᠶᠢ ᠴᠢᠩᠭ᠎ᠠ ᠴᠠᠭᠠᠵᠠᠯᠠᠬᠤ ᠬᠡᠷᠡᠭᠲᠡᠶ᠃ | ︵ᠲᠦᠷᠪᠡ︶ ᠤᠬᠠᠭᠤᠯᠤᠨ ᠳᠠᠶᠢᠴᠢᠯᠠᠬᠤ ᠶᠢ ᠴᠢᠩᠭᠠᠳᠬᠠᠬᠤ ᠬᠡᠷᠡᠭᠲᠡᠶ᠃ ᠰᠣᠨᠢᠨ ᠮᠡᠳᠡᠭᠡᠨ ᠤ ᠵᠠᠭᠤᠴᠢᠯᠠᠭᠤᠷ᠂ ᠭᠡᠷ ᠤᠨ ᠭᠠᠳᠠᠨᠠᠬᠢ ᠵᠠᠷ ᠮᠡᠳᠡᠭᠡ᠂ | ᠤᠷᠢᠶ᠎ᠠ ᠯᠣᠽᠦ᠋ᠩ᠂ ᠨᠡᠶᠢᠲᠡ ᠶᠢᠨ ᠮᠠᠰᠢᠨ ᠲᠡᠷᠭᠡ᠂ ᠲᠦᠷᠢᠶᠡᠰᠦᠨ ᠮᠠᠰᠢᠨ ᠲᠡᠷᠭᠡ ᠂ LED ᠳᠡᠯᠭᠡᠴᠡ᠂ ᠸᠢᠴᠠᠲ᠂ ᠪᠢᠴᠢᠯ ᠪᠯᠤᠭ᠂ ᠣᠬᠤᠷ ᠸᠢᠳᠢᠣ᠋ | ᠵᠡᠷᠭᠡ ᠬᠡᠯᠪᠡᠷᠢ ᠶᠢ ᠭᠦᠢᠴᠠᠳ ᠠᠰᠢᠭᠯᠠᠵᠤ᠂ ᠳᠣᠯᠣᠳᠤᠭᠠᠷ ᠤᠳᠠᠭᠠᠨ ᠤ ᠪᠦᠬᠦ ᠤᠯᠤᠰ ᠤᠨ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢᠨ ᠴᠢᠬᠤᠯᠠ ᠠᠴᠢ | ᠬᠤᠯᠪᠣᠭᠳᠠᠯ ᠪᠠ ᠱᠠᠭᠠᠷᠳᠠᠯᠭ᠎ᠠ ᠶᠢ ᠥᠷᠭᠡᠨ ᠢᠶᠠᠷ ᠭᠦᠨᠵᠡᠭᠡᠶ ᠤᠬᠠᠭᠤᠯᠵᠤ᠂ ᠥᠷᠭᠡᠨ ᠣᠯᠠᠨ ᠨᠡᠶᠢᠳᠡᠮ ᠪᠠᠶᠢᠴᠠᠭᠠᠭᠳᠠᠬᠤ ᠡᠲᠡᠭᠡᠳ ᠢ ᠬᠥᠲᠥᠯᠥᠨ | ᠵᠢᠯᠣᠭᠤᠳᠴᠤ ᠪᠠᠶᠢᠭᠠᠳ ᠨᠡᠶᠢᠳᠡᠮ ᠪᠠᠶᠢᠴᠠᠭᠠᠯᠲᠠ ᠳᠤ ᠬᠠᠤᠯᠢ ᠶᠣᠰᠣᠭᠠᠷ ᠬᠠᠮᠵᠢᠯᠴᠠᠭᠤᠯᠵᠤ᠂ ᠨᠡᠶᠢᠳᠡᠮ ᠪᠠᠶᠢᠴᠠᠭᠠᠯᠲᠠ ᠶᠢᠨ ᠲᠥᠷᠥᠯ ᠵᠦᠢᠯ ᠢ ᠦᠨᠡᠨ | ᠪᠣᠳᠠᠲᠠᠶ ᠪᠠᠷ ᠮᠡᠳᠡᠭᠦᠯᠵᠦ᠂ ᠨᠡᠶᠢᠳᠡᠮ ᠪᠠᠶᠢᠴᠠᠭᠠᠯᠲᠠ ᠶᠢᠨ ᠠᠵᠢᠯ ᠤᠨ ᠤᠷᠤᠭᠰᠢᠲᠠᠶ ᠬᠡᠷᠡᠭᠵᠢᠭᠦᠯᠦᠭᠳᠡᠬᠦ ᠳᠤ ᠰᠠᠶᠢᠨ ᠰᠠᠶᠢᠬᠠᠨ ᠶᠠᠷᠢᠶ᠎ᠠ ᠬᠡᠯᠡᠯᠴᠡᠭᠡᠨ ᠤ ᠣᠷᠴᠢᠨ | ᠲᠣᠭᠤᠷᠢᠨ ᠢ ᠪᠣᠶ ᠪᠣᠯᠭᠠᠬᠤ ᠬᠡᠷᠡᠭᠲᠡᠶ᠃ | ᠳᠠᠭᠠᠯᠳᠤᠭᠤᠯᠤᠯ᠄ ᠪᠠᠶᠠᠬᠤᠪᠤᠭ᠎ᠠ ᠠᠭᠤᠷᠬᠠᠢ ᠶᠢᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠳᠣᠯᠣᠳᠤᠭᠠᠷ ᠤᠳᠠᠭᠠᠨ ᠤ ᠪᠦᠬᠦ ᠤᠯᠤᠰ ᠤᠨ | ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠭᠡᠰᠢᠭᠦᠨ ᠤ ᠨᠡᠷᠡᠰ | | | ᠪᠠᠶᠠᠬᠤᠪᠤᠭ᠎ᠠ ᠠᠭᠤᠷᠬᠠᠶ ᠶᠢᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ | 2020 ᠣᠨ ᠤ 2 ᠰᠠᠷ᠎ᠠ ᠶᠢᠨ 23 ᠤ ᠡᠳᠦᠷ | | | | | ᠳᠠᠭᠠᠯᠳᠤᠭᠤᠯᠤᠯ᠄ | | ᠪᠠᠶᠠᠬᠤᠪᠤᠭ᠎ᠠ ᠠᠭᠤᠷᠬᠠᠶ ᠶᠢᠨ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠳᠣᠯᠣᠳᠤᠭᠠᠷ ᠤᠳᠠᠭᠠᠨ ᠤ ᠪᠦᠬᠦ ᠤᠯᠤᠰ ᠤᠨ ᠬᠥᠮᠦᠨ ᠠᠮᠠ ᠶᠢᠨ | ᠨᠡᠶᠢᠳᠡᠮ ᠪᠠᠶᠢᠴᠠᠭᠠᠯᠲᠠ ᠶᠢᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠭᠡᠰᠢᠭᠦᠨ ᠤ ᠨᠡᠷᠡᠰ ᠳᠤᠭᠤᠶᠢᠯᠠᠩ ᠤᠨ ᠳᠠᠷᠤᠭ᠎ᠠ᠄ | ᠳᠤᠭᠤᠶᠢᠯᠠᠩ ᠤᠨ ᠳᠠᠷᠤᠭ᠎ᠠ᠄ ᠵᠠᠩ ᠾᠧ ᠱᠧᠩ ︵ ᠲᠤᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ | ᠪᠠᠶᠢᠩᠭᠤ ᠶᠢᠨ ᠳᠡᠳ᠋ ᠳᠠᠷᠤᠭ᠎ᠠ︶ | ᠳᠤᠭᠤᠶᠢᠯᠠᠩ ᠤᠨ ᠳᠡᠳ᠋ ᠳᠠᠷᠤᠭ᠎ᠠ᠄ ᠸᠠᠩ ᠵᠧᠨ ᠵᠧᠤ ︵ᠲᠤᠭᠤᠷᠢᠭ ᠤᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠤᠨ ᠳᠡᠳ᠋ ᠳᠠᠷᠤᠭ᠎ᠠ︶ | ᠢᠦᠶ ᠬᠤᠸᠠᠨ ︵ ᠲᠤᠭᠤᠷᠢᠭ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠬᠤᠷᠢᠶᠠᠨ ᠤ ᠡᠷᠬᠢᠯᠡᠭᠴᠢ︶ | ᠢᠦᠶ ᠬᠤᠩ ᠵᠧᠨ ︵ᠲᠤᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶᠠᠨ ᠤ ᠳᠡᠳ᠋ ᠳᠠᠷᠤᠭ᠎ᠠ︶ | ᠵᠢᠶᠤᠤ ᠵᠢᠶᠠᠨ ᠰᠢᠨ ︵ ᠲᠤᠭᠤᠷᠢᠭ ᠤᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶᠠᠨ ᠤ ᠳᠠᠷᠤᠭ᠎ᠠ︶ | ᠱᠠᠩ ᠵᠢᠶᠦ᠋ᠨ ︵ᠲᠤᠭᠤᠷᠢᠭ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠬᠤᠷᠢᠶᠠᠨ ᠤ ᠳᠡᠳ᠋ ᠡᠷᠬᠢᠯᠡᠭᠴᠢ ᠲᠤᠭᠤᠷᠢᠭ ᠤᠨ ᠲᠤᠭ᠎ᠠ | ᠪᠦᠷᠢᠳᠬᠡᠯ ᠤᠨ ᠲᠣᠪᠴᠢᠶᠠᠨ ᠤ ᠳᠠᠷᠤᠭ᠎ᠠ︶ | ᠬᠤ ᠵᠧᠩ ᠡᠤ ︵ᠲᠤᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶᠠᠨ ᠤ ᠳᠡᠳ᠋ ᠳᠠᠷᠤᠭ᠎ᠠ︶ | ᠵᠤᠤ ᠶᠢᠨ ᠱᠠᠨ ︵ᠲᠤᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠳᠡᠳ᠋ ᠡᠷᠬᠢᠯᠡᠭᠴᠢ︶ | ᠭᠡᠰᠢᠭᠦᠨ᠄ | ᠯᠢᠦ ᠺᠧ ︵ ᠲᠤᠭᠤᠷᠢᠭ ᠤᠨ ᠰᠦᠯᠵᠢᠶᠡᠨ ᠤ ᠮᠡᠳᠡᠭᠡ ᠵᠠᠩᠭᠢ ᠶᠢᠨ ᠠᠯᠪᠠᠨ ᠬᠡᠷ ᠤᠨ ᠡᠷᠬᠢᠯᠡᠭᠴᠢ︶ | ᠯᠢᠦ ᠵᠢᠶ ᠭᠠᠩ ︵ᠲᠤᠭᠤᠷᠢᠭ ᠤᠨ ᠠᠵᠤ ᠦᠶ᠋ᠯᠡᠳᠪᠦᠷᠢ ᠮᠡᠳᠡᠭᠡ ᠵᠠᠩᠭᠢᠵᠢᠯᠲᠠ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶᠠᠨ ᠤ ᠳᠡᠳ᠋ | ᠳᠠᠷᠤᠭ᠎ᠠ︶ | ᠸᠠᠩ ᠰᠢᠶᠣᠤ ᠹᠧᠩ ︵ ᠲᠤᠭᠤᠷᠢᠭ ᠤᠨ ᠰᠤᠷᠭᠠᠨ ᠬᠥᠮᠦᠵᠢᠯ ᠤᠨ ᠲᠣᠪᠴᠢᠶᠠᠨ ᠤ ᠳᠡᠳ᠋ ᠳᠠᠷᠤᠭ᠎ᠠ︶ | ᠬᠤᠤ ᠶᠢᠨ ᠹᠧᠩ ︵ ᠲᠤᠭᠤᠷᠢᠭ ᠤᠨ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠤᠨ ᠡᠷᠬᠢᠯᠡᠭᠴᠢ︶ | ᠵᠤᠤ ᠭᠦᠸᠧ ᠬᠤ ︵ᠲᠣᠭᠤᠷᠢᠭ ᠤᠨ ᠴᠡᠷᠢᠭ ᠠᠴᠠ ᠬᠠᠯᠠᠭᠳᠠᠭᠰᠠᠳ ᠤᠨ ᠬᠡᠷᠡᠭ ᠡᠷᠬᠢᠯᠡᠬᠦ ᠲᠣᠪᠴᠢᠶᠠᠨ ᠤ ᠳᠡᠳ᠋ ᠳᠠᠷᠤᠭ ᠠ︶ | ᠯᠢᠦ ᠴᠦᠨ ᠱᠧᠩ ︵ᠲᠣᠭᠤᠷᠢᠭ ᠤᠨ ᠬᠠᠤᠯᠢ ᠴᠠᠭᠠᠵᠠ ᠶᠢᠨ ᠲᠣᠪᠴᠢᠶᠠᠨ ᠤ ᠳᠡᠳ᠋ ᠳᠠᠷᠤᠭ᠎ᠠ︶ | ᠲᠦᠩ ᠮᠢᠨ ︵ᠲᠣᠭᠤᠷᠢᠭ ᠤᠨ ᠡᠳ᠋ ᠤᠨ ᠵᠠᠰᠠᠭ ᠤᠨ ᠲᠣᠪᠴᠢᠶᠠᠨ ᠤ ᠳᠡᠳ᠋ ᠳᠠᠷᠤᠭ᠎ᠠ︶ | ᠴᠢᠦ ᠲᠢᠩ ᠲᠢᠩ ︵ᠲᠣᠭᠤᠷᠢᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠤᠪᠴᠢᠶᠠᠨ ᠤ ᠳᠡᠳ᠋ ᠳᠠᠷᠤᠭ᠎ᠠ︶ | ᠹᠧᠩ ᠵᠢᠶᠠᠨ ᠶᠦᠨ ︵ᠲᠣᠭᠤᠷᠢᠭ ᠤᠨ ᠤᠰᠤᠨ ᠤ ᠶᠠᠪᠤᠳᠠᠯ ᠤᠨ ᠲᠣᠪᠴᠢᠶᠠᠨ ᠤ ᠳᠡᠳ᠋ ᠳᠠᠷᠤᠭ᠎ᠠ︶ | ᠯᠢᠦ ᡁᠢ ᠶᠦᠨ ︵ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶᠠᠨ ᠤ ᠳᠡᠳ᠋ ᠳᠠᠷᠤᠭ᠎ᠠ︶ | ᠮᠠᠤ ᠢ ︵ᠲᠣᠭᠤᠷᠢᠭ ᠤᠨ ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶᠠᠨ ᠤ ᠳᠡᠳ᠋ ᠳᠠᠷᠤᠭ᠎ᠠ︶ | ᠮᠥᠷᠡᠨ ︵ᠲᠣᠭᠤᠷᠢᠭ ᠤᠨ ᠭᠥᠯᠢᠶᠡᠨ ᠠᠪᠬᠤ ᠠᠯᠪᠠᠨ ᠬᠡᠷ ᠤᠨ ᠳᠡᠳ᠋ ᠡᠷᠬᠢᠯᠡᠭᠴᠢ︶ | ᠤᠳᠤᠷᠢᠳᠬᠤ ᠳᠤᠭᠤᠶᠢᠯᠠᠩ ᠤᠨ ᠠᠯᠪᠠᠨ ᠭᠡᠷ ᠢ ᠲᠣᠭᠤᠷᠢᠭ ᠤᠨ ᠲᠤᠭ᠎ᠠ ᠪᠦᠷᠢᠳᠬᠡᠯ ᠤᠨ ᠲᠣᠪᠴᠢᠶᠠᠨ ᠳᠤ ᠪᠠᠶᠢᠷᠢᠯᠠᠭᠤᠯᠵᠤ᠂ ᠠᠯᠪᠠᠨ ᠭᠡᠷ ᠤᠨ | ᠡᠷᠬᠢᠯᠡᠭᠴᠢ ᠶᠢᠨ ᠲᠤᠰᠢᠶᠠᠯ ᠢ ᠱᠠᠩ ᠵᠢᠶᠦ᠋ᠨ ᠨᠥᠬᠦᠷ ᠬᠠᠪᠰᠤᠷᠭᠠᠨ ᠡᠭᠦᠷᠭᠡᠯᠡᠪᠡ᠃ | | |