ᠤᠯᠤᠰ ᠲᠦᠷᠦ ᠶᠢᠨ ᠵᠥᠪᠯᠡᠯᠭᠡᠨ ᠤ ᠪᠠᠶ᠋ᠬᠠᠣᠪᠤᠭ᠎ᠠ ᠠᠭᠤᠷᠬᠠᠢ ᠶᠢᠨ ᠲᠣᠭᠤᠷᠢᠭ ᠤᠨ ᠳᠣᠯᠣᠳᠤᠭᠠᠷ ᠬᠤᠭᠤᠴᠠᠭᠠᠨ ᠤ ᠬᠤᠷᠢᠶ᠎ᠠ ᠶᠢᠨ ᠭᠤᠷᠪᠠᠳᠤᠭᠠᠷ ᠬᠤᠷᠠᠯ ᠦᠪᠡᠳᠡᠭᠰᠢ ᠶᠡᠬᠡᠪᠡᠷ ᠡᠬᠢᠯᠡᠪᠡ
ᠨᠡᠶᠢᠲᠡᠯᠡᠭᠰᠡᠨ ᠴᠠᠭ᠄
2020-04-22
     4 ᠰᠠᠷ᠎ᠠ ᠶᠢᠨ 21᠎ ᠤ ᠡᠳᠦᠷ ᠤᠨ ᠦᠳᠡ ᠶᠢᠨ ᠡᠮᠦᠨ᠎ᠡ᠂ ᠤᠯᠤᠰ ᠲᠦᠷᠦ ᠶᠢᠨ ᠵᠥᠪᠯᠡᠯᠭᠡᠨ ᠤ ᠪᠠᠶ᠋ᠬᠠᠣᠪᠤᠭ᠎ᠠ ᠠᠭᠤᠷᠬᠠᠢ ᠶᠢᠨ ᠲᠣᠭᠤᠷᠢᠭ ᠤᠨ ᠳᠣᠯᠣᠳᠤᠭᠠᠷ ᠬᠤᠭᠤᠴᠠᠭᠠᠨ ᠤ ᠬᠤᠷᠢᠶ᠎ᠠ ᠶᠢᠨ ᠭᠤᠷᠪᠠᠳᠤᠭᠠᠷ ᠬᠤᠷᠠᠯᠳᠤᠭᠠᠨ ᠨᠠᠮ ᠵᠠᠰᠠᠭ ᠤᠨ ᠠᠰᠠᠷ ᠤᠨ ᠨᠢᠭᠡᠳᠦᠭᠡᠷ ᠳᠠᠪᠬᠤᠷᠯᠢᠭ ᠤᠨ ᠬᠤᠷᠠᠯ ᠤᠨ ᠲᠢᠩᠬᠢᠮ ᠳᠤ ᠦᠪᠡᠳᠡᠭᠰᠢ ᠶᠡᠭᠡ ᠪᠠᠷ ᠡᠬᠢᠯᠡᠪᠡ᠃ ᠥᠷᠭᠡᠨ ᠣᠯᠠᠨ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠡᠭᠦᠷᠭᠡ ᠬᠠᠷᠢᠭᠤᠴᠠᠯᠭ᠎ᠠ ᠡᠭᠦᠷᠭᠡᠯᠡᠵᠦ᠂ ᠶᠡᠭᠡ ᠲᠠᠯ᠎ᠠ ᠶᠢ ᠡᠪᠦᠷᠯᠡᠨ ᠨᠢᠭᠡ ᠲᠠᠩᠬᠢᠮ ᠳᠤ ᠴᠤᠭᠯᠠᠷᠠᠵᠤ᠂ ᠪᠤᠳᠤᠭᠰᠠᠨ ᠰᠠᠨᠠᠭᠰᠠᠨ ᠢᠶᠠᠨ ᠶᠠᠷᠢᠵᠤ᠂ ᠮᠠᠨ ᠤ ᠲᠣᠭᠤᠷᠢᠭ ᠤᠨ ᠠᠵᠤ ᠠᠬᠤᠶ ᠨᠡᠶᠢᠭᠡᠮ ᠤᠨ ᠡᠯ᠎ᠡ ᠵᠦᠶᠯ ᠤᠨ ᠠᠵᠢᠯ ᠦᠶᠯᠡᠰ ᠤᠨ ᠬᠥᠭᠵᠢᠯᠲᠡ ᠶᠢ ᠠᠬᠢᠭᠤᠯᠬᠤ᠂ ᠦᠨᠳᠦᠰᠦᠲᠡᠨ ᠨᠦᠭᠦᠳ ᠤᠨ ᠠᠷᠠᠳ ᠲᠦᠮᠡᠨ ᠤ ᠠᠵᠠ ᠵᠢᠷᠭᠠᠯ ᠢ ᠨᠡᠮᠡᠭᠳᠡᠭᠦᠯᠬᠦ᠂ ᠴᠢᠨᠡᠭᠡᠯᠢᠭ ᠨᠡᠶᠢᠭᠡᠮ ᠢ ᠪᠥᠬᠦ ᠲᠠᠯ᠎ᠠ ᠪᠠᠷ ᠪᠡᠶᠡᠯᠡᠭᠦᠯᠬᠦ ᠰᠢᠶᠳᠪᠦᠷᠢᠲᠦ ᠢᠯᠠᠯᠲᠠ ᠶᠢ ᠤᠯᠬᠤ ᠶᠢᠨ ᠲᠥᠯᠥᠭᠡ ᠵᠠᠰᠠᠭ ᠤᠨ ᠶᠠᠪᠤᠳᠠᠯ ᠳᠤ ᠰᠠᠨᠠᠯ ᠵᠥᠪᠯᠡᠯᠭᠡ ᠳᠤᠷᠠᠳᠪᠠ︕
     9 ᠴᠠᠭ ᠲᠤ᠂ ᠶᠡᠭᠡ ᠬᠤᠷᠠᠯ ᠤᠯᠤᠰ ᠤᠨ ᠰᠦᠯᠳᠡ ᠳᠠᠭᠤᠤ ᠶᠢᠨ ᠠᠶᠠᠰ ᠳᠤᠮᠳᠠ ᠡᠬᠢᠯᠡᠪᠡ᠃ ᠲᠣᠰ ᠤᠳᠠᠭᠠᠨ ᠤ ᠬᠤᠷᠠᠯ ᠳᠤ ᠣᠷᠣᠯᠴᠠᠪᠠᠰᠤ ᠵᠣᠬᠢᠬᠤ ᠭᠡᠰᠢᠭᠦᠨ 71 ᠬᠥᠮᠦᠨ᠂ ᠥᠨᠥᠳᠥᠷ ᠤᠨ ᠶᠡᠭᠡ ᠬᠤᠷᠠᠯ ᠳᠤ 65 ᠭᠡᠰᠢᠭᠦᠨ ᠣᠷᠣᠯᠴᠠᠵᠤ᠂ ᠬᠤᠷᠠᠯ ᠳᠤ ᠣᠷᠣᠯᠴᠠᠭᠰᠠᠨ ᠬᠥᠮᠥᠨ ᠤ ᠲᠤᠭ᠎ᠠ ᠲᠣᠭᠲᠠᠭᠠᠯ ᠳᠤ ᠨᠡᠶᠢᠴᠡᠪᠡ᠃
     ᠲᠣᠭᠤᠷᠢᠭ ᠤᠨ ᠨᠠᠮ ᠤᠨ ᠬᠤᠷᠢᠶᠠᠨ ᠤ ᠱᠦᠵᠢ ᠵᠠᠩ ᠶᠦᠩ ᠳ᠋ᠦᠩ᠂ ᠲᠣᠭᠤᠷᠢᠭ ᠤᠨ ᠨᠠᠮ ᠤᠨ ᠬᠤᠷᠢᠶᠠᠨ ᠎ ᠤ ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ ᠬᠤᠸᠠᠩ ᠮᠢᠨ᠂ ᠲᠣᠭᠤᠷᠢᠭ ᠤᠨ ᠤᠯᠤᠰ ᠲᠦᠷᠦ ᠶᠢᠨ ᠵᠥᠪᠯᠡᠯᠭᠡᠨ ᠤ ᠲᠡᠷᠢᠭᠦᠯᠡᠭᠴᠢ ᠰᠢᠤᠸᠠᠢ ᠵᠢᠶᠠᠨ᠂ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠎ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠬᠤᠤ ᠶᠢᠨ ᠬᠤᠸᠠ᠂ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ ᠭᠦᠸᠧ ᠾᠦᠢ ᠸᠧᠨ᠂ ᠲᠣᠭᠤᠷᠢᠭ ᠤᠨ ᠤᠯᠤᠰ ᠲᠦᠷᠦ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠡᠦ ᡁᠢ ᠾᠥᠩ᠂ ᠵᠠᠩ ᠵᠢᠶᠠᠨ ᠯᠢ᠂ ᠹᠸᠢ ᠪᠣᠣ ᠷᠦᠩ᠂ ᠥᠷᠭᠡᠨ ᠲᠡᠷᠢᠭᠦᠯᠡᠭᠴᠢ ᠶᠢᠨ ᠲᠠᠶᠢᠰᠠ ᠶᠢᠨ ᠡᠮᠦᠨ᠎ᠡ ᠮᠥᠷ ᠲᠤ ᠰᠠᠭᠤᠪᠠ᠃      ᠲᠣᠭᠤᠷᠢᠭ ᠤᠨ ᠤᠳᠤᠷᠢᠳᠤᠯᠭ᠎ᠠ ᠵᠠᠩ ᠾᠧ ᠱᠧᠩ᠂ ᠯᠢ ᠵᠢᠩ᠂ ᠵᠠᠩ ᠰᠢᠶᠤᠤ ᠭᠤᠸᠠᠩ᠂ ᠲᠠᠨ ᠰᠢᠤᠸᠠᠢ ᠸᠧᠨ᠂ ᠶᠠᠩ ᠵᠢᠶᠠᠨ ᠹᠧᠩ᠂ ᠪᠠᠢ ᠶᠦᠩ ᠭᠠᠩ᠂ ᠵᠢᠶᠠᠩ ᠵᠢᠶᠠᠨ ᠮᠢᠩ᠂ ᠮᠧᠩ ᠪᠣᠣ ᠵᠦᠩ᠂ ᠯᠢ ᠹᠧᠩ᠂ ᠯᠢ ᠵᠦᠩ᠂ ᠡᠦ ᡁᠢ ᠴᠢᠶᠠᠩ᠂ ᠵᠦᠩ ᠵᠢᠶᠠᠨ᠂ ᠰᠦᠩ ᡁᠢ ᠶᠢᠩ᠂ ᠶᠤᠸᠠᠨ ᠨᠢᠩ᠂ ᠡᠦ ᠸᠧᠢ ᠵᠢᠶᠦ᠋ᠨ᠂ ᠱᠧ ᠴᠥᠩ ᠂ ᠫᠸᠢ ᠪᠢᠨ᠂ ᠴᠧᠨ ᠾᠥᠩ ᠴᠤᠤ᠂ ᠶᠤᠸᠠᠨ ᠮᠤᠤ ᠯᠢᠨ᠂ ᠸᠠᠩ ᠶᠦᠨ ᠱᠧᠩ ᠶᠡᠭᠡ ᠬᠤᠷᠠᠯ ᠳᠤ ᠣᠷᠣᠯᠴᠠᠨ ᠲᠡᠷᠢᠭᠦᠯᠡᠭᠴᠢ ᠶᠢᠨ ᠲᠠᠶᠢᠰᠠᠨ ᠳᠤ ᠰᠠᠭᠤᠪᠠ᠃      ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ ᠯᠦᠸᠧ ᠯᠢ ᠶᠡᠭᠡ ᠬᠤᠷᠠᠯ ᠳᠤ ᠣᠷᠣᠯᠴᠠᠪᠠ᠃      ᠲᠣᠭᠤᠷᠢᠭ ᠤᠨ ᠨᠠᠮ ᠤᠨ ᠬᠤᠷᠢᠶ᠎ᠠ᠂ ᠲᠣᠭᠤᠷᠢᠭ ᠤᠨ ᠵᠠᠰᠠᠭ ᠤᠨ ᠣᠷᠳᠣᠨ᠂ ᠲᠣᠭᠤᠷᠢᠭ ᠤᠨ ᠬᠠᠷᠢᠶ᠎ᠠ ᠪᠣᠯᠤᠨ ᠲᠣᠭᠤᠷᠢᠭ ᠲᠤ ᠰᠠᠭᠤᠭ᠎ᠠ ᠨᠢᠭᠡᠴᠡ ᠶᠢᠨ ᠬᠠᠷᠢᠭᠤᠴᠠᠯᠭᠠᠲᠠᠨ ᠨᠥᠬᠦᠳ ᠶᠡᠭᠡ ᠬᠤᠷᠠᠯ ᠳᠤ ᠰᠤᠯᠠ ᠣᠷᠣᠯᠴᠠᠪᠠ᠃      ᠲᠣᠭᠤᠷᠢᠭ ᠤᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠡᠦ ᡁᠢ ᠾᠥᠩ ᠬᠤᠷᠠᠯ ᠢ ᠡᠷᠬᠢᠯᠡᠨ᠂ ᠤᠯᠤᠰ ᠲᠦᠷᠦ ᠶᠢᠨ ᠵᠥᠪᠯᠡᠯᠭᠡᠨ ᠤ ᠪᠠᠶ᠋ᠬᠠᠣᠪᠤᠭ᠎ᠠ ᠠᠭᠤᠷᠬᠠᠢ ᠶᠢᠨ ᠲᠣᠭᠤᠷᠢᠭ ᠤᠨ ᠳᠣᠯᠣᠳᠤᠭᠠᠷ ᠬᠤᠭᠤᠴᠠᠭᠠᠨ ᠤ ᠬᠤᠷᠢᠶ᠎ᠠ ᠶᠢᠨ ᠭᠤᠷᠪᠠᠳᠤᠭᠠᠷ ᠬᠤᠷᠠᠯᠳᠤᠭᠠᠨ ᠡᠬᠢᠯᠡᠭᠰᠡᠨ ᠢ ᠵᠠᠷᠯᠠᠪᠠ᠃ ᠰᠢᠤᠸᠠᠢ ᠵᠢᠶᠠᠨ ᠤᠯᠤᠰ ᠲᠦᠷᠦ ᠶᠢᠨ ᠵᠥᠪᠯᠡᠯᠭᠡᠨ ᠤ ᠪᠠᠶ᠋ᠬᠠᠣᠪᠤᠭ᠎ᠠ ᠠᠭᠤᠷᠬᠠᠢ ᠶᠢᠨ ᠲᠣᠭᠤᠷᠢᠭ ᠤᠨ ᠳᠣᠯᠣᠳᠤᠭᠠᠷ ᠬᠤᠭᠤᠴᠠᠭᠠᠨ ᠤ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢ ᠲᠥᠯᠥᠭᠡᠯᠡᠨ ᠠᠵᠢᠯ ᠤᠨ ᠢᠯᠡᠳᠬᠡᠯ ᠬᠢᠪᠡ᠃
     ᠰᠢᠤᠸᠠᠢ ᠵᠢᠶᠠᠨ᠂ 2019 ᠣᠨ ᠪᠣᠯ ᠰᠢᠨ᠎ᠡ ᠳᠤᠮᠳᠠᠳᠤ ᠤᠯᠤᠰ ᠪᠣᠯᠤᠨ ᠠᠷᠠᠳ ᠤᠨ ᠤᠯᠤᠰ ᠲᠦᠷᠦ ᠶᠢᠨ ᠵᠥᠪᠯᠡᠯᠭᠡᠨ ᠪᠠᠶᠢᠭᠤᠯᠤᠭᠳᠠᠭᠰᠠᠨ 70 ᠵᠢᠯ ᠤᠨ ᠤᠢ ᠪᠣᠯᠤᠨ᠎ᠠ᠃ ᠨᠢᠭᠡ ᠵᠢᠯ ᠤᠨ ᠲᠤᠷᠰᠢ᠂ ᠲᠣᠭᠤᠷᠢᠭ ᠤᠨ ᠨᠠᠮ ᠎ ᠤᠨ ᠬᠤᠷᠢᠶᠠᠨ ᠤ ᠤᠳᠤᠷᠢᠳᠤᠯᠭ᠎ᠠ ᠳᠣᠤᠷ᠎ᠠ᠂ ᠲᠣᠭᠤᠷᠢᠭ ᠤᠨ ᠤᠯᠤᠰ ᠲᠥᠷᠥ ᠶᠢᠨ ᠵᠥᠪᠯᠡᠯᠭᠡᠨ ᠵᠢᠴᠢ ᠪᠠᠶᠢᠩᠭᠤ ᠎ ᠶᠢᠨ ᠬᠤᠷᠢᠶ᠎ᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠠ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠶ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠵᠤ᠂ ᠶᠡᠷᠦᠩᠬᠡᠶ ᠱᠦᠵᠢ ᠰᠢ ᠶᠢᠨ ᠫᠢᠩ ᠎ ᠤᠨ ᠠᠷᠠᠳ ᠤᠨ ᠤᠯᠤᠰ ᠲᠥᠷᠥ ᠶᠢᠨ ᠵᠥᠪᠯᠡᠯᠭᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠶ ᠴᠢᠬᠤᠯᠠ ᠦᠵᠡᠯ ᠰᠠᠨᠠᠭ᠎ᠠ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶᠠᠨ ᠤ ᠤᠯᠤᠰ ᠲᠥᠷᠥ ᠶᠢᠨ ᠵᠥᠪᠯᠡᠯᠭᠡᠨ ᠤ ᠠᠵᠢᠯ ᠎ ᠤᠨ ᠬᠤᠷᠠᠯᠳᠤᠭᠠᠨ ᠤ ᠵᠣᠷᠢᠭ ᠰᠠᠨᠠᠭ᠎ᠠ ᠶᠢ ᠨᠠᠶᠢᠳᠠᠪᠤᠷᠢᠵᠢᠭᠤᠯᠵᠤ᠂ ᠪᠦᠯᠬᠦᠮᠳᠡᠯ ᠪᠠ ᠠᠷᠠᠳᠴᠢᠯᠠᠯ ᠤᠨ ᠭᠤᠤᠯ ᠰᠡᠳᠦᠪ ᠢ ᠪᠠᠷᠢᠮᠲᠠᠯᠠᠨ᠂ ᠤᠯᠤᠰ ᠲᠥᠷᠥ ᠶᠢᠨ ᠵᠥᠪᠯᠡᠯᠭᠡ ᠬᠢᠬᠦ᠂ ᠠᠷᠠᠳᠴᠢᠯᠠᠯ ᠢᠶᠠᠷ ᠬᠢᠨᠠᠯᠲᠠ ᠲᠠᠯᠪᠢᠬᠤ᠂ ᠲᠥᠷᠥ ᠎ ᠶᠢᠨ ᠶᠠᠪᠤᠳᠠᠯ ᠳᠤ ᠣᠷᠣᠯᠴᠠᠨ ᠲᠥᠷᠥ ᠶᠢᠨ ᠬᠡᠷᠡᠭ ᠢ ᠵᠥᠪᠯᠡᠬᠦ ᠡᠭᠦᠷᠭᠡ ᠴᠢᠳᠠᠪᠤᠷᠢ ᠪᠠᠨ ᠬᠢᠨᠠᠮᠠᠭᠠᠶ ᠭᠦᠶᠴᠡᠳᠬᠡᠵᠦ᠂ ᠪᠥᠬᠦ ᠲᠣᠭᠤᠷᠢᠭ ᠤᠨ ᠥᠭᠡᠷᠡᠴᠢᠯᠡᠯᠲᠡ ᠬᠢᠬᠦ ᠬᠥᠭᠵᠢᠭᠦᠯᠬᠦ ᠲᠣᠭᠲᠠᠭᠤᠨ ᠪᠠᠶᠢᠯᠭᠠᠬᠤ ᠳᠤ ᠢᠳᠡᠪᠬᠢᠲᠡᠶ ᠬᠤᠪᠢ ᠨᠡᠮᠡᠷᠢ ᠦᠵᠡᠭᠦᠯᠪᠡ ᠭᠡᠪᠡ᠃      ᠰᠢᠤᠸᠠᠢ ᠵᠢᠶᠠᠨ ᠮᠡᠳᠡᠭᠦᠯᠦᠯᠲᠡ ᠳᠤ᠂ 2020 ᠣᠨ ᠪᠣᠯ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠤᠨ ᠪᠡᠶᠡᠯᠡᠭᠦᠯᠬᠦ ᠪᠠ ᠠᠷᠪᠠᠨ ᠭᠤᠷᠪᠠᠳᠤᠭᠠᠷ ᠲᠠᠪᠤᠨ ᠵᠢᠯ ᠤᠨ ᠲᠥᠯᠥᠪᠵᠢᠭᠦᠯᠭᠡ ᠶᠢᠨ ᠰᠡᠬᠦᠯ ᠬᠤᠷᠢᠶᠠᠬᠤ ᠵᠢᠯ ᠮᠥᠨ᠂《ᠠᠩᠬᠠᠳᠤᠭᠠᠷ ᠵᠠᠭᠤᠨ ᠵᠢᠯ》᠎ ᠤᠨ ᠲᠡᠮᠡᠴᠡᠬᠦ ᠬᠠᠷᠠᠯᠲᠠ ᠶᠢ ᠪᠡᠶᠡᠯᠡᠭᠦᠯᠵᠦ᠂《ᠠᠷᠪᠠᠨ ᠳᠥᠷᠪᠡᠳᠦᠭᠡᠷ ᠲᠠᠪᠤᠨ ᠵᠢᠯ》᠎ ᠤᠨ ᠬᠥᠭᠵᠢᠯᠲᠡ ᠪᠠ《ᠬᠤᠶᠠᠳᠤᠭᠠᠷ ᠵᠠᠭᠤᠨ ᠵᠢᠯ》᠎ ᠤᠨ ᠲᠡᠮᠡᠴᠡᠬᠦ ᠬᠠᠷᠠᠯᠲᠠ ᠶᠢ ᠪᠡᠶᠡᠯᠡᠭᠦᠯᠬᠦ ᠰᠠᠶᠢᠨ ᠰᠠᠭᠤᠷᠢ ᠲᠠᠯᠪᠢᠬᠤ ᠳᠤ᠂ ᠠᠷᠠᠳ ᠤᠨ ᠤᠯᠤᠰ ᠲᠦᠷᠦ ᠶᠢᠨ ᠵᠥᠪᠯᠡᠯᠭᠡᠨ ᠤ ᠡᠭᠦᠷᠭᠡ ᠢᠷᠠᠭᠤ ᠠᠯᠳᠠᠷᠲᠠᠶ᠂ ᠬᠠᠷᠢᠭᠤᠴᠠᠯᠭ᠎ᠠ ᠬᠦᠨᠳᠦ ᠶᠡᠭᠡ ᠶᠤᠮ᠃ ᠲᠣᠭᠤᠷᠢᠭ ᠤᠨ ᠤᠯᠤᠰ ᠲᠥᠷᠥ ᠶᠢᠨ ᠵᠥᠪᠯᠡᠯᠭᠡᠨ ᠵᠢᠴᠢ ᠲᠡᠭᠦᠨ ᠤ ᠪᠠᠶᠢᠩᠭᠤ ᠶᠢᠨ ᠬᠤᠷᠢᠶ᠎ᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠳᠤᠮᠳᠠᠳᠤ ᠤᠯᠤᠰ ᠤᠨ ᠡᠪ ᠬᠠᠮᠲᠤ ᠨᠠᠮ ᠎ ᠤᠨ ᠠᠷᠪᠠ ᠶᠢᠰᠦᠳᠦᠭᠡᠷ ᠶᠡᠭᠡ ᠬᠤᠷᠠᠯ᠂ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ ᠪᠥᠬᠦᠳᠡ ᠬᠤᠷᠠᠯ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠷᠪᠠᠳᠤᠭᠠᠷ ᠬᠤᠭᠤᠴᠠᠭᠠᠨ ᠤ ᠠᠷᠪᠠᠨ ᠨᠢᠭᠡᠳᠦᠭᠡᠷ ᠪᠥᠬᠦᠳᠡ ᠬᠤᠷᠠᠯ᠂ ᠬᠤᠲᠠ ᠶᠢᠨ ᠨᠠᠮ ᠤᠨ ᠬᠤᠷᠢᠶᠠᠨ ᠤ ᠠᠷᠪᠠᠨ ᠬᠤᠶᠠᠳᠤᠭᠠᠷ ᠬᠤᠭᠤᠴᠠᠭᠠᠨ ᠤ ᠠᠷᠪᠠᠨ ᠨᠢᠭᠡᠳᠦᠭᠡᠷ ᠪᠥᠬᠦᠳᠡ ᠬᠤᠷᠠᠯ᠂ ᠲᠣᠭᠤᠷᠢᠭ ᠤᠨ ᠨᠠᠮ ᠤᠨ ᠬᠤᠷᠢᠶᠠᠨ ᠤ ᠠᠷᠪᠠᠨ ᠨᠢᠭᠡᠳᠦᠭᠡᠷ ᠬᠤᠭᠤᠴᠠᠭᠠᠨ ᠤ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠤᠭᠤᠰᠢᠯᠠᠭᠤᠯᠬᠤ ᠬᠡᠷᠡᠭᠲᠡᠶ᠃ ᠶᠡᠷᠦᠩᠬᠡᠶ ᠱᠦᠵᠢ ᠰᠢ ᠶᠢᠨ ᠫᠢᠩ ᠤᠨ ᠠᠷᠠᠳ ᠤᠨ ᠤᠯᠤᠰ ᠲᠥᠷᠥ ᠶᠢᠨ ᠵᠥᠪᠯᠡᠯᠭᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠴᠢᠬᠤᠯᠠ ᠦᠵᠡᠯ ᠰᠠᠨᠠᠭ᠎ᠠ ᠪᠣᠯᠤᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠲᠠ ᠶᠢᠨ ᠨᠠᠮ ᠎ ᠤᠨ ᠬᠤᠷᠢᠶ᠎ᠠ᠂ ᠲᠣᠭᠤᠷᠢᠭ ᠤᠨ ᠨᠠᠮ ᠤᠨ ᠬᠤᠷᠢᠶᠠᠨ ᠤ ᠤᠯᠤᠰ ᠲᠥᠷᠥ ᠶᠢᠨ ᠵᠥᠪᠯᠡᠯᠭᠡᠨ ᠤ ᠠᠵᠢᠯ ᠤᠨ ᠬᠤᠷᠠᠯ ᠎ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠲᠣᠭᠤᠷᠢᠭ ᠤᠨ ᠨᠠᠮ ᠤᠨ ᠬᠤᠷᠢᠶᠠᠨ ᠤ ᠤᠳᠤᠷᠢᠳᠤᠯᠭ᠎ᠠ ᠳᠣᠤᠷ᠎ᠠ᠂ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠪᠠᠷᠢᠮᠲᠠᠯᠠᠨ ᠬᠥᠭᠵᠢᠭᠦᠯᠬᠦ ᠶᠠᠪᠤᠳᠠᠯ ᠢ ᠬᠠᠮᠲᠤ ᠶᠢᠨ ᠦᠵᠡᠯ ᠰᠠᠨᠠᠭᠠᠨ ᠤ ᠤᠯᠤᠰ ᠲᠥᠷᠥ ᠶᠢᠨ ᠰᠠᠭᠤᠷᠢ ᠶᠢ ᠪᠠᠬᠢᠵᠢᠭᠦᠯᠬᠦ ᠭᠤᠤᠯ ᠲᠡᠩᠭᠡᠯᠢᠭ ᠪᠣᠯᠭᠠᠵᠤ᠂《ᠬᠤᠤᠰ ᠵᠠᠭᠤᠨ ᠵᠢᠯ》᠎ ᠤᠨ ᠲᠡᠮᠡᠴᠡᠯ ᠤᠨ ᠬᠠᠷᠠᠯᠲᠠ ᠶᠢ ᠪᠡᠶᠡᠯᠡᠭᠦᠯᠬᠦ ᠳᠤ ᠦᠶᠯᠡᠴᠢᠯᠡᠬᠦ ᠪᠠᠷ ᠠᠵᠢᠯ ᠤᠨ ᠭᠤᠤᠯ ᠰᠢᠵᠢᠮ ᠪᠣᠯᠭᠠᠵᠤ᠂ ᠦᠵᠡᠯ ᠰᠠᠨᠠᠭ᠎ᠠ ᠤᠯᠤᠰ ᠲᠦᠷᠦ ᠶᠢᠨ ᠵᠢᠯᠣᠭᠤᠳᠤᠮᠵᠢ ᠶᠢ ᠴᠢᠩᠭᠠᠳᠬᠠᠬᠤ᠂ ᠬᠠᠮᠲᠤ ᠶᠢᠨ ᠲᠠᠨᠢᠯᠲᠠ ᠶᠢ ᠥᠷᠭᠡᠨ ᠢᠶᠠᠷ ᠨᠢᠭᠲᠠᠷᠠᠭᠤᠯᠬᠤ ᠪᠠᠷ ᠭᠤᠤᠯ ᠵᠠᠩᠭᠢᠯᠠᠭ᠎ᠠ ᠪᠣᠯᠭᠠᠵᠤ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠤᠨ ᠪᠡᠶᠡᠯᠡᠭᠦᠯᠬᠦ ᠬᠠᠷᠠᠯᠲᠠ ᠡᠭᠦᠷᠭᠡ ᠲᠠᠢ ᠨᠢᠭᠲᠠ ᠤᠶᠠᠯᠳᠤᠭᠤᠯᠤᠨ᠂ ᠪᠦᠯᠬᠦᠮᠳᠡᠯ ᠪᠠ ᠠᠷᠠᠳᠴᠢᠯᠠᠯ ᠤᠨ ᠬᠤᠶᠠᠷ ᠶᠡᠭᠡ ᠭᠤᠤᠯ ᠰᠡᠳᠦᠪ ᠢ ᠪᠠᠷᠢᠮᠲᠠᠯᠠᠵᠤ᠂ ᠤᠯᠤᠰ ᠲᠦᠷᠦ ᠶᠢᠨ ᠵᠥᠪᠯᠡᠯᠭᠡ ᠬᠢᠬᠦ᠂ ᠠᠷᠠᠳᠴᠢᠯᠠᠯ ᠢᠶᠠᠷ ᠬᠢᠨᠠᠯᠲᠠ ᠲᠠᠯᠪᠢᠬᠤ᠂ ᠵᠠᠰᠠᠭ ᠤᠨ ᠶᠠᠪᠤᠳᠠᠯ ᠳᠤ ᠣᠷᠣᠯᠴᠠᠨ ᠲᠦᠷᠦ ᠶᠢᠨ ᠬᠡᠷᠡᠭ ᠢ ᠵᠥᠪᠯᠡᠬᠦ ᠬᠢᠷᠢ ᠬᠡᠮᠵᠢᠶ᠎ᠡ ᠶᠢ ᠳᠡᠭᠡᠭᠰᠢᠯᠡᠭᠦᠯᠵᠦ᠂ ᠭᠠᠵᠠᠷ ᠣᠷᠣᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢ ᠠᠬᠢᠭᠤᠯᠬᠤ ᠳᠤ ᠤᠶᠤᠨ ᠤᠬᠠᠭᠠᠨ ᠪᠠ ᠬᠦᠴᠦᠨ ᠴᠢᠳᠠᠯ ᠢᠶᠠᠨ ᠡᠷᠭᠦᠵᠦ᠂ ᠰᠢᠨ᠎ᠡ ᠴᠠᠭ ᠦᠶ᠎ᠡ ᠶᠢᠨ ᠠᠷᠠᠳ ᠤᠨ ᠤᠯᠤᠰ ᠲᠦᠷᠦ ᠶᠢᠨ ᠵᠥᠪᠯᠡᠯᠭᠡᠨ ᠤ ᠦᠶᠯᠡᠰ ᠤᠨ ᠰᠢᠨ᠎ᠡ ᠪᠠᠶᠢᠳᠠᠯ ᠢ ᠴᠢᠷᠮᠠᠶᠢᠨ ᠨᠡᠭᠡᠭᠡᠬᠦ ᠬᠡᠷᠡᠭᠲᠡᠢ ᠭᠡᠵᠦ ᠵᠢᠭᠠᠵᠤ ᠭᠠᠷᠭᠠᠪᠠ᠃
     ᠹᠸᠢ ᠪᠣᠣ ᠷᠦᠩ ᠤᠯᠤᠰ ᠲᠦᠷᠦ ᠶᠢᠨ ᠵᠥᠪᠯᠡᠯᠭᠡᠨ ᠤ ᠪᠠᠶ᠋ᠬᠠᠣᠪᠤᠭ᠎ᠠ ᠠᠭᠤᠷᠬᠠᠢ ᠶᠢᠨ ᠲᠣᠭᠤᠷᠢᠭ ᠤᠨ ᠳᠣᠯᠣᠳᠤᠭᠠᠷ ᠬᠤᠭᠤᠴᠠᠭᠠᠨ ᠤ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢ ᠲᠥᠯᠥᠭᠡᠯᠡᠨ ᠰᠠᠨᠠᠯ ᠳᠤᠷᠠᠳᠤᠯᠭ᠎ᠠ ᠶᠢᠨ ᠠᠵᠢᠯ ᠤᠨ ᠢᠯᠡᠳᠬᠡᠯ ᠬᠢᠵᠦ᠂ ᠶᠡᠭᠡ ᠬᠤᠷᠠᠯ ᠳᠤ ᠲᠣᠭᠤᠷᠢᠭ ᠤᠨ ᠤᠯᠤᠰ ᠲᠦᠷᠦ ᠶᠢᠨ ᠵᠥᠪᠯᠡᠯᠭᠡᠨ ᠤ ᠳᠣᠯᠣᠳᠤᠭᠠᠷ ᠬᠤᠭᠤᠴᠠᠭᠠᠨ ᠤ ᠬᠤᠶᠠᠳᠤᠭᠠᠷ ᠬᠤᠷᠠᠯ ᠠᠴᠠ ᠨᠠᠭᠠᠰᠢᠬᠢ ᠰᠠᠨᠠᠯ ᠳᠤᠷᠠᠳᠤᠯᠭ᠎ᠠ ᠶᠢᠨ ᠠᠵᠢᠯ ᠤᠨ ᠪᠠᠶᠢᠳᠠᠯ ᠢ ᠮᠡᠳᠡᠭᠦᠯᠪᠡ᠃ ᠲᠡᠷᠡ᠂ ᠤᠯᠤᠰ ᠲᠦᠷᠦ ᠶᠢᠨ ᠵᠥᠪᠯᠡᠯᠭᠡᠨ ᠤ ᠪᠠᠶ᠋ᠬᠠᠣᠪᠤᠭ᠎ᠠ ᠠᠭᠤᠷᠬᠠᠢ ᠶᠢᠨ ᠲᠣᠭᠤᠷᠢᠭ ᠤᠨ ᠳᠣᠯᠣᠳᠤᠭᠠᠷ ᠬᠤᠭᠤᠴᠠᠭᠠᠨ ᠤ ᠬᠤᠶᠠᠳᠤᠭᠠᠷ ᠬᠤᠷᠠᠯ ᠠᠴᠠ ᠨᠠᠰᠢ᠂ ᠥᠷᠭᠡᠨ ᠤᠯᠠᠨ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠲᠣᠭᠤᠷᠢᠭ ᠤᠨ ᠨᠠᠮ ᠤᠨ ᠬᠤᠷᠢᠶ᠎ᠠ᠂ ᠲᠣᠭᠤᠷᠢᠭ ᠤᠨ ᠵᠠᠰᠠᠭ ᠤᠨ ᠣᠷᠳᠣᠨ ᠎ ᠤ ᠭᠤᠣᠯ ᠠᠵᠢᠯ ᠪᠣᠯᠤᠨ ᠠᠷᠠᠳ ᠤᠨ ᠠᠮᠢᠳᠤᠷᠠᠯ ᠳᠤ ᠬᠤᠯᠪᠣᠭᠳᠠᠬᠤ ᠬᠠᠯᠠᠮᠰᠢᠯ ᠠᠰᠠᠭᠤᠳᠠᠯ ᠬᠦᠴᠢᠷ ᠠᠰᠠᠭᠤᠳᠠᠯ ᠎ ᠤᠨ ᠲᠣᠭᠤᠷᠢᠨ ᠳᠤ ᠰᠠᠨᠠᠯ ᠳᠤᠷᠠᠳᠤᠯᠭ᠎ᠠ ᠶᠢ ᠢᠳᠡᠪᠬᠢᠲᠡᠢ ᠬᠡᠷᠡᠭᠯᠡᠨ ᠰᠠᠨᠠᠯ ᠵᠥᠪᠯᠡᠯᠭᠡ ᠳᠤᠷᠠᠳᠤᠨ ᠠᠷᠭ᠎ᠠ ᠤᠬᠠᠭᠠᠨ ᠭᠠᠷᠭᠠᠵᠤ᠂ 38 ᠬᠤᠪᠢ ᠰᠠᠨᠠᠯ ᠳᠤᠷᠠᠳᠤᠯᠭ᠎ᠠ ᠳᠤᠷᠠᠳᠴᠤ᠂ 17 ᠬᠤᠪᠢ ᠰᠠᠨᠠᠯ ᠳᠤᠷᠠᠳᠤᠯᠭ᠎ᠠ ᠶᠢ ᠬᠢᠨᠠᠨ ᠪᠠᠶᠢᠴᠠᠭᠠᠵᠤ ᠬᠡᠷᠡᠭ ᠪᠣᠯᠭᠠᠨ ᠳᠠᠩᠰᠠᠯᠠᠪᠠ᠃ 2019 ᠣᠨ ᠤ 12 ᠰᠠᠷ᠎ᠠ ᠶᠢᠨ ᠰᠡᠭᠦᠯᠴᠢ ᠪᠣᠯᠲᠠᠯ᠎ᠠ᠂ ᠬᠡᠷᠡᠭ ᠪᠣᠯᠭᠠᠨ ᠳᠠᠩᠰᠠᠯᠠᠬᠤ ᠰᠠᠨᠠᠯ ᠳᠤᠷᠠᠳᠤᠯᠭ᠎ᠠ ᠶᠢ ᠰᠢᠶᠳᠪᠦᠷᠢᠯᠡᠵᠦ ᠬᠠᠷᠢᠭᠤ ᠥᠭᠭᠦᠭᠰᠡᠨ ᠨᠣᠷᠮ᠎ᠠ 100%᠎ ᠳᠤ ᠬᠦᠷᠴᠦ᠂ 14 ᠬᠤᠪᠢ ᠰᠢᠶᠳᠪᠦᠷᠢᠯᠡᠵᠦ᠂ ᠰᠢᠢᠳᠪᠦᠷᠢᠯᠡᠬᠦ ᠪᠠᠷ 3 ᠬᠤᠪᠢ ᠪᠠᠶᠢᠵᠤ᠂ ᠮᠠᠰᠢ ᠣᠯᠠᠨ ᠰᠠᠨᠠᠯ ᠳᠤᠷᠠᠳᠤᠯᠭ᠎ᠠ ᠳᠠᠬᠢ ᠰᠠᠨᠠᠯ ᠰᠠᠨᠠᠭᠤᠯᠭ᠎ᠠ ᠶᠢ ᠭᠥᠯᠢᠶᠡᠨ ᠠᠪᠤᠭᠰᠠᠨ ᠪᠥᠭᠡᠳ ᠮᠠᠨ ᠤ ᠲᠣᠭᠤᠷᠢᠭ ᠤᠨ ᠬᠠᠮᠢᠶ᠎ᠠ ᠪᠥᠬᠦᠶ ᠰᠢᠶᠳᠪᠦᠷᠢᠲᠦ ᠪᠣᠳᠣᠯᠭ᠎ᠠ᠂ ᠬᠥᠭᠵᠢᠯᠲᠡ ᠶᠢᠨ ᠲᠥᠯᠥᠪᠵᠢᠭᠦᠯᠭᠡ ᠪᠤᠶᠤ ᠰᠠᠯᠠᠭ᠎ᠠ ᠮᠥᠴᠢᠷ ᠤᠨ ᠠᠵᠢᠯ ᠳᠤ ᠨᠠᠶᠢᠳᠠᠪᠤᠷᠢᠵᠢᠭᠤᠯᠵᠤ᠂ ᠮᠠᠨ ᠤ ᠲᠣᠭᠤᠷᠢᠭ ᠤᠨ ᠠᠵᠤ ᠠᠬᠤᠶ ᠨᠡᠶᠢᠭᠡᠮ ᠤᠨ ᠡᠯ᠎ᠡ ᠵᠦᠶᠯ ᠤᠨ ᠠᠵᠢᠯ ᠦᠶᠯᠡᠰ ᠤᠨ ᠬᠥᠭᠵᠢᠯᠲᠡ ᠳᠤ ᠢᠳᠡᠪᠬᠢᠲᠡᠶ ᠦᠶᠯᠡᠳᠦᠯ ᠦᠵᠡᠭᠦᠯᠪᠡ᠃ 2020 ᠣᠨ ᠳᠤ᠂ ᠲᠣᠭᠤᠷᠢᠭ ᠤᠨ ᠤᠯᠤᠰ ᠲᠥᠷᠥ ᠎ ᠶᠢᠨ ᠵᠥᠪᠯᠡᠯᠭᠡᠨ ᠤ ᠰᠠᠨᠠᠯ ᠳᠤᠷᠠᠳᠤᠯᠭ᠎ᠠ ᠶᠢᠨ ᠠᠵᠢᠯ ᠳᠤ《ᠭᠤᠣᠯᠳᠠᠯᠭ᠎ᠠ ᠲᠠᠢ ᠤᠶᠠᠯᠳᠤᠭᠤᠯᠤᠨ᠂ ᠶᠡᠭᠡ ᠲᠠᠯ᠎ᠠ ᠎ ᠳᠤ ᠦᠶᠯᠡᠴᠢᠯᠡᠬᠦ᠂ ᠶᠠᠰᠤ ᠴᠢᠨᠠᠷ ᠢ ᠳᠡᠭᠡᠭᠰᠢᠯᠡᠭᠦᠯᠬᠦ᠂ ᠪᠣᠳᠠᠲᠤ ᠦᠷ᠎ᠡ ᠪᠦᠲᠦᠮᠵᠢ ᠶᠢ ᠡᠷᠬᠢᠮᠯᠡᠬᠦ》ᠠᠵᠢᠯ ᠤᠨ ᠴᠢᠭᠯᠡᠯᠲᠡ ᠶᠢ ᠪᠠᠷᠢᠮᠲᠠᠯᠠᠵᠤ᠂ ᠰᠠᠨᠠᠯ ᠳᠤᠷᠠᠳᠤᠯᠭ᠎ᠠ ᠶᠢᠨ ᠶᠠᠰᠤ ᠴᠢᠨᠠᠷ ᠢ ᠳᠡᠭᠡᠭᠰᠢᠯᠡᠭᠦᠯᠬᠦ ᠪᠠᠷ ᠰᠠᠭᠤᠷᠢ ᠪᠣᠯᠭᠠᠵᠤ᠂ ᠦᠶᠯᠡᠴᠢᠯᠡᠭᠡᠨ ᠤ ᠶᠠᠰᠤ ᠴᠢᠨᠠᠷ ᠢ ᠴᠢᠩᠭᠠᠳᠬᠠᠬᠤ ᠪᠠᠷ ᠭᠤᠤᠯᠳᠠᠯᠭ᠎ᠠ ᠪᠣᠯᠭᠠᠵᠤ᠂ ᠰᠢᠶᠳᠪᠦᠷᠢᠯᠡᠬᠦ ᠪᠣᠳᠠᠲᠤ ᠦᠷ᠎ᠡ ᠪᠦᠲᠦᠮᠵᠢ ᠶᠢ ᠨᠡᠮᠡᠭᠳᠡᠭᠦᠯᠬᠦ ᠪᠠᠷ ᠬᠠᠷᠠᠯᠲᠠ ᠪᠣᠯᠭᠠᠵᠤ᠂ ᠭᠠᠵᠠᠷ ᠣᠷᠣᠨ ᠤ ᠠᠵᠤ ᠠᠬᠤᠶ ᠨᠡᠶᠢᠭᠡᠮ ᠤᠨ ᠬᠥᠭᠵᠢᠯᠲᠡ ᠎ ᠶᠢ ᠠᠬᠢᠭᠤᠯᠬᠤ ᠪᠠ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠳᠤᠮᠳᠠᠬᠢ ᠰᠠᠨᠠᠯ ᠳᠤᠷᠠᠳᠤᠯᠭ᠎ᠠ ᠶᠢᠨ ᠥᠪᠡᠷᠮᠢᠴᠡ ᠦᠶᠯᠡᠳᠦᠯ ᠢ ᠦᠷᠭᠦᠯᠵᠢᠯᠡᠨ ᠪᠠᠳᠠᠷᠠᠭᠤᠯᠤᠨ᠎ᠠ ᠭᠡᠪᠡ᠃
 
ᠢᠷᠡᠯᠲᠡ᠄ ᠪᠠᠶ᠋ᠬᠠᠣᠪᠤᠭ᠎ᠠ ᠠᠭᠤᠷᠬᠠᠢ ᠶᠢᠨ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号