ᠲᠣᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠨᠣᠭᠤᠭᠠᠷᠠᠭᠤᠯᠵᠤ ᠠᠷᠠᠴᠢᠯᠠᠨ ᠬᠠᠮᠠᠭᠠᠯᠠᠬᠤ ᠠᠵᠢᠯ ᠤᠨ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ ᠬᠢᠪᠠ
ᠨᠡᠶᠢᠲᠡᠯᠡᠭᠰᠡᠨ ᠴᠠᠭ᠄
2020-04-20
     ᠣᠶᠢᠷ᠎ᠠ ᠶᠢᠨ ᠬᠡᠳᠦᠨ ᠵᠢᠯ ᠳᠤ᠂ ᠲᠣᠭᠤᠷᠢᠭ ᠤᠨ ᠨᠠᠮ ᠤᠨ ᠬᠤᠷᠢᠶ᠎ᠠ᠂ ᠲᠣᠭᠤᠷᠢᠭ ᠤᠨ ᠵᠠᠰᠠᠭ ᠤᠨ ᠣᠷᠳᠣᠨ ᠤ ᠬᠡᠳᠦᠨ ᠤᠳᠤᠷᠢᠳᠬᠤ ᠪᠠᠭ ᠨᠣᠭᠤᠭᠠᠷᠠᠭᠤᠯᠤᠯᠲᠠ ᠶᠢᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠨᠣᠭᠤᠭᠠᠨ ᠬᠤᠲᠠ ᠶᠢᠨ ᠠᠵᠢᠯᠯᠠᠭ᠎ᠠ ᠶᠢ ᠬᠡᠷᠡᠭᠵᠢᠭᠦᠯᠵᠦ᠂ ᠮᠠᠨ ᠤ ᠲᠣᠭᠤᠷᠢᠭ ᠤᠨ ᠨᠣᠭᠤᠭᠠᠷᠠᠭᠤᠯᠤᠯᠲᠠ ᠥᠬᠡᠶ ᠪᠠᠶᠢᠭᠰᠠᠨ ᠠᠴᠠ ᠪᠠᠶᠢᠬᠤ ᠪᠣᠯᠤᠭᠰᠠᠨ ᠯᠤᠲᠤ ᠶᠡᠭᠡ ᠬᠤᠪᠢᠷᠠᠯᠲᠠ ᠶᠢ ᠪᠡᠶᠡᠯᠡᠭᠦᠯᠪᠡ᠃ ᠡᠳᠦᠭᠡ᠂ ᠮᠠᠨ ᠤ ᠲᠣᠭᠤᠷᠢᠭ ᠤᠨ ᠬᠤᠳᠠ ᠲᠣᠭᠤᠷᠢᠭ ᠤᠨ ᠨᠣᠭᠤᠭᠠᠷᠠᠭᠤᠯᠤᠯᠲᠠ ᠶᠢᠨ ᠲᠠᠯᠠᠪᠠᠢ 235.5 ᠲᠦᠮᠡᠨ ᠲᠡᠭᠰᠢ ᠳᠥᠷᠪᠡᠯᠵᠢᠨ ᠮᠧᠲᠷ ᠲᠤ ᠬᠦᠷᠴᠦ᠂ ᠬᠥᠮᠦᠨ ᠳᠤᠮᠳᠠᠴᠢ ᠴᠡᠴᠡᠷᠯᠢᠭ ᠤᠨ ᠨᠣᠭᠤᠭᠠᠷᠠᠭᠤᠯᠤᠯᠲᠠ ᠶᠢᠨ ᠲᠠᠯᠠᠪᠠᠢ 41.2 ᠲᠡᠭᠰᠢ ᠳᠥᠷᠪᠡᠯᠵᠢᠨ ᠮᠧᠲᠷ ᠲᠤ ᠬᠦᠷᠴᠦ᠂ ᠬᠤᠳᠠ ᠲᠣᠭᠤᠷᠢᠭ ᠤᠨ ᠨᠣᠭᠤᠭᠠᠷᠠᠭᠤᠯᠤᠯᠲᠠ ᠶᠢᠨ ᠨᠤᠷᠮ᠎ᠠ 23.55%᠎ ᠲᠤ ᠬᠦᠷᠴᠦ᠂ ᠬᠤᠳᠠ ᠲᠣᠭᠤᠷᠢᠭ ᠤᠨ ᠨᠣᠭᠤᠭᠠᠷᠠᠭᠤᠯᠤᠯᠲᠠ ᠶᠢᠨ ᠰᠢᠰᠲ᠋ᠧᠮ ᠦᠨᠳᠦᠰᠦᠨ ᠎ ᠳᠡᠭᠡᠨ ᠪᠠᠶᠢᠭᠤᠯᠤᠭᠳᠠᠪᠠ᠃
     ᠮᠠᠨ ᠤ ᠲᠣᠭᠤᠷᠢᠭ ᠤᠨ ᠬᠢᠯᠪᠠᠷ ᠪᠤᠰᠤ ᠢᠷᠡᠭᠰᠡᠨ ᠨᠣᠭᠤᠭᠠᠷᠠᠭᠤᠯᠤᠯᠲᠠ ᠶᠢᠨ ᠦᠷ᠎ᠡ ᠪᠦᠲᠦᠭᠡᠯ ᠢ ᠦᠷᠭᠦᠯᠵᠢᠯᠡᠭᠦᠯᠬᠦ ᠶᠢ ᠦᠨᠡᠨᠬᠦ ᠪᠠᠲᠤᠯᠠᠬᠤ ᠶᠢᠨ ᠲᠤᠰᠠᠳᠠ᠂ 4 ᠰᠠᠷ᠎ᠠ ᠶᠢᠨ 17᠎ ᠤ ᠡᠳᠦᠷ᠂ ‍ᠣᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠨᠣᠭᠤᠭᠠᠷᠠᠭᠤᠯᠵᠤ ᠠᠷᠠᠴᠢᠯᠠᠨ ᠬᠠᠮᠠᠭᠠᠯᠠᠬᠤ ᠠᠵᠢᠯ ᠤᠨ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠵᠤ᠂ ᠲᠣᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠶᠢᠨ ᠳᠠᠷᠤᠭ᠎ᠠ ᠡᠦ ᠶᠦᠩ ᠯᠢ ᠬᠤᠷᠠᠯ ᠢ ᠡᠷᠬᠢᠯᠡᠵᠦ᠂ ᠮᠠᠨ ᠤ ᠲᠣᠭᠤᠷᠢᠭ ᠤᠨ ᠨᠣᠭᠤᠭᠠᠷᠠᠭᠤᠯᠵᠤ ᠠᠷᠠᠴᠢᠯᠠᠨ ᠬᠠᠮᠠᠭᠠᠯᠠᠬᠤ ᠠᠵᠢᠯ ᠢ ᠲᠤᠬᠢᠷᠠᠭᠤᠯᠤᠨ ᠪᠠᠶᠢᠷᠢᠯᠠᠭᠤᠯᠪᠠ᠃      ᠬᠤᠷᠠᠯ ᠳᠤ᠂ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠠᠵᠤ ᠦᠢᠯᠡᠰ ᠤᠨ ᠺᠣᠮᠫᠠᠨᠢ ᠪᠠᠷ ᠨᠣᠭᠤᠭᠠᠷᠠᠭᠤᠯᠵᠤ ᠠᠷᠠᠴᠢᠯᠠᠨ ᠬᠠᠮᠠᠭᠠᠯᠠᠬᠤ ᠡᠩᠨᠡᠭᠡ ᠪᠠᠶᠢᠭᠤᠯᠬᠤ ᠠᠷᠭ᠎ᠠ ᠬᠡᠯᠪᠡᠷᠢ ᠪᠠᠷ ᠮᠠᠨ ᠤ ᠲᠣᠭᠤᠷᠢᠭ ᠤᠨ ᠱᠠᠲᠤ ᠦᠶ᠎ᠡ ᠶᠢᠨ ᠴᠢᠨᠠᠷᠲᠠᠢ ᠨᠣᠭᠤᠭᠠᠷᠠᠭᠤᠯᠵᠤ ᠠᠷᠠᠴᠢᠯᠠᠨ ᠬᠠᠮᠠᠭᠠᠯᠠᠬᠤ ᠠᠵᠢᠯ ᠢ ᠬᠠᠷᠢᠭᠤᠴᠠᠨ᠎ᠠ᠃ ᠠᠵᠤ ᠦᠶᠯᠡᠰ ᠤᠨ ᠺᠣᠮᠫᠠᠨᠢ ᠲᠤᠰᠬᠠᠶ ᠮᠡᠷᠭᠡᠵᠢᠯ ᠤᠨ ᠠᠵᠢᠯᠲᠠᠨ ᠢ ᠤᠷᠢᠵᠤ ᠪᠥᠬᠦ ᠲᠣᠭᠤᠷᠢᠭ ᠤᠨ ᠨᠣᠭᠤᠭᠠᠷᠠᠭᠤᠯᠤᠯᠲᠠ ᠎ ᠶᠢᠨ ᠣᠳᠣᠬᠢ ᠪᠠᠶᠢᠳᠠᠯ ᠢ ᠲᠣᠭᠤᠷᠢᠨ ᠪᠠᠶᠢᠴᠠᠭᠠᠵᠤ᠂ ᠮᠣᠳᠣᠨ ᠤ ᠤᠷᠭᠤᠯᠲᠠ ᠶᠢᠨ ᠪᠠᠶᠢᠳᠠᠯ ᠢ ᠲᠤᠬᠠᠶ ᠶᠢᠨ ᠭᠠᠵᠠᠷ ᠲᠤ ᠨᠢ ᠪᠠᠶᠢᠴᠠᠭᠠᠨ ᠦᠵᠡᠵᠦ᠂  ᠤᠰᠤᠯᠠᠯᠲᠠ ᠳᠤ ᠰᠠᠶᠢᠲᠤᠷ ᠪᠡᠯᠡᠳᠬᠡᠯ ᠬᠢᠨ᠎ᠡ ᠭᠡᠵᠦ ᠵᠢᠭᠠᠵᠤ ᠭᠠᠷᠭᠠᠪᠠ᠃      ᠬᠤᠷᠠᠯ ᠳᠤ᠂ ᠨᠣᠭᠤᠭᠠᠷᠠᠭᠤᠯᠵᠤ ᠠᠷᠠᠴᠢᠯᠠᠨ ᠬᠠᠮᠠᠭᠠᠯᠠᠬᠤ ᠠᠵᠢᠯ ᠳᠤ ᠴᠢᠭᠯᠡᠭᠦᠯᠦᠨ᠂ ᠠᠵᠤ ᠦᠢᠯᠡᠰ ᠤᠨ ᠺᠣᠮᠫᠠᠨᠢ ᠨᠣᠭᠤᠭᠠᠷᠠᠭᠤᠯᠵᠤ ᠠᠷᠠᠴᠢᠯᠠᠨ ᠬᠠᠮᠠᠭᠠᠯᠠᠬᠤ ᠲᠥᠰᠦᠯ ᠲᠣᠭᠲᠠᠭᠠᠵᠤ᠂ ᠨᠣᠭᠤᠭᠠᠷᠠᠭᠤᠯᠤᠯᠲᠠ ᠶᠢᠨ ᠦᠷ᠎ᠡ ᠪᠦᠲᠦᠭᠡᠯ ᠢ ᠦᠷᠭᠦᠯᠵᠢᠯᠡᠭᠦᠯᠬᠦ ᠶᠢ ᠪᠠᠲᠤᠯᠠᠬᠤ ᠮᠥᠷᠲᠡᠭᠡᠨ ᠪᠠᠰᠠ ᠪᠡᠯᠡ ᠮᠥᠩᠭᠦ ᠶᠢᠨ ᠬᠡᠷᠡᠭᠯᠡᠯᠲᠡ ᠶᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠭᠰᠠᠨ ᠰᠠᠭᠤᠷᠢᠨ ᠳᠡᠭᠡᠷ᠎ᠡ᠂ ᠲᠣᠭᠤᠷᠢᠭ ᠤᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠎ ᠠᠴᠠ ᠲᠤᠰᠢᠶᠠᠨ ᠬᠢᠯᠭᠡᠭᠰᠡᠨ ᠨᠣᠭᠤᠭᠠᠷᠠᠭᠤᠯᠵᠤ ᠠᠷᠠᠴᠢᠯᠠᠨ ᠬᠠᠮᠠᠭᠠᠯᠠᠬᠤ ᠠᠵᠢᠯ ᠢ ᠪᠡᠶᠡᠯᠡᠭᠦᠯᠬᠦ ᠬᠡᠷᠡᠭᠲᠡᠶ ᠭᠡᠵᠦ ᠴᠢᠬᠤᠯᠠᠴᠢᠯᠠᠪᠠ᠃
 
ᠢᠷᠡᠯᠲᠡ᠄ ᠪᠠᠶ᠋ᠬᠠᠣᠪᠤᠭ᠎ᠠ ᠠᠭᠤᠷᠬᠠᠢ ᠶᠢᠨ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号