ᠬᠤᠲᠠ ᠶᠢᠨ《ᠳᠣᠯᠣᠳᠤᠭᠠᠷ ᠤᠳᠠᠭᠠᠨ ᠤ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ 》᠎ ᠶᠢᠨ ᠵᠢᠯᠣᠭᠤᠳᠬᠤ ᠳᠤᠭᠤᠶᠢᠯᠠᠩ ᠪᠠᠶ᠋ᠬᠠᠣᠪᠤᠭ᠎ᠠ ᠠᠭᠤᠷᠬᠠᠢ ᠶᠢᠨ ᠲᠣᠭᠤᠷᠢᠭ ᠲᠤ ᠢᠷᠡᠵᠦ ᠲᠤᠰᠬᠠᠶ ᠰᠡᠳᠦᠪᠲᠦ ᠪᠠᠶᠢᠴᠠᠭᠠᠨ ᠰᠤᠳᠤᠯᠤᠯᠲᠠ ᠥᠷᠨᠢᠭᠦᠯᠪᠡ
ᠨᠡᠶᠢᠲᠡᠯᠡᠭᠰᠡᠨ ᠴᠠᠭ᠄
2020-04-20
     ᠣᠶᠢᠷ᠎ᠠ ᠳᠤ᠂ ᠪᠤᠭᠤᠲᠤ ᠬᠤᠲᠠ ᠶᠢᠨ ᠳᠣᠯᠣᠳᠤᠭᠠᠷ ᠤᠳᠠᠭ᠎ᠠ ᠶᠢᠨ ᠪᠥᠬᠦ ᠤᠯᠤᠰ ᠤᠨ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢᠨ ᠤᠳᠤᠷᠢᠳᠬᠤ ᠳᠤᠭᠤᠶᠢᠯᠠᠩ ᠤᠨ ᠠᠯᠪᠠᠨ ᠬᠡᠷ ᠤᠨ ᠪᠠᠶᠢᠩᠭᠤ ᠶᠢᠨ ᠳᠡᠳ᠋ ᠡᠷᠬᠢᠯᠡᠭᠴᠢ ᠰᠢᠤᠢ ᠯᠢ ᠳ᠋ᠦᠩ ᠨᠡᠷ ᠮᠠᠨ ᠤ ᠲᠣᠭᠤᠷᠢᠭ ᠲᠤ ᠢᠷᠡᠵᠦ《ᠳᠣᠯᠣᠳᠤᠭᠠᠷ ᠤᠳᠠᠭᠠᠨ ᠤ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ 》᠎ ᠶᠢᠨ ᠡᠮᠦᠨᠡᠬᠢ ᠬᠤᠭᠤᠴᠠᠭᠠᠨ ᠤ ᠠᠵᠢᠯ ᠤᠨ ᠪᠠᠶᠢᠳᠠᠯ ᠢ ᠪᠠᠶᠢᠴᠠᠭᠠᠨ ᠰᠤᠳᠤᠯᠵᠤ ᠬᠢᠨᠠᠨ ᠵᠢᠯᠣᠭᠤᠳᠪᠠ᠃ ᠪᠠᠶ᠋ᠬᠠᠣᠪᠤᠭ᠎ᠠ ᠠᠭᠤᠷᠬᠠᠢ ᠶᠢᠨ ᠲᠣᠭᠤᠷᠢᠭ ᠤᠨ ᠨᠡᠶᠢᠳᠡᠮ ᠪᠠᠶᠢᠴᠠᠭᠠᠯᠲᠠ ᠶᠢᠨ ᠠᠯᠪᠠᠨ ᠭᠡᠷ ᠤᠨ ᠭᠤᠤᠯ ᠪᠦᠷᠢᠯᠳᠦᠬᠦᠨ ᠬᠠᠮᠲᠤ ᠪᠠᠶᠢᠴᠠᠭᠠᠨ ᠰᠤᠳᠤᠯᠤᠯᠲᠠ ᠬᠢᠪᠡ᠃      ᠬᠤᠷᠠᠯ ᠳᠤ᠂ ᠲᠣᠭᠤᠷᠢᠭ ᠤᠨ ᠬᠥᠮᠦᠨ ᠤ ᠬᠦᠴᠦᠨ ᠤ ᠨᠡᠶᠢᠳᠡᠮ ᠪᠠᠶᠢᠴᠠᠭᠠᠯᠲᠠ ᠶᠢ ᠲᠦᠭᠡᠮᠡᠯᠵᠢᠭᠦᠯᠬᠦ ᠠᠯᠪᠠᠨ ᠭᠡᠷ ᠤᠨ ᠡᠷᠬᠢᠯᠡᠭᠴᠢ᠂ ᠲᠣᠭᠤᠷᠢᠭ ᠤᠨ ᠲᠤᠭ᠎ᠠ ᠪᠦᠷᠢᠳᠬᠡᠯ ᠤᠨ ᠲᠣᠪᠴᠢᠶᠠᠨ ᠤ ᠳᠠᠷᠤᠭ᠎ᠠ ᠱᠠᠩ ᠵᠢᠶᠦ᠋ᠨ ᠮᠠᠨ ᠤ ᠲᠣᠭᠤᠷᠢᠭ ᠤᠨ ᠣᠳᠣᠬᠠᠨ ᠤ ᠬᠥᠮᠦᠨ ᠤ ᠬᠦᠴᠦᠨ ᠤ ᠡᠬᠢ ᠪᠠᠶᠠᠯᠢᠭ ᠢ ᠲᠦᠭᠡᠮᠡᠯᠵᠢᠭᠦᠯᠬᠦ ᠠᠵᠢᠯ ᠤᠨ ᠪᠠᠶᠢᠭᠤᠯᠤᠮᠵᠢ ᠶᠢᠨ ᠪᠠᠶᠢᠷᠢᠯᠠᠭᠤᠯᠤᠯᠲᠠ᠂ ᠵᠠᠷᠤᠳᠠᠯ ᠤᠨ ᠨᠠᠶᠢᠳᠠᠪᠤᠷᠢᠵᠢᠭᠤᠯᠤᠯᠲᠠ᠂ ᠤᠬᠠᠭᠤᠯᠭ᠎ᠠ ᠶᠢᠨ ᠠᠵᠢᠯᠯᠠᠭ᠎ᠠ᠂ ᠮᠠᠲ᠋ᠧᠷᠢᠶᠠᠯ ᠤᠨ ᠪᠡᠯᠡᠳᠬᠡᠯ᠂ ᠠᠵᠢᠯᠲᠠᠨ ᠢ ᠰᠣᠩᠭᠤᠨ ᠰᠢᠯᠵᠢᠭᠦᠯᠬᠦ ᠵᠡᠷᠭᠡ ᠠᠵᠢᠯ ᠤᠨ ᠲᠤᠬᠠᠶ ᠬᠠᠷᠢᠭᠤ ᠮᠡᠳᠡᠭᠦᠯᠦᠯᠲᠡ ᠬᠢᠪᠡ᠃ ᠡᠭᠦᠨ ᠠᠴᠠ ᠭᠠᠳᠠᠨ᠎ᠠ᠂ ᠪᠠᠰᠠ ᠮᠠᠨ ᠤ ᠲᠣᠭᠤᠷᠢᠭ ᠤᠨ ᠳᠣᠯᠣᠳᠤᠭᠠᠷ ᠤᠳᠠᠭᠠᠨ ᠤ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢᠨ ᠲᠤᠷᠰᠢᠯᠲᠠ ᠶᠢᠨ ᠴᠡᠭ᠂ ᠬᠢᠵᠢᠭ ᠤᠨ ᠪᠠᠶᠢᠳᠠᠯ ᠤᠨ ᠬᠤᠭᠤᠴᠠᠭᠠᠨ ᠳᠤ ᠨᠡᠶᠢᠭᠡᠮ ᠲᠣᠭᠤᠷᠢᠭ ᠤᠨ ᠲᠤᠭ᠎ᠠ ᠪᠠᠷᠢᠮᠲᠠ ᠶᠢ ᠬᠠᠮᠲᠤ ᠪᠠᠷ ᠡᠳ᠋ᠯᠡᠬᠦ᠂ ᠰᠠᠭᠤᠷᠢ ᠮᠠᠲ᠋ᠧᠷᠢᠶᠠᠯ ᠢ ᠡᠮᠬᠢᠯᠡᠬᠦ ᠵᠠᠭᠪᠤᠷ ᠵᠡᠷᠭᠡ ᠲᠠᠯ᠎ᠠ ᠶᠢᠨ ᠥᠷᠨᠢᠭᠦᠯᠦᠭᠰᠡᠨ ᠪᠠᠶᠢᠳᠠᠯ ᠢ ᠭᠤᠣᠯᠳᠠᠯᠭ᠎ᠠ ᠲᠠᠢ ᠲᠠᠨᠢᠯᠴᠠᠭᠤᠯᠪᠠ᠃ ᠬᠤᠲᠠ ᠎ ᠶᠢᠨ ᠵᠢᠭᠠᠨ ᠵᠢᠯᠣᠭᠤᠳᠬᠤ ᠳᠤᠭᠤᠶᠢᠯᠠᠩ ᠪᠠᠰᠠ ᠲᠣᠭᠤᠷᠢᠭ ᠤᠨ ᠨᠡᠶᠢᠳᠡᠮ ᠪᠠᠶᠢᠴᠠᠭᠠᠯᠲᠠ ᠶᠢᠨ ᠠᠯᠪᠠᠨ ᠭᠡᠷ ᠤᠨ ᠠᠵᠢᠯᠲᠠᠨ ᠲᠠᠢ ᠦᠨᠳᠦᠰᠦᠨ ᠱᠠᠲᠤᠨ ᠤ ᠲᠤᠬᠠᠶᠢᠯᠠᠭᠰᠠᠨ ᠠᠵᠢᠯ ᠢ ᠰᠤᠳᠤᠯᠤᠨ ᠶᠠᠷᠢᠯᠴᠠᠵᠤ ᠵᠢᠯᠣᠭᠤᠳᠪᠠ᠃      ᠬᠤᠲᠠ ᠶᠢᠨ ᠵᠢᠯᠣᠭᠤᠳᠬᠤ ᠳᠤᠭᠤᠶᠢᠯᠠᠩ ᠮᠠᠨ ᠤ ᠲᠣᠭᠤᠷᠢᠭ ᠤᠨ ᠳᠣᠯᠣᠳᠤᠭᠠᠷ ᠤᠳᠠᠭᠠᠨ ᠤ ᠬᠥᠮᠦᠨ ᠠᠮᠠ ᠎ ᠶᠢᠨ ᠨᠡᠶᠢᠳᠡᠮ ᠪᠠᠶᠢᠴᠠᠭᠠᠯᠲᠠ ᠶᠢᠨ ᠡᠮᠦᠨᠡᠬᠢ ᠬᠤᠭᠤᠴᠠᠭᠠᠨ ᠤ ᠠᠵᠢᠯ ᠢ ᠳᠡᠭᠡᠳᠦ ᠬᠡᠮᠵᠢᠶ᠎ᠡ ᠪᠠᠷ ᠦᠨᠡᠯᠡᠵᠦ᠂ ᠠᠵᠢᠯ ᠎ ᠤᠨ ᠠᠬᠢᠴᠠ ᠨᠢ ᠪᠦᠬᠦ ᠲᠣᠭᠤᠷᠢᠭ ᠤᠨ ᠡᠮᠦᠨ᠎ᠡ ᠡᠩᠨᠡᠭᠡᠨ ᠳᠤ ᠶᠠᠪᠤᠵᠤ᠂ ᠯᠠᠪᠳᠠᠭᠤᠨ ᠪᠠᠲᠤᠲᠠᠢ ᠠᠵᠢᠯᠯᠠᠵᠤ᠂ ᠪᠠᠶᠢᠷᠢᠯᠠᠭᠤᠯᠤᠯᠲᠠ ᠨᠢ ᠪᠦᠷᠢᠨ ᠭᠦᠢᠴᠡᠳ ᠭᠡᠵᠦ ᠦᠵᠡᠪᠡ᠃ ᠡᠭᠦᠨ ᠤ ᠬᠠᠮᠲᠤ ᠳᠠᠷᠠᠭ᠎ᠠ ᠠᠯᠬᠤᠮ ᠤᠨ ᠠᠵᠢᠯ ᠤᠨ ᠳᠤᠮᠳᠠ ᠡᠨᠡᠬᠦ ᠪᠠᠶᠢᠳᠠᠯ ᠢᠶᠠᠨ ᠦᠷᠭᠦᠯᠵᠢᠯᠡᠨ ᠪᠠᠲᠤᠯᠠᠵᠤ᠂ ᠨᠡᠶᠢᠳᠡᠮ ᠪᠠᠶᠢᠴᠠᠭᠠᠯᠲᠠ ᠶᠢᠨ ᠠᠵᠢᠯ ᠢ ᠴᠢᠨᠠᠷ ᠰᠠᠶᠢᠲᠠᠶ ᠥᠨᠳᠥᠷ ᠦᠷ᠎ᠡ ᠪᠦᠲᠦᠮᠵᠢ ᠲᠠᠢ ᠪᠡᠶᠡᠯᠡᠭᠦᠯᠬᠦ ᠶᠢ ᠦᠨᠡᠨᠬᠦ ᠪᠠᠲᠤᠯᠠᠬᠤ ᠬᠡᠷᠡᠭᠲᠡᠶ ᠭᠡᠵᠦ ᠱᠠᠭᠠᠷᠳᠠᠪᠠ᠃
 
ᠢᠷᠡᠯᠲᠡ᠄ ᠪᠠᠶ᠋ᠬᠠᠣᠪᠤᠭ᠎ᠠ ᠠᠭᠤᠷᠬᠠᠢ ᠶᠢᠨ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号