ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ ᠬᠤᠸᠠᠩ ᠮᠢᠨ ᠲᠣᠭᠤᠷᠢᠭ ᠤᠨ ᠰᠢᠨ᠋ ᠎ᠡ ᠬᠡᠯᠪᠡᠷᠢ ᠶᠢᠨ ᠲᠢᠲᠢᠮᠯᠢᠭ ᠸᠢᠷᠦ᠋ᠰ ᠠᠴᠠ ᠬᠠᠯᠳᠠᠪᠤᠷᠢᠯᠠᠭᠰᠠᠨ ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠤᠨ ᠬᠤᠷᠠᠯ ᠢ ᠡᠷᠬᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2020-03-06
     3 ᠰᠠᠷ᠎ᠠ ᠶᠢᠨ 5᠎ ᠤ ᠡᠳᠦᠷ᠂ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ᠂ ᠲᠣᠭᠤᠷᠢᠭ ᠤᠨ ᠰᠢᠨ᠋ ᠎ᠡ ᠬᠡᠯᠪᠡᠷᠢ ᠶᠢᠨ ᠲᠢᠲᠢᠮᠯᠢᠭ ᠸᠢᠷᠦ᠋ᠰ ᠠᠴᠠ ᠬᠠᠯᠳᠠᠪᠤᠷᠢᠯᠠᠭᠰᠠᠨ ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠤᠨ ᠶᠡᠷᠦᠩᠬᠡᠶ ᠵᠢᠯᠣᠭᠤᠳᠣᠭᠴᠢ ᠬᠤᠸᠠᠩ ᠮᠢᠨ ᠰᠢᠨ᠋ ᠎ᠡ ᠬᠡᠯᠪᠡᠷᠢ ᠶᠢᠨ ᠲᠢᠲᠢᠮᠯᠢᠭ ᠸᠢᠷᠦ᠋ᠰ ᠠᠴᠠ ᠬᠠᠯᠳᠠᠪᠤᠷᠢᠯᠠᠭᠰᠠᠨ ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠤᠨ 11 ᠳ᠋ᠦ᠋ᠭᠡᠷ ᠤᠳᠠᠭ᠎ᠠ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃ ᠲᠣᠭᠤᠷᠢᠭ ᠤᠨ ᠤᠳᠤᠷᠢᠳᠤᠯᠭ᠎ᠠ ᠵᠠᠩ ᠾᠧ ᠱᠧᠩ᠂ ᠯᠢ ᠵᠦᠩ᠂ ᠡᠦ ᡁᠢ ᠴᠢᠶᠠᠩ᠂ ᠰᠦᠩ ᡁᠢ ᠶᠢᠩ ᠵᠢᠴᠢ ᠵᠢᠯᠣᠭᠤᠳᠬᠤ ᠭᠠᠵᠠᠷ ᠤᠨ ᠡᠯ᠎ᠡ ᠡᠭᠦᠷᠭᠡ ᠴᠢᠳᠠᠪᠬᠢ ᠶᠢᠨ ᠳᠤᠭᠤᠶᠢᠯᠠᠩ ᠤᠨ ᠳᠠᠷᠤᠭ᠎ᠠ ᠬᠤᠷᠠᠯ ᠳᠤ ᠣᠷᠣᠯᠴᠠᠪᠠ᠃      ᠬᠤᠷᠠᠯ ᠳᠤ᠂ ᠵᠤᠤ ᠵᠢᠶᠠᠩ ᠲᠤᠤ ᠬᠤᠲᠠ ᠶᠢᠨ ᠳᠠᠷᠤᠭ᠎ᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠲᠤᠬᠠᠶ ᠶᠠᠷᠢᠶᠠᠨ ᠤ ᠵᠣᠷᠢᠭ ᠰᠠᠨᠠᠭ᠎ᠠ ᠶᠢ ᠳᠠᠮᠵᠢᠭᠤᠯᠵᠤ᠂ ᠬᠤᠲᠠ ᠶᠢᠨ ᠰᠢᠨ᠋ ᠎ᠡ ᠬᠡᠯᠪᠡᠷᠢ ᠶᠢᠨ ᠲᠢᠲᠢᠮᠯᠢᠭ ᠸᠢᠷᠦ᠋ᠰ ᠠᠴᠠ ᠬᠠᠯᠳᠠᠪᠤᠷᠢᠯᠠᠭᠰᠠᠨ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠠᠷᠭᠠᠴᠠᠬᠤ ᠠᠵᠢᠯ ᠤᠨ ᠭᠤᠷᠪᠠᠳᠤᠭᠠᠷ ᠪᠠᠶᠢᠴᠠᠭᠠᠨ ᠵᠢᠯᠣᠭᠤᠳᠬᠤ ᠳᠤᠭᠤᠶᠢᠯᠠᠩ ᠤᠨ ᠮᠠᠨ ᠤ ᠲᠣᠭᠤᠷᠢᠭ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠴᠢ ᠠᠵᠢᠯ ᠦᠶᠯᠡᠳᠪᠦᠷᠢᠯᠡᠯ ᠢᠶᠠᠨ ᠰᠡᠷᠭᠦᠭᠡᠭᠰᠡᠨ ᠢ ᠪᠠᠶᠢᠴᠠᠭᠠᠨ ᠵᠢᠯᠣᠭᠤᠳᠤᠭᠰᠠᠨ ᠪᠠᠶᠢᠳᠠᠯ ᠢ ᠵᠠᠷᠯᠠᠨ ᠮᠡᠳᠡᠭᠳᠡᠵᠦ᠂ ᠲᠠᠷᠠᠭᠠᠴᠢ ᠶᠢᠨ ᠱᠠᠲᠤᠨ ᠤ ᠠᠵᠢᠯ ᠳᠤ ᠪᠠᠶᠢᠷᠢᠯᠠᠭᠤᠯᠤᠯᠲᠠ ᠬᠢᠪᠡ᠃      ᠬᠤᠷᠠᠯ ᠳᠤ᠂ ᠡᠯ᠎ᠡ ᠰᠠᠯᠠᠭ᠎ᠠ ᠮᠥᠴᠢᠷ᠂ ᠨᠢᠭᠡᠴᠡ ᠨᠦᠭᠦᠳ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠶ ᠨᠡᠶᠢᠭᠡᠮ ᠤᠨ ᠬᠥᠭᠵᠢᠯᠲᠡ ᠶᠢ ᠨᠢᠭᠡᠳᠦᠯᠲᠡᠶ ᠲᠥᠯᠥᠪᠯᠡᠨ ᠠᠬᠢᠭᠤᠯᠬᠤ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ᠂ ᠪᠤᠭᠤᠲᠤ ᠬᠤᠲᠠ ᠵᠢᠴᠢ ᠮᠠᠨ ᠤ ᠲᠣᠭᠤᠷᠢᠭ ᠤᠨ ᠬᠠᠮᠢᠶ᠎ᠠ ᠪᠦᠬᠦᠢ ᠠᠵᠢᠯ ᠤᠨ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠣᠰᠣᠭᠠᠷ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠡᠬᠢᠨ ᠤ ᠦᠶ᠎ᠡ ᠲᠠᠢ ᠠᠳᠠᠯᠢ ᠪᠠᠷ ᠰᠠᠶᠢᠲᠤᠷ ᠬᠢᠵᠦ᠂ ᠬᠢᠵᠢᠭ ᠤᠨ ᠪᠠᠶᠢᠳᠠᠯ ᠢ ᠰᠡᠷᠡᠮᠵᠢᠯᠡᠬᠦ ᠴᠢᠨᠠᠷ ᠢ ᠢᠮᠠᠭᠲᠠ ᠪᠠᠲᠤᠯᠠᠵᠤ᠂ ᠣᠶᠢᠷ᠎ᠠ ᠶᠢᠨ ᠬᠤᠭᠤᠴᠠᠭᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠱᠠᠭᠠᠷᠳᠠᠯᠭ᠎ᠠ ᠶᠣᠰᠣᠭᠠᠷ᠂ ᠣᠷᠣᠨ ᠬᠡᠰᠡᠭ ᠱᠠᠲᠤ ᠳᠠᠪᠬᠤᠷᠭ᠎ᠠ ᠬᠤᠪᠢᠶᠠᠨ ᠠᠷᠭ᠎ᠠ ᠪᠣᠳᠣᠯᠭ᠎ᠠ ᠬᠡᠷᠡᠭᠵᠢᠭᠦᠯᠵᠦ᠂ ᠨᠢᠭᠡ ᠲᠠᠯ᠎ᠠ ᠪᠠᠷ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢ ᠪᠣᠳᠠᠲᠠᠶᠢᠵᠢᠭᠤᠯᠤᠨ᠂ ᠨᠢᠭᠡ ᠲᠠᠯ᠎ᠠ ᠪᠠᠷ ᠠᠵᠤ ᠠᠬᠤᠶ ᠨᠡᠶᠢᠭᠡᠮ ᠎ ᠤᠨ ᠡᠮᠬᠢ ᠵᠢᠷᠤᠮ ᠢ ᠰᠡᠷᠭᠦᠭᠡᠬᠦ ᠶᠢ ᠴᠢᠩᠭ᠎ᠠ ᠠᠳᠬᠤᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠦᠴᠦᠨ ᠲᠡᠭᠦᠯᠳᠡᠷ᠂ ᠠᠵᠤ ᠠᠬᠤᠶᠢᠯᠠᠯ ᠤᠨ ᠦᠶᠯᠡᠳᠪᠦᠷᠢᠯᠡᠯ ᠤᠨ ᠡᠮᠬᠢ ᠵᠢᠷᠤᠮ ᠲᠠᠢ ᠪᠠᠶᠢᠬᠤ ᠶᠢ ᠦᠨᠡᠨᠬᠦ ᠪᠠᠲᠤᠯᠠᠵᠤ᠂ ᠬᠢᠵᠢᠭ ᠤᠨ ᠪᠠᠶᠢᠳᠠᠯ ᠤᠨ ᠨᠥᠯᠥᠭᠡ ᠶᠢ ᠠᠯᠢ ᠴᠢᠳᠠᠬᠤ ᠪᠠᠷ ᠬᠠᠮᠤᠭ ᠤᠨ ᠳᠣᠤᠷ᠎ᠠ ᠬᠡᠮᠵᠢᠶᠡᠨ ᠳᠤ ᠬᠦᠷᠲᠡᠯ᠎ᠡ ᠪᠠᠭᠤᠷᠠᠭᠤᠯᠬᠤ ᠬᠡᠷᠡᠭᠲᠡᠶ ᠭᠡᠵᠦ ᠵᠢᠭᠠᠵᠤ ᠭᠠᠷᠭᠠᠪᠠ᠃      ᠬᠤᠷᠠᠯ ᠳᠤ᠂ ᠡᠯ᠎ᠡ ᠰᠠᠯᠠᠭ᠎ᠠ ᠮᠥᠴᠢᠷ᠂ ᠨᠢᠭᠡᠴᠡ ᠨᠦᠭᠦᠳ ᠦᠷᠭᠦᠯᠵᠢᠯᠡᠨ ᠬᠦᠴᠦᠯᠡᠵᠦ᠂ ᠮᠢᠨᠴᠦᠭᠦᠷᠡᠨ ᠲᠠᠶᠢᠪᠤᠰᠢᠷᠠᠬᠤ᠂ ᠠᠯᠵᠠᠭᠤ ᠬᠤᠶᠢᠷᠭᠤᠰᠢᠬᠤ ᠵᠡᠷᠭᠡ ᠰᠡᠳᠬᠢᠴᠡ ᠪᠠᠨ ᠡᠷᠡᠰ ᠲᠠᠶᠠᠭᠳᠠᠵᠤ᠂ ᠳᠡᠭᠡᠳᠦ ᠱᠠᠲᠤᠨ ᠤ ᠬᠠᠮᠢᠶ᠎ᠠ ᠪᠥᠬᠦᠶ ᠠᠵᠢᠯ ᠤᠨ ᠱᠠᠭᠠᠷᠳᠠᠯᠭ᠎ᠠ ᠶᠣᠰᠣᠭᠠᠷ᠂ ᠭᠤᠤᠯᠳᠠᠯᠭ᠎ᠠ ᠶᠢ ᠳᠣᠪᠣᠶᠢᠯᠭᠠᠵᠤ᠂ ᠲᠥᠷᠥᠯ ᠬᠤᠪᠢᠶᠠᠨ ᠵᠢᠯᠣᠭᠤᠳᠴᠤ᠂ ᠲᠥᠷᠥ ᠶᠢᠨ ᠪᠣᠳᠣᠯᠭ᠎ᠠ ᠶᠢ ᠣᠨᠣᠪᠴᠢᠲᠠᠶ ᠬᠡᠷᠡᠭᠵᠢᠭᠦᠯᠵᠦ᠂《ᠵᠢᠷᠭᠤᠭ᠎ᠠ ᠶᠢ ᠲᠣᠭᠲᠠᠭᠤᠨ ᠪᠠᠶᠢᠯᠭᠠᠬᠤ》ᠠᠷᠭ᠎ᠠ ᠬᠡᠮᠵᠢᠶ᠎ᠡ ᠶᠢ ᠴᠢᠩᠭᠠᠳᠬᠠᠵᠤ᠂《ᠭᠤᠷᠪᠠᠨ ᠶᠡᠭᠡ ᠰᠢᠪᠲᠤᠯᠤᠯᠲᠠ ᠶᠢᠨ ᠳᠠᠶᠢᠯᠠᠯᠳᠤᠭᠠᠨ》᠎ ᠢ ᠰᠠᠶᠢᠲᠤᠷ ᠬᠢᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠪᠠ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠠᠵᠢᠯ ᠢ ᠨᠢᠭᠡᠳᠦᠯᠲᠡᠶ ᠲᠥᠯᠥᠪᠯᠡᠨ ᠠᠬᠢᠭᠤᠯᠬᠤ ᠬᠡᠷᠡᠭᠲᠡᠶ᠃ ᠵᠢᠯᠣᠭᠤᠳᠬᠤ ᠭᠠᠵᠠᠷ ᠤᠨ ᠡᠯ᠎ᠡ ᠡᠭᠦᠷᠭᠡ ᠴᠢᠳᠠᠪᠤᠷᠢᠲᠤ ᠳᠤᠭᠤᠶᠢᠯᠠᠩ ᠥᠪᠡᠷᠲᠡᠭᠡᠨ ᠪᠠᠶᠢᠴᠠᠭᠠᠬᠤ ᠠᠵᠢᠯ ᠢ ᠴᠠᠭ ᠲᠤᠬᠠᠶ ᠳᠤᠨᠢ ᠥᠷᠨᠢᠭᠦᠯᠵᠦ᠂ ᠢᠯᠡᠷᠡᠭᠦᠯᠦᠭᠰᠡᠨ ᠠᠰᠠᠭᠤᠳᠠᠯ ᠳᠤ ᠴᠢᠭᠯᠡᠭᠦᠯᠦᠨ ᠲᠤᠬᠠᠶ ᠶᠢᠨ ᠭᠠᠵᠠᠷ ᠲᠤᠨᠢ ᠰᠢᠢᠳᠪᠦᠷᠢᠯᠡᠵᠦ᠂ ᠳᠣᠣᠷ᠎ᠠ ᠨᠢ ᠬᠡᠷᠡᠭᠵᠢᠭᠦᠯᠵᠦ ᠴᠠᠭ ᠲᠤᠬᠠᠢ ᠳᠤ ᠨᠢ ᠥᠭᠡᠷᠡᠴᠢᠯᠡᠵᠦ᠂ ᠮᠠᠨ ᠤ ᠲᠣᠭᠤᠷᠢᠭ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠰᠠᠭᠤᠷᠢ ᠶᠢ ᠪᠦᠲᠦᠮᠵᠢᠲᠡᠶ ᠪᠠᠲᠤᠳᠬᠠᠨ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠰᠢᠨᠵᠢᠯᠡᠬᠦ ᠤᠬᠠᠭᠠᠨᠴᠢ᠂ ᠡᠮᠬᠢ ᠵᠢᠷᠤᠮ ᠲᠠᠢ ᠥᠷᠨᠢᠬᠦ ᠶᠢ ᠦᠨᠡᠨᠬᠦ ᠪᠠᠲᠤᠯᠠᠬᠤ ᠬᠡᠷᠡᠭᠲᠡᠶ᠃ ᠡᠭᠦᠨ ᠤ ᠬᠠᠮᠲᠤ᠂ ᠲᠣᠭᠤᠷᠢᠭ ᠤᠨ ᠡᠪᠡᠳᠴᠢᠨ ᠢ ᠡᠵᠡᠮᠳᠡᠬᠦ ᠰᠠᠯᠠᠭ᠎ᠠ ᠮᠥᠴᠢᠷ ᠤᠳ ᠬᠠᠪᠤᠷ ᠤᠨ ᠤᠯᠠᠷᠢᠯ ᠤᠨ ᠬᠤᠯᠤᠭᠠᠨ᠎ᠠ ᠬᠢᠵᠢᠭ ᠢ ᠰᠡᠷᠭᠡᠶᠢᠯᠡᠨ ᠬᠢᠵᠠᠭᠠᠷᠯᠠᠬᠤ ᠠᠵᠢᠯ ᠢ ᠤᠯᠠᠮ ᠨᠢᠭᠡ ᠠᠯᠬᠤᠮ ᠴᠢᠩᠭᠠᠳᠬᠠᠵᠤ᠂ ᠬᠢᠵᠢᠭ ᠤᠨ ᠪᠠᠶᠢᠳᠠᠯ ᠢ ᠬᠢᠨᠠᠨ ᠬᠡᠮᠵᠢᠬᠦ ᠪᠠᠨ ᠴᠢᠩᠭᠠᠷᠠᠭᠤᠯᠤᠨ᠂ ᠬᠤᠯᠤᠭᠠᠨ᠎ᠠ ᠪᠠ ᠨᠣᠭᠠᠶ ᠶᠢᠨ ᠪᠥᠭᠡᠰᠦ ᠶᠢ ᠤᠰᠠᠳᠬᠠᠬᠤ ᠡᠷᠴᠢᠮ ᠢᠶᠠᠨ ᠨᠡᠮᠡᠭᠳᠡᠭᠦᠯᠵᠦ᠂ ᠣᠯᠠᠨ ᠵᠦᠶᠯ ᠤᠨ ᠠᠷᠭ᠎ᠠ ᠵᠠᠮ ᠢᠶᠠᠷ ᠬᠤᠯᠤᠭᠠᠨ᠎ᠠ ᠬᠢᠵᠢᠭ ᠢ ᠰᠡᠷᠭᠡᠶᠢᠯᠡᠨ ᠡᠵᠡᠮᠳᠡᠬᠦ ᠮᠡᠳᠡᠯᠭᠡ ᠶᠢᠨ ᠤᠬᠠᠭᠤᠯᠭ᠎ᠠ ᠶᠢ ᠥᠷᠭᠡᠨ ᠢᠶᠠᠷ ᠥᠷᠨᠢᠭᠦᠯᠵᠦ᠂ ᠬᠤᠯᠤᠭᠠᠨ᠎ᠠ ᠬᠢᠵᠢᠭ ᠮᠠᠨ ᠤ ᠲᠣᠭᠤᠷᠢᠭ ᠲᠤ ᠡᠭᠦᠰᠬᠦ ᠶᠢ ᠪᠦᠲᠦᠮᠵᠢᠲᠡᠶ ᠰᠡᠷᠭᠡᠶᠢᠯᠡᠬᠦ ᠬᠡᠷᠡᠭᠲᠡᠶ ᠭᠡᠵᠦ ᠱᠠᠭᠠᠷᠳᠠᠪᠠ᠃
 
ᠢᠷᠡᠯᠲᠡ᠄ ᠪᠠᠶ᠋ᠬᠠᠣᠪᠤᠭ᠎ᠠ ᠠᠭᠤᠷᠬᠠᠢ ᠶᠢᠨ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号