ᠪᠠᠶ᠋ᠬᠠᠣᠪᠤᠭ᠎ᠠ ᠠᠭᠤᠷᠬᠠᠢ ᠶᠢᠨ ᠲᠣᠭᠤᠷᠢᠭ ᠤᠨ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯᠳᠤᠭᠠᠨ ᠡᠬᠢᠯᠡᠪᠡ
ᠨᠡᠶᠢᠲᠡᠯᠡᠭᠰᠡᠨ ᠴᠠᠭ᠄
2020-04-23
     ᠪᠠᠶ᠋ᠬᠠᠣᠪᠤᠭ᠎ᠠ ᠠᠭᠤᠷᠬᠠᠢ ᠶᠢᠨ ᠲᠣᠭᠤᠷᠢᠭ ᠤᠨ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯᠳᠤᠭᠠᠨ ᠤ ᠬᠤᠷᠠᠯ ᠤᠨ ᠲᠠᠯᠠᠪᠠᠢ      4 ᠰᠠᠷ᠎ᠠ ᠶᠢᠨ 22᠎ ᠤᠨ ᠦᠳᠡ ᠶᠢᠨ ᠡᠮᠦᠨ᠎ᠡ᠂ ᠪᠠᠶ᠋ᠬᠠᠣᠪᠤᠭ᠎ᠠ ᠠᠭᠤᠷᠬᠠᠢ ᠶᠢᠨ ᠲᠣᠭᠤᠷᠢᠭ ᠤᠨ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯ ᠨᠠᠮ ᠵᠠᠰᠠᠭ ᠤᠨ ᠲᠤᠮᠤ ᠠᠰᠠᠷ ᠤᠨ ᠨᠢᠭᠡᠳᠦᠭᠡᠷ ᠳᠠᠪᠬᠤᠷᠯᠢᠭ ᠤᠨ ᠬᠤᠷᠠᠯ ᠤᠨ ᠲᠢᠩᠬᠢᠮ ᠳᠤ ᠡᠬᠢᠯᠡᠪᠡ᠃ ᠪᠦᠬᠦ ᠲᠣᠭᠤᠷᠢᠭ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠤ ᠬᠦᠰᠡᠯ ᠡᠷᠡᠮᠡᠯᠵᠡᠯ ᠪᠠ ᠬᠦᠨᠳᠦ ᠨᠠᠶᠢᠳᠠᠯᠭ᠎ᠠ ᠶᠢ ᠡᠭᠦᠷᠭᠡᠯᠡᠵᠦ᠂ ᠪᠦᠬᠦ ᠲᠣᠭᠤᠷᠢᠭ ᠤᠨ ᠡᠯ᠎ᠡ ᠹᠷᠣᠨᠲ ᠠᠴᠠ ᠢᠷᠡᠭᠰᠡᠨ ᠲᠣᠭᠤᠷᠢᠭ ᠤᠨ ᠠᠷᠠᠳ ᠤᠨ ᠲᠥᠯᠥᠭᠡᠯᠡᠭᠴᠢᠳ ᠎ ᠤᠨ ᠶᠡᠭᠡ ᠬᠤᠷᠠᠯ ᠤᠨ ᠲᠥᠯᠥᠭᠡᠯᠡᠭᠴᠢ ᠦᠪᠡᠳᠡᠭᠰᠢ ᠬᠤᠷᠠᠯ ᠳᠤ ᠣᠷᠣᠯᠴᠠᠵᠤ᠂ ᠦᠨᠳᠦᠰᠦᠨ ᠬᠠᠤᠯᠢ ᠪᠠ ᠬᠠᠤᠯᠢ ᠴᠠᠭᠠᠵᠠ ᠠᠴᠠ ᠣᠯᠭᠤᠭᠰᠠᠨ ᠠᠷᠢᠭᠤᠨ ᠲᠠᠷᠬᠠᠨ ᠡᠭᠦᠷᠭᠡ ᠬᠠᠷᠢᠭᠤᠴᠠᠯᠭ᠎ᠠ ᠪᠠᠨ ᠬᠠᠤᠯᠢ ᠶᠣᠰᠣᠭᠠᠷ ᠭᠦᠢᠴᠡᠳᠬᠡᠵᠦ᠂ ᠪᠠᠶ᠋ᠬᠠᠣᠪᠤᠭ᠎ᠠ ᠠᠭᠤᠷᠬᠠᠢ ᠶᠢᠨ ᠲᠣᠭᠤᠷᠢᠭ ᠤᠨ ᠴᠢᠨᠠᠷ ᠰᠠᠶᠢᠲᠠᠢ ᠬᠥᠭᠵᠢᠯᠲᠡ ᠶᠢᠨ ᠠᠤᠭ᠎ᠠ ᠲᠥᠰᠦᠪ ᠢ ᠬᠠᠮᠲᠤᠪᠠᠷ ᠵᠢᠷᠤᠭᠯᠠᠪᠠ᠃      ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠬᠦᠮ ᠤᠨ ᠪᠠᠶᠢᠩᠭᠤ ᠶᠢᠨ ᠲᠡᠷᠢᠭᠦᠯᠡᠭᠴᠢ᠂ ᠭᠦᠢᠴᠡᠳᠬᠡᠭᠴᠢ ᠲᠡᠷᠢᠭᠦᠯᠡᠭᠴᠢ ᠬᠤᠤ ᠶᠢᠨ ᠬᠤᠸᠠ ᠬᠤᠷᠠᠯ ᠢ ᠡᠷᠬᠢᠯᠡᠪᠡ᠃ ᠶᠡᠭᠡ ᠬᠤᠷᠠᠯ ᠤᠨ ᠭᠦᠢᠴᠡᠳᠬᠡᠭᠴᠢ ᠲᠡᠷᠢᠭᠦᠯᠡᠭᠴᠢ ᠵᠠᠩ ᠶᠦᠩ ᠳ᠋ᠦᠩ᠂ ᠬᠤᠸᠠᠩ ᠮᠢᠨ᠂ ᠰᠢᠤᠸᠠᠢ ᠵᠢᠶᠠᠨ᠂ ᠭᠦᠸᠧ ᠾᠦᠢ ᠸᠧᠨ᠂ ᠪᠠᠢ ᠶᠦᠩ ᠭᠠᠩ᠂ ᠵᠢᠶᠠᠩ ᠵᠢᠶᠠᠨ ᠮᠢᠩ᠂ ᠮᠧᠩ ᠪᠣᠣ ᠵᠦᠩ᠂ ᠯᠢ ᠹᠧᠩ ᠲᠡᠷᠢᠭᠦᠯᠡᠭᠴᠢ ᠶᠢᠨ ᠲᠠᠶᠢᠰᠠᠨ ᠤ ᠡᠮᠦᠨ᠎ᠡ ᠮᠥᠷ ᠲᠤ ᠰᠠᠭᠤᠪᠠ᠃      ᠯᠢ ᠵᠢᠩ᠂ ᠵᠠᠩ ᠰᠢᠶᠤᠤ ᠭᠤᠸᠠᠩ᠂ ᠲᠠᠨ ᠰᠢᠤᠸᠠᠢ ᠸᠧᠨ᠂ ᠶᠠᠩ ᠵᠢᠶᠠᠨ ᠹᠧᠩ᠂ ᠲᠢᠶᠠᠨ ᠱᠢ ᠵᠧᠨ᠂ ᠰᠦᠨ ᠱᠧᠩ᠂ ᠵᠣᠣ ᠳ᠋ᠧ ᠬᠦᠶ᠂ ᠯᠢ ᠵᠢᠶᠠᠨ ᠵᠢᠶᠦ᠋ᠨ᠂ ᠴᠢᠶᠠᠨ ᠶᠦᠩ ᠵᠢᠶᠦ᠋ᠨ᠂ ᠯᠢ ᠰᠢᠨ ᠮᠧᠶ᠂ ᠯᠢ ᠷᠦᠩ᠂ ᠯᠢᠦ ᠬᠤᠤ᠂ ᠯᠢᠦ ᠰᠢ ᠴᠧᠨ᠂ ᠵᠠᠩ ᠷᠦᠢ᠂ ᠵᠣᠣ ᠵᠧᠨ᠂ ᠸᠠᠩ ᠴᠢᠤᠸᠠᠨ ᠵᠡᠷᠭᠡ ᠲᠡᠷᠢᠭᠦᠯᠡᠭᠴᠢᠳ ᠤᠨ ᠪᠦᠯᠬᠦᠮ ᠎ ᠤᠨ ᠪᠦᠷᠢᠯᠳᠦᠬᠦᠨ ᠲᠡᠷᠢᠭᠦᠯᠡᠭᠴᠢᠳ ᠤᠨ ᠲᠠᠶᠢᠰᠠᠨ ᠳᠤ ᠰᠠᠭᠤᠪᠠ᠃    ᠲᠡᠷᠢᠭᠦᠯᠡᠭᠴᠢ ᠶᠢᠨ ᠲᠠᠶᠢᠰᠠᠨ ᠳᠤ ᠪᠠᠰᠠ ᠤᠷᠢᠯᠭ᠎ᠠ ᠪᠠᠷ ᠬᠤᠷᠠᠯ ᠳᠤ ᠰᠤᠯᠠ ᠣᠷᠣᠯᠴᠠᠭᠰᠠᠨ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠱᠤᠤ ᠵᠢᠶᠦ᠋ᠨ᠂ ᠣᠷᠭᠢᠯ ᠰᠠᠭᠤᠪᠠ᠃      ᠪᠠᠶ᠋ᠬᠠᠣᠪᠤᠭ᠎ᠠ ᠠᠭᠤᠷᠬᠠᠢ ᠶᠢᠨ ᠲᠣᠭᠤᠷᠢᠭ ᠤᠨ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯ ᠳᠤ ᠣᠷᠣᠯᠴᠠᠪᠠᠰᠤ ᠵᠣᠬᠢᠬᠤ ᠲᠥᠯᠥᠭᠡᠯᠡᠭᠴᠢ 119 ᠬᠥᠮᠦᠨ᠂ ᠲᠤᠰ ᠤᠳᠠᠭᠠᠨ ᠤ ᠪᠦᠬᠦᠳᠠ ᠬᠤᠷᠠᠯ ᠳᠤ ᠣᠷᠣᠯᠴᠠᠭᠰᠠᠨ ᠲᠥᠯᠥᠭᠡᠯᠡᠭᠴᠢ 111 ᠬᠥᠮᠦᠨ ᠪᠠᠶᠢᠵᠤ᠂ ᠬᠠᠤᠯᠢ ᠳᠤ ᠲᠣᠭᠲᠠᠭᠠᠭᠰᠠᠨ ᠬᠥᠮᠦᠨ ᠤ ᠲᠤᠭ᠎ᠠ ᠳᠤ ᠨᠡᠶᠢᠴᠡᠨ᠎ᠡ᠃      ᠦᠳᠡ ᠶᠢᠨ ᠡᠮᠦᠨᠡᠬᠢ 8 ᠴᠠᠭ 30 ᠮᠢᠨᠦ᠋ᠲ ᠲᠤ᠂ ᠬᠤᠤ ᠶᠢᠨ ᠬᠤᠸᠠ᠄ ᠪᠠᠶ᠋ᠬᠠᠣᠪᠤᠭ᠎ᠠ ᠠᠭᠤᠷᠬᠠᠢ ᠶᠢᠨ ᠲᠣᠭᠤᠷᠢᠭ ᠤᠨ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯᠳᠤᠭᠠᠨ ᠡᠬᠢᠯᠡᠭᠰᠡᠨ ᠢ ᠨᠡᠶᠢᠲᠡᠯᠡᠪᠡ᠃      ᠬᠤᠷᠠᠯ ᠤᠨ ᠲᠠᠯᠠᠪᠠᠢ ᠳᠤ ᠪᠦᠭᠦᠳᠡᠭᠡᠷ ᠪᠣᠰᠴᠤ ᠵᠣᠭᠰᠣᠵᠤ ᠤᠯᠤᠰ ᠤᠨ ᠳᠠᠭᠤᠤ ᠶᠢ ᠬᠥᠭᠵᠢᠮᠳᠡᠨ ᠳᠠᠭᠤᠯᠠᠪᠠ᠃
     ᠪᠦᠭᠦᠳᠡᠭᠡᠷ ᠢᠶᠠᠨ ᠪᠣᠰᠴᠤ ᠵᠣᠭᠰᠣᠵᠤ ᠤᠯᠤᠰ ᠤᠨ ᠳᠠᠭᠤᠤ ᠶᠢ ᠬᠥᠭᠵᠢᠮᠳᠡᠨ ᠳᠠᠭᠤᠯᠠᠪᠠ
     ᠬᠤᠸᠠᠩ ᠮᠢᠨ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠬᠢᠪᠠ
     ᠬᠤᠤ ᠶᠢᠨ ᠬᠤᠸᠠ ᠬᠤᠷᠠᠯ ᠢ ᠡᠷᠬᠢᠯᠡᠪᠡ      ᠪᠠᠶ᠋ᠬᠠᠣᠪᠤᠭ᠎ᠠ ᠠᠭᠤᠷᠬᠠᠢ ᠶᠢᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠳᠠᠷᠤᠭ᠎ᠠ ᠬᠤᠸᠠᠩ ᠮᠢᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠢ ᠲᠥᠯᠥᠭᠡᠯᠡᠨ ᠶᠡᠭᠡ ᠬᠤᠷᠠᠯ ᠳᠤ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠬᠢᠪᠡ᠃      ᠬᠤᠸᠠᠩ ᠮᠢᠨ᠂ 2019 ᠣᠨ ᠳᠤ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠪᠠ ᠲᠣᠭᠤᠷᠢᠭ ᠤᠨ ᠨᠠᠮ ᠤᠨ ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ ᠳᠣᠤᠷ᠎ᠠ᠂ ᠲᠣᠭᠤᠷᠢᠭ ᠤᠨ ᠠᠷᠠᠳ ᠎ ᠤᠨ ᠲᠥᠯᠥᠭᠡᠯᠡᠭᠴᠢᠳ ᠤᠨ ᠶᠡᠭᠡ ᠬᠤᠷᠠᠯ᠂ ᠤᠯᠤᠰ ᠲᠥᠷᠥ ᠶᠢᠨ ᠵᠥᠪᠯᠡᠯᠭᠡᠨ ᠤ ᠬᠢᠨᠠᠯᠲᠠ ᠪᠠ ᠳᠡᠮᠵᠢᠯᠭᠡ ᠳᠣᠤᠷ᠎ᠠ᠂ ᠪᠥᠬᠦ ᠲᠣᠭᠤᠷᠢᠭ ᠲᠤ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠠᠵᠢᠯ ᠎ ᠤᠨ ᠲᠤᠬᠠᠶ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠶ ᠰᠤᠷᠤᠯᠴᠠᠨ ᠲᠤᠭᠤᠰᠢᠯᠠᠭᠤᠯᠵᠤ᠂ ᠠᠮᠢ ᠠᠬᠤᠶ ᠶᠢ ᠤᠷᠢᠳ ᠢᠶᠠᠷ ᠪᠣᠳᠣᠯᠬᠢᠯᠠᠬᠤ᠂ ᠪᠣᠬᠢᠷᠲᠤᠯ ᠥᠬᠡᠶ ᠬᠥᠭᠵᠢᠯᠲᠡ ᠪᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠬᠢᠨᠠᠮᠠᠭᠠᠶ ᠨᠠᠶᠢᠳᠠᠪᠤᠷᠢᠵᠢᠭᠤᠯᠤᠨ᠂ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠵᠤ᠂《ᠵᠢᠷᠭᠤᠭ᠎ᠠ ᠶᠢ ᠲᠣᠭᠲᠠᠭᠤᠨ ᠪᠠᠶᠢᠯᠭᠠᠬᠤ》ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ᠪᠥᠬᠦ ᠲᠣᠭᠤᠷᠢᠭ ᠤᠨ ᠠᠵᠤ ᠠᠬᠤᠶ ᠨᠡᠶᠢᠭᠡᠮ ᠦᠷᠭᠦᠯᠵᠢᠯᠡᠨ ᠡᠷᠡᠭᠦᠯ ᠢᠶᠠᠷ ᠬᠥᠭᠵᠢᠪᠡ᠃ ᠠᠵᠤ ᠠᠬᠤᠶ ᠶᠢᠨ ᠠᠵᠢᠯᠯᠠᠭᠠᠨ ᠲᠣᠭᠲᠠᠭᠤᠨ ᠪᠠᠶᠢᠬᠤ ᠶᠢᠨ ᠵᠡᠷᠭᠡ ᠳᠤ ᠶᠠᠰᠤ ᠴᠢᠨᠠᠷ ᠢ ᠳᠡᠭᠡᠭᠰᠢᠯᠡᠭᠦᠯᠵᠦ᠂ ᠭᠤᠤᠯ ᠪᠣᠯᠬᠤ ᠠᠵᠤ ᠠᠬᠤᠶ ᠶᠢᠨ ᠭᠦᠶᠴᠡᠳᠬᠡᠯ ᠲᠤᠭ᠎ᠠ ᠶᠢ ᠢᠮᠠᠭᠲᠠ ᠵᠦᠶ ᠵᠣᠬᠢᠰᠲᠠᠶ ᠣᠷᠣᠨ ᠪᠠᠶᠢᠷᠢ ᠳᠤ ᠪᠠᠶᠢᠨ᠎ᠠ᠃ ᠭᠠᠶᠢᠯᠢ ᠬᠥᠩᠭᠡᠯᠡᠵᠦ ᠰᠦᠶᠳᠬᠡᠯ ᠪᠠᠭᠤᠷᠠᠭᠤᠯᠬᠤ ᠠᠵᠢᠯ ᠢᠯᠡᠳᠲᠡ ᠦᠷ᠎ᠡ ᠪᠦᠲᠦᠮᠵᠢ ᠣᠯᠵᠤ᠂ ᠴᠢᠬᠤᠯᠠ ᠶᠡᠭᠡ ᠲᠥᠷᠥᠯ ᠵᠦᠶᠯ ᠤᠨ ᠪᠦᠲᠦᠭᠡᠨ ᠪᠠᠶᠢᠭᠤᠯᠤᠯᠲᠠ ᠶᠢ ᠪᠦᠬᠦ ᠬᠦᠴᠦ ᠪᠠᠷ ᠲᠦᠯᠬᠢᠨ ᠠᠬᠢᠭᠤᠯᠪᠠ᠃ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦ ᠠᠯᠬᠤᠴᠠ ᠡᠷᠡᠰ ᠪᠠᠲᠤ ᠪᠠᠶᠢᠵᠤ᠂ ᠠᠵᠤ ᠦᠶᠯᠡᠳᠪᠦᠷᠢ ᠶᠢᠨ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦ ᠪᠠ ᠲᠠᠷᠢᠶᠠᠯᠠᠩ᠂ ᠦᠶᠯᠡᠴᠢᠯᠡᠭᠡᠨ ᠤ ᠦᠢᠯᠡᠰ ᠤᠨ ᠳᠡᠰ ᠳᠡᠪᠰᠢᠬᠦ ᠶᠢ ᠲᠦᠷᠭᠡᠳᠬᠡᠨ ᠠᠬᠢᠭᠤᠯᠪᠠ᠃《ᠭᠤᠷᠪᠠᠨ ᠶᠡᠭᠡ ᠪᠣᠭᠤᠮᠲᠠ ᠰᠢᠪᠲᠤᠯᠬᠤ ᠳᠠᠶᠢᠯᠠᠯᠳᠤᠭᠠᠨ》ᠢᠯᠡᠳᠲᠡ ᠦᠷ᠎ᠡ ᠪᠦᠲᠦᠮᠵᠢ ᠣᠯᠵᠤ᠂ ᠲᠥᠪ᠂ ᠥᠪᠡᠷᠲᠡᠭᠡᠨ ᠵᠠᠰᠠᠬᠤ ᠣᠷᠣᠨ ᠤ ᠬᠢᠨᠠᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢᠯᠡᠳᠲᠡ ᠦᠷ᠎ᠡ ᠪᠦᠲᠦᠮᠵᠢ ᠣᠯᠪᠠ᠃ ᠥᠭᠡᠷᠡᠴᠢᠯᠡᠯᠲᠡ ᠶᠢᠨ ᠠᠮᠢᠵᠢᠷᠠᠯ ᠤᠨ ᠬᠦᠴᠦᠨ ᠭᠦᠶᠴᠡᠳ ᠢᠯᠡᠷᠡᠵᠦ᠂《ᠲᠠᠯᠪᠢᠬᠤ ᠬᠠᠮᠢᠶᠠᠷᠬᠤ ᠦᠶᠯᠡᠴᠢᠯᠡᠬᠦ》ᠥᠭᠡᠷᠡᠴᠢᠯᠡᠯᠲᠡ ᠪᠠ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠵᠦ᠂ ᠪᠥᠬᠦ ᠪᠥᠮᠪᠥᠷᠴᠡᠭ ᠤᠨ ᠠᠩᠬᠠᠳᠠᠭᠴᠢ 5G ᠵᠢᠯᠣᠭᠤᠴᠢ ᠥᠬᠡᠶ ᠠᠭᠤᠷᠬᠠᠶ ᠎ ᠶᠢᠨ ᠮᠠᠰᠢᠨ ᠲᠡᠷᠭᠡ ᠮᠠᠨ ᠤ ᠲᠣᠭᠤᠷᠢᠭ ᠲᠤ ᠰᠠᠭᠤᠷᠢᠰᠢᠵᠤ᠂ ᠪᠠᠶ᠋ᠬᠠᠣᠪᠤᠭ᠎ᠠ ᠲᠡᠮᠦᠷ ᠤᠨ ᠠᠭᠤᠷᠬᠠᠶ ᠨᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠢᠭᠡᠳᠦᠭᠡᠷ ᠪᠦᠯᠦᠭ ᠲᠤᠷᠰᠢᠯᠲᠠ ᠶᠢᠨ ᠵᠢᠱᠢᠶ᠎ᠡ ᠦᠵᠡᠭᠦᠯᠬᠦ ᠤᠶᠤᠨᠲᠤ ᠬᠦᠷᠢᠶᠡᠯᠡᠩ ᠲᠣᠭᠤᠷᠢᠭ ᠪᠠ ᠤᠶᠤᠨᠲᠤ ᠠᠭᠤᠷᠬᠠᠶ ᠶᠢᠨ ᠠᠵᠤ ᠠᠬᠤᠶᠢᠯᠠᠯ ᠢᠶᠠᠷ ᠵᠢᠭᠰᠠᠭᠠᠵᠠᠶ᠃ ᠬᠤᠲᠠ ᠎ ᠶᠢᠨ ᠴᠢᠳᠠᠮᠵᠢ ᠡᠳᠦᠷ ᠢᠷᠡᠬᠦᠶ᠎ᠡ ᠲᠡᠭᠦᠯᠳᠡᠷᠵᠢᠵᠦ᠂ ᠲᠥᠯᠥᠪᠵᠢᠭᠦᠯᠭᠡ ᠶᠢᠨ ᠰᠢᠰᠲ᠋ᠧᠮᠵᠢ᠂ ᠰᠠᠭᠤᠷᠢ ᠪᠡᠯᠡᠳᠬᠡᠮᠵᠢ ᠨᠠᠩ ᠲᠡᠭᠦᠯᠳᠡᠷᠵᠢᠵᠦ᠂ ᠬᠤᠲᠠ ᠶᠢᠨ ᠬᠠᠮᠢᠶᠠᠷᠤᠯᠲᠠ ᠨᠠᠩ ᠨᠠᠷᠢᠯᠢᠭ ᠪᠣᠯᠪᠠ᠃ ᠠᠷᠠᠳ ᠤᠨ ᠠᠮᠢᠳᠤᠷᠠᠯ ᠤᠨ ᠪᠠᠲᠤᠯᠠᠭ᠎ᠠ ᠳᠤ ᠦᠷᠭᠦᠯᠵᠢᠯᠡᠨ ᠬᠦᠴᠦᠯᠡᠵᠦ᠂ ᠡᠳ᠋ ᠤᠨ ᠵᠠᠰᠠᠭ ᠤᠨ ᠶᠡᠷᠦᠩᠬᠡᠢ ᠵᠠᠷᠤᠯᠭ᠎ᠠ ᠶᠢᠨ 70%᠎ ᠠᠴᠠ ᠳᠡᠭᠡᠭᠰᠢᠬᠢ ᠶᠢ ᠠᠷᠠᠳ ᠤᠨ ᠠᠮᠢᠳᠤᠷᠠᠯ ᠤᠨ ᠵᠠᠷᠤᠯᠭ᠎ᠠ ᠡᠵᠡᠯᠡᠵᠦ᠂ ᠠᠵᠢᠯ ᠣᠯᠭᠤᠬᠤ ᠦᠢᠯᠡᠰ ᠪᠣᠰᠬᠠᠬᠤ ᠶᠢ ᠢᠳᠡᠪᠬᠢᠲᠡᠢ ᠠᠬᠢᠭᠤᠯᠵᠤ᠂ ᠨᠡᠶᠢᠭᠡᠮ ᠤᠨ ᠪᠠᠲᠤᠯᠠᠭ᠎ᠠ ᠶᠢᠨ ᠴᠢᠳᠠᠪᠤᠷᠢ ᠶᠢ ᠲᠦᠷᠭᠡᠳᠬᠡᠨ ᠳᠡᠭᠡᠭᠰᠢᠯᠡᠭᠦᠯᠵᠦ᠂《ᠭᠤᠷᠪᠠᠨ ᠬᠠᠩᠭᠠᠯᠭ᠎ᠠ ᠨᠢᠭᠡ ᠦᠢᠯᠡᠰ》᠎ ᠢ ᠬᠦᠯᠢᠶᠡᠨ ᠠᠪᠬᠤ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠤᠰᠤ ᠴᠡᠪᠡᠷᠰᠢᠭᠦᠯᠬᠦ ᠦᠢᠯᠡᠳᠪᠦᠷᠢ ᠶᠢ ᠪᠠᠶᠢᠭᠤᠯᠤᠨ ᠪᠦᠲᠦᠭᠡᠬᠦ ᠶᠢᠨ ᠬᠠᠮᠲᠤ ᠠᠰᠢᠭᠯᠠᠯᠲᠠ ᠳᠤ ᠣᠷᠣᠭᠤᠯᠵᠤ᠂ ᠨᠡᠶᠢᠭᠡᠮ ᠤᠨ ᠦᠢᠯᠡᠰ ᠪᠦᠬᠦ ᠲᠠᠯ᠎ᠠ ᠪᠠᠷ ᠬᠥᠭᠵᠢᠵᠦ᠂ ᠥᠪᠡᠷᠲᠡᠭᠡᠨ ᠵᠠᠰᠠᠬᠤ ᠣᠷᠣᠨ ᠤ ᠪᠣᠯᠪᠠᠰᠤᠨ ᠬᠤᠲᠠ ᠶᠢᠨ ᠰᠢᠯᠭᠠᠨ ᠦᠨᠡᠯᠡᠬᠦ ᠳᠠᠬᠢᠨ ᠪᠠᠶᠢᠴᠠᠭᠠᠯᠲᠠ ᠶᠢ ᠤᠷᠤᠭᠰᠢᠲᠠᠢ ᠥᠩᠭᠡᠷᠡᠭᠦᠯᠪᠡ᠃ ᠨᠡᠶᠢᠭᠡᠮ ᠤᠨ ᠵᠠᠰᠠᠯᠲᠠ ᠶᠢ ᠴᠢᠩᠭᠠᠳᠬᠠᠨ ᠰᠢᠨ᠎ᠡ ᠶᠢ ᠡᠭᠦᠳᠴᠦ᠂ ᠦᠨᠳᠦᠰᠦᠲᠡᠨ ᠤ ᠪᠦᠯᠬᠦᠮᠳᠡᠯ᠂ ᠱᠠᠰᠢᠨ ᠰᠤᠷᠲᠠᠬᠤᠨ ᠡᠶ᠎ᠡ ᠨᠠᠶᠢᠷᠰᠠᠭ᠂ ᠬᠢᠯᠢ ᠬᠢᠵᠠᠭᠠᠷ ᠠᠮᠤᠷ ᠲᠣᠭᠲᠠᠭᠤᠨ᠂ ᠨᠡᠶᠢᠭᠡᠮ ᠡᠶ᠎ᠡ ᠵᠣᠬᠢᠴᠠᠯ ᠲᠠᠢ ᠶᠡᠭᠡ ᠰᠠᠶᠢᠨ ᠪᠠᠶᠢᠳᠠᠯ ᠤᠯᠠᠮ ᠨᠢᠭᠡ ᠠᠯᠬᠤᠮ ᠪᠠᠲᠤᠵᠢᠪᠠ᠃ ᠲᠣᠰ ᠪᠡᠶ᠎ᠡ ᠶᠢᠨ ᠪᠠᠶᠢᠭᠤᠯᠤᠯᠲᠠ ᠲᠠᠰᠤᠷᠠᠯᠲᠠ ᠥᠬᠡᠶ ᠴᠢᠩᠭᠠᠷᠠᠵᠤ᠂《ᠣᠭ ᠰᠠᠨᠠᠭ᠎ᠠ ᠪᠠᠨ ᠥᠯᠥ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ》ᠭᠤᠤᠯ ᠰᠡᠳᠦᠪᠲᠦ ᠬᠥᠮᠦᠵᠢᠯ ᠢ ᠯᠠᠪᠳᠠᠭᠤᠨ ᠪᠠᠲᠤᠲᠠᠶ ᠥᠷᠨᠢᠭᠦᠯᠵᠦ᠂ 13 ᠲᠤᠰᠬᠠᠶ ᠵᠦᠶᠯ ᠤᠨ ᠠᠵᠢᠯᠯᠠᠭ᠎ᠠ ᠢᠯᠡᠳᠲᠡ ᠦᠷ᠎ᠡ ᠪᠦᠲᠦᠮᠵᠢ ᠤᠯᠪᠠ᠃《ᠲᠠᠪᠤᠨ ᠨᠢᠭᠡᠳᠦᠭᠡᠷ ᠴᠠᠭ》᠎ ᠤᠨ ᠠᠵᠢᠯ ᠤᠨ ᠲᠣᠭᠲᠠᠴᠠ ᠶᠢ ᠢᠳᠡᠪᠬᠢᠲᠡᠶ ᠨᠠᠶᠢᠳᠠᠪᠤᠷᠢᠵᠢᠭᠤᠯᠵᠤ᠂ ᠠᠷᠠᠳ ᠣᠯᠠᠨ ᠤ ᠲᠤᠰᠬᠠᠭᠰᠠᠨ ᠳᠣᠪᠣᠶᠢᠮ᠎ᠠ ᠠᠰᠠᠭᠤᠳᠠᠯ ᠢ ᠢᠳᠡᠪᠬᠢᠲᠡᠶ ᠰᠢᠢᠳᠪᠦᠷᠢᠯᠡᠪᠡ ᠭᠡᠪᠡ᠃      ᠬᠤᠸᠠᠩ ᠮᠢᠨ᠂ ᠨᠢᠭᠡ ᠵᠢᠯ ᠤᠨ ᠲᠤᠷᠰᠢ᠂ ᠪᠥᠬᠦ ᠲᠣᠭᠤᠷᠢᠭ ᠴᠢᠨᠠᠷ ᠰᠠᠶᠢᠲᠠᠶ ᠬᠥᠭᠵᠢᠯᠲᠡ ᠳᠤ ᠠᠩᠬᠠᠷᠤᠯ ᠎ ᠢᠶᠠᠨ ᠲᠥᠪᠯᠡᠷᠡᠭᠦᠯᠵᠦ᠂ ᠠᠵᠠ ᠲᠣᠬᠢᠶᠠᠯ ᠢ ᠡᠵᠡᠮᠳᠡᠬᠦ ᠳᠤᠮᠳᠠ ᠡᠷᠡᠰ ᠪᠠᠲᠤᠲᠠᠶ ᠤᠷᠤᠭᠰᠢᠯᠠᠵᠤ᠂ ᠬᠦᠴᠢᠷ ᠪᠡᠷᠬᠡ ᠎ ᠶᠢ ᠳᠠᠪᠠᠭ᠋ᠤ ᠳᠤᠮᠳᠠ ᠬᠥᠳᠡᠯᠭᠡᠭᠴᠢ ᠡᠨᠧᠷᠭᠢ ᠬᠤᠷᠠᠮᠳᠤᠭᠤᠯᠵᠤ᠂ ᠡᠷᠡᠯᠬᠡᠭᠯᠡᠨ ᠤᠷᠤᠭᠰᠢᠯᠠᠵᠤ᠂ ᠠᠮᠵᠢᠯᠲᠠ ᠪᠦᠲᠦᠮᠵᠢ ᠶᠢ ᠬᠢᠯᠪᠠᠷ ᠪᠤᠰᠤ ᠣᠯᠵᠤ᠂ ᠬᠤᠶᠢᠰᠢᠳᠠ ᠶᠢᠨ ᠥᠭᠡᠷᠡᠴᠢᠯᠡᠯᠲᠡ ᠬᠥᠭᠵᠢᠯᠲᠡ ᠲᠣᠭᠲᠠᠭᠤᠨ ᠤ ᠡᠯ᠎ᠡ ᠵᠦᠶᠯ ᠤᠨ ᠠᠵᠢᠯ ᠢ ᠰᠠᠶᠢᠲᠤᠷ ᠬᠢᠬᠦ ᠳᠤ ᠪᠠᠲᠤ ᠪᠠᠬᠢ ᠰᠠᠭᠤᠷᠢ ᠶᠢ ᠲᠠᠯᠪᠢᠵᠤ ᠥᠭᠴᠡᠶ᠃ ᠥᠩᠭᠡᠷᠡᠭᠰᠡᠨ ᠨᠢᠭᠡ ᠵᠢᠯ ᠎ ᠳᠤ ᠣᠯᠤᠭᠰᠠᠨ ᠠᠮᠵᠢᠯᠲᠠ ᠪᠦᠲᠦᠮᠵᠢ ᠪᠣᠯ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠡᠷᠡᠰ ᠴᠢᠩᠭ᠎ᠠ ᠤᠳᠤᠷᠢᠳᠤᠯᠭ᠎ᠠ ᠶᠢᠨ ᠦᠷ᠎ᠡ ᠳ᠋ᠦᠩ ᠪᠣᠯᠤᠨ᠎ᠠ᠂ ᠲᠡᠷᠡ ᠨᠢ ᠥᠪᠡᠷᠲᠡᠭᠡᠨ ᠵᠠᠰᠠᠬᠤ ᠣᠷᠣᠨ᠂ ᠪᠤᠭᠤᠲᠤ ᠬᠤᠳᠠ ᠶᠢᠨ ᠳᠣᠲᠣᠨᠣ ᠬᠠᠯᠠᠮᠵᠢᠯᠠᠯ ᠢ ᠠᠴᠢᠶᠠᠯᠠᠵᠤ᠂ ᠲᠣᠭᠤᠷᠢᠭ ᠤᠨ ᠨᠠᠮ ᠤᠨ ᠬᠤᠷᠢᠶᠠᠨ ᠤ ᠵᠥᠪ ᠣᠨᠣᠪᠴᠢᠲᠠᠢ ᠤᠳᠤᠷᠢᠳᠤᠯᠭ᠎ᠠ ᠶᠢ ᠢᠯᠡᠷᠡᠭᠦᠯᠵᠦ᠂ ᠥᠷᠭᠡᠨ ᠤᠯᠠᠨ ᠺᠠᠳ᠋ᠷ ᠤᠯᠠᠨ ᠲᠦᠮᠡᠨ ᠤ ᠰᠢᠷᠭᠠᠭᠤ ᠬᠠᠲᠠᠭᠤᠵᠢᠯᠲᠠᠢ ᠬᠥᠯᠥᠰᠥ ᠶᠢ ᠰᠢᠩᠭᠡᠭᠡᠵᠦ᠂ ᠨᠡᠶᠢᠭᠡᠮ ᠤᠨ ᠡᠯ᠎ᠡ ᠡᠲᠡᠭᠡᠳ ᠤᠨ ᠤᠶᠤᠨ ᠤᠬᠠᠭᠠᠨ ᠬᠦᠴᠦᠨ ᠴᠢᠳᠠᠯ ᠎ ᠢ ᠰᠢᠩᠭᠡᠭᠰᠡᠨ ᠪᠠᠶᠢᠨ᠎ᠠ ᠭᠡᠪᠡ᠃      ᠬᠤᠸᠠᠩ ᠮᠢᠨ᠂ ᠡᠨᠡ ᠵᠢᠯ ᠪᠣᠯ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠪᠠ ᠠᠷᠪᠠᠨ ᠭᠤᠷᠪᠠᠳᠤᠭᠠᠷ ᠲᠠᠪᠤᠨ ᠵᠢᠯ ᠤᠨ ᠲᠥᠯᠥᠪᠵᠢᠭᠦᠯᠭᠡ ᠶᠢᠨ ᠡᠴᠦᠰ ᠤᠨ ᠵᠢᠯ ᠮᠥᠨ᠂ ᠡᠯ᠎ᠡ ᠵᠦᠶᠯ ᠤᠨ ᠠᠵᠢᠯ ᠢ ᠰᠠᠶᠢᠲᠤᠷ ᠬᠢᠬᠦ ᠬᠠᠷᠢᠭᠤᠴᠠᠯᠭ᠎ᠠ ᠴᠢᠬᠤᠯᠠ ᠶᠡᠭᠡ ᠪᠥᠭᠡᠳ ᠠᠯᠤᠰ ᠬᠡᠳᠦ ᠶᠢᠨ ᠠᠴᠢ ᠬᠤᠯᠪᠣᠭᠳᠠᠯ ᠲᠠᠢ ᠶᠤᠮ᠃ ᠵᠠᠰᠠᠭ ᠤᠨ ᠣᠷᠳᠣᠨ ᠤ ᠠᠵᠢᠯ ᠤᠨ ᠶᠡᠷᠦᠩᠬᠡᠶ ᠱᠠᠭᠠᠷᠳᠠᠯᠭ᠎ᠠ ᠪᠣᠯ᠄ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ ᠪᠠᠷᠢᠮᠲᠠᠯᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ᠂ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ ᠪᠥᠬᠦᠳᠡ ᠬᠤᠷᠠᠯ ᠤᠨ ᠵᠣᠷᠢᠭ ᠰᠠᠨᠠᠭ᠎ᠠ ᠪᠣᠯᠤᠨ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠠᠵᠢᠯ ᠤᠨ ᠲᠤᠬᠠᠶ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠵᠤ᠂《ᠳᠥᠷᠪᠡᠨ ᠤᠬᠠᠮᠰᠠᠷ》᠎ ᠢᠶᠠᠨ ᠴᠢᠩᠭᠠᠳᠬᠠᠵᠤ ᠂《ᠳᠥᠷᠪᠡᠨ ᠢᠲᠡᠭᠡᠯ》᠎ ᠢᠶᠠᠨ ᠪᠠᠲᠤᠳᠬᠠᠵᠤ᠂《ᠬᠤᠶᠠᠷ ᠢ ᠬᠠᠮᠠᠭᠠᠯᠠᠬᠤ》᠎ ᠶᠢ ᠪᠡᠶᠡᠯᠡᠭᠦᠯᠵᠦ᠂ ᠴᠢᠨᠡᠭᠡᠯᠢᠭ ᠨᠡᠶᠢᠭᠡᠮ ᠢ ᠪᠥᠬᠦ ᠲᠠᠯ᠎ᠠ ᠪᠠᠷ ᠪᠠᠶᠢᠭᠤᠯᠤᠨ ᠪᠡᠶᠡᠯᠡᠭᠦᠯᠬᠦ ᠬᠠᠷᠠᠯᠲᠠ ᠡᠭᠦᠷᠭᠡ ᠲᠠᠢ ᠨᠢᠭᠲᠠ ᠤᠶᠠᠯᠳᠤᠭᠤᠯᠤᠨ᠂ ᠲᠣᠭᠲᠠᠭᠤᠨ ᠤ ᠳᠤᠮᠳᠠ ᠤᠷᠤᠭᠰᠢᠯᠠᠨ ᠳᠠᠪᠰᠢᠬᠤ ᠠᠵᠢᠯ ᠤᠨ ᠶᠡᠷᠦᠩᠬᠡᠶ ᠬᠥᠭ ᠠᠶᠠᠰ ᠢ ᠪᠠᠷᠢᠮᠲᠠᠯᠠᠵᠤ᠂ ᠰᠢᠨ᠎ᠡ ᠬᠥᠭᠵᠢᠯᠲᠡ ᠶᠢᠨ ᠣᠨᠣᠯᠵᠢᠬᠤᠨ ᠢ ᠪᠠᠷᠢᠮᠲᠠᠯᠠᠵᠤ᠂ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠶ ᠥᠭᠡᠷᠡᠴᠢᠯᠡᠯᠲᠡ ᠪᠠᠷ ᠭᠤᠤᠯ ᠰᠢᠵᠢᠮ ᠪᠣᠯᠭᠠᠬᠤ ᠶᠢ ᠪᠠᠷᠢᠮᠲᠠᠯᠠᠵᠤ᠂ ᠥᠭᠡᠷᠡᠴᠢᠯᠡᠯᠲᠡ ᠨᠡᠭᠡᠭᠡᠯᠲᠡ ᠪᠠᠷ ᠬᠥᠳᠡᠯᠭᠡᠬᠦ ᠬᠦᠴᠦᠨ ᠪᠣᠯᠭᠠᠬᠤ ᠶᠢ ᠪᠠᠷᠢᠮᠲᠠᠯᠠᠨ᠎ᠠ᠃ ᠠᠮᠢ ᠠᠬᠤᠢ ᠶᠢ ᠤᠷᠢᠳ ᠢᠶᠠᠷ ᠪᠣᠳᠣᠯᠬᠢᠯᠠᠬᠤ᠂ ᠪᠣᠬᠢᠷᠲᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠵᠠᠮ ᠢᠶᠠᠷ ᠡᠷᠡᠰ ᠭᠤᠶᠢᠪᠢᠰᠢ ᠦᠭᠡᠢ ᠵᠠᠮᠨᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠠᠵᠢᠯ ᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠭᠤᠷᠪᠠᠨ ᠶᠡᠭᠡ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠡᠷᠡᠰ ᠲᠡᠮᠡᠴᠡᠨ ᠣᠯᠵᠤ᠂《ᠵᠢᠷᠭᠤᠭᠠᠨ ᠲᠣᠭᠲᠠᠭᠤᠨ》᠎ ᠤ ᠠᠵᠢᠯ ᠢ ᠪᠦᠬᠦ ᠲᠠᠯ᠎ᠠ ᠪᠠᠷ ᠰᠠᠶᠢᠲᠤᠷ ᠬᠢᠵᠦ᠂ ᠨᠡᠮᠡᠭᠳᠡᠯ ᠢ ᠲᠣᠭᠲᠠᠪᠤᠷᠢᠵᠢᠭᠤᠯᠬᠤ᠂ ᠥᠭᠡᠷᠡᠴᠢᠯᠡᠯᠲᠡ ᠶᠢ ᠠᠬᠢᠭᠤᠯᠬᠤ᠂ ᠪᠦᠲᠦᠴᠡ ᠶᠢ ᠲᠤᠬᠢᠷᠠᠭᠤᠯᠬᠤ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ᠂ ᠠᠶᠤᠯ ᠲᠦᠭᠰᠢᠭᠦᠷᠢ ᠶᠢ ᠰᠡᠷᠭᠡᠶᠢᠯᠡᠬᠦ᠂ ᠲᠣᠭᠲᠠᠭᠤᠨ ᠪᠠᠶᠢᠳᠠᠯ ᠢ ᠪᠠᠲᠤᠯᠠᠬᠤ ᠠᠵᠢᠯ ᠢ ᠪᠦᠬᠦ ᠬᠦᠴᠦ ᠪᠠᠷ ᠰᠠᠶᠢᠲᠤᠷ ᠬᠢᠵᠦ᠂ ᠬᠢᠵᠢᠭ ᠤᠨ ᠪᠠᠶᠢᠳᠠᠯ ᠤᠨ ᠠᠵᠤ ᠠᠬᠤᠶ ᠨᠡᠶᠢᠭᠡᠮ ᠤᠨ ᠬᠥᠭᠵᠢᠯᠲᠡ ᠳᠤ ᠦᠵᠡᠭᠦᠯᠬᠦ ᠨᠥᠯᠥᠭᠡ ᠶᠢ ᠬᠠᠮᠤᠭ ᠤᠨ ᠳᠣᠤᠷ᠎ᠠ ᠬᠡᠮᠵᠢᠶᠡᠨ ᠳᠤ ᠬᠦᠷᠲᠡᠯ᠎ᠡ ᠪᠠᠭᠤᠷᠠᠭᠤᠯᠬᠤ ᠪᠠᠷ ᠴᠢᠷᠮᠠᠶᠢᠵᠤ᠂ ᠠᠵᠤ ᠠᠬᠤᠶ ᠶᠢᠨ ᠠᠵᠢᠯᠯᠠᠭᠠᠨ ᠢ ᠵᠦᠶ ᠵᠣᠬᠢᠰᠲᠠᠶ ᠬᠡᠪᠴᠢᠶᠡᠨ ᠳᠤ ᠪᠠᠶᠢᠯᠭᠠᠵᠤ᠂ ᠠᠷᠠᠳ ᠤᠯᠠᠨ ᠤ ᠬᠦᠷᠲᠡᠮᠵᠢ ᠶᠢᠨ ᠲᠦᠷᠦᠭᠳᠡᠯ᠂ ᠵᠣᠯ ᠵᠢᠷᠭᠠᠯᠲᠤ ᠲᠦᠷᠦᠭᠳᠡᠯ᠂ ᠠᠮᠤᠷ ᠲᠦᠪᠰᠢᠨ ᠤ ᠲᠦᠷᠦᠭᠳᠡᠯ ᠢ ᠨᠡᠮᠡᠭᠳᠡᠭᠦᠯᠵᠦ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠤᠨ ᠪᠡᠶᠡᠯᠡᠭᠦᠯᠬᠦ ᠪᠠ ᠠᠷᠪᠠᠨ ᠭᠤᠷᠪᠠᠳᠤᠭᠠᠷ ᠲᠠᠪᠤᠨ ᠵᠢᠯ ᠤᠨ ᠲᠥᠯᠥᠪᠵᠢᠭᠦᠯᠭᠡ ᠶᠢᠨ ᠲᠡᠭᠦᠰ ᠠᠮᠵᠢᠯᠲᠠ ᠲᠠᠢ ᠲᠡᠭᠦᠰᠬᠦ ᠶᠢ ᠦᠨᠡᠨ ᠬᠦ ᠪᠠᠲᠤᠯᠠᠨ᠎ᠠ᠃      ᠡᠨᠡ ᠵᠢᠯ ᠤᠨ ᠭᠤᠤᠯ ᠬᠥᠭᠵᠢᠯᠲᠡ ᠶᠢᠨ ᠵᠢᠱᠢᠭᠰᠡᠨ ᠬᠠᠷᠠᠯᠲᠠ ᠪᠣᠯ᠄ ᠭᠠᠵᠠᠷ ᠣᠷᠣᠨ ᠤ ᠦᠶᠯᠡᠳᠪᠦᠷᠢᠯᠡᠯ ᠎ ᠤᠨ ᠶᠡᠷᠦᠩᠬᠡᠢ ᠥᠷᠲᠡᠭ᠂ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ᠂ ᠨᠡᠶᠢᠭᠡᠮ ᠤᠨ ᠬᠡᠷᠡᠭᠯᠡᠭᠡᠨ ᠤ ᠵᠦᠶᠯ ᠎ ᠤᠨ ᠵᠢᠵᠢᠭᠯᠡᠨ ᠬᠤᠳᠠᠯᠳᠤᠬᠤ ᠶᠡᠷᠦᠩᠬᠡᠶ ᠲᠤᠭ᠎ᠠ᠂ ᠬᠤᠲᠠ ᠪᠠᠯᠭᠠᠰᠤᠨ ᠤ ᠰᠠᠭᠤᠭᠠᠯᠢ ᠠᠷᠠᠳ ᠤᠨ ᠬᠥᠮᠦᠨ ᠪᠦᠷᠢ ᠎ ᠶᠢᠨ ᠡᠵᠡᠨ ᠮᠡᠳᠡᠵᠦ ᠪᠣᠯᠬᠤ ᠳᠤᠮᠳᠠᠴᠢ ᠣᠷᠣᠯᠭ᠎ᠠ ᠶᠢ 6% ᠣᠷᠴᠢᠮ ᠨᠡᠮᠡᠭᠳᠡᠭᠦᠯᠵᠦ᠂ ᠡᠩ ᠤᠨ ᠣᠯᠠᠨ ᠨᠡᠶᠢᠲᠡ ᠎ ᠶᠢᠨ ᠲᠥᠰᠦᠪ ᠤᠨ ᠣᠷᠣᠯᠭ᠎ᠠ ᠶᠢ 22496 ᠲᠦᠮᠡᠨ ᠲᠥᠭᠦᠷᠢᠭ ᠪᠡᠶᠡᠯᠡᠭᠦᠯᠵᠦ᠂ ᠬᠤᠲᠠ ᠪᠠᠯᠭᠠᠰᠤᠨ ᠤ ᠳᠠᠩᠰᠠᠯᠠᠭᠤᠯᠤᠭᠰᠠᠨ ᠠᠵᠢᠯ ᠠᠯᠳᠠᠭᠰᠠᠨ ᠨᠣᠷᠮ᠎ᠠ ᠶᠢᠨ 3.9% ᠳᠣᠲᠣᠷ᠎ᠠ ᠬᠢᠵᠠᠭᠠᠷᠯᠠᠨ᠎ᠠ᠃ ᠥᠪᠡᠷᠲᠡᠭᠡᠨ ᠵᠠᠰᠠᠬᠤ ᠣᠷᠣᠨ᠂ ᠪᠤᠭᠤᠲᠤ ᠬᠤᠲᠠ ᠶᠢᠨ ᠪᠠᠭᠤᠯᠭᠠᠭᠰᠠᠨ ᠡᠨᠧᠷᠭᠢ ᠠᠷᠪᠢᠯᠠᠨ ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠨ ᠬᠢᠵᠠᠭᠠᠷᠯᠠᠬᠤ ᠴᠢᠨᠠᠷᠲᠠᠶ ᠭᠦᠶᠴᠡᠳᠬᠡᠬᠦ ᠲᠤᠭ᠎ᠠ ᠶᠢ ᠪᠦᠬᠦ ᠲᠠᠯ᠎ᠠ ᠪᠠᠷ ᠪᠡᠶᠡᠯᠡᠭᠦᠯᠦᠨ᠎ᠡ ᠭᠡᠪᠡ᠃      ᠬᠤᠸᠠᠩ ᠮᠢᠨ᠂ ᠶᠡᠷᠦᠩᠬᠡᠢ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠵᠢᠱᠢᠭᠰᠡᠨ ᠬᠠᠷᠠᠯᠲᠠ ᠶᠢ ᠪᠡᠶᠡᠯᠡᠭᠦᠯᠵᠦ ᠂《ᠠᠷᠪᠠᠨ ᠳᠥᠷᠪᠡᠳᠦᠭᠡᠷ ᠲᠠᠪᠤᠨ ᠵᠢᠯ》᠎ ᠤᠨ ᠲᠥᠯᠥᠪᠵᠢᠭᠦᠯᠭᠡ ᠶᠢᠨ ᠬᠤᠭᠤᠴᠠᠭᠠᠨ ᠤ ᠡᠯ᠎ᠡ ᠵᠦᠢᠯ ᠤᠨ ᠡᠭᠦᠷᠭᠡ ᠎ ᠶᠢ ᠰᠠᠶᠢᠲᠤᠷ ᠲᠥᠯᠥᠪᠵᠢᠭᠦᠯᠬᠦ ᠳᠤ ᠲᠦᠷᠪᠡᠨ ᠴᠢᠩᠭᠠᠳᠬᠠᠯ ᠢ ᠰᠠᠶᠢᠲᠤᠷ ᠠᠳᠬᠤᠬᠤ ᠶᠢ ᠴᠢᠬᠤᠯᠠᠴᠢᠯᠠᠬᠤ ᠬᠡᠷᠡᠭᠲᠡᠢ ᠄ ᠪᠡᠯᠡ ᠣᠷᠤᠭᠤᠯᠤᠯᠲᠠ ᠪᠠᠷ ᠳᠠᠶᠢᠴᠢᠯᠠᠬᠤ ᠶᠢ ᠴᠢᠩᠭᠠᠳᠬᠠᠵᠤ᠂ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠎ ᠶᠢ ᠴᠢᠩᠭᠠᠳᠬᠠᠵᠤ᠂ ᠥᠭᠡᠷᠡᠴᠢᠯᠡᠯᠲᠡ ᠶᠢᠨ ᠠᠬᠢᠭᠤᠯᠤᠯᠳᠠ ᠶᠢ ᠴᠢᠩᠭᠠᠳᠬᠠᠵᠤ᠂ ᠠᠮᠢ ᠠᠬᠤᠢ ᠶᠢᠨ ᠬᠤᠯᠪᠣᠭᠠᠯᠠᠨ ᠬᠥᠳᠡᠯᠦᠯᠴᠡᠬᠦ ᠶᠢ ᠴᠢᠩᠭᠠᠳᠬᠠᠬᠤ ᠬᠡᠷᠡᠭᠲᠡᠢ᠃ ᠡᠨᠡ ᠵᠢᠯ ᠳᠣᠤᠷᠠᠬᠢ ᠵᠢᠷᠭᠤᠭᠠᠨ ᠲᠠᠯ᠎ᠠ ᠶᠢᠨ ᠠᠵᠢᠯ ᠢ ᠭᠤᠤᠯᠳᠠᠯᠭ᠎ᠠ ᠎ ᠲᠠᠢ ᠰᠠᠶᠢᠲᠤᠷ ᠠᠳᠬᠤᠨ᠎ᠠ᠄ ︵ᠨᠢᠭᠡ︶ ᠠᠵᠤ ᠠᠬᠤᠢ ᠶᠢᠨ ᠠᠵᠢᠯᠯᠠᠭᠠᠨ ᠢ ᠬᠦᠴᠦᠯᠡᠨ ᠲᠣᠭᠲᠠᠪᠤᠷᠢᠵᠢᠭᠤᠯᠵᠤ᠂ ᠪᠣᠳᠠᠲᠤ ᠴᠣᠭᠴᠠ ᠶᠢᠨ ᠠᠵᠤ ᠠᠬᠤᠶ ᠶᠢᠨ ᠠᠮᠢᠳᠤᠯᠢᠭ ᠬᠦᠴᠦᠨ ᠢ ᠬᠥᠭᠵᠢᠭᠡᠨ᠎ᠡ᠃ ᠠᠵᠢᠯ ᠦᠢᠯᠡᠳᠪᠦᠷᠢᠯᠡᠯ ᠢᠶᠠᠨ ᠰᠡᠷᠭᠦᠭᠡᠬᠦ ᠶᠢ ᠪᠦᠬᠦ ᠬᠦᠴᠦ ᠪᠠᠷ ᠠᠬᠢᠭᠤᠯᠵᠤ᠂ ᠪᠡᠯᠡ ᠣᠷᠤᠭᠤᠯᠤᠯᠲᠠ ᠪᠠᠨ ᠵᠣᠬᠢᠰᠲᠠᠢ ᠪᠦᠲᠦᠮᠵᠢᠲᠡᠢ ᠥᠷᠭᠡᠳᠬᠡᠵᠦ᠂ ᠣᠨᠣᠪᠴᠢᠲᠠᠢ ᠬᠦᠴᠦᠯᠡᠵᠦ ᠠᠷᠠᠯᠵᠢᠶᠠᠴᠢᠨ ᠤᠷᠢᠵᠤ ᠪᠡᠯᠡ ᠣᠷᠣᠭᠤᠯᠵᠤ᠂ ᠰᠡᠳᠬᠢᠯ ᠢᠶᠠᠨ ᠨᠢᠭᠡᠳᠬᠡᠨ ᠬᠦᠴᠦ ᠪᠠᠨ ᠲᠥᠪᠯᠡᠷᠡᠭᠦᠯᠦᠨ ᠬᠦᠷᠢᠶᠡᠯᠡᠩ ᠲᠣᠭᠤᠷᠢᠭ ᠢ ᠪᠦᠲᠦᠭᠡᠨ ᠪᠠᠶᠢᠭᠤᠯᠤᠨ᠎ᠠ᠃ ︵ᠬᠤᠶᠠᠷ︶ ᠠᠵᠤ ᠦᠢᠯᠡᠰ ᠤᠨ ᠪᠦᠲᠦᠴᠡ ᠶᠢ ᠲᠤᠬᠢᠷᠠᠭᠤᠯᠤᠨ ᠰᠢᠯᠢᠳᠡᠭᠵᠢᠭᠦᠯᠵᠦ᠂ ᠬᠡᠯᠪᠡᠷᠢ ᠪᠠᠨ ᠬᠤᠪᠢᠷᠠᠭᠤᠯᠤᠨ ᠶᠠᠰᠤ ᠴᠢᠨᠠᠷ ᠢ ᠳᠡᠭᠡᠭᠰᠢᠯᠡᠭᠦᠯᠬᠦ ᠠᠯᠬᠤᠴᠠ ᠶᠢ ᠲᠦᠷᠭᠡᠳᠬᠡᠨ᠂ ᠤᠯᠠᠮᠵᠢᠯᠠᠯᠲᠤ ᠠᠵᠤ ᠦᠶᠯᠡᠰ ᠢ ᠥᠭᠡᠷᠡᠴᠢᠯᠡᠨ ᠳᠡᠭᠡᠭᠰᠢᠯᠡᠭᠦᠯᠵᠦ᠂ ᠰᠢᠨ᠎ᠡ ᠪᠠᠷ ᠪᠣᠢ ᠪᠣᠯᠤᠭᠰᠠᠨ ᠠᠵᠤ ᠦᠶᠯᠡᠰ ᠢ ᠪᠣᠶᠢᠵᠢᠭᠤᠯᠤᠨ ᠪᠤᠵᠠᠭᠠᠶᠢᠷᠠᠭᠤᠯᠵᠤ᠂ ᠬᠡᠷᠡᠭᠯᠡᠭᠡᠨ ᠤ ᠵᠠᠬ᠎ᠠ ᠳᠡᠯᠭᠡᠭᠦᠷ ᠎ ᠤᠨ ᠠᠮᠢᠵᠢᠷᠠᠯ ᠤᠨ ᠬᠦᠴᠦᠨ ᠢ ᠬᠥᠭᠵᠢᠭᠡᠨ᠎ᠡ᠃ ︵ᠭᠤᠷᠪᠠ︶ ᠬᠥᠭᠵᠢᠯᠲᠡ ᠶᠢᠨ ᠬᠤᠷᠢᠭ᠎ᠠ ᠱᠤᠭᠤᠮ ᠢ ᠪᠠᠲᠤ ᠰᠠᠬᠢᠵᠤ᠂ ᠭᠤᠷᠪᠠᠨ ᠶᠡᠭᠡ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠣᠯᠵᠤ᠂ ᠬᠦᠨᠳᠦ ᠶᠡᠭᠡ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠰᠠᠶᠢᠲᠤᠷ ᠬᠢᠵᠦ᠂ ᠤᠨᠢᠨ ᠳᠡᠭᠡᠷ᠎ᠡ ᠨᠢ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠰᠠᠶᠢᠲᠤᠷ ᠬᠢᠵᠦ᠂ ᠪᠣᠬᠢᠷᠲᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠡᠷᠡᠰ ᠰᠠᠶᠢᠲᠤᠷ ᠬᠢᠨ᠎ᠠ᠃ ︵ᠳᠥᠷᠪᠡ︶ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠪᠥᠬᠦ ᠬᠦᠴᠦ ᠪᠠᠷ ᠠᠬᠢᠭᠤᠯᠵᠤ᠂ ᠬᠥᠳᠡᠯᠭᠡᠬᠦ ᠬᠦᠴᠦᠨ ᠪᠠ ᠠᠮᠢᠵᠢᠷᠠᠯ ᠤᠨ ᠬᠦᠴᠦᠨ ᠢ ᠲᠦᠷᠭᠡᠳᠬᠡᠨ ᠪᠠᠳᠠᠷᠠᠭᠤᠯᠵᠤ᠂ ᠨᠠᠩ ᠶᠡᠭᠡ ᠡᠷᠡᠰ ᠵᠣᠷᠢᠭ ᠢᠶᠠᠷ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠲᠠᠰᠤᠷᠠᠯᠲᠠ ᠥᠬᠡᠶ ᠰᠢᠯᠢᠳᠡᠭᠵᠢᠭᠦᠯᠵᠦ᠂ ᠨᠠᠩ ᠶᠡᠭᠡ ᠡᠷᠴᠢᠮ ᠢᠶᠠᠷ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠵᠦ᠂ ᠨᠠᠩ ᠪᠣᠳᠠᠲᠠᠶ ᠠᠷᠭ᠎ᠠ ᠬᠡᠮᠵᠢᠶ᠎ᠡ ᠪᠠᠷ ᠠᠷᠠᠳ ᠎ ᠤᠨ ᠡᠵᠡᠩᠨᠡᠯᠲᠡ ᠶᠢᠨ ᠠᠵᠤ ᠠᠬᠤᠶ ᠶᠢᠨ ᠬᠥᠭᠵᠢᠯᠲᠡ ᠶᠢ ᠳᠡᠮᠵᠢᠵᠦ᠂ ᠨᠠᠩ ᠶᠡᠭᠡ ᠪᠠᠶᠢᠷᠢᠰᠢᠯ ᠢᠶᠠᠷ ᠣᠷᠣᠨ ᠪᠦᠰᠡ ᠎ ᠶᠢᠨ ᠬᠠᠮᠵᠢᠯᠴᠠᠨ ᠬᠥᠭᠵᠢᠬᠦ ᠶᠢ ᠠᠬᠢᠭᠤᠯᠤᠨ᠎ᠠ᠃ ︵ᠲᠠᠪᠤ︶ ᠬᠠᠮᠲᠤᠪᠠᠷ ᠪᠠᠶᠢᠭᠤᠯᠵᠤ ᠬᠠᠮᠲᠤᠪᠠᠷ ᠡᠳ᠋ᠯᠡᠬᠦ ᠣᠨᠣᠯᠵᠢᠬᠤᠨ ᠢ ᠦᠶᠯᠡᠳᠦᠯᠭᠡᠵᠢᠭᠦᠯᠵᠦ᠂ ᠠᠷᠠᠳ ᠤᠨ ᠠᠮᠢᠳᠤᠷᠠᠯ ᠤᠨ ᠠᠵᠠ ᠵᠢᠷᠭᠠᠯ ᠢ ᠲᠠᠰᠤᠷᠠᠯᠲᠠ ᠥᠬᠡᠶ ᠨᠡᠮᠡᠭᠳᠡᠭᠦᠯᠦᠨ᠂ ᠨᠡᠶᠢᠭᠡᠮ ᠤᠨ ᠦᠶᠯᠡᠰ ᠢ ᠪᠥᠬᠦ ᠲᠠᠯ᠎ᠠ ᠪᠠᠷ ᠴᠡᠴᠡᠭᠯᠡᠭᠦᠯᠦᠨ ᠬᠥᠭᠵᠢᠭᠦᠯᠵᠦ᠂ ᠠᠷᠠᠳ ᠤᠨ ᠠᠮᠢᠳᠤᠷᠠᠯ ᠤᠨ ᠪᠠᠲᠤᠯᠠᠭ᠎ᠠ ᠳᠤ ᠪᠥᠬᠦ ᠲᠠᠯ᠎ᠠ ᠪᠠᠷ ᠲᠥᠪᠯᠡᠷᠡᠭᠦᠯᠦᠨ᠂ ᠬᠤᠲᠠ ᠶᠢᠨ ᠴᠢᠳᠠᠮᠵᠢ ᠶᠢ ᠪᠥᠬᠦ ᠬᠦᠴᠦ ᠪᠠᠷ ᠰᠢᠯᠢᠳᠡᠭᠵᠢᠭᠦᠯᠵᠦ᠂ ᠨᠡᠶᠢᠭᠡᠮ ᠤᠨ ᠡᠶ᠎ᠡ ᠵᠣᠬᠢᠴᠠᠯ ᠪᠠ ᠲᠣᠭᠲᠠᠭᠤᠨ ᠪᠠᠶᠢᠳᠠᠯ ᠢ ᠪᠥᠬᠦ ᠬᠦᠴᠦ ᠪᠠᠷ ᠪᠠᠲᠤᠯᠠᠨ᠎ᠠ᠃ ︵ᠵᠢᠷᠭᠤᠭ᠎ᠠ︶ ᠲᠣᠰ ᠪᠡᠶ᠎ᠡ ᠶᠢᠨ ᠪᠠᠶᠢᠭᠤᠯᠤᠯᠲᠠ ᠪᠠᠨ ᠦᠨᠡᠨᠬᠦ ᠴᠢᠩᠭᠠᠳᠬᠠᠵᠤ᠂ ᠵᠠᠰᠠᠯᠲᠠ ᠶᠢᠨ ᠴᠢᠳᠠᠪᠤᠷᠢ ᠪᠠᠨ ᠪᠥᠬᠦ ᠲᠠᠯ᠎ᠠ ᠪᠠᠷ ᠳᠡᠭᠡᠭᠰᠢᠯᠡᠭᠦᠯᠵᠦ᠂ ᠡᠭᠦᠷᠭᠡ ᠬᠠᠷᠢᠭᠤᠴᠠᠯᠭ᠎ᠠ ᠪᠠᠨ ᠭᠦᠶᠴᠡᠳᠬᠡᠭᠰᠡᠨ ᠬᠠᠷᠢᠭᠤᠴᠠᠯᠭᠠᠲᠤ ᠬᠡᠯᠪᠡᠷᠢ ᠶᠢᠨ ᠵᠠᠰᠠᠭ ᠤᠨ ᠣᠷᠳᠣᠨ᠂ ᠪᠣᠳᠠᠲᠠᠶ ᠶᠢ ᠡᠷᠬᠢᠮᠯᠡᠭᠰᠡᠨ ᠥᠨᠳᠥᠷ ᠦᠷ᠎ᠡ ᠪᠦᠲᠦᠮᠵᠢᠲᠡᠶ ᠦᠶᠯᠡᠴᠢᠯᠡᠭᠡᠨ ᠤ ᠬᠡᠯᠪᠡᠷᠢ ᠶᠢᠨ ᠵᠠᠰᠠᠭ ᠤᠨ ᠣᠷᠳᠣᠨ᠂ ᠵᠠᠰᠠᠭ ᠵᠠᠬᠢᠷᠭᠠᠨ ᠤ ᠵᠢᠳᠬᠦᠯ ᠴᠢᠷᠮᠠᠶᠢᠯᠭ᠎ᠠ ᠲᠠᠢ ᠰᠢᠨ᠎ᠡ ᠶᠢ ᠡᠭᠦᠳᠬᠦ ᠬᠡᠯᠪᠡᠷᠢ ᠶᠢᠨ ᠵᠠᠰᠠᠭ ᠤᠨ ᠣᠷᠳᠣᠨ᠂ ᠤᠯᠤᠰ ᠲᠥᠷᠥ ᠭᠡᠭᠡᠨ ᠰᠠᠷᠠᠭᠤᠯ ᠠᠷᠢᠭᠤᠨ ᠴᠢᠬᠡᠴᠢ ᠬᠡᠯᠪᠡᠷᠢ ᠶᠢᠨ ᠵᠠᠰᠠᠭ ᠤᠨ ᠣᠷᠳᠣᠨ ᠢ ᠪᠠᠶᠢᠭᠤᠯᠤᠨ᠎ᠠ ᠭᠡᠪᠡ᠃      ᠡᠴᠦᠰ ᠲᠤ᠂ ᠬᠤᠸᠠᠩ ᠮᠢᠨ᠂ ᠠᠷᠠᠳ ᠲᠦᠮᠡᠨ ᠤ ᠬᠦᠰᠡᠯ ᠡᠷᠡᠮᠡᠯᠵᠡᠯ ᠪᠣᠯ ᠵᠠᠰᠠᠭ ᠲᠥᠷᠥ ᠶᠢᠨ ᠬᠠᠨᠳᠤᠰᠢ ᠮᠥᠨ᠃ ᠪᠢᠳᠡ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ᠂ ᠲᠣᠭᠤᠷᠢᠭ ᠤᠨ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠤᠭ ᠰᠠᠨᠠᠭ᠎ᠠ ᠪᠠᠨ ᠦᠯᠦ ᠮᠠᠷᠲᠠᠨ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠥᠷᠯᠥᠭᠡ ᠦᠳᠡᠰᠢ ᠶᠢ ᠲᠡᠮᠡᠴᠡᠨ ᠵᠠᠯᠠᠭᠤ ᠨᠠᠰᠤ ᠪᠠᠨ ᠦᠯᠦ ᠬᠥᠰᠡᠷᠳᠡᠭᠦᠯᠦᠨ᠂ ᠨᠡᠩ ᠣᠷᠭᠢᠯᠤᠮ᠎ᠠ ᠬᠠᠯᠠᠭᠤᠨ ᠰᠡᠳᠬᠢᠯᠭᠡ᠂ ᠨᠡᠩ ᠴᠤᠭ ᠪᠠᠳᠠᠷᠠᠩᠭᠤᠢ ᠲᠡᠮᠡᠴᠡᠯ ᠤᠨ ᠵᠣᠷᠢᠭ ᠢᠶᠠᠷ ᠰᠢᠨ᠎ᠡ ᠵᠢᠳᠬᠦᠯ ᠴᠢᠷᠮᠠᠶᠢᠯᠭ᠎ᠠ ᠪᠠᠨ ᠢᠯᠡᠷᠡᠭᠦᠯᠵᠦ᠂ ᠰᠢᠨ᠎ᠡ ᠠᠮᠵᠢᠯᠲᠠ ᠪᠦᠲᠦᠮᠵᠢ ᠶᠢ  ᠡᠭᠦᠳᠴᠦ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠴᠠᠭ ᠦᠶ᠎ᠡ ᠶᠢᠨ ᠬᠦᠰᠡᠯ ᠢᠶᠠᠨ ᠭᠠᠷ ᠬᠤᠯᠪᠣᠨ ᠬᠠᠮᠲᠤ ᠪᠠᠷ ᠪᠡᠶᠡᠯᠡᠭᠦᠯᠵᠦ᠂ ᠵᠣᠯ ᠵᠢᠷᠭᠠᠯᠲᠤ ᠪᠠᠶ᠋ᠬᠠᠣᠪᠤᠭ᠎ᠠ ᠶᠢᠨ ᠭᠡᠷᠡᠯ ᠰᠠᠴᠤᠷᠠᠩᠭᠤᠢ ᠬᠠᠭᠤᠳᠠᠰᠤ ᠎ ᠶᠢ ᠴᠢᠷᠮᠠᠶᠢᠨ ᠪᠢᠴᠢᠭᠯᠡᠵᠡᠭᠡᠶ᠎ᠡ ᠭᠡᠪᠡ᠃      ᠪᠦᠬᠦ ᠲᠥᠯᠥᠭᠡᠯᠡᠭᠴᠢᠳ ᠬᠤᠸᠠᠩ ᠮᠢᠨ ᠤ ᠬᠢᠭᠰᠡᠨ ᠮᠡᠳᠡᠭᠦᠯᠦᠯᠲᠡ ᠳᠤ ᠬᠠᠯᠠᠭᠤᠨ ᠢᠶᠠᠷ ᠠᠯᠠᠭ᠎ᠠ ᠲᠠᠰᠢᠪᠠ᠃      ᠶᠡᠭᠡ ᠬᠤᠷᠠᠯ ᠠᠴᠠ《ᠪᠠᠶ᠋ᠬᠠᠣᠪᠤᠭ᠎ᠠ ᠠᠭᠤᠷᠬᠠᠢ ᠶᠢᠨ ᠲᠣᠭᠤᠷᠢᠭ ᠤᠨ 2019 ᠣᠨ ᠤ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ᠶᠢ ᠭᠦᠶᠴᠡᠳᠬᠡᠭᠰᠡᠨ ᠪᠠᠶᠢᠳᠠᠯ ᠬᠢᠭᠡᠳ 2020 ᠣᠨ ᠤ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ᠶᠢᠨ ᠲᠥᠰᠦᠯ ᠤᠨ ᠮᠡᠳᠡᠭᠦᠯᠦᠯᠲᠡ》《ᠪᠠᠶ᠋ᠬᠠᠣᠪᠤᠭ᠎ᠠ ᠠᠭᠤᠷᠬᠠᠢ ᠶᠢᠨ ᠲᠣᠭᠤᠷᠢᠭ ᠤᠨ 2019 ᠣᠨ ᠤ ᠡᠳ᠋ ᠤᠨ ᠵᠠᠰᠠᠭ ᠤᠨ ᠲᠥᠰᠦᠪ ᠢ ᠭᠦᠶᠴᠡᠳᠬᠡᠭᠰᠡᠨ ᠪᠠᠶᠢᠳᠠᠯ ᠪᠠ 2020 ᠣᠨ ᠤ ᠡᠳ᠋ ᠤᠨ ᠵᠠᠰᠠᠭ ᠤᠨ ᠲᠥᠰᠦᠪ ᠤᠨ ᠲᠥᠰᠦᠯ ᠤᠨ ᠮᠡᠳᠡᠭᠦᠯᠦᠯᠲᠡ》᠎ ᠶᠢ ᠳᠠᠷᠤᠮᠠᠯᠯᠠᠨ ᠲᠠᠷᠬᠠᠭᠠᠵᠤ᠂ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠎ ᠤᠨ ᠲᠥᠯᠥᠭᠡᠯᠡᠭᠴᠢᠳ ᠲᠤ ᠬᠢᠨᠠᠨ ᠪᠠᠶᠢᠴᠠᠭᠠᠯᠭᠠᠬᠤ ᠪᠠᠷ ᠳᠡᠪᠰᠢᠭᠦᠯᠪᠡ᠃《ᠪᠠᠶ᠋ᠬᠠᠣᠪᠤᠭ᠎ᠠ ᠠᠭᠤᠷᠬᠠᠢ ᠶᠢᠨ ᠲᠣᠭᠤᠷᠢᠭ ᠤᠨ 2020 ᠣᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠰᠣᠩᠭᠤᠭᠤᠯᠢ ᠶᠢᠨ ᠲᠥᠷᠥᠯ ᠵᠦᠶᠯ ᠤᠨ ᠲᠥᠰᠦᠯ》᠎ ᠢ ᠳᠠᠷᠤᠮᠠᠯᠯᠠᠨ ᠲᠠᠷᠬᠠᠭᠠᠵᠤ᠂ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠪᠠᠷ ᠬᠢᠨᠠᠨ ᠵᠥᠪᠯᠡᠭᠦᠯᠬᠦ ᠪᠠᠷ ᠳᠡᠪᠰᠢᠭᠦᠯᠪᠡ᠃      ᠬᠠᠤᠯᠢ ᠳᠤ ᠲᠣᠭᠲᠠᠭᠠᠭᠰᠠᠨ ᠰᠤᠯᠠ ᠣᠷᠣᠯᠴᠠᠭᠰᠠᠳ ᠠᠴᠠ ᠭᠠᠳᠠᠨ᠎ᠠ᠂ ᠶᠡᠭᠡ ᠬᠤᠷᠠᠯ ᠳᠤ ᠪᠠᠰᠠ ᠪᠠᠶ᠋ᠬᠠᠣᠪᠤᠭ᠎ᠠ ᠠᠭᠤᠷᠬᠠᠢ ᠶᠢᠨ ᠲᠣᠭᠤᠷᠢᠭ ᠤᠨ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠷᠪᠠ ᠶᠢᠰᠦᠳᠦᠭᠡᠷ ᠬᠤᠷᠠᠯᠳᠤᠭᠠᠨ ᠠᠴᠠ ᠲᠣᠭᠲᠠᠭᠠᠭᠰᠠᠨ ᠰᠤᠯᠠ ᠣᠷᠣᠯᠴᠠᠭᠰᠠᠳ᠂ ᠪᠠᠶ᠋ᠬᠠᠣᠪᠤᠭ᠎ᠠ ᠠᠭᠤᠷᠬᠠᠢ ᠶᠢᠨ ᠲᠣᠭᠤᠷᠢᠭ ᠤᠨ ᠤᠯᠤᠰ ᠲᠦᠷᠦ ᠶᠢᠨ ᠵᠥᠪᠯᠡᠯᠭᠡᠨ ᠤ ᠳᠣᠯᠣᠳᠤᠭᠠᠷ ᠬᠤᠭᠤᠴᠠᠭᠠᠨ ᠤ ᠭᠤᠷᠪᠠᠳᠤᠭᠠᠷ ᠬᠤᠷᠠᠯᠳᠤᠭᠠᠨ ᠳᠤ ᠣᠷᠣᠯᠴᠠᠭᠰᠠᠨ ᠪᠦᠬᠦ ᠭᠡᠰᠢᠭᠦᠳ ᠰᠤᠯᠠ ᠣᠷᠣᠯᠴᠠᠪᠠ᠃
 
ᠢᠷᠡᠯᠲᠡ᠄ ᠪᠠᠶ᠋ᠬᠠᠣᠪᠤᠭ᠎ᠠ ᠠᠭᠤᠷᠬᠠᠢ ᠶᠢᠨ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号