《ᠰᠦᠯᠵᠢᠶᠡᠨ ᠳᠡᠭᠡᠷ᠎ᠡ ᠬᠢᠴᠢᠶᠡᠯ ᠴᠠᠭᠳᠠᠬᠤ》᠎ ᠨᠢ《ᠬᠢᠴᠢᠶᠡᠯ ᠵᠣᠭᠰᠣᠭᠰᠠᠨ ᠴᠦ ᠰᠤᠷᠤᠯᠴᠠᠯᠭ᠎ᠠ ᠲᠠᠶᠠᠭᠳᠠᠬᠤ ᠦᠭᠡᠢ》ᠪᠠᠶᠢᠳᠠᠯ ᠳᠤ ᠬᠠᠮᠠᠭᠠᠯᠠᠯᠲᠠ ᠬᠢᠨ᠎ᠡ
ᠨᠡᠶᠢᠲᠡᠯᠡᠭᠰᠡᠨ ᠴᠠᠭ᠄
2020-03-17
     ᠪᠠᠭᠰᠢ ᠨᠠᠷ ᠤᠨ ᠰᠦᠯᠵᠢᠶᠡᠨ ᠳᠠᠬᠢ ᠵᠢᠭᠠᠨ ᠰᠤᠷᠭᠠᠬᠤ ᠦᠢᠯᠡ ᠠᠵᠢᠯᠯᠠᠭ᠎ᠠ ᠶᠢ ᠵᠢᠷᠤᠮᠵᠢᠭᠤᠯᠵᠤ᠂ ᠰᠦᠯᠵᠢᠶᠡᠨ ᠳᠠᠬᠢ ᠰᠤᠷᠤᠯᠴᠠᠬᠤ ᠦᠷ᠎ᠡ ᠪᠦᠲᠦᠮᠵᠢ ᠶᠢ ᠪᠠᠲᠤᠯᠠᠬᠤ ᠶᠢᠨ ᠲᠤᠰᠠᠳᠠ᠂ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶᠠᠨ ᠤ ᠵᠢᠭᠠᠨ ᠰᠤᠷᠭᠠᠬᠤ ᠰᠤᠳᠤᠯᠤᠯ ᠤᠨ ᠲᠥᠪ《ᠪᠠᠶ᠋ᠬᠠᠣᠪᠤᠭ᠎ᠠ ᠠᠭᠤᠷᠬᠠᠶ ᠶᠢᠨ ᠲᠣᠭᠤᠷᠢᠭ ᠤᠨ『ᠰᠤᠷᠤᠯᠭ᠎ᠠ ᠶᠢᠨ ᠬᠤᠭᠤᠴᠠᠭ᠎ᠠ ᠡᠬᠢᠯᠡᠬᠦ ᠬᠤᠶᠢᠰᠢᠯᠠᠭᠳᠠᠬᠤ ᠳᠤ᠂ ᠬᠢᠴᠢᠶᠡᠯ ᠵᠣᠭᠰᠣᠭᠰᠠᠨ ᠴᠦ ᠰᠤᠷᠤᠯᠴᠠᠯᠭ᠎ᠠ ᠲᠠᠶᠠᠭᠳᠠᠬᠤ ᠦᠭᠡᠢ』ᠰᠦᠯᠵᠢᠶᠡᠨ ᠳᠡᠭᠡᠷ᠎ᠡ ᠬᠢᠴᠢᠶᠡᠯ ᠲᠣᠭᠤᠷᠢᠨ ᠵᠢᠯᠣᠭᠤᠳᠤᠨ ᠴᠠᠭᠳᠠᠬᠤ ᠠᠵᠢᠯ ᠎ ᠤᠨ ᠲᠥᠰᠦᠯ》᠎ ᠤᠨ ᠶᠣᠰᠣᠭᠠᠷ᠂ ᠰᠦᠯᠵᠢᠶᠡᠨ ᠳᠡᠭᠡᠷ᠎ᠡ ᠬᠢᠴᠢᠶᠡᠯ ᠲᠣᠭᠤᠷᠢᠨ ᠦᠵᠡᠵᠦ᠂ ᠡᠯ᠎ᠡ ᠰᠤᠷᠭᠠᠭᠤᠯᠢ ᠶᠢᠨ ᠰᠦᠯᠵᠢᠶᠡᠨ ᠳᠡᠭᠡᠷ᠎ᠡ ᠵᠢᠭᠠᠨ ᠰᠤᠷᠭᠠᠬᠤ ᠪᠠ ᠬᠠᠮᠢᠶᠠᠷᠬᠤ ᠠᠵᠢᠯ ᠤᠨ ᠪᠠᠶᠢᠳᠠᠯ ᠢ ᠴᠠᠭ ᠲᠤᠬᠠᠶ ᠳᠤᠨᠢ ᠡᠵᠡᠮᠰᠢᠨ᠂ ᠪᠦᠬᠦ ᠲᠣᠭᠤᠷᠢᠭ ᠤᠨ ᠪᠠᠭᠰᠢ ᠰᠤᠷᠤᠭᠴᠢᠳ ᠲᠤ ᠰᠦᠯᠵᠢᠶᠡᠨ ᠳᠡᠭᠡᠷ᠎ᠡ ᠵᠢᠭᠠᠨ ᠰᠤᠷᠭᠠᠬᠤ ᠳᠤ ᠬᠡᠷᠡᠭᠰᠡᠬᠦ ᠵᠢᠭᠠᠨ ᠵᠢᠯᠣᠭᠤᠳᠤᠯᠭ᠎ᠠ ᠪᠠ  ᠬᠠᠪᠰᠤᠷᠤᠯᠭ᠎ᠠ ᠶᠢ ᠴᠠᠭ ᠲᠤᠬᠠᠢ ᠳᠤ ᠨᠢ ᠬᠠᠩᠭᠠᠪᠠ᠃      ᠰᠦᠯᠵᠢᠶᠡᠨ ᠳᠠᠬᠢ ᠬᠢᠴᠢᠶᠡᠯ ᠡᠬᠢᠯᠡᠭᠰᠡᠨ ᠠᠴᠠ ᠨᠠᠰᠢ᠂ ᠲᠣᠭᠤᠷᠢᠭ ᠤᠨ ᠵᠢᠭᠠᠨ ᠰᠤᠳᠤᠯᠬᠤ ᠲᠥᠪ ᠬᠢᠴᠢᠶᠡᠯ ᠰᠢᠨᠵᠢᠯᠡᠭᠡᠨ ᠤ ᠵᠢᠭᠠᠨ ᠰᠤᠳᠤᠯᠤᠭᠴᠢ᠂ ᠡᠯ᠎ᠡ ᠰᠤᠷᠭᠠᠭᠤᠯᠢ ᠶᠢᠨ ᠳᠡᠳ᠋ ᠵᠠᠬᠢᠷᠤᠯ ᠪᠣᠯᠤᠨ ᠭᠤᠤᠯᠯᠠᠭᠴᠢ ᠪᠠᠭᠰᠢ ᠶᠢ ᠵᠣᠬᠢᠶᠠᠨ ᠪᠠᠶᠢᠭᠤᠯᠵᠤ ᠰᠦᠯᠵᠢᠶᠡᠨ ᠳᠠᠬᠢ ᠵᠢᠭᠠᠨ ᠰᠤᠷᠭᠠᠯᠲᠠ ᠶᠢᠨ ᠵᠢᠯᠣᠭᠤᠳᠬᠤ ᠳᠤᠭᠤᠶᠢᠯᠠᠩ ᠪᠠᠶᠢᠭᠤᠯᠵᠤ᠂ ᠠᠩᠭᠢ ᠨᠢᠭᠡᠴᠡ ᠳᠤ ᠭᠦᠨᠵᠡᠭᠡᠶᠢᠷᠡᠨ᠂ ᠬᠢᠴᠢᠶᠡᠯ ᠲᠥᠷᠥᠯ᠂ ᠰᠤᠷᠭᠠᠭᠤᠯᠢ ᠶᠢᠨ ᠶᠣᠰᠣᠭᠠᠷ ᠰᠦᠯᠵᠢᠶᠡᠨ ᠳᠠᠬᠢ ᠬᠢᠴᠢᠶᠡᠯ ᠢ ᠪᠠᠶᠢᠴᠠᠭᠠᠵᠤ᠂ ᠬᠢᠴᠢᠶᠡᠯ ᠣᠷᠣᠬᠤ ᠡᠬᠢ ᠪᠠᠶᠠᠯᠢᠭ ᠢ ᠬᠢᠨᠠᠮᠠᠭᠠᠶ ᠬᠢᠨᠠᠨ ᠬᠠᠷᠭᠤᠭᠤᠯᠵᠤ᠂ ᠰᠦᠯᠵᠢᠶᠡᠨ ᠳᠤ ᠬᠢᠴᠢᠶᠡᠯ ᠰᠣᠨᠣᠰᠴᠤ᠂ ᠵᠢᠭᠠᠬᠤ ᠠᠭᠤᠯᠭ᠎ᠠ᠂ ᠬᠢᠴᠢᠶᠡᠯ ᠤᠨ ᠪᠠᠷᠢᠮᠵᠢᠶ᠎ᠠ ᠶᠢ ᠨᠠᠶᠢᠳᠠᠪᠤᠷᠢᠵᠢᠭᠤᠯᠬᠤ᠂ ᠵᠢᠭᠠᠨ ᠰᠤᠷᠭᠠᠬᠤ ᠠᠷᠭ᠎ᠠ ᠪᠣᠳᠣᠯᠭ᠎ᠠ᠂ ᠬᠢᠴᠢᠶᠡᠯ ᠵᠢᠭᠠᠬᠤ ᠠᠬᠢᠴᠠ᠂ ᠬᠢᠴᠢᠶᠡᠯ ᠤᠨ ᠲᠠᠩᠬᠢᠮ ᠤᠨ ᠦᠶᠯᠡᠳᠦᠯᠴᠡᠬᠦ ᠂ ᠬᠢᠴᠢᠶᠡᠯ ᠤᠨ ᠲᠠᠩᠬᠢᠮ ᠤᠨ ᠪᠣᠳᠠᠲᠤ ᠦᠷ᠎ᠡ ᠪᠦᠲᠦᠮᠵᠢ᠂ ᠠᠵᠢᠯ ᠤᠨ ᠴᠣᠬᠤᠯᠠᠪᠤᠷᠢᠯᠠᠨ ᠤᠩᠰᠢᠬᠤ᠂ ᠰᠦᠯᠵᠢᠶᠡᠨ ᠳᠡᠭᠡᠷ᠎ᠡ ᠠᠰᠠᠭᠤᠯᠲᠠ ᠬᠠᠷᠢᠭᠤᠯᠬᠤ᠂ ᠭᠡᠷ ᠤᠨ ᠠᠬᠠᠮᠠᠳ ᠪᠠ ᠰᠤᠷᠭᠠᠭᠤᠯᠢ ᠶᠢᠨ ᠬᠠᠷᠢᠯᠴᠠᠨ ᠬᠥᠳᠡᠯᠦᠯᠴᠡᠬᠦ ᠵᠡᠷᠭᠡ ᠵᠢᠭᠠᠨ ᠰᠤᠷᠭᠠᠯᠲᠠ ᠶᠢᠨ ᠪᠠᠶᠢᠳᠠᠯ ᠢ ᠭᠤᠤᠯᠳᠠᠯᠭ᠎ᠠ ᠲᠠᠢ ᠠᠩᠬᠠᠷᠴᠤ᠂ ᠡᠳᠦᠷ ᠪᠦᠷᠢ ᠬᠠᠷᠢᠭᠤ ᠲᠤᠰᠬᠠᠵᠤ᠂ ᠭᠠᠷᠠᠭ ᠪᠦᠷᠢ ᠳ᠋ᠦᠩᠨᠡᠬᠦ ᠶᠢᠨ ᠬᠠᠮᠲᠤ᠂ ᠰᠢᠯᠢᠳᠡᠭ ᠠᠷᠭ᠎ᠠ ᠪᠠᠷᠢᠯ᠂ ᠨᠡᠶᠢᠲᠡᠯᠢᠭ ᠲᠤᠷᠰᠢᠯᠭ᠎ᠠ ᠶᠢ ᠪᠠᠭᠰᠢ ᠨᠠᠷ ᠲᠠᠢ ᠳ᠋ᠦᠩᠨᠡᠨ ᠂ ᠬᠠᠮᠲᠤᠪᠠᠷ ᠡᠳ᠋ᠯᠡᠨ᠎ᠡ᠃ ᠰᠦᠯᠵᠢᠶᠡᠨ ᠳᠠᠬᠢ ᠵᠢᠭᠠᠨ ᠰᠤᠷᠭᠠᠯᠲᠠ ᠪᠣᠯ ᠬᠢᠵᠢᠭ ᠤᠨ ᠪᠠᠶᠢᠳᠠᠯ ᠤᠨ ᠪᠠᠴᠢᠮ ᠪᠠᠶᠢᠳᠠᠯ ᠎ ᠢ ᠠᠷᠭᠠᠴᠠᠬᠤ ᠠᠷᠭ ᠎ᠠ ᠬᠡᠮᠵᠢᠶ᠎ᠡ ᠪᠣᠯᠬᠤ ᠮᠥᠷᠲᠡᠭᠡᠨ ᠪᠠᠰᠠ ᠴᠤ ᠴᠠᠭ ᠦᠶ᠎ᠡ ᠶᠢᠨ ᠰᠢᠨ᠎ᠡ ᠡᠭᠦᠳᠦᠯᠲᠡ ᠶᠢᠨ ᠠᠷᠭ᠎ᠠ ᠬᠡᠮᠵᠢᠶ᠎ᠡ ᠪᠣᠯᠤᠨ᠎ᠠ᠃ ᠺᠣᠮᠫᠢᠦ᠋ᠲ᠋ᠧᠷ᠂ ᠭᠠᠷ ᠤᠲᠠᠰᠤ᠂ ᠬᠠᠪᠲᠠᠭᠠᠶ ᠺᠣᠮᠫᠢᠦ᠋ᠲ᠋ᠧᠷ ᠨᠢ ᠪᠦᠷ ᠪᠠᠭᠰᠢ ᠶᠢᠨ ᠵᠢᠭᠠᠨ ᠰᠤᠷᠭᠠᠯᠲᠠ ᠶᠢᠨ ᠪᠠᠭᠠᠵᠢ ᠪᠣᠯᠵᠣ᠂ ᠸᠢᠴᠠᠲ᠂ ᠪᠢᠴᠢᠯ ᠬᠢᠴᠢᠶᠡᠯ ᠤᠨ ᠰᠢᠩᠭᠡᠯᠲᠡ ᠶᠢᠨ ᠨᠥᠬᠦᠪᠥᠷᠢ᠂ ᠨᠠᠷᠠᠲᠤ ᠪᠠᠭᠰᠢ ᠶᠢᠨ ᠦᠵᠡᠭᠦᠯᠦᠭᠡ ᠶᠢᠨ ᠬᠢᠴᠢᠶᠡᠯ᠂ ᠰᠢᠭᠤᠳ ᠨᠡᠪᠲᠡᠷᠡᠭᠦᠯᠬᠦ ᠵᠢᠭᠠᠨ ᠰᠤᠷᠭᠠᠯᠲᠠ᠂ ᠸᠢᠳᠢᠣ᠋ ᠬᠤᠷᠠᠯ ᠵᠡᠷᠭᠡ ᠣᠯᠠᠨ ᠵᠦᠶᠯ ᠤᠨ ᠬᠡᠯᠪᠡᠷᠢ ᠶᠢᠨ ᠵᠢᠭᠠᠨ ᠰᠤᠷᠭᠠᠯᠲᠠ ᠪᠠᠷ ᠳᠠᠮᠵᠢᠭᠤᠯᠤᠨ᠂ ᠰᠤᠷᠤᠭᠴᠢᠳ ᠤᠨ ᠰᠤᠷᠤᠯᠴᠠᠯᠭ᠎ᠠ ᠣᠯᠣᠯᠲᠠ ᠲᠠᠢ ᠪᠠᠶᠢᠬᠤ ᠶᠢ ᠪᠠᠲᠤᠯᠠᠪᠠ᠃ ᠰᠢᠨ᠎ᠡ ᠮᠠᠶ᠋ᠢᠭ ᠤᠨ ᠵᠢᠭᠠᠨ ᠰᠤᠷᠭᠠᠯᠲᠠ ᠶᠢᠨ ᠬᠡᠯᠪᠡᠷᠢ ᠳᠣᠣᠷ᠎ᠠ ᠨᠡᠩ ᠪᠦᠲᠦᠮᠵᠢᠲᠡᠢ ᠰᠦᠯᠵᠢᠶᠡᠨ ᠳᠠᠬᠢ ᠵᠢᠭᠠᠨ ᠰᠤᠷᠭᠠᠯᠲᠠ ᠶᠢᠨ ᠠᠷᠭ᠎ᠠ ᠶᠢ ᠡᠷᠢᠯᠬᠢᠯᠡᠵᠦ᠂ ᠰᠦᠯᠵᠢᠶᠡᠨ ᠳᠠᠬᠢ ᠵᠢᠭᠠᠨ ᠰᠤᠷᠭᠠᠯᠲᠠ ᠶᠢᠨ ᠪᠣᠳᠠᠲᠤ ᠦᠷ᠎ᠡ ᠪᠦᠲᠦᠮᠵᠢ ᠶᠢ ᠴᠢᠷᠮᠠᠶᠢᠨ ᠳᠡᠭᠡᠭᠰᠢᠯᠡᠭᠦᠯᠪᠡ᠃ ᠰᠤᠷᠤᠭᠴᠢᠳ ᠤᠨ ᠡᠷᠡᠭᠦᠯ ᠢᠶᠠᠷ ᠦᠰᠦᠨ ᠪᠣᠶᠢᠵᠢᠬᠤ ᠶᠢᠨ ᠲᠥᠯᠥᠭᠡ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠵᠦ ᠬᠤᠷᠢᠭᠯᠠᠨ ᠴᠣᠬᠢᠬᠤ ᠳᠠᠶᠢᠯᠠᠯᠳᠤᠭᠠᠨ ᠢ ᠰᠠᠶᠢᠲᠤᠷ ᠬᠢᠵᠦ᠂ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠰᠠᠬᠢᠨ ᠬᠠᠮᠠᠭᠠᠯᠠᠬᠤ ᠳᠠᠶᠢᠯᠠᠯᠳᠤᠭᠠᠨ ᠢ ᠰᠠᠶᠢᠲᠤᠷ ᠬᠢᠬᠦ ᠬᠡᠷᠡᠭᠲᠡᠶ︕
 
ᠢᠷᠡᠯᠲᠡ᠄ ᠪᠠᠶ᠋ᠬᠠᠣᠪᠤᠭ᠎ᠠ ᠠᠭᠤᠷᠬᠠᠢ ᠶᠢᠨ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号