ᠲᠣᠭᠤᠷᠢᠭ ᠤᠨ ᠨᠠᠮ ᠤᠨ ᠬᠤᠷᠢᠶᠠᠨ ᠤ ᠱᠦᠵᠢ ᠵᠠᠩ ᠶᠦᠩ ᠳ᠋ᠦᠩ ᠲᠣᠭᠤᠷᠢᠭ ᠤᠨ ᠡᠳ᠋ ᠤᠨ ᠵᠠᠰᠠᠭ ᠎ ᠤᠨ ᠲᠣᠪᠴᠢᠶ᠎ᠠ ᠳᠤ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2020-03-06
     3 ᠰᠠᠷ᠎ᠠ ᠶᠢᠨ 4᠎ ᠤ ᠡᠳᠦᠷ ᠤᠨ ᠦᠳᠡ ᠶᠢᠨ ᠡᠮᠦᠨ᠎ᠡ᠂ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠵᠠᠩ ᠶᠦᠩ ᠳ᠋ᠦᠩ ᠲᠣᠭᠤᠷᠢᠭ ᠤᠨ ᠡᠳ᠋ ᠤᠨ ᠵᠠᠰᠠᠭ ᠤᠨ ᠲᠣᠪᠴᠢᠶ᠎ᠠ ᠳᠤ ᠪᠠᠶᠢᠴᠠᠭᠠᠨ ᠰᠤᠳᠤᠯᠤᠯᠲᠠ ᠬᠢᠪᠡ᠃ ᠲᠣᠭᠤᠷᠢᠭ ᠤᠨ ᠤᠳᠤᠷᠢᠳᠤᠯᠭ᠎ᠠ ᠭᠦᠸᠧ ᠾᠦᠢ ᠸᠧᠨ᠂ ᠯᠢ ᠵᠢᠩ᠂ ᠶᠠᠩ ᠵᠢᠶᠠᠨ ᠹᠧᠩ᠂ ᠯᠢ ᠵᠦᠩ ᠬᠠᠮᠲᠤ ᠪᠠᠶᠢᠴᠠᠭᠠᠨ ᠰᠤᠳᠤᠯᠤᠯᠲᠠ ᠬᠢᠪᠡ᠃      ᠵᠠᠩ ᠶᠦᠩ ᠳ᠋ᠦᠩ ᠡᠳ᠋ ᠤᠨ ᠵᠠᠰᠠᠭ ᠤᠨ ᠲᠣᠪᠴᠢᠶᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠡᠳ᠋ ᠦᠨ ᠵᠠᠰᠠᠭ ᠤᠨ ᠠᠵᠢᠯᠯᠠᠭᠠᠨ ᠵᠡᠷᠭᠡ ᠪᠠᠶᠢᠳᠠᠯ ᠢ ᠰᠣᠨᠣᠰᠬᠤ ᠶᠢᠨ ᠬᠠᠮᠲᠤ ᠪᠠᠶᠢᠭᠤᠯᠭ᠎ᠠ ᠶᠢᠨ ᠠᠵᠢᠯᠲᠠᠨ ᠢ ᠪᠣᠯᠭᠤᠭᠠᠨ ᠲᠣᠬᠤᠨᠢᠭᠤᠯᠪᠠ᠃      ᠵᠠᠩ ᠶᠦᠩ ᠳ᠋ᠦᠩ᠂ ᠡᠳ᠋ ᠤᠨ ᠵᠠᠰᠠᠭ ᠪᠣᠯ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠢ ᠶᠢᠨ ᠠᠵᠢᠯ ᠤᠨ ᠴᠢᠬᠤᠯᠠ ᠰᠠᠭᠤᠷᠢ ᠪᠠ ᠲᠤᠯᠭᠠᠭᠤᠷᠢ ᠮᠥᠨ᠃ ᠡᠳ᠋ ᠤᠨ ᠵᠠᠰᠠᠭ ᠤᠨ ᠲᠣᠪᠴᠢᠶᠠᠨ ᠤ ᠪᠦᠬᠦ ᠺᠠᠳ᠋ᠷ ᠠᠵᠢᠯᠲᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠳᠤᠮᠳᠠ ᠢᠳᠡᠪᠬᠢᠲᠡᠶ ᠠᠵᠢᠯᠯᠠᠬᠤ᠂ ᠵᠣᠷᠢᠭᠲᠠᠶ ᠪᠠᠷ ᠬᠠᠷᠢᠭᠤᠴᠠᠯᠭ᠎ᠠ ᠡᠭᠦᠷᠭᠡᠯᠡᠬᠦ᠂ ᠠᠵᠢᠯ ᠤᠨ ᠪᠠᠶᠢᠷᠢ ᠪᠠᠨ ᠪᠠᠲᠤ ᠰᠠᠬᠢᠬᠤ᠂ ᠭᠤᠶᠠᠴᠢ ᠦᠭᠡᠶ ᠪᠠᠷ ᠬᠤᠪᠢ ᠨᠡᠮᠡᠷᠢ ᠦᠵᠡᠭᠦᠯᠬᠦ ᠠᠵᠢᠯ ᠦᠶᠯᠡᠰ ᠢᠶᠠᠨ ᠳᠡᠭᠡᠳᠦᠯᠡᠬᠦ ᠵᠣᠷᠢᠭ ᠰᠠᠨᠠᠭ᠎ᠠ ᠨᠤᠲᠠᠯᠠᠭᠤᠰᠢᠲᠠᠶ ᠪᠠᠶᠢᠨ᠎ᠠ ᠵᠢᠭᠠᠵᠤ ᠭᠠᠷᠭᠠᠪᠠ᠃      ᠵᠠᠩ ᠶᠦᠩ ᠳ᠋ᠦᠩ᠂ ᠡᠳ᠋ ᠤᠨ ᠵᠠᠰᠠᠭ ᠤᠨ ᠲᠣᠪᠴᠢᠶ᠎ᠠ ᠠᠵᠤ ᠠᠬᠤᠢ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠡᠭᠦᠷᠭᠡ‌‍ᠴᠢᠳᠠᠪᠤᠷᠢᠲᠤ ᠰᠠᠯᠠᠭ᠎ᠠ ᠮᠥᠴᠢᠷ ᠪᠣᠯᠤᠭᠰᠠᠨ ᠤ ᠬᠤᠪᠢ ᠳᠤ᠂ ᠲᠤᠭ ᠲᠡᠮᠳᠡᠭ ᠲᠣᠳᠣᠷᠬᠠᠶ ᠎ ᠪᠠᠷ ᠤᠯᠤᠰ ᠲᠥᠷᠥ ᠶᠢ ᠡᠷᠬᠢᠮᠯᠡᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠨᠢᠭᠡᠳᠦᠯᠲᠡᠶ ᠲᠥᠯᠥᠪᠯᠡᠨ ᠰᠠᠶᠢᠲᠤᠷ ᠬᠢᠬᠦ ᠶᠢᠨ ᠬᠠᠮᠲᠤ᠂ ᠡᠳ᠋ ᠤᠨ ᠵᠠᠰᠠᠭ ᠤᠨ ᠠᠵᠢᠯᠯᠠᠭᠠᠨ ᠪᠠ ᠪᠠᠲᠤᠯᠠᠭ᠎ᠠ ᠶᠢᠨ ᠠᠵᠢᠯ ᠢ ᠪᠣᠳᠠᠲᠠᠶ ᠰᠠᠶᠢᠲᠤᠷ ᠠᠳᠬᠤᠵᠤ᠂ ᠨᠠᠮ ᠪᠠ ᠠᠷᠠᠳ ᠲᠦᠮᠡᠨ ᠤ ᠡᠷᠬᠡ ᠮᠡᠳᠡᠵᠦ ᠡᠳ᠋ ᠤᠨ ᠶᠠᠪᠤᠳᠠᠯ ᠢ ᠬᠠᠮᠢᠶᠠᠷᠬᠤ ᠴᠢᠬᠤᠯᠠ ᠶᠡᠭᠡ ᠤᠯᠤᠰ ᠲᠥᠷᠥ ᠶᠢᠨ ᠬᠠᠷᠢᠭᠤᠴᠠᠯᠭ᠎ᠠ ᠶᠢ ᠨᠠᠩ ᠰᠠᠶᠢᠲᠤᠷ ᠡᠭᠦᠷᠭᠡᠯᠡᠬᠦ ᠬᠡᠷᠡᠭᠲᠡᠶ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢ ᠲᠡᠷᠢᠭᠦᠨ ᠳᠤ ᠲᠠᠯᠪᠢᠬᠤ ᠶᠢ ᠪᠠᠷᠢᠮᠲᠠᠯᠠᠵᠤ᠂ ᠪᠠᠯᠠ ᠮᠥᠩᠭᠦ ᠶᠢᠨ ᠪᠠᠲᠤᠯᠠᠭ᠎ᠠ ᠎ ᠶᠢ ᠴᠢᠩᠭᠠᠳᠬᠠᠵᠤ᠂ ᠬᠤᠳᠠᠯᠳᠤᠨ ᠠᠪᠬᠤ ᠶᠠᠪᠤᠴᠠ ᠶᠢ ᠳᠥᠭᠦᠮᠴᠢᠯᠡᠵᠦ᠂ ᠡᠳ᠋ ᠤᠨ ᠵᠠᠰᠠᠭ ᠠᠵᠤ ᠠᠬᠤᠶ ᠶᠢᠨ ᠰᠠᠬᠢᠯᠭ᠎ᠠ ᠪᠠᠲᠤ ᠪᠠ ᠬᠢᠨᠠᠨ ᠵᠥᠪᠰᠢᠶᠡᠷᠡᠬᠦ ᠴᠤᠪᠤᠷᠠᠯ ᠢ ᠴᠢᠩᠭ᠎ᠠ ᠬᠡᠷᠡᠭᠵᠢᠭᠦᠯᠵᠦ᠂ ᠲᠥᠷᠥ ᠶᠢᠨ ᠪᠣᠳᠣᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠦᠨᠡᠨᠬᠦ ᠪᠠᠲᠤᠯᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠳ᠋ ᠤᠨ ᠵᠠᠰᠠᠭ ᠎ ᠤᠨ ᠪᠠᠴᠢᠮ ᠪᠠᠶᠢᠳᠠᠯ ᠢ ᠠᠷᠭᠠᠴᠠᠬᠤ ᠪᠠᠲᠤᠯᠠᠭ᠎ᠠ ᠶᠢᠨ ᠴᠢᠳᠠᠪᠤᠷᠢ ᠶᠢ ᠪᠥᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠶ᠃ ᠲᠤᠯᠭᠠᠮ᠎ᠠ ᠰᠡᠳᠬᠢᠯᠭᠡ ᠪᠠᠨ ᠴᠢᠩᠭᠠᠷᠠᠭᠤᠯᠵᠤ᠂ ᠣᠶᠤᠨ ᠴᠢᠳᠠᠯ ᠢᠶᠠᠨ ᠲᠥᠪᠯᠡᠷᠡᠭᠦᠯᠦᠨ᠂ ᠳᠡᠭᠡᠳᠦ ᠱᠠᠲᠤᠨ ᠤ ᠳᠡᠮᠵᠢᠯᠭᠡ ᠶᠢᠨ ᠲᠥᠷᠥ ᠶᠢᠨ ᠪᠣᠳᠣᠯᠭ᠎ᠠ ᠶᠢ ᠢᠳᠡᠪᠬᠢᠲᠡᠢ ᠴᠢᠷᠮᠠᠶᠢᠨ ᠣᠯᠵᠤ᠂ ᠡᠳ᠋ ᠤᠨ ᠵᠠᠰᠠᠭ ᠤᠨ ᠵᠠᠷᠤᠯᠭ᠎ᠠ ᠶᠢᠨ ᠪᠦᠲᠦᠴᠡ ᠶᠢ ᠰᠢᠨᠵᠢᠯᠡᠬᠦ ᠤᠬᠠᠭᠠᠨᠴᠢ ᠪᠠᠷ ᠨᠢᠭᠡᠳᠦᠯᠲᠡᠢ ᠳᠤ ᠲᠥᠯᠥᠪᠯᠡᠵᠦ᠂ ᠭᠤᠷᠪᠠ ᠶᠢ ᠪᠠᠲᠤᠯᠠᠬᠤ ᠵᠠᠷᠤᠯᠭ᠎ᠠ ᠶᠢ ᠡᠩ ᠲᠡᠷᠢᠭᠦᠨ ᠳᠤ ᠪᠠᠲᠤᠯᠠᠵᠤ᠂ ᠪᠦᠬᠦ ᠵᠢᠯ ᠤᠨ ᠲᠣᠭᠲᠠᠭᠰᠠᠨ ᠬᠠᠷᠠᠯᠲᠠ ᠪᠠᠨ ᠪᠦᠬᠦ ᠬᠦᠴᠦᠨ ᠢᠶᠠᠷ ᠢᠶᠠᠨ ᠪᠡᠶᠡᠯᠡᠭᠦᠯᠬᠦ ᠬᠡᠷᠡᠭᠲᠡᠢ᠃ ᠤᠯᠠᠨ ᠵᠦᠶᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠬᠢᠵᠢᠭ ᠤᠨ ᠪᠠᠶᠢᠳᠠᠯ ᠤᠨ ᠡᠳ᠋ ᠤᠨ ᠵᠠᠰᠠᠭ ᠤᠨ ᠣᠷᠣᠯᠭ᠎ᠠ ᠳᠤ ᠦᠵᠡᠭᠦᠯᠬᠦ ᠨᠥᠯᠥᠭᠡ ᠶᠢ ᠠᠷᠭᠠᠴᠠᠵᠤ᠂ ᠤᠢᠢᠷ᠎ᠠ ᠶᠢᠨ ᠡᠳᠦᠷ ᠡᠳ᠋ ᠤᠨ ᠵᠠᠰᠠᠭ ᠎ ᠤᠨ ᠶᠠᠮᠤᠨ ᠠᠴᠠ 2020 ᠣᠨ ᠳᠤ ᠰᠢᠨ᠎ᠡ ᠪᠠᠷ ᠨᠡᠮᠡᠭᠳᠡᠬᠦ ᠣᠷᠣᠨ ᠨᠤᠲᠤᠭ ᠤᠨ ᠵᠠᠰᠠᠭ ᠤᠨ ᠣᠷᠳᠣᠨ ᠤ ᠵᠢᠭᠡᠯᠡᠯᠭᠡ ᠶᠢᠨ ᠲᠡᠮᠳᠡᠭᠲᠦ ᠪᠠ ᠲᠤᠰᠬᠠᠢ ᠵᠦᠶᠯ ᠤᠨ ᠵᠢᠭᠡᠯᠡᠯᠭᠡ ᠶᠢᠨ ᠲᠡᠮᠳᠡᠭᠲᠦ ᠶᠢ ᠪᠠᠭᠤᠯᠭᠠᠬᠤ ᠲᠣᠬᠢᠶᠠᠯ ᠢ ᠠᠮᠵᠢᠵᠤ᠂ ᠱᠠᠯᠠᠪᠳᠠᠨ ᠰᠤᠳᠤᠯᠵᠤ᠂ ᠢᠳᠡᠪᠬᠢᠲᠡᠶ ᠲᠡᠮᠡᠴᠡᠨ ᠤᠯᠬᠤ ᠬᠡᠷᠡᠭᠲᠡᠶ᠃ ᠬᠠᠷᠢᠭᠤᠴᠠᠯᠭᠠᠲᠤ ᠰᠡᠳᠬᠢᠯᠭᠡ ᠪᠠᠨ ᠦᠨᠡᠨ ᠬᠦ ᠴᠢᠩᠭᠠᠳᠬᠠᠵᠤ᠂ ᠥᠷᠢ ᠰᠢᠷᠢ ᠠᠷᠢᠯᠭᠠᠬᠤ ᠠᠵᠢᠯ ᠢ ᠦᠷᠭᠦᠯᠵᠢᠯᠡᠨ ᠰᠠᠶᠢᠲᠤᠷ ᠠᠳᠬᠤᠵᠤ᠂ ᠬᠦᠴᠦ ᠣᠷᠣᠭᠤᠯᠤᠨ ᠡᠷᠲᠡᠬᠡᠨ ᠠᠵᠢᠯᠯᠠᠭ᠎ᠠ ᠠᠪᠴᠤ ᠡᠷᠲᠡᠬᠡᠨ ᠠᠷᠭ᠎ᠠ ᠰᠦᠪᠡᠭᠴᠢᠯᠡᠵᠦ᠂ ᠥᠷᠢ ᠰᠢᠷᠢ ᠠᠷᠢᠯᠭᠠᠬᠤ ᠬᠠᠮᠢᠶᠠᠷᠤᠨ ᠡᠵᠡᠮᠳᠡᠬᠦ ᠠᠵᠢᠯ ᠢ ᠢᠳᠡᠪᠬᠢᠲᠡᠶ ᠪᠥᠭᠡᠳ ᠯᠠᠪᠳᠠᠭᠤᠨ ᠢᠶᠠᠷ ᠰᠠᠶᠢᠲᠤᠷ ᠬᠢᠵᠦ᠂ ᠣᠨ ᠤ ᠥᠷᠢ ᠰᠢᠷᠢ ᠠᠷᠢᠯᠭᠠᠬᠤ ᠡᠭᠦᠷᠭᠡ ᠪᠠ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ᠂ ᠳᠤᠮᠳᠠ ᠵᠢᠵᠢᠭ ᠠᠵᠤ ᠠᠬᠤᠶᠢᠯᠠᠯ ᠤᠨ ᠥᠷᠢ ᠳᠠᠩᠰᠠ ᠶᠢ ᠳᠥᠯᠥᠵᠦ ᠳᠠᠭᠤᠰᠬᠠᠬᠤ ᠡᠭᠦᠷᠭᠡ ᠶᠢ ᠪᠡᠶᠡᠯᠡᠭᠦᠯᠬᠦ ᠶᠢ ᠪᠠᠲᠤᠯᠠᠵᠤ᠂ ᠤᠯᠠᠭᠠᠨ ᠥᠩᠭᠡ ᠶᠢᠨ ᠤᠷᠢᠳᠴᠢᠯᠠᠨ ᠰᠡᠷᠡᠮᠵᠢᠯᠡᠭᠦᠯᠬᠦ ᠪᠠᠶᠢᠳᠠᠯ ᠠᠴᠠ ᠭᠠᠷᠭᠠᠬᠤ ᠪᠠᠷ ᠴᠢᠷᠮᠠᠶᠢᠬᠤ ᠬᠡᠷᠡᠭᠲᠡᠶ᠃ ᠬᠤᠷᠢᠭ᠎ᠠ ᠱᠤᠭᠤᠮ ᠤᠨ ᠰᠡᠳᠬᠢᠬᠦᠢ ᠶᠢ ᠪᠠᠷᠢᠮᠲᠠᠯᠠᠵᠤ᠂ ᠬᠢᠨᠠᠯᠲᠠ ᠬᠠᠮᠢᠶᠠᠷᠤᠯᠲᠠ ᠬᠠᠮᠢᠶᠠᠷᠤᠯᠲᠠ ᠶᠢ ᠴᠢᠩᠭᠠᠳᠬᠠᠵᠤ ᠳᠡᠭᠡᠳᠦ ᠲᠤᠤᠷᠠᠳᠤ ᠱᠠᠲᠤᠨ ᠳᠠᠭᠠᠨ ᠬᠠᠷᠢᠭᠤᠴᠠᠬᠤ ᠶᠢ ᠪᠡᠶᠡᠯᠡᠭᠦᠯᠵᠦ᠂ ᠡᠷᠬᠡᠪᠰᠢ ᠤᠯᠠᠭᠠᠨ ᠱᠤᠭᠤᠮ᠂ ᠬᠤᠷᠢᠭ᠎ᠠ ᠱᠤᠭᠤᠮ᠂ ᠥᠨᠳᠥᠷ ᠳᠠᠷᠤᠯᠲᠠᠲᠤ ᠱᠤᠭᠤᠮ ᠢ ᠰᠠᠬᠢᠵᠤ᠂ ᠡᠳ᠋ ᠤᠨ ᠵᠠᠰᠠᠭ ᠤᠨ ᠬᠠᠮᠢᠶᠠᠷᠤᠯᠲᠠ ᠶᠢᠨ ᠦᠷ᠎ᠡ ᠪᠦᠲᠦᠮᠵᠢ ᠶᠢ ᠦᠷᠭᠦᠯᠵᠢᠯᠡᠨ ᠳᠡᠭᠡᠭᠰᠢᠯᠡᠭᠦᠯᠬᠦ ᠬᠡᠷᠡᠭᠲᠡᠢ᠃ ᠨᠡᠪᠲᠡᠷᠡᠯᠴᠡᠭᠡ ᠵᠣᠬᠢᠴᠠᠭᠤᠯᠭ᠎ᠠ ᠪᠠᠨ ᠴᠢᠩᠭᠠᠳᠬᠠᠵᠤ᠂ ᠦᠨᠡᠨ ᠠᠴᠠ ᠵᠥᠪ ᠢ ᠡᠷᠢᠬᠦ ᠎ ᠶᠢ ᠪᠠᠷᠢᠮᠲᠠᠯᠠᠵᠤ᠂ ᠠᠵᠢᠯ ᠤᠨ ᠰᠤᠷᠲᠠᠯ ᠢᠶᠠᠨ ᠰᠠᠶᠢᠵᠢᠷᠠᠭᠤᠯᠵᠤ᠂ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠵᠦ᠂ ᠥᠨᠳᠥᠷ ᠪᠥᠲᠥᠮᠵᠢᠲᠡᠢ ᠡᠮᠬᠢ ᠵᠢᠷᠤᠮ ᠲᠠᠢ ᠬᠢᠨᠠᠯᠲᠠ ᠬᠠᠮᠢᠶᠠᠷᠤᠯᠲᠠ ᠶᠢ ᠪᠡᠶᠡᠯᠡᠭᠦᠯᠬᠦ ᠬᠡᠷᠡᠭᠲᠡᠢ᠃ ᠲᠤᠰ ᠪᠡᠶ᠎ᠡ ᠶᠢᠨ ᠡᠩᠨᠡᠭᠡᠨ ᠤ ᠪᠠᠶᠢᠭᠤᠯᠤᠯᠲᠠ ᠪᠠᠨ ᠴᠢᠩᠭᠠᠳᠬᠠᠵᠤ᠂ ᠠᠵᠢᠯ ᠤᠨ ᠰᠠᠭᠤᠷᠢ ᠪᠠᠨ ᠪᠠᠲᠤᠳᠬᠠᠨ᠂ ᠵᠠᠯᠠᠭᠤ ᠺᠠᠳ᠋ᠷᠴᠤᠳ ᠲᠤ ᠢᠯᠡᠭᠦᠬᠡᠨ ᠳᠠᠷᠤᠭᠠᠰᠤ ᠥᠭᠴᠦ ᠳᠠᠪᠲᠠᠨ ᠪᠣᠯᠪᠠᠰᠤᠷᠠᠭᠤᠯᠵᠤ᠂ ᠨᠢᠭᠡᠨ ᠰᠠᠯᠠᠭ᠎ᠠ ᠲᠤᠰᠬᠠᠢ ᠮᠡᠷᠭᠡᠵᠢᠯ ᠲᠠᠢ᠂ ᠲᠤᠷᠰᠢᠯᠭ᠎ᠠ ᠲᠠᠢ᠂ ᠴᠢᠳᠠᠪᠤᠷᠢ ᠲᠠᠢ ᠡᠳ᠋ ᠤᠨ ᠵᠠᠰᠠᠭ ᠤᠨ ᠺᠠᠳ᠋ᠷ ᠤᠨ ᠡᠩᠨᠡᠭᠡ ᠶᠢ ᠴᠢᠷᠮᠠᠶᠢᠨ ᠬᠥᠮᠦᠵᠢᠭᠦᠯᠬᠦ ᠬᠡᠷᠡᠭᠲᠡᠶ  ᠭᠡᠵᠦ ᠴᠢᠩᠭᠠᠳᠬᠠᠪᠠ᠃
 
ᠢᠷᠡᠯᠲᠡ᠄ ᠪᠠᠶ᠋ᠬᠠᠣᠪᠤᠭ᠎ᠠ ᠠᠭᠤᠷᠬᠠᠢ ᠶᠢᠨ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号