ᠲᠣᠭᠤᠷᠢᠭ ᠤᠨ ᠨᠠᠮ ᠤᠨ ᠬᠤᠷᠢᠶᠠᠨ ᠤ ᠱᠦᠵᠢ ᠵᠠᠩ ᠶᠦᠩ ᠳ᠋ᠦᠩ ᠰᠤᠷᠭᠠᠭᠤᠯᠢ ᠡᠬᠢᠯᠡᠬᠦ ᠪᠠ ᠰᠤᠷᠭᠠᠭᠤᠯᠢ ᠶᠢᠨ ᠬᠦᠷᠢᠶᠡᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2020-03-31
     3 ᠰᠠᠷ᠎ᠠ ᠶᠢᠨ 30᠎ ᠤ ᠡᠳᠦᠷ ᠤᠨ ᠦᠳᠡ ᠶᠢᠨ ᠡᠮᠦᠨ᠎ᠡ᠂ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠵᠠᠩ ᠶᠦᠩ ᠳ᠋ᠦᠩ ᠠᠩᠬ᠎ᠠ ᠭᠤᠷᠪᠠ᠂ ᠳᠡᠭᠡᠳᠦ ᠭᠤᠷᠪᠠ ᠶᠢᠨ ᠰᠤᠷᠤᠯᠭ᠎ᠠ ᠡᠬᠢᠯᠡᠵᠦ ᠬᠢᠴᠢᠶᠡᠯ ᠰᠡᠷᠭᠦᠭᠡᠬᠦ ᠠᠩᠬᠠᠨ ᠎ ᠤ ᠡᠳᠦᠷ᠂ ᠪᠤᠭᠤᠲᠤ ᠬᠤᠲᠠ ᠶᠢᠨ ᠠᠷᠪᠠᠨ ᠨᠠᠢᠮᠠᠳᠤᠭᠠᠷ ᠳᠤᠮᠳᠠᠳᠤ ᠰᠤᠷᠭᠠᠭᠤᠯᠢ ᠪᠠ ᠲᠡᠮᠦᠷ ᠤᠨ ᠠᠭᠤᠷᠬᠠᠶ ᠶᠢᠨ ᠳᠤᠮᠳᠠᠳᠤ ᠰᠤᠷᠭᠠᠭᠤᠯᠢ ᠳᠤ ᠬᠦᠷᠴᠦ ᠰᠤᠷᠭᠠᠭᠤᠯᠢ ᠡᠬᠢᠯᠡᠵᠦ ᠬᠢᠴᠢᠶᠡᠯ ᠰᠡᠷᠭᠦᠭᠡᠬᠦ ᠪᠠ ᠰᠤᠷᠭᠠᠭᠤᠯᠢ ᠶᠢᠨ ᠬᠦᠷᠢᠶᠡᠨ ᠎ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠪᠠᠶᠢᠳᠠᠯ ᠢ ᠪᠠᠶᠢᠴᠠᠭᠠᠨ ᠰᠤᠳᠤᠯᠪᠠ᠃ ᠲᠣᠭᠤᠷᠢᠭ ᠎ ᠤᠨ ᠤᠳᠤᠷᠢᠳᠤᠯᠭ᠎ᠠ ᠵᠠᠩ ᠾᠧ ᠱᠧᠩ ᠬᠠᠮᠲᠤ ᠪᠠᠶᠢᠴᠠᠭᠠᠯᠲᠠ ᠳᠤ ᠣᠷᠣᠯᠴᠠᠪᠠ᠃
     ᠵᠠᠩ ᠶᠦᠩ ᠳ᠋ᠦᠩ᠂ ᠰᠤᠷᠭᠠᠭᠤᠯᠢ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠠᠵᠢᠯ ᠢ ᠴᠢᠩᠭ᠎ᠠ ᠨᠢᠮᠪᠠᠶ ᠪᠣᠳᠠᠲᠠᠶ ᠰᠠᠶᠢᠲᠤᠷ ᠬᠢᠵᠦ᠂ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠬᠡᠪ ᠤᠨ ᠪᠠᠶᠢᠳᠠᠯ᠂ ᠪᠠᠭᠰᠢ ᠰᠤᠷᠤᠭᠴᠢᠳ ᠤᠨ ᠪᠡᠶ᠎ᠡ ᠮᠠᠬᠠᠪᠣᠳ ᠤᠨ ᠡᠷᠡᠭᠦᠯ ᠴᠢᠭᠢᠷᠠᠭ ᠢ ᠦᠨᠡᠨᠬᠦ ᠪᠠᠲᠤᠯᠠᠬᠤ ᠬᠡᠷᠡᠭᠲᠡᠶ ᠭᠡᠵᠦ ᠴᠢᠩᠭᠠᠳᠬᠠᠪᠠ᠃
     ᠵᠠᠩ ᠶᠦᠩ ᠳ᠋ᠦᠩ ᠤᠷᠢᠳ ᠬᠤᠵᠢᠳ ᠪᠤᠭᠤᠲᠤ ᠬᠤᠲᠠ ᠶᠢᠨ ᠠᠷᠪᠠᠨ ᠨᠠᠶᠮᠠᠳᠤᠭᠠᠷ ᠳᠤᠮᠳᠠᠳᠤ ᠰᠤᠷᠭᠠᠭᠤᠯᠢ ᠪᠣᠯᠤᠨ ᠲᠡᠮᠦᠷ ᠤᠨ ᠠᠭᠤᠷᠬᠠᠢ ᠶᠢᠨ ᠳᠤᠮᠳᠠᠳᠤ ᠰᠤᠷᠭᠠᠭᠤᠯᠢ ᠳᠤ ᠬᠦᠷᠴᠦ᠂ ᠪᠠᠭᠰᠢ ᠰᠤᠷᠤᠭᠴᠢᠳ ᠤᠨ ᠰᠤᠷᠭᠠᠭᠤᠯᠢ ᠳᠤ ᠣᠷᠣᠬᠤ ᠡᠷᠡᠭᠦᠯ ᠮᠡᠨᠳᠦ ᠶᠢᠨ ᠰᠢᠯᠭᠠᠨ ᠪᠠᠶᠢᠴᠠᠭᠠᠯᠲᠠ᠂ ᠬᠤᠪᠢ ᠬᠥᠮᠦᠨ ᠤ ᠬᠠᠮᠠᠭᠠᠯᠠᠯᠲᠠ᠂ ᠣᠷᠴᠢᠨ ᠲᠣᠭᠤᠷᠢᠨ ᠤ ᠠᠷᠢᠭᠤᠳᠬᠠᠯᠲᠠ ᠶᠢᠨ ᠶᠠᠪᠤᠴᠠ ᠶᠢ ᠨᠠᠷᠢᠨ ᠣᠶᠢᠯᠠᠭᠠᠵᠤ᠂ ᠲᠤᠰᠠᠭᠠᠷᠯᠠᠬᠤ ᠲᠠᠰᠤᠭ ᠤᠨ ᠪᠠᠶᠢᠷᠢᠯᠠᠭᠤᠯᠤᠯᠲᠠ᠂ ᠭᠠᠷ ᠤᠬᠢᠶᠠᠬᠤ ᠲᠥᠬᠦᠭᠡᠷᠦᠮᠵᠢ᠂ ᠠᠮᠠᠪᠴᠢ ᠳᠣᠭᠢᠷᠠᠭᠤᠯᠬᠤ ᠪᠠ ᠰᠤᠷᠭᠠᠨ ᠬᠥᠮᠦᠵᠢᠯ ᠵᠢᠭᠠᠨ ᠰᠤᠷᠭᠠᠯᠲᠠ ᠵᠡᠷᠭᠡ ᠪᠠᠶᠢᠳᠠᠯ ᠢ ᠨᠠᠷᠢᠨ ᠨᠢᠮᠪᠠᠶ ᠠᠰᠠᠭᠤᠨ ᠯᠠᠪᠯᠠᠵᠤ᠂ ᠰᠤᠷᠭᠠᠭᠤᠯᠢ ᠳᠤ ᠤᠯᠠᠭᠠᠨ ᠤ ᠭᠠᠳᠠᠨᠠᠬᠢ ᠪᠡᠶ᠎ᠡ ᠎ ᠶᠢᠨ ᠳᠤᠯᠠᠭᠠᠨ ᠢ ᠰᠢᠯᠭᠠᠨ ᠪᠠᠶᠢᠴᠠᠭᠠᠬᠤ ᠪᠠᠭᠠᠵᠢ ᠳᠣᠭᠢᠷᠠᠭᠤᠯᠵᠤ᠂ ᠰᠤᠷᠤᠭᠴᠢᠳ ᠤᠨ ᠰᠤᠷᠭᠠᠭᠤᠯᠢ ᠳᠤ ᠣᠷᠣᠬᠤ ᠦᠷ᠎ᠡ ᠪᠦᠲᠦᠮᠵᠢ ᠶᠢ ᠳᠡᠭᠡᠭᠰᠢᠯᠡᠭᠦᠯᠦᠨ᠂ ᠬᠤᠭᠤᠯᠠᠨ ᠬᠡᠷ ᠤᠨ ᠬᠤᠭᠤᠯᠠᠨ ᠰᠢᠷᠡᠭᠡᠨ ᠳᠡᠭᠡᠷ᠎ᠡ ᠲᠤᠰᠠᠭᠠᠷᠯᠠᠬᠤ ᠬᠠᠪᠲᠠᠰᠤ ᠤᠭᠰᠠᠷᠠᠵᠤ᠂ ᠰᠤᠷᠤᠭᠴᠢᠳ ᠤᠨ ᠬᠤᠭᠤᠯᠠ ᠢᠳᠡᠬᠦ ᠠᠮᠤᠷ ᠲᠦᠪᠰᠢᠨ ᠪᠠ ᠪᠠᠶᠢᠷᠢ ᠶᠢᠨ ᠭᠡᠷ᠂ ᠬᠢᠴᠢᠶᠡᠯ ᠎ ᠤᠨ ᠬᠡᠷ᠂ ᠬᠤᠭᠤᠯᠠᠨ ᠬᠡᠷ ᠤᠨ ᠲᠣᠭᠲᠠᠭᠰᠠᠨ ᠴᠠᠭ ᠲᠤ ᠠᠷᠢᠭᠤᠳᠬᠠᠵᠤ ᠰᠠᠯᠬᠢ ᠨᠡᠪᠲᠡᠷᠡᠭᠦᠯᠬᠦ ᠶᠢ ᠪᠠᠲᠤᠯᠠᠬᠤ ᠵᠡᠷᠭᠡ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠭᠦᠶᠴᠡᠳ ᠨᠤᠲᠠᠯᠠᠪᠠ᠃      ᠵᠠᠩ ᠶᠦᠩ ᠳ᠋ᠦᠩ᠂ ᠬᠡᠦᠬᠡᠳ ᠤᠳ ᠪᠣᠯ ᠡᠬᠡ ᠤᠯᠤᠰ ᠤᠨ ᠬᠤᠸᠠᠷ ᠴᠡᠴᠡᠭ ᠮᠥᠨ᠂ ᠰᠤᠷᠭᠠᠭᠤᠯᠢ ᠲᠠᠷᠬᠠᠬᠤ᠂ ᠤᠷᠬᠢᠯ ᠠᠴᠠ ᠵᠠᠶᠢᠯᠠᠵᠤ ᠬᠤᠭᠤᠯᠠ ᠢᠳᠡᠬᠦ᠂ ᠬᠤᠨᠤᠭ ᠤᠨ ᠬᠠᠮᠢᠶᠠᠷᠤᠯᠲᠠ ᠵᠡᠷᠭᠡ ᠭᠤᠭᠴᠤᠭ᠎ᠠ ᠨᠢᠭᠡᠪᠦᠷᠢ  ᠶᠢ ᠡᠷᠬᠡᠪᠰᠢ ᠰᠠᠶᠢᠲᠤᠷ ᠨᠠᠶᠢᠳᠠᠪᠤᠷᠢᠵᠢᠭᠤᠯᠵᠤ᠂ ᠨᠠᠷᠢᠨ ᠵᠦᠢᠯᠡᠰ ᠨᠢᠭᠡᠪᠦᠷᠢ ᠶᠢᠨ ᠠᠵᠢᠯ ᠢ ᠰᠠᠶᠢᠲᠤᠷ ᠬᠢᠵᠦ᠂ ᠰᠤᠷᠤᠭᠴᠢᠳ ᠤᠨ ᠰᠡᠳᠬᠢᠯ ᠠᠮᠤᠷ ᠰᠤᠷᠤᠯᠴᠠᠬᠤ ᠳᠤ ᠡᠷᠡᠭᠦᠯ ᠮᠡᠨᠳᠦ ᠠᠮᠤᠷ ᠲᠦᠪᠰᠢᠨ ᠣᠷᠴᠢᠨ ᠲᠣᠭᠤᠷᠢᠨ ᠢ ᠪᠤᠢ ᠪᠣᠯᠭᠠᠵᠤ ᠥᠭᠬᠦ ᠬᠡᠷᠡᠭᠲᠡᠢ ᠭᠡᠵᠦ ᠵᠢᠭᠠᠵᠤ ᠭᠠᠷᠭᠠᠪᠠ᠃      ᠵᠠᠩ ᠶᠦᠩ ᠳ᠋ᠦᠩ᠂  ᠰᠤᠷᠭᠠᠭᠤᠯᠢ ᠶᠢᠨ ᠬᠦᠷᠢᠶᠡᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠰᠤᠷᠭᠠᠭᠤᠯᠢ ᠡᠬᠢᠯᠡᠵᠦ ᠬᠢᠴᠢᠶᠡᠯ ᠰᠡᠷᠭᠦᠭᠡᠬᠦ ᠨᠢ ᠴᠥᠮ ᠬᠡᠦᠬᠡᠳ ᠨᠢᠭᠡᠪᠦᠷᠢ ᠳᠤ ᠬᠤᠯᠪᠣᠭᠳᠠᠬᠤ ᠶᠡᠭᠡ ᠶᠠᠪᠤᠳᠠᠯ ᠪᠣᠯᠬᠤ ᠪᠥᠭᠡᠳ ᠬᠡᠷ ᠤᠨ ᠠᠬᠠᠮᠠᠳ ᠨᠢᠭᠡᠪᠦᠷᠢ ᠶᠢᠨ ᠰᠡᠳᠬᠢᠯ ᠢ ᠲᠠᠲᠠᠵᠤ ᠪᠠᠶᠢᠳᠠᠭ᠃ ᠰᠤᠷᠭᠠᠨ ᠬᠥᠮᠦᠵᠢᠯ ᠤᠨ ᠰᠠᠯᠠᠭ᠎ᠠ ᠮᠥᠴᠢᠷ ᠤᠳ ᠭᠤᠤᠯ ᠴᠣᠭᠴᠠ ᠶᠢᠨ ᠬᠠᠷᠢᠭᠤᠴᠠᠯᠭ᠎ᠠ ᠶᠢ ᠬᠢᠨᠠᠮᠠᠭᠠᠶ ᠨᠠᠶᠢᠳᠠᠪᠤᠷᠢᠵᠢᠭᠤᠯᠵᠤ᠂ ᠵᠢᠯᠣᠭᠤᠳᠤᠯᠭ᠎ᠠ ᠪᠠᠨ ᠴᠢᠩᠭᠠᠳᠬᠠᠨ᠂ ᠨᠢᠭᠡᠳᠦᠯᠲᠡᠶ ᠲᠥᠯᠥᠪᠯᠡᠨ ᠬᠠᠮᠢᠶᠠᠷᠴᠤ᠂ ᠰᠤᠷᠭᠠᠭᠤᠯᠢ ᠡᠬᠢᠯᠡᠵᠦ ᠬᠢᠴᠢᠶᠡᠯ ᠰᠡᠷᠭᠦᠭᠡᠬᠦ ᠪᠠ ᠰᠤᠷᠭᠠᠭᠤᠯᠢ ᠶᠢᠨ ᠬᠦᠷᠢᠶᠡᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢ ᠣᠳᠣᠬᠠᠨ ᠤ ᠲᠡᠷᠢᠭᠦᠨ ᠴᠢᠬᠤᠯᠠ ᠶᠡᠭᠡ ᠶᠠᠪᠤᠳᠠᠯ ᠪᠣᠯᠭᠠᠵᠤ᠂ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠪᠠ ᠪᠠᠭᠰᠢ ᠰᠤᠷᠤᠭᠴᠢᠳ ᠤᠨ ᠪᠡᠶ᠎ᠡ ᠮᠠᠬᠠᠪᠣᠳ ᠤᠨ ᠡᠷᠡᠭᠦᠯ ᠮᠡᠨᠳᠦ ᠶᠢ ᠬᠠᠮᠠᠭᠠᠯᠠᠬᠤ ᠬᠦᠨᠳᠦ ᠡᠭᠦᠷᠭᠡᠯᠡᠯ ᠢ ᠡᠷᠡᠰ ᠡᠭᠦᠷᠭᠡᠯᠡᠵᠦ᠂ ᠰᠤᠷᠭᠠᠭᠤᠯᠢ ᠳᠤ ᠪᠤᠴᠠᠭᠰᠠᠨ ᠬᠥᠮᠦᠰ ᠤᠨ ᠪᠠᠶᠢᠳᠠᠯ ᠢ ᠣᠶᠢᠯᠠᠭᠠᠬᠤ ᠪᠠᠨ ᠤᠯᠠᠮ ᠨᠢᠭᠡ ᠠᠯᠬᠤᠮ ᠴᠢᠩᠭᠠᠳᠬᠠᠵᠤ᠂《ᠳᠥᠷᠪᠡᠨ ᠡᠷᠲᠡ》᠎ ᠶᠢᠨ ᠱᠠᠭᠠᠷᠳᠠᠯᠭ᠎ᠠ ᠶᠢ ᠰᠠᠶᠢᠲᠤᠷ ᠨᠠᠶᠢᠳᠠᠪᠤᠷᠢᠵᠢᠭᠤᠯᠤᠨ᠂ ᠬᠡᠷ ᠪᠦᠯᠢ ᠰᠤᠷᠭᠠᠭᠤᠯᠢ ᠶᠢᠨ ᠨᠡᠪᠲᠡᠷᠡᠯᠴᠡᠬᠦ ᠵᠠᠮ ᠮᠥᠷ ᠢ ᠰᠢᠯᠤᠭᠤᠳᠬᠠᠵᠤ᠂ ᠡᠯ᠎ᠡ ᠣᠨ ᠤ ᠬᠢᠴᠢᠶᠡᠯ ᠡᠬᠢᠯᠡᠵᠦ ᠬᠢᠴᠢᠶᠡᠯ ᠰᠡᠷᠭᠦᠬᠦ ᠠᠮᠤᠷ ᠲᠦᠪᠰᠢᠨ ᠡᠮᠬᠢ ᠵᠢᠷᠤᠮ ᠲᠠᠢ᠂ ᠥᠴᠦᠬᠡᠨ ᠴᠦ ᠠᠯᠳᠠᠰᠢ ᠭᠠᠷᠬᠤ ᠥᠬᠡᠶ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠶ᠃ ᠡᠯ᠎ᠡ ᠰᠤᠷᠭᠠᠭᠤᠯᠢ ᠨᠤᠭᠤᠳ ᠡᠯ᠎ᠡ ᠵᠦᠶᠯ ᠤᠨ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠪᠠᠨ ᠪᠣᠳᠠᠲᠠᠶᠢᠵᠢᠭᠤᠯᠵᠤ᠂ ᠨᠠᠷᠢᠯᠢᠭ ᠣᠨᠣᠴᠠᠲᠠᠶ ᠬᠡᠮᠵᠢᠶ᠎ᠡ ᠶᠢ ᠬᠥᠮᠦᠨ ᠳᠤ ᠬᠦᠷᠦᠭᠦᠯᠬᠦ ᠬᠡᠷᠡᠭᠲᠡᠶ᠃ ᠰᠤᠷᠭᠠᠭᠤᠯᠢ ᠶᠢᠨ ᠪᠠᠭᠰᠢ ᠨᠠᠷ ᠪᠡᠶ᠎ᠡ ᠶᠢᠨ ᠳᠤᠯᠠᠭᠠᠨ ᠢ ᠬᠢᠨᠠᠨ ᠬᠡᠮᠵᠢᠬᠦ᠂ ᠠᠮᠠᠪᠴᠢ ᠵᠡᠭᠦᠬᠦ ᠵᠡᠷᠭᠡ ᠠᠷᠭ᠎ᠠ ᠬᠡᠮᠵᠢᠶ᠎ᠡ ᠶᠢ ᠲᠦᠷᠦᠭᠦᠯᠡᠨ ᠨᠠᠶᠢᠳᠠᠪᠤᠷᠢᠵᠢᠭᠤᠯᠵᠤ᠂ ᠰᠤᠷᠤᠭᠴᠢᠳ ᠢ ᠬᠥᠲᠥᠯᠥᠨ ᠵᠢᠯᠣᠭᠤᠳᠴᠤ ᠪᠠᠶᠢᠭᠠᠳ ᠰᠡᠷᠭᠡᠶᠢᠯᠡᠬᠦ ᠦᠵᠡᠯ ᠤᠬᠠᠮᠰᠠᠷ ᠢ ᠨᠢ ᠳᠡᠭᠡᠭᠰᠢᠯᠡᠭᠦᠯᠵᠦ᠂ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠬᠡᠯᠪᠡᠷᠢᠴᠢ ᠪᠣᠯᠭᠠᠵᠤ ᠪᠣᠯᠬᠤ ᠦᠭᠡᠢ᠂ ᠡᠭᠦᠨ ᠤ ᠬᠠᠮᠲᠤ ᠥᠪᠡᠷᠮᠢᠴᠡ ᠵᠢᠭᠠᠨ ᠰᠤᠷᠭᠠᠬᠤ ᠲᠥᠰᠦᠯ ᠲᠣᠭᠲᠠᠭᠠᠵᠤ᠂ ᠵᠢᠭᠠᠨ ᠰᠤᠷᠭᠠᠬᠤ ᠲᠥᠯᠥᠪᠯᠡᠭᠡ ᠶᠢ ᠰᠢᠯᠢᠳᠡᠭᠵᠢᠭᠦᠯᠦᠨ᠂ ᠵᠢᠭᠠᠨ ᠰᠤᠷᠭᠠᠬᠤ ᠠᠵᠢᠯ ᠢ ᠨᠠᠷᠢᠯᠢᠭᠵᠢᠭᠤᠯᠤᠨ᠂ ᠵᠢᠭᠠᠨ ᠰᠤᠷᠭᠠᠬᠤ ᠠᠵᠢᠯ ᠢ ᠨᠠᠷᠢᠨ ᠨᠢᠮᠪᠠᠶ ᠥᠷᠨᠢᠭᠦᠯᠵᠦ᠂ ᠠᠶᠢᠵᠠᠮ ᠴᠣᠬᠢᠯᠭ᠎ᠠ ᠶᠢ ᠡᠵᠡᠮᠳᠡᠨ᠂ ᠬᠡᠯᠪᠡᠷᠢ ᠶᠢ ᠨᠢ ᠪᠠᠶᠠᠯᠢᠭᠵᠢᠭᠤᠯᠵᠤ᠂ ᠦᠷ᠎ᠡ ᠪᠦᠲᠦᠮᠵᠢ ᠶᠢ ᠨᠢ ᠳᠡᠭᠡᠭᠰᠢᠯᠡᠭᠦᠯᠵᠦ᠂ ᠵᠢᠭᠠᠨ ᠰᠤᠷᠭᠠᠬᠤ ᠶᠠᠰᠤ ᠴᠢᠨᠠᠷ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠣᠷᠣᠨ ᠰᠠᠭᠤᠴᠠ ᠎ ᠶᠢᠨ ᠬᠤᠭᠤᠴᠠᠭ᠎ᠠ ᠳᠠᠭᠤᠰᠤᠭᠰᠠᠨ ᠤ ᠳᠠᠷᠠᠭ᠎ᠠ ᠬᠢᠴᠢᠶᠡᠯ ᠤᠨ ᠭᠡᠷ ᠲᠤ ᠪᠤᠴᠠᠵᠤ ᠢᠷᠡᠭᠰᠡᠨ ᠰᠤᠷᠤᠭᠴᠢᠳ ᠤᠨ ᠰᠤᠷᠤᠯᠴᠠᠬᠤ ᠠᠭᠤᠷ ᠠᠮᠢᠰᠬᠤᠯ ᠢ ᠲᠦᠷᠭᠡᠬᠡᠨ ᠰᠡᠷᠭᠦᠭᠡᠬᠦ ᠬᠡᠷᠡᠭᠲᠡᠶ᠃ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠎ ᠤᠳ ᠨᠢᠭᠲᠠ ᠬᠠᠮᠵᠢᠯᠴᠠᠨ᠂ ᠵᠣᠬᠢᠴᠠᠭᠤᠯᠤᠨ ᠬᠠᠮᠲᠤᠷᠠᠨ ᠬᠥᠳᠡᠯᠦᠯᠴᠡᠵᠦ᠂ ᠠᠮᠠᠪᠴᠢ᠂ ᠳᠤᠯᠠᠭᠠᠴᠠ ᠬᠡᠮᠵᠢᠭᠦᠷ᠂ ᠠᠷᠢᠭᠤᠳᠬᠠᠬᠤ ᠤᠰᠤ ᠵᠡᠷᠭᠡ ᠬᠢᠵᠢᠭ ᠰᠡᠷᠭᠡᠶᠢᠯᠡᠬᠦ ᠡᠳ᠋ ᠪᠣᠳᠠᠰ ᠤᠨ ᠬᠠᠩᠭᠠᠯᠭ᠎ᠠ ᠶᠢ ᠪᠥᠬᠦ ᠬᠦᠴᠦ ᠪᠠᠷ ᠪᠠᠲᠤᠯᠠᠵᠤ᠂ ᠰᠤᠷᠭᠠᠭᠤᠯᠢ ᠶᠢᠨ ᠬᠦᠷᠢᠶᠡᠨ ᠤ ᠣᠷᠴᠢᠨ ᠲᠣᠭᠤᠷᠢᠨ ᠤ ᠠᠮᠤᠷ ᠲᠦᠪᠰᠢᠨ ᠪᠠ ᠡᠷᠡᠭᠦᠯ ᠬᠠᠮᠠᠭᠠᠯᠠᠯ ᠤᠨ ᠵᠠᠰᠠᠯᠲᠠ ᠎ ᠶᠢ ᠴᠢᠩᠭᠠᠳᠬᠠᠨ᠂ ᠰᠤᠷᠭᠠᠭᠤᠯᠢ ᠡᠬᠢᠯᠡᠵᠦ ᠬᠢᠴᠢᠶᠡᠯ ᠰᠡᠷᠭᠦᠭᠡᠬᠦ ᠪᠠ ᠰᠤᠷᠭᠠᠭᠤᠯᠢ ᠶᠢᠨ ᠬᠦᠷᠢᠶᠡᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ ᠰᠠᠶᠢᠲᠤᠷ ᠬᠢᠬᠦ ᠬᠡᠷᠡᠭᠲᠡᠶ‌‍ᠭᠡᠵᠦ ᠱᠠᠭᠠᠷᠳᠠᠪᠠ᠃
 
ᠢᠷᠡᠯᠲᠡ᠄ ᠪᠠᠶ᠋ᠬᠠᠣᠪᠤᠭ᠎ᠠ ᠠᠭᠤᠷᠬᠠᠢ ᠶᠢᠨ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号