ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ ᠬᠤᠸᠠᠩ ᠮᠢᠨ ᠲᠣᠭᠤᠷᠢᠭ ᠤᠨ ᠳᠠᠷᠤᠭ᠎ᠠ ᠶᠢᠨ ᠠᠯᠪᠠᠨ ᠬᠤᠷᠠᠯ ᠢ ᠡᠷᠬᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2020-03-06
     3 ᠰᠠᠷ᠎ᠠ ᠶᠢᠨ 5᠎ ᠤ ᠡᠳᠦᠷ᠂ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ ᠬᠤᠸᠠᠩ ᠮᠢᠨ 12 ᠳ᠋ᠤᠭᠠᠷ ᠤᠳᠠᠭᠠᠨ ᠤ ᠲᠣᠭᠤᠷᠢᠭ ᠤᠨ ᠳᠠᠷᠤᠭ᠎ᠠ ᠶᠢᠨ ᠠᠯᠪᠠᠨ ᠬᠤᠷᠠᠯ ᠢ ᠡᠷᠬᠢᠯᠡᠨ ᠬᠤᠷᠠᠯᠳᠤᠭᠤᠯᠪᠠ᠃ ᠬᠤᠷᠠᠯ ᠳᠤ ᠬᠤᠲᠠ ᠶᠢᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠤᠨ ᠵᠣᠷᠢᠭ ᠰᠠᠨᠠᠭ᠎ᠠ ᠵᠢᠴᠢ ᠴᠢᠬᠤᠯᠠ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠳᠠᠮᠵᠢᠭᠤᠯᠵᠤ᠂《ᠵᠠᠰᠠᠭ ᠤᠨ ᠣᠷᠳᠣᠨ ᠤ ᠪᠠᠯᠠ ᠣᠷᠣᠭᠤᠯᠤᠯᠲᠠ ᠶᠢᠨ ᠲᠥᠷᠥᠯ ᠵᠦᠶᠯ ᠤᠨ ᠡᠮᠦᠨᠡᠬᠢ ᠬᠤᠭᠤᠴᠠᠭᠠᠨ ᠤ ᠠᠵᠢᠯ ᠢ ᠰᠢᠯᠢᠳᠡᠭᠵᠢᠭᠦᠯᠦᠨ ᠬᠢᠨᠠᠨ ᠵᠥᠪᠰᠢᠶᠡᠷᠡᠬᠦ ᠴᠤᠪᠤᠷᠠᠯ ᠢ ᠲᠦᠷᠭᠡᠳᠬᠡᠨ ᠠᠬᠢᠭᠤᠯᠬᠤ ᠲᠤᠬᠠᠶ ᠮᠡᠳᠡᠭᠳᠡᠯ》᠎ ᠢ ᠤᠯᠠᠮᠵᠢᠯᠠᠨ ᠰᠤᠷᠤᠯᠴᠠᠵᠤ᠂ 2020 ᠣᠨ ᠤ ᠣᠷᠣᠨ ᠨᠤᠲᠤᠭ ᠤᠨ ᠵᠠᠰᠠᠭ ᠤᠨ ᠣᠷᠳᠣᠨ ᠤ ᠲᠤᠰᠬᠠᠶ ᠵᠦᠶᠯ ᠤᠨ ᠵᠢᠭᠡᠯᠡᠯᠭᠡ ᠎ ᠶᠢᠨ ᠲᠡᠮᠳᠡᠭᠲᠦ ᠶᠢ ᠭᠤᠶᠤᠴᠢᠯᠠᠨ ᠮᠡᠳᠡᠭᠦᠯᠬᠦ ᠲᠤᠬᠠᠶ ᠬᠤᠯᠪᠣᠭᠳᠠᠯ ᠪᠥᠬᠦᠶ ᠵᠦᠶᠯᠡᠰ ᠢ ᠰᠤᠳᠤᠯᠪᠠ᠃      ᠲᠣᠭᠤᠷᠢᠭ ᠤᠨ ᠤᠳᠤᠷᠢᠳᠤᠯᠭ᠎ᠠ ᠵᠠᠩ ᠾᠧ ᠱᠧᠩ᠂ ᠯᠢ ᠵᠦᠩ᠂ ᠡᠦ ᡁᠢ ᠴᠢᠶᠠᠩ᠂ ᠰᠦᠩ ᡁᠢ ᠶᠢᠩ ᠬᠤᠷᠠᠯ ᠳᠤ ᠣᠷᠣᠯᠴᠠᠵᠤ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠭᠡᠷ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠠᠵᠤ ᠦᠶᠯᠡᠳᠪᠦᠷᠢ ᠮᠡᠳᠡᠭᠡ ᠵᠠᠩᠭᠢᠵᠢᠯᠲᠠ ᠪᠠ ᠰᠢᠨᠵᠢᠯᠡᠬᠦ ᠤᠬᠠᠭᠠᠨ ᠮᠡᠷᠭᠡᠵᠢᠯ ᠎ ᠤᠨ ᠲᠣᠪᠴᠢᠶ᠎ᠠ ᠵᠡᠷᠭᠡ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠰᠤᠯᠠ ᠣᠷᠣᠯᠴᠠᠪᠠ᠃      ᠬᠤᠸᠠᠩ ᠮᠢᠨ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠶ ᠨᠡᠶᠢᠭᠡᠮ ᠤᠨ ᠡᠯ᠎ᠡ ᠵᠦᠶᠯ ᠤᠨ ᠠᠵᠢᠯ ᠢ ᠨᠢᠭᠡᠳᠦᠯᠲᠡᠶ ᠲᠥᠯᠥᠪᠯᠡᠨ ᠰᠠᠶᠢᠲᠤᠷ ᠠᠳᠬᠤᠵᠤ᠂ ᠭᠦᠶᠴᠡᠳᠬᠡᠬᠦ ᠬᠦᠴᠦᠨ᠂ ᠲᠤᠭᠤᠰᠢᠯᠠᠭᠤᠯᠬᠤ ᠬᠦᠴᠦᠨ ᠢᠶᠠᠨ ᠲᠠᠰᠤᠷᠠᠯᠲᠠ ᠤᠢᠭᠡᠢ ᠴᠢᠩᠭᠠᠳᠭᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠭᠰᠡᠨ ᠰᠠᠭᠤᠷᠢᠨ ᠳᠡᠭᠡᠷ᠎ᠡ᠂ ᠡᠯ᠎ᠡ ᠬᠦᠷᠢᠶᠡᠨ ᠤ ᠠᠵᠢᠯ ᠦᠶᠯᠡᠳᠪᠦᠷᠢᠯᠡᠯ ᠢᠶᠠᠨ ᠰᠡᠷᠭᠦᠭᠡᠬᠦ ᠪᠠ ᠣᠯᠠᠨ ᠲᠦᠮᠡᠨ ᠤ ᠡᠳᠦᠷ ᠲᠤᠲᠤᠮ ᠤᠨ ᠠᠮᠢᠳᠤᠷᠠᠯ ᠤᠨ ᠡᠮᠬᠢ ᠳᠢᠭᠯᠢᠮ ᠢ ᠡᠮᠬᠢ ᠵᠢᠷᠤᠮ ᠲᠠᠢ ᠰᠡᠷᠭᠦᠭᠡᠬᠦ ᠬᠡᠷᠡᠭᠲᠡᠶ᠃ ᠲᠥᠷᠥᠯ ᠵᠦᠶᠯ ᠢ ᠲᠥᠰᠦᠪᠯᠡᠨ ᠨᠥᠭᠡᠴᠡᠯᠡᠬᠦ ᠡᠷᠴᠢᠮ ᠢᠶᠠᠨ ᠤᠯᠠᠮ ᠨᠢᠭᠡ ᠠᠯᠬᠤᠮ ᠴᠢᠩᠭᠠᠷᠠᠭᠤᠯᠵᠤ᠂ ᠲᠤᠰᠬᠠᠶ ᠵᠦᠶᠯ ᠤᠨ ᠪᠠᠯᠠ ᠮᠥᠩᠭᠦ᠂ ᠵᠢᠭᠡᠯᠡᠯᠭᠡ ᠶᠢᠨ ᠲᠡᠮᠳᠡᠭᠲᠦ ᠶᠢ ᠢᠳᠡᠪᠬᠢᠯᠡᠨ ᠣᠯᠵᠤ᠂ ᠴᠢᠬᠤᠯᠠ ᠶᠡᠭᠡ ᠲᠥᠷᠥᠯ ᠵᠦᠶᠯ ᠢ ᠪᠣᠳᠠᠲᠠᠶᠢᠵᠢᠭᠤᠯᠤᠨ ᠪᠥᠲᠥᠭᠡᠨ ᠪᠠᠶᠢᠭᠤᠯᠬᠤ ᠶᠢ ᠪᠥᠬᠦ ᠬᠦᠴᠦᠨ ᠢᠶᠠᠷ ᠠᠬᠢᠭᠤᠯᠵᠤ᠂ ᠠᠵᠤ ᠠᠬᠤᠶ ᠶᠢᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠶᠢ ᠠᠬᠢᠭᠤᠯᠬᠤ ᠬᠡᠷᠡᠭᠲᠡᠶ ᠭᠡᠵᠦ ᠵᠢᠭᠠᠵᠤ ᠭᠠᠷᠭᠠᠪᠠ᠃      ᠬᠤᠸᠠᠩ ᠮᠢᠨ᠂ ᠡᠯ᠎ᠡ ᠳᠡᠳ᠋ ᠲᠣᠭᠤᠷᠢᠭ ᠤᠨ ᠳᠠᠷᠤᠭ᠎ᠠ᠂ ᠡᠯ᠎ᠡ ᠰᠠᠯᠠᠭ᠎ᠠ ᠮᠥᠴᠢᠷ ᠤᠳ ᠰᠠᠨᠠᠭᠠᠴᠢᠯᠠᠭ᠎ᠠ ᠎ ᠠᠴᠠ ᠪᠠᠨ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠵᠤ᠂ ᠡᠯ᠎ᠡ ᠵᠦᠶᠯ ᠤᠨ ᠠᠵᠢᠯ ᠢ ᠰᠠᠶᠢᠲᠤᠷ ᠬᠢᠬᠦ ᠬᠠᠷᠢᠭᠤᠴᠠᠯᠭᠠᠲᠤ ᠰᠡᠳᠬᠢᠯᠭᠡ᠂ ᠲᠤᠯᠭᠠᠮ᠎ᠠ ᠰᠡᠳᠬᠢᠯᠭᠡ ᠪᠠᠨ ᠦᠨᠡᠨᠬᠦ ᠴᠢᠩᠭᠠᠳᠬᠠᠵᠤ᠂ ᠮᠠᠨ ᠤ ᠲᠣᠭᠤᠷᠢᠭ ᠤᠨ ᠲᠤᠰᠠᠭᠠᠷ ᠦᠶᠯᠡᠳᠪᠦᠷᠢ ᠠᠭᠤᠷᠬᠠᠢ ᠶᠢᠨ ᠲᠣᠭᠤᠷᠢᠭ ᠤᠨ ᠪᠣᠳᠠᠲᠤ ᠪᠠᠶᠢᠳᠠᠯ ᠤᠨ ᠶᠣᠰᠣᠭᠠᠷ᠂ ᠳᠤᠲᠠᠭᠳᠠᠯ ᠢᠶᠠᠨ ᠨᠥᠬᠦᠪᠥᠷᠢᠯᠡᠬᠦ᠂ ᠪᠠᠭᠤᠷᠠᠶ ᠲᠠᠯ᠎ᠠ ᠪᠠᠨ ᠬᠦᠴᠦᠷᠬᠡᠭᠵᠢᠭᠦᠯᠬᠦ ᠪᠠᠷ ᠵᠠᠷᠴᠢᠮ ᠪᠣᠯᠭᠠᠵᠤ᠂ 2020 ᠣᠨ ᠤ ᠣᠷᠣᠨ ᠨᠤᠲᠤᠭ ᠤᠨ ᠵᠠᠰᠠᠭ ᠤᠨ ᠣᠷᠳᠣᠨ ᠤ ᠲᠤᠰᠬᠠᠶ ᠵᠦᠶᠯ ᠤᠨ ᠵᠢᠭᠡᠯᠡᠯᠭᠡ ᠶᠢᠨ ᠲᠡᠮᠳᠡᠭᠲᠦ ᠶᠢᠨ ᠲᠥᠷᠥᠯ ᠵᠦᠶᠯ ᠢᠶᠠᠷ ᠮᠡᠳᠡᠭᠦᠯᠬᠦ ᠬᠤᠯᠪᠣᠭᠳᠠᠯ ᠪᠦᠬᠦᠢ ᠤᠴᠢᠷ ᠢ ᠴᠠᠭ ᠲᠤᠬᠠᠶ ᠳᠤᠨᠢ ᠰᠤᠳᠤᠯᠬᠤ ᠬᠡᠷᠡᠭᠲᠡᠶ᠃ ᠤᠳᠤᠷᠢᠳᠬᠤ ᠺᠠᠳ᠋ᠷ ᠲᠦᠷᠦᠯ ᠵᠦᠢᠯ ᠢ ᠳᠠᠭᠠᠭᠠᠴᠢᠯᠠᠨ ᠬᠤᠯᠪᠣᠭᠠᠯᠠᠬᠤ᠂ ᠠᠵᠤ ᠠᠬᠤᠶᠢᠯᠠᠯ ᠳᠤ ᠰᠠᠭᠤᠭ᠎ᠠ ᠬᠤᠯᠪᠤᠭᠠᠴᠢ ᠵᠡᠷᠭᠡ ᠡᠯ᠎ᠡ ᠵᠦᠢᠯ ᠤᠨ ᠲᠣᠭᠲᠠᠴᠠ ᠶᠢ ᠪᠣᠳᠠᠲᠠᠢ ᠬᠢᠵᠦ᠂ ᠰᠠᠨᠠᠭᠠᠴᠢᠯᠠᠭ᠎ᠠ ᠠᠴᠠ ᠪᠠᠨ ᠰᠤᠳᠤᠯᠵᠤ᠂ ᠤᠷᠢᠳᠴᠢᠯᠠᠨ ᠵᠢᠯᠣᠭᠤᠳᠴᠤ᠂ ᠲᠦᠷᠦᠯ ᠵᠦᠢᠯ ᠤᠨ ᠡᠯ᠎ᠡ ᠵᠦᠢᠯ ᠤᠨ ᠡᠮᠦᠨᠡᠬᠢ ᠬᠤᠭᠤᠴᠠᠭᠠᠨ ᠤ ᠠᠵᠢᠯ ᠢ ᠰᠠᠶᠢᠲᠤᠷ ᠬᠢᠬᠦ ᠬᠡᠷᠡᠭᠲᠡᠢ᠃ ᠬᠥᠭᠵᠢᠭᠦᠯᠦᠯᠲᠡ ᠥᠭᠡᠷᠡᠴᠢᠯᠡᠯᠲᠡ᠂ ᠡᠳ᠋ ᠤᠨ ᠵᠠᠰᠠᠭ ᠵᠡᠷᠭᠡ ᠰᠠᠯᠠᠭ᠎ᠠ ᠮᠥᠴᠢᠷ ᠤᠳ ᠬᠤᠲᠠ ᠶᠢᠨ ᠵᠠᠰᠠᠭ ᠤᠨ ᠣᠷᠳᠣᠨ ᠤ《ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠲᠥᠷᠥᠯ ᠵᠦᠶᠯ ᠤᠨ ᠡᠮᠦᠨᠡᠬᠢ ᠬᠤᠭᠤᠴᠠᠭᠠᠨ ᠤ ᠠᠵᠢᠯ ᠢ ᠰᠢᠯᠢᠳᠡᠭᠵᠢᠭᠦᠯᠦᠨ ᠬᠢᠨᠠᠨ ᠵᠥᠪᠰᠢᠶᠡᠷᠡᠬᠦ ᠴᠤᠪᠤᠷᠠᠯ ᠢ ᠲᠦᠷᠭᠡᠳᠬᠡᠨ ᠠᠬᠢᠭᠤᠯᠬᠤ ᠲᠤᠬᠠᠶ ᠮᠡᠳᠡᠭᠳᠡᠯ》᠎ ᠤᠨ ᠱᠠᠭᠠᠷᠳᠠᠯᠭ᠎ᠠ ᠶᠢ ᠦᠨᠳᠦᠰᠦᠯᠡᠨ᠂ ᠡᠯ᠎ᠡ ᠲᠥᠷᠥᠯ ᠵᠦᠶᠯ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠠᠢ ᠰᠠᠨᠠᠭᠠᠴᠢᠯᠠᠭ᠎ᠠ ᠠᠴᠠ ᠪᠠᠨ ᠵᠣᠯᠭᠠᠭᠤᠯᠵᠤ᠂ ᠲᠣᠳᠣᠷᠬᠠᠶ ᠱᠠᠭᠠᠷᠳᠠᠯᠭ᠎ᠠ᠂ ᠪᠣᠭᠤᠮᠲᠠ ᠶᠢ ᠴᠢᠩᠭ᠎ᠠ ᠠᠳᠬᠤᠵᠤ᠂ ᠭᠠᠷᠳᠠᠮ ᠭᠦᠶᠴᠡᠳᠬᠡᠬᠦ ᠶᠢ ᠲᠦᠷᠭᠡᠳᠬᠡᠨ᠂ ᠲᠥᠷᠥᠯ ᠵᠦᠶᠯ ᠮᠡᠳᠡᠭᠦᠯᠬᠦ ᠠᠵᠢᠯ ᠎ ᠢ ᠪᠦᠬᠦ ᠲᠠᠯ᠎ᠠ ᠪᠠᠷ ᠲᠦᠯᠬᠢᠨ ᠠᠬᠢᠭᠤᠯᠬᠤ ᠶᠢ ᠦᠨᠡᠨᠬᠦ ᠪᠠᠲᠤᠯᠠᠬᠤ ᠬᠡᠷᠡᠭᠲᠡᠶ ᠭᠡᠵᠦ ᠴᠢᠩᠭᠠᠳᠬᠠᠪᠠ᠃
 
ᠢᠷᠡᠯᠲᠡ᠄ ᠪᠠᠶ᠋ᠬᠠᠣᠪᠤᠭ᠎ᠠ ᠠᠭᠤᠷᠬᠠᠢ ᠶᠢᠨ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号