《ᠬᠤᠶᠠᠷ ᠬᠤᠷᠠᠯ》᠎ ᠢ ᠤᠭᠲᠤᠬᠤ ᠳᠤ ᠪᠢᠳᠡ ᠪᠡᠯᠡᠬᠡᠨ ᠪᠣᠯᠪᠠ
ᠨᠡᠶᠢᠲᠡᠯᠡᠭᠰᠡᠨ ᠴᠠᠭ᠄
2020-04-22
     ᠪᠠᠶ᠋ᠬᠠᠣᠪᠤᠭ᠎ᠠ ᠶᠢᠨ ᠠᠷᠠᠳ ᠲᠦᠮᠡᠨ ᠤ ᠨᠠᠶᠢᠳᠠᠯᠭ᠎ᠠ᠂ ᠨᠡᠶᠢᠭᠡᠮ ᠤᠨ ᠡᠯ᠎ᠡ ᠡᠲᠡᠭᠡᠳ ᠤᠨ ᠬᠦᠰᠡᠯ ᠡᠷᠡᠮᠡᠯᠵᠡᠯ ᠎ ᠢ ᠠᠴᠢᠶᠠᠯᠠᠵᠤ᠂ 4 ᠰᠠᠷ᠎ᠠ ᠶᠢᠨ 21 — 4 ᠰᠠᠷ᠎ᠠ ᠶᠢᠨ 23᠎ ᠤ ᠡᠳᠦᠷ᠂ ᠪᠠᠶ᠋ᠬᠠᠣᠪᠤᠭ᠎ᠠ ᠠᠭᠤᠷᠬᠠᠢ ᠶᠢᠨ ᠲᠣᠭᠤᠷᠢᠭ ᠣᠨᠴᠠᠭᠠᠶ ᠴᠠᠭ ᠦᠶ᠎ᠡ ᠶᠢᠨ《ᠬᠤᠶᠠᠷ ᠬᠤᠷᠠᠯ》᠎ ᠢᠶᠠᠨ ᠤᠭᠲᠤᠨ ᠠᠪᠴᠢᠷᠠᠪᠠ᠃ ᠣᠳᠣᠬᠠᠨ ᠳᠤ᠂《ᠬᠤᠶᠠᠷ ᠬᠤᠷᠠᠯ》᠎ ᠤᠨ ᠡᠯ᠎ᠡ ᠵᠦᠶᠯ ᠤᠨ ᠪᠡᠯᠡᠳᠬᠡᠯ ᠠᠵᠢᠯ ᠨᠢᠭᠡᠨᠲᠡ ᠳᠠᠭᠤᠰᠪᠠ᠃      ᠨᠠᠶᠢᠷᠠᠭᠤᠯᠤᠭᠴᠢ ᠠᠴᠠ ᠲᠠ ᠨᠠᠷ ᠲᠤ ᠪᠠᠨ ᠤᠷᠢᠳᠴᠢᠯᠠᠨ ᠮᠡᠳᠡᠭᠡᠯᠡᠶ᠎ᠡ᠃
     ᠬᠤᠷᠠᠯ ᠠᠴᠠ ᠡᠮᠦᠨ᠎ᠡ᠂ ᠪᠠᠶ᠋ᠬᠠᠣᠪᠤᠭ᠎ᠠ ᠠᠭᠤᠷᠬᠠᠢ ᠶᠢᠨ ᠲᠣᠭᠤᠷᠢᠭ ᠤᠨ《ᠬᠤᠶᠠᠷ ᠬᠤᠷᠠᠯ》᠎ ᠤᠨ ᠤᠷᠤᠭᠰᠢᠲᠠᠢ ᠬᠤᠷᠠᠯᠳᠤᠬᠤ ᠶᠢ ᠪᠠᠲᠤᠯᠠᠬᠤ ᠶᠢᠨ ᠲᠥᠯᠥᠭᠡ᠂ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠲᠣᠭᠤᠷᠢᠭ ᠤᠨ ᠤᠯᠤᠰ ᠲᠦᠷᠦ ᠶᠢᠨ ᠵᠥᠪᠯᠡᠯᠭᠡᠨ ᠤᠯᠠᠨ ᠤᠳᠠᠭ᠎ᠠ ᠪᠡᠯᠡᠳᠬᠡᠯ ᠠᠵᠢᠯ ᠤᠨ ᠬᠤᠷᠠᠯ ᠬᠤᠷᠠᠯᠳᠤᠭᠤᠯᠵᠤ᠂ ᠬᠤᠶᠠᠷ ᠬᠤᠷᠠᠯ ᠤᠨ ᠤᠷᠤᠭᠰᠢᠲᠠᠢ ᠬᠤᠷᠠᠯᠳᠤᠬᠤ ᠶᠢ ᠦᠨᠡᠨ ᠬᠦ ᠪᠠᠲᠤᠯᠠᠪᠠ᠃
     《ᠬᠤᠶᠠᠷ ᠬᠤᠷᠠᠯ》᠎ ᠤᠨ ᠬᠤᠭᠤᠴᠠᠭᠠᠨ ᠳᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠠᠯ᠎ᠠ ᠪᠠᠷ ᠰᠠᠶᠢᠲᠤᠷ ᠪᠡᠯᠡᠳᠬᠡᠯ ᠬᠢᠵᠦ᠂ ᠶᠡᠭᠡ ᠲᠢᠩᠬᠢᠮ ᠤᠨ ᠣᠷᠣᠵᠤ ᠭᠠᠷᠬᠤ ᠡᠭᠦᠳᠡᠨ ᠳᠤ ᠬᠠᠯᠠᠭᠤᠨ ᠳᠦᠷᠰᠦ ᠶᠢᠨ ᠪᠡᠶ᠎ᠡ ᠎ ᠶᠢᠨ ᠳᠤᠯᠠᠭᠠᠨ ᠬᠡᠮᠵᠢᠬᠦ ᠪᠠᠭᠠᠵᠢ ᠳᠠᠭᠠᠷᠠᠭᠤᠯᠵᠤ᠂ ᠬᠤᠷᠠᠯ ᠤᠨ ᠬᠤᠭᠤᠴᠠᠭᠠᠨ ᠳᠤ《ᠪᠡᠶ᠎ᠡ ᠶᠢᠨ ᠳᠤᠯᠠᠭᠠᠨ ᠬᠡᠮᠵᠢᠬᠦ + ᠨᠣᠭᠤᠭᠠᠨ ᠺᠣᠳ᠋ ᠦᠵᠡᠭᠦᠯᠬᠦ》ᠬᠠᠮᠢᠶᠠᠷᠤᠯᠲᠠ ᠶᠢ ᠨᠢᠭᠡᠳᠦᠯᠲᠡᠶ ᠬᠡᠷᠡᠭᠵᠢᠭᠦᠯᠵᠦ᠂ ᠪᠡᠶ᠎ᠡ ᠶᠢᠨ ᠳᠤᠯᠠᠭᠠᠨ ᠬᠡᠪ ᠎ ᠤᠨ ᠪᠥᠭᠡᠳ ᠡᠷᠡᠭᠦᠯ ᠮᠡᠨᠳᠦ ᠶᠢᠨ ᠨᠣᠭᠤᠭᠠᠨ ᠺᠣᠳ᠋ ᠢᠶᠠᠨ ᠦᠵᠡᠭᠦᠯᠪᠡᠯ ᠰᠠᠶ᠋ᠢ ᠬᠤᠷᠠᠯ ᠤᠨ ᠲᠠᠯᠠᠪᠠᠶ ᠳᠤ ᠣᠷᠣᠵᠤ ᠪᠣᠯᠤᠨ᠎ᠠ᠃
     ᠪᠡᠶ᠎ᠡ ᠶᠢᠨ ᠳᠤᠯᠠᠭᠠᠨ ᠬᠡᠮᠵᠢᠬᠦ + ᠨᠣᠭᠤᠭᠠᠨ ᠺᠣᠳ᠋ ᠦᠵᠡᠭᠦᠯᠬᠦ      ᠢᠯᠴᠢ ᠳᠦᠷᠰᠦᠨ ᠪᠡᠶ᠎ᠡ ᠶᠢᠨ ᠳᠤᠯᠠᠭᠠᠨ ᠤ ᠬᠡᠮᠵᠢᠭᠦᠷ
           ᠬᠤᠷᠠᠯ ᠤᠨ ᠲᠠᠯᠠᠪᠠᠶ ᠶᠢᠨ ᠪᠠᠶᠢᠷᠢᠯᠠᠭᠤᠯᠤᠯᠲᠠ᠂ ᠡᠮ ᠡᠮᠨᠡᠯᠭᠡ ᠡᠷᠡᠭᠦᠯ ᠬᠠᠮᠠᠭᠠᠯᠠᠯ ᠤᠨ ᠦᠶᠯᠡᠴᠢᠯᠡᠭᠡ ᠂ ᠠᠷᠤ ᠲᠠᠯ᠎ᠠ ᠶᠢᠨ ᠦᠶᠯᠡᠴᠢᠯᠡᠭᠡᠨ ᠤ ᠪᠠᠲᠤᠯᠠᠭ᠎ᠠ᠂ ᠮᠠᠲ᠋ᠧᠷᠢᠶᠠᠯ ᠳᠠᠷᠤᠮᠠᠯᠯᠠᠨ ᠲᠠᠷᠬᠠᠭᠠᠬᠤ…ᠥᠷᠯᠥᠭᠡ ᠠᠴᠠ ᠪᠦᠷᠦᠢ ᠲᠠᠰᠤᠷᠠᠲᠠᠯ᠎ᠠ᠂ ᠰᠥᠨᠢ ᠳᠦᠯᠢ ᠠᠴᠠ ᠦᠦᠷ ᠴᠠᠶᠢᠲᠠᠯ᠎ᠠ ᠶᠠᠭᠠᠷᠠᠯᠳᠤᠵᠤ᠂ ᠨᠠᠷᠠ ᠰᠠᠷᠠᠨ ᠤ ᠭᠡᠷᠡᠯ ᠲᠡᠳᠡᠨ ᠤ ᠶᠠᠳᠠᠷᠠᠯ ᠵᠦᠳᠡᠷᠡᠯ ᠢ ᠭᠡᠷᠡᠴᠢᠯᠡᠵᠦ᠂ ᠬᠠᠯᠠᠭᠤᠨ ᠳᠤᠯᠠᠭᠠᠨ ᠭᠱᠠᠨ ᠵᠠᠭᠤᠷ᠎ᠠ ᠶᠢ ᠲᠡᠮᠳᠡᠭᠯᠡᠨ᠎ᠡ᠃
     《ᠬᠤᠶᠠᠷ ᠬᠤᠷᠠᠯ》ᠤᠳᠠᠯ ᠥᠬᠡᠶ ᠡᠬᠢᠯᠡᠬᠦ ᠭᠡᠵᠦ ᠪᠠᠶᠢᠨ᠎ᠠ… ᠪᠢᠳᠡ ᠮᠥᠨ ᠲᠠ ᠨᠠᠷ ᠲᠤ ᠪᠠᠨ ᠬᠠᠨᠢ ᠪᠣᠯᠵᠤ᠂《ᠬᠤᠶᠠᠷ ᠬᠤᠷᠠᠯ》᠎ ᠤᠨ ᠪᠥᠬᠦ ᠶᠠᠪᠤᠴᠠ ᠳᠤ ᠬᠦᠷᠬᠦ ᠪᠣᠯᠣᠨ᠎ᠠ᠃
 
ᠢᠷᠡᠯᠲᠡ᠄ ᠪᠠᠶ᠋ᠬᠠᠣᠪᠤᠭ᠎ᠠ ᠠᠭᠤᠷᠬᠠᠢ ᠶᠢᠨ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号