4 ᠰᠠᠷ᠎ᠠ ᠶᠢᠨ 2 ᠤᠨ ᠡᠳᠦᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠪᠠᠶ᠋ᠬᠠᠣᠪᠤᠭ᠎ᠠ ᠠᠭᠤᠷᠬᠠᠶ ᠶᠢᠨ | ᠲᠣᠭᠤᠷᠢᠭ ᠤᠨ ᠠᠷᠪᠠᠨ ᠨᠢᠭᠡᠳᠦᠭᠡᠷ ᠬᠤᠭᠤᠴᠠᠭᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠲᠠᠪᠤᠳᠤᠭᠠᠷ ᠪᠥᠬᠦᠳᠡ | ᠬᠤᠷᠠᠯ ᠬᠤᠷᠠᠯᠳᠤᠪᠠ᠃ ᠪᠥᠬᠦᠳᠡ ᠬᠤᠷᠠᠯ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ | ᠣᠨᠴᠠᠯᠢᠭ ᠪᠥᠬᠦᠶ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠨᠠᠮ ᠤᠨ ᠠᠷᠪᠠ ᠶᠢᠰᠦᠳᠦᠭᠡᠷ | ᠶᠡᠭᠡ ᠬᠤᠷᠠᠯ ᠪᠠ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ ᠪᠠ | ᠳᠥᠷᠪᠡᠳᠦᠭᠡᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠵᠤ᠂ ᠠᠷᠪᠠ ᠶᠢᠰᠦᠳᠦᠭᠡᠷ | ᠬᠤᠭᠤᠴᠠᠭᠠᠨ ᠤ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠳᠥᠷᠪᠡᠳᠦᠭᠡᠷ ᠪᠥᠬᠦᠳᠡ ᠬᠤᠷᠠᠯ᠂ ᠥᠪᠡᠷᠲᠡᠭᠡᠨ | ᠵᠠᠰᠠᠬᠤ ᠣᠷᠣᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠠᠷᠪᠠᠳᠤᠭᠠᠷ ᠬᠤᠭᠤᠴᠠᠭᠠᠨ ᠤ ᠵᠢᠷᠭᠤᠳᠤᠭᠠᠷ ᠪᠥᠬᠦᠳᠡ | ᠬᠤᠷᠠᠯ ᠵᠢᠴᠢ ᠬᠤᠲᠠ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠠᠷᠪᠠᠨ ᠬᠤᠶᠠᠳᠤᠭᠠᠷ ᠬᠤᠭᠤᠴᠠᠭᠠᠨ ᠤ | ᠲᠠᠪᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠬᠢᠨᠠᠮᠠᠭᠠᠶ ᠨᠠᠶᠢᠳᠠᠪᠤᠷᠢᠵᠢᠭᠤᠯᠵᠤ᠂ 2019 ᠣᠨ ᠤ ᠰᠠᠬᠢᠯᠭ᠎ᠠ | ᠪᠠᠲᠤ ᠬᠢᠨᠠᠨ ᠪᠠᠶᠢᠴᠠᠭᠠᠬᠤ ᠠᠵᠢᠯ ᠢ ᠡᠷᠭᠢᠴᠡᠭᠦᠯᠦᠨ ᠳ᠋ᠦᠩᠨᠡᠵᠦ᠂ 2020 ᠣᠨ ᠤ ᠠᠵᠢᠯ ᠡᠭᠦᠷᠭᠡ ᠶᠢ ᠰᠤᠳᠤᠯᠤᠨ | ᠪᠠᠶᠢᠷᠢᠯᠠᠭᠤᠯᠪᠠ᠃ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠵᠠᠩ ᠶᠦᠩ ᠳ᠋ᠦᠩ ᠬᠤᠷᠠᠯ ᠳᠤ ᠣᠷᠣᠯᠴᠠᠵᠤ ᠶᠠᠷᠢᠶ᠎ᠠ | ᠲᠠᠯᠪᠢᠪᠠ᠃ ᠲᠡᠷᠡ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠠᠵᠢᠯ ᠡᠭᠦᠷᠢᠳᠡ ᠵᠤᠭᠰᠤᠰᠢ ᠦᠭᠡᠢ ᠶᠠᠪᠤᠭᠳᠠᠨ᠎ᠠ᠂ ᠪᠦᠬᠦ | ᠲᠣᠭᠤᠷᠢᠭ ᠤᠨ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠤᠯᠭ᠎ᠠ ᠶᠡᠷᠦᠩᠬᠡᠢ ᠱᠦᠵᠢ ᠰᠢ ᠶᠢᠨ ᠫᠢᠩ ᠤᠨ | ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠪᠠᠲᠤᠲᠠᠢ ᠦᠢᠯᠡᠳᠦᠯᠭᠡᠵᠢᠭᠦᠯᠵᠦ᠂ ᠠᠷᠪᠠ ᠶᠢᠰᠦᠳᠦᠭᠡᠷ | ᠬᠤᠭᠤᠴᠠᠭᠠᠨ ᠤ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠳᠥᠷᠪᠡᠳᠦᠭᠡᠷ ᠪᠦᠬᠦᠳᠡ ᠬᠤᠷᠠᠯ᠂ ᠥᠪᠡᠷᠲᠡᠭᠡᠨ | ᠵᠠᠰᠠᠬᠤ ᠣᠷᠣᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠠᠷᠪᠠᠳᠤᠭᠠᠷ ᠬᠤᠭᠤᠴᠠᠭᠠᠨ ᠤ ᠵᠢᠷᠭᠤᠳᠤᠭᠠᠷ ᠪᠦᠬᠦᠳᠡ | ᠬᠤᠷᠠᠯ᠂ ᠪᠤᠭᠤᠲᠤ ᠬᠤᠳᠠ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠠᠷᠪᠠᠨ ᠬᠤᠶᠠᠳᠤᠭᠠᠷ ᠬᠤᠭᠤᠴᠠᠭᠠᠨ ᠤ | ᠲᠠᠪᠤᠳᠤᠭᠠᠷ ᠪᠦᠬᠦᠳᠠ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂《ᠴᠢᠩᠭ᠎ᠠ》ᠭᠤᠣᠯ | ᠬᠦᠭ ᠠᠶᠠᠰ ᠢ ᠪᠠᠷᠢᠮᠲᠠᠯᠠᠬᠤ ᠬᠡᠷᠡᠭᠲᠡᠢ᠃《ᠨᠠᠷᠢᠯᠢᠭ ᠣᠨᠣᠴᠠᠲᠠᠶ ᠪᠠᠷ ᠬᠢᠨᠠᠯᠲᠠ ᠲᠠᠯᠪᠢᠬᠤ ᠣᠨ》 ᠤ ᠠᠵᠢᠯᠯᠠᠭ᠎ᠠ ᠶᠢ | ᠯᠠᠪᠳᠠᠭᠤᠨ ᠪᠠᠲᠤᠲᠠᠶ ᠥᠷᠨᠢᠭᠦᠯᠵᠦ᠂ ᠡᠷᠬᠡ ᠶᠢᠨ ᠠᠵᠢᠯᠯᠠᠭᠠᠨ ᠢ ᠬᠢᠵᠠᠭᠠᠷᠯᠠᠬᠤ ᠪᠠ ᠬᠢᠨᠠᠯᠲᠠ ᠲᠠᠯᠪᠢᠬᠤ ᠪᠠᠨ | ᠴᠢᠩᠭᠠᠳᠬᠠᠵᠤ᠂ ᠤᠯᠤᠰ ᠲᠥᠷᠥ ᠶᠢᠨ ᠠᠮᠢ ᠠᠬᠤᠶ ᠶᠢ ᠦᠷᠭᠦᠯᠵᠢᠯᠡᠨ ᠴᠡᠪᠡᠷᠰᠢᠭᠦᠯᠵᠦ᠂ ᠠᠷᠢᠭᠤᠨ ᠴᠢᠬᠡᠴᠢ ᠪᠠᠷ ᠵᠠᠰᠠᠭ | ᠪᠠᠷᠢᠬᠤ《ᠰᠤᠷᠭᠠᠨ ᠬᠥᠮᠥᠵᠢᠯ ᠤᠨ ᠬᠢᠴᠢᠶᠡᠯ》 ᠢ ᠰᠠᠶᠢᠲᠤᠷ ᠬᠢᠵᠦ᠂ ᠪᠡᠶ᠎ᠡ ᠪᠠᠨ ᠪᠠᠷᠢᠬᠤ《ᠠᠯᠲᠠᠨ ᠬᠤᠩᠬᠤᠲᠤ | ᠪᠦᠷᠬᠦᠭᠦᠯ》 ᠢ ᠰᠠᠶᠢᠲᠤᠷ ᠪᠣᠯᠪᠠᠰᠤᠷᠠᠵᠤ᠂《ᠴᠢᠩᠭᠠᠯᠠᠬᠤ ᠲᠠᠷᠨᠢ》 ᠶᠢ ᠰᠠᠶᠢᠲᠤᠷ ᠤᠩᠰᠢᠨ᠎ᠠ᠃ ᠪᠦᠬᠦ ᠲᠠᠯ᠎ᠠ ᠪᠠᠷ ᠨᠠᠮ ᠢ | ᠴᠢᠩᠭ᠎ᠠ ᠵᠠᠰᠠᠬᠤ ᠠᠵᠢᠯ ᠢ ᠭᠦᠨᠵᠡᠭᠡᠶᠢᠷᠡᠭᠦᠯᠦᠨ ᠬᠥᠭᠵᠢᠭᠦᠯᠬᠦ ᠶᠢ ᠢᠮᠠᠭᠲᠠ ᠲᠤᠭᠤᠰᠢᠯᠠᠭᠤᠯᠤᠨ ᠠᠬᠢᠭᠤᠯᠵᠤ᠂ ᠪᠦᠬᠦ | ᠲᠣᠭᠤᠷᠢᠭ ᠤᠨ ᠳᠡᠭᠡᠳᠦ ᠳᠤᠤᠷᠠᠳᠤ ᠱᠠᠲᠤᠨ ᠤ《ᠬᠤᠶᠠᠷ ᠢ ᠬᠠᠮᠠᠭᠠᠯᠠᠬᠤ》 ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ | ᠪᠠᠲᠤᠯᠠᠵᠤ᠂ ᠮᠠᠨ ᠤ ᠲᠣᠭᠤᠷᠢᠭ ᠤᠨ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠬᠤ ᠪᠠ《ᠠᠷᠪᠠᠨ ᠭᠤᠷᠪᠠᠳᠤᠭᠠᠷ | ᠲᠠᠪᠤᠨ ᠵᠢᠯ》 ᠤᠨ ᠰᠡᠭᠦᠯ ᠬᠤᠷᠢᠶᠠᠬᠤ᠂ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠰᠠᠶᠢᠲᠤᠷ ᠵᠠᠮᠨᠠᠬᠤ ᠳᠤ | ᠪᠠᠲᠤ ᠴᠢᠩᠭ᠎ᠠ ᠪᠠᠲᠤᠯᠠᠭ᠎ᠠ ᠬᠠᠩᠭᠠᠬᠤ ᠬᠡᠷᠡᠭᠲᠡᠢ ᠭᠡᠵᠦ ᠴᠢᠩᠭᠠᠳᠬᠠᠪᠠ᠃ ᠬᠤᠲᠠ ᠶᠢᠨ ᠰᠠᠬᠢᠯᠭ᠎ᠠ ᠪᠠᠲᠤ ᠪᠠᠶᠢᠴᠠᠭᠠᠬᠤ | ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠭᠤᠷᠪᠠᠳᠤᠭᠠᠷ ᠬᠢᠨᠠᠯᠲᠠ ᠲᠠᠯᠪᠢᠵᠤ ᠪᠠᠶᠢᠴᠠᠭᠠᠬᠤ ᠲᠠᠰᠤᠭ ᠤᠨ ᠯᠢᠦ ᠪᠢᠩ | ᠡᠷᠬᠢᠯᠡᠭᠴᠢ ᠬᠤᠷᠠᠯ ᠳᠤ ᠣᠷᠣᠯᠴᠠᠨ ᠵᠢᠭᠠᠨ ᠵᠢᠯᠣᠭᠤᠳᠪᠠ᠃ | | ᠪᠥᠬᠦᠳᠡ ᠬᠤᠷᠠᠯ ᠳᠤ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠠᠬᠢᠯᠭ᠎ᠠ ᠪᠠᠲᠤ | ᠪᠠᠶᠢᠴᠠᠭᠠᠬᠤ ᠬᠤᠷᠢᠶᠠᠨ ᠤ ᠱᠦᠵᠢ᠂ ᠬᠢᠨᠠᠨ ᠪᠠᠶᠢᠴᠠᠭᠠᠬᠤ ᠵᠥᠪᠯᠡᠯ ᠤᠨ ᠡᠷᠬᠢᠯᠡᠭᠴᠢ ᠵᠠᠩ ᠰᠢᠶᠣᠤ ᠭᠤᠸᠠᠩ | ᠲᠣᠭᠤᠷᠢᠭ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠪᠠᠶᠢᠩᠭᠤ ᠶᠢᠨ ᠬᠤᠷᠢᠶ᠎ᠠ ᠶᠢ ᠲᠥᠯᠥᠭᠡᠯᠡᠨ | ᠬᠢᠭᠰᠡᠨ《ᠲᠤᠰᠢᠶᠠᠯ ᠬᠠᠷᠢᠭᠤᠴᠠᠯᠭ᠎ᠠ ᠶᠢᠨ ᠪᠠᠶᠢᠷᠢ ᠲᠣᠭᠲᠠᠭᠠᠯᠲᠠ ᠳᠤ ᠠᠩᠬᠠᠷᠤᠯ ᠢᠶᠠᠨ ᠲᠥᠪᠯᠡᠷᠡᠭᠦᠯᠦᠨ ᠵᠠᠰᠠᠯᠲᠠ ᠶᠢᠨ | ᠦᠷ᠎ᠡ ᠪᠦᠲᠦᠮᠵᠢ ᠪᠠᠨ ᠳᠡᠭᠡᠭᠰᠢᠯᠡᠭᠦᠯᠵᠦ᠂ ᠴᠢᠨᠡᠭᠡᠯᠢᠭ ᠨᠡᠶᠢᠭᠡᠮ ᠢ ᠪᠥᠬᠦ ᠲᠠᠯ᠎ᠠ ᠪᠠᠷ ᠪᠠᠶᠢᠭᠤᠯᠤᠨ ᠪᠦᠲᠦᠭᠡᠬᠦ ᠰᠢᠶᠳᠪᠦᠷᠢᠲᠦ | ᠢᠯᠠᠯᠲᠠ ᠶᠢ ᠤᠯᠬᠤ ᠳᠤ ᠪᠠᠲᠤ ᠴᠢᠩᠭ᠎ᠠ ᠪᠠᠲᠤᠯᠠᠭ᠎ᠠ ᠬᠠᠩᠭᠠᠬᠤ》ᠭᠡᠬᠦ ᠠᠵᠢᠯ ᠤᠨ ᠮᠡᠳᠡᠭᠦᠯᠦᠯᠲᠡ ᠶᠢ ᠬᠢᠨᠠᠨ ᠶᠠᠷᠢᠯᠴᠠᠵᠤ | ᠪᠠᠲᠤᠯᠠᠪᠠ᠃ | | ᠪᠥᠬᠦᠳᠡ ᠬᠤᠷᠠᠯ ᠳᠤ᠂ 2019 ᠣᠨ ᠳᠤ᠂ ᠬᠤᠲᠠ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ | ᠪᠠᠶᠢᠴᠠᠭᠠᠬᠤ ᠵᠥᠪᠯᠡᠯ ᠪᠠ ᠲᠣᠭᠤᠷᠢᠭ ᠤᠨ ᠨᠠᠮ ᠤᠨ ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ ᠳᠣᠤᠷ᠎ᠠ᠂ | ᠪᠠᠶ᠋ᠬᠠᠣᠪᠤᠭ᠎ᠠ ᠠᠭᠤᠷᠬᠠᠢ ᠶᠢᠨ ᠲᠣᠭᠤᠷᠢᠭ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠨᠠᠮ | ᠤᠨ ᠲᠦᠷᠢᠮ ᠪᠠ ᠦᠨᠳᠦᠰᠦᠨ ᠬᠠᠤᠯᠢ ᠠᠴᠠ ᠣᠯᠭᠤᠭᠰᠠᠨ ᠡᠭᠦᠷᠭᠡ ᠬᠠᠷᠢᠭᠤᠴᠠᠯᠭ᠎ᠠ ᠪᠠᠨ ᠦᠨᠡᠨᠴᠢ ᠰᠢᠳᠤᠷᠭᠤ ᠪᠠᠷ | ᠭᠦᠶᠴᠡᠳᠬᠡᠵᠦ᠂《ᠬᠤᠶᠠᠷ ᠢ ᠬᠠᠮᠠᠭᠠᠯᠠᠬᠤ》 ᠶᠢ ᠳᠣᠪᠣᠶᠢᠯᠭᠠᠨ ᠦᠶᠯᠡᠳᠦᠯᠭᠡᠵᠢᠭᠦᠯᠵᠦ᠂ ᠤᠯᠤᠰ ᠲᠥᠷᠥ ᠶᠢᠨ ᠬᠢᠨᠠᠯᠲᠠ | ᠲᠠᠯᠪᠢᠬᠤ ᠶᠢ ᠴᠢᠩᠭ ᠠᠳᠬᠠᠬᠤ ᠳᠤ ᠡᠷᠴᠢᠮ ᠲᠠᠢ ᠪᠣᠯᠪᠠ᠃ ᠲᠤᠰᠬᠠᠢ ᠴᠡᠭᠴᠡᠯᠡᠨ ᠵᠠᠰᠠᠯᠲᠠ ᠶᠢ ᠳᠤᠪᠤᠶᠢᠮ᠎ᠠ ᠠᠬᠢᠭᠤᠯᠵᠤ᠂ | ᠠᠷᠠᠳ ᠲᠦᠮᠡᠨ ᠤ ᠠᠰᠢᠭ ᠲᠤᠰᠠ ᠶᠢ ᠬᠠᠮᠠᠭᠠᠯᠠᠬᠤ ᠠᠵᠢᠯ ᠦᠢᠯᠡᠰ ᠢ ᠶᠠᠪᠤᠭᠳᠠᠭᠤᠯᠪᠠ᠃ ᠰᠠᠶᠢᠨ ᠰᠠᠶᠢᠬᠠᠨ ᠣᠷᠴᠢᠨ | ᠲᠣᠭᠤᠷᠢᠨ ᠢ ᠪᠣᠶ ᠪᠣᠯᠭᠠᠬᠤ ᠶᠢ ᠳᠣᠪᠣᠶᠢᠯᠭᠠᠵᠤ᠂ ᠤᠯᠤᠰ ᠲᠥᠷᠥ ᠶᠢᠨ ᠠᠮᠢ ᠠᠬᠤᠶ ᠶᠢ ᠴᠡᠪᠡᠷᠰᠢᠭᠦᠯᠬᠦ ᠡᠭᠦᠷᠭᠡᠯᠡᠯ ᠢᠶᠠᠨ | ᠪᠡᠶᠡᠯᠡᠭᠦᠯᠪᠡ᠃ ᠴᠠᠭᠳᠠᠨ ᠪᠠᠶᠢᠴᠠᠭᠠᠬᠤ ᠤᠯᠤᠰ ᠲᠦᠷᠦ ᠶᠢᠨ ᠰᠢᠨᠵᠢ ᠴᠢᠨᠠᠷ ᠢ ᠲᠤᠪᠤᠶᠢᠯᠭᠠᠵᠤ᠂ ᠰᠦᠷᠳᠡᠭᠦᠯᠬᠦ | ᠦᠢᠯᠡᠳᠦᠯ ᠤᠨ ᠠᠷᠭ᠎ᠠ ᠬᠡᠮᠵᠢᠶ᠎ᠡ ᠶᠢ ᠢᠯᠡᠷᠡᠭᠦᠯᠪᠡ᠃ ᠲᠡᠷᠢᠭᠦᠨ ᠴᠢᠬᠤᠯᠠ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ | ᠶᠢ ᠲᠤᠪᠤᠶᠢᠯᠭᠠᠵᠤ᠂ ᠰᠤᠷᠲᠠᠯ ᠤᠨ ᠪᠠᠶᠢᠭᠤᠯᠤᠯᠲᠠ ᠶᠢ ᠭᠦᠨᠵᠡᠭᠡᠶᠢᠷᠡᠭᠦᠯᠬᠦ ᠳᠤ ᠡᠷᠴᠢ ᠵᠣᠷᠢᠭ ᠲᠠᠢ ᠠᠬᠢᠭᠤᠯᠪᠠ᠃ ᠲᠦᠷᠢᠮ | ᠤᠨ ᠳᠠᠪᠠᠭᠤᠯᠢᠭ ᠢ ᠲᠤᠪᠤᠶᠢᠮ᠎ᠠ ᠪᠠᠳᠠᠷᠠᠭᠤᠯᠵᠤ᠂ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ ᠰᠢᠨ᠎ᠡ ᠶᠢ | ᠡᠭᠦᠳᠪᠡ᠃《ᠭᠤᠷᠪᠠᠨ ᠦᠭᠡᠢ》 ᠶᠢ ᠨᠢᠭᠡ ᠳᠤ ᠴᠤᠬᠴᠠᠵᠢᠭᠤᠯᠤᠨ ᠠᠬᠢᠭᠤᠯᠬᠤ ᠶᠢ ᠲᠤᠪᠤᠶᠢᠯᠭᠠᠵᠦ᠂ ᠪᠠᠶᠢᠴᠠᠭᠠᠨ | ᠰᠢᠢᠳᠪᠦᠷᠢᠯᠡᠬᠦ ᠶᠠᠰᠤ ᠴᠢᠨᠠᠷ ᠦᠷ᠎ᠡ ᠠᠰᠢᠭ ᠤᠨ ᠰᠢᠪᠲᠤᠯᠤᠯᠲᠠ ᠶᠢ ᠳᠡᠭᠡᠭᠰᠢᠯᠡᠭᠦᠯᠪᠡ᠃ ᠴᠠᠭᠠᠷᠠᠭᠰᠠᠨ ᠡᠩᠨᠡᠭᠡ ᠶᠢ | ᠳᠣᠪᠣᠶᠢᠯᠭᠠᠨ ᠪᠠᠶᠢᠭᠤᠯᠵᠤ᠂ ᠲᠣᠰ ᠪᠡᠶ᠎ᠡ ᠶᠢᠨ ᠪᠠᠶᠢᠭᠤᠯᠤᠯᠲᠠ ᠪᠠᠨ ᠴᠢᠩᠭᠠᠳᠬᠠᠵᠤ ᠦᠷ᠎ᠡ ᠪᠦᠲᠦᠮᠵᠢ ᠣᠯᠪᠠ᠃ | ᠲᠣᠭᠲᠠᠭᠤᠨ ᠤ ᠳᠤᠮᠳᠠ ᠤᠷᠤᠭᠰᠢᠯᠠᠨ ᠳᠠᠪᠰᠢᠬᠤ ᠠᠵᠢᠯ ᠤᠨ ᠶᠡᠷᠦᠩᠬᠡᠢ ᠬᠦᠭ ᠠᠶᠠᠰ ᠢ ᠪᠠᠷᠢᠮᠲᠠᠯᠠᠵᠤ᠂《ᠭᠤᠷᠪᠠᠨ | ᠨᠢᠭᠡᠳᠦᠯᠲᠡᠢ ᠪᠠᠶᠢᠬᠤ》 ᠶᠢ ᠡᠷᠡᠰ ᠦᠢᠯᠡᠳᠦᠯᠭᠡᠵᠢᠭᠦᠯᠵᠦ᠂ ᠪᠦᠬᠦ ᠲᠣᠭᠤᠷᠢᠭ ᠤᠨ ᠤᠯᠤᠰ ᠲᠦᠷᠦ ᠶᠢᠨ ᠠᠮᠢ ᠠᠬᠤᠢ᠂ | ᠨᠡᠶᠢᠭᠡᠮ ᠤᠨ ᠠᠮᠢ ᠠᠬᠤᠢ ᠦᠷᠭᠦᠯᠵᠢᠯᠡᠨ ᠰᠠᠶᠢᠵᠢᠷᠠᠵᠤ᠂ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ | ᠪᠠᠷᠢᠬᠤ ᠪᠠᠶᠢᠭᠤᠯᠤᠯᠲᠠ ᠪᠣᠯᠤᠨ ᠢᠯᠵᠢᠷᠡᠯ ᠢ ᠡᠰᠡᠷᠭᠦᠴᠡᠬᠦ ᠲᠡᠮᠡᠴᠡᠯ ᠳᠡᠶᠢᠯᠦᠩᠭᠦᠢ ᠴᠢᠨᠠᠷᠲᠠᠢ ᠢᠯᠠᠯᠲᠠ ᠣᠯᠤᠭᠰᠠᠨ ᠪᠥᠭᠡᠳ | ᠪᠠᠬᠢᠵᠢᠨ ᠬᠥᠭᠵᠢᠪᠡ ᠭᠡᠵᠦ ᠵᠢᠭᠠᠵᠤ ᠭᠠᠷᠭᠠᠪᠠ᠃ | ᠵᠠᠩ ᠶᠦᠩ ᠳ᠋ᠦᠩ᠂ ᠶᠡᠷᠦᠩᠬᠡᠶ ᠱᠦᠵᠢ ᠰᠢ ᠶᠢᠨ ᠫᠢᠩ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠤᠨ | ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠳᠥᠷᠪᠡᠳᠦᠭᠡᠷ ᠪᠥᠬᠦᠳᠡ ᠬᠤᠷᠠᠯ ᠳᠠᠬᠢ ᠴᠢᠬᠤᠯᠠ ᠶᠠᠷᠢᠶ᠎ᠠ ᠨᠢ《ᠬᠤᠤᠰ | ᠵᠠᠭᠤᠨ ᠵᠢᠯ》 ᠤᠨ ᠲᠡᠮᠡᠴᠡᠬᠦ ᠬᠠᠷᠠᠯᠲᠠ ᠶᠢ ᠪᠡᠶᠡᠯᠡᠭᠦᠯᠬᠦ ᠲᠡᠦᠬᠡᠨ ᠠᠭᠤᠯᠵᠠᠷ ᠴᠡᠭ ᠳᠡᠭᠡᠷ᠎ᠡ ᠵᠣᠭᠰᠣᠵᠤ᠂ ᠨᠠᠮ ᠢ ᠪᠥᠬᠦ | ᠲᠠᠯ᠎ᠠ ᠪᠠᠷ ᠴᠢᠩᠭ᠎ᠠ ᠵᠠᠰᠠᠬᠤ ᠰᠢᠨ᠎ᠡ ᠦᠷ᠎ᠡ ᠪᠦᠲᠦᠮᠵᠢ ᠪᠠᠷ ᠤᠯᠤᠰ ᠤᠨ ᠵᠠᠰᠠᠯᠲᠠ ᠶᠢᠨ ᠰᠢᠰᠲ᠋ᠧᠮ ᠪᠠ ᠵᠠᠰᠠᠯᠲᠠ ᠶᠢᠨ | ᠴᠢᠳᠠᠪᠤᠷᠢ ᠶᠢᠨ ᠣᠳᠣᠬᠢᠴᠢᠯᠠᠯᠲᠠ ᠶᠢ ᠠᠬᠢᠭᠤᠯᠬᠤ ᠳᠤ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠬᠢᠵᠦ᠂ ᠨᠠᠮ ᠢ | ᠪᠥᠬᠦ ᠲᠠᠯ᠎ᠠ ᠪᠠᠷ ᠴᠢᠩᠭ᠎ᠠ ᠵᠠᠰᠠᠬᠤ ᠶᠢ ᠭᠦᠨᠵᠡᠭᠡᠶᠢᠷᠡᠭᠦᠯᠦᠨ ᠬᠥᠭᠵᠢᠭᠦᠯᠬᠦ ᠳᠤ ᠴᠢᠬᠤᠯᠠ ᠶᠡᠭᠡ ᠵᠢᠯᠣᠭᠤᠳᠬᠤ ᠠᠴᠢ | ᠬᠤᠯᠪᠣᠭᠳᠠᠯ ᠲᠠᠢ ᠶᠤᠮ᠃ ᠪᠦᠬᠦ ᠲᠣᠭᠤᠷᠢᠭ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ | ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠰᠢᠨ᠎ᠡ ᠴᠠᠭ ᠦᠶ᠎ᠡ ᠶᠢᠨ ᠨᠠᠮ ᠢ ᠪᠦᠬᠦ ᠲᠠᠯ᠎ᠠ ᠪᠠᠷ ᠴᠢᠩᠭ᠎ᠠ | ᠵᠠᠰᠠᠭᠰᠠᠨ ᠲᠡᠦᠬᠡᠲᠦ ᠴᠢᠨᠠᠷᠲᠠᠢ ᠠᠮᠵᠢᠯᠲᠠ ᠪᠦᠲᠦᠮᠵᠢ ᠶᠢᠨ《ᠲᠦᠷᠪᠡ ᠶᠢ ᠭᠤᠶᠢᠪᠢᠰᠢ ᠦᠭᠡᠢ ᠪᠠᠷᠢᠮᠲᠠᠯᠠᠵᠤ᠂ ᠲᠦᠷᠪᠡ ᠶᠢ | ᠪᠠᠷᠢᠮᠲᠠᠯᠠᠬᠤ》ᠳᠤᠮᠳᠠ ᠠᠴᠠ ᠢᠲᠡᠭᠡᠯ ᠵᠣᠷᠢᠭ ᠢᠶᠠᠨ ᠪᠠᠲᠤᠳᠬᠠᠵᠤ᠂ ᠨᠠᠮ ᠢ ᠬᠠᠮᠢᠶᠠᠷᠴᠤ ᠨᠠᠮ ᠢ ᠵᠠᠰᠠᠬᠤ ᠳᠤ | ᠡᠷᠬᠡᠪᠰᠢ《ᠶᠠᠭᠤ ᠶᠢ ᠪᠠᠷᠢᠮᠲᠠᠯᠠᠨ ᠪᠠᠬᠢᠵᠢᠭᠦᠯᠬᠦ᠂ ᠶᠠᠭᠤ ᠶᠢ ᠲᠡᠭᠦᠯᠳᠡᠷᠵᠢᠭᠦᠯᠦᠨ ᠬᠥᠭᠵᠢᠭᠦᠯᠬᠦ》ᠲᠡᠦᠬᠡ ᠶᠢᠨ | ᠬᠠᠷᠢᠭᠤᠯᠲᠠ ᠠᠴᠠ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠪᠠᠲᠤ ᠰᠠᠬᠢᠬᠤ ᠬᠡᠷᠡᠭᠲᠡᠢ᠃ ᠦᠵᠡᠯ ᠰᠠᠨᠠᠭ᠎ᠠ ᠪᠠ ᠦᠢᠯᠡ | ᠠᠵᠢᠯᠯᠠᠭ᠎ᠠ ᠪᠠᠨ ᠨᠠᠮ ᠤᠨ ᠲᠥᠪ ᠬᠤᠷᠢᠶᠠᠨ ᠤ ᠰᠢᠨ᠎ᠡ ᠴᠠᠭ ᠦᠶ᠎ᠡ ᠶᠢᠨ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ | ᠲᠤᠬᠠᠢ ᠴᠢᠬᠤᠯᠠ ᠶᠡᠭᠡ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠳᠡᠭᠡᠷ᠎ᠡ ᠤᠬᠠᠮᠰᠠᠷ ᠠᠴᠠ ᠪᠠᠨ ᠨᠢᠭᠡᠳᠬᠡᠵᠦ᠂ | 《ᠳᠦᠷᠪᠡᠨ ᠤᠬᠠᠮᠰᠠᠷ》 ᠢᠶᠠᠨ ᠴᠢᠨᠠᠭᠰᠢᠳᠠ ᠴᠢᠩᠭᠠᠳᠬᠠᠵᠤ᠂《ᠳᠦᠷᠪᠡᠨ ᠢᠲᠡᠭᠡᠯ》 ᠢᠶᠠᠨ ᠪᠠᠲᠤᠳᠬᠠᠵᠤ᠂ ᠲᠤᠶᠢᠯ ᠤᠨ | ᠦᠨᠡᠨᠴᠢ ᠰᠢᠳᠤᠷᠭᠤ《ᠪᠠᠶᠢᠯᠳᠤᠭᠴᠢ》᠂ ᠨᠠᠮ ᠢ ᠴᠢᠩᠭ᠎ᠠ ᠵᠠᠰᠠᠬᠤ《ᠬᠠᠮᠠᠭᠠᠯᠠᠭᠴᠢ》ᠪᠠ ᠪᠡᠶ᠎ᠡ ᠪᠠᠨ ᠴᠢᠩᠭ᠎ᠠ | ᠱᠠᠭᠠᠷᠳᠠᠬᠤ《ᠠᠷᠢᠭᠤᠨ ᠴᠢᠬᠡᠴᠢ ᠬᠥᠮᠥᠨ》ᠪᠣᠯᠬᠤ ᠬᠡᠷᠡᠭᠲᠡᠢ᠃ | ᠵᠠᠩ ᠶᠦᠩ ᠳ᠋ᠦᠩ᠂《ᠬᠤᠶᠠᠷ ᠢ ᠬᠠᠮᠠᠭᠠᠯᠠᠬᠤ》ᠡᠨᠡᠬᠦ ᠰᠢᠨ᠎ᠡ ᠴᠠᠭ ᠦᠶ᠎ᠡ ᠶᠢᠨ ᠤᠯᠤᠰ ᠲᠦᠷᠦ ᠶᠢᠨ ᠬᠢᠨᠠᠯᠲᠠ | ᠶᠢ ᠴᠢᠩᠭᠠᠳᠬᠠᠬᠤ ᠦᠨᠳᠦᠰᠦᠨ ᠡᠭᠦᠷᠭᠡ ᠶᠢ ᠴᠢᠩᠭ᠎ᠠ ᠠᠳᠬᠤᠵᠤ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ | ᠵᠢᠷᠤᠮ ᠤᠨ ᠪᠠᠶᠢᠭᠤᠯᠤᠯ ᠤᠨ ᠡᠷᠬᠡ ᠰᠦᠷ ᠢ ᠡᠷᠡᠰ ᠬᠠᠮᠠᠭᠠᠯᠠᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ | ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠲᠠᠷᠢᠬᠢᠨ ᠳᠤ ᠬᠠᠳᠠᠩᠰᠢᠭᠤᠯᠬᠤ ᠶᠢ ᠠᠬᠢᠭᠤᠯᠬᠤ | ᠬᠡᠷᠡᠭᠲᠡᠢ᠃ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠪᠠ ᠥᠪᠡᠷᠲᠡᠭᠡᠨ ᠵᠠᠰᠠᠬᠤ | ᠣᠷᠣᠨ ᠤ ᠨᠠᠮ ᠤᠨ ᠬᠤᠷᠢᠶ᠎ᠠ᠂ ᠪᠤᠭᠤᠲᠤ ᠬᠤᠳᠠ ᠶᠢᠨ ᠨᠠᠮ ᠤᠨ ᠬᠤᠷᠢᠶᠠᠨ ᠤ ᠬᠠᠮᠢᠶ᠎ᠠ ᠪᠦᠬᠦᠢ ᠲᠣᠭᠲᠠᠭᠠᠯ ᠢ ᠪᠣᠳᠠᠲᠠᠢ | ᠳᠤ ᠨᠠᠶᠢᠳᠠᠪᠤᠷᠢᠵᠢᠭᠤᠯᠬᠤ ᠶᠢ ᠠᠬᠢᠭᠤᠯᠵᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠬᠠᠷᠢᠭᠤᠴᠠᠯᠭ᠎ᠠ ᠶᠢ ᠪᠣᠳᠠᠲᠠᠢ ᠳᠤ | ᠨᠠᠶᠢᠳᠠᠪᠤᠷᠢᠵᠢᠭᠤᠯᠬᠤ ᠶᠢ ᠱᠠᠯᠠᠪᠳᠠᠭᠤᠯᠵᠤ᠂ ᠤᠯᠤᠰ ᠲᠦᠷᠦ ᠶᠢᠨ ᠰᠠᠬᠢᠯᠭ᠎ᠠ ᠪᠠᠲᠤ ᠪᠠ ᠤᠯᠤᠰ ᠲᠦᠷᠦ ᠶᠢᠨ ᠶᠣᠰᠣ | ᠲᠦᠷᠢᠮ ᠢ ᠦᠨᠡᠨᠬᠦ ᠬᠠᠲᠠᠭᠤ ᠪᠠᠷᠢᠮᠵᠢᠶ᠎ᠠ ᠪᠣᠯᠭᠠᠵᠤ᠂ ᠬᠠᠮᠤᠭ ᠤᠨ ᠲᠦᠷᠦᠭᠦᠨ ᠳᠤ ᠲᠠᠯᠪᠢᠵᠤ᠂ ᠤᠯᠤᠰ ᠲᠦᠷᠦ ᠶᠢᠨ ᠠᠮᠢ | ᠠᠬᠤᠢ ᠶᠢ ᠴᠡᠪᠡᠷᠰᠢᠭᠦᠯᠦᠨ ᠰᠡᠷᠭᠦᠭᠡᠬᠦ ᠠᠵᠢᠯ ᠢ ᠨᠢᠭᠡ ᠵᠦᠢᠯ ᠤᠨ ᠰᠠᠭᠤᠷᠢ ᠴᠢᠨᠠᠷᠲᠠᠢ ᠪᠠᠶᠢᠩᠭᠤ ᠶᠢᠨ ᠴᠢᠨᠠᠷᠲᠠᠢ ᠠᠵᠢᠯ | ᠪᠣᠯᠭᠠᠨ ᠰᠠᠶᠢᠲᠤᠷ ᠪᠣᠳᠠᠲᠠᠢ ᠠᠳᠬᠤᠵᠤ᠂ ᠨᠢᠭᠡᠳᠦᠯᠲᠡᠢ ᠵᠣᠷᠢᠭ ᠰᠠᠨᠠᠭ᠎ᠠ ᠪᠠ ᠦᠢᠯᠡ ᠠᠵᠢᠯᠯᠠᠭ᠎ᠠ ᠪᠠᠷ ᠡᠯ᠎ᠡ ᠵᠦᠢᠯ ᠤᠨ | ᠲᠦᠷᠢᠮ ᠤᠨ ᠳᠤᠮᠳᠠ ᠢᠯᠡᠷᠡᠭᠦᠯᠵᠦ᠂ ᠮᠠᠨ ᠤ ᠲᠣᠭᠤᠷᠢᠭ ᠤᠨ ᠠᠵᠢᠯ ᠤᠨ ᠪᠦᠬᠦ ᠶᠠᠪᠤᠴᠠ ᠡᠯ᠎ᠡ ᠲᠠᠯ᠎ᠠ ᠳᠤ | ᠲᠤᠭᠤᠰᠢᠯᠠᠭᠤᠯᠵᠤ᠂ ᠡᠯ᠎ᠡ ᠨᠠᠮ ᠤᠨ ᠵᠣᠬᠢᠶᠠᠨ ᠪᠠᠶᠢᠭᠤᠯᠤᠯᠲᠠ ᠪᠠ ᠥᠷᠭᠡᠨ ᠤᠯᠠᠨ ᠨᠠᠮ ᠤᠨ ᠭᠡᠰᠢᠭᠦᠨ ᠤ ᠠᠵᠢᠯᠯᠠᠭ᠎ᠠ | ᠳᠡᠭᠡᠷ᠎ᠡ ᠨᠠᠶᠢᠳᠠᠪᠤᠷᠢᠵᠢᠭᠤᠯᠬᠤ ᠬᠡᠷᠡᠭᠲᠡᠢ᠃ ᠢᠮᠠᠭᠲᠠ ᠲᠤᠭᠤᠰᠢᠯᠠᠭᠤᠯᠵᠤ᠂ ᠡᠷᠡᠰ ᠭᠤᠶᠢᠪᠢᠰᠢ ᠦᠭᠡᠢ ᠤᠯᠤᠰ ᠲᠦᠷᠦ ᠶᠢᠨ | ᠲᠣᠭᠲᠠᠯ ᠬᠦᠴᠦᠨ ᠢ ᠪᠠᠲᠤᠯᠠᠵᠤ᠂《ᠴᠢᠩᠭ᠎ᠠ》ᠪᠠᠶᠢᠬᠤ ᠭᠤᠣᠯ ᠬᠦᠭ ᠠᠶᠠᠰ ᠢ ᠪᠠᠷᠢᠮᠲᠠᠯᠠᠵᠤ᠂ ᠠᠷᠠᠳ ᠲᠦᠮᠡᠨ ᠢᠶᠠᠷ | ᠭᠤᠣᠯ ᠪᠣᠯᠭᠠᠬᠤ ᠠᠵᠢᠯ ᠤᠨ ᠤᠳᠤᠷᠢᠳᠤᠮᠵᠢ ᠶᠢ ᠪᠠᠷᠢᠮᠲᠠᠯᠠᠵᠤ᠂《ᠲᠦᠷᠪᠡᠨ ᠰᠤᠷᠲᠠᠯ》 ᠢ ᠡᠰᠡᠷᠭᠦᠴᠡᠬᠦ ᠶᠢ ᠴᠥᠬᠦᠷᠡᠰᠢ | ᠦᠭᠡᠢ ᠪᠠᠷᠢᠮᠲᠠᠯᠠᠵᠤ᠂ ᠬᠡᠯᠪᠡᠷᠢᠴᠢ ᠦᠵᠡᠯ᠂ ᠨᠣᠶᠠᠨᠴᠢ ᠰᠤᠷᠲᠠᠯ ᠢ ᠴᠢᠩᠭ᠎ᠠ ᠴᠡᠭᠡᠷᠯᠡᠵᠦ᠂ ᠤᠯᠠᠨ ᠲᠦᠮᠡᠨ ᠤ ᠳᠡᠷᠭᠡᠳᠡᠬᠢ | ᠢᠯᠵᠢᠷᠡᠯ ᠤᠨ ᠠᠰᠠᠭᠤᠳᠠᠯ ᠢ ᠬᠦᠴᠦᠯᠡᠨ ᠵᠠᠯᠬᠠᠭᠠᠨ ᠰᠢᠳᠬᠡᠵᠦ᠂ ᠰᠠᠯᠠᠭ᠎ᠠ ᠮᠥᠴᠢᠷ ᠤᠨ ᠲᠡᠰ ᠤᠨ ᠺᠠᠳ᠋ᠷ ᠤᠨ | ᠲᠤᠬᠠᠶᠢᠯᠠᠭᠰᠠᠨ ᠠᠵᠢᠯ ᠤᠨ ᠪᠠᠶᠢᠷᠢ ᠳᠤ《ᠭᠤᠷᠪᠠ ᠶᠢ ᠦᠨᠡᠯᠡᠬᠦ》ᠠᠵᠢᠯᠯᠠᠭ᠎ᠠ ᠶᠢ ᠰᠠᠶᠢᠲᠤᠷ ᠥᠷᠨᠢᠭᠦᠯᠵᠦ᠂《ᠪᠢ | ᠡᠷᠬᠢᠯᠡᠬᠦ᠂ ᠪᠢ ᠭᠦᠢᠴᠡᠳᠬᠡᠬᠦ᠂ ᠪᠢ ᠬᠠᠷᠢᠭᠤᠴᠠᠬᠤ᠂ ᠪᠢ ᠪᠦᠲᠦᠭᠡᠬᠦ》ᠠᠵᠢᠯ ᠤᠨ ᠠᠭᠤᠷ ᠠᠮᠢᠰᠬᠤᠯ ᠢ ᠪᠤᠢ ᠪᠣᠯᠭᠠᠬᠤ | ᠬᠡᠷᠡᠭᠲᠡᠢ᠃ ᠴᠢᠩᠭ᠎ᠠ ᠬᠢᠵᠠᠭᠠᠷᠯᠠᠬᠤ ᠴᠢᠩᠭ᠎ᠠ ᠬᠦᠴᠦᠲᠡᠶ ᠥᠨᠳᠥᠷ ᠳᠠᠷᠤᠯᠲᠠᠲᠤ ᠤᠷᠲᠤ ᠬᠤᠭᠤᠴᠠᠭᠠᠨ ᠤ ᠰᠦᠷᠳᠡᠭᠦᠯᠦᠯ ᠢ | ᠪᠠᠷᠢᠮᠲᠠᠯᠠᠵᠤ᠂ ᠨᠠᠷᠢᠯᠢᠭ ᠣᠨᠣᠴᠠᠲᠠᠶ ᠬᠤᠶᠠᠷ ᠦᠰᠦᠭ ᠢ ᠪᠠᠲᠤ ᠡᠵᠡᠮᠳᠡᠵᠦ᠂ ᠡᠯ᠎ᠡ ᠵᠦᠶᠯ ᠤᠨ ᠠᠶᠤᠯ ᠲᠦᠭᠰᠢᠭᠦᠷᠢ ᠶᠢᠨ | ᠠᠷᠤ ᠳᠠᠬᠢ ᠢᠯᠵᠠᠷᠠᠯ ᠤᠨ ᠠᠰᠠᠭᠤᠳᠠᠯ ᠢ ᠡᠷᠡᠰ ᠪᠠᠶᠢᠴᠠᠭᠠᠨ ᠰᠢᠶᠳᠪᠦᠷᠢᠯᠡᠵᠦ᠂《ᠨᠢᠭᠡᠳᠦᠭᠡᠷ ᠭᠠᠷ》 ᠲᠤ ᠬᠢᠨᠠᠯᠲᠠ | ᠲᠠᠯᠪᠢᠵᠤ ᠪᠠᠶᠢᠴᠠᠭᠠᠬᠤ ᠪᠠᠨ ᠴᠢᠩᠭᠠᠳᠬᠠᠵᠤ᠂《ᠵᠢᠷᠦᠬᠡᠰᠢᠶᠡᠬᠦ》 ᠪᠠᠷ ᠤᠷᠢᠲᠠᠯ ᠪᠣᠯᠭᠠᠵᠤ ᠢᠯᠵᠠᠷᠠᠯ ᠢ ᠡᠰᠡᠷᠭᠦᠴᠡᠨ᠂ | 《ᠪᠣᠯᠬᠤ ᠦᠭᠡᠢ》ᠭᠡᠳᠡᠭ ᠢᠶᠠᠷ ᠵᠠᠩᠭᠢᠯᠠᠭ᠎ᠠ ᠪᠣᠯᠭᠠᠨ ᠳᠦᠷᠢᠮ ᠲᠣᠭᠲᠠᠭᠠᠯ ᠲᠣᠭᠲᠠᠭᠠᠵᠤ᠂《ᠪᠤᠳᠤᠬᠤ ᠦᠭᠡᠢ》ᠪᠠᠶᠢᠬᠤ | ᠪᠠᠷ ᠦᠨᠳᠦᠰᠦ ᠪᠣᠯᠭᠠᠨ ᠰᠠᠭᠤᠷᠢ ᠶᠢ ᠲᠠᠯᠪᠢᠵᠤ ᠡᠬᠢ ᠰᠤᠷᠪᠤᠯᠵᠢ ᠶᠢ ᠪᠣᠳᠣᠯᠬᠢᠯᠠᠵᠤ᠂ ᠢᠯᠵᠠᠷᠠᠯ ᠢ ᠡᠰᠡᠷᠭᠦᠴᠡᠬᠦ ᠲᠡᠮᠡᠴᠡᠯ | ᠤᠨ ᠶᠡᠷᠦᠩᠬᠡᠶ ᠦᠷ᠎ᠡ ᠪᠦᠲᠦᠮᠵᠢ ᠶᠢ ᠴᠢᠩᠭᠠᠳᠬᠠᠨ᠎ᠠ᠃ ᠬᠢᠨᠠᠯᠲᠠ ᠲᠠᠯᠪᠢᠬᠤ ᠶᠢᠨ ᠲᠥᠪ ᠴᠢᠩᠭ᠎ᠠ ᠴᠢᠨᠠᠷ ᠬᠠᠮᠵᠢᠯᠴᠠᠬᠤ | ᠴᠢᠨᠠᠷ ᠪᠦᠲᠦᠮᠵᠢᠲᠦ ᠴᠢᠨᠠᠷ ᠢ ᠪᠠᠷᠢᠮᠲᠠᠯᠠᠵᠤ᠂ ᠬᠢᠨᠠᠯᠲᠠ ᠲᠠᠯᠪᠢᠬᠤ ᠪᠦᠬᠦᠯᠢ ᠴᠣᠭᠴᠠ ᠶᠢᠨ ᠦᠷ᠎ᠡ ᠪᠦᠲᠦᠮᠵᠢ ᠶᠢ | ᠬᠦᠴᠦᠯᠡᠨ ᠳᠡᠭᠡᠭᠰᠢᠯᠡᠭᠦᠯᠦᠨ᠎ᠡ᠃ ᠴᠢᠩᠭ᠎ᠠ ᠬᠢᠵᠠᠭᠠᠷᠯᠠᠬᠤ ᠴᠢᠩᠭ᠎ᠠ ᠬᠡᠷᠡᠭᠵᠢᠭᠦᠯᠬᠦ ᠶᠢ ᠪᠠᠷᠢᠮᠲᠠᠯᠠᠵᠤ᠂ ᠲᠦᠷᠢᠮ ᠤᠨ ᠴᠠᠭ | ᠢᠮᠠᠭᠲᠠ ᠰᠦᠷ ᠬᠦᠴᠦᠨ ᠲᠠᠢ᠂ ᠭᠠᠵᠠᠷ ᠪᠣᠯᠭᠠᠨ ᠳᠤ ᠪᠦᠲᠦᠮᠵᠢᠲᠡᠶ ᠪᠠᠶᠢᠬᠤ ᠶᠢ ᠦᠨᠡᠨᠬᠦ ᠪᠠᠲᠤᠯᠠᠨ᠎ᠠ᠃ ᠲᠡᠮᠦᠷ ᠳᠠᠪᠲᠠᠬᠤ | ᠳᠤ ᠡᠷᠬᠡᠪᠰᠢ ᠥᠪᠡᠷ ᠢᠶᠠᠨ ᠬᠠᠲᠠᠭᠤ ᠪᠠᠶᠢᠵᠤ᠂ ᠤᠬ ᠰᠠᠨᠠᠭ᠎ᠠ ᠪᠠᠨ ᠡᠭᠦᠷᠢᠳᠡ ᠬᠠᠳᠠᠭᠠᠯᠠᠵᠤ ᠵᠠᠯᠠᠭᠤ ᠨᠠᠰᠤ ᠪᠠᠨ | ᠬᠥᠰᠡᠷᠳᠡᠭᠦᠯᠬᠦ ᠦᠭᠡᠢ ᠪᠠᠶᠢᠬᠤ ᠶᠢ ᠪᠠᠷᠢᠮᠲᠠᠯᠠᠵᠤ᠂ ᠬᠠᠤᠯᠢᠵᠢᠯ ᠤᠨ ᠤᠬᠠᠮᠰᠠᠷ᠂ ᠵᠢᠷᠤᠮ ᠤᠨ ᠤᠬᠠᠮᠰᠠᠷ᠂ ᠭᠡᠷᠡᠴᠢ ᠪᠠᠷᠢᠮᠲᠠ | ᠶᠢᠨ ᠤᠬᠠᠮᠰᠠᠷ ᠢ ᠪᠠᠲᠤ ᠪᠤᠢ ᠪᠣᠯᠭᠠᠵᠤ᠂ ᠬᠢᠨᠠᠯᠲᠠ ᠲᠠᠯᠪᠢᠬᠤ ᠰᠠᠬᠢᠯᠭ᠎ᠠ ᠪᠠᠲᠤ ᠬᠡᠷᠡᠭᠵᠢᠭᠦᠯᠬᠦ ᠠᠵᠢᠯ ᠤᠨ ᠲᠦᠷᠢᠮ ᠪᠠ | ᠬᠢᠨᠠᠯᠲᠠ ᠲᠠᠯᠪᠢᠬᠤ ᠬᠠᠤᠯᠢ ᠬᠡᠷᠡᠭᠵᠢᠭᠦᠯᠬᠦ ᠠᠵᠢᠯ ᠤᠨ ᠲᠣᠭᠲᠠᠭᠠᠯ ᠢ ᠴᠢᠩᠭ᠎ᠠ ᠬᠡᠷᠡᠭᠵᠢᠭᠦᠯᠵᠦ᠂ ᠡᠷᠬᠡ ᠮᠡᠳᠡᠯ᠂ ᠲᠦᠷᠢᠮ᠂ | ᠵᠢᠷᠤᠮ ᠢ ᠴᠢᠩᠭ᠎ᠠ ᠵᠢᠷᠤᠮᠯᠠᠨ ᠠᠵᠢᠯ ᠢᠶᠠᠨ ᠥᠷᠨᠢᠭᠦᠯᠵᠦ᠂ ᠥᠪᠡᠷ ᠤᠨ ᠪᠡᠶ᠎ᠡ ᠳᠡᠭᠡᠨ ᠬᠢᠨᠠᠯᠲᠠ ᠲᠠᠯᠪᠢᠬᠤ ᠶᠢ | ᠴᠢᠩᠭᠠᠳᠬᠠᠬᠤ᠂ ᠥᠪᠡᠷ ᠢ ᠪᠠᠨ ᠬᠢᠵᠠᠭᠠᠷᠯᠠᠬᠤ ᠲᠠᠯ᠎ᠠ ᠪᠠᠷ ᠦᠯᠢᠭᠡᠷ ᠳᠠᠭᠤᠷᠢᠶᠠᠯ ᠪᠤᠯᠵᠤ᠂ ᠦᠨᠡᠨᠴᠢ ᠰᠢᠳᠤᠷᠭᠤ ᠠᠷᠢᠭᠤᠨ | ᠴᠢᠬᠡᠴᠢ ᠬᠠᠷᠢᠭᠤᠴᠠᠯᠭ᠎ᠠ ᠡᠭᠦᠷᠭᠡᠯᠡᠬᠦ᠂ ᠵᠣᠷᠢᠭᠲᠠᠢ ᠪᠠᠷ ᠲᠡᠮᠡᠴᠡᠬᠦ ᠴᠢᠳᠠᠮᠠᠭᠠᠢ ᠪᠠᠶᠢᠯᠳᠤᠭᠴᠢ ᠪᠣᠯᠬᠤ ᠪᠠᠷ ᠴᠢᠷᠮᠠᠶᠢᠬᠤ | ᠬᠡᠷᠡᠭᠲᠡᠢ ᠭᠡᠵᠦ ᠱᠠᠭᠠᠷᠳᠠᠪᠠ᠃ | | ᠵᠠᠩ ᠰᠢᠶᠤᠤ ᠭᠤᠸᠠᠩ᠂ 2020 ᠣᠨ ᠪᠣᠯ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠤᠨ ᠪᠦᠲᠦᠭᠡᠬᠦ ᠪᠠ | ᠠᠷᠪᠠᠨ ᠭᠤᠷᠪᠠᠳᠤᠭᠠᠷ ᠲᠠᠪᠤᠨ ᠵᠢᠯ ᠤᠨ ᠲᠥᠯᠥᠪᠵᠢᠭᠦᠯᠭᠡ ᠶᠢᠨ ᠡᠴᠦᠰ ᠤᠨ ᠵᠢᠯ ᠪᠣᠯᠤᠨ᠎ᠠ᠃ ᠪᠠᠶ᠋ᠬᠠᠣᠪᠤᠭ᠎ᠠ | ᠠᠭᠤᠷᠬᠠᠢ ᠶᠢᠨ ᠲᠣᠭᠤᠷᠢᠭ ᠤᠨ ᠰᠠᠬᠢᠯᠭ᠎ᠠ ᠪᠠᠲᠤ ᠬᠢᠨᠠᠨ ᠪᠠᠶᠢᠴᠠᠭᠠᠬᠤ ᠪᠠᠶᠢᠭᠤᠯᠭ᠎ᠠ ᠡᠷᠬᠡᠪᠰᠢ ᠨᠠᠮ ᠤᠨ ᠤᠳᠤᠷᠢᠳᠤᠯᠭ᠎ᠠ ᠶᠢ | ᠪᠠᠷᠢᠮᠲᠠᠯᠠᠨ ᠴᠢᠩᠭᠠᠳᠬᠠᠬᠤ ᠶᠢ ᠢᠮᠠᠭᠲᠠ ᠲᠤᠭᠤᠰᠢᠯᠠᠭᠤᠯᠵᠤ᠂ ᠤᠬᠠᠮᠰᠠᠷ ᠠᠴᠠ ᠪᠠᠨ ᠳᠡᠭᠡᠳᠦ ᠱᠠᠲᠤᠨ ᠤ ᠰᠠᠬᠢᠯᠭ᠎ᠠ ᠪᠠᠲᠤ | ᠪᠠᠶᠢᠴᠠᠭᠠᠬᠤ ᠬᠤᠷᠢᠶ᠎ᠠ ᠪᠣᠯᠤᠨ ᠲᠣᠭᠤᠷᠢᠭ ᠤᠨ ᠨᠠᠮ ᠤᠨ ᠬᠤᠷᠢᠶᠠᠨ ᠤ ᠤᠳᠤᠷᠢᠳᠤᠯᠭ᠎ᠠ ᠳᠣᠣᠷ᠎ᠠ ᠠᠵᠢᠯ ᠢᠶᠠᠨ | ᠥᠷᠨᠢᠭᠦᠯᠵᠦ᠂ ᠨᠠᠮ ᠤᠨ ᠤᠳᠤᠷᠢᠳᠤᠯᠭ᠎ᠠ ᠶᠢ ᠡᠯ᠎ᠡ ᠬᠦᠷᠢᠶ᠎ᠡ ᠡᠯ᠎ᠡ ᠲᠠᠯ᠎ᠠ ᠡᠯ᠎ᠡ ᠭᠤᠭᠴᠤᠭ᠎ᠠ ᠳᠤ ᠨᠠᠶᠢᠳᠠᠪᠤᠷᠢᠵᠢᠭᠤᠯᠬᠤ | ᠬᠡᠷᠡᠭᠲᠡᠢ᠃ ᠲᠦᠷᠢᠮ ᠤᠨ ᠪᠠᠶᠢᠭᠤᠯᠤᠯᠲᠠ ᠶᠢ ᠴᠢᠩᠭᠠᠳᠬᠠᠬᠤ ᠶᠢ ᠡᠷᠬᠡᠪᠰᠢ ᠢᠮᠠᠭᠲᠠ ᠲᠤᠭᠤᠰᠢᠯᠠᠭᠤᠯᠵᠤ᠂ ᠬᠢᠨᠠᠯᠲᠠ | ᠲᠠᠯᠪᠢᠵᠤ ᠬᠡᠷᠡᠭᠵᠢᠭᠦᠯᠬᠦ ᠶᠢ ᠪᠠᠲᠤᠯᠠᠵᠤ᠂ ᠲᠡᠭᠦᠯᠳᠡᠷᠵᠢᠨ ᠬᠥᠭᠵᠢᠬᠦ ᠶᠢ ᠠᠬᠢᠭᠤᠯᠵᠤ᠂ ᠲᠦᠷᠢᠮ ᠤᠨ ᠳᠠᠪᠠᠭᠤᠯᠢᠭ ᠢ | ᠵᠠᠰᠠᠯᠲᠠ ᠶᠢᠨ ᠦᠷ᠎ᠡ ᠪᠦᠲᠦᠮᠵᠢ ᠪᠣᠯᠭᠠᠨ ᠬᠤᠪᠢᠷᠠᠭᠤᠯᠬᠤ ᠶᠢ ᠠᠬᠢᠭᠤᠯᠬᠤ ᠬᠡᠷᠡᠭᠲᠡᠢ᠃ ᠡᠷᠬᠡᠪᠰᠢ《ᠴᠢᠩᠭ᠎ᠠ》ᠭᠤᠤᠯ | ᠬᠦᠭ ᠠᠶᠠᠰ ᠢ ᠢᠮᠠᠭᠲᠠ ᠲᠤᠭᠤᠰᠢᠯᠠᠭᠤᠯᠵᠤ᠂ ᠡᠷᠬᠡ ᠶᠢᠨ ᠠᠵᠢᠯᠯᠠᠭᠠᠨ ᠢ ᠬᠢᠵᠠᠭᠠᠷᠯᠠᠬᠤ ᠪᠠ ᠬᠢᠨᠠᠯᠲᠠ ᠲᠠᠯᠪᠢᠬᠤ ᠪᠠᠨ | ᠴᠢᠩᠭᠠᠳᠬᠠᠵᠤ᠂ ᠡᠯ᠎ᠡ ᠱᠠᠲᠤᠨ ᠤ ᠨᠠᠮ ᠤᠨ ᠭᠡᠰᠢᠭᠦᠨ ᠺᠠᠳ᠋ᠷ ᠤᠨ ᠬᠤᠷᠢᠭ᠎ᠠ ᠱᠤᠭᠤᠮ ᠢ ᠰᠠᠬᠢᠵᠤ᠂ ᠭᠤᠤᠯ ᠱᠤᠭᠤᠮ ᠢ | ᠴᠢᠬᠤᠯᠠᠴᠢᠯᠠᠬᠤ ᠶᠢ ᠰᠢᠪᠠᠳᠠᠬᠤ ᠬᠡᠷᠡᠭᠲᠡᠶ᠃ ᠡᠷᠬᠡᠪᠰᠢ《ᠭᠤᠷᠪᠠᠨ ᠦᠭᠡᠢ》 ᠶᠢ ᠨᠢᠭᠡ ᠳᠤ ᠴᠤᠬᠴᠠᠵᠢᠭᠤᠯᠤᠨ ᠠᠬᠢᠭᠤᠯᠬᠤ | ᠤᠢᠢᠯᠠᠭᠠᠭᠳᠠᠬᠤᠨ ᠢ ᠢᠮᠠᠭᠲᠠ ᠲᠤᠭᠤᠰᠢᠯᠠᠭᠤᠯᠵᠤ᠂ ᠬᠢᠨᠠᠯᠲᠠ ᠲᠠᠯᠪᠢᠵᠤ ᠬᠢᠨᠠᠨ ᠪᠠᠶᠢᠴᠠᠭᠠᠬᠤ ᠪᠠᠶᠢᠴᠠᠭᠠᠯᠲᠠ | ᠶᠢᠨ《ᠰᠡᠭᠦᠯᠴᠢ ᠶᠢᠨ ᠬᠠᠭᠠᠰ ᠠᠵᠢᠯ》 ᠢ ᠰᠠᠶᠢᠲᠤᠷ ᠬᠢᠵᠦ᠂ ᠢᠯᠵᠢᠷᠡᠯ ᠢ ᠵᠠᠰᠠᠬᠤ ᠦᠷ᠎ᠡ ᠪᠦᠲᠦᠮᠵᠢ ᠶᠢ ᠳᠡᠭᠡᠭᠰᠢᠯᠡᠭᠦᠯᠵᠦ | ᠂《ᠭᠤᠷᠪᠠᠨ ᠦᠷ᠎ᠡ ᠪᠦᠲᠦᠮᠵᠢ》 ᠶᠢ ᠨᠢᠭᠡᠳᠬᠡᠬᠦ ᠶᠢ ᠪᠡᠶᠡᠯᠡᠭᠦᠯᠬᠦ ᠬᠡᠷᠡᠭᠲᠡᠢ᠃ ᠡᠭᠦᠷᠭᠡ ᠬᠠᠷᠢᠭᠤᠴᠠᠯᠭ᠎ᠠ ᠪᠠᠨ ᠦᠨᠡᠨᠴᠢ | ᠪᠠᠷ ᠭᠦᠢᠴᠡᠳᠬᠡᠵᠦ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠠᠬᠢᠭᠤᠯᠵᠤ᠂ ᠰᠢᠨ᠎ᠡ ᠴᠠᠭ ᠦᠶ᠎ᠡ ᠶᠢᠨ ᠰᠠᠬᠢᠯᠭ᠎ᠠ | ᠪᠠᠲᠤ ᠬᠢᠨᠠᠨ ᠪᠠᠶᠢᠴᠠᠭᠠᠬᠤ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠡᠷᠡᠰ ᠭᠤᠶᠢᠪᠢᠰᠢ ᠦᠭᠡᠢ ᠠᠬᠢᠭᠤᠯᠵᠤ᠂ ᠮᠠᠨ ᠤ | ᠲᠣᠭᠤᠷᠢᠭ ᠤᠨ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠰᠢᠢᠳᠪᠦᠷᠢᠲᠦ ᠢᠯᠠᠯᠲᠠ ᠶᠢ ᠤᠯᠬᠤ᠂ ᠶᠠᠳᠠᠭᠤ ᠠᠴᠠ | ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠤᠯᠬᠤ ᠳᠤ ᠪᠠᠲᠤ ᠴᠢᠩᠭ᠎ᠠ ᠪᠠᠲᠤᠯᠠᠭ᠎ᠠ | ᠬᠠᠩᠭᠠᠬᠤ ᠬᠡᠷᠡᠭᠲᠡᠢ ᠭᠡᠵᠦ ᠴᠢᠩᠭᠠᠳᠬᠠᠪᠠ᠃ |