ᠲᠣᠭᠤᠷᠢᠭ ᠤᠨ ᠨᠠᠮ ᠤᠨ ᠬᠤᠷᠢᠶᠠᠨ ᠤ ᠣᠨᠣᠯ ᠰᠤᠷᠤᠯᠴᠠᠬᠤ ᠭᠤᠤᠯ ᠳᠤᠭᠤᠶᠢᠯᠠᠩ 2020 ᠣᠨ ᠤ ᠠᠩᠬᠠᠳᠤᠭᠠᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠬᠢᠪᠡ
ᠨᠡᠶᠢᠲᠡᠯᠡᠭᠰᠡᠨ ᠴᠠᠭ᠄
2020-03-06
     3 ᠰᠠᠷ᠎ᠠ ᠶᠢᠨ 4᠎ ᠤ ᠡᠳᠦᠷ ᠤᠨ ᠦᠳᠡ ᠶᠢᠨ ᠬᠤᠶᠢᠨ᠎ᠠ᠂ ᠲᠣᠭᠤᠷᠢᠭ ᠤᠨ ᠨᠠᠮ ᠤᠨ ᠬᠤᠷᠢᠶᠠᠨ ᠤ ᠣᠨᠣᠯ ᠰᠤᠷᠤᠯᠴᠠᠬᠤ ᠭᠤᠤᠯ ᠳᠤᠭᠤᠶᠢᠯᠠᠩ 2020 ᠣᠨ ᠤ ᠠᠩᠬᠠᠳᠤᠭᠠᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠬᠢᠵᠦ᠂ ᠥᠪᠡᠰᠦᠪᠡᠨ ᠰᠤᠷᠤᠯᠴᠠᠬᠤ ᠪᠠ ᠰᠣᠯᠢᠯᠴᠠᠵᠤ ᠶᠠᠷᠢᠯᠴᠠᠬᠤ ᠶᠢ ᠬᠠᠷᠢᠯᠴᠠᠨ ᠤᠶᠠᠯᠳᠤᠭᠤᠯᠬᠤ ᠬᠡᠯᠪᠡᠷᠢ ᠶᠢ ᠠᠪᠴᠤ᠂ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ《ᠣᠭ ᠰᠠᠨᠠᠭ᠎ᠠ ᠪᠠᠨ ᠥᠯᠥ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ》ᠲᠤᠰᠬᠠᠶ ᠰᠡᠳᠦᠪᠲᠦ ᠠᠷᠠᠳᠴᠢᠯᠠᠯ ᠤᠨ ᠠᠮᠢᠳᠤᠷᠠᠯ ᠎ ᠤᠨ ᠬᠤᠷᠠᠯ ᠤᠨ ᠵᠣᠷᠢᠭ ᠰᠠᠨᠠᠭ᠎ᠠ ᠢᠯᠠᠩᠭᠤᠶ᠎ᠠ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠣᠶᠢᠯᠠᠭᠠᠵᠤ᠂ ᠶᠡᠷᠦᠩᠬᠡᠶ ᠱᠦᠵᠢ ᠰᠢ ᠶᠢᠨ ᠫᠢᠩ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠲᠤᠬᠠᠶ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠪᠠ ᠲᠥᠪ ᠎ ᠠᠴᠠ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠠᠴᠠ ᠬᠠᠯᠳᠠᠪᠤᠷᠢᠯᠠᠭᠰᠠᠨ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠠᠵᠢᠯ ᠤᠨ ᠪᠠᠶᠢᠷᠢᠯᠠᠭᠤᠯᠤᠯᠲᠠ ᠎ ᠶᠢᠨ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠣᠶᠢᠯᠠᠭᠠᠪᠠ᠃      ᠲᠣᠭᠤᠷᠢᠭ ᠤᠨ ᠨᠠᠮ ᠤᠨ ᠬᠤᠷᠢᠶᠠᠨ ᠤ ᠱᠦᠵᠢ ᠵᠠᠩ ᠶᠦᠩ ᠳ᠋ᠦᠩ ᠰᠤᠷᠤᠯᠴᠠᠯᠭ᠎ᠠ ᠶᠢ ᠡᠷᠬᠢᠯᠡᠭᠰᠡᠨ ᠶᠠᠷᠢᠶ᠎ᠠ ᠬᠢᠪᠡ᠃      ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠬᠤᠤ ᠶᠢᠨ ᠬᠤᠸᠠ᠂ ᠲᠣᠭᠤᠷᠢᠭ ᠤᠨ ᠤᠯᠤᠰ ᠲᠦᠷᠦ ᠶᠢᠨ ᠵᠥᠪᠯᠡᠯᠭᠡᠨ ᠤ ᠲᠡᠷᠢᠭᠦᠯᠡᠭᠴᠢ ᠰᠢᠤᠸᠠᠢ ᠵᠢᠶᠠᠨ᠂ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ ᠭᠦᠸᠧ ᠾᠦᠢ ᠸᠧᠨ ᠪᠣᠯᠤᠨ ᠲᠣᠭᠤᠷᠢᠭ ᠲᠤ ᠪᠠᠶᠢᠭ᠎ᠠ ᠲᠣᠭᠤᠷᠢᠭ ᠤᠨ ᠨᠠᠮ ᠤᠨ ᠬᠤᠷᠢᠶᠠᠨ ᠤ ᠤᠨᠤᠯ ᠰᠤᠷᠤᠯᠴᠠᠬᠤ ᠭᠤᠣᠯ ᠳᠤᠭᠤᠶᠢᠯᠠᠩ ᠤᠨ ᠪᠦᠷᠢᠯᠳᠦᠬᠦᠨ᠂ ᠲᠣᠭᠤᠷᠢᠭ ᠤᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠰᠤᠷᠤᠯᠴᠠᠯᠭ᠎ᠠ ᠶᠢᠨ ᠬᠤᠷᠠᠯ ᠳᠤ ᠣᠷᠣᠯᠴᠠᠪᠠ᠃ ᠰᠣᠯᠢᠯᠴᠠᠨ ᠶᠠᠷᠢᠯᠴᠠᠬᠤ ᠠᠴᠠ ᠡᠮᠦᠨ᠎ᠡ᠂ ᠭᠤᠤᠯ ᠳᠤᠭᠤᠶᠢᠯᠠᠩ ᠤᠨ ᠪᠦᠷᠢᠯᠳᠦᠬᠦᠨ ᠨᠡᠷ ᠥᠪᠡᠰᠦᠪᠡᠨ ᠰᠤᠷᠤᠯᠴᠠᠵᠤ᠂ ᠥᠪᠡᠷ ᠤᠨ ᠦᠵᠡᠯ ᠰᠠᠨᠠᠭ᠎ᠠ ᠪᠠ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠣᠯᠤᠯᠲᠠ ᠲᠥᠷᠥᠭᠳᠡᠯ ᠢᠶᠠᠨ ᠪᠢᠴᠢᠪᠡ᠃ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠳᠡᠭᠡᠷ᠎ᠡ᠂ ᠭᠦᠸᠧ ᠾᠦᠢ ᠸᠧᠨ᠂ ᠵᠠᠩ ᠾᠧ ᠱᠧᠩ᠂ ᠯᠢ ᠵᠢᠩ᠂ ᠪᠠᠢ ᠶᠦᠩ ᠭᠠᠩ᠂ ᠯᠢ ᠵᠦᠩ᠂ ᠦ᠋ ᡁᠢ ᠴᠢᠶᠠᠩ᠂ ᠡᠦ ᠸᠧᠢ ᠵᠢᠶᠦ᠋ᠨ ᠰᠠᠨᠠᠯ ᠢᠶᠠᠨ ᠰᠣᠯᠢᠯᠴᠠᠬᠤ ᠦᠭᠡ ᠬᠡᠯᠡᠵᠦ᠂ ᠪᠤᠰᠤᠳ ᠨᠥᠬᠦᠳ ᠪᠢᠴᠢᠭ ᠤᠨ ᠬᠡᠯᠪᠡᠷᠢ ᠪᠠᠷ ᠰᠠᠨᠠᠯ ᠎ ᠢᠶᠠᠨ ᠰᠣᠯᠢᠯᠴᠠᠪᠠ᠃      ᠬᠤᠷᠠᠯ ᠳᠤ᠂ ᠪᠠᠷᠢᠮᠵᠢᠶᠠᠯᠠᠨ ᠬᠠᠷᠭᠤᠭᠤᠯᠵᠤ᠂ ᠬᠢᠵᠢᠭ ᠰᠡᠷᠭᠡᠶᠢᠯᠡᠬᠦ ᠪᠠ ᠬᠥᠭᠵᠢᠭᠦᠯᠬᠦ ᠶᠢᠨ ᠬᠠᠷᠢᠴᠠᠭ᠎ᠠ ᠶᠢ ᠰᠠᠶᠢᠲᠤᠷ ᠨᠢᠭᠡᠳᠦᠯᠲᠡᠢ ᠲᠥᠯᠥᠪᠵᠢᠭᠦᠯᠵᠦ᠂《ᠳᠦᠷᠪᠡᠨ ᠤᠬᠠᠮᠰᠠᠷ》᠎ ᠢᠶᠠᠨ ᠴᠢᠨᠠᠭᠰᠢᠳᠠ ᠴᠢᠩᠭᠠᠳᠬᠠᠵᠤ᠂《ᠳᠦᠷᠪᠡᠨ ᠢᠲᠡᠭᠡᠯ》᠎ ᠢᠶᠠᠨ ᠪᠠᠲᠤᠳᠬᠠᠵᠤ᠂《ᠬᠤᠶᠠᠷ ᠢ ᠬᠠᠮᠠᠭᠠᠯᠠᠬᠤ》᠎ ᠶᠢ ᠪᠡᠶᠡᠯᠡᠭᠦᠯᠵᠦ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠦᠵᠡᠯ ᠰᠠᠨᠠᠭ᠎ᠠ ᠲᠠᠨᠢᠯᠲᠠ ᠪᠠᠨ ᠦᠷᠭᠦᠯᠵᠢᠯᠡᠨ ᠭᠦᠨᠵᠡᠭᠡᠶᠢᠷᠡᠭᠦᠯᠵᠦ᠂ ᠤᠯᠤᠰ ᠲᠦᠷᠦ ᠶᠢᠨ ᠵᠣᠭᠰᠣᠴᠠ ᠪᠠᠨ ᠦᠷᠭᠦᠯᠵᠢᠯᠡᠨ ᠳᠡᠭᠡᠭᠰᠢᠯᠡᠭᠦᠯᠬᠦ ᠬᠡᠷᠡᠭᠲᠡᠢ᠃ ᠤᠯᠤᠰ ᠲᠥᠷᠥ ᠶᠢ ᠡᠷᠬᠢᠮᠯᠡᠨ᠂ ᠵᠣᠷᠢᠭᠲᠠᠶ ᠡᠭᠦᠷᠭᠡᠯᠡᠨ᠂ ᠵᠢᠳᠬᠦᠯ ᠴᠢᠷᠮᠠᠶᠢᠯᠭ᠎ᠠ ᠭᠠᠷᠭᠠᠵᠤ᠂ ᠨᠠᠮ ᠤᠨ ᠲᠥᠪ ᠬᠤᠷᠢᠶᠠᠨ ᠤ ᠨᠢᠭᠡᠳᠦᠯᠲᠡᠶ ᠤᠳᠤᠷᠢᠳᠤᠯᠭ᠎ᠠ᠂ ᠨᠢᠭᠡᠳᠦᠯᠲᠡᠶ ᠵᠢᠯᠣᠭᠤᠳᠤᠯᠭ᠎ᠠ᠂ ᠨᠢᠭᠡᠳᠦᠯᠲᠡᠶ ᠠᠵᠢᠯᠯᠠᠭ᠎ᠠ ᠳᠤ ᠡᠷᠡᠰ ᠦᠶᠯᠡᠴᠢᠯᠡᠵᠦ᠂ ᠪᠦᠬᠦ ᠬᠦᠴᠦ ᠪᠠᠷ ᠴᠢᠷᠮᠠᠶᠢᠵᠤ᠂ ᠪᠦᠬᠦ ᠠᠵᠢᠯᠲᠠᠨ ᠣᠷᠣᠯᠴᠠᠵᠤ᠂ ᠪᠦᠬᠦ ᠲᠠᠯ᠎ᠠ ᠪᠠᠷ ᠰᠡᠷᠭᠡᠶᠢᠯᠡᠨ ᠡᠵᠡᠮᠳᠡᠨ᠂《ᠬᠢᠵᠢᠭ ᠢ ᠬᠡᠲᠦᠷᠡᠲᠡᠯ᠎ᠡ ᠰᠡᠷᠭᠡᠶᠢᠯᠡᠬᠦ》ᠪᠠ 《ᠨᠢᠭᠡ ᠯᠡ ᠳᠡᠭᠡᠷ᠎ᠡ ᠲᠠᠯᠪᠢᠬᠤ》 《ᠨᠢᠭᠡ ᠯᠡ ᠪᠠᠷᠢᠮᠵᠢᠶ᠎ᠠ ᠪᠠᠷ ᠪᠠᠷᠢᠮᠵᠢᠶᠠᠯᠠᠬᠤ》ᠠᠷᠭ᠎ᠠ ᠪᠠᠷᠢᠯ ᠢ ᠡᠷᠡᠰ ᠬᠤᠷᠢᠭᠯᠠᠨ ᠵᠣᠭᠰᠣᠭᠠᠨ᠎ᠠ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠷᠢᠭᠯᠠᠨ ᠴᠣᠬᠢᠬᠤ ᠳᠠᠶᠢᠯᠠᠯᠳᠤᠭᠠᠨ ᠤ ᠢᠯᠠᠯᠲᠠ ᠶᠢ ᠤᠯᠬᠤ ᠮᠥᠷᠲᠡᠭᠡᠨ ᠪᠠᠰᠠ ᠠᠵᠤ ᠠᠬᠤᠢ ᠶᠢᠨ ᠬᠥᠭᠵᠢᠯᠲᠡ ᠬᠠᠮᠠᠭᠠᠯᠠᠯᠲᠠ ᠶᠢᠨ ᠳᠠᠶᠢᠯᠠᠯᠳᠤᠭᠠᠨ ᠤ ᠢᠯᠠᠯᠲᠠ ᠶᠢ ᠣᠯᠵᠤ᠂ ᠬᠤᠶᠠᠷ ᠰᠢᠯᠭᠠᠯᠲᠠ ᠳᠤ ᠴᠥᠮ ᠢᠯᠠᠯᠲᠠ ᠣᠯᠵᠤ᠂ ᠬᠤᠶᠠᠷ ᠳᠠᠶᠢᠯᠠᠯᠳᠤᠭᠠᠨ ᠳᠤ ᠴᠥᠮ ᠢᠯᠠᠯᠲᠠ ᠤᠯᠬᠤ ᠶᠢ ᠪᠦᠬᠦ ᠬᠦᠴᠦ ᠪᠠᠷ ᠪᠠᠲᠤᠯᠠᠬᠤ ᠬᠡᠷᠡᠭᠲᠡᠢ ᠵᠢᠭᠠᠵᠤ ᠭᠡᠵᠦ ᠭᠠᠷᠭᠠᠪᠠ᠃      ᠬᠤᠷᠠᠯ ᠳᠤ᠂ ᠪᠤᠰᠢᠭᠤ ᠱᠠᠯᠠᠮᠠᠭᠠᠢ ᠪᠠᠶᠢᠵᠤ᠂ ᠪᠡᠯᠡᠳᠬᠡᠯ ᠲᠠᠢ ᠬᠤᠶᠠᠷ ᠬᠠᠲᠠᠭᠤ ᠳᠠᠶᠢᠯᠠᠯᠳᠤᠭᠠᠨ ᠤ ᠢᠯᠠᠯᠲᠠ ᠎ ᠶᠢ ᠡᠷᠡᠰ ᠤᠯᠬᠤ ᠬᠡᠷᠡᠭᠲᠡᠢ᠃ ᠲᠣᠬᠢᠷᠠᠭᠤᠯᠤᠨ ᠡᠵᠡᠮᠳᠡᠬᠦ ᠠᠷᠭ᠎ᠠ ᠪᠠᠷ ᠪᠠᠶᠢᠳᠠᠯ ᠢ ᠲᠣᠭᠲᠠᠭᠤᠨ ᠪᠠᠶᠢᠯᠭᠠᠵᠤ᠂ ᠡᠮᠬᠢ ᠵᠢᠷᠤᠮ ᠲᠠᠢ ᠪᠠᠷ ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠢᠶᠠᠨ ᠰᠡᠷᠭᠦᠭᠡᠬᠦ ᠶᠢ ᠪᠦᠬᠦ ᠬᠦᠴᠦᠨ ᠢᠶᠠᠷ ᠠᠬᠢᠭᠤᠯᠬᠤ ᠬᠡᠷᠡᠭᠲᠡᠢ᠃ ᠲᠡᠩᠴᠡᠭᠦᠷᠢᠲᠦ ᠰᠡᠳᠬᠢᠴᠡ ᠪᠠᠷ ᠬᠥᠭᠵᠢᠯᠲᠡ ᠶᠢ ᠠᠬᠢᠭᠤᠯᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠬᠦ ᠲᠠᠯ᠎ᠠ ᠪᠠᠷ ᠲᠤᠭᠤᠰᠢᠯᠠᠭᠤᠯᠬᠤ ᠬᠡᠷᠡᠭᠲᠡᠢ᠃ ᠲᠡᠷᠢᠭᠦᠨ ᠤ ᠠᠵᠤ ᠦᠶᠯᠡᠰ ᠢᠶᠠᠷ ᠳᠠᠪᠠᠭᠤᠯᠢᠭ ᠢ ᠪᠣᠢ ᠪᠣᠯᠭᠠᠵᠤ᠂ ᠠᠵᠤ ᠠᠬᠤᠶ ᠶᠢᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠶᠢ ᠲᠦᠷᠭᠡᠳᠬᠡᠬᠦ ᠬᠡᠷᠡᠭᠲᠡᠶ᠃ ᠪᠦᠷᠢᠨ ᠲᠡᠭᠦᠯᠳᠡᠷ ᠲᠦᠷᠢᠮ ᠢᠶᠠᠷ ᠰᠠᠭᠤᠷᠢ ᠲᠠᠯᠪᠢᠵᠤ᠂ ᠪᠦᠬᠦ ᠲᠠᠯ᠎ᠠ ᠪᠠᠷ ᠬᠠᠤᠯᠢ ᠪᠠᠷ ᠲᠣᠭᠤᠷᠢᠭ ᠎ ᠢᠶᠠᠨ ᠵᠠᠰᠠᠬᠤ ᠶᠢ ᠭᠦᠨᠵᠡᠭᠡᠢ ᠠᠬᠢᠭᠤᠯᠤᠨ᠎ᠠ᠃ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ᠂ ᠡᠯ᠎ᠡ ᠵᠦᠢᠯ ᠤᠨ ᠲᠦᠷᠦ ᠶᠢᠨ ᠪᠤᠳᠤᠯᠭ᠎ᠠ ᠠᠷᠭ᠎ᠠ ᠬᠡᠮᠵᠢᠶ᠎ᠡ ᠶᠢ ᠪᠣᠳᠠᠲᠠᠢ ᠳᠤ ᠨᠠᠶᠢᠳᠠᠪᠤᠷᠢᠵᠢᠭᠤᠯᠵᠤ ᠦᠷ᠎ᠡ ᠪᠦᠲᠦᠮᠵᠢ ᠤᠯᠬᠤ ᠶᠢ ᠪᠠᠲᠤᠯᠠᠬᠤ ᠬᠡᠷᠡᠭᠲᠡᠢ᠃ ᠡᠯ᠎ᠡ ᠰᠢᠶᠠᠨ ᠤ ᠱᠠᠲᠤᠨ ᠤ ᠤᠳᠤᠷᠢᠳᠬᠤ ᠺᠠᠳ᠋ᠷᠴᠤᠳ ᠠᠶᠤᠯ ᠲᠦᠭᠰᠢᠭᠦᠷᠢ ᠶᠢᠨ ᠦᠵᠡᠯ ᠤᠬᠠᠮᠰᠠᠷ᠂ ᠬᠤᠷᠢᠭ᠎ᠠ ᠱᠤᠭᠤᠮ ᠤᠨ ᠰᠡᠳᠬᠢᠬᠦᠶ ᠪᠠ ᠵᠢᠭᠰᠠᠭᠠᠯ ᠤᠨ ᠭᠠᠵᠠᠷ ᠤᠨ ᠦᠵᠡᠯᠲᠡ ᠪᠠᠨ ᠤᠯᠠᠮ ᠨᠢᠭᠡ ᠠᠯᠬᠤᠮ ᠴᠢᠩᠭᠠᠳᠬᠠᠵᠤ᠂ ᠪᠡᠶ᠎ᠡ ᠪᠠᠷ ᠢᠶᠠᠨ ᠲᠦᠷᠦᠭᠦᠯᠡᠨ ᠵᠢᠯᠣᠭᠤᠳᠴᠤ᠂ ᠲᠣᠣᠷᠵᠢᠭᠤᠯᠤᠭᠰᠠᠨ ᠣᠷᠣᠨ ᠪᠦᠰᠡ ᠎ ᠶᠢᠨ ᠳᠣᠲᠣᠷᠠᠬᠢ ᠨᠠᠷᠢᠯᠢᠭ ᠣᠨᠣᠪᠴᠢ ᠲᠠᠢ ᠪᠠᠷ ᠬᠠᠮᠢᠶᠠᠷᠤᠨ ᠡᠵᠡᠮᠳᠡᠬᠦ ᠴᠢᠳᠠᠪᠤᠷᠢ ᠪᠠᠨ ᠳᠡᠭᠡᠭᠰᠢᠯᠡᠭᠦᠯᠵᠦ᠂ ᠠᠵᠤ ᠠᠬᠤᠶᠢᠯᠠᠯ ᠢ ᠬᠠᠪᠰᠤᠷᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ ᠵᠦᠶᠯ ᠤᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ᠂ ᠠᠵᠤ ᠠᠬᠤᠶᠢᠯᠠᠯ ᠤᠨ ᠠᠵᠢᠯ ᠦᠶᠯᠡᠳᠪᠦᠷᠢᠯᠡᠯ ᠢᠶᠠᠨ ᠰᠡᠷᠭᠦᠭᠡᠬᠦ ᠶᠠᠪᠤᠴᠠ ᠳᠤ ᠲᠤᠯᠭᠠᠷᠠᠭᠰᠠᠨ ᠠᠰᠠᠭᠤᠳᠠᠯ ᠢ ᠢᠳᠡᠪᠬᠢᠲᠡᠶ ᠵᠣᠬᠢᠴᠠᠭᠤᠯᠤᠨ ᠰᠠᠶᠢᠲᠤᠷ ᠰᠢᠶᠳᠪᠦᠷᠢᠯᠡᠬᠦ ᠬᠡᠷᠡᠭᠲᠡᠶ᠃ ᠡᠯ᠎ᠡ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶᠂ ᠶᠡᠷᠦᠩᠬᠡᠶ ᠡᠭᠦᠷ᠂ ᠨᠠᠮ ᠤᠨ ᠡᠭᠦᠷ ᠡᠯ᠎ᠡ ᠱᠠᠲᠤᠨ ᠤ ᠨᠠᠮ ᠎ ᠤᠨ ᠬᠤᠷᠢᠶ᠎ᠠ ᠶᠢᠨ ᠤᠳᠤᠷᠢᠳᠬᠤ ᠦᠶᠯᠡᠳᠦᠯ᠂ ᠨᠠᠮ ᠤᠨ ᠡᠭᠦᠷ ᠤᠨ ᠳᠠᠶᠢᠴᠢᠨ ᠪᠠᠬᠢᠯᠡᠯᠲᠡ ᠶᠢᠨ ᠦᠢᠯᠡᠳᠦᠯ᠂ ᠥᠷᠭᠡᠨ ᠣᠯᠠᠨ ᠨᠠᠮ ᠤᠨ ᠭᠡᠰᠢᠭᠦᠨ ᠤ ᠬᠤᠰᠢᠭᠤᠴᠢ ᠵᠢᠱᠢᠶᠡᠴᠢ ᠦᠶᠯᠡᠳᠦᠯ ᠢ ᠰᠠᠶᠢᠲᠤᠷ ᠪᠠᠳᠠᠷᠠᠭᠤᠯᠵᠤ᠂ ᠲᠣᠭᠤᠷᠢᠭ ᠤᠨ ᠨᠠᠮ ᠤᠨ ᠬᠤᠷᠢᠶ᠎ᠠ ᠶᠢᠨ ᠲᠣᠬᠢᠷᠠᠭᠤᠯᠤᠯᠲᠠ ᠬᠠᠮᠢᠭ᠎ᠠ ᠬᠦᠷᠲᠡᠯ᠎ᠡ ᠪᠠᠶᠢᠷᠢᠯᠠᠭᠤᠯᠪᠠᠯ᠂ ᠨᠠᠮ ᠤᠨ ᠭᠡᠰᠢᠭᠦᠨ ᠺᠠᠳ᠋ᠷ ᠬᠠᠮᠢᠭ᠎ᠠ ᠪᠠᠶᠢᠯᠳᠤᠵᠤ᠂ ᠠᠵᠢᠯ ᠤᠨ ᠨᠠᠶᠢᠳᠠᠪᠤᠷᠢᠵᠢᠭᠤᠯᠤᠯᠲᠠ ᠶᠢ ᠲᠡᠨᠳᠡ ᠬᠦᠷᠲᠡᠯ᠎ᠡ ᠠᠬᠢᠭᠤᠯᠬᠤ ᠎ ᠶᠢ ᠦᠨᠡᠨ ᠬᠦ ᠪᠠᠲᠤᠯᠠᠬᠤ ᠬᠡᠷᠡᠭᠲᠡᠶ᠃ ᠡᠯ᠎ᠡ ᠠᠵᠢᠯ ᠲᠥᠷᠥᠯ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠎ ᠤᠨ《ᠨᠢᠭᠡᠳᠦᠭᠡᠷ ᠭᠠᠷ》᠎ ᠨᠢ ᠭᠤᠣᠯᠳᠠᠯᠭ᠎ᠠ ᠲᠠᠢ ᠬᠦᠴᠢᠷᠳᠡᠯ ᠪᠣᠯᠤᠨ ᠲᠣᠪᠣᠶᠢᠮ᠎ᠠ ᠠᠰᠠᠭᠤᠳᠠᠯ ᠳᠤ ᠠᠩᠬᠠᠷᠤᠯ ᠎ ᠢᠶᠠᠨ ᠲᠥᠪᠯᠡᠷᠡᠭᠦᠯᠵᠦ᠂ ᠪᠣᠭᠤᠮᠲᠠ ᠨᠢᠭᠡᠪᠦᠷᠢ᠂ ᠭᠤᠭᠴᠤᠭ᠎ᠠ ᠨᠢᠭᠡᠪᠦᠷᠢ ᠶᠢ ᠪᠣᠳᠠᠲᠠᠶ ᠪᠥᠭᠡᠳ ᠨᠠᠷᠢᠯᠢᠭ ᠠᠳᠬᠤᠵᠤ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠵᠦ᠂ ᠠᠵᠢᠯ ᠤᠨ ᠦᠷ᠎ᠡ ᠪᠦᠲᠦᠮᠵᠢ ᠶᠢ ᠳᠡᠭᠡᠭᠰᠢᠯᠡᠭᠦᠯᠦᠨ᠂ ᠠᠵᠢᠯ ᠤᠨ ᠬᠠᠷᠢᠭᠤᠴᠠᠯᠭ᠎ᠠ ᠪᠠᠨ ᠰᠠᠬᠢᠵᠤ᠂ ᠠᠵᠢᠯ ᠤᠨ ᠬᠠᠷᠢᠭᠤᠴᠠᠯᠭ᠎ᠠ ᠪᠠᠨ ᠡᠭᠦᠷᠭᠡᠯᠡᠬᠦ᠂ ᠠᠵᠢᠯ ᠤᠨ ᠬᠠᠷᠢᠭᠤᠴᠠᠯᠭ᠎ᠠ ᠪᠠᠨ ᠭᠦᠶᠴᠡᠳ ᠬᠡᠬᠦ ᠬᠡᠷᠡᠭᠲᠡᠶ᠃ ᠡᠯ᠎ᠡ ᠳᠠᠭᠠᠭᠠᠴᠢᠯᠠᠨ ᠬᠤᠯᠪᠣᠭᠠᠯᠠᠭᠰᠠᠨ ᠠᠵᠤ ᠠᠬᠤᠶᠢᠯᠠᠯ ᠤᠳ ᠲᠤ ᠲᠣᠮᠢᠯᠠᠨ ᠰᠠᠭᠤᠯᠭᠠᠭᠰᠠᠨ ᠰᠠᠯᠠᠭᠠᠨ ᠲᠡᠰ ᠤᠨ ᠺᠠᠳ᠋ᠷ ᠪᠠᠶᠢᠴᠠᠭᠠᠨ ᠰᠤᠳᠤᠯᠤᠯᠲᠠ ᠪᠠᠨ ᠴᠢᠩᠭᠠᠳᠬᠠᠵᠤ᠂ ᠠᠵᠤ ᠠᠬᠤᠶᠢᠯᠠᠯ ᠢ ᠬᠠᠪᠰᠤᠷᠤᠨ ᠬᠢᠵᠢᠭ ᠤᠨ ᠪᠠᠶᠢᠳᠠᠯ ᠢ ᠪᠠᠶᠢᠴᠠᠭᠠᠨ ᠬᠡᠮᠵᠢᠬᠦ᠂ ᠵᠢᠭᠰᠠᠭᠠᠨ ᠪᠠᠶᠢᠴᠠᠭᠠᠬᠤ᠂ ᠰᠡᠷᠡᠮᠵᠢᠯᠡᠭᠦᠯᠬᠦ ᠵᠡᠷᠭᠡ ᠠᠵᠢᠯ ᠢ ᠰᠠᠶᠢᠲᠤᠷ ᠬᠢᠵᠦ᠂ ᠠᠵᠢᠯᠴᠢᠨ ᠬᠡᠷᠡᠭᠯᠡᠬᠦ᠂ ᠡᠨᠧᠷᠭᠢ ᠬᠡᠷᠡᠭᠯᠡᠬᠦ᠂ ᠪᠠᠯᠠ ᠮᠥᠩᠭᠦ᠂ ᠲᠦᠭᠦᠬᠡᠶ ᠮᠠᠲ᠋ᠧᠷᠢᠶᠠᠯ᠂ ᠪᠠᠷᠠᠭ᠎ᠠ ᠶᠢᠨ ᠭᠦᠢᠯᠭᠡᠭᠡ ᠵᠡᠷᠭᠡ ᠬᠦᠴᠦᠨ ᠵᠦᠶᠯ ᠤᠨ ᠪᠠᠲᠤᠯᠠᠭ᠎ᠠ ᠶᠢᠨ ᠠᠰᠠᠭᠤᠳᠠᠯ ᠢ ᠵᠣᠬᠢᠴᠠᠭᠤᠯᠤᠨ ᠰᠠᠶᠢᠲᠤᠷ ᠰᠢᠶᠳᠪᠦᠷᠢᠯᠡᠵᠦ᠂ ᠠᠵᠤ ᠠᠬᠤᠶᠢᠯᠠᠯ ᠤᠨ ᠰᠡᠷᠭᠡᠶᠢᠯᠡᠨ ᠬᠠᠮᠠᠭᠠᠯᠠᠬᠤ ᠠᠮᠤᠷ ᠲᠦᠪᠰᠢᠨ ᠤ ᠬᠤᠷᠢᠭ᠎ᠠ ᠱᠤᠭᠤᠮ ᠢ ᠦᠨᠡᠨᠬᠦ ᠪᠠᠲᠤᠯᠠᠭᠰᠠᠨ ᠤᠷᠢᠲᠠᠯ ᠳᠣᠤᠷ᠎ᠠ᠂ ᠠᠵᠤ ᠠᠬᠤᠶᠢᠯᠠᠯ ᠤᠨ ᠦᠶᠯᠡᠳᠪᠦᠷᠢᠯᠡᠯ ᠢᠶᠠᠨ ᠰᠡᠷᠭᠦᠭᠡᠬᠦ ᠶᠠᠰᠤ ᠴᠢᠨᠠᠷ ᠢ ᠳᠡᠭᠡᠭᠰᠢᠯᠡᠭᠦᠯᠬᠦ ᠬᠡᠷᠡᠭᠲᠡᠶ᠃
 
ᠢᠷᠡᠯᠲᠡ᠄ ᠪᠠᠶ᠋ᠬᠠᠣᠪᠤᠭ᠎ᠠ ᠠᠭᠤᠷᠬᠠᠢ ᠶᠢᠨ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号