ᠲᠣᠭᠤᠷᠢᠭ ᠤᠨ ᠨᠠᠮ ᠤᠨ ᠬᠤᠷᠢᠶᠠᠨ ᠤ ᠱᠦᠵᠢ ᠵᠠᠩ ᠶᠦᠩ ᠳ᠋ᠦᠩ ᠨᠡᠶᠢᠭᠡᠮ ᠲᠣᠭᠤᠷᠢᠭ ᠤᠨ ᠲᠣᠣᠷᠵᠢᠭᠤᠯᠤᠯᠲᠠ ᠳᠤ ᠭᠦᠨᠵᠡᠭᠡᠶᠢᠷᠡᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠪᠠᠶᠢᠴᠠᠭᠠᠪᠠ
ᠨᠡᠶᠢᠲᠡᠯᠡᠭᠰᠡᠨ ᠴᠠᠭ᠄
2020-03-06
     3 ᠰᠠᠷ᠎ᠠ ᠶᠢᠨ 3᠎ ᠤ ᠡᠳᠦᠷ ᠤᠨ ᠦᠳᠡ ᠶᠢᠨ ᠡᠮᠦᠨ᠎ᠡ᠂ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠵᠠᠩ ᠶᠦᠩ ᠳ᠋ᠦᠩ ᠨᠡᠶᠢᠭᠡᠮ ᠲᠣᠭᠤᠷᠢᠭ ᠤᠨ ᠰᠦᠯᠵᠢᠶ᠎ᠡ ᠳᠤ ᠭᠦᠨᠵᠡᠭᠡᠶᠢᠷᠡᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠪᠠᠶᠢᠴᠠᠭᠠᠵᠤ᠂ ᠨᠢᠭᠡᠳᠦᠭᠡᠷ ᠹᠷᠣᠨᠲ ᠤᠨ ᠠᠵᠢᠯᠲᠠᠨ ᠢ ᠪᠣᠯᠭᠤᠭᠠᠨ ᠲᠣᠬᠤᠨᠢᠭᠤᠯᠪᠠ᠃ ᠲᠣᠭᠤᠷᠢᠭ ᠤᠨ ᠤᠳᠤᠷᠢᠳᠤᠯᠭ᠎ᠠ ᠭᠦᠸᠧ ᠾᠦᠢ ᠸᠧᠨ᠂ ᠶᠠᠩ ᠵᠢᠶᠠᠨ ᠹᠧᠩ ᠬᠠᠮᠲᠤ ᠣᠷᠣᠯᠴᠠᠪᠠ᠃      16 ᠳ᠋ᠤᠭᠠᠷ ᠵᠡᠭᠡᠯᠢ ᠭᠤᠳᠤᠮᠵᠢ᠂ 12 ᠳ᠋ᠤᠭᠠᠷ ᠵᠡᠭᠡᠯᠢ ᠭᠤᠳᠤᠮᠵᠢ᠂ ᠯᠢᠦᠶ ᠶᠢᠨ ᠰᠠᠭᠤᠭᠠᠯᠢ ᠠᠷᠠᠳ ᠤᠨ ᠲᠣᠭᠤᠷᠢᠭ᠂ ᠪᠠ ᠷᠦᠨ ᠨᠡᠶᠢᠲᠡ ᠶᠢᠨ ᠪᠠᠶᠢᠷᠢ ᠵᠡᠷᠭᠡ ᠰᠠᠭᠤᠭᠠᠯᠢ ᠠᠷᠠᠳ ᠤᠨ ᠲᠣᠭᠤᠷᠢᠭ ᠲᠤ ᠵᠠᠩ ᠶᠦᠩ ᠳ᠋ᠦᠩ ᠭᠤᠤᠯᠳᠠᠯᠭ᠎ᠠ ᠲᠠᠢ ᠠᠵᠢᠯᠲᠠᠨ ᠤ ᠬᠠᠮᠢᠶᠠᠷᠤᠯᠲᠠ᠂ ᠠᠵᠢᠯᠲᠠᠨ ᠢ ᠵᠢᠭᠰᠠᠭᠠᠨ ᠪᠠᠶᠢᠴᠠᠭᠠᠵᠤ ᠲᠡᠮᠳᠡᠭᠯᠡᠬᠦ ᠪᠠ ᠬᠤᠶᠠᠷ ᠬᠡᠮᠵᠢᠯᠳᠦ ᠺᠣᠳ᠋ ᠢ ᠰᠢᠷᠪᠢᠨ ᠲᠡᠮᠳᠡᠭᠯᠡᠬᠦ ᠵᠡᠷᠭᠡ ᠪᠠᠶᠢᠳᠠᠯ ᠢ ᠨᠠᠷᠢᠨ ᠣᠶᠢᠯᠠᠭᠠᠪᠠ᠃ ᠲᠡᠷᠡ ᠤᠯᠠᠨ ᠢ ᠡᠷᠴᠢ ᠵᠣᠷᠢᠭ ᠎ ᠢᠶᠠᠨ ᠦᠷᠭᠦᠯᠵᠢᠯᠡᠨ ᠪᠠᠷᠢᠮᠲᠠᠯᠠᠵᠤ᠂ ᠴᠢᠷᠮᠠᠶᠢᠭᠰᠠᠨ ᠳᠡᠭᠡᠷ᠎ᠡ ᠪᠠᠨ ᠴᠢᠷᠮᠠᠶᠢᠵᠤ᠂ ᠮᠢᠨᠴᠦᠭᠦᠷᠡᠨ ᠲᠠᠶᠢᠪᠤᠰᠢᠷᠠᠬᠤ ᠦᠵᠡᠯ ᠰᠠᠨᠠᠭ᠎ᠠ ᠶᠢ ᠲᠡᠪᠴᠢᠵᠦ᠂ ᠨᠡᠩ ᠨᠠᠷᠢᠨ ᠬᠢᠨᠠᠮᠠᠭᠠᠢ ᠣᠪᠣᠷ ᠢᠶᠠᠷ ᠡᠯ᠎ᠡ ᠵᠦᠢᠯ ᠤᠨ ᠰᠡᠷᠭᠡᠶᠢᠯᠡᠨ ᠡᠵᠡᠮᠳᠡᠬᠦ ᠠᠵᠢᠯ ᠢ ᠨᠠᠶᠢᠳᠠᠪᠤᠷᠢᠵᠢᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠦᠷ᠎ᠡ ᠪᠦᠲᠦᠭᠡᠯ ᠢ ᠪᠠᠬᠢᠵᠢᠭᠦᠯᠬᠦ ᠬᠡᠷᠡᠭᠲᠡᠢ ᠭᠡᠵᠦ ᠵᠣᠷᠢᠭᠵᠢᠭᠤᠯᠪᠠ᠃      ᠵᠠᠩ ᠶᠦᠩ ᠳ᠋ᠦᠩ᠂ ᠨᠡᠶᠢᠭᠡᠮ ᠲᠣᠭᠤᠷᠢᠭ ᠪᠣᠯ ᠣᠳᠣᠬᠠᠨ ᠤ ᠭᠠᠳᠠᠭᠠᠳᠤ ᠠᠴᠠ ᠣᠷᠣᠬᠤ ᠰᠡᠷᠭᠡᠶᠢᠯᠡᠯᠲᠡ ᠎ ᠶᠢᠨ ᠬᠠᠮᠤᠭ ᠤᠨ ᠪᠦᠲᠦᠮᠵᠢᠲᠡᠢ ᠰᠡᠷᠭᠡᠶᠢᠯᠡᠯᠲᠡ ᠶᠢᠨ ᠱᠤᠭᠤᠮ ᠪᠣᠯᠬᠤ ᠲᠤᠯᠠ ᠨᠡᠶᠢᠭᠡᠮ ᠲᠣᠭᠤᠷᠢᠭ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠳᠤᠮᠳᠠᠬᠢ ᠬᠤᠷᠢᠭᠯᠠᠨ ᠴᠣᠬᠢᠬᠤ ᠦᠶᠯᠡᠳᠦᠯ ᠢ ᠭᠦᠶᠴᠡᠳ ᠪᠠᠳᠠᠷᠠᠭᠤᠯᠵᠤ᠂ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠤᠯᠠᠮ ᠨᠢᠭᠡ ᠠᠯᠬᠤᠮ ᠪᠠᠬᠢᠵᠢᠭᠦᠯᠦᠨ ᠳᠡᠭᠡᠭᠰᠢᠯᠡᠭᠦᠯᠵᠦ᠂ ᠨᠠᠷᠢᠯᠢᠭ ᠣᠨᠣᠪᠴᠢ ᠲᠠᠢ ᠵᠠᠰᠠᠬᠤ ᠪᠠ ᠨᠠᠷᠢᠯᠢᠭᠵᠢᠭᠤᠯᠬᠤ ᠬᠠᠮᠢᠶᠠᠷᠤᠯᠲᠠ ᠶᠢ ᠴᠢᠩᠭᠠᠳᠬᠠᠨ᠂《ᠳᠣᠯᠣᠭᠠᠨ ᠠᠯᠬᠤᠮ ᠤᠨ ᠠᠵᠢᠯ ᠤᠨ ᠠᠷᠭ᠎ᠠ》᠎ ᠶᠢ ᠰᠠᠶᠢᠲᠤᠷ ᠨᠠᠶᠢᠳᠠᠪᠤᠷᠢᠵᠢᠭᠤᠯᠵᠤ᠂ ᠣᠯᠠᠨ ᠲᠦᠮᠡᠨ ᠢ ᠦᠷᠭᠦᠯᠵᠢᠯᠡᠨ ᠳᠠᠶᠢᠴᠢᠯᠠᠵᠤ᠂ ᠬᠥᠮᠦᠰ ᠢ ᠵᠢᠭᠰᠠᠭᠠᠨ ᠪᠠᠶᠢᠴᠠᠭᠠᠬᠤ᠂ ᠲᠣᠤᠷᠵᠢᠭᠤᠯᠤᠨ ᠬᠠᠮᠢᠶᠠᠷᠬᠤ ᠪᠠᠨ ᠴᠢᠩᠭᠠᠷᠠᠭᠤᠯᠤᠨ᠂ ᠦᠨᠡᠨ ᠬᠦ ᠬᠠᠮᠠᠭᠠᠯᠠᠨ ᠂ ᠥᠨᠴᠥᠭ ᠪᠤᠯᠤᠩ ᠦᠭᠡᠶ ᠪᠠᠶᠢᠯᠭᠠᠬᠤ ᠬᠡᠷᠡᠭᠲᠡᠶ ᠭᠡᠵᠦ ᠴᠢᠬᠤᠯᠠᠴᠢᠯᠠᠪᠠ᠃
 
ᠢᠷᠡᠯᠲᠡ᠄ ᠪᠠᠶ᠋ᠬᠠᠣᠪᠤᠭ᠎ᠠ ᠠᠭᠤᠷᠬᠠᠢ ᠶᠢᠨ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号