ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶᠠᠨ ᠤ 2020 ᠣᠨ ᠤ ᠲᠤᠰᠬᠠᠶ ᠰᠡᠳᠦᠪᠲᠦ ᠰᠤᠷᠪᠤᠯᠵᠢᠯᠠᠭ᠎ᠠ
ᠨᠡᠶᠢᠲᠡᠯᠡᠭᠰᠡᠨ ᠴᠠᠭ᠄
2020-05-14
     ᠴᠠᠭ᠄ 2020- 05 -14      ᠵᠣᠴᠢᠨ᠄ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶᠠᠨ ᠤ ᠳᠠᠷᠤᠭ᠎ᠠ ᠭᠤᠤ ᠹᠸᠢ ᠫᠧᠩ      ᠠᠬᠤᠢ ᠪᠠᠶᠢᠳᠠᠯ᠄ ᠲᠣᠭᠤᠷᠢᠭ ᠤᠨ ︽ᠬᠤᠶᠠᠷ ᠬᠤᠷᠠᠯ︾ ᠠᠮᠵᠢᠯᠲᠠ ᠲᠠᠢ ᠶᠠᠪᠤᠭᠳᠠᠭᠰᠠᠨ ᠨᠢ ᠪᠠᠶ᠋ᠬᠠᠣᠪᠤᠭ᠎ᠠ ᠠᠭᠤᠷᠬᠠᠶ ᠶᠢᠨ ᠲᠣᠭᠤᠷᠢᠭ ᠤᠨ ᠰᠤᠷᠭᠠᠨ ᠬᠥᠮᠦᠵᠢᠯ ᠤᠨ ᠬᠥᠭᠵᠢᠯᠲᠡ ᠶᠢᠨ ᠲᠥᠰᠦᠪ ᠢ ᠲᠥᠯᠥᠪᠵᠢᠭᠦᠯᠵᠦ᠂  ᠮᠠᠨ ᠤ ᠲᠣᠭᠤᠷᠢᠭ ᠤᠨ ᠬᠥᠮᠦᠨ ᠢ ᠬᠥᠮᠦᠵᠢᠭᠦᠯᠬᠦ ᠢᠲᠡᠭᠡᠯ ᠵᠣᠷᠢᠭ ᠢ ᠤᠯᠠᠮ  ᠪᠠᠲᠤᠳᠬᠠᠪᠠ᠃ ᠲᠠᠷᠠᠭᠠᠴᠢ ᠶᠢᠨ ᠠᠯᠬᠤᠮ ᠳᠤ᠂ ᠪᠢᠳᠡ ᠲᠦᠷᠪᠡᠨ ᠵᠦᠢᠯ ᠤᠨ ᠠᠵᠢᠯ ᠢ ᠭᠤᠤᠯᠳᠠᠯᠭ᠎ᠠ ᠲᠠᠢ ᠰᠠᠶᠢᠲᠤᠷ ᠬᠢᠨ᠎ᠠ᠃      ᠲᠣᠭᠤᠷᠢᠭ ᠤᠨ ︽ᠬᠤᠶᠠᠷ ᠬᠤᠷᠠᠯ︾ ᠠᠮᠵᠢᠯᠲᠠ ᠲᠠᠢ ᠶᠠᠪᠤᠭᠳᠠᠭᠰᠠᠨ ᠨᠢ ᠪᠠᠶ᠋ᠬᠠᠣᠪᠤᠭ᠎ᠠ ᠠᠭᠤᠷᠬᠠᠶ ᠶᠢᠨ ᠲᠣᠭᠤᠷᠢᠭ ᠤᠨ ᠰᠤᠷᠭᠠᠨ ᠬᠥᠮᠦᠵᠢᠯ ᠤᠨ ᠬᠥᠭᠵᠢᠯᠲᠡ ᠶᠢᠨ ᠲᠥᠰᠦᠪ ᠢ ᠲᠥᠯᠥᠪᠵᠢᠭᠦᠯᠵᠦ᠂  ᠮᠠᠨ ᠤ ᠲᠣᠭᠤᠷᠢᠭ ᠤᠨ ᠬᠥᠮᠦᠨ ᠢ ᠬᠥᠮᠦᠵᠢᠭᠦᠯᠬᠦ ᠢᠲᠡᠭᠡᠯ ᠵᠣᠷᠢᠭ ᠢ ᠤᠯᠠᠮ  ᠪᠠᠲᠤᠳᠬᠠᠪᠠ᠃ ᠲᠠᠷᠠᠭᠠᠴᠢ ᠶᠢᠨ ᠠᠯᠬᠤᠮ ᠳᠤ᠂ ᠪᠢᠳᠡ ᠲᠦᠷᠪᠡᠨ ᠵᠦᠢᠯ ᠤᠨ ᠠᠵᠢᠯ ᠢ ᠭᠤᠤᠯᠳᠠᠯᠭ᠎ᠠ ᠲᠠᠢ ᠰᠠᠶᠢᠲᠤᠷ ᠬᠢᠨ᠎ᠠ᠄     ᠨᠢᠭᠡ ᠳᠤ᠂ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠲᠦᠭᠡᠮᠡᠯ ᠬᠠᠷᠠᠭᠠᠯᠵᠠᠯ ᠢ ᠰᠠᠶᠢᠲᠤᠷ ᠠᠳᠬᠤᠨ᠎ᠠ᠃ 2020 ᠣᠨ ᠤ 8 ᠰᠠᠷ᠎ᠠ ᠶᠢᠨ ᠰᠡᠭᠦᠯᠴᠢ ᠪᠠᠷ᠂ ᠰᠢᠨ᠎ᠡ ᠪᠠᠷ ᠪᠠᠶᠢᠭᠤᠯᠤᠭᠰᠠᠨ ᠲᠡᠮᠦᠷ ᠤᠨ ᠠᠭᠤᠷᠬᠠᠢ ᠶᠢᠨ ᠬᠡᠦᠬᠡᠳ ᠤᠨ ᠴᠡᠴᠡᠷᠯᠢᠭ ᠠᠰᠢᠭᠯᠠᠯᠲᠠ ᠳᠤ ᠣᠷᠣᠵᠤ᠂ ᠬᠤᠶᠠᠷ ᠬᠡᠤᠬᠡᠳ ᠤᠨ ᠴᠡᠴᠡᠷᠯᠢᠭ ᠤᠨ ᠬᠠᠮᠢᠶᠠᠷᠤᠯᠲᠠ ᠶᠢᠨ ᠡᠩᠨᠡᠭᠡ ᠪᠣᠯᠤᠨ ᠪᠠᠭᠰᠢ ᠶᠢᠨ ᠡᠩᠨᠡᠭᠡ ᠶᠢᠨ ᠠᠭᠤᠰᠤᠯᠴᠠᠨ ᠬᠥᠭᠵᠢᠬᠦ ᠶᠢ ᠪᠡᠶᠡᠯᠡᠭᠦᠯᠦᠨ᠂ ᠬᠡᠤᠬᠡᠳ ᠤᠨ ᠴᠡᠴᠡᠷᠯᠢᠭ ᠤᠨ ᠵᠢᠭᠠᠨ ᠰᠤᠷᠭᠠᠯᠲᠠ ᠶᠢᠨ ᠬᠥᠭᠵᠢᠯᠲᠡ ᠶᠢᠨ ᠵᠥᠪᠯᠡᠭᠴᠢ ᠤᠷᠢᠬᠤ ᠪᠠᠷ ᠪᠠᠶᠢᠨ᠎ᠠ᠃ ᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ ᠠᠴᠠ ᠭᠤᠶᠤᠴᠢᠯᠠᠯ ᠬᠢᠵᠦ᠂ ᠲᠡᠮᠦᠷ ᠤᠨ ᠠᠭᠤᠷᠬᠠᠶ ᠶᠢᠨ ᠬᠡᠤᠬᠡᠳ ᠤᠨ ᠴᠡᠴᠡᠷᠯᠢᠭ ᠲᠤ ᠬᠠᠮᠲᠤᠷᠠᠨ ᠠᠵᠢᠯᠯᠠᠬᠤ ᠬᠠᠨᠢᠲᠠᠨ ᠪᠠᠶᠢᠭᠤᠯᠬᠤ ᠪᠠᠷ  ᠴᠢᠷᠮᠠᠶᠢᠨ᠎ᠠ᠃ ᠬᠤᠶᠠᠷ ᠬᠡᠤᠬᠡᠳ ᠤᠨ ᠴᠡᠴᠡᠷᠯᠢᠭ ᠤᠨ ᠣᠷᠴᠢᠨ ᠲᠣᠭᠤᠷᠢᠨ ᠨᠢ ᠭᠤᠶᠤ ᠰᠠᠶᠢᠬᠠᠨ᠂ ᠲᠥᠬᠦᠭᠡᠷᠦᠮᠵᠢ ᠨᠢ ᠪᠦᠷᠢᠨ ᠲᠡᠭᠦᠯᠳᠡᠷ᠂ ᠪᠠᠭᠰᠢ ᠶᠢᠨ ᠬᠦᠴᠦᠨ ᠴᠢᠳᠠᠯ ᠡᠯᠪᠡᠭ ᠪᠠᠶᠢᠵᠤ᠂ ᠮᠠᠨ ᠤ  ᠲᠣᠭᠤᠷᠢᠭ ᠤᠨ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠦᠢᠯᠡᠰ ᠤᠨ ᠬᠥᠭᠵᠢᠯᠲᠡ ᠶᠢᠨ ᠬᠡᠷᠡᠭᠴᠡᠭᠡ ᠱᠠᠭᠠᠷᠳᠠᠯᠭ᠎ᠠ ᠶᠢ ᠪᠦᠷᠢᠨ ᠬᠠᠩᠭᠠᠨ᠎ᠠ᠃      ᠬᠤᠶᠠᠷ ᠲᠤ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠢᠯᠢᠳᠡᠭ ᠢ ᠥᠷᠭᠡᠳᠬᠡᠬᠦ ᠶᠢ ᠰᠠᠶᠢᠲᠤᠷ ᠠᠳᠬᠤᠨ᠎ᠠ᠃ 2019 ᠣᠨ ᠳᠤ  ᠪᠠᠶ᠋ᠬᠠᠣᠪᠤᠭ᠎ᠠ ᠠᠭᠤᠷᠬᠠᠶ ᠶᠢᠨ ᠲᠣᠭᠤᠷᠢᠭ ᠤᠨ ᠲᠡᠮᠦᠷ ᠤᠨ ᠠᠭᠤᠷᠬᠠᠶ ᠶᠢᠨ ᠬᠤᠶᠠᠳᠤᠭᠠᠷ ᠪᠠᠭ᠎ᠠ ᠰᠤᠷᠭᠠᠭᠤᠯᠢ ᠨᠢ ᠬᠤᠲᠠ ᠶᠢᠨ ᠲᠠᠰ ᠤᠨ ︽ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠤᠷᠭᠠᠭᠤᠯᠢ ᠡᠷᠭᠢᠯᠡᠬᠦ ᠶᠠᠰᠤ ᠴᠢᠨᠠᠷ ᠲᠠᠢ ᠰᠢᠯᠢᠳᠡᠭ ᠰᠤᠷᠭᠠᠭᠤᠯᠢ︾᠎ ᠶᠢ ᠦᠨᠡᠯᠡᠨ ᠵᠢᠱᠢᠵᠦ ᠰᠢᠯᠭᠠᠨ ᠠᠪᠬᠤ ᠳᠤ ᠬᠢᠷᠢ ᠲᠡᠩᠴᠡᠪᠡ᠂ ᠲᠡᠮᠦᠷ ᠤᠨ ᠠᠭᠤᠷᠬᠠᠶ ᠶᠢᠨ ᠨᠢᠭᠡᠳᠦᠭᠡᠷ ᠪᠠᠭ᠎ᠠ ᠰᠤᠷᠭᠠᠭᠤᠯᠢ ᠪᠠ ᠮᠣᠩᠭᠤᠯ ᠦᠨᠳᠦᠰᠦᠲᠡᠨ ᠤ ᠰᠤᠷᠭᠠᠭᠤᠯᠢ ᠨᠢ ᠪᠤᠭᠤᠲᠤ ᠬᠤᠲᠠ ᠶᠢᠨ ᠭᠤᠷᠪᠠᠳᠤᠭᠠᠷ ᠪᠦᠯᠦᠭ ︽ᠪᠣᠯᠪᠠᠰᠤᠨ ᠰᠤᠷᠭᠠᠭᠤᠯᠢ ᠶᠢᠨ ᠬᠦᠷᠢᠶ᠎ᠡ︾᠎ ᠪᠠᠷ ᠦᠨᠡᠯᠡᠭᠳᠡᠪᠡ᠃ ᠡᠨᠡ ᠵᠢᠯ᠂ ᠪᠢᠳᠡ ᠬᠤᠶᠠᠷ ᠵᠢᠯ ᠭᠠᠷᠤᠶ ᠬᠤᠷᠠᠮᠳᠤᠭᠤᠯᠤᠭᠰᠠᠨ ᠪᠠᠭ᠎ᠠ ᠠᠩᠭᠢ ᠶᠢᠨ ᠵᠢᠭᠠᠨ ᠰᠤᠷᠭᠠᠯᠲᠠ ᠶᠢᠨ ᠲᠤᠷᠰᠢᠯᠭ᠎ᠠ ᠶᠢ ᠠᠰᠢᠭᠯᠠᠨ᠂ ᠪᠠᠭ᠎ᠠ ᠠᠩᠭᠢ ᠶᠢᠨ ᠣᠷᠣᠨ ᠲᠤᠭ᠎ᠠ ᠶᠢᠨ ᠳᠠᠪᠠᠭᠤᠯᠢᠭ ᠢ ᠬᠠᠮᠤᠭ ᠤᠨ ᠶᠡᠭᠡ ᠪᠣᠯᠭᠠᠬᠤ ᠲᠠᠯ᠎ᠠ ᠪᠠᠷ ᠠᠷᠭ᠎ᠠ ᠤᠬᠠᠭᠠᠨ ᠭᠠᠷᠭᠠᠨ᠎ᠠ᠃ ᠣᠳᠣ ᠪᠠᠶᠢᠭ᠎ᠠ ᠰᠤᠷᠭᠠᠨ ᠬᠥᠮᠦᠵᠢᠯ ᠤᠨ ᠡᠬᠢ ᠪᠠᠶᠠᠯᠢᠭ ᠤᠨ ᠪᠠᠶᠢᠷᠢᠰᠢᠭᠤᠯᠤᠯᠲᠠ ᠳᠤ ᠭᠤᠣᠯᠳᠠᠯᠭ᠎ᠠ ᠲᠠᠢ ᠲᠣᠬᠢᠷᠠᠭᠤᠯᠤᠯᠲᠠ ᠬᠢᠵᠦ᠂ ᠲᠡᠮᠦᠷ ᠤᠨ ᠠᠭᠤᠷᠬᠠᠶ ᠶᠢᠨ ᠨᠢᠭᠡ ᠪᠠᠭ᠎ᠠ ᠰᠤᠷᠭᠠᠭᠤᠯᠢ ᠪᠣᠯᠤᠨ ᠮᠣᠩᠭᠤᠯ ᠦᠨᠳᠦᠰᠦᠲᠡᠨ ᠤ ᠰᠤᠷᠭᠠᠭᠤᠯᠢ ᠶᠢ ᠡᠮᠬᠢᠯᠡᠨ ᠨᠡᠶᠢᠯᠡᠭᠦᠯᠵᠦ᠂ ᠳᠠᠪᠠᠭᠤᠯᠢᠭ ᠡᠬᠢ ᠪᠠᠶᠠᠯᠢᠭ ᠢ ᠲᠥᠪᠯᠡᠷᠡᠭᠦᠯᠦᠨ᠂ ᠪᠠᠭ᠎ᠠ ᠰᠤᠷᠭᠠᠭᠤᠯᠢ ᠶᠢᠨ ᠰᠤᠷᠭᠠᠨ ᠬᠥᠮᠦᠵᠢᠯ ᠢ ᠴᠢᠨᠠᠷ ᠰᠠᠶᠢᠲᠠᠶ ᠪᠥᠭᠡᠳ ᠲᠡᠩᠴᠡᠭᠦᠷᠢᠲᠡᠶ ᠬᠥᠭᠵᠢᠭᠦᠯᠬᠦ ᠪᠠᠷ ᠴᠢᠷᠮᠠᠶᠢᠨ᠎ᠠ᠃      ᠭᠤᠷᠪᠠ ᠳᠤ᠂ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠭᠠᠨ ᠬᠥᠮᠦᠵᠢᠯ ᠤᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠬᠦ ᠶᠢ ᠰᠠᠶᠢᠲᠤᠷ ᠠᠳᠬᠤᠨ᠎ᠠ᠃ ᠣᠳᠣᠬᠠᠨ ᠳᠤ᠂ ᠪᠦᠬᠦ ᠬᠤᠲᠠ ᠶᠢᠨ ᠥᠨᠳᠥᠷ ᠳᠤᠮᠳᠠᠳᠤ ᠶᠢᠨ ᠭᠤᠷᠪᠠᠳᠤᠭᠠᠷ ᠣᠨ ᠤ ᠨᠢᠭᠡᠳᠦᠭᠡᠷ ᠤᠳᠠᠭᠠᠨ ᠤ ᠲᠥᠰᠦᠭᠡᠳᠦᠭᠦᠯᠡᠭᠰᠡᠨ ᠰᠢᠯᠭᠠᠯᠲᠠ ᠶᠢᠨ ᠬᠢᠷᠢ ᠪᠦᠲᠦᠮᠵᠢ ᠨᠢᠭᠡᠨᠲᠡ ᠭᠠᠷᠴᠤ ᠢᠷᠡᠪᠡ᠂ ᠪᠤᠭᠤᠲᠤ ᠶᠢᠨ ᠠᠷᠪᠠᠨ ᠨᠠᠢᠮᠠᠳᠤᠭᠠᠷ ᠳᠤᠮᠳᠠᠳᠤ ᠰᠤᠷᠭᠠᠭᠤᠯᠢ ᠶᠢᠨ ᠶᠡᠷᠦᠩᠬᠡᠶ ᠬᠤᠪᠢ ᠨᠡᠮᠡᠭᠳᠡᠨ᠂ ᠪᠠᠶᠢᠭᠠᠯᠢ ᠶᠢᠨ ᠰᠢᠨᠵᠢᠯᠡᠬᠦ ᠤᠬᠠᠭᠠᠨ ᠤ ᠬᠢᠴᠢᠶᠡᠯ ᠲᠣᠷᠤᠯ ᠪᠤᠭᠤᠲᠤ ᠬᠤᠲᠠ ᠳᠤ ᠨᠢᠭᠡᠳᠦᠭᠡᠷ ᠲᠤ ᠣᠷᠣᠵᠤ᠂ ᠨᠡᠶᠢᠭᠡᠮ ᠤᠨ ᠰᠢᠨᠵᠢᠯᠡᠬᠦ ᠤᠬᠠᠭᠠᠨ ᠤ ᠬᠢᠴᠢᠶᠡᠯ ᠲᠣᠷᠤᠯ ᠪᠤᠭᠤᠲᠤ ᠬᠤᠳᠠ ᠶᠢᠨ ᠬᠤᠶᠠᠳᠤᠭᠠᠷ ᠲᠤ ᠣᠷᠣᠵᠤ᠂ ᠠᠮᠵᠢᠯᠲᠠ ᠨᠢ ᠪᠠᠶᠠᠷᠯᠠᠭᠤᠰᠢᠲᠠᠢ ᠪᠠᠶᠢᠯ᠎ᠠ᠃ ᠪᠢᠳᠡ ᠪᠠᠰᠠ ᠪᠤᠭᠤᠲᠤ ᠶᠢᠨ ᠪᠣᠯᠣᠳ ᠲᠡᠮᠦᠷ ᠤᠨ ᠪᠦᠯᠦᠭᠯᠡᠯ ᠺᠣᠮᠫᠠᠨᠢ ᠶᠢᠨ ᠨᠢᠭᠡᠳᠦᠭᠡᠷ ᠳᠤᠮᠳᠠᠳᠤ ᠰᠤᠷᠭᠠᠭᠤᠯᠢ ᠲᠠᠢ ᠬᠤᠤᠰᠯᠠᠨ ᠪᠠᠶᠢᠭᠤᠯᠬᠤ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠣᠶᠢᠷ᠎ᠠ ᠶᠢᠨ ᠬᠡᠳᠦᠨ ᠵᠢᠯ ᠤᠨ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠨᠢᠭᠡᠳᠦᠯᠲᠡᠶ ᠰᠢᠯᠭᠠᠯᠲᠠ ᠶᠢᠨ ᠰᠠᠶᠢᠨ ᠠᠷᠭ᠎ᠠ ᠬᠢᠳᠡᠯ᠂ ᠰᠠᠶᠢᠨ ᠲᠤᠷᠰᠢᠯᠭ᠎ᠠ ᠶᠢ ᠬᠢᠨᠠᠮᠠᠭᠠᠶ ᠡᠮᠬᠢᠯᠡᠵᠦ᠂ ᠡᠨᠡ ᠵᠢᠯ ᠤᠨ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠨᠢᠭᠡᠳᠦᠯᠲᠡᠶ ᠰᠢᠯᠭᠠᠯᠲᠠ ᠳᠤ ᠳᠠᠬᠢᠨᠲᠠ ᠰᠢᠯᠢᠳᠡᠭ ᠠᠮᠵᠢᠯᠲᠠ ᠭᠠᠷᠭᠠᠬᠤ ᠪᠠᠷ ᠴᠢᠷᠮᠠᠶᠢᠨ᠎ᠠ᠃      ᠲᠦᠷᠪᠡ ᠳᠤ᠂ ᠨᠡᠶᠢᠭᠡᠮ ᠤᠨ ᠦᠢᠯᠡᠳᠦᠯᠭᠡ ᠶᠢᠨ ᠬᠥᠮᠦᠵᠢᠯ ᠤᠨ ᠰᠢᠨ᠎ᠡ ᠶᠢ ᠡᠭᠦᠳᠬᠦ ᠶᠢ ᠰᠠᠶᠢᠲᠤᠷ ᠠᠳᠬᠤᠨ᠎ᠠ᠃ ᠮᠠᠨ ᠤ ᠲᠣᠭᠤᠷᠢᠭ ᠪᠤᠶᠢᠳᠠ ᠪᠥᠭᠯᠡᠭᠦᠦ ᠭᠠᠵᠠᠷ ᠣᠷᠣᠨ ᠳᠤ ᠣᠷᠣᠰᠢᠵᠤ᠂ ᠰᠤᠷᠤᠭᠴᠢᠳ ᠤᠨ ᠭᠠᠳᠠᠭᠰᠢ ᠭᠠᠷᠴᠤ ᠦᠢᠯᠡᠳᠦᠯᠭᠡ ᠬᠢᠬᠦ ᠳᠤ ᠳᠥᠭᠦᠮ ᠦᠭᠡᠢ᠂ ᠬᠢᠴᠢᠶᠡᠯ ᠤᠨ ᠳᠠᠷᠠᠭᠠᠬᠢ ᠦᠢᠯᠡᠳᠦᠯᠭᠡ ᠪᠠᠶᠠᠯᠢᠭ ᠪᠤᠰᠤ ᠪᠤᠰᠤᠳᠴᠢ ᠠᠬᠤᠶ ᠪᠠᠶᠢᠳᠠᠯ ᠳᠤ ᠪᠠᠶ᠋ᠬᠠᠣᠪᠤᠭ᠎ᠠ ᠠᠭᠤᠷᠬᠠᠢ ᠶᠢᠨ ᠲᠣᠭᠤᠷᠢᠭ ᠤᠨ ᠳᠤᠮᠳᠠᠳᠤ ᠪᠠᠭ᠎ᠠ ᠰᠤᠷᠭᠠᠭᠤᠯᠢ ᠶᠢᠨ ᠶᠡᠷᠦᠩᠬᠡᠶᠢᠯᠡᠭᠰᠡᠨ ᠦᠢᠯᠡᠳᠦᠯᠭᠡ ᠶᠢᠨ ᠰᠤᠷᠭᠠᠭᠤᠯᠢ ᠪᠠᠶᠢᠭᠤᠯᠬᠤ ᠪᠠᠷ ᠪᠤᠶ᠃ ᠡᠨᠡᠬᠦ ᠠᠵᠢᠯ ᠪᠣᠯᠤᠨ ᠪᠠᠶᠢᠷᠢᠰᠢᠯ ᠤᠨ ᠲᠣᠬᠢᠷᠠᠭᠤᠯᠤᠯᠲᠠ ᠶᠢᠨ ᠠᠵᠢᠯ ᠢ ᠵᠡᠷᠭᠡᠪᠡᠷ ᠠᠬᠢᠭᠤᠯᠵᠤ᠂ ᠦᠢᠯᠡᠳᠦᠯᠭᠡ ᠶᠢᠨ ᠰᠠᠭᠤᠷᠢᠨ ᠭᠠᠵᠠᠷ ᠤᠨ ᠡᠭᠦᠷᠭᠡ ᠴᠢᠳᠠᠪᠤᠷᠢ ᠨᠢ᠄ ᠰᠤᠷᠤᠭᠴᠢᠳ ᠤᠨ ᠬᠢᠴᠢᠶᠡᠯ ᠤᠨ ᠭᠠᠳᠠᠨᠠᠬᠢ  ᠤᠷᠠᠯᠢᠭ ᠤᠨ ᠲᠠᠮᠢᠷ ᠤᠨ ᠣᠨᠴᠠ ᠴᠢᠳᠠᠪᠤᠷᠢ ᠶᠢ ᠬᠥᠮᠦᠵᠢᠭᠦᠯᠬᠦ ᠳᠤ ᠦᠢᠯᠡᠴᠢᠯᠡᠵᠦ᠂ ᠰᠤᠷᠤᠭᠴᠢᠳ ᠤᠨ ᠬᠥᠳᠡᠯᠮᠦᠷᠢ  ᠶᠢᠨ ᠦᠢᠯᠡᠳᠦᠯᠭᠡ ᠵᠡᠷᠭᠡ ᠬᠢᠴᠢᠶᠡᠯ ᠤᠨ ᠰᠤᠷᠤᠯᠴᠠᠯᠭ᠎ᠠ ᠳᠤ ᠦᠢᠯᠡᠴᠢᠯᠡᠨ᠎ᠡ᠃  ᠲᠣᠭᠤᠷᠢᠭ ᠤᠨ ᠳᠣᠲᠣᠷ᠎ᠠ ᠭᠠᠳᠠᠨᠠᠬᠢ ᠰᠤᠷᠤᠭᠴᠢᠳ ᠤᠨ ᠰᠤᠳᠤᠯᠤᠨ ᠰᠤᠷᠤᠯᠴᠠᠬᠤ ᠬᠡᠷᠡᠭᠴᠡᠭᠡ ᠳᠤ ᠦᠢᠯᠡᠴᠢᠯᠡᠨ᠎ᠡ᠃      ᠡᠭᠦᠨ ᠠᠴᠠ ᠭᠠᠳᠠᠨ᠎ᠠ᠂ ᠡᠨᠡ ᠵᠢᠯ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠪᠠᠭᠤᠷᠠᠶ ᠲᠠᠯ᠎ᠠ ᠶᠢ ᠰᠠᠶᠢᠵᠢᠷᠠᠭᠤᠯᠬᠤ ᠪᠣᠯᠤᠨ ᠴᠢᠳᠠᠪᠤᠷᠢ ᠶᠢ ᠳᠡᠭᠡᠭᠰᠢᠯᠡᠭᠦᠯᠬᠦ ᠢᠨᠵᠧᠨᠧᠷᠢᠩ ᠢ ᠪᠦᠬᠦ ᠲᠠᠯ᠎ᠠ ᠪᠠᠷ ᠠᠬᠢᠭᠤᠯᠵᠤ᠂ ᠰᠤᠷᠭᠠᠨ ᠬᠥᠮᠦᠵᠢᠯ ᠤᠨ ᠳᠤᠲᠠᠭᠳᠠᠯ ᠢ ᠨᠥᠬᠦᠪᠥᠷᠢᠯᠡᠨ᠎ᠡ᠃ ︽ᠪᠠᠭ᠎ᠠ ᠪᠣᠯᠪᠠᠴᠤ ᠡᠩ ᠤᠨ ᠪᠤᠰᠤ᠂ ᠪᠠᠭ᠎ᠠ ᠪᠣᠯᠪᠠᠴᠤ ᠨᠠᠷᠢᠯᠢᠭ ᠪᠠᠶᠢᠬᠤ︾ ᠰᠤᠷᠭᠠᠨ ᠬᠥᠮᠦᠵᠢᠯ ᠤᠨ ᠬᠠᠷᠠᠯᠲᠠ ᠶᠢ ᠴᠢᠷᠮᠠᠶᠢᠨ ᠪᠡᠶᠡᠯᠡᠭᠦᠯᠦᠨ᠎ᠡ᠃
 
ᠢᠷᠡᠯᠲᠡ᠄ ᠪᠠᠶ᠋ᠬᠠᠣᠪᠤᠭ᠎ᠠ ᠠᠭᠤᠷᠬᠠᠢ ᠶᠢᠨ ᠲᠣᠭᠤᠷᠢᠭ ᠤᠨ ᠵᠠᠰᠠᠭ ᠤᠨ ᠣᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号