ᠲᠣᠭᠤᠷᠢᠭ ᠤᠨ ᠡᠳ᠋ ᠤᠨ ᠵᠠᠰᠠᠭ ᠤᠨ ᠲᠣᠪᠴᠢᠶ᠎ᠠ 2020 ᠣᠨ ᠤ ᠲᠤᠰᠬᠠᠶ ᠰᠡᠳᠦᠪᠲᠦ ᠰᠤᠷᠪᠤᠯᠵᠢᠯᠠᠭ᠎ᠠ ᠶᠢᠨ ᠶᠠᠷᠢᠯᠴᠠᠭ᠎ᠠ
ᠨᠡᠶᠢᠲᠡᠯᠡᠭᠰᠡᠨ ᠴᠠᠭ᠄
2020-04-13
     ᠴᠠᠭ᠄ 2020—04—12      ᠵᠣᠴᠢᠨ᠄ ᠲᠣᠭᠤᠷᠢᠭ ᠤᠨ ᠡᠳ᠋ ᠤᠨ ᠵᠠᠰᠠᠭ ᠤᠨ ᠲᠣᠪᠴᠢᠶᠠᠨ ᠤ ᠳᠠᠷᠤᠭ᠎ᠠ ᠴᠧᠨ ᠶᠢᠩ      ᠠᠬᠤᠢ ᠪᠠᠶᠢᠳᠠᠯ᠄ 2020 ᠣᠨ ᠳᠤ ᠡᠳ᠋ ᠤᠨ ᠵᠠᠰᠠᠭ ᠤᠨ ᠰᠠᠯᠠᠭ᠎ᠠ ᠮᠥᠴᠢᠷ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ  ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ  ᠦᠢᠯᠡᠳᠦᠯᠭᠡᠵᠢᠭᠦᠯᠵᠦ᠂ ᠬᠠᠤᠯᠢ ᠶᠣᠰᠣᠭᠠᠷ ᠡᠳ᠋ ᠤᠨ ᠶᠠᠪᠤᠳᠠᠯ ᠢ ᠬᠠᠮᠢᠶᠠᠷᠬᠤ ᠶᠢ ᠪᠠᠷᠢᠮᠲᠠᠯᠠᠨ᠂ ᠲᠥᠰᠦᠪ ᠤᠨ ᠬᠠᠮᠢᠶᠠᠷᠤᠯᠲᠠ ᠶᠢ ᠴᠢᠩᠭᠠᠳᠬᠠᠵᠠᠢ᠃ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠬᠤᠷᠢᠭᠯᠠᠨ ᠴᠣᠬᠢᠬᠤ ᠳᠠᠶᠢᠨ ᠤ ᠢᠯᠠᠯᠲᠠ ᠶᠢ ᠣᠯᠬᠤ ᠶᠢ ᠡᠷᠡᠰ ᠳᠠᠮᠵᠢᠵᠤ᠂ ︽ᠭᠤᠷᠪᠠᠨ ᠶᠡᠭᠡ ᠪᠣᠭᠤᠮᠲᠠ ᠰᠢᠪᠲᠤᠯᠬᠤ ᠳᠠᠶᠢᠨ︾᠎ ᠤ ᠢᠯᠠᠯᠲᠠ ᠶᠢ ᠣᠯᠵᠤ᠂ ︽ᠵᠢᠷᠭᠤᠭ᠎ᠠ ᠶᠢ ᠲᠣᠭᠲᠠᠭᠤᠨ ᠪᠠᠶᠢᠯᠭᠠᠬᠤ︾ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠶ ᠨᠡᠶᠢᠭᠡᠮ ᠤᠨ ᠬᠥᠭᠵᠢᠯᠲᠡ ᠶᠢ ᠨᠢᠭᠡᠳᠦᠯᠲᠡᠶ ᠲᠥᠯᠥᠪᠯᠡᠨ ᠠᠬᠢᠭᠤᠯᠤᠨ᠎ᠠ᠃      2020 ᠣᠨ ᠳᠤ ᠡᠳ᠋ ᠤᠨ ᠵᠠᠰᠠᠭ ᠤᠨ ᠰᠠᠯᠠᠭ᠎ᠠ ᠮᠥᠴᠢᠷ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ  ᠦᠢᠯᠡᠳᠦᠯᠭᠡᠵᠢᠭᠦᠯᠵᠦ᠂ ᠬᠠᠤᠯᠢ ᠶᠣᠰᠣᠭᠠᠷ ᠡᠳ᠋ ᠤᠨ ᠶᠠᠪᠤᠳᠠᠯ ᠢ ᠬᠠᠮᠢᠶᠠᠷᠬᠤ ᠶᠢ ᠪᠠᠷᠢᠮᠲᠠᠯᠠᠨ᠂ ᠲᠥᠰᠦᠪ ᠤᠨ ᠬᠠᠮᠢᠶᠠᠷᠤᠯᠲᠠ ᠶᠢ ᠴᠢᠩᠭᠠᠳᠬᠠᠵᠠᠢ᠃ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠬᠤᠷᠢᠭᠯᠠᠨ ᠴᠣᠬᠢᠬᠤ ᠳᠠᠶᠢᠨ ᠤ ᠢᠯᠠᠯᠲᠠ ᠶᠢ ᠣᠯᠬᠤ ᠶᠢ ᠡᠷᠡᠰ ᠳᠠᠮᠵᠢᠵᠤ᠂ ︽ᠭᠤᠷᠪᠠᠨ ᠶᠡᠭᠡ ᠪᠣᠭᠤᠮᠲᠠ ᠰᠢᠪᠲᠤᠯᠬᠤ ᠳᠠᠶᠢᠨ︾᠎ ᠤ ᠢᠯᠠᠯᠲᠠ ᠶᠢ ᠣᠯᠵᠤ᠂ ︽ᠵᠢᠷᠭᠤᠭ᠎ᠠ ᠶᠢ ᠲᠣᠭᠲᠠᠭᠤᠨ ᠪᠠᠶᠢᠯᠭᠠᠬᠤ︾ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠶ ᠨᠡᠶᠢᠭᠡᠮ ᠤᠨ ᠬᠥᠭᠵᠢᠯᠲᠡ ᠶᠢ ᠨᠢᠭᠡᠳᠦᠯᠲᠡᠶ ᠲᠥᠯᠥᠪᠯᠡᠨ ᠠᠬᠢᠭᠤᠯᠤᠨ᠎ᠠ᠃ 2020 ᠣᠨ ᠳᠤ ᠳᠣᠤᠷᠠᠬᠢ ᠬᠡᠳᠦᠨ ᠵᠦᠢᠯ ᠤᠨ ᠠᠵᠢᠯ ᠢ ᠭᠤᠤᠯᠳᠠᠯᠭ᠎ᠠ ᠲᠠᠢ ᠰᠠᠶᠢᠲᠤᠷ ᠠᠳᠬᠤᠨ᠎ᠠ᠄      ᠨᠢᠭᠡ ᠳᠤ᠂ ᠬᠠᠤᠯᠢ ᠶᠣᠰᠣᠭᠠᠷ ᠵᠣᠬᠢᠶᠠᠨ ᠪᠠᠶᠢᠭᠤᠯᠵᠤ᠂ ᠡᠳ᠋ ᠤᠨ ᠵᠠᠰᠠᠭ ᠤᠨ ᠪᠠᠲᠤᠯᠠᠭ᠎ᠠ ᠶᠢᠨ ᠴᠢᠳᠠᠪᠤᠷᠢ ᠶᠢ ᠳᠡᠭᠡᠭᠰᠢᠯᠡᠭᠦᠯᠦᠨ᠎ᠡ᠃ ᠣᠷᠣᠯᠭ᠎ᠠ ᠶᠢ ᠵᠣᠬᠢᠶᠠᠨ ᠪᠠᠶᠢᠭᠤᠯᠬᠤ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠵᠡᠷᠭᠡ ᠭᠤᠣᠯᠳᠠᠯᠭ᠎ᠠ ᠲᠠᠢ ᠡᠭᠦᠷᠭᠡ ᠶᠢᠨ ᠲᠠᠯ᠎ᠠ ᠪᠠᠷ᠂ ᠰᠠᠯᠠᠭ᠎ᠠ ᠮᠥᠴᠢᠷ ᠤᠨ ᠬᠠᠮᠵᠢᠯᠴᠠᠭ᠎ᠠ ᠪᠠᠨ ᠴᠢᠩᠭᠠᠳᠬᠠᠵᠤ᠂ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠶᠢ ᠰᠢᠯᠢᠳᠡᠭᠵᠢᠭᠦᠯᠵᠦ᠂ ᠠᠷᠠᠯᠵᠢᠶᠠᠴᠢᠨ ᠤᠷᠢᠬᠤ ᠲᠥᠷᠥᠯ ᠵᠦᠢᠯ ᠳᠤ ᠭᠤᠣᠯᠳᠠᠯᠭ᠎ᠠ ᠲᠠᠢ ᠦᠢᠯᠡᠴᠢᠯᠡᠵᠦ᠂ ᠴᠢᠨᠠᠷ ᠰᠠᠶᠢᠲᠠᠶ ᠠᠵᠤ ᠠᠬᠤᠶᠢᠯᠠᠯ ᠢ ᠣᠷᠣᠭᠤᠯᠤᠨ ᠠᠪᠴᠢᠷᠠᠬᠤ ᠪᠠᠷ ᠴᠢᠷᠮᠠᠶᠢᠵᠤ᠂ ᠭᠠᠶᠢᠯᠢ ᠶᠢᠨ ᠢᠷᠡᠯᠲᠡ ᠶᠢ ᠢᠳᠡᠪᠬᠢᠲᠡᠢ ᠥᠷᠭᠡᠨ ᠢᠶᠠᠷ ᠴᠤᠭᠯᠠᠭᠤᠯᠤᠨ᠎ᠠ᠃ ᠡᠭᠦᠨ ᠤ ᠬᠠᠮᠲᠤ᠂ ᠤᠯᠤᠰ ᠤᠨ ᠪᠡᠯᠡ ᠣᠷᠣᠭᠤᠯᠤᠯᠲᠠ ᠶᠢᠨ ᠲᠥᠷᠥ ᠶᠢᠨ ᠪᠣᠳᠣᠯᠭ᠎ᠠ᠂ ᠪᠡᠯᠡ ᠣᠷᠣᠭᠤᠯᠤᠯᠲᠠ ᠶᠢᠨ ᠴᠢᠭᠯᠡᠯ ᠢ ᠬᠢᠨᠠᠮᠠᠭᠠᠶ ᠰᠤᠳᠤᠯᠤᠨ ᠮᠠᠭᠠᠳᠯᠠᠵᠤ᠂ ᠡᠯ᠎ᠡ ᠵᠦᠢᠯ ᠤᠨ ᠪᠡᠯᠡ ᠮᠥᠩᠭᠦ ᠶᠢᠨ ᠬᠠᠮᠢᠶᠠᠷᠤᠯᠲᠠ ᠶᠢᠨ ᠠᠷᠭ᠎ᠠ᠂  ᠳᠡᠭᠡᠳᠦ ᠱᠠᠲᠤᠨ ᠤ ᠲᠤᠰᠬᠠᠶ ᠮᠡᠳᠡᠭᠦᠯᠬᠦ ᠲᠥᠯᠥᠪᠯᠡᠭᠡ ᠶᠢ ᠴᠤᠭᠯᠠᠭᠤᠯᠵᠤ᠂ ᠨᠥᠭᠡᠴᠡᠯᠡᠬᠦ ᠲᠥᠷᠥᠯ ᠵᠦᠢᠯ ᠢ ᠡᠷᠲᠡ ᠠᠴᠠ ᠤᠬᠠᠭᠠᠯᠠᠨ ᠰᠡᠳᠦᠵᠦ᠂ ᠡᠯ᠎ᠡ ᠵᠦᠢᠯ ᠤᠨ ᠡᠮᠦᠨᠡᠬᠢ ᠬᠤᠭᠤᠴᠠᠭᠠᠨ ᠤ ᠠᠵᠢᠯ ᠢ ᠰᠠᠶᠢᠲᠤᠷ ᠬᠢᠵᠦ᠂ ᠲᠡᠮᠡᠴᠡᠨ ᠣᠯᠬᠤ ᠲᠥᠷᠥ ᠶᠢᠨ ᠪᠣᠳᠣᠯᠭ᠎ᠠ ᠪᠠ ᠪᠠᠯᠠ ᠮᠥᠩᠭᠦ ᠶᠢᠨ ᠳᠡᠮᠵᠢᠯᠭᠡ ᠶᠢᠨ ᠠᠵᠢᠯ  ᠤᠨ ᠬᠠᠨᠳᠤᠯᠭᠠᠲᠤ ᠴᠢᠨᠠᠷ ᠪᠠ ᠪᠣᠳᠠᠲᠤ ᠦᠷ᠎ᠡ ᠪᠦᠳᠦᠮᠵᠢᠳᠤ ᠴᠢᠨᠠᠷ ᠢ ᠴᠢᠩᠭᠠᠷᠠᠭᠤᠯᠤᠨ᠎ᠠ᠃      ᠬᠤᠶᠠᠷ ᠲᠤ᠂ ᠵᠠᠷᠤᠯᠭ᠎ᠠ ᠶᠢ ᠴᠢᠩᠭ᠎ᠠ ᠬᠢᠵᠠᠭᠠᠷᠯᠠᠵᠤ᠂ ᠠᠷᠠᠳ ᠤᠨ ᠠᠮᠢᠳᠤᠷᠠᠯ ᠢ ᠦᠷᠭᠦᠯᠵᠢᠯᠡᠨ ᠪᠠᠲᠤᠯᠠᠨ ᠰᠠᠶᠢᠵᠢᠷᠠᠭᠤᠯᠤᠨ᠎ᠠ᠃ ︽ᠴᠠᠯᠢᠩ ᠢ ᠪᠠᠲᠤᠯᠠᠬᠤ᠂ ᠡᠷᠭᠢᠯᠲᠡ ᠶᠢ ᠪᠠᠲᠤᠯᠠᠬᠤ᠂ ᠠᠷᠠᠳ ᠤᠨ ᠦᠨᠳᠦᠰᠦᠨ ᠠᠮᠢᠳᠤᠷᠠᠯ ᠢ ᠪᠠᠲᠤᠯᠠᠬᠤ︾ ᠬᠢᠵᠠᠭᠠᠷ ᠱᠤᠭᠤᠮ ᠢ ᠦᠨᠡᠨᠬᠦ ᠪᠠᠲᠤᠯᠠᠵᠤ᠂ ︽ᠠᠷᠪᠢᠯᠠᠨ ᠭᠠᠮᠨᠠᠵᠤ ᠠᠮᠢᠳᠤᠷᠠᠬᠤ︾ ᠦᠵᠡᠯ ᠰᠠᠨᠠᠭ᠎ᠠ ᠶᠢ ᠪᠠᠲᠤ ᠪᠠᠬᠢ ᠪᠤᠢ ᠪᠣᠯᠭᠠᠵᠤ᠂ ᠠᠵᠢᠯᠴᠢ ᠠᠷᠪᠢᠴᠢ ᠪᠠᠷ ᠠᠷᠪᠢᠯᠠᠨ ᠭᠠᠮᠨᠠᠵᠤ᠂ ᠨᠠᠷᠢᠨ ᠨᠢᠭᠲᠠ ᠪᠣᠳᠣᠵᠤ᠂ ᠪᠠᠲᠤᠯᠠᠬᠤ ᠶᠢ ᠨᠢ ᠪᠠᠲᠤᠯᠠᠵᠤ ᠬᠢᠬᠦ ᠶᠢ ᠨᠢ ᠬᠢᠵᠠᠭᠠᠷᠯᠠᠵᠤ᠂ ᠡᠩ ᠤᠨ ᠴᠢᠨᠠᠷᠲᠠᠶ ᠵᠠᠷᠤᠯᠭ᠎ᠠ ᠪᠠ ︽ᠭᠤᠷᠪᠠᠨ ᠵᠦᠢᠯ ᠤᠨ ᠠᠯᠪᠠᠨ ᠤ ᠵᠠᠷᠤᠳᠠᠯ︾᠎ ᠤᠨ  ᠨᠡᠮᠡᠭᠳᠡᠬᠦ ᠦᠭᠡᠢ ᠪᠠᠶᠢᠬᠤ ᠢ ᠪᠠᠲᠤᠯᠠᠨ᠎ᠠ᠃ ᠡᠩ ᠤᠨ ᠴᠢᠨᠠᠷᠲᠠᠶ ᠵᠠᠷᠤᠯᠭ᠎ᠠ ᠶᠢ ᠴᠢᠩᠭ᠎ᠠ ᠬᠢᠵᠠᠭᠠᠷᠯᠠᠵᠤ᠂ ᠡᠯ᠎ᠡ ᠲᠥᠷᠥᠯ ᠤᠨ ᠪᠡᠯᠡ ᠮᠥᠩᠭᠦ ᠶᠢ ᠨᠢᠭᠡᠳᠦᠯᠲᠡᠶ ᠲᠥᠯᠥᠪᠯᠡᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ᠂ ᠭᠤᠷᠪᠠᠨ ᠶᠡᠭᠡ ᠪᠣᠭᠤᠮᠲᠠ ᠰᠢᠪᠲᠤᠯᠬᠤ ᠳᠠᠶᠢᠨ ᠵᠡᠷᠭᠡ ᠭᠤᠤᠯᠳᠠᠯᠭ᠎ᠠ ᠲᠠᠢ ᠬᠦᠷᠢᠶ᠎ᠡ ᠬᠡᠪᠴᠢᠶ᠎ᠡ ᠪᠠ ᠰᠤᠷᠭᠠᠨ ᠬᠥᠮᠦᠵᠢᠯ᠂ ᠡᠮ ᠡᠮᠨᠡᠯᠭᠡ ᠡᠷᠡᠭᠦᠯ ᠬᠠᠮᠠᠭᠠᠯᠠᠯ᠂ ᠠᠵᠢᠯ ᠣᠯᠭᠤᠯᠲᠠ ᠪᠠ ᠨᠡᠶᠢᠭᠡᠮ ᠤᠨ ᠪᠠᠲᠤᠯᠠᠭ᠎ᠠ ᠵᠡᠷᠭᠡ ᠠᠷᠠᠳ ᠤᠨ ᠠᠮᠢᠳᠤᠷᠠᠯ ᠤᠨ ᠦᠢᠯᠡᠰ ᠤᠨ ᠬᠥᠭᠵᠢᠯᠲᠡ ᠶᠢ ᠭᠤᠤᠯᠳᠠᠯᠭ᠎ᠠ ᠲᠠᠢ ᠳᠡᠮᠵᠢᠨ᠎ᠡ᠃ ᠠᠷᠠᠳ ᠤᠨ ᠠᠮᠢᠳᠤᠷᠠᠯ ᠤᠨ ᠴᠢᠬᠤᠯᠠ ᠶᠡᠭᠡ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠡᠯ᠎ᠡ ᠵᠦᠶ᠋ᠯ ᠤᠨ ᠠᠷᠠᠳ ᠤᠨ ᠠᠮᠢᠳᠤᠷᠠᠯ ᠤᠨ ᠨᠥᠬᠦᠪᠥᠷᠢ ᠶᠢᠨ ᠪᠡᠯᠡ ᠮᠥᠩᠭᠦ ᠶᠢ ᠴᠠᠭ ᠲᠤᠬᠠᠶ ᠳᠤᠨᠢ ᠲᠤᠭ᠎ᠠ ᠶᠣᠰᠣᠭᠠᠷ ᠨᠢ ᠣᠯᠭᠤᠬᠤ ᠶᠢ  ᠪᠠᠲᠤᠯᠠᠨ᠎ᠠ᠃ ᠬᠠᠤᠯᠢ ᠶᠣᠰᠣᠭᠠᠷ ᠡᠳ᠋ ᠤᠨ ᠶᠠᠪᠤᠳᠠᠯ ᠢ ᠬᠠᠮᠢᠶᠠᠷᠬᠤ ᠤᠬᠠᠮᠰᠠᠷ ᠢ ᠪᠠᠲᠤ ᠪᠠᠬᠢ ᠪᠤᠢ ᠪᠣᠯᠭᠠᠵᠤ᠂ ᠲᠥᠰᠦᠪ ᠤᠨ ᠨᠡᠮᠡᠭᠳᠡᠯ ᠢ ᠴᠢᠩᠭ᠎ᠠ ᠬᠢᠵᠠᠭᠠᠷᠯᠠᠵᠤ᠂ ᠵᠠᠷᠴᠢᠮ ᠳᠡᠭᠡᠷ᠎ᠡ ᠪᠠᠨ ᠬᠡᠷᠡᠭᠵᠢᠭᠦᠯᠬᠦ ᠳᠤᠮᠳᠠ ᠲᠠᠬᠢᠵᠤ ᠰᠢᠨ᠎ᠡ ᠪᠠᠷ ᠨᠡᠮᠡᠭᠳᠡᠭᠦᠯᠬᠦ ᠦᠭᠡᠢ ᠪᠠᠶᠢᠬᠤ ᠬᠡᠷᠡᠭᠲᠡᠶ᠃     ᠭᠤᠷᠪᠠ ᠳᠤ᠂ ᠠᠷᠭ᠎ᠠ ᠬᠡᠮᠵᠢᠶ᠎ᠡ ᠪᠠᠨ ᠨᠠᠷᠢᠯᠢᠭᠵᠢᠭᠤᠯᠵᠤ᠂ ᠨᠠᠷᠢᠯᠢᠭ ᠬᠠᠮᠢᠶᠠᠷᠤᠯᠲᠠ ᠶᠢᠨ ᠬᠢᠷᠢ ᠬᠡᠮᠵᠢᠶ᠎ᠡ ᠪᠠᠨ ᠳᠡᠭᠡᠭᠰᠢᠯᠡᠭᠦᠯᠦᠨ᠎ᠡ᠃ ᠡᠳ᠋ ᠤᠨ ᠵᠠᠰᠠᠭ ᠤᠨ ᠬᠢᠨᠠᠯᠲᠠ ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠵᠠᠰᠠᠭ ᠤᠨ ᠣᠷᠳᠣᠨ ᠤ ᠬᠤᠳᠠᠯᠳᠤᠨ ᠠᠪᠬᠤ ᠪᠠ ᠤᠯᠤᠰ ᠠᠴᠠ ᠥᠮᠴᠢᠯᠡᠯᠲᠡ ᠡᠳ᠋ ᠬᠥᠷᠥᠩᠭᠡ ᠶᠢᠨ ᠬᠠᠮᠢᠶᠠᠷᠤᠯᠲᠠ ᠶᠢ ᠵᠢᠷᠤᠮᠵᠢᠭᠤᠯᠬᠤ ᠵᠡᠷᠭᠡ ᠠᠵᠢᠯ ᠢᠶᠠᠷ ᠳᠠᠮᠵᠢᠭᠤᠯᠤᠨ᠂ ᠡᠳ᠋ ᠤᠨ ᠵᠠᠰᠠᠭ ᠤᠨ ᠪᠡᠯᠡ ᠮᠥᠩᠭᠦ ᠶᠢᠨ ᠬᠡᠷᠡᠭᠯᠡᠯᠲᠡ ᠶᠢᠨ ᠬᠡᠮᠵᠢᠶ᠎ᠡ ᠎ ᠶᠢ ᠦᠨᠡᠨᠬᠦ ᠪᠠᠭᠤᠷᠠᠭᠤᠯᠤᠨ᠎ᠠ᠃ ᠤᠯᠤᠰ ᠤᠨ ᠰᠠᠩ ᠤᠨ ᠵᠠᠷᠤᠯᠭ᠎ᠠ ᠶᠢ ᠡᠯᠤᠺᠲᠷᠤᠨᠴᠢᠯᠠᠬᠤ ᠥᠭᠡᠷᠡᠴᠢᠯᠡᠯᠲᠡ ᠶᠢ ᠬᠡᠷᠡᠭᠵᠢᠭᠦᠯᠵᠦ᠂  ᠲᠣᠭᠠᠴᠠᠭ᠎ᠠ ᠬᠢᠬᠦ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ ᠡᠳ᠋ ᠤᠨ ᠵᠠᠰᠠᠭ ᠤᠨ ᠦᠯᠡᠳᠡᠪᠦᠷᠢ ᠶᠢ ᠳ᠋ᠦᠩᠨᠡᠨ ᠰᠢᠯᠵᠢᠭᠦᠯᠦᠭᠰᠡᠨ ᠪᠡᠯᠡ ᠮᠥᠩᠭᠦ ᠶᠢ ᠢᠯᠭᠠᠷᠠᠭᠤᠯᠤᠨ ᠠᠮᠢᠯᠠᠭ ᠤᠯᠬᠤ ᠡᠷᠴᠢᠮ ᠢᠶᠠᠨ ᠦᠷᠭᠦᠯᠵᠢᠯᠡᠨ ᠨᠡᠮᠡᠭᠳᠡᠭᠦᠯᠵᠦ᠂ ᠪᠡᠯᠡ ᠮᠥᠩᠭᠦ ᠶᠢ ᠰᠤᠯᠠ ᠲᠠᠯᠪᠢᠵᠤ ᠪᠠᠶᠢᠭ᠎ᠠ ᠪᠠᠶᠢᠳᠠᠯ ᠭᠠᠷᠬᠤ ᠶᠢ ᠰᠡᠷᠭᠡᠶᠢᠯᠡᠬᠦ ᠬᠡᠷᠡᠭᠲᠡᠶ᠃ ︽ᠭᠤᠷᠪᠠ ᠶᠢ ᠪᠠᠲᠤᠯᠠᠬᠤ︾ ᠵᠢᠴᠢ ᠥᠷᠢ ᠰᠢᠷᠢ ᠶᠢᠨ ᠲᠦᠭᠰᠢᠭᠦᠷᠢ ᠶᠢ ᠠᠷᠢᠯᠭᠠᠬᠤ ᠵᠡᠷᠭᠡ ᠬᠠᠷᠢᠴᠠᠭ᠎ᠠ ᠶᠢ ᠯᠠᠪᠳᠠᠭᠤᠨ ᠰᠠᠶᠢᠲᠤᠷ ᠰᠢᠶ᠋ᠳᠪᠦᠷᠢᠯᠡᠵᠦ᠂ ᠣᠯᠠᠨ ᠠᠷᠭ᠎ᠠ ᠵᠠᠮ ᠢᠶᠠᠷ ᠪᠡᠯᠡ ᠮᠥᠩᠭᠦ ᠴᠤᠭᠯᠠᠭᠤᠯᠵᠤ᠂ ᠥᠷᠢ ᠰᠢᠷᠢ ᠶᠢᠨ ᠬᠠᠳᠠᠭᠠᠯᠠᠭᠳᠠᠴᠠ ᠶᠢ ᠪᠦᠲᠦᠮᠵᠢᠲᠡᠶ ᠪᠠᠷ ᠠᠷᠢᠯᠭᠠᠵᠤ᠂ ᠥᠷᠢ ᠥᠭᠴᠡᠭᠡ ᠶᠢᠨ ᠨᠡᠮᠡᠭᠳᠡᠯ ᠢ ᠡᠷᠡᠰ ᠬᠤᠷᠢᠭᠯᠠᠵᠤ᠂ ᠬᠦᠨᠳᠦ ᠶᠡᠭᠡ ᠠᠶᠤᠯ ᠲᠦᠭᠰᠢᠭᠦᠷᠢ ᠶᠢ ᠦᠨᠡᠨ ᠬᠦ ᠰᠡᠷᠭᠡᠶᠢᠯᠡᠨ ᠠᠷᠢᠯᠭᠠᠨ᠎ᠠ᠃
 
ᠢᠷᠡᠯᠲᠡ᠄ ᠪᠠᠶ᠋ᠬᠠᠣᠪᠤᠭ᠎ᠠ ᠠᠭᠤᠷᠬᠠᠢ ᠶᠢᠨ ᠲᠣᠭᠤᠷᠢᠭ ᠤᠨ ᠵᠠᠰᠠᠭ ᠤᠨ ᠣᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号