ᠰᠤᠷᠭᠠᠭᠤᠯᠢ ᠶᠢᠨ ᠬᠦᠷᠢᠶᠡᠨ ᠤ ᠴᠡᠪᠡᠷᠯᠡᠨ ᠠᠷᠢᠭᠤᠳᠬᠠᠬᠤ ᠠᠵᠢᠯᠯᠠᠭ᠎ᠠ ᠲᠠᠰᠤᠷᠠᠯᠲᠠ ᠦᠭᠡᠢ ᠪᠠᠶᠢᠵᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠲᠤ ᠬᠠᠯᠬᠠᠪᠴᠢ ᠶᠢ ᠴᠣᠭᠴᠠᠯᠠᠨ᠎ᠠ
ᠨᠡᠶᠢᠲᠡᠯᠡᠭᠰᠡᠨ ᠴᠠᠭ᠄
2020-03-26
     ᠮᠠᠨ ᠤ ᠲᠣᠭᠤᠷᠢᠭ ᠤᠨ ᠡᠮᠬᠢ ᠵᠢᠷᠤᠮ ᠲᠠᠢ ᠲᠣᠭᠲᠠᠭᠤᠨ ᠢᠶᠠᠷ ᠰᠤᠷᠭᠠᠭᠤᠯᠢ ᠡᠬᠢᠯᠡᠭᠦᠯᠵᠦ᠂ ᠪᠠᠭᠰᠢ ᠰᠤᠷᠤᠭᠴᠢᠳ ᠤᠨ ᠠᠮᠢ ᠨᠠᠰᠤ ᠡᠷᠡᠭᠦᠯ ᠮᠡᠨᠳᠦ ᠶᠢᠨ ᠠᠮᠤᠷ ᠲᠦᠪᠰᠢᠨ ᠢ ᠪᠠᠲᠤᠯᠠᠬᠤ ᠶᠢᠨ ᠲᠤᠰᠠᠳᠠ᠂ ᠣᠶᠢᠷ᠎ᠠ ᠶᠢᠨ ᠡᠳᠦᠷ᠂ ᠮᠠᠨ ᠤ ᠲᠣᠭᠤᠷᠢᠭ ᠤᠨ ᠰᠤᠷᠭᠠᠨ ᠬᠥᠮᠦᠵᠢᠯ ᠤᠨ ᠰᠢᠰᠲ᠋ᠧᠮ ᠰᠤᠷᠭᠠᠭᠤᠯᠢ ᠶᠢᠨ ᠬᠦᠷᠢᠶᠡᠨ ᠤ ᠣᠷᠴᠢᠨ ᠲᠣᠭᠤᠷᠢᠨ ᠢ ᠴᠡᠪᠡᠷᠯᠡᠬᠦ ᠪᠠ ᠠᠷᠢᠯᠭᠠᠬᠤ ᠠᠵᠢᠯ ᠢ ᠪᠥᠬᠦ ᠲᠠᠯ᠎ᠠ ᠪᠠᠷ ᠥᠷᠨᠢᠭᠦᠯᠪᠡ᠃      ᠪᠤᠭᠤᠲᠤ ᠶᠢᠨ ᠠᠷᠪᠠᠨ ᠨᠠᠢᠮᠠᠳᠤᠭᠠᠷ ᠳᠤᠮᠳᠠᠳᠤ ᠰᠤᠷᠭᠠᠭᠤᠯᠢ ᠶᠢᠨ ᠵᠠᠰᠠᠭ ᠵᠠᠬᠢᠷᠭᠠᠨ ᠤ ᠠᠵᠢᠯᠲᠠᠳ ᠪᠣᠯᠤᠨ ᠡᠯ᠎ᠡ ᠲᠠᠰᠤᠭ ᠤᠨ ᠬᠠᠷᠢᠭᠤᠴᠠᠯᠭᠠᠲᠠᠳ ᠠᠮᠠᠪᠴᠢ ᠵᠡᠭᠦᠵᠦ ᠰᠡᠷᠭᠡᠶᠢᠯᠡᠨ ᠬᠠᠮᠠᠭᠠᠯᠠᠬᠤ ᠬᠤᠪᠴᠠᠰᠤ ᠡᠮᠦᠰᠦᠨ᠂ ᠬᠦᠨᠳᠦ ᠠᠷᠢᠭᠤᠳᠬᠠᠬᠤ ᠬᠠᠶᠢᠷᠴᠠᠭ ᠢ ᠡᠭᠦᠷᠴᠦ ᠰᠤᠷᠭᠠᠭᠤᠯᠢ ᠶᠢᠨ ᠬᠦᠷᠢᠶᠡᠨ ᠤ ᠳᠣᠲᠣᠭᠠᠳᠤ ᠶᠢᠨ ᠣᠯᠠᠨ ᠨᠡᠶᠢᠲᠡ ᠶᠢᠨ ᠲᠠᠯᠠᠪᠤᠷ ᠤᠨ ᠪᠡᠶ᠎ᠡ ᠲᠠᠮᠢᠷ ᠤᠨ ᠲᠢᠩᠬᠢᠮ᠂ ᠲᠠᠮᠢᠷ ᠤᠨ ᠲᠠᠯᠠᠪᠠᠢ᠂ ᠰᠤᠷᠭᠠᠭᠤᠯᠢ ᠶᠢᠨ ᠬᠦᠷᠢᠶᠡᠨ ᠤ ᠳᠣᠲᠣᠭᠠᠳᠤ ᠳᠠᠬᠢ ᠵᠠᠮ ᠢ ᠠᠷᠢᠭᠤᠳᠬᠠᠭᠰᠠᠨ ᠪᠥᠭᠡᠳ ᠠᠷᠢᠭᠤᠳᠬᠠᠬᠤ ᠳᠦᠷᠢᠮᠵᠢᠯ ᠢ ᠴᠢᠩᠭ᠎ᠠ ᠵᠢᠷᠤᠮᠯᠠᠨ ᠵᠢᠭᠠᠨ ᠰᠤᠷᠭᠠᠬᠤ ᠠᠰᠠᠷ᠂ ᠬᠤᠭᠤᠯᠠᠨ ᠭᠡᠷ᠂ ᠵᠣᠷᠯᠣᠩ᠂ ᠠᠯᠪᠠᠨ ᠭᠡᠷ᠂ ᠰᠤᠷᠤᠭᠴᠢ ᠶᠢᠨ ᠪᠠᠶᠢᠷᠢ᠂ ᠱᠠᠲᠤ᠂ ᠬᠤᠩᠭᠢᠯ᠂ ᠤᠰᠤᠨ ᠲᠠᠲᠠᠭᠠᠯ᠂ ᠡᠭᠦᠳᠡᠨ ᠪᠠᠷᠢᠭᠤᠯ ᠵᠡᠷᠭᠡ ᠭᠠᠵᠠᠷ ᠢ ᠨᠠᠷᠢᠨ ᠨᠢᠮᠪᠠᠢ ᠠᠷᠢᠭᠤᠳᠬᠠᠪᠠ᠃ ᠶᠠᠮᠠᠷᠪᠠ ᠥᠨᠴᠥᠭ ᠪᠤᠯᠤᠩ ᠢ ᠴᠦ ᠦᠯᠡᠳᠡᠭᠡᠬᠦ ᠦᠭᠡᠢ ᠪᠠᠶᠢᠵᠤ᠂ ᠠᠷᠢᠭᠤᠳᠬᠠᠬᠤ ᠶᠢ ᠲᠤᠶᠢᠯᠪᠤᠷᠢᠲᠠᠶ ᠪᠠᠲᠤᠯᠠᠬᠤ ᠶᠢᠨ ᠬᠠᠮᠲᠤ ᠠᠷᠢᠭᠤᠳᠬᠠᠭᠰᠠᠨ ᠲᠡᠮᠳᠡᠭᠯᠡᠯ ᠢ ᠬᠢᠨᠠᠮᠠᠭᠠᠶ ᠰᠠᠶᠢᠲᠤᠷ ᠬᠢᠪᠡ᠃
     ᠲᠡᠮᠦᠷ ᠤᠨ ᠠᠭᠤᠷᠬᠠᠶ ᠶᠢᠨ ᠳᠤᠮᠳᠠᠳᠤ ᠰᠤᠷᠭᠠᠭᠤᠯᠢ ᠶᠢᠨ ᠪᠠᠭᠰᠢ ᠠᠵᠢᠯᠲᠠᠨ ᠰᠤᠷᠭᠠᠭᠤᠯᠢ ᠶᠢᠨ ᠠᠷᠢᠭᠤᠨ ᠴᠡᠪᠡᠷ ᠢ ᠬᠠᠮᠠᠭᠠᠯᠠᠬᠤ ᠡᠷᠴᠢᠮ ᠢᠶᠠᠨ ᠨᠡᠮᠡᠭᠳᠡᠭᠦᠯᠵᠦ᠂ ᠰᠤᠷᠭᠠᠭᠤᠯᠢ ᠶᠢᠨ ᠳᠣᠲᠣᠷᠠᠬᠢ ᠣᠯᠠᠨ ᠨᠡᠶᠢᠲᠡ ᠶᠢᠨ ᠲᠠᠯᠠᠪᠤᠷ ᠎ ᠲᠤ ᠪᠦᠬᠦ ᠲᠠᠯ᠎ᠠ ᠪᠠᠷ ᠠᠷᠢᠭᠤᠨ ᠴᠡᠪᠡᠷ ᠢ ᠠᠷᠢᠭᠤᠳᠬᠠᠵᠤ᠂ ᠰᠤᠷᠭᠠᠭᠤᠯᠢ ᠶᠢᠨ ᠬᠦᠷᠢᠶᠡᠨ ᠤ ᠣᠷᠴᠢᠨ ᠲᠣᠭᠤᠷᠢᠨ ᠤ ᠠᠶᠤᠯ ᠦᠭᠡᠶ ᠡᠷᠡᠭᠦᠯ ᠬᠠᠮᠠᠭᠠᠯᠠᠯ ᠢ ᠦᠨᠡᠨᠬᠦ ᠪᠠᠲᠤᠯᠠᠪᠠ᠃ ᠪᠠᠭᠰᠢ ᠠᠵᠢᠯᠳᠠᠨ ᠰᠦᠷᠴᠢᠨ ᠰᠠᠴᠤᠬᠤ ᠪᠠ ᠵᠦᠯᠭᠦᠵᠦ ᠤᠬᠢᠶᠠᠬᠤ ᠶᠢ ᠤᠶᠠᠯᠳᠤᠭᠤᠯᠬᠤ ᠠᠷᠭ᠎ᠠ ᠮᠠᠶ᠋ᠢᠭ ᠢ ᠠᠪᠴᠤ᠂ ᠠᠷᠢᠭᠤᠳᠬᠠᠬᠤ ᠶᠠᠪᠤᠴᠠ ᠨᠢ ᠨᠠᠷᠢᠨ ᠬᠢᠨᠠᠮᠠᠭᠠᠢ᠂ ᠥᠨᠴᠥᠭ ᠪᠤᠯᠤᠩ ᠦᠯᠡᠳᠡᠭᠡᠬᠦ ᠦᠭᠡᠢ ᠪᠠᠶᠢᠵᠤ᠂ ᠠᠷᠢᠭᠤᠳᠬᠠᠬᠤ ᠶᠢ ᠲᠤᠶᠢᠯᠪᠤᠷᠢᠲᠠᠢ ᠪᠠᠲᠤᠯᠠᠬᠤ ᠶᠢᠨ ᠬᠠᠮᠲᠤ ᠡᠯ᠎ᠡ ᠲᠠᠰᠤᠭ ᠤᠨ ᠠᠷᠢᠭᠤᠨ ᠴᠡᠪᠡᠷ ᠢ ᠴᠡᠭᠴᠡᠯᠡᠬᠦ ᠪᠠ ᠰᠠᠯᠬᠢ ᠨᠡᠪᠲᠡᠷᠡᠭᠦᠯᠵᠦ᠂ ᠰᠤᠷᠭᠠᠭᠤᠯᠢ ᠶᠢᠨ ᠬᠦᠷᠢᠶ᠎ᠡ ᠶᠢ ᠨᠡᠩ ᠴᠡᠪᠡᠷ ᠲᠡᠭᠰᠢ ᠲᠠᠭᠠᠯᠠᠮᠵᠢᠲᠠᠢ ᠪᠣᠯᠭᠠᠵᠤ᠂ ᠪᠠᠭᠰᠢ ᠰᠤᠷᠤᠭᠴᠢᠳ ᠲᠤ ᠠᠮᠤᠷ ᠲᠦᠪᠰᠢᠨ᠂ ᠡᠷᠡᠭᠦᠯ ᠬᠠᠮᠠᠭᠠᠯᠠᠯ ᠤᠨ ᠠᠵᠢᠯᠯᠠᠵᠤ ᠰᠤᠷᠤᠯᠴᠠᠬᠤ ᠣᠷᠴᠢᠨ ᠲᠣᠭᠤᠷᠢᠨ ᠢ ᠬᠠᠩᠭᠠᠪᠠ᠃
     ᠮᠣᠩᠭᠤᠯ ᠰᠤᠷᠭᠠᠭᠤᠯᠢ᠂ ᠦᠨᠳᠦᠰᠦᠲᠡᠨ ᠤ ᠬᠡᠦᠬᠡᠳ ᠤᠨ ᠴᠡᠴᠡᠷᠯᠢᠭ ᠵᠢᠴᠢ ᠲᠡᠮᠦᠷ ᠤᠨ ᠠᠭᠤᠷᠬᠠᠶ ᠶᠢᠨ ᠬᠡᠦᠬᠡᠳ ᠤᠨ ᠴᠡᠴᠡᠷᠯᠢᠭ ᠴᠦ ᠲᠤᠰ ᠲᠤᠰ ᠰᠤᠷᠭᠠᠭᠤᠯᠢ ᠶᠢᠨ ᠳᠣᠲᠣᠷᠠᠬᠢ ᠬᠡᠪᠴᠢᠶᠡᠨ ᠳᠤ ᠴᠡᠪᠡᠷᠯᠡᠬᠦ ᠪᠠ ᠠᠷᠢᠭᠤᠳᠬᠠᠬᠤ ᠠᠵᠢᠯᠯᠠᠭ᠎ᠠ ᠶᠠᠪᠤᠭᠳᠠᠭᠤᠯᠪᠠ᠃ ᠡᠯ᠎ᠡ ᠰᠤᠷᠭᠠᠭᠤᠯᠢ ᠨᠢ ᠴᠥᠮ ᠠᠵᠢᠯᠲᠠᠨ ᠳᠠᠭᠠᠨ ᠬᠠᠨᠳᠤᠯᠭᠠᠲᠤ ᠴᠢᠨᠠᠷᠲᠠᠶ ᠠᠷᠢᠭᠤᠳᠬᠠᠬᠤ ᠮᠡᠳᠡᠯᠭᠡ ᠶᠢᠨ ᠪᠣᠯᠪᠠᠰᠤᠷᠠᠯ ᠢ ᠤᠷᠢᠳᠴᠢᠯᠠᠨ ᠥᠷᠨᠢᠭᠦᠯᠵᠦ᠂ ᠠᠵᠢᠯᠲᠠᠨ ᠢᠶᠠᠨ ᠠᠵᠢᠯᠯᠠᠬᠤ ᠎ ᠳᠠᠭᠠᠨ ᠠᠷᠢᠭᠤᠳᠬᠠᠬᠤ ᠠᠵᠢᠯᠯᠠᠬᠤ ᠳᠦᠷᠢᠮ ᠢ ᠴᠢᠩᠭ᠎ᠠ ᠵᠢᠷᠤᠮᠯᠠᠨ᠂ ᠵᠦᠶ ᠵᠣᠬᠢᠰᠲᠠᠶ ᠡᠮ ᠬᠡᠷᠡᠭᠯᠡᠵᠦ᠂ ᠠᠮᠤᠷ ᠲᠦᠪᠰᠢᠨ ᠢ ᠦᠨᠡᠨᠬᠦ ᠪᠠᠲᠤᠯᠠᠬᠤ ᠬᠡᠷᠡᠭᠲᠡᠶ ᠭᠡᠵᠦ ᠱᠠᠭᠠᠷᠳᠠᠪᠠ᠃ ᠠᠷᠢᠭᠤᠳᠬᠠᠬᠤ ᠶᠠᠪᠤᠴᠠ ᠳᠤ᠂ ᠪᠥᠬᠦ ᠲᠠᠯ᠎ᠠ ᠪᠠᠷ ᠠᠷᠢᠭᠤᠳᠬᠠᠵᠤ᠂ ᠢᠯᠠᠩᠭᠤᠶ᠎ᠠ ᠵᠢᠭᠠᠨ ᠰᠤᠷᠭᠠᠬᠤ ᠠᠰᠠᠷ᠂ ᠨᠣᠮ ᠤᠨ ᠥᠷᠥᠭᠡ᠂ ᠠᠷᠢᠭᠤᠨ ᠴᠡᠪᠡᠷ ᠤᠨ ᠥᠷᠥᠭᠡ᠂ ᠬᠤᠩᠭᠢᠯ᠂ ᠠᠰᠠᠷ ᠤᠨ ᠱᠠᠲᠤ᠂ ᠬᠤᠭ ᠨᠣᠪᠰᠢ ᠶᠢᠨ ᠲᠦᠩᠰᠡ ᠵᠡᠷᠭᠡ ᠪᠠᠭᠰᠢ ᠰᠤᠷᠤᠭᠴᠢᠳ ᠨᠡᠯᠢᠶᠡᠳ ᠣᠯᠠᠨ ᠬᠦᠷᠦᠯᠴᠡᠬᠦ ᠭᠠᠵᠠᠷ ᠲᠤ ᠨᠠᠷᠢᠨ ᠨᠢᠮᠪᠠᠶ ᠠᠷᠢᠭᠤᠳᠬᠠᠨ᠂ ᠠᠷᠢᠭᠤᠳᠬᠠᠬᠤ ᠳᠤ ᠬᠤᠭᠤᠰᠣᠨ ᠥᠨᠴᠥᠭ ᠪᠤᠯᠤᠩ ᠦᠯᠡᠳᠡᠭᠡᠬᠦ ᠦᠭᠡᠢ ᠪᠠᠶᠢᠵᠤ᠂ ᠰᠤᠷᠭᠠᠭᠤᠯᠢ ᠶᠢᠨ ᠬᠦᠷᠢᠶᠡᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠣᠭᠤᠮᠲᠠ ᠶᠢ ᠴᠢᠩᠭ᠎ᠠ ᠠᠳᠬᠤᠵᠤ᠂ ᠡᠯ᠎ᠡ ᠰᠤᠷᠭᠠᠭᠤᠯᠢ ᠨᠢ ᠪᠠᠰᠠ ᠰᠤᠷᠭᠠᠭᠤᠯᠢ ᠶᠢᠨ ᠬᠦᠷᠢᠶᠡᠨ ᠤ ᠬᠢᠵᠢᠭ ᠰᠡᠷᠭᠡᠶᠢᠯᠡᠬᠦ ᠠᠷᠢᠭᠤᠳᠬᠠᠬᠤ ᠵᠢᠴᠢ ᠡᠷᠡᠭᠦᠯ ᠬᠠᠮᠠᠭᠠᠯᠠᠯ ᠡᠷᠡᠭᠦᠯ ᠮᠡᠨᠳᠦ ᠶᠢ ᠬᠠᠮᠠᠭᠠᠯᠠᠬᠤ ᠡᠷᠴᠢᠮ ᠢᠶᠠᠨ ᠦᠷᠭᠦᠯᠵᠢᠯᠡᠨ ᠴᠢᠩᠭᠠᠳᠬᠠᠵᠤ᠂ ᠰᠤᠷᠭᠠᠭᠤᠯᠢ ᠶᠢᠨ ᠬᠦᠷᠢᠶᠡᠨ ᠤ ᠡᠷᠡᠭᠦᠯ ᠬᠠᠮᠠᠭᠠᠯᠠᠯ ᠤᠨ ᠰᠡᠷᠭᠡᠶᠢᠯᠡᠯᠲᠡ ᠶᠢᠨ ᠱᠤᠭᠤᠮ ᠢ ᠭᠦᠨᠵᠡᠭᠡᠶ ᠪᠠᠬᠢᠵᠢᠭᠦᠯᠵᠦ᠂ ᠪᠠᠭᠰᠢ ᠰᠤᠷᠤᠭᠴᠢᠳ ᠤᠨ ᠰᠤᠷᠭᠠᠭᠤᠯᠢ ᠡᠬᠢᠯᠡᠬᠦ ᠳᠤ ᠭᠦᠶᠴᠡᠳ ᠪᠡᠯᠡᠳᠬᠡᠯ ᠬᠢᠪᠡ᠃      ᠠᠯᠢ ᠨᠢᠭᠡ ᠡᠪᠦᠯ ᠴᠦ ᠥᠩᠭᠡᠷᠡᠵᠦ ᠣᠳᠴᠤ᠂ ᠠᠯᠢ ᠨᠢᠭᠡ ᠬᠠᠪᠤᠷ ᠴᠦ ᠪᠦᠷ ᠰᠠᠭᠠᠲᠠᠨ᠎ᠠ᠃ ᠲᠤᠰ ᠤᠳᠠᠭᠠᠨ ᠤ ᠬᠢᠵᠢᠭ ᠤᠨ ᠪᠠᠶᠢᠳᠠᠯ ᠰᠡᠷᠭᠡᠶᠢᠯᠡᠨ ᠡᠵᠡᠮᠳᠡᠵᠦ ᠬᠤᠷᠢᠭᠯᠠᠨ ᠴᠣᠬᠢᠬᠤ ᠳᠠᠶᠢᠯᠠᠯᠳᠤᠭᠠᠨ ᠨᠢ ᠬᠠᠮᠲᠤ ᠶᠢᠨ ᠴᠢᠷᠮᠠᠶᠢᠯᠭ᠎ᠠ ᠳᠣᠣᠷ᠎ᠠ ᠯᠠᠪᠲᠠᠢ ᠢᠯᠠᠯᠲᠠ ᠣᠯᠬᠤ ᠶᠢ ᠢᠲᠡᠭᠡᠵᠦ ᠪᠠᠶᠢᠨ᠎ᠠ᠃
 
ᠢᠷᠡᠯᠲᠡ᠄ ᠪᠠᠶ᠋ᠬᠠᠣᠪᠤᠭ᠎ᠠ ᠠᠭᠤᠷᠬᠠᠢ ᠶᠢᠨ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号