ᠵᠠᠰᠠᠭ ᠤᠨ ᠣᠷᠳᠣᠨ ᠤ ᠠᠵᠢᠯ ᠤᠨ ᠢᠯᠡᠳᠬᠡᠯ | | ︵2020 ᠣᠨ ᠤ 4 ᠰᠠᠷ᠎ᠠ ᠶᠢᠨ 22 ᠤᠨ ᠡᠳᠦᠷ ᠪᠠᠶ᠋ᠬᠠᠣᠪᠤᠭ᠎ᠠ ᠠᠭᠤᠷᠬᠠᠢ ᠶᠢᠨ ᠲᠣᠭᠤᠷᠢᠭ ᠤᠨ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ | ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯᠳᠤᠭᠠᠨ ᠳᠡᠭᠡᠷ᠎ᠡ︶ | | ᠪᠠᠶ᠋ᠬᠠᠣᠪᠤᠭ᠎ᠠ ᠠᠭᠤᠷᠬᠠᠢ ᠶᠢᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠳᠠᠷᠤᠭ᠎ᠠ ᠬᠤᠸᠠᠩ ᠮᠢᠨ | ᠲᠥᠯᠥᠭᠡᠯᠡᠭᠴᠢᠳ ᠡ᠄ | ᠣᠳᠣ ᠪᠢ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠢ ᠲᠥᠯᠥᠭᠡᠯᠡᠨ ᠶᠡᠭᠡ ᠬᠤᠷᠠᠯ ᠳᠤ ᠠᠵᠢᠯ ᠤᠨ ᠮᠡᠳᠡᠭᠦᠯᠦᠯᠲᠡ ᠬᠢᠨ᠎ᠡ᠂ ᠬᠢᠨᠠᠨ ᠵᠥᠪᠯᠡᠬᠦ | ᠪᠣᠯᠪᠠᠤ᠃ ᠡᠭᠦᠨ ᠤ ᠬᠠᠮᠲᠤ ᠲᠣᠭᠤᠷᠢᠭ ᠤᠨ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠪᠣᠯᠤᠨ ᠬᠤᠷᠠᠯ ᠳᠤ ᠰᠤᠯᠠ ᠣᠷᠣᠯᠴᠠᠭᠰᠠᠨ ᠨᠥᠬᠦᠳ ᠰᠠᠨᠠᠯ | ᠢᠶᠠᠨ ᠳᠤᠷᠠᠳᠤᠭᠠᠷᠠᠢ᠃ | ᠨᠢᠭᠡ᠂ 2019 ᠣᠨ ᠤ ᠠᠵᠢᠯ ᠤᠨ ᠡᠷᠭᠢᠴᠡᠭᠦᠯᠦᠯ | ᠨᠢᠭᠡ ᠵᠢᠯ ᠤᠨ ᠲᠤᠷᠰᠢ᠂ ᠪᠢᠳᠡ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠪᠠ ᠲᠣᠭᠤᠷᠢᠭ ᠤᠨ ᠨᠠᠮ ᠤᠨ ᠬᠤᠷᠢᠶ᠎ᠠ ᠶᠢᠨ | ᠪᠠᠲᠤ ᠴᠢᠩᠭ᠎ᠠ ᠤᠳᠤᠷᠢᠳᠤᠯᠭ᠎ᠠ ᠳᠣᠤᠷ᠎ᠠ᠂ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠤᠯᠤᠰ ᠲᠥᠷᠥ ᠶᠢᠨ ᠵᠥᠪᠯᠡᠯᠭᠡᠨ ᠤ | ᠬᠢᠨᠠᠯᠲᠠ ᠪᠠ ᠳᠡᠮᠵᠢᠯᠭᠡ ᠳᠣᠤᠷ᠎ᠠ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ | ᠰᠠᠨᠠᠭ᠎ᠠ ᠪᠠ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠠᠵᠢᠯ ᠤᠨ ᠲᠤᠬᠠᠶ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ | ᠶᠢ ᠬᠢᠨᠠᠮᠠᠭᠠᠶ ᠰᠤᠷᠤᠯᠴᠠᠨ ᠲᠤᠭᠤᠰᠢᠯᠠᠭᠤᠯᠵᠤ᠂ ᠠᠮᠢ ᠠᠬᠤᠶ ᠶᠢ ᠤᠷᠢᠳ ᠢᠶᠠᠷ ᠪᠣᠳᠣᠯᠬᠢᠯᠠᠬᠤ᠂ ᠪᠣᠬᠢᠷᠲᠤᠯ ᠥᠬᠡᠶ ᠬᠥᠭᠵᠢᠯᠲᠡ ᠪᠠᠷ ᠤᠳᠤᠷᠢᠳᠤᠮᠵᠢ | ᠪᠣᠯᠭᠠᠬᠤ ᠶᠢ ᠪᠠᠷᠢᠮᠲᠠᠯᠠᠨ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠬᠢᠨᠠᠮᠠᠭᠠᠶ ᠨᠠᠶᠢᠳᠠᠪᠤᠷᠢᠵᠢᠭᠤᠯᠵᠤ᠂ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠤᠨ᠂ | 《ᠵᠢᠷᠭᠤᠭ᠎ᠠ ᠶᠢ ᠲᠣᠭᠲᠠᠭᠤᠨ ᠪᠠᠶᠢᠯᠭᠠᠬᠤ》ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ᠪᠥᠬᠦ ᠲᠣᠭᠤᠷᠢᠭ ᠤᠨ ᠠᠵᠤ ᠠᠬᠤᠶ ᠨᠡᠶᠢᠭᠡᠮ ᠦᠷᠭᠦᠯᠵᠢᠯᠡᠨ | ᠡᠷᠡᠭᠦᠯ ᠢᠶᠠᠷ ᠬᠥᠭᠵᠢᠪᠡ᠃ | ︵ᠨᠢᠭᠡ︶ ᠠᠵᠤ ᠠᠬᠤᠢ ᠶᠢᠨ ᠠᠵᠢᠯᠯᠠᠭᠠᠨ ᠲᠣᠭᠲᠠᠭᠤᠨ ᠤ ᠳᠤᠮᠳᠠ ᠶᠠᠰᠤ ᠴᠢᠨᠠᠷ ᠢ ᠳᠡᠭᠡᠭᠰᠢᠯᠡᠭᠦᠯᠪᠡ᠃ ᠪᠥᠬᠦ ᠲᠣᠭᠤᠷᠢᠭ ᠤᠨ ᠣᠷᠣᠨ ᠨᠤᠲᠤᠭ ᠤᠨ | ᠦᠶᠯᠡᠳᠪᠦᠷᠢᠯᠡᠯ ᠤᠨ ᠶᠡᠷᠦᠩᠬᠡᠶ ᠥᠷᠲᠡᠭ 4.7% ᠪᠠᠷ ᠨᠡᠮᠡᠭᠳᠡᠪᠡ᠃ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ 9.8% ᠪᠠᠷ ᠨᠡᠮᠡᠭᠳᠡᠪᠡ᠃ | ᠨᠡᠶᠢᠭᠡᠮ ᠤᠨ ᠬᠡᠷᠡᠭᠯᠡᠭᠡᠨ ᠤ ᠵᠦᠶᠯ ᠤᠨ ᠵᠢᠵᠢᠭᠯᠡᠨ ᠬᠤᠳᠠᠯᠳᠤᠬᠤ ᠶᠡᠷᠦᠩᠬᠡᠶ ᠬᠡᠮᠵᠢᠶ᠎ᠡ 4.4% ᠪᠠᠷ ᠨᠡᠮᠡᠭᠳᠡᠪᠡ᠃ ᠬᠤᠲᠠ ᠪᠠᠯᠭᠠᠰᠤᠨ ᠤ ᠪᠠᠶᠢᠩᠭᠤ ᠰᠠᠭᠤᠭ᠎ᠠ | ᠰᠠᠭᠤᠭᠠᠯᠢ ᠠᠷᠠᠳ ᠤᠨ ᠬᠥᠮᠦᠨ ᠠᠮᠠ ᠶᠢᠨ ᠳᠤᠮᠳᠠᠴᠢ ᠡᠵᠡᠮᠳᠡᠵᠦ ᠪᠣᠯᠬᠤ ᠣᠷᠣᠯᠭ᠎ᠠ 53728 ᠲᠥᠭᠦᠷᠢᠭ ᠲᠤ ᠬᠦᠷᠴᠦ᠂ 6.2% ᠢᠶᠠᠷ ᠨᠡᠮᠡᠭᠳᠡᠪᠡ᠃ | ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ 16458 ᠲᠦᠮᠡᠨ ᠲᠥᠭᠦᠷᠢᠭ ᠢ ᠪᠡᠶᠡᠯᠡᠭᠦᠯᠵᠦ᠂ ᠲᠣᠭᠲᠠᠭᠰᠠᠨ ᠬᠠᠷᠠᠯᠲᠠ ᠡᠭᠦᠷᠭᠡ ᠪᠠᠨ | ᠪᠡᠶᠡᠯᠡᠭᠦᠯᠪᠡ᠃ ᠭᠤᠤᠯ ᠪᠣᠯᠬᠤ ᠠᠵᠤ ᠠᠬᠤᠶ ᠶᠢᠨ ᠭᠦᠶᠴᠡᠳᠬᠡᠬᠦ ᠲᠤᠭ᠎ᠠ ᠶᠢ ᠵᠦᠶ ᠵᠣᠬᠢᠰᠲᠠᠶ ᠣᠷᠣᠨ ᠪᠠᠶᠢᠷᠢ ᠳᠤ ᠪᠠᠶᠢᠯᠭᠠᠪᠠ᠃ ᠪᠦᠬᠦ ᠵᠢᠯ ᠳᠤ ᠡᠯ᠎ᠡ | ᠲᠥᠷᠥᠯ ᠤᠨ ᠲᠤᠰᠬᠠᠢ ᠲᠥᠷᠥᠯ ᠤᠨ ᠨᠥᠬᠦᠪᠥᠷᠢ᠂ ᠥᠭᠡᠷᠡᠴᠢᠯᠡᠯᠲᠡ ᠶᠢᠨ ᠪᠡᠯᠡ ᠮᠥᠩᠭᠦ ᠶᠢ 4 ᠳ᠋ᠦᠩᠰᠢᠭᠤᠷ ᠲᠥᠭᠦᠷᠢᠭ ᠴᠢᠷᠮᠠᠶᠢᠨ ᠣᠯᠵᠤ᠂ ᠲᠡᠦᠬᠡᠨ | ᠰᠢᠨ᠎ᠡ ᠲᠡᠮᠳᠡᠭᠯᠡᠯ ᠢ ᠡᠭᠦᠳᠪᠡ᠃ ᠭᠠᠶᠢᠯᠢ ᠬᠥᠩᠭᠡᠯᠡᠵᠦ ᠰᠦᠶᠳᠬᠡᠯ ᠪᠠᠭᠤᠷᠠᠭᠤᠯᠬᠤ ᠠᠵᠢᠯ ᠢᠯᠡᠳᠲᠡ ᠦᠷ᠎ᠡ ᠪᠦᠲᠦᠮᠵᠢ ᠣᠯᠵᠤ᠂ ᠪᠥᠬᠦ ᠵᠢᠯ ᠳᠤ ᠠᠵᠤ | ᠠᠬᠤᠶᠢᠯᠠᠯ ᠤᠨ ᠭᠠᠶᠢᠯᠢ ᠶᠢ 5306 ᠲᠦᠮᠡᠨ ᠲᠥᠭᠦᠷᠢᠭ ᠬᠠᠰᠤᠵᠤ ᠬᠡᠯᠲᠦᠷᠢᠭᠦᠯᠪᠡ᠃ ᠴᠢᠬᠤᠯᠠ ᠶᠡᠭᠡ ᠲᠥᠷᠥᠯ ᠵᠦᠶᠯ ᠤᠨ ᠪᠦᠲᠦᠭᠡᠨ ᠪᠠᠶᠢᠭᠤᠯᠤᠯᠲᠠ ᠶᠢ | ᠪᠦᠬᠦ ᠬᠦᠴᠦ ᠪᠠᠷ ᠲᠦᠯᠬᠢᠨ ᠠᠬᠢᠭᠤᠯᠵᠤ᠂ 50 ᠭᠠᠷᠤᠶ《ᠪᠦᠲᠦᠴᠡ ᠶᠢ ᠲᠣᠬᠢᠷᠠᠭᠤᠯᠬᠤ᠂ ᠬᠡᠯᠪᠡᠷᠢ ᠪᠠᠨ ᠬᠤᠪᠢᠷᠠᠭᠤᠯᠬᠤ ᠶᠢ ᠠᠬᠢᠭᠤᠯᠬᠤ᠂ ᠠᠷᠠᠳ ᠤᠨ | ᠠᠮᠢᠳᠤᠷᠠᠯ ᠳᠤ ᠠᠰᠢᠭ ᠬᠦᠷᠲᠡᠭᠡᠬᠦ᠂ ᠳᠤᠲᠠᠭᠳᠠᠯ ᠨᠥᠬᠦᠪᠥᠷᠢᠯᠡᠬᠦ》ᠭᠤᠤᠯᠳᠠᠯᠭ᠎ᠠ ᠲᠠᠢ ᠲᠥᠷᠥᠯ ᠵᠦᠶᠯ ᠢ ᠢᠳᠡᠪᠬᠢᠲᠡᠶ ᠪᠠᠷ ᠲᠥᠰᠥᠪᠯᠡᠨ ᠨᠥᠭᠡᠴᠡᠯᠡᠪᠡ᠃ | 31 ᠭᠤᠣᠯᠳᠠᠯᠭ᠎ᠠ ᠲᠠᠢ ᠲᠥᠷᠥᠯ ᠵᠦᠢᠯ ᠢ ᠬᠡᠷᠡᠭᠵᠢᠭᠦᠯᠵᠦ᠂ 26 ᠲᠥᠷᠥᠯ ᠤᠨ ᠠᠵᠢᠯ ᠡᠬᠢᠯᠡᠭᠦᠯᠵᠦ᠂ 12 ᠲᠥᠷᠥᠯ ᠤᠨ ᠠᠵᠢᠯ ᠳᠠᠭᠤᠰᠬᠠᠵᠤ᠂ 10 | ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠪᠡ᠃ ᠡᠭᠦᠨ ᠳᠤ᠂ ᠣᠷᠴᠢᠨ ᠲᠣᠭᠤᠷᠢᠨ ᠢ ᠰᠠᠶᠢᠵᠢᠷᠠᠭᠤᠯᠵᠤ᠂ ᠡᠬᠢ ᠪᠠᠶᠠᠯᠢᠭ ᠢ | ᠪᠣᠬᠢᠷᠲᠤᠯ ᠥᠬᠡᠶ ᠨᠡᠭᠡᠭᠡᠨ ᠬᠥᠭᠵᠢᠭᠦᠯᠬᠦ ᠲᠠᠯ᠎ᠠ ᠪᠠᠷ ᠬᠢ ᠠᠮᠢ ᠠᠬᠤᠶ ᠶᠢᠨ ᠪᠣᠬᠢᠷᠲᠤᠯ ᠥᠬᠡᠶ ᠠᠷᠠᠳ ᠲᠤ ᠠᠰᠢᠭ ᠬᠦᠷᠲᠡᠭᠡᠬᠦ 12 ᠲᠥᠷᠥᠯ ᠵᠦᠢᠯ ᠤᠨ | ᠢᠨᠵᠧᠨᠧᠷᠢᠩ ᠤᠨ 5 ᠪᠠᠷᠢᠯᠭ᠎ᠠ ᠶᠢ ᠳᠠᠭᠤᠰᠬᠠᠪᠠ᠃《ᠪᠠᠶ᠋ᠬᠠᠣᠪᠤᠭ᠎ᠠ ᠠᠭᠤᠷᠬᠠᠢ ᠶᠢᠨ ᠲᠣᠭᠤᠷᠢᠭ ᠤᠨ ᠭᠤᠣᠯᠳᠠᠯᠭ᠎ᠠ ᠲᠠᠢ ᠠᠵᠤ ᠦᠢᠯᠡᠰ ᠤᠨ ᠬᠡᠯᠬᠢᠶᠡᠨ ᠤ | ᠬᠤᠳᠠᠯᠳᠤᠭᠠᠴᠢᠨ ᠤᠷᠢᠬᠤ〈ᠬᠡᠯᠬᠢᠶᠡᠨ ᠤ ᠳᠠᠷᠤᠭ᠎ᠠ ᠶᠢᠨ ᠳᠦᠷᠢᠮ〉 ᠤᠨ ᠬᠡᠷᠡᠭᠵᠢᠭᠦᠯᠬᠦ ᠲᠥᠰᠦᠯ》 ᠢ ᠲᠣᠭᠲᠠᠭᠠᠵᠤ᠂ ᠠᠷᠠᠯᠵᠢᠶᠠᠴᠢᠨ ᠤᠷᠢᠵᠤ ᠪᠡᠯᠡ | ᠣᠷᠣᠭᠤᠯᠬᠤ ᠭᠤᠣᠯᠳᠠᠯᠭ᠎ᠠ ᠲᠠᠢ ᠲᠥᠷᠥᠯ ᠵᠦᠢᠯ ᠢ ᠢᠳᠡᠪᠬᠢᠲᠡᠢ ᠵᠣᠯᠭᠠᠭᠤᠯᠵᠤ᠂ 18.07 ᠳ᠋ᠦᠩᠰᠢᠭᠤᠷ ᠲᠥᠭᠦᠷᠢᠭ ᠤᠨ ᠬᠡᠯᠡᠯᠴᠡᠭᠡᠷ ᠲᠣᠭᠲᠠᠪᠠ᠃ | ︵ᠬᠤᠶᠠᠷ︶ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠭᠦᠯᠬᠦ ᠠᠯᠬᠤᠴᠠ ᠪᠠᠨ ᠪᠠᠲᠤ ᠪᠣᠯᠭᠠᠪᠠ᠃ ᠠᠵᠤ ᠦᠶᠯᠡᠳᠪᠦᠷᠢ ᠶᠢᠨ ᠬᠡᠯᠪᠡᠷᠢ ᠪᠠᠨ | ᠬᠤᠪᠢᠷᠠᠭᠤᠯᠤᠨ ᠳᠡᠰ ᠳᠡᠪᠰᠢᠬᠦ ᠶᠢ ᠲᠦᠷᠭᠡᠳᠬᠡᠨ ᠠᠬᠢᠭᠤᠯᠵᠤ᠂《ᠪᠠᠶ᠋ᠬᠠᠣᠪᠤᠭ᠎ᠠ ᠠᠭᠤᠷᠬᠠᠢ ᠶᠢᠨ ᠲᠣᠭᠤᠷᠢᠭ ᠤᠨ ᠠᠵᠤ ᠠᠬᠤᠶᠢᠯᠠᠯ ᠬᠢᠭᠡᠳ ᠣᠷᠣᠨ | ᠨᠤᠲᠤᠭ ᠤᠨ ᠠᠵᠤ ᠠᠬᠤᠢ ᠶᠢᠨ ᠭᠦᠨᠵᠡᠭᠡᠢ ᠠᠭᠤᠰᠤᠯᠴᠠᠨ ᠬᠥᠭᠵᠢᠬᠦ ᠶᠢ ᠠᠬᠢᠭᠤᠯᠬᠤ ᠲᠤᠬᠠᠢ ᠬᠡᠷᠡᠭᠵᠢᠭᠦᠯᠬᠦ ᠲᠥᠰᠦᠯ》 ᠢ ᠨᠡᠶᠢᠲᠡᠯᠡᠵᠦ᠂ ᠪᠠᠶ᠋ᠬᠠᠣᠪᠤᠭ᠎ᠠ | ᠲᠡᠮᠦᠷ ᠤᠨ ᠠᠭᠤᠷᠬᠠᠢ ᠪᠦᠬᠦ ᠵᠢᠯ ᠳᠤ 1038 ᠲᠦᠮᠡᠨ ᠲᠣᠨ ᠬᠦᠳᠡᠷ ᠭᠠᠷᠭᠠᠵᠤ᠂ ᠮᠠᠯᠲᠠᠨ ᠰᠠᠯᠭᠠᠬᠤ ᠶᠡᠷᠦᠩᠬᠡᠢ ᠬᠡᠮᠵᠢᠶ᠎ᠡ 3054 ᠲᠦᠮᠡᠨ ᠲᠣᠨ ᠳᠤ | ᠬᠦᠷᠴᠦ᠂ 16.6 ᠳ᠋ᠦᠩᠰᠢᠭᠤᠷ ᠲᠥᠭᠦᠷᠢᠭ ᠤᠨ ᠦᠢᠯᠡᠳᠬᠦᠨ ᠤ ᠥᠷᠲᠡᠭ ᠢ ᠪᠡᠶᠡᠯᠡᠭᠦᠯᠪᠡ᠃ ᠪᠣᠣ ᠱᠠᠨ ᠠᠭᠤᠷᠬᠠᠢ ᠶᠢᠨ ᠦᠢᠯᠡᠰ ᠤᠨ ᠡᠯ᠎ᠡ | ᠦᠢᠯᠡᠳᠪᠦᠷᠢᠯᠡᠯ ᠤᠨ ᠱᠤᠭᠤᠮ ᠤᠨ ᠠᠵᠢᠯᠯᠠᠭᠠᠨ ᠰᠠᠶᠢᠨ ᠪᠠᠶᠢᠵᠤ᠂ 35 ᠳ᠋ᠦᠩᠰᠢᠭᠤᠷ ᠲᠥᠭᠦᠷᠢᠭ ᠤᠨ ᠦᠢᠯᠡᠳᠬᠦᠨ ᠤ ᠥᠷᠲᠡᠭ ᠢ ᠪᠡᠶᠡᠯᠡᠭᠦᠯᠵᠦ᠂ ᠸᠧ ᠡᠯ | ᠲᠧ᠂ ᠾᠦᠢ ᠹᠧᠩ ᠶᠢᠩ᠂ ᠯᠢᠨ ᠹᠧᠩ ᠰᠢᠨᠵᠢᠯᠡᠬᠦ ᠤᠬᠠᠭᠠᠨ ᠮᠡᠷᠭᠡᠵᠢᠯ ᠵᠡᠷᠭᠡ ᠬᠤᠷᠰᠢᠭᠰᠠᠨ ᠲᠥᠬᠦᠷ ᠠᠵᠤ ᠠᠬᠤᠶᠢᠯᠠᠯ ᠤᠨ ᠲᠣᠭᠲᠠᠭᠤᠨ ᠢᠶᠠᠷ ᠬᠥᠭᠵᠢᠬᠦ | ᠶᠢ ᠪᠦᠲᠦᠮᠵᠢᠲᠡᠢ ᠳᠠᠶᠢᠴᠢᠯᠠᠪᠠ᠃ ᠣᠯᠠᠨ ᠲᠠᠯ᠎ᠠ 3600 ᠲᠦᠮᠡᠨ ᠲᠥᠭᠦᠷᠢᠭ ᠤᠨ ᠲᠤᠰᠬᠠᠢ ᠲᠥᠷᠥᠯ ᠤᠨ ᠵᠢᠭᠡᠯᠡᠯᠭᠡ ᠶᠢᠨ ᠲᠡᠮᠳᠡᠭᠲᠦ ᠶᠢ ᠵᠣᠬᠢᠴᠠᠭᠤᠯᠤᠨ | ᠣᠯᠵᠤ᠂ ᠬᠦᠷᠢᠶᠡᠯᠡᠩ ᠲᠣᠭᠤᠷᠢᠭ ᠤᠨ ᠡᠯ᠎ᠡ ᠲᠥᠷᠥᠯ ᠤᠨ ᠲᠥᠯᠥᠪᠵᠢᠭᠦᠯᠭᠡ ᠳᠤ ᠵᠠᠰᠠᠪᠤᠷᠢ ᠣᠷᠣᠭᠤᠯᠤᠨ ᠲᠡᠭᠦᠯᠳᠡᠷᠵᠢᠭᠦᠯᠵᠦ᠂ ᠬᠦᠷᠢᠶᠡᠯᠡᠩ ᠲᠣᠭᠤᠷᠢᠭ ᠤᠨ | ᠪᠠᠶᠢᠷᠢ ᠲᠣᠭᠲᠠᠭᠠᠯᠲᠠ ᠪᠠ ᠠᠵᠤ ᠦᠢᠯᠡᠰ ᠤᠨ ᠬᠥᠭᠵᠢᠯᠲᠡ ᠶᠢᠨ ᠪᠠᠶᠢᠷᠢᠯᠠᠭᠤᠯᠤᠯᠲᠠ ᠶᠢ ᠤᠯᠠᠮ ᠨᠢᠭᠡ ᠠᠯᠬᠤᠮ ᠲᠣᠳᠣᠷᠬᠠᠶᠢᠯᠠᠵᠤ᠂ ᠬᠦᠷᠢᠶᠡᠯᠡᠩ ᠲᠣᠭᠤᠷᠢᠭ | ᠤᠨ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠰᠢᠨᠵᠢᠯᠡᠬᠦ ᠤᠬᠠᠭᠠᠨᠴᠢ ᠵᠦᠢ ᠵᠣᠬᠢᠰᠲᠠᠢ ᠲᠥᠯᠥᠪᠵᠢᠭᠦᠯᠵᠦ᠂ ᠪᠡᠯᠡ ᠣᠷᠤᠯᠠᠭᠤᠯᠤᠯᠲᠠ ᠶᠢᠨ | ᠰᠠᠶᠢᠨ ᠰᠠᠶᠢᠬᠠᠨ ᠣᠷᠴᠢᠨ ᠲᠣᠭᠤᠷᠢᠨ ᠢ ᠴᠢᠷᠮᠠᠶᠢᠨ ᠪᠣᠢ ᠪᠣᠯᠭᠠᠪᠠ᠃ ᠴᠡᠪᠡᠷ ᠡᠨᠧᠷᠭᠢ ᠶᠢᠨ ᠠᠵᠤ ᠦᠢᠯᠡᠰ ᠵᠢᠯ ᠳᠤ ᠨᠡᠶᠢᠲᠡ 8.6 ᠳ᠋ᠦᠩᠰᠢᠭᠤᠷ ᠺᠢᠯᠣᠸᠠᠲ | ᠴᠠᠭ ᠴᠠᠬᠢᠯᠭᠠᠨ ᠭᠠᠷᠭᠠᠵᠤ᠂ 4.3 ᠳ᠋ᠦᠩᠰᠢᠭᠤᠷ ᠲᠥᠭᠦᠷᠢᠭ ᠤᠨ ᠦᠢᠯᠡᠳᠬᠦᠨ ᠤ ᠥᠷᠲᠡᠭ ᠢ ᠪᠡᠶᠡᠯᠡᠭᠦᠯᠪᠡ᠃ ᠥᠩᠭᠡᠲᠦ ᠲᠡᠮᠦᠷᠯᠢᠭ ᠤᠨ ᠬᠦᠳᠡᠷ ᠰᠢᠯᠢᠬᠦ᠂ | ᠴᠡᠪᠡᠷ ᠡᠨᠧᠷᠭᠢ᠂ ᠬᠦᠳᠡᠷ ᠰᠢᠯᠢᠬᠦ ᠡᠮ ᠨᠠᠶᠢᠷᠠᠯᠭ᠎ᠠ ᠵᠡᠷᠭᠡ ᠲᠤᠯᠭᠠᠭᠤᠷᠢ ᠠᠵᠤ ᠦᠢᠯᠡᠰ ᠲᠣᠭᠲᠠᠭᠤᠨ ᠢᠶᠠᠷ ᠬᠥᠭᠵᠢᠵᠦ᠂ ᠪᠦᠬᠦ ᠲᠣᠭᠤᠷᠢᠭ ᠤᠨ ᠬᠡᠪᠴᠢᠶᠡᠵᠢᠯ | ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 3% ᠪᠠᠷ ᠨᠡᠮᠡᠭᠳᠡᠪᠡ᠃ ᠲᠠᠷᠢᠶᠠᠯᠠᠩ᠂ ᠦᠶᠯᠡᠴᠢᠯᠡᠭᠡᠨ | ᠤ ᠦᠶᠯᠡᠰ ᠤᠨ ᠲᠠᠰ ᠳᠡᠪᠰᠢᠬᠦ ᠶᠢ ᠲᠦᠷᠭᠡᠳᠬᠡᠵᠦ᠂ ᠥᠨᠳᠥᠷ ᠪᠠᠷᠢᠮᠵᠢᠶ᠎ᠠ ᠲᠠᠢ 30 ᠲᠣᠮᠣ ᠫᠧᠩ ᠢᠳᠡᠰᠢᠨ ᠨᠣᠭᠤᠭ᠎ᠠ ᠳᠠᠷᠢᠬᠤ ᠰᠠᠭᠤᠷᠢᠨ ᠭᠠᠵᠠᠷ ᠤᠨ | ᠠᠵᠢᠯᠯᠠᠭᠠᠨ ᠰᠠᠶᠢᠨ ᠪᠠᠶᠢᠵᠤ᠂ ᠠᠯᠠᠰᠢᠨ ᠬᠤᠨᠢ ᠲᠡᠵᠢᠭᠡᠨ ᠦᠷᠡᠵᠢᠭᠦᠯᠵᠦ ᠡᠳ᠋ᠰᠢᠭᠦᠯᠬᠦ ᠲᠥᠷᠥᠯ ᠵᠦᠶᠯ ᠢ ᠡᠬᠢᠯᠡᠭᠦᠯᠦᠨ ᠠᠵᠢᠯᠯᠠᠭᠤᠯᠪᠠ᠃《ᠰᠢᠭᠤᠳ | ᠬᠤᠷᠰᠢᠯᠴᠠᠬᠤ ᠠᠵᠤ ᠠᠬᠤᠶ》 ᠶᠢ ᠲᠦᠷᠭᠡᠳᠬᠡᠨ ᠬᠥᠭᠵᠢᠭᠦᠯᠵᠦ᠂《ᠪᠠᠶ᠋ᠬᠠᠣᠪᠤᠭ᠎ᠠ ᠠᠭᠤᠷᠬᠠᠢ ᠶᠢᠨ ᠲᠣᠭᠤᠷᠢᠭ ᠤᠨ ᠰᠢᠭᠤᠳ ᠬᠤᠷᠰᠢᠯᠴᠠᠬᠤ ᠠᠵᠤ ᠠᠬᠤᠶ | ᠶᠢᠨ ᠬᠤᠤᠰ ᠡᠭᠦᠳᠦᠯᠲᠡ ᠶᠢᠨ ᠬᠦᠷᠢᠶᠡᠯᠡᠩ ᠲᠣᠭᠤᠷᠢᠭ ᠤᠨ ᠬᠥᠭᠵᠢᠯᠲᠡ ᠶᠢ ᠳᠡᠮᠵᠢᠬᠦ ᠵᠢᠷᠭᠤᠭᠠᠨ ᠵᠦᠶᠯ ᠤᠨ ᠲᠥᠷᠥ ᠶᠢᠨ ᠪᠣᠳᠣᠯᠭ᠎ᠠ》 ᠶᠢ ᠨᠡᠶᠢᠲᠡᠯᠡᠵᠦ᠂ | ᠰᠢᠭᠤᠳ ᠬᠤᠷᠰᠢᠯᠴᠠᠬᠤ ᠬᠦᠷᠢᠶᠡᠯᠡᠩ ᠲᠣᠭᠤᠷᠢᠭ 142 ᠠᠵᠤ ᠠᠬᠤᠶᠢᠯᠠᠯ ᠢ ᠲᠡᠳᠡᠨ ᠣᠷᠣᠭᠤᠯᠵᠤ᠂ ᠤᠯᠤᠰ ᠤᠨ ᠲᠠᠰ ᠤᠨ ᠡᠯᠧᠺᠲᠷᠣᠨ ᠬᠤᠳᠠᠯᠳᠤᠭᠠᠨ ᠤ | ᠶᠠᠪᠤᠳᠠᠯ ᠤᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠲᠤ ᠣᠷᠣᠵᠤ᠂ ᠥᠪᠡᠷᠲᠡᠭᠡᠨ ᠵᠠᠰᠠᠬᠤ ᠣᠷᠣᠨ ᠤ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠵᠢᠱᠢᠶ᠎ᠡ | ᠦᠵᠡᠭᠦᠯᠬᠦ ᠰᠠᠭᠤᠷᠢᠨ ᠭᠠᠵᠠᠷ ᠢᠶᠠᠷ ᠦᠨᠡᠯᠡᠭᠳᠡᠪᠡ᠃《ᠲᠠᠯ᠎ᠠ ᠨᠤᠲᠤᠭ ᠤᠨ ᠪᠢᠴᠢᠬᠠᠨ ᠪᠠᠭᠠᠲᠤᠷ ᠡᠭᠡᠴᠢ ᠥᠬᠢᠨ ᠳᠡᠭᠦᠦ ᠶᠢᠨ ᠬᠤᠪᠢᠰᠬᠠᠯᠲᠤ ᠵᠤᠭᠠᠴᠠᠯ᠂ | ᠠᠭᠤᠷᠬᠠᠢ ᠶᠢᠨ ᠰᠣᠶᠣᠯ ᠤᠨ ᠠᠵᠤ ᠦᠶᠯᠡᠳᠪᠦᠷᠢ ᠶᠢᠨ ᠵᠤᠭᠠᠴᠠᠯ᠂ ᠮᠣᠩᠭᠤᠯ ᠶᠤᠸᠠᠨ ᠤ ᠰᠣᠶᠣᠯ ᠤᠨ ᠲᠠᠯ᠎ᠠ ᠨᠤᠲᠤᠭ ᠤᠨ ᠵᠤᠭᠠᠴᠠᠯ ᠬᠠᠴᠢᠨ ᠴᠢᠯᠠᠭᠤᠨ | ᠤ ᠠᠷᠠᠯᠵᠢᠶ᠎ᠠ ᠰᠡᠯᠡᠭᠦᠴᠡᠯ ᠤᠨ ᠵᠤᠭᠠᠴᠠᠯ》 ᠢ ᠬᠠᠷᠢᠯᠴᠠᠨ ᠤᠶᠠᠯᠳᠤᠭᠤᠯᠤᠭᠰᠠᠨ ᠵᠤᠭᠠᠴᠠᠯ ᠤᠨ ᠬᠡᠰᠡᠭ ᠢ ᠪᠦᠬᠦ ᠬᠦᠴᠦ ᠪᠠᠷ ᠪᠠᠶᠢᠭᠤᠯᠵᠤ᠂ ᠪᠦᠬᠦ ᠣᠷᠣᠨ | ᠪᠦᠰᠡ ᠶᠢᠨ ᠵᠤᠭᠠᠴᠠᠯ ᠤᠨ ᠵᠢᠱᠢᠶ᠎ᠡ ᠦᠵᠡᠭᠦᠯᠬᠦ ᠲᠣᠭᠤᠷᠢᠭ ᠵᠢᠴᠢ ᠤᠯᠤᠰ ᠤᠨ 3A ᠲᠡᠰ ᠤᠨ ᠵᠤᠭᠠᠴᠠᠯ ᠤᠨ ᠦᠵᠡᠮᠵᠢ ᠶᠢᠨ ᠣᠷᠣᠨ ᠢ ᠡᠭᠦᠳᠦᠨ | ᠪᠠᠶᠢᠭᠤᠯᠬᠤ ᠠᠵᠢᠯ ᠢ ᠠᠬᠢᠭᠤᠯᠪᠠ᠃ ᠠᠷᠪᠠᠨ ᠳᠥᠷᠪᠡᠳᠦᠭᠡᠷ ᠬᠤᠭᠤᠴᠠᠭᠠᠨ ᠤ ᠬᠠᠴᠢᠨ ᠴᠢᠯᠠᠭᠤᠨ ᠤ ᠰᠣᠶᠣᠯ ᠵᠢᠭᠤᠯᠴᠢᠯᠠᠯ ᠤᠨ ᠨᠠᠶᠢᠷ ᠢ ᠠᠮᠵᠢᠯᠲᠠ ᠲᠠᠢ | ᠡᠷᠬᠢᠯᠡᠵᠦ᠂ ᠲᠠᠯ᠎ᠠ ᠨᠤᠲᠤᠭ ᠤᠨ ᠪᠢᠴᠢᠬᠠᠨ ᠪᠠᠭᠠᠲᠤᠷ ᠡᠭᠡᠴᠢ ᠥᠬᠢᠨ ᠳᠡᠭᠦᠦ ᠶᠢᠨ ᠦᠢᠯᠡ ᠠᠵᠢᠯᠯᠠᠭ᠎ᠠ ᠶᠢᠨ ᠦᠵᠡᠭᠦᠯᠭᠡ ᠶᠢᠨ ᠣᠷᠳᠣᠨ᠂ ᠤᠶᠤᠨᠲᠤ | ᠬᠤᠲᠠ ᠪᠠ ᠲᠣᠮᠣ ᠳ᠋ᠠᠶᠢᠲ᠋ᠠ ᠶᠢᠨ ᠳᠡᠯᠭᠡᠨ ᠦᠵᠡᠭᠦᠯᠵᠦ ᠪᠡᠶᠡᠴᠢᠯᠡᠨ ᠣᠶᠢᠯᠠᠭᠠᠬᠤ ᠲᠥᠪ ᠢ ᠰᠦᠢᠳᠬᠡᠯ ᠬᠤᠷᠢᠶᠠᠬᠤ ᠦᠭᠡᠢ ᠪᠠᠷ ᠨᠡᠭᠡᠭᠡᠵᠦ᠂ ᠪᠦᠬᠦ ᠵᠢᠯ ᠳᠤ | 3 ᠲᠦᠮᠡ ᠭᠠᠷᠤᠢ ᠵᠤᠭᠠᠴᠠᠭᠰᠠᠳ ᠢ ᠬᠦᠯᠢᠶᠡᠨ ᠠᠪᠴᠤ ᠵᠣᠴᠢᠯᠠᠪᠠ᠃ | ︵ᠭᠤᠷᠪᠠ︶《ᠭᠤᠷᠪᠠᠨ ᠶᠡᠭᠡ ᠪᠣᠭᠤᠮᠲᠠ ᠰᠢᠪᠲᠤᠯᠬᠤ ᠳᠠᠶᠢᠯᠠᠯᠳᠤᠭᠠᠨ》 ᠤ ᠦᠷ᠎ᠡ ᠪᠦᠲᠦᠮᠵᠢ ᠢᠯᠡᠳᠲᠡ ᠪᠣᠯᠪᠠ᠃ ᠬᠦᠨᠳᠦ ᠶᠡᠭᠡ ᠠᠶᠤᠯ | ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠪᠦᠬᠦ ᠬᠦᠴᠦ ᠪᠠᠷ ᠰᠠᠶᠢᠲᠤᠷ ᠬᠢᠵᠦ᠂ ᠠᠷᠭ᠎ᠠ ᠪᠦᠬᠦᠨ ᠢ ᠰᠦᠪᠡᠭᠴᠢᠯᠡᠨ | ᠵᠠᠰᠠᠭ ᠤᠨ ᠣᠷᠳᠣᠨ ᠤ ᠥᠷᠢ ᠥᠭᠴᠡᠭᠡ ᠶᠢ 2.57 ᠳ᠋ᠦᠩᠰᠢᠭᠤᠷ ᠲᠥᠭᠦᠷᠢᠭ ᠠᠷᠢᠯᠭᠠᠵᠤ᠂ ᠬᠠᠷᠠᠯᠲᠠ ᠡᠭᠦᠷᠭᠡ ᠶᠢ 171.3% ᠪᠠᠷ ᠪᠡᠶᠡᠯᠡᠭᠦᠯᠵᠦ᠂ | ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠳᠠᠩᠰᠠᠨ ᠳᠤ ᠥᠷᠢᠲᠦᠭᠰᠡᠨ 1.62 ᠳ᠋ᠦᠩᠰᠢᠭᠤᠷ ᠲᠥᠭᠦᠷᠢᠭ ᠢ ᠢᠯᠭᠠᠷᠠᠭᠤᠯᠵᠤ᠂ ᠬᠠᠷᠠᠯᠲᠠ ᠡᠭᠦᠷᠭᠡ | ᠪᠠᠨ ᠳᠠᠪᠠᠭᠤᠯᠤᠨ ᠪᠡᠶᠡᠯᠡᠭᠦᠯᠪᠡ᠃ ᠬᠤᠲᠠ ᠶᠢᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠪᠦᠬᠦ ᠬᠦᠴᠦ ᠪᠠᠷ ᠰᠠᠶᠢᠲᠤᠷ | ᠬᠢᠵᠦ᠂ ᠨᠡᠶᠢᠲᠡ 586 ᠲᠦᠮᠡᠨ ᠲᠥᠭᠦᠷᠢᠭ ᠤᠨ ᠪᠡᠯᠡ ᠣᠷᠣᠭᠤᠯᠵᠤ᠂ ᠣᠷᠣᠯᠭ᠎ᠠ ᠪᠠᠭ᠎ᠠ ᠬᠥᠮᠦᠰ ᠤᠨ ᠵᠣᠯ ᠵᠢᠷᠭᠠᠯ ᠢ ᠳᠡᠭᠡᠭᠰᠢᠯᠡᠭᠦᠯᠬᠦ ᠢᠨᠵᠧᠨᠧᠷᠢᠩ ᠢ | ᠤᠯᠠᠮ ᠨᠢᠭᠡ ᠠᠯᠬᠤᠮ ᠰᠠᠶᠢᠲᠤᠷ ᠠᠳᠬᠤᠵᠤ᠂ ᠨᠡᠶᠢᠲᠡ 123 ᠡᠷᠦᠬᠡ 191 ᠬᠥᠮᠥᠨ ᠶᠠᠳᠠᠭᠤ ᠠᠴᠠ ᠠᠩᠭᠢᠵᠢᠷᠠᠵᠤ᠂ ᠨᠡᠶᠢᠭᠡᠮ ᠤᠨ ᠠᠪᠤᠷᠠᠨ ᠲᠤᠰᠠᠯᠠᠯᠲᠠ | ᠳᠤ ᠤᠨᠢᠨ ᠳᠡᠭᠡᠷ᠎ᠡ ᠨᠢ ᠬᠦᠴᠦᠯᠡᠵᠦ᠂ ᠣᠯᠠᠨ ᠲᠦᠮᠡᠨ ᠤ ᠬᠠᠨᠤᠮᠵᠢ ᠶᠢᠨ ᠬᠡᠮᠵᠢᠶ᠎ᠡ ᠲᠠᠰᠤᠷᠠᠯᠲᠠ ᠦᠭᠡᠢ ᠳᠡᠭᠡᠭᠰᠢᠯᠡᠪᠡ᠃ ᠪᠣᠬᠢᠷᠲᠤᠯ ᠢ ᠰᠡᠷᠭᠡᠶᠢᠯᠡᠨ ᠵᠠᠰᠠᠬᠤ | ᠪᠣᠭᠤᠮᠲᠠ ᠰᠢᠪᠲᠤᠯᠬᠤ ᠳᠠᠶᠢᠯᠠᠯᠳᠤᠭᠠᠨ ᠢ ᠪᠦᠬᠦ ᠬᠦᠴᠦ ᠪᠠᠷ ᠰᠠᠶᠢᠲᠤᠷ ᠬᠢᠵᠦ᠂ ᠲᠥᠪ᠂ ᠥᠪᠡᠷᠲᠡᠭᠡᠨ ᠵᠠᠰᠠᠬᠤ ᠣᠷᠣᠨ ᠤ ᠬᠢᠨᠠᠨ ᠪᠠᠶᠢᠴᠠᠭᠠᠵᠤ ᠬᠠᠷᠢᠭᠤ | ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢᠯᠡᠳᠲᠡ ᠦᠷ᠎ᠡ ᠪᠦᠲᠦᠮᠵᠢ ᠣᠯᠵᠤ᠂ 4700 ᠭᠠᠷᠤᠢ ᠲᠦᠮᠡᠨ ᠲᠥᠭᠦᠷᠢᠭ ᠤᠨ ᠪᠡᠯᠡ | ᠣᠷᠣᠭᠤᠯᠵᠤ᠂ ᠪᠠᠶ᠋ᠬᠠᠣᠪᠤᠭ᠎ᠠ ᠲᠡᠮᠦᠷ ᠤᠨ ᠠᠭᠤᠷᠬᠠᠢ ᠶᠢᠨ ᠠᠵᠤ ᠦᠢᠯᠡᠳᠪᠦᠷᠢ ᠶᠢᠨ ᠳᠤᠯᠠᠭᠠᠯᠠᠭ᠎ᠠ ᠶᠢᠨ ᠲᠦᠷᠦᠯ ᠵᠦᠢᠯ ᠤᠨ ᠥᠭᠡᠷᠡᠴᠢᠯᠡᠯᠲᠡ ᠶᠢ | ᠪᠡᠶᠡᠯᠡᠭᠦᠯᠵᠦ᠂ 29 ᠨᠡᠭᠦᠷᠡᠰᠦ ᠰᠢᠲᠠᠭᠠᠬᠤ ᠵᠤᠤᠬ᠎ᠠ ᠶᠢ ᠪᠦᠬᠦᠨ ᠢ ᠴᠡᠪᠡᠷ ᠡᠨᠧᠷᠭᠢ ᠪᠠᠷ ᠣᠷᠣᠯᠠᠭᠤᠯᠬᠤ ᠶᠢ ᠪᠡᠶᠡᠯᠡᠭᠦᠯᠪᠡ᠃ ᠠᠭᠠᠷ ᠤᠨ ᠶᠠᠰᠤ ᠴᠢᠨᠠᠷ ᠤᠨ | ᠪᠠᠷᠢᠮᠵᠢᠶ᠎ᠠ ᠳᠤ ᠬᠦᠷᠦᠭᠰᠡᠨ ᠡᠳᠦᠷ ᠤᠨ ᠲᠤᠭ᠎ᠠ ᠵᠢᠯ ᠤᠨ 329 ᠡᠳᠦᠷ ᠲᠤ ᠬᠦᠷᠴᠦ᠂ ᠪᠠᠷᠢᠮᠵᠢᠶ᠎ᠠ ᠳᠤ ᠬᠦᠷᠦᠭᠰᠡᠨ ᠬᠠᠷᠢᠴᠠᠯ ᠨᠢ ᠪᠦᠬᠦ ᠬᠤᠲᠠ ᠶᠢᠨ | ᠡᠮᠦᠨ᠎ᠡ ᠡᠩᠨᠡᠭᠡᠨ ᠳᠤ ᠣᠷᠣᠪᠠ᠃ ᠪᠣᠬᠢᠷ ᠤᠰᠤ ᠰᠢᠶᠳᠪᠦᠷᠢᠯᠡᠬᠦ ᠴᠤᠭᠯᠠᠭᠤᠯᠬᠤ ᠨᠣᠷᠮ᠎ᠠ ᠶᠢ 94.5% ᠳᠤ ᠬᠦᠷᠲᠡᠯ᠎ᠡ ᠳᠡᠭᠡᠭᠰᠢᠯᠡᠭᠦᠯᠵᠦ᠂ ᠪᠣᠬᠢᠷ ᠤᠰᠤ | ᠰᠢᠶᠳᠪᠦᠷᠢᠯᠡᠬᠦ ᠦᠶᠯᠡᠳᠪᠦᠷᠢ ᠶᠢᠨ《ᠭᠤᠷᠪᠠᠨ ᠳᠣᠤᠷ᠎ᠠ》ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠪᠡᠶᠡᠯᠡᠭᠦᠯᠬᠦ ᠶᠢᠨ ᠬᠠᠮᠲᠤ ᠥᠪᠡᠷᠲᠡᠭᠡᠨ ᠵᠠᠰᠠᠬᠤ | ᠣᠷᠣᠨ ᠤ ᠰᠢᠯᠭᠠᠨ ᠬᠤᠷᠢᠶᠠᠬᠤ ᠶᠢ ᠥᠩᠭᠡᠷᠡᠭᠡᠪᠡ᠃ 1300 ᠭᠠᠷᠤᠶ ᠲᠦᠮᠡᠨ ᠲᠥᠭᠦᠷᠢᠭ ᠤᠨ ᠪᠡᠯᠡ ᠣᠷᠣᠭᠤᠯᠵᠤ᠂ ᠪᠠᠷᠠᠭᠤᠨ ᠮᠠᠰᠢᠨ ᠲᠡᠷᠭᠡᠨ ᠤ ᠰᠢᠷᠣᠶ | ᠭᠠᠳᠠᠭᠰᠢᠯᠠᠭᠤᠯᠬᠤ ᠲᠠᠯᠠᠪᠠᠢ ᠶᠢᠨ ᠭᠠᠵᠠᠷ ᠤᠨ ᠰᠡᠷᠭᠦᠭᠡᠨ ᠵᠠᠰᠠᠯᠲᠠ ᠶᠢ ᠪᠡᠶᠡᠯᠡᠭᠦᠯᠵᠦ᠂ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢ ᠪᠦᠬᠦ ᠲᠠᠯ᠎ᠠ ᠪᠠᠷ | ᠴᠢᠩᠭᠠᠳᠬᠠᠪᠠ᠃ | ︵ᠳᠥᠷᠪᠡ︶ ᠥᠭᠡᠷᠡᠴᠢᠯᠡᠯᠲᠡ ᠶᠢᠨ ᠠᠮᠢᠵᠢᠷᠠᠯ ᠤᠨ ᠬᠦᠴᠦᠨ ᠢ ᠭᠦᠢᠴᠡᠳ ᠢᠯᠡᠷᠡᠭᠦᠯᠪᠡ᠃《ᠲᠠᠯᠪᠢᠬᠤ ᠬᠠᠮᠢᠶᠠᠷᠬᠤ | ᠦᠢᠯᠡᠴᠢᠯᠡᠬᠦ》ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠵᠦ᠂ ᠳᠣᠣᠷ᠎ᠠ ᠨᠢ ᠭᠦᠢᠴᠡᠳᠬᠡᠬᠦ᠂ ᠰᠦᠯᠵᠢᠶᠡᠨ ᠳᠡᠭᠡᠷ᠎ᠡ ᠭᠦᠢᠴᠡᠳᠬᠡᠬᠦ᠂ ᠣᠶᠢᠷ᠎ᠠ | ᠬᠠᠪᠢ ᠳᠤᠨᠢ ᠭᠦᠢᠴᠡᠳᠬᠡᠬᠦ᠂ ᠨᠢᠭᠡ ᠯᠡ ᠤᠳᠠᠭ᠎ᠠ ᠳᠤ ᠭᠦᠢᠴᠡᠳᠬᠡᠬᠦ ᠵᠦᠢᠯᠡᠰ ᠤᠨ ᠨᠠᠷᠢᠨ ᠳᠠᠩᠰᠠ 362 ᠵᠦᠢᠯ ᠢ ᠡᠮᠬᠢᠯᠡᠵᠦ᠂ ᠡᠭᠦᠨ ᠳᠤ 90% ᠶᠢᠨ | ᠣᠯᠠᠨ ᠨᠡᠶᠢᠲᠡ ᠶᠢᠨ ᠦᠢᠯᠡᠴᠢᠯᠡᠭᠡᠨ ᠤ ᠵᠦᠢᠯᠡᠰ ᠢ ᠨᠢᠭᠡ ᠯᠡ ᠤᠳᠠᠭ᠎ᠠ ᠳᠤ ᠭᠦᠢᠴᠡᠳᠬᠡᠬᠦ ᠶᠢ ᠪᠡᠶᠡᠯᠡᠭᠦᠯᠪᠡ᠃ ᠲᠣᠭᠤᠷᠢᠭ ᠤᠨ ᠱᠠᠲᠤᠨ ᠤ ᠵᠠᠰᠠᠭ ᠵᠠᠬᠢᠷᠭᠠᠨ | ᠤ ᠵᠥᠪᠰᠢᠶᠡᠷᠡᠯ᠂ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠴᠢᠬᠤᠯᠠ ᠨᠥᠬᠦᠴᠡᠯ ᠪᠠ ᠴᠠᠭ ᠤᠨ ᠬᠢᠵᠠᠭᠠᠷ ᠢ ᠲᠣᠰ ᠲᠣᠰ 35% ᠪᠠ 50% ᠪᠠᠷ | ᠪᠠᠭᠠᠰᠬᠠᠪᠠ᠃ ᠤᠯᠤᠰ᠂ ᠥᠪᠡᠷᠲᠡᠭᠡᠨ ᠵᠠᠰᠠᠬᠤ ᠣᠷᠣᠨ᠂ ᠪᠤᠭᠤᠲᠤ ᠬᠤᠲᠠ ᠯᠤᠭ᠎ᠠ ᠵᠣᠯᠭᠠᠭᠤᠯᠵᠤ ᠬᠠᠮᠲᠤ ᠪᠠᠷ ᠬᠦᠷᠲᠡᠬᠦ ᠨᠢᠭᠡ ᠴᠣᠭᠴᠠᠴᠢᠯᠠᠭᠰᠠᠨ ᠵᠠᠰᠠᠭ | ᠤᠨ ᠶᠠᠪᠤᠳᠠᠯ ᠤᠨ ᠦᠶᠯᠡᠴᠢᠯᠡᠭᠡᠨ ᠤ ᠲᠠᠪᠴᠠᠩ ᠢ ᠪᠠᠶᠢᠭᠤᠯᠵᠤ᠂ ᠰᠦᠯᠵᠢᠶᠡᠨ ᠳᠡᠭᠡᠷ᠎ᠡ ᠭᠦᠶᠴᠡᠳᠬᠡᠵᠦ ᠪᠣᠯᠬᠤ ᠨᠣᠷᠮ᠎ᠠ ᠶᠢ 78% ᠳᠤ ᠬᠦᠷᠭᠡᠪᠡ᠃ | ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠬᠢᠨᠠᠨ ᠵᠥᠪᠰᠢᠶᠡᠷᠡᠬᠦ ᠳᠦᠷᠢᠮ ᠤᠨ ᠥᠭᠡᠷᠡᠴᠢᠯᠡᠯᠲᠡ ᠰᠢᠪᠲᠤᠯᠤᠯᠲᠠ ᠲᠠᠢ ᠪᠣᠯᠵᠤ᠂ | ᠬᠤᠲᠠ ᠶᠢᠨ ᠵᠠᠰᠠᠭ ᠤᠨ ᠣᠷᠳᠣᠨ ᠳᠤ《ᠭᠠᠵᠠᠷ ᠠᠪᠬᠤ ᠲᠠᠢ ᠵᠡᠷᠭᠡ ᠠᠵᠢᠯ ᠡᠬᠢᠯᠡᠬᠦ》ᠲᠤᠷᠰᠢᠯᠲᠠ ᠶᠢᠨ ᠴᠡᠭ ᠪᠣᠯᠭᠠᠬᠤ ᠪᠠᠷ ᠲᠣᠭᠲᠠᠭᠠᠭᠳᠠᠵᠤ᠂ ᠨᠡᠶᠢᠭᠡᠮ | ᠤᠨ ᠪᠡᠯᠡ ᠣᠷᠣᠭᠤᠯᠤᠯᠲᠠ ᠶᠢᠨ ᠲᠥᠷᠥᠯ ᠵᠦᠢᠯ ᠤᠨ ᠬᠢᠨᠠᠨ ᠵᠥᠪᠰᠢᠶᠡᠷᠡᠬᠦ ᠴᠠᠭ ᠤᠨ ᠬᠢᠵᠠᠭᠠᠷ ᠢ 20 ᠭᠠᠷᠤᠢ ᠡᠳᠦᠷ ᠪᠠᠭᠠᠰᠬᠠᠪᠠ᠃ ᠬᠤᠳᠠᠯᠳᠤᠭ᠎ᠠ | ᠡᠵᠡᠩᠨᠡᠬᠦ ᠣᠷᠴᠢᠨ ᠨᠥᠬᠦᠴᠡᠯ ᠦᠷᠭᠦᠯᠵᠢᠯᠡᠨ ᠰᠠᠶᠢᠵᠢᠷᠠᠵᠤ᠂ 255 ᠵᠠᠬ᠎ᠠ ᠳᠡᠯᠭᠡᠭᠦᠷ ᠤᠨ ᠭᠤᠤᠯ ᠴᠣᠭᠴᠠ ᠰᠢᠨ᠎ᠡ ᠪᠠᠷ ᠨᠡᠮᠡᠭᠳᠡᠵᠦ᠂ ᠨᠡᠶᠢᠲᠡ 1496 | ᠪᠣᠯᠪᠠ᠃ ᠪᠦᠬᠦ ᠬᠤᠲᠠ ᠶᠢᠨ《ᠨᠡᠶᠢᠲᠡ ᠶᠢᠨ ᠪᠤᠰᠤ ᠥᠮᠴᠢᠯᠡᠯ ᠤᠨ ᠠᠷᠪᠠᠨ ᠵᠤᠷᠪᠤᠰ》᠂ ᠮᠠᠨ ᠤ ᠲᠣᠭᠤᠷᠢᠭ ᠤᠨ《ᠨᠡᠶᠢᠲᠡ ᠶᠢᠨ ᠪᠤᠰᠤ ᠥᠮᠴᠢᠯᠡᠯ ᠤᠨ | ᠨᠠᠢᠮᠠᠨ ᠵᠤᠷᠪᠤᠰ》ᠵᠡᠷᠭᠡ ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠠᠷᠠᠳ ᠠᠴᠠ | ᠡᠵᠡᠩᠨᠡᠭᠰᠡᠨ ᠠᠵᠤ ᠠᠬᠤᠶᠢᠯᠠᠯ ᠤᠨ ᠬᠥᠭᠵᠢᠨ ᠪᠤᠵᠠᠭᠠᠢᠢᠷᠠᠬᠤ ᠶᠢ ᠪᠦᠬᠦ ᠬᠦᠴᠦ ᠪᠠᠷ ᠳᠡᠮᠵᠢᠪᠡ᠃ ᠲᠥᠷᠥᠯ ᠬᠤᠪᠢᠶᠠᠨ ᠨᠢᠭᠡ ᠴᠣᠩᠬᠤ ᠪᠠᠷ ᠶᠡᠷᠦᠩᠬᠡᠶᠢᠯᠡᠨ | ᠬᠦᠯᠢᠶᠡᠨ ᠠᠪᠴᠤ ᠰᠢᠶᠳᠪᠦᠷᠢᠯᠡᠬᠦ ᠶᠢ ᠡᠩ ᠲᠡᠷᠢᠭᠦᠨ ᠳᠤ ᠬᠡᠷᠡᠭᠵᠢᠭᠦᠯᠵᠦ᠂ ᠪᠦᠬᠦ ᠬᠤᠲᠠ ᠶᠢᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠲᠡᠷᠢᠭᠦᠨ ᠤ | ᠭᠠᠵᠠᠷ ᠣᠷᠣᠨ ᠢᠶᠠᠷ ᠦᠨᠡᠯᠡᠭᠳᠡᠪᠡ᠃ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠵᠦ᠂ ᠪᠠᠶ᠋ᠬᠠᠣᠪᠤᠭ᠎ᠠ | ᠠᠭᠤᠷᠬᠠᠢ ᠶᠢᠨ ᠣᠯᠠᠨ ᠲᠡᠮᠦᠷᠯᠢᠭ ᠤᠨ ᠡᠬᠢ ᠪᠠᠶᠠᠯᠢᠭ ᠢ ᠶᠡᠷᠦᠩᠬᠡᠶᠢᠯᠡᠨ ᠠᠰᠢᠭᠯᠠᠬᠤ ᠬᠠᠮᠲᠤᠷᠠᠭᠰᠠᠨ ᠰᠤᠳᠤᠯᠭᠠᠨ ᠤ ᠬᠦᠷᠢᠶᠡᠯᠡᠩ ᠠᠰᠢᠭᠯᠠᠯᠲᠠ ᠳᠤ ᠣᠷᠣᠵᠤ | ᠂ ᠬᠡᠲᠦ ᠳᠠᠮᠵᠢᠭᠤᠯᠭ᠎ᠠ ᠪᠠᠷ ᠬᠤᠪᠣᠷ ᠰᠢᠷᠣᠢ᠂ ᠨᠢᠦᠪᠢ ᠵᠡᠷᠭᠡ ᠶᠢ ᠰᠢᠯᠢᠬᠦ ᠶᠢ ᠬᠡᠪᠴᠢᠶᠡᠵᠢᠭᠦᠯᠦᠨ ᠬᠡᠷᠡᠭᠯᠡᠭᠡᠨ ᠳᠤ ᠣᠷᠣᠭᠤᠯᠵᠤ᠂ ᠬᠡᠲᠦ ᠳᠠᠮᠵᠢᠭᠤᠯᠭ᠎ᠠ ᠪᠠᠷ | ᠬᠡᠲᠦ ᠳᠠᠮᠵᠢᠭᠤᠯᠬᠤ ᠰᠣᠷᠢᠨᠵᠢᠨ ᠰᠢᠯᠢᠬᠦ ᠮᠡᠷᠭᠡᠵᠢᠯ ᠢᠶᠠᠷ ᠬᠠᠶᠢᠯᠤᠭᠤᠷ ᠴᠢᠯᠠᠭᠤᠨ ᠨᠠᠷᠢᠯᠢᠭ ᠠᠭᠤᠷᠬᠠᠢ ᠶᠢᠨ ᠴᠢᠨᠠᠷ ᠳᠡᠰ ᠢ ᠳᠡᠭᠡᠭᠰᠢᠯᠡᠭᠦᠯᠬᠦ ᠳᠤ ᠴᠢᠬᠤᠯᠠ | ᠶᠡᠭᠡ ᠰᠢᠪᠲᠤᠯᠤᠯᠲᠠ ᠲᠠᠢ ᠪᠣᠯᠪᠠ᠃ ᠤᠶᠤᠨᠲᠤ ᠬᠤᠲᠠ ᠶᠢᠨ ᠬᠠᠮᠢᠶᠠᠷᠤᠯᠲᠠ ᠶᠢᠨ ᠲᠠᠪᠴᠠᠩ ᠪᠦᠬᠦ ᠬᠤᠲᠠ ᠶᠢ ᠲᠥᠯᠥᠭᠡᠯᠡᠨ ᠬᠤᠶᠠᠳᠤᠭᠠᠷ ᠬᠤᠭᠤᠴᠠᠭᠠᠨ ᠤ | ᠲᠣᠭᠠᠴᠢᠯᠠᠭᠰᠠᠨ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠵᠢᠨᠬᠤᠷᠠᠯ ᠳᠤ ᠣᠷᠣᠯᠴᠠᠵᠤ᠂ ᠮᠠᠨ ᠤ ᠲᠣᠭᠤᠷᠢᠭ ᠤᠨ ᠤᠶᠤᠨᠲᠤ ᠬᠤᠲᠠ ᠶᠢᠨ | ᠪᠦᠲᠦᠭᠡᠨ ᠪᠠᠶᠢᠭᠤᠯᠤᠯᠲᠠ ᠬᠥᠭᠵᠢᠯᠲᠡ ᠶᠢᠨ ᠦᠷ᠎ᠡ ᠪᠦᠲᠦᠭᠡᠯ ᠢᠶᠠᠷ ᠨᠤᠲᠠᠯᠠᠭᠳᠠᠪᠠ᠃ ᠪᠥᠬᠦ ᠪᠥᠮᠪᠥᠷᠴᠡᠭ ᠤᠨ ᠠᠩᠬᠠᠳᠠᠭᠴᠢ 5G ᠵᠢᠯᠣᠭᠤᠴᠢ ᠥᠬᠡᠶ | ᠠᠭᠤᠷᠬᠠᠶ ᠶᠢᠨ ᠮᠠᠰᠢᠨ ᠲᠡᠷᠭᠡ ᠮᠠᠨ ᠤ ᠲᠣᠭᠤᠷᠢᠭ ᠲᠤ ᠰᠠᠭᠤᠷᠢᠰᠢᠵᠤ᠂ ᠪᠠᠶ᠋ᠬᠠᠣᠪᠤᠭ᠎ᠠ ᠲᠡᠮᠦᠷ ᠤᠨ ᠠᠭᠤᠷᠬᠠᠶ ᠨᠢ ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠠᠩᠬᠠᠳᠠᠭᠴᠢ ᠤᠶᠤᠨᠲᠤ ᠬᠦᠷᠢᠶᠡᠯᠡᠩ ᠲᠣᠭᠤᠷᠢᠭ ᠪᠠ ᠤᠶᠤᠨᠲᠤ ᠠᠭᠤᠷᠬᠠᠶ ᠶᠢᠨ ᠲᠤᠷᠰᠢᠯᠲᠠ ᠶᠢᠨ ᠵᠢᠱᠢᠶ᠎ᠡ ᠦᠵᠡᠭᠦᠯᠬᠦ ᠠᠵᠤ ᠠᠬᠤᠶᠢᠯᠠᠯ | ᠢᠶᠠᠷ ᠵᠢᠭᠰᠠᠭᠠᠭᠳᠠᠪᠠ᠃ | ︵ᠲᠠᠪᠤ︶ ᠬᠤᠲᠠ ᠶᠢᠨ ᠴᠢᠳᠠᠮᠵᠢ ᠡᠳᠦᠷ ᠢᠷᠡᠬᠦᠶ᠎ᠡ ᠲᠡᠭᠦᠯᠳᠡᠷᠵᠢᠪᠡ᠃ ᠲᠥᠯᠥᠪᠵᠢᠭᠦᠯᠭᠡ ᠶᠢᠨ ᠰᠢᠰᠲ᠋ᠧᠮᠵᠢ ᠶᠢ ᠨᠠᠩ ᠪᠦᠷᠢᠨ ᠲᠡᠭᠦᠯᠳᠡᠷ ᠪᠣᠯᠭᠠᠵᠤ᠂ | ᠬᠤᠲᠠ ᠶᠢᠨ ᠶᠡᠷᠦᠩᠬᠡᠶ ᠲᠥᠯᠥᠪᠵᠢᠭᠦᠯᠭᠡ ᠨᠢ ᠬᠤᠲᠠ ᠶᠢᠨ ᠵᠠᠰᠠᠭ ᠤᠨ ᠣᠷᠳᠣᠨ ᠤ ᠴᠣᠬᠤᠯᠠᠪᠤᠷᠢ ᠶᠢ ᠣᠯᠵᠤ᠂ ᠠᠮᠢ ᠠᠬᠤᠢ ᠣᠷᠴᠢᠨ ᠲᠣᠭᠤᠷᠢᠨ ᠤ | ᠬᠠᠮᠠᠭᠠᠯᠠᠯᠲᠠ ᠪᠠ ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠠᠵᠢᠯ ᠢ ᠡᠬᠢᠯᠡᠭᠦᠯᠵᠦ᠂ ᠥᠪᠡᠷᠲᠡᠭᠡᠨ | ᠵᠠᠰᠠᠬᠤ ᠣᠷᠣᠨ ᠤ《ᠬᠤᠲᠠ ᠶᠢᠨ ᠬᠤᠤᠰ ᠵᠠᠰᠠᠯᠲᠠ》 ᠶᠢᠨ ᠲᠤᠷᠰᠢᠯᠲᠠ ᠶᠢᠨ ᠡᠯ᠎ᠡ ᠵᠦᠶᠯ ᠤᠨ ᠠᠵᠢᠯ ᠢ ᠪᠥᠬᠦ ᠲᠠᠯ᠎ᠠ ᠪᠠᠷ ᠪᠡᠶᠡᠯᠡᠭᠦᠯᠪᠡ᠃ ᠰᠠᠭᠤᠷᠢ | ᠲᠥᠬᠦᠭᠡᠷᠦᠮᠵᠢ ᠶᠢ ᠨᠠᠩ ᠲᠡᠭᠦᠯᠳᠡᠷᠵᠢᠭᠦᠯᠵᠦ᠂ 644 ᠲᠦᠮᠡᠨ ᠲᠥᠭᠦᠷᠢᠭ ᠤᠨ ᠪᠡᠯᠡ ᠣᠷᠣᠭᠤᠯᠵᠤ᠂ ᠬᠤᠲᠠ ᠲᠣᠭᠤᠷᠢᠭ ᠤᠨ ᠤᠰᠤ ᠬᠠᠩᠭᠠᠬᠤ ᠬᠤᠭᠤᠯᠠᠢ | ᠶᠢᠨ ᠲᠣᠣᠷ ᠢ ᠶᠡᠷᠦᠩᠬᠡᠶᠢᠯᠡᠨ ᠥᠭᠡᠷᠡᠴᠢᠯᠡᠬᠦ ᠢᠨᠵᠧᠨᠧᠷᠢᠩ ᠢ ᠬᠡᠷᠡᠭᠵᠢᠭᠦᠯᠪᠡ᠃ ᠦᠨᠳᠦᠰᠦᠲᠡᠨ ᠵᠠᠮ᠂ ᠬᠤᠪᠣᠷ ᠰᠢᠷᠣᠶ ᠵᠡᠭᠡᠯᠢ ᠶᠢ ᠰᠡᠯᠪᠢᠨ ᠵᠠᠰᠠᠵᠤ | ᠥᠭᠡᠷᠡᠴᠢᠯᠡᠵᠦ᠂ 8 ᠵᠢᠵᠢᠭ ᠵᠡᠭᠡᠯᠢ ᠭᠤᠳᠤᠮᠵᠢ ᠶᠢ ᠶᠡᠷᠦᠩᠬᠡᠶᠢᠯᠡᠨ ᠴᠡᠭᠴᠡᠯᠡᠨ ᠵᠠᠰᠠᠵᠤ᠂ ᠰᠢᠨ᠎ᠡ ᠪᠠᠷ 118 ᠵᠠᠮ ᠤᠨ ᠳ᠋ᠧᠩ ᠨᠡᠮᠡᠭᠳᠡᠭᠦᠯᠵᠦ᠂ 2 ᠵᠠᠮ | ᠬᠠᠷᠢᠯᠴᠠᠭᠠᠨ ᠤ ᠳᠣᠬᠢᠶᠠᠨ ᠳ᠋ᠧᠩ ᠤᠭᠰᠠᠷᠠᠨ ᠰᠣᠯᠢᠵᠤ᠂ 4 ᠰᠠᠭᠤᠷᠢ ᠪᠣᠬᠢᠷᠲᠤᠯ ᠥᠬᠡᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠴᠠᠬᠢᠯᠭᠠᠨ | ᠬᠥᠳᠡᠯᠭᠡᠭᠦᠷᠲᠦ ᠨᠡᠶᠢᠲᠡ ᠶᠢᠨ ᠮᠠᠰᠢᠨ ᠲᠡᠷᠭᠡ ᠶᠢ ᠬᠡᠷᠡᠭᠯᠡᠯᠲᠡ ᠳᠤ ᠣᠷᠣᠭᠤᠯᠵᠤ᠂ 43 ᠰᠠᠭᠤᠷᠢ ᠲᠦᠷᠢᠶᠡᠰᠦᠨ ᠮᠠᠰᠢᠨ ᠲᠡᠷᠭᠡ ᠶᠢ ᠰᠢᠨᠡᠳᠬᠡᠵᠦ᠂ ᠬᠤᠲᠠ | ᠲᠣᠭᠤᠷᠢᠭ ᠤᠨ ᠵᠠᠮ ᠤᠨ ᠣᠷᠴᠢᠨ ᠲᠣᠭᠤᠷᠢᠨ ᠨᠠᠩ ᠠᠮᠤᠷ ᠲᠦᠪᠰᠢᠨ ᠰᠠᠭᠠᠳ ᠥᠬᠡᠶ ᠨᠡᠪᠲᠡᠷᠡᠨ᠂ ᠣᠯᠠᠨ ᠲᠦᠮᠡᠨ ᠤ ᠶᠠᠪᠤᠵᠤ ᠰᠠᠭᠤᠬᠤ ᠨᠠᠩ ᠳᠥᠭᠦᠮ | ᠳᠥᠲᠡ ᠪᠣᠯᠪᠠ᠃ ᠬᠤᠲᠠ ᠶᠢᠨ ᠬᠠᠮᠢᠶᠠᠷᠤᠯᠲᠠ ᠶᠢ ᠨᠠᠩ ᠨᠠᠷᠢᠯᠢᠭ ᠪᠣᠯᠭᠠᠵᠤ᠂ ᠪᠦᠲᠦᠭᠡᠨ ᠪᠠᠶᠢᠭᠤᠯᠬᠤ ᠪᠠ ᠬᠠᠮᠢᠶᠠᠷᠬᠤ ᠶᠢ ᠵᠡᠷᠭᠡ ᠪᠠᠷ ᠴᠢᠬᠤᠯᠠᠴᠢᠯᠠᠬᠤ ᠶᠢ | ᠳᠣᠪᠣᠶᠢᠯᠭᠠᠵᠤ᠂ ᠴᠢᠨᠠᠷ ᠰᠠᠶᠢᠲᠠᠶ ᠬᠤᠲᠠ ᠶᠢ ᠲᠦᠷᠭᠡᠳᠬᠡᠨ ᠪᠦᠲᠦᠭᠡᠨ ᠪᠠᠶᠢᠭᠤᠯᠪᠠ᠃ 23 ᠲᠦᠮᠡᠨ ᠲᠡᠭᠰᠢ ᠳᠥᠷᠪᠡᠯᠵᠢᠨ ᠮᠧᠲᠷ ᠳᠥᠭᠦᠮ ᠪᠦᠳᠦᠴᠡᠳᠦ | ᠣᠷᠣᠨ ᠰᠠᠭᠤᠴᠠ ᠶᠢ ᠥᠭᠡᠷᠡᠴᠢᠯᠡᠬᠦ ᠣᠷᠣᠨ ᠬᠡᠪᠴᠢᠶ᠎ᠡ ᠶᠢ ᠭᠠᠷᠭᠠᠵᠤ ᠳᠠᠭᠤᠰᠤᠨ᠂ ᠬᠤᠲᠠ ᠶᠢᠨ ᠣᠷᠣᠨ ᠵᠠᠶ ᠶᠢᠨ ᠪᠠᠶᠢᠷᠢᠰᠢᠯ ᠢ ᠤᠯᠠᠮ ᠨᠢᠭᠡ ᠠᠯᠬᠤᠮ | ᠳᠡᠭᠡᠭᠰᠢᠯᠡᠭᠦᠯᠪᠡ᠃ ᠵᠠᠮ ᠡᠵᠡᠯᠡᠨ ᠡᠵᠡᠩᠨᠡᠬᠦ᠂ ᠳᠤᠷ᠎ᠠ ᠪᠠᠷ ᠣᠪᠣᠭᠠᠯᠠᠵᠤ ᠳᠤᠷ᠎ᠠ ᠪᠠᠷ ᠲᠠᠯᠪᠢᠬᠤ᠂ ᠨᠡᠭᠦᠲᠡᠯ ᠳᠡᠯᠭᠡᠭᠦᠷ᠂ ᠵᠠᠳᠠᠭᠠᠶ ᠰᠢᠷᠠᠮᠠᠯ ᠵᠡᠷᠭᠡ ᠲᠤᠰᠬᠠᠶ | ᠵᠦᠶᠯ ᠢᠶᠠᠷ ᠴᠡᠭᠴᠡᠯᠡᠨ ᠵᠠᠰᠠᠬᠤ ᠠᠵᠢᠯᠯᠠᠭ᠎ᠠ ᠶᠢ ᠥᠷᠨᠢᠭᠦᠯᠵᠦ᠂ 6 ᠰᠠᠭᠤᠷᠢ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠲᠠᠰᠤᠯᠭ᠎ᠠ ᠰᠢᠨ᠎ᠡ ᠪᠠᠷ | ᠪᠠᠶᠢᠭᠤᠯᠬᠤ ᠪᠠ ᠥᠭᠡᠷᠡᠴᠢᠯᠡᠵᠦ ᠥᠷᠭᠡᠳᠬᠡᠨ ᠪᠠᠶᠢᠭᠤᠯᠵᠤ᠂ 432 ᠰᠠᠭᠤᠷᠢ ᠲᠡᠷᠭᠡᠨ ᠵᠣᠭᠰᠣᠭᠠᠯ ᠲᠥᠯᠥᠪᠵᠢᠭᠦᠯᠵᠦ᠂ ᠨᠣᠭᠤᠭᠠᠷᠠᠭᠤᠯᠵᠤ ᠠᠷᠠᠴᠢᠯᠠᠨ | ᠬᠠᠮᠠᠭᠠᠯᠠᠬᠤ ᠡᠷᠴᠢᠮ ᠢ ᠴᠢᠩᠭᠠᠷᠠᠭᠤᠯᠤᠨ᠂ ᠬᠤᠲᠠ ᠲᠣᠭᠤᠷᠢᠭ ᠤᠨ ᠨᠣᠭᠤᠭᠠᠷᠠᠭᠰᠠᠨ ᠲᠠᠯᠠᠪᠠᠢ ᠶᠢ 235.5 ᠲᠦᠮᠡᠨ ᠲᠡᠭᠰᠢ ᠳᠥᠷᠪᠡᠯᠵᠢᠨ ᠮᠧᠲᠷ ᠲᠤ | ᠬᠦᠷᠦᠭᠦᠯᠵᠦ᠂ ᠬᠤᠲᠠ ᠲᠣᠭᠤᠷᠢᠭ ᠤᠨ ᠳᠦᠷᠰᠦ ᠪᠠᠶᠢᠳᠠᠯ᠂ ᠣᠷᠴᠢᠨ ᠲᠣᠭᠤᠷᠢᠨ ᠢᠯᠡᠳᠲᠡ ᠳᠡᠭᠡᠭᠰᠢᠯᠡᠪᠡ᠃ | ︵ᠵᠢᠷᠭᠤᠭ᠎ᠠ︶ ᠠᠷᠠᠳ ᠤᠨ ᠠᠮᠢᠳᠤᠷᠠᠯ ᠤᠨ ᠪᠠᠲᠤᠯᠠᠭ᠎ᠠ ᠳᠤ ᠦᠷᠭᠦᠯᠵᠢᠯᠡᠨ ᠬᠦᠴᠦᠯᠡᠪᠡ᠃ ᠠᠷᠠᠳ ᠤᠨ ᠠᠮᠢᠳᠤᠷᠠᠯ ᠢ ᠪᠦᠬᠦ ᠬᠦᠴᠦ ᠪᠠᠷ ᠪᠠᠲᠤᠯᠠᠨ | ᠰᠠᠶᠢᠵᠢᠷᠠᠭᠤᠯᠵᠤ᠂ ᠡᠳ᠋ ᠤᠨ ᠵᠠᠰᠠᠭ ᠤᠨ ᠶᠡᠷᠦᠩᠬᠡᠢ ᠵᠠᠷᠤᠯᠭ᠎ᠠ ᠶᠢᠨ 70% ᠠᠴᠠ ᠳᠡᠭᠡᠭᠰᠢᠬᠢ ᠶᠢ ᠡᠵᠡᠯᠡᠪᠡ᠃ ᠠᠵᠢᠯ ᠣᠯᠭᠤᠯᠲᠠ ᠦᠢᠯᠡᠰ ᠪᠣᠰᠬᠠᠯᠲᠠ ᠶᠢ | ᠢᠳᠡᠪᠬᠢᠲᠡᠢ ᠠᠬᠢᠭᠤᠯᠵᠤ᠂ ᠬᠤᠲᠠ ᠪᠠᠯᠭᠠᠰᠤᠨ ᠤ 209 ᠬᠥᠮᠦᠨ ᠰᠢᠨ᠎ᠡ ᠪᠠᠷ ᠠᠵᠢᠯ ᠣᠯᠵᠤ᠂ ᠠᠵᠢᠯ ᠠᠯᠳᠠᠬᠤ ᠨᠣᠷᠮ᠎ᠠ ᠶᠢ 3.0% ᠳᠤ ᠬᠢᠵᠠᠭᠠᠷᠯᠠᠪᠠ᠃ | 401 ᠲᠦᠮᠡᠨ ᠲᠥᠭᠦᠷᠢᠭ ᠤᠨ ᠦᠢᠯᠡᠰ ᠪᠣᠰᠬᠠᠬᠤ ᠵᠢᠭᠡᠯᠡᠯᠭᠡ ᠲᠠᠷᠬᠠᠭᠠᠪᠠ᠃ 103 ᠨᠡᠷᠡᠰ ᠴᠢᠳᠠᠪᠤᠷᠢᠲᠠᠨ ᠢ ᠲᠠᠲᠠᠨ ᠠᠪᠴᠢᠷᠠᠵᠤ᠂ ᠭᠠᠵᠠᠷ ᠣᠷᠣᠨ ᠤ | ᠠᠵᠤ ᠠᠬᠤᠢ ᠨᠡᠶᠢᠭᠡᠮ ᠤᠨ ᠬᠥᠭᠵᠢᠯᠲᠡ ᠳᠤ ᠰᠢᠨ᠎ᠡ ᠰᠣᠷᠭᠤᠭ ᠬᠦᠴᠦᠨ ᠨᠡᠮᠡᠷᠢᠯᠡᠪᠡ᠃ ᠨᠡᠶᠢᠭᠡᠮ ᠤᠨ ᠪᠠᠲᠤᠯᠠᠭ᠎ᠠ ᠶᠢᠨ ᠴᠢᠳᠠᠪᠤᠷᠢ ᠶᠢ ᠲᠦᠷᠭᠡᠪᠴᠢᠯᠡᠨ | ᠳᠡᠭᠡᠭᠰᠢᠯᠡᠭᠦᠯᠵᠦ᠂ 184 ᠲᠠᠷᠢᠶᠠᠴᠢᠨ ᠮᠠᠯᠴᠢᠨ ᠬᠦᠴᠦ ᠶᠠᠪᠤᠭᠰᠠᠳ ᠲᠤ 260 ᠲᠦᠮᠡᠨ ᠲᠥᠭᠦᠷᠢᠭ ᠤᠨ ᠴᠠᠯᠢᠩ ᠤᠨ ᠠᠰᠠᠭᠤᠳᠠᠯ ᠢ ᠰᠢᠢᠳᠪᠦᠷᠢᠯᠡᠨ | ᠥᠭᠴᠦ᠂ ᠲᠠᠷᠢᠶᠠᠴᠢᠨ ᠮᠠᠯᠴᠢᠨ ᠬᠦᠴᠦ ᠶᠠᠪᠤᠭᠰᠠᠳ ᠤᠨ ᠴᠠᠯᠢᠩ ᠢ ᠥᠷᠢᠲᠦᠵᠦ ᠪᠠᠶᠢᠭ᠎ᠠ ᠠᠰᠠᠭᠤᠳᠠᠯ ᠢ ᠪᠦᠲᠦᠮᠵᠢᠲᠡᠶ ᠵᠠᠰᠠᠪᠠ᠃ ᠳᠤᠯᠠᠭᠠᠯᠠᠭ᠎ᠠ ᠶᠢᠨ | ᠨᠥᠬᠦᠪᠥᠷᠢ ᠶᠢᠨ ᠪᠠᠷᠢᠮᠵᠢᠶ᠎ᠠ ᠶᠢ ᠡᠷᠡᠰ ᠬᠡᠷᠡᠭᠵᠢᠭᠦᠯᠵᠦ᠂ ᠪᠤᠰᠤᠳ ᠬᠤᠰᠢᠭᠤ ᠰᠢᠶᠠᠨ ᠲᠣᠭᠤᠷᠢᠭ ᠤᠨ ᠬᠡᠮᠵᠢᠶ᠎ᠡ ᠠᠴᠠ ᠢᠯᠡᠳᠲᠡ ᠳᠣᠤᠷ᠎ᠠ ᠬᠡᠮᠵᠢᠶ᠎ᠡ ᠪᠠᠷ | ᠠᠷᠠᠳ ᠲᠤ ᠠᠰᠢᠭ ᠣᠯᠭᠤᠵᠤ᠂ ᠣᠯᠠᠨ ᠲᠦᠮᠡᠨ ᠳᠤ ᠨᠠᠩ ᠣᠯᠠᠨ ᠪᠣᠳᠠᠲᠤ ᠠᠰᠢᠭ ᠬᠦᠷᠲᠡᠭᠡᠪᠡ᠃ ᠡᠩ ᠲᠡᠷᠢᠭᠦᠨ ᠳᠤ ᠡᠯ᠎ᠡ ᠵᠦᠶᠯ ᠤᠨ ᠴᠠᠯᠢᠩ | ᠨᠡᠮᠡᠭᠳᠡᠭᠦᠯᠬᠦ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠠᠵᠤ ᠠᠬᠤᠶᠢᠯᠠᠯ ᠤᠨ ᠠᠵᠢᠯᠲᠠᠨ ᠤ ᠨᠠᠰᠤᠵᠢᠯ ᠤᠨ ᠠᠰᠠᠷᠠᠮᠵᠢ ᠶᠢᠨ ᠮᠥᠩᠭᠦ ᠶᠢ 15 | ᠳᠠᠷᠠᠭᠠᠯᠠᠨ ᠲᠣᠬᠢᠷᠠᠭᠤᠯᠵᠤ᠂ ᠬᠤᠲᠠ ᠶᠢᠨ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠪᠠᠷᠢᠮᠵᠢᠶ᠎ᠠ ᠶᠢ ᠲᠠᠪᠤᠨ ᠵᠢᠯ ᠳᠠᠷᠠᠭᠠᠯᠠᠨ ᠳᠡᠭᠡᠭᠰᠢᠯᠡᠭᠦᠯᠵᠦ᠂ | ᠪᠥᠬᠦ ᠲᠣᠭᠤᠷᠢᠭ ᠤᠨ ᠺᠠᠳ᠋ᠷ ᠠᠵᠢᠯᠲᠠᠨ ᠣᠯᠠᠨ ᠲᠦᠮᠡᠨ ᠳᠤ ᠠᠰᠢᠭ ᠬᠦᠷᠲᠡᠭᠡᠪᠡ᠃《ᠭᠤᠷᠪᠠᠨ ᠬᠠᠩᠭᠠᠯᠭ᠎ᠠ ᠨᠢᠭᠡ ᠦᠢᠯᠡᠰ》 ᠤᠨ ᠬᠦᠯᠢᠶᠡᠨ ᠠᠪᠬᠤ ᠠᠵᠢᠯ | ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠤᠰᠤ᠂ ᠴᠠᠬᠢᠯᠭᠠᠨ᠂ ᠳᠤᠯᠠᠭᠠᠨ᠂ ᠰᠢᠲᠠᠮᠠᠬᠠᠢ ᠬᠡᠢ ᠵᠡᠷᠭᠡ ᠲᠠᠯ᠎ᠠ ᠶᠢᠨ ᠡᠭᠦᠷᠭᠡ ᠴᠢᠳᠠᠪᠬᠢ ᠶᠢ ᠬᠦᠯᠢᠶᠡᠨ ᠠᠪᠬᠤ | ᠶᠢ ᠪᠦᠬᠦ ᠲᠠᠯ᠎ᠠ ᠪᠠᠷ ᠠᠬᠢᠭᠤᠯᠵᠤ᠂ 164 ᠬᠥᠮᠦᠨ ᠢ ᠬᠦᠯᠢᠶᠡᠨ ᠠᠪᠴᠤ᠂ 8100 ᠭᠠᠷᠤᠢ ᠲᠦᠮᠡᠨ ᠲᠥᠭᠦᠷᠢᠭ ᠤᠨ ᠪᠡᠯᠡ ᠣᠷᠣᠭᠤᠯᠵᠤ᠂ ᠰᠡᠯᠪᠢᠨ | ᠵᠠᠰᠠᠵᠤ ᠥᠭᠡᠷᠡᠴᠢᠯᠡᠬᠦ ᠪᠠ ᠠᠵᠢᠯᠯᠠᠭᠤᠯᠵᠤ ᠬᠠᠮᠠᠭᠠᠯᠠᠬᠤ ᠶᠢ ᠬᠡᠷᠡᠭᠵᠢᠭᠦᠯᠵᠦ᠂ 6000 ᠭᠠᠷᠤᠢ ᠰᠠᠭᠤᠭᠠᠯᠢ ᠠᠷᠠᠳ ᠲᠤ ᠠᠰᠢᠭ ᠬᠦᠷᠲᠡᠭᠡᠵᠦ᠂《ᠭᠤᠷᠪᠠᠨ | ᠬᠠᠩᠭᠠᠯᠭ᠎ᠠ ᠨᠢᠭᠡ ᠦᠢᠯᠡᠰ》 ᠤᠨ ᠡᠭᠦᠷᠭᠡ ᠴᠢᠳᠠᠪᠬᠢ ᠶᠢ ᠯᠠᠪᠳᠠᠭᠤᠨ ᠪᠠᠲᠤᠲᠠᠢ ᠬᠦᠯᠢᠶᠡᠨ ᠠᠪᠴᠤ᠂ ᠰᠠᠶᠢᠲᠤᠷ ᠬᠠᠮᠢᠶᠠᠷᠴᠤ ᠳᠡᠶᠢᠯᠬᠦ ᠶᠢ ᠪᠠᠲᠤᠯᠠᠪᠠ᠃ | 《ᠠᠷᠠᠳ ᠤᠨ ᠠᠮᠢᠳᠤᠷᠠᠯ ᠤᠨ ᠨᠢᠭᠡᠳᠦᠭᠡᠷ ᠢᠨᠵᠧᠨᠧᠷᠢᠩ》᠂《ᠤᠭ ᠰᠠᠨᠠᠭ᠎ᠠ ᠢᠨᠵᠧᠨᠧᠷᠢᠩ》ᠴᠡᠪᠡᠷ ᠤᠰᠤᠨ ᠤ ᠦᠢᠯᠡᠳᠪᠦᠷᠢ ᠶᠢ ᠪᠠᠶᠢᠭᠤᠯᠤᠨ | ᠠᠰᠢᠭᠯᠠᠯᠲᠠ ᠳᠤ ᠣᠷᠣᠭᠤᠯᠵᠤ᠂ ᠭᠠᠵᠠᠷ ᠣᠷᠣᠨ ᠤ 60 ᠭᠠᠷᠤᠢ ᠵᠢᠯ ᠤᠨ《ᠤᠤᠭᠤᠵᠤ ᠢᠳᠡᠬᠦ ᠤᠰᠤᠨ ᠤ ᠬᠦᠴᠢᠷ》ᠠᠰᠠᠭᠤᠳᠠᠯ ᠢ ᠪᠦᠲᠦᠮᠵᠢᠲᠡᠢ | ᠰᠢᠢᠳᠪᠦᠷᠢᠯᠡᠪᠡ᠃ ᠨᠡᠶᠢᠭᠡᠮ ᠤᠨ ᠠᠵᠢᠯ ᠦᠢᠯᠡᠰ ᠢ ᠪᠦᠬᠦ ᠲᠠᠯ᠎ᠠ ᠪᠠᠷ ᠬᠥᠭᠵᠢᠭᠦᠯᠪᠡ᠃ 2000 ᠭᠠᠷᠤᠶ ᠲᠦᠮᠡᠨ ᠲᠥᠭᠦᠷᠢᠭ ᠣᠷᠣᠭᠤᠯᠤᠭᠰᠠᠨ | ᠪᠠᠷᠢᠮᠵᠢᠶᠠᠲᠤ ᠬᠡᠦᠬᠡᠳ ᠤᠨ ᠴᠡᠴᠡᠷᠯᠢᠭ ᠪᠦᠬᠦ ᠲᠠᠯ᠎ᠠ ᠪᠠᠷ ᠪᠠᠷᠢᠯᠭ᠎ᠠ ᠳᠠᠭᠤᠰᠬᠠᠵᠤ᠂ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠣᠷᠴᠢᠨ | ᠨᠥᠬᠦᠴᠡᠯ ᠢ ᠤᠯᠠᠮ ᠨᠢᠭᠡ ᠠᠯᠬᠤᠮ ᠰᠠᠶᠢᠵᠢᠷᠠᠭᠤᠯᠪᠠ᠃ ᠬᠤᠲᠠ ᠶᠢᠨ ᠲᠡᠰ ᠤᠨ ᠨᠡᠷᠡᠲᠦ ᠰᠤᠷᠭᠠᠭᠤᠯᠢ ᠯᠤᠭ᠎ᠠ ᠣᠯᠠᠨ ᠳᠡᠰ ᠳᠠᠪᠬᠤᠷᠭ᠎ᠠ ᠲᠠᠢ ᠬᠤᠤᠰᠯᠠᠨ | ᠪᠠᠶᠢᠭᠤᠯᠵᠤ᠂ ᠪᠥᠬᠦ ᠲᠠᠯ᠎ᠠ ᠶᠢᠨ ᠬᠠᠮᠲᠤᠷᠠᠯᠴᠠᠭ᠎ᠠ ᠰᠣᠯᠢᠯᠴᠠᠭ᠎ᠠ ᠶᠢ ᠠᠬᠢᠭᠤᠯᠪᠠ᠃ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠨᠢᠭᠡᠳᠦᠯᠲᠡᠶ ᠰᠢᠯᠭᠠᠯᠲᠠ | ᠶᠢᠨ ᠵᠢᠩᠬᠢᠨᠢ ᠠᠩᠭᠢ ᠳᠤ ᠣᠷᠣᠬᠤ ᠨᠣᠷᠮ᠎ᠠ 78% ᠳᠤ ᠬᠦᠷᠴᠦ᠂ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠨᠢᠭᠡᠳᠦᠯᠲᠡᠶ ᠰᠢᠯᠭᠠᠯᠲᠠ ᠶᠢᠨ 500 | ᠬᠤᠪᠢ ᠳᠤ ᠬᠥᠷᠬᠦ ᠨᠣᠷᠮ᠎ᠠ ᠨᠢ ᠶᠡᠷᠦᠩᠬᠡᠶ ᠳᠡᠭᠡᠨ ᠴᠥᠮ ᠭᠠᠳᠠᠷ ᠲᠠᠪᠤᠨ ᠬᠤᠰᠢᠭᠤ ᠰᠢᠶᠠᠨ ᠲᠣᠭᠤᠷᠢᠭ ᠲᠤ ᠲᠡᠷᠢᠭᠦᠯᠡᠵᠦ᠂ ᠰᠤᠷᠭᠠᠨ ᠬᠥᠮᠦᠵᠢᠯ ᠵᠢᠭᠠᠨ | ᠰᠤᠷᠭᠠᠯᠲᠠ ᠶᠢᠨ ᠶᠠᠰᠤ ᠴᠢᠨᠠᠷ ᠢᠯᠡᠳᠲᠡ ᠳᠡᠭᠡᠭᠰᠢᠯᠡᠪᠡ᠃ ᠲᠣᠭᠤᠷᠢᠭ ᠤᠨ ᠠᠭᠤᠷᠬᠠᠢ ᠶᠢᠨ ᠡᠮ ᠡᠮᠨᠡᠯᠭᠡ ᠶᠢᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠬᠦ ᠶᠢ | ᠪᠡᠶᠡᠯᠡᠭᠦᠯᠵᠦ᠂《ᠪᠠᠶ᠋ᠬᠠᠣᠪᠤᠭ᠎ᠠ ᠠᠭᠤᠷᠬᠠᠢ ᠶᠢᠨ ᠲᠣᠭᠤᠷᠢᠭ ᠤᠨ ᠡᠮ ᠡᠮᠨᠡᠯᠭᠡ ᠶᠢᠨ ᠦᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠬᠦ ᠭᠤᠷᠪᠠᠨ ᠵᠢᠯ | ᠤᠨ ᠠᠵᠢᠯᠯᠠᠭᠠᠨ ᠤ ᠲᠥᠯᠥᠪᠯᠡᠭᠡ》 ᠶᠢ ᠬᠡᠷᠡᠭᠵᠢᠭᠦᠯᠵᠦ᠂ 520 ᠭᠠᠷᠤᠢ ᠲᠦᠮᠡᠨ ᠲᠥᠭᠦᠷᠢᠭ ᠣᠷᠣᠭᠤᠯᠵᠤ᠂ ᠡᠮ ᠡᠮᠨᠡᠯᠭᠡ ᠶᠢᠨ ᠬᠠᠲᠠᠭᠤ ᠲᠣᠨᠤᠭ | ᠲᠥᠬᠦᠭᠡᠷᠦᠮᠵᠢ ᠶᠢ ᠳᠡᠰ ᠳᠡᠪᠰᠢᠭᠦᠯᠪᠡ᠃ 3800 ᠭᠠᠷᠤᠶ ᠲᠦᠮᠡᠨ ᠲᠥᠭᠦᠷᠢᠭ ᠤᠨ ᠪᠠᠯᠠ ᠣᠷᠣᠭᠤᠯᠵᠤ᠂ ᠥᠪᠡᠷᠲᠡᠭᠡᠨ ᠵᠠᠰᠠᠬᠤ ᠣᠷᠣᠨ ᠤ ᠪᠠᠷᠠᠭᠤᠨ | ᠣᠷᠣᠨ ᠤ ᠪᠠᠷᠢᠮᠵᠢᠶᠠᠵᠢᠭᠰᠠᠨ ᠶᠡᠷᠦᠩᠬᠡᠶᠢᠯᠡᠭᠰᠡᠨ ᠴᠢᠨᠠᠷᠲᠠᠶ ᠡᠷᠡᠭᠦᠯᠵᠢᠯ ᠨᠠᠰᠤᠵᠢᠯ ᠤᠨ ᠠᠵᠤ ᠦᠶᠯᠡᠰ ᠤᠨ ᠬᠦᠷᠢᠶᠡᠯᠡᠩ ᠢ ᠪᠠᠶᠢᠭᠤᠯᠵᠤ᠂ ᠣᠳᠣᠨ ᠲᠠᠰ ᠤᠨ | ᠪᠠᠷᠢᠮᠵᠢᠶᠠᠲᠤ ᠡᠮᠴᠢᠯᠡᠭᠡ ᠨᠠᠰᠤᠵᠢᠯ ᠢ ᠤᠶᠠᠯᠳᠤᠭᠤᠯᠤᠭᠰᠠᠨ ᠵᠢᠱᠢᠶ᠎ᠡ ᠦᠵᠡᠭᠦᠯᠬᠦ ᠴᠡᠭ ᠢ ᠪᠠᠶᠢᠭᠤᠯᠪᠠ᠃ ᠤᠯᠤᠰ ᠤᠨ ᠡᠷᠡᠭᠦᠯ ᠬᠠᠮᠠᠭᠠᠯᠠᠯ ᠤᠨ ᠬᠤᠲᠠ | ᠰᠢᠶᠠᠨ ᠢ ᠡᠭᠦᠳᠦᠨ ᠪᠠᠶᠢᠭᠤᠯᠬᠤ ᠠᠵᠢᠯ ᠨᠢ ᠥᠪᠡᠷᠲᠡᠭᠡᠨ ᠵᠠᠰᠠᠬᠤ ᠣᠷᠣᠨ ᠤ ᠲᠤᠰᠬᠠᠢ ᠮᠡᠷᠭᠡᠵᠢᠯᠲᠡᠨ ᠤ ᠳᠤᠭᠤᠶᠢᠯᠠᠩ ᠤᠨ ᠰᠢᠯᠭᠠᠨ ᠦᠨᠡᠯᠡᠯᠲᠡ ᠶᠢ | ᠥᠩᠭᠡᠷᠡᠪᠡ᠃ ᠬᠤᠪᠢᠰᠬᠠᠯᠲᠤ ᠺᠢᠨᠣ᠋ ᠳᠡᠯᠭᠡᠨ ᠦᠵᠡᠭᠦᠯᠵᠦ᠂ ᠪᠣᠳᠠᠰ ᠤᠨ ᠪᠤᠰᠤ ᠰᠣᠶᠣᠯ ᠤᠨ ᠥᠪ ᠤᠨ ᠦᠵᠡᠭᠦᠯᠦᠯᠭᠡ ᠵᠡᠷᠭᠡ ᠤᠯᠠᠨ ᠲᠦᠮᠡᠨᠴᠢ ᠴᠢᠨᠠᠷᠲᠠᠢ | ᠠᠵᠢᠯᠯᠠᠭ᠎ᠠ 103 ᠲᠠᠯᠠᠪᠤᠷ ᠤᠳᠠᠭ᠎ᠠ᠂ 2 ᠰᠠᠯᠠᠭ᠎ᠠ ᠲᠠᠯ᠎ᠠ ᠨᠤᠲᠤᠭ ᠤᠨ ᠶᠡᠷᠦᠩᠬᠡᠶᠢᠯᠡᠭᠰᠡᠨ ᠤᠳᠬ᠎ᠠ ᠤᠷᠠᠯᠢᠭ ᠤᠨ ᠦᠢᠯᠡᠴᠢᠯᠡᠭᠡᠨ ᠤ ᠬᠦᠩᠭᠡᠨ ᠮᠣᠷᠢᠲᠤ | ᠴᠡᠷᠢᠭ ᠤᠨ ᠦᠢᠯᠡᠴᠢᠯᠡᠭᠡᠨ 30 ᠭᠠᠷᠤᠢ ᠲᠠᠯᠠᠪᠤᠷ ᠤᠳᠠᠭ᠎ᠠ ᠥᠷᠨᠢᠭᠦᠯᠵᠦ᠂ ᠲᠠᠯ᠎ᠠ ᠨᠤᠲᠤᠭ ᠤᠨ ᠪᠢᠴᠢᠬᠠᠨ ᠪᠠᠭᠠᠲᠤᠷ ᠡᠭᠡᠴᠢ ᠥᠬᠢᠨ ᠳᠡᠭᠦᠦ ᠪᠦᠬᠦ ᠤᠯᠤᠰ | ᠤᠨ《ᠬᠠᠮᠤᠭ ᠤᠨ ᠭᠤᠶᠤ ᠲᠡᠮᠡᠴᠡᠭᠴᠢ》 ᠶᠢᠨ ᠢᠷᠠᠭᠤ ᠠᠯᠳᠠᠷ ᠤᠨ ᠴᠣᠯᠠ ᠶᠢ ᠬᠦᠷᠲᠡᠵᠦ᠂《ᠲᠠᠯ᠎ᠠ ᠨᠤᠲᠤᠭ ᠤᠨ ᠪᠢᠴᠢᠬᠠᠨ ᠪᠠᠭᠠᠲᠤᠷ ᠡᠭᠡᠴᠢ ᠥᠬᠢᠨ | ᠳᠡᠭᠦᠦ》 ᠶᠢᠨ ᠦᠢᠯᠡ ᠠᠵᠢᠯᠯᠠᠭ᠎ᠠ ᠶᠢᠨ ᠦᠵᠡᠰᠬᠦᠯᠡᠩ ᠤᠨ ᠣᠷᠳᠣᠨ ᠪᠦᠬᠦ ᠤᠯᠤᠰ ᠤᠨ ᠬᠤᠶᠢᠴᠢ ᠨᠢᠭᠡ ᠦᠶ᠎ᠡ ᠶᠢᠨ ᠨᠠᠮ ᠤᠨ ᠲᠡᠦᠬᠡ ᠤᠯᠤᠰ ᠤᠨ ᠲᠡᠦᠬᠡ | ᠶᠢᠨ ᠬᠥᠮᠦᠵᠢᠯ ᠤᠨ ᠰᠠᠭᠤᠷᠢᠨ ᠭᠠᠵᠠᠷ ᠢᠶᠠᠷ ᠦᠨᠡᠯᠡᠭᠳᠡᠵᠦ᠂ ᠪᠠᠶ᠋ᠬᠠᠣᠪᠤᠭ᠎ᠠ ᠲᠡᠮᠦᠷ ᠤᠨ ᠠᠭᠤᠷᠬᠠᠢ ᠶᠢᠨ ᠠᠭᠤᠷᠬᠠᠢ ᠮᠠᠯᠲᠠᠬᠤ ᠠᠵᠢᠯ ᠤᠨ ᠬᠡᠯᠲᠡᠰ ᠤᠨ | ᠮᠡᠷᠭᠡᠵᠢᠯ ᠤᠨ ᠳᠤᠭᠤᠶᠢᠯᠠᠩ《ᠪᠤᠭᠤᠲᠤ ᠬᠤᠳᠠ ᠶᠢᠨ ᠶᠣᠰᠣ ᠰᠤᠷᠲᠠᠬᠤᠨ ᠤ ᠵᠢᠱᠢᠶᠡᠴᠢ》 ᠶᠢᠨ ᠢᠷᠠᠭᠤ ᠠᠯᠳᠠᠷ ᠢ ᠬᠦᠷᠲᠡᠪᠡ᠃ ᠣᠶᠤᠨ ᠤ ᠪᠣᠯᠪᠠᠰᠤᠨ ᠤ | ᠪᠠᠶᠢᠭᠤᠯᠤᠯᠲᠠ ᠶᠢ ᠴᠢᠩᠭ᠎ᠠ ᠠᠳᠬᠤᠵᠤ᠂ ᠥᠪᠡᠷᠲᠡᠭᠡᠨ ᠵᠠᠰᠠᠬᠤ ᠣᠷᠣᠨ ᠤ ᠪᠣᠯᠪᠠᠰᠤᠨ ᠬᠤᠲᠠ ᠶᠢ ᠳᠠᠬᠢᠨ ᠪᠠᠶᠢᠴᠠᠭᠠᠵᠤ ᠰᠢᠯᠭᠠᠨ ᠦᠨᠡᠯᠡᠬᠦ ᠶᠢ ᠤᠷᠤᠭᠰᠢᠲᠠᠶ | ᠥᠩᠭᠡᠷᠡᠭᠦᠯᠪᠡ᠃ ᠴᠡᠷᠢᠭ ᠠᠴᠠ ᠬᠠᠯᠠᠭᠳᠠᠭᠰᠠᠳ ᠤᠨ ᠦᠶᠯᠡᠴᠢᠯᠡᠭᠡ ᠪᠠᠲᠤᠯᠠᠭ᠎ᠠ ᠶᠢᠨ ᠰᠢᠰᠲ᠋ᠧᠮ ᠢ ᠪᠦᠷᠢᠨᠰᠢᠬᠦᠯᠦᠨ ᠲᠡᠭᠦᠯᠳᠡᠷᠵᠢᠭᠦᠯᠵᠦ᠂ ᠴᠡᠷᠢᠭ ᠠᠴᠠ | ᠬᠠᠯᠠᠭᠳᠠᠭᠰᠠᠳ ᠤᠨ ᠬᠡᠷᠡᠭ ᠶᠠᠪᠤᠳᠠᠯ ᠢ ᠪᠦᠬᠦ ᠬᠦᠴᠦ ᠪᠠᠷ ᠰᠠᠶᠢᠲᠤᠷ ᠬᠢᠪᠡ᠃ ᠨᠡᠶᠢᠭᠡᠮ ᠤᠨ ᠵᠠᠰᠠᠯᠲᠠ ᠶᠢ ᠴᠢᠩᠭᠠᠳᠬᠠᠵᠤ᠂ ᠨᠡᠶᠢᠭᠡᠮ ᠤᠨ ᠵᠠᠰᠠᠯᠲᠠ ᠶᠢᠨ | ᠲᠠᠯ᠎ᠠ ᠪᠠᠷ ᠰᠢᠨ᠎ᠡ ᠶᠢ ᠡᠭᠦᠳᠪᠡ᠃ ᠳᠥᠷᠪᠡᠳᠦᠭᠡᠷ ᠤᠳᠠᠭᠠᠨ ᠤ ᠪᠦᠬᠦ ᠤᠯᠤᠰ ᠤᠨ ᠠᠵᠤ ᠠᠬᠤᠢ ᠶᠢᠨ ᠨᠡᠶᠢᠳᠡᠮ ᠪᠠᠶᠢᠴᠠᠭᠠᠯᠲᠠ᠂ ᠬᠤᠶᠠᠳᠤᠭᠠᠷ ᠤᠳᠠᠭᠠᠨ ᠤ | ᠪᠦᠬᠦ ᠤᠯᠤᠰ ᠤᠨ ᠪᠣᠬᠢᠷᠲᠤᠯ ᠤᠨ ᠡᠬᠢ ᠰᠤᠷᠪᠤᠯᠵᠢ ᠶᠢ ᠨᠡᠶᠢᠳᠡᠮ ᠪᠠᠶᠢᠴᠠᠭᠠᠬᠤ ᠪᠠ ᠭᠤᠷᠪᠠᠳᠤᠭᠠᠷ ᠤᠳᠠᠭᠠᠨ ᠤ ᠪᠦᠬᠦ ᠤᠯᠤᠰ ᠤᠨ ᠤᠯᠤᠰ ᠤᠨ ᠭᠠᠵᠠᠷ | ᠰᠢᠷᠣᠢ ᠶᠢᠨ ᠪᠠᠶᠢᠴᠠᠭᠠᠯᠲᠠ ᠶᠢᠨ ᠡᠭᠦᠷᠭᠡ ᠶᠢ ᠲᠡᠭᠦᠰ ᠠᠮᠵᠢᠯᠲᠠ ᠲᠠᠢ ᠪᠡᠶᠡᠯᠡᠭᠦᠯᠪᠡ᠃《ᠨᠡᠶᠢᠭᠡᠮ ᠲᠣᠭᠤᠷᠢᠭ ᠤᠨ ᠱᠦᠭᠯᠦ ᠦᠯᠢᠶᠡᠪᠡᠯ᠂ ᠰᠠᠯᠠᠭ᠎ᠠ ᠮᠥᠴᠢᠷ | ᠬᠦᠷᠴᠦ ᠢᠷᠡᠬᠦ》ᠠᠵᠢᠯ ᠤᠨ ᠲᠣᠭᠲᠠᠴᠠ ᠶᠢ ᠭᠦᠨᠵᠡᠭᠡᠶ ᠬᠡᠷᠡᠭᠵᠢᠭᠦᠯᠵᠦ᠂ ᠪᠦᠬᠦ ᠵᠢᠯ ᠳᠤ ᠨᠡᠶᠢᠭᠡᠮ ᠤᠨ ᠪᠠᠶᠢᠳᠠᠯ ᠠᠷᠠᠳ ᠤᠨ ᠰᠠᠨᠠᠭ᠎ᠠ ᠶᠢ 884 ᠵᠦᠢᠯ | ᠬᠦᠯᠢᠶᠡᠨ ᠠᠪᠴᠤ᠂ ᠮᠥᠷᠳᠡᠨ ᠰᠢᠶᠳᠪᠦᠷᠢᠯᠡᠭᠦᠯᠬᠦ ᠶᠢ ᠴᠢᠩᠭᠠᠳᠬᠠᠵᠤ᠂ ᠰᠢᠶᠳᠪᠦᠷᠢᠯᠡᠵᠦ ᠳᠠᠭᠤᠰᠬᠠᠭᠰᠠᠨ ᠨᠤᠷᠮ᠎ᠠ 95% ᠠᠴᠠ ᠳᠡᠭᠡᠭᠰᠢ ᠳᠤ ᠬᠦᠷᠪᠡ᠃ | 17 ᠰᠠᠭᠤᠭᠠᠯᠢ ᠲᠣᠭᠤᠷᠢᠭ ᠤᠨ 235 ᠡᠷᠦᠬᠡ ᠰᠠᠭᠤᠭᠠᠯᠢ ᠠᠷᠠᠳ ᠲᠤ ᠭᠡᠷ ᠪᠠᠶᠢᠰᠢᠩ ᠤᠨ ᠠᠷᠠᠯᠵᠢᠶᠠᠨ ᠤ ᠲᠡᠦᠬᠡ ᠶᠢᠨ ᠦᠯᠡᠳᠡᠭᠳᠡᠯ ᠠᠰᠠᠭᠤᠳᠠᠯ ᠢ | ᠰᠢᠶᠳᠪᠦᠷᠢᠯᠡᠵᠦ ᠥᠭᠴᠡᠶ᠃《ᠨᠠᠮ ᠵᠠᠰᠠᠭ ᠤᠨ ᠺᠠᠳ᠋ᠷ ᠤᠨ ᠢᠳᠡᠭᠡᠨ ᠤ ᠠᠮᠤᠷ ᠲᠦᠪᠰᠢᠨ ᠤ ᠬᠠᠷᠢᠭᠤᠴᠠᠯᠭ᠎ᠠ ᠶᠢᠨ ᠨᠠᠷᠢᠨ ᠲᠠᠩᠰᠠ》 ᠶᠢ ᠲᠣᠭᠲᠠᠭᠠᠵᠤ᠂ | ᠢᠳᠡᠭᠡᠨ ᠪᠠ ᠡᠮ ᠤᠨ ᠵᠦᠶᠯ ᠤᠨ ᠬᠡᠪᠴᠢᠶᠡᠨ ᠳᠠᠬᠢ ᠠᠮᠤᠷ ᠲᠦᠪᠰᠢᠨ ᠤ ᠲᠤᠰᠬᠠᠶ ᠴᠡᠭᠴᠡᠯᠡᠨ ᠵᠠᠰᠠᠯᠲᠠ ᠶᠢ ᠭᠦᠨᠵᠡᠭᠡᠶ ᠥᠷᠨᠢᠭᠦᠯᠪᠡ᠃ ᠤᠳᠤᠷᠢᠳᠬᠤ | ᠺᠠᠳ᠋ᠷᠴᠤᠳ ᠤᠨ《ᠡᠭᠦᠳᠡ ᠪᠠᠨ ᠨᠡᠭᠡᠭᠡᠵᠦ》ᠵᠠᠬᠢᠳᠠᠯ ᠰᠤᠷᠪᠤᠯᠵᠢᠯᠠᠭ᠎ᠠ ᠶᠢ ᠬᠦᠯᠢᠶᠡᠨ ᠠᠪᠬᠤ ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ ᠵᠠᠬᠢᠳᠠᠯ | ᠰᠤᠷᠪᠤᠯᠵᠢᠯᠠᠭ᠎ᠠ ᠶᠢᠨ ᠪᠦᠯᠦᠭ ᠤᠳᠠᠭ᠎ᠠ ᠪᠠ ᠬᠥᠮᠦᠨ ᠤᠳᠠᠭ᠎ᠠ ᠲᠣᠰ ᠲᠣᠰ 24.3% ᠪᠠ 18.6% ᠪᠠᠭᠤᠷᠠᠵᠤ᠂ ᠣᠯᠠᠨ ᠲᠦᠮᠡᠨ ᠤ ᠲᠣᠰ ᠪᠡᠶ᠎ᠡ ᠶᠢᠨ | ᠠᠰᠢᠭ ᠲᠤᠰᠠ ᠳᠤ ᠬᠤᠯᠪᠣᠭᠳᠠᠭᠰᠠᠨ ᠨᠢᠭᠡ ᠪᠦᠯᠦᠭ ᠠᠰᠠᠭᠤᠳᠠᠯ ᠢ ᠰᠢᠶᠳᠪᠦᠷᠢᠯᠡᠵᠦ᠂ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠪᠥᠬᠦ ᠤᠯᠤᠰ | ᠤᠨ《ᠭᠤᠷᠪᠠ ᠥᠬᠡᠶ》ᠬᠤᠰᠢᠭᠤ ᠰᠢᠶᠠᠨ ᠲᠣᠭᠤᠷᠢᠭ ᠤᠨ ᠢᠷᠠᠭᠤ ᠠᠯᠳᠠᠷ ᠤᠨ ᠴᠣᠯᠠ ᠶᠢ ᠭᠥᠷᠳᠡᠪᠡ᠃ ᠠᠶᠤᠯ ᠦᠭᠡᠢ ᠦᠢᠯᠡᠳᠪᠦᠷᠢᠯᠡᠯ ᠤᠨ | ᠬᠠᠷᠢᠭᠤᠴᠠᠯᠭ᠎ᠠ ᠶᠢᠨ ᠳᠦᠷᠢᠮ ᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠪᠠᠴᠢᠮ ᠪᠠᠶᠢᠳᠠᠯ ᠢ ᠠᠷᠭᠠᠴᠠᠬᠤ ᠰᠢᠰᠲ᠋ᠧᠮ ᠤᠨ ᠪᠠᠶᠢᠭᠤᠯᠤᠯᠲᠠ ᠶᠢ | ᠴᠢᠩᠭᠠᠳᠬᠠᠵᠤ᠂ ᠪᠦᠬᠦ ᠵᠢᠯ ᠳᠤ ᠠᠶᠤᠯ ᠦᠭᠡᠢ ᠦᠢᠯᠡᠳᠪᠦᠷᠢᠯᠡᠯ ᠤᠨ ᠠᠳᠡᠯ ᠬᠡᠷᠡᠭ ᠭᠠᠷᠤᠭᠰᠠᠨ ᠦᠭᠡᠢ ᠪᠠᠶᠢᠵᠤ᠂ ᠪᠦᠬᠦ ᠬᠤᠲᠠ ᠳᠤ ᠠᠶᠤᠯ ᠦᠭᠡᠢ | ᠦᠢᠯᠡᠳᠪᠦᠷᠢᠯᠡᠯ ᠤᠨ ᠲᠡᠷᠢᠭᠦᠨ ᠤ ᠭᠠᠵᠠᠷ ᠣᠷᠣᠨ ᠢᠶᠠᠷ ᠦᠨᠡᠯᠡᠭᠳᠡᠪᠡ᠃ ᠰᠢᠩ ᠭᠤᠸᠠᠩ ᠨᠡᠶᠢᠭᠡᠮ ᠲᠣᠭᠤᠷᠢᠭ《ᠪᠥᠬᠦ ᠤᠯᠤᠰ ᠤᠨ ᠶᠡᠷᠦᠩᠬᠡᠶᠢᠯᠡᠭᠰᠡᠨ | ᠭᠠᠮᠰᠢᠭ ᠢ ᠪᠠᠭᠠᠰᠬᠠᠬᠤ ᠵᠢᠱᠢᠶ᠎ᠡ ᠦᠵᠡᠭᠦᠯᠬᠦ ᠨᠡᠶᠢᠭᠡᠮ ᠲᠣᠭᠤᠷᠢᠭ》 ᠢᠶᠠᠷ ᠦᠨᠡᠯᠡᠭᠳᠡᠪᠡ᠃ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠶ | ᠲᠡᠮᠡᠴᠡᠯ ᠢ ᠭᠦᠨᠵᠡᠭᠡᠶ ᠠᠬᠢᠭᠤᠯᠵᠤ᠂ 33 ᠬᠥᠮᠦᠨ ᠢ ᠴᠣᠬᠢᠨ ᠰᠦᠷᠳᠡᠭᠦᠯᠵᠦ᠂ ᠴᠠᠭᠳᠠᠭᠠᠨ ᠤ ᠬᠦᠴᠦᠨ ᠢ ᠳᠣᠷᠣᠭᠰᠢ ᠪᠠᠭᠤᠯᠭᠠᠬᠤ ᠶᠢ ᠪᠥᠬᠦ ᠲᠠᠯ᠎ᠠ ᠪᠠᠷ | ᠠᠬᠢᠭᠤᠯᠵᠤ᠂ ᠠᠷᠠᠳ ᠣᠯᠠᠨ ᠤ ᠠᠮᠤᠷ ᠲᠥᠪᠰᠢᠨ ᠤ ᠲᠥᠷᠥᠭᠳᠡᠯ ᠢᠯᠡᠳᠲᠡ ᠳᠡᠭᠡᠭᠰᠢᠯᠡᠪᠡ᠃ ᠪᠦᠬᠦ ᠲᠠᠯ᠎ᠠ ᠪᠠᠷ ᠳᠠᠶᠢᠴᠢᠯᠠᠨ ᠴᠢᠩᠭ᠎ᠠ ᠰᠡᠷᠭᠡᠶᠢᠯᠡᠨ ᠰᠠᠬᠢᠵᠤ᠂ | ᠠᠹᠷᠢᠺᠠ ᠲᠢᠪ ᠤᠨ ᠭᠠᠭ᠋ᠠᠶ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠦᠨᠡᠨᠬᠦ ᠰᠠᠶᠢᠲᠤᠷ ᠠᠳᠬᠤᠪᠠ᠃ ᠬᠤᠯᠤᠭᠠᠨ᠎ᠠ ᠬᠢᠵᠢᠭ ᠢ | ᠰᠡᠷᠭᠡᠶᠢᠯᠡᠨ ᠡᠵᠡᠮᠳᠡᠬᠦ ᠠᠵᠢᠯ ᠢ ᠪᠦᠬᠦ ᠬᠦᠴᠦ ᠪᠠᠷ ᠰᠠᠶᠢᠲᠤᠷ ᠬᠢᠵᠦ᠂ ᠠᠷᠠᠳ ᠣᠯᠠᠨ ᠤ ᠡᠷᠡᠭᠦᠯ ᠮᠡᠨᠳᠦ ᠠᠮᠤᠷ ᠲᠦᠪᠰᠢᠨ ᠢ ᠬᠠᠮᠠᠭᠠᠯᠠᠪᠠ᠃ ᠰᠢᠨ᠎ᠡ | ᠳᠤᠮᠳᠠᠳᠤ ᠤᠯᠤᠰ ᠪᠠᠶᠢᠭᠤᠯᠤᠭᠳᠠᠭᠰᠠᠨ 70 ᠵᠢᠯ ᠤᠨ ᠣᠶ ᠶᠢ ᠪᠡᠯᠭᠡᠯᠡᠬᠦ ᠰᠢᠷᠢᠰ ᠠᠵᠢᠯᠯᠠᠭ᠎ᠠ ᠶᠢ ᠦᠪᠡᠳᠡᠭᠰᠢ ᠶᠡᠭᠡ ᠪᠠᠷ ᠡᠷᠭᠢᠯᠡᠵᠦ᠂ ᠪᠠᠶ᠋ᠬᠠᠣᠪᠤᠭ᠎ᠠ | ᠠᠭᠤᠷᠬᠠᠢ ᠶᠢᠨ ᠲᠣᠭᠤᠷᠢᠭ ᠤᠨ ᠠᠷᠪᠠᠨ ᠭᠤᠷᠪᠠᠳᠤᠭᠠᠷ ᠤᠳᠠᠭᠠᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠶᠡᠭᠡ ᠬᠤᠷᠠᠯ ᠢ ᠬᠤᠷᠠᠯᠳᠤᠭᠤᠯᠵᠤ᠂ | ᠦᠨᠳᠦᠰᠦᠲᠡᠨ ᠤ ᠪᠦᠯᠬᠦᠮᠳᠡᠯ᠂ ᠱᠠᠰᠢᠨ ᠰᠤᠷᠲᠠᠬᠤᠨ ᠡᠶ᠎ᠡ ᠨᠠᠶᠢᠷᠠᠮᠳᠠᠭᠤ᠂ ᠬᠢᠯᠢ ᠬᠢᠵᠠᠭᠠᠷ ᠠᠮᠤᠷ ᠲᠣᠭᠲᠠᠭᠤᠨ᠂ ᠨᠡᠶᠢᠭᠡᠮ ᠡᠶ᠎ᠡ ᠵᠣᠬᠢᠴᠠᠯ ᠲᠠᠢ ᠶᠡᠭᠡ ᠰᠠᠶᠢᠨ | ᠪᠠᠶᠢᠳᠠᠯ ᠤᠯᠠᠮ ᠨᠢᠭᠡ ᠠᠯᠬᠤᠮ ᠪᠠᠬᠢᠵᠢᠪᠡ᠃ | ︵ᠳᠣᠯᠤᠭ᠎ᠠ︶ ᠥᠪᠡᠷ ᠤᠨ ᠪᠡᠶ᠎ᠡ ᠶᠢᠨ ᠪᠠᠶᠢᠭᠤᠯᠤᠯᠲᠠ ᠲᠠᠰᠤᠷᠠᠯᠲᠠ ᠥᠬᠡᠶ ᠴᠢᠩᠭᠠᠷᠠᠪᠠ᠃ ᠤᠯᠤᠰ ᠲᠥᠷᠥ ᠶᠢᠨ ᠪᠠᠶᠢᠭᠤᠯᠤᠯᠲᠠ ᠶᠢ ᠲᠡᠷᠢᠭᠦᠨ | ᠪᠠᠶᠢᠷᠢᠨ ᠳᠤ ᠲᠠᠯᠪᠢᠬᠤ ᠶᠢ ᠪᠠᠷᠢᠮᠲᠠᠯᠠᠵᠤ᠂《ᠳᠥᠷᠪᠡᠨ ᠤᠬᠠᠮᠰᠠᠷ》 ᠢᠶᠠᠨ ᠴᠢᠩᠭᠠᠳᠬᠠᠵᠤ᠂ ︽ᠳᠥᠷᠪᠡᠨ ᠢᠲᠡᠭᠡᠯ︾ ᠢᠶᠠᠨ ᠪᠠᠲᠤᠳᠬᠠᠵᠤ᠂《ᠬᠤᠶᠠᠷ ᠢ | ᠬᠠᠮᠠᠭᠠᠯᠠᠬᠤ》 ᠶᠢ ᠪᠡᠶᠡᠯᠡᠭᠦᠯᠵᠦ᠂ ᠲᠥᠪ ᠤᠨ ᠴᠢᠬᠤᠯᠠ ᠶᠡᠭᠡ ᠰᠢᠶᠳᠪᠦᠷᠢᠲᠦ ᠪᠣᠳᠣᠯᠭ᠎ᠠ ᠪᠠ ᠥᠪᠡᠷᠲᠡᠭᠡᠨ ᠵᠠᠰᠠᠬᠤ ᠣᠷᠣᠨ᠂ ᠪᠤᠭᠤᠲᠤ ᠬᠤᠲᠠ᠂ | ᠲᠣᠭᠤᠷᠢᠭ ᠤᠨ ᠨᠠᠮ ᠤᠨ ᠬᠤᠷᠢᠶ᠎ᠠ ᠶᠢᠨ ᠲᠣᠬᠢᠷᠠᠭᠤᠯᠤᠯᠲᠠ ᠪᠠᠶᠢᠷᠢᠯᠠᠭᠤᠯᠤᠯᠲᠠ ᠶᠢ ᠲᠡᠷᠡ ᠶᠣᠰᠣᠭᠠᠷ ᠨᠢ ᠨᠠᠶᠢᠳᠠᠪᠤᠷᠢᠵᠢᠭᠤᠯᠪᠠ᠃ ᠰᠠᠨᠠᠭᠠᠴᠢᠯᠠᠭ᠎ᠠ ᠠᠴᠠ ᠪᠠᠨ | ᠪᠠᠷᠢᠮᠵᠢᠶᠠᠯᠠᠨ ᠬᠠᠷᠭᠤᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠲᠣᠭᠤᠷᠢᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ | ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠠᠵᠢᠯ ᠢ ᠪᠦᠬᠦ ᠬᠦᠴᠦ ᠪᠠᠷ ᠰᠠᠶᠢᠲᠤᠷ ᠠᠳᠬᠤᠪᠠ᠃ ᠵᠠᠰᠠᠭ ᠤᠨ ᠣᠷᠳᠣᠨ ᠤ ᠪᠠᠶᠢᠭᠤᠯᠤᠮᠵᠢ ᠶᠢᠨ | ᠥᠭᠡᠷᠡᠴᠢᠯᠡᠯᠲᠡ ᠶᠢᠨ ᠡᠭᠦᠷᠭᠡ ᠶᠢ ᠥᠨᠳᠥᠷ ᠪᠠᠷᠢᠮᠵᠢᠶ᠎ᠠ᠂ ᠴᠢᠨᠠᠷ ᠰᠠᠶᠢᠲᠠᠢ ᠪᠡᠶᠡᠯᠡᠭᠦᠯᠵᠦ᠂ ᠡᠭᠦᠷᠭᠡ ᠴᠢᠳᠠᠪᠤᠷᠢ ᠶᠢ ᠰᠢᠯᠢᠳᠡᠭᠵᠢᠭᠦᠯᠦᠨ ᠬᠠᠮᠵᠢᠯᠴᠠᠭᠤᠯᠵᠤ | ᠥᠨᠳᠥᠷ ᠦᠷ᠎ᠡ ᠪᠦᠲᠦᠮᠵᠢᠲᠡᠢ ᠠᠵᠢᠯᠯᠠᠭᠤᠯᠬᠤ ᠶᠢ ᠠᠬᠢᠭᠤᠯᠪᠠ᠃ ᠲᠣᠭᠤᠷᠢᠭ ᠤᠨ ᠨᠠᠮ ᠤᠨ ᠬᠤᠷᠢᠶ᠎ᠠ ᠠᠴᠠ ᠵᠢᠭᠠᠪᠤᠷᠢ ᠠᠪᠴᠤ ᠮᠡᠳᠡᠭᠦᠯᠬᠦ ᠳᠦᠷᠢᠮ ᠢ | ᠴᠢᠩᠭ᠎ᠠ ᠨᠠᠶᠢᠳᠠᠪᠤᠷᠢᠵᠢᠭᠤᠯᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠴᠠᠭᠠᠵᠠ ᠶᠢᠨ ᠬᠢᠨᠠᠯᠲᠠ᠂ ᠠᠵᠢᠯ ᠤᠨ ᠬᠢᠨᠠᠯᠲᠠ᠂ ᠤᠯᠤᠰ | ᠲᠥᠷᠦ ᠶᠢᠨ ᠵᠥᠪᠯᠡᠯᠭᠡᠨ ᠤ ᠠᠷᠠᠳᠴᠢᠯᠠᠯ ᠢᠶᠠᠷ ᠬᠢᠨᠠᠯᠲᠠ ᠲᠠᠯᠪᠢᠬᠤ ᠪᠠ ᠬᠢᠨᠠᠨ ᠪᠣᠳᠣᠵᠤ ᠬᠢᠨᠠᠯᠲᠠ ᠲᠠᠯᠪᠢᠬᠤ᠂ ᠨᠡᠶᠢᠭᠡᠮ ᠤᠨ ᠬᠢᠨᠠᠯᠲᠠ ᠶᠢ ᠰᠠᠨᠠᠭᠠᠴᠢᠯᠠᠭ᠎ᠠ | ᠠᠴᠠ ᠪᠠᠨ ᠬᠦᠯᠢᠶᠡᠨ᠂ 124 ᠬᠤᠪᠢ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠰᠠᠨᠠᠭᠤᠯᠭ᠎ᠠ᠂ ᠤᠯᠤᠰ ᠲᠥᠷᠦ ᠶᠢᠨ | ᠵᠥᠪᠯᠡᠯᠭᠡᠨ ᠤ ᠭᠡᠰᠢᠭᠦᠳ ᠤᠨ ᠰᠠᠨᠠᠯ ᠳᠤᠷᠠᠳᠤᠯᠭ᠎ᠠ ᠳᠤ ᠬᠠᠷᠢᠭᠤᠯᠲᠠ ᠥᠭᠭᠦᠭᠰᠡᠨ ᠨᠣᠷᠮ᠎ᠠ 100% ᠳᠤ ᠬᠦᠷᠴᠡᠢ᠃ ᠬᠠᠤᠯᠢ ᠪᠠᠷ ᠵᠠᠰᠠᠬᠤ ᠵᠠᠰᠠᠭ ᠤᠨ | ᠣᠷᠳᠣᠨ ᠤ ᠪᠠᠶᠢᠭᠤᠯᠤᠯᠲᠠ ᠶᠢ ᠪᠦᠬᠦ ᠲᠠᠯ᠎ᠠ ᠪᠠᠷ ᠲᠦᠯᠬᠢᠨ ᠠᠬᠢᠭᠤᠯᠵᠤ᠂ ᠬᠠᠤᠯᠢ ᠶᠣᠰᠣᠭᠠᠷ ᠵᠠᠰᠠᠭ ᠶᠠᠪᠤᠭᠤᠯᠬᠤ ᠬᠢᠷᠢ ᠬᠡᠮᠵᠢᠶ᠎ᠡ ᠪᠠᠨ ᠲᠠᠰᠤᠷᠠᠯᠲᠠ ᠦᠭᠡᠢ | ᠳᠡᠭᠡᠭᠰᠢᠯᠡᠭᠦᠯᠪᠡ᠃ ᠲᠥᠪ ᠤᠨ ᠨᠠᠢᠮᠠᠨ ᠲᠣᠭᠲᠠᠭᠠᠯ ᠵᠢᠴᠢ ᠬᠡᠷᠡᠭᠵᠢᠭᠦᠯᠬᠦ ᠨᠠᠷᠢᠨ ᠳᠦᠷᠢᠮ ᠤᠨ ᠵᠣᠷᠢᠭ ᠰᠠᠨᠠᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠡᠩ | ᠤᠨ ᠴᠢᠨᠠᠷᠲᠠᠢ ᠵᠠᠷᠤᠯᠭ᠎ᠠ ᠶᠢᠨ 20%᠂《ᠭᠤᠷᠪᠠᠨ ᠵᠦᠢᠯ ᠤᠨ ᠠᠯᠪᠠᠨ ᠵᠠᠷᠤᠳᠠᠯ》 ᠢ 30% ᠪᠠᠷ ᠪᠠᠭᠠᠰᠬᠠᠪᠠ᠃《ᠦᠨᠳᠦᠰᠦᠨ ᠱᠠᠲᠤᠨ ᠤ ᠳᠠᠷᠤᠭᠠᠰᠤ | ᠶᠢ ᠬᠥᠩᠭᠡᠷᠡᠭᠦᠯᠬᠦ ᠣᠨ》 ᠤ ᠡᠯ᠎ᠡ ᠵᠦᠶᠯ ᠤᠨ ᠠᠷᠭ᠎ᠠ ᠬᠡᠮᠵᠢᠶ᠎ᠡ ᠶᠢ ᠪᠣᠳᠠᠲᠠᠢ ᠭᠠᠵᠠᠷ ᠲᠤᠨᠢ ᠨᠠᠶᠢᠳᠠᠪᠤᠷᠢᠵᠢᠭᠤᠯᠵᠤ᠂ ᠲᠣᠭᠤᠷᠢᠭ ᠤᠨ ᠵᠠᠰᠠᠭ ᠤᠨ | ᠣᠷᠳᠣᠨ ᠠᠴᠠ ᠬᠤᠷᠠᠯᠳᠤᠭᠤᠯᠤᠭᠰᠠᠨ ᠬᠤᠷᠠᠯ᠂ ᠪᠠᠭᠤᠯᠭᠠᠭᠰᠠᠨ ᠪᠢᠴᠢᠭ ᠮᠠᠲ᠋ᠧᠷᠢᠶᠠᠯ ᠲᠣᠰ ᠲᠣᠰ 34.4%᠂ 26.7% ᠪᠠᠷ ᠪᠠᠭᠤᠷᠠᠪᠠ᠃《ᠣᠭ | ᠰᠠᠨᠠᠭ᠎ᠠ ᠪᠠᠨ ᠥᠯᠥ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ》ᠭᠤᠤᠯ ᠰᠡᠳᠦᠪᠲᠦ ᠬᠥᠮᠦᠵᠢᠯ ᠢ ᠯᠠᠪᠳᠠᠭᠤᠨ ᠪᠠᠲᠤᠲᠠᠶ ᠥᠷᠨᠢᠭᠦᠯᠵᠦ᠂ | 13 ᠲᠤᠰᠬᠠᠶ ᠠᠵᠢᠯᠯᠠᠭ᠎ᠠ ᠢᠯᠡᠳᠲᠡ ᠦᠷ᠎ᠡ ᠪᠦᠲᠦᠮᠵᠢ ᠤᠯᠪᠠ᠃《ᠲᠠᠪᠤᠨ ᠨᠢᠭᠡᠳᠦᠭᠡᠷ ᠴᠠᠭ》 ᠤᠨ ᠠᠵᠢᠯ ᠤᠨ ᠲᠣᠭᠲᠠᠴᠠ ᠶᠢ ᠢᠳᠡᠪᠬᠢᠲᠡᠢ | ᠨᠠᠶᠢᠳᠠᠪᠤᠷᠢᠵᠢᠭᠤᠯᠵᠤ᠂ 175 ᠬᠤᠪᠢ ᠣᠯᠠᠨ ᠲᠦᠮᠡᠨ ᠤ ᠲᠤᠰᠬᠠᠯ ᠲᠣᠪᠣᠶᠢᠮ᠎ᠠ ᠠᠰᠠᠭᠤᠳᠠᠯ ᠢ ᠰᠢᠢᠳᠪᠦᠷᠢᠯᠡᠪᠡ᠃ ᠨᠠᠮ ᠤᠨ ᠰᠤᠷᠲᠠᠯ ᠪᠠ ᠠᠷᠢᠭᠤᠨ | ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠵᠢᠴᠢ ᠦᠵᠡᠯ ᠤᠬᠠᠮᠰᠠᠷ ᠤᠨ ᠬᠡᠯᠪᠡᠷᠢ ᠶᠢᠨ ᠪᠡᠶᠡᠴᠢ ᠴᠣᠭᠴᠠ ᠶᠢᠨ ᠬᠠᠷᠢᠭᠤᠴᠠᠯᠭ᠎ᠠ ᠶᠢ ᠬᠢᠨᠠᠮᠠᠭᠠᠶ | ᠨᠠᠶᠢᠳᠠᠪᠤᠷᠢᠵᠢᠭᠤᠯᠵᠤ᠂ ᠵᠠᠰᠠᠭ ᠤᠨ ᠣᠷᠳᠣᠨ ᠤ ᠰᠢᠰᠲ᠋ᠧᠮ ᠤᠨ ᠨᠠᠮ ᠤᠨ ᠰᠤᠷᠲᠠᠯ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠲᠠᠰᠤᠷᠠᠯᠲᠠ | ᠦᠭᠡᠢ ᠴᠢᠩᠭᠠᠷᠠᠪᠠ᠃ | ᠡᠭᠦᠨ ᠠᠴᠠ ᠭᠠᠳᠠᠨ᠎ᠠ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ᠂ ᠬᠤᠶᠠᠷ ᠢ ᠬᠦᠷᠢᠶᠡᠯᠡᠬᠦ ᠠᠰᠠᠷᠠᠮᠵᠢ᠂ ᠠᠷᠠᠳ ᠤᠨ ᠠᠭᠠᠷ ᠤᠨ | ᠰᠡᠷᠭᠡᠶᠢᠯᠡᠯᠲᠡ᠂ ᠭᠠᠵᠠᠷ ᠬᠥᠳᠡᠯᠦᠯᠲᠡ ᠶᠢᠨ ᠴᠠᠭ ᠠᠭᠤᠷ᠂ ᠲᠠᠩᠰᠠ ᠡᠪᠬᠡᠮᠡᠯ ᠲᠡᠦᠬᠡ ᠣᠶᠢᠯᠠᠯᠭ᠎ᠠ ᠵᠡᠷᠭᠡ ᠠᠵᠢᠯ ᠴᠢᠩᠭᠠᠳᠬᠠᠭᠳᠠᠵᠤ᠂ ᠠᠵᠢᠯᠴᠢᠨ ᠤ ᠡᠪᠯᠡᠯ᠂ | ᠡᠪ ᠬᠠᠮᠲᠤ ᠵᠠᠯᠠᠭᠤᠴᠤᠳ ᠤᠨ ᠡᠪᠯᠡᠯ᠂ ᠡᠮᠡᠭᠲᠡᠶᠢᠴᠦᠳ ᠤᠨ ᠬᠤᠯᠪᠣᠭ᠎ᠠ᠂ ᠵᠡᠮᠳᠡᠭᠴᠦᠳ ᠤᠨ ᠬᠤᠯᠪᠣᠭ᠎ᠠ᠂ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠵᠡᠷᠭᠡ | ᠠᠵᠢᠯ ᠦᠶᠯᠡᠰ ᠤᠨ ᠬᠥᠭᠵᠢᠯᠲᠡ ᠶᠢ ᠪᠥᠬᠦ ᠬᠦᠴᠦ ᠪᠠᠷ ᠳᠡᠮᠵᠢᠪᠡ᠃ | ᠲᠥᠯᠥᠭᠡᠯᠡᠭᠴᠢᠳ ᠡ︕ ᠨᠢᠭᠡ ᠵᠢᠯ ᠤᠨ ᠲᠤᠷᠰᠢ᠂ ᠪᠥᠬᠦ ᠲᠣᠭᠤᠷᠢᠭ ᠴᠢᠨᠠᠷ ᠰᠠᠶᠢᠲᠠᠶ ᠬᠥᠭᠵᠢᠯᠲᠡ ᠳᠤ ᠠᠩᠬᠠᠷᠤᠯ ᠢᠶᠠᠨ ᠲᠥᠪᠯᠡᠷᠡᠭᠦᠯᠵᠦ᠂ ᠠᠵᠠ | ᠲᠣᠬᠢᠶᠠᠯ ᠢ ᠡᠵᠡᠮᠳᠡᠬᠦ ᠳᠤᠮᠳᠠ ᠯᠠᠪᠳᠠᠭᠤᠨ ᠪᠠᠲᠤᠲᠠᠶ ᠤᠷᠤᠭᠰᠢᠯᠠᠵᠤ᠂ ᠬᠦᠴᠢᠷ ᠪᠡᠷᠬᠡ ᠶᠢ ᠳᠠᠪᠠᠭ᠋ᠤ ᠳᠤᠮᠳᠠ ᠬᠥᠳᠡᠯᠭᠡᠬᠦ ᠡᠨᠧᠷᠭᠢ ᠬᠤᠷᠠᠮᠳᠤᠭᠤᠯᠵᠤ᠂ | ᠬᠦᠴᠢᠷ ᠪᠡᠷᠬᠡᠰᠢᠶᠡᠯ ᠢ ᠢᠯᠠᠨ ᠳᠠᠪᠠᠭ᠋ᠤ ᠳᠤᠮᠳᠠ ᠬᠠᠲᠠᠭᠤᠵᠢᠨ ᠤᠷᠤᠭᠰᠢᠯᠠᠵᠤ᠂ ᠬᠢᠯᠪᠠᠷ ᠪᠤᠰᠤ ᠪᠠᠷ ᠠᠮᠵᠢᠯᠲᠠ ᠪᠦᠲᠦᠮᠵᠢ ᠣᠯᠵᠤ᠂ ᠬᠤᠶᠢᠰᠢᠳᠠ ᠶᠢᠨ | ᠥᠭᠡᠷᠡᠴᠢᠯᠡᠯᠲᠡ ᠬᠥᠭᠵᠢᠯᠲᠡ ᠲᠣᠭᠲᠠᠭᠤᠨ ᠤ ᠡᠯ᠎ᠡ ᠵᠦᠶᠯ ᠤᠨ ᠠᠵᠢᠯ ᠢ ᠰᠠᠶᠢᠲᠤᠷ ᠬᠢᠬᠦ ᠳᠤ ᠪᠠᠲᠤ ᠪᠠᠬᠢ ᠰᠠᠭᠤᠷᠢ ᠶᠢ ᠲᠠᠯᠪᠢᠪᠠ᠃ ᠥᠩᠭᠡᠷᠡᠭᠰᠡᠨ ᠨᠢᠭᠡ | ᠵᠢᠯ ᠳᠤ ᠣᠯᠤᠭᠰᠠᠨ ᠠᠮᠵᠢᠯᠲᠠ ᠪᠦᠲᠦᠮᠵᠢ ᠪᠣᠯ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠡᠷᠡᠰ ᠴᠢᠩᠭ᠎ᠠ | ᠤᠳᠤᠷᠢᠳᠤᠯᠭ᠎ᠠ ᠶᠢᠨ ᠦᠷ᠎ᠡ ᠳ᠋ᠦᠩ ᠪᠣᠯᠤᠨ᠎ᠠ᠂ ᠲᠡᠷᠡ ᠨᠢ ᠥᠪᠡᠷᠲᠡᠭᠡᠨ ᠵᠠᠰᠠᠬᠤ ᠣᠷᠣᠨ᠂ ᠪᠤᠭᠤᠲᠤ ᠬᠤᠳᠠ ᠶᠢᠨ ᠳᠣᠲᠣᠨᠣ ᠬᠠᠯᠠᠮᠵᠢᠯᠠᠯ ᠢ ᠠᠴᠢᠶᠠᠯᠠᠵᠤ᠂ | ᠲᠣᠭᠤᠷᠢᠭ ᠤᠨ ᠨᠠᠮ ᠤᠨ ᠬᠤᠷᠢᠶᠠᠨ ᠤ ᠵᠥᠪ ᠣᠨᠣᠪᠴᠢᠲᠠᠢ ᠤᠳᠤᠷᠢᠳᠤᠯᠭ᠎ᠠ ᠶᠢ ᠢᠯᠡᠷᠡᠭᠦᠯᠵᠦ᠂ ᠥᠷᠭᠡᠨ ᠤᠯᠠᠨ ᠺᠠᠳ᠋ᠷ ᠤᠯᠠᠨ ᠲᠦᠮᠡᠨ ᠤ ᠰᠢᠷᠭᠠᠭᠤ | ᠬᠠᠲᠠᠭᠤᠵᠢᠯᠲᠠᠢ ᠬᠥᠯᠥᠰᠥ ᠶᠢ ᠰᠢᠩᠭᠡᠭᠡᠵᠦ᠂ ᠨᠡᠶᠢᠭᠡᠮ ᠤᠨ ᠡᠯ᠎ᠡ ᠡᠲᠡᠭᠡᠳ ᠤᠨ ᠤᠶᠤᠨ ᠤᠬᠠᠭᠠᠨ ᠬᠦᠴᠦᠨ ᠴᠢᠳᠠᠯ ᠢ ᠰᠢᠩᠭᠡᠭᠰᠡᠨ ᠪᠠᠶᠢᠨ᠎ᠠ᠃ ᠠᠳᠡ᠂ ᠪᠢ | ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠢ ᠲᠥᠯᠥᠭᠡᠯᠡᠵᠦ᠂ ᠪᠦᠬᠦ ᠲᠣᠭᠤᠷᠢᠭ ᠤᠨ ᠦᠨᠳᠦᠰᠦᠲᠡᠨ ᠨᠦᠭᠦᠳ ᠤᠨ ᠠᠷᠠᠳ ᠲᠦᠮᠡᠨ᠂ ᠠᠷᠠᠳ ᠤᠨ | ᠶᠡᠭᠡ ᠬᠤᠷᠠᠯ ᠤᠨ ᠲᠥᠯᠥᠭᠡᠯᠡᠭᠴᠢᠳ᠂ ᠤᠯᠤᠰ ᠲᠥᠷᠦ ᠶᠢᠨ ᠵᠥᠪᠯᠡᠯᠭᠡᠨ ᠤ ᠭᠡᠰᠢᠭᠦᠳ᠂ ᠤᠷᠲᠤ ᠬᠤᠭᠤᠴᠠᠭᠠᠨ ᠤ ᠲᠤᠷᠰᠢ ᠪᠠᠶ᠋ᠬᠠᠣᠪᠤᠭ᠎ᠠ ᠠᠭᠤᠷᠬᠠᠢ ᠶᠢᠨ | ᠲᠣᠭᠤᠷᠢᠭ ᠤᠨ ᠬᠥᠭᠵᠢᠯᠲᠡ ᠪᠦᠲᠦᠭᠡᠨ ᠪᠠᠶᠢᠭᠤᠯᠤᠯᠲᠠ ᠶᠢ ᠬᠠᠯᠠᠮᠵᠢᠯᠠᠨ ᠳᠡᠮᠵᠢᠭᠰᠡᠨ ᠡᠯ᠎ᠡ ᠡᠲᠡᠭᠡᠳ ᠤᠨ ᠬᠥᠮᠦᠰ ᠲᠤ ᠡᠷᠬᠢᠮ ᠳᠡᠭᠡᠳᠦ ᠬᠦᠨᠳᠦᠳᠬᠡᠯ ᠪᠠ | ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠵᠦ ᠪᠠᠶᠢᠨ᠎ᠠ︕ | ᠠᠮᠵᠢᠯᠲᠠ ᠪᠠᠨ ᠳ᠋ᠦᠩᠨᠡᠬᠦ ᠶᠢᠨ ᠬᠠᠮᠲᠤ ᠪᠢᠳᠡ ᠪᠠᠰᠠ ᠬᠥᠭᠵᠢᠯᠲᠡ ᠶᠢᠨ ᠳᠤᠮᠳᠠ ᠴᠥᠭᠡᠨ ᠪᠤᠰᠤ ᠠᠰᠠᠭᠤᠳᠠᠯ ᠲᠤᠯᠭᠠᠷᠠᠵᠤ ᠪᠠᠶᠢᠬᠤ ᠶᠢ ᠰᠡᠷᠭᠡᠭ ᠢᠶᠠᠷ | ᠲᠠᠨᠢᠵᠤ ᠤᠯᠬᠤ ᠬᠡᠷᠡᠭᠲᠡᠶ᠃ ᠠᠵᠤ ᠦᠶᠯᠡᠰ ᠤᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠭᠦᠯᠬᠦ ᠡᠭᠦᠷᠭᠡ ᠬᠠᠲᠠᠭᠤ ᠪᠡᠷᠬᠡ ᠪᠠᠶᠢᠵᠤ᠂ ᠡᠬᠢ ᠪᠠᠶᠠᠯᠢᠭ ᠤᠨ | ᠳᠠᠪᠠᠭᠤᠯᠢᠭ ᠢ ᠤᠯᠠᠮ ᠨᠢᠭᠡ ᠠᠯᠬᠤᠮ ᠪᠠᠳᠠᠷᠠᠭᠤᠯᠬᠤ ᠴᠢᠬᠤᠯᠠᠲᠠᠶ ᠪᠠᠶᠢᠨ᠎ᠠ᠃ ᠴᠢᠬᠤᠯᠠ ᠶᠡᠭᠡ ᠲᠥᠷᠥᠯ ᠵᠦᠶᠯ ᠤᠨ ᠨᠥᠭᠡᠴᠡᠯᠡᠨ ᠬᠤᠪᠢᠷᠠᠭᠤᠯᠬᠤ ᠲᠠᠯ᠎ᠠ ᠪᠠᠷ | ᠬᠦᠷᠦᠯᠴᠡᠬᠦ ᠥᠬᠡᠶ ᠪᠠᠶᠢᠵᠤ᠂ ᠰᠢᠨ᠎ᠡ ᠬᠥᠳᠡᠯᠭᠡᠭᠴᠢ ᠡᠨᠧᠷᠭᠢ ᠶᠢ ᠪᠣᠶᠢᠵᠢᠭᠤᠯᠬᠤ ᠠᠵᠢᠯ ᠢ ᠴᠢᠩᠭᠠᠳᠬᠠᠬᠤ ᠴᠢᠬᠤᠯᠠᠲᠠᠶ ᠪᠠᠶᠢᠨ᠎ᠠ᠃ ᠭᠠᠶᠢᠯᠢ ᠲᠠᠲᠠᠪᠤᠷᠢ ᠶᠢᠨ | ᠨᠡᠮᠡᠭᠳᠡᠯ ᠤᠨ ᠬᠥᠳᠡᠯᠭᠡᠬᠦ ᠬᠦᠴᠦᠨ ᠬᠦᠷᠦᠯᠴᠡᠬᠦ ᠦᠭᠡᠢ᠂ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠶᠢᠨ ᠵᠥᠷᠢᠴᠡᠯ ᠲᠤᠪᠤᠶᠢᠮ᠎ᠠ ᠪᠠᠶᠢᠨ᠎ᠠ᠃ ᠠᠷᠠᠳ ᠤᠨ | ᠠᠮᠢᠳᠤᠷᠠᠯ ᠤᠨ ᠬᠦᠷᠢᠶᠡᠨ ᠳᠠᠬᠢ ᠳᠤᠲᠠᠭᠳᠠᠯ ᠮᠥᠨ ᠬᠦ ᠣᠷᠣᠰᠢᠵᠤ᠂ ᠤᠯᠠᠨ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠲᠤᠬᠠᠢ ᠬᠦᠰᠡᠯ ᠡᠷᠡᠮᠡᠯᠵᠡᠯ ᠲᠠᠢ | ᠪᠠᠰᠠ ᠵᠥᠷᠢᠶ᠎ᠡ ᠲᠠᠢ ᠪᠠᠶᠢᠨ᠎ᠠ᠃ ᠴᠥᠭᠡᠨ ᠲᠣᠭᠠᠨ ᠤ ᠺᠠᠳ᠋ᠷᠴᠤᠳ ᠲᠤ ᠪᠠᠰᠠ ᠦᠵᠡᠯ ᠰᠠᠨᠠᠭ᠎ᠠ ᠪᠠᠨ ᠴᠢᠯᠥᠭᠡᠯᠡᠭᠡᠳᠦᠶ᠂ ᠰᠢᠨ᠎ᠡ ᠶᠢ ᠡᠭᠦᠳᠬᠦ ᠤᠬᠠᠮᠰᠠᠷ | ᠴᠢᠩᠭ᠎ᠠ ᠪᠢᠰᠢ ᠪᠠᠶᠢᠬᠤ ᠵᠡᠷᠭᠡ ᠠᠰᠠᠭᠤᠳᠠᠯ ᠣᠷᠣᠰᠢᠵᠤ ᠪᠠᠶᠢᠨ᠎ᠠ᠃ ᠡᠭᠦᠨ ᠢ ᠪᠢᠳᠡ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠪᠣᠳᠠᠲᠠᠶ ᠶᠢ | ᠡᠷᠬᠢᠮᠯᠡᠨ ᠲᠤᠰᠠᠲᠠᠶ ᠠᠷᠭ᠎ᠠ ᠬᠡᠮᠵᠢᠶ᠎ᠡ ᠠᠪᠴᠤ ᠪᠠᠶᠢᠭᠠᠳ ᠬᠢᠨᠠᠮᠠᠭᠠᠶ ᠰᠢᠶᠳᠪᠦᠷᠢᠯᠡᠨ᠎ᠡ᠃ | ᠬᠤᠶᠠᠷ᠂ 2020 ᠣᠨ ᠤ ᠠᠵᠢᠯ ᠤᠨ ᠲᠣᠬᠢᠷᠠᠭᠤᠯᠤᠯᠲᠠ | ᠵᠢᠯ ᠤᠨ ᠡᠬᠢᠨ ᠳᠤ ᠭᠠᠷᠤᠭᠰᠠᠨ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠠᠴᠠ ᠬᠠᠯᠳᠠᠪᠤᠷᠢᠯᠠᠭᠰᠠᠨ ᠠᠭᠤᠰᠬᠢᠨ ᠦᠷᠪᠢᠰᠦᠯ ᠤᠨ ᠬᠢᠵᠢᠭ ᠤᠨ | ᠪᠠᠶᠢᠳᠠᠯ ᠤᠨ ᠡᠮᠦᠨ᠎ᠡ᠂ ᠪᠢᠳᠡ ᠲᠣᠭᠤᠷᠢᠭ ᠤᠨ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠶᠡᠷᠦᠩᠬᠡᠢ ᠱᠦᠵᠢ ᠰᠢ ᠶᠢᠨ ᠫᠢᠩ ᠤᠨ | ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠪᠣᠯᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ᠂ ᠪᠤᠭᠤᠲᠤ ᠬᠤᠳᠠ ᠶᠢᠨ ᠡᠯ᠎ᠡ ᠵᠦᠢᠯ | ᠤᠨ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠪᠦᠯᠬᠦᠮᠳᠡᠨ ᠨᠢᠭᠡᠳᠴᠦ᠂ ᠴᠠᠭ ᠤᠨ | ᠪᠡᠷᠬᠡ ᠶᠢ ᠬᠠᠮᠲᠤ ᠪᠠᠷ ᠲᠤᠭᠤᠯᠤᠨ᠂《ᠲᠤᠯᠤᠭᠠᠨ ᠠᠯᠬᠤᠮ ᠤᠨ ᠠᠵᠢᠯ ᠤᠨ ᠠᠷᠭ᠎ᠠ》 ᠶᠢ ᠬᠡᠷᠡᠭᠯᠡᠵᠦ᠂ ᠦᠷᠭᠦᠯᠵᠢᠯᠡᠨ ᠡᠷᠡᠯᠬᠡᠭᠯᠡᠨ ᠪᠠᠶᠢᠯᠳᠤᠵᠤ᠂ ᠤᠯᠠᠨ | ᠢᠶᠠᠷ ᠢᠶᠠᠨ ᠰᠡᠷᠭᠡᠶᠢᠯᠡᠨ ᠤᠯᠠᠨ ᠢᠶᠠᠷ ᠢᠶᠠᠨ ᠵᠠᠰᠠᠵᠤ᠂ ᠱᠠᠳᠤᠴᠢ ᠴᠢᠨᠠᠷᠲᠠᠢ ᠴᠢᠬᠤᠯᠠ ᠦᠷ᠎ᠡ ᠪᠦᠲᠦᠮᠵᠢ ᠣᠯᠵᠤ᠂ ᠪᠦᠬᠦ ᠲᠣᠭᠤᠷᠢᠭ ᠤᠨ ᠳᠡᠭᠡᠳᠦ ᠳᠤᠤᠷᠠᠳᠦ | ᠱᠠᠲᠤᠨ ᠤ ᠬᠦᠴᠢᠷ ᠢ ᠲᠤᠭᠤᠯᠤᠨ ᠪᠡᠷᠬᠡ ᠶᠢ ᠳᠠᠪᠠᠭ᠋ᠤ ᠪᠠᠲᠤ ᠢᠲᠡᠭᠡᠯ ᠪᠠ ᠬᠦᠴᠦᠷᠬᠡᠭ ᠶᠡᠭᠡ ᠬᠦᠴᠦᠨ ᠴᠢᠳᠠᠯ ᠢ ᠨᠢᠭᠲᠠᠷᠠᠭᠤᠯᠪᠠ᠂ ᠪᠢᠳᠡ ᠡᠨᠡ ᠵᠢᠯ ᠤᠨ | ᠡᠯ᠎ᠡ ᠵᠦᠢᠯ ᠤᠨ ᠠᠵᠢᠯ ᠢ ᠨᠡᠩ ᠰᠠᠶᠢᠨ ᠬᠢᠬᠦ ᠢᠲᠡᠭᠡᠯ ᠵᠣᠷᠢᠭ ᠲᠠᠢ ᠪᠠᠶᠢᠨ᠎ᠠ᠃ | ᠡᠨᠡ ᠵᠢᠯ ᠪᠣᠯ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠪᠠ《ᠠᠷᠪᠠᠨ ᠭᠤᠷᠪᠠᠳᠤᠭᠠᠷ ᠲᠠᠪᠤᠨ ᠵᠢᠯ》 ᠤᠨ ᠲᠥᠯᠥᠪᠵᠢᠭᠦᠯᠭᠡ ᠶᠢᠨ | ᠲᠡᠭᠦᠰᠬᠡᠯ ᠤᠨ ᠵᠢᠯ ᠮᠥᠨ᠂ ᠡᠯ᠎ᠡ ᠵᠦᠶᠯ ᠤᠨ ᠠᠵᠢᠯ ᠢ ᠰᠠᠶᠢᠲᠤᠷ ᠬᠢᠬᠦ ᠬᠠᠷᠢᠭᠤᠴᠠᠯᠭ᠎ᠠ ᠴᠢᠬᠤᠯᠠ ᠶᠡᠭᠡ ᠪᠥᠭᠡᠳ ᠠᠯᠤᠰ ᠬᠡᠳᠦ ᠶᠢᠨ ᠠᠴᠢ ᠬᠤᠯᠪᠣᠭᠳᠠᠯ | ᠲᠠᠢ ᠶᠤᠮ᠃ ᠵᠠᠰᠠᠭ ᠤᠨ ᠣᠷᠳᠣᠨ ᠤ ᠠᠵᠢᠯ ᠤᠨ ᠶᠡᠷᠦᠩᠬᠡᠶ ᠱᠠᠭᠠᠷᠳᠠᠯᠭ᠎ᠠ ᠪᠣᠯ᠄ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ | ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ ᠪᠠᠷᠢᠮᠲᠠᠯᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ᠂ | ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ ᠪᠥᠬᠦᠳᠡ ᠬᠤᠷᠠᠯ ᠤᠨ ᠵᠣᠷᠢᠭ ᠰᠠᠨᠠᠭ᠎ᠠ ᠪᠣᠯᠤᠨ | ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠠᠵᠢᠯ ᠤᠨ ᠲᠤᠬᠠᠶ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ | ᠲᠤᠭᠤᠰᠢᠯᠠᠭᠤᠯᠵᠤ᠂《ᠳᠥᠷᠪᠡᠨ ᠤᠬᠠᠮᠰᠠᠷ》 ᠢᠶᠠᠨ ᠴᠢᠩᠭᠠᠳᠬᠠᠵᠤ᠂《ᠳᠥᠷᠪᠡᠨ ᠢᠲᠡᠭᠡᠯ》 ᠢᠶᠠᠨ ᠪᠠᠲᠤᠳᠬᠠᠵᠤ᠂《ᠬᠤᠶᠠᠷ ᠢ ᠬᠠᠮᠠᠭᠠᠯᠠᠬᠤ》 ᠶᠢ | ᠪᠡᠶᠡᠯᠡᠭᠦᠯᠵᠦ᠂ ᠴᠢᠨᠡᠭᠡᠯᠢᠭ ᠨᠡᠶᠢᠭᠡᠮ ᠢ ᠪᠥᠬᠦ ᠲᠠᠯ᠎ᠠ ᠪᠠᠷ ᠪᠠᠶᠢᠭᠤᠯᠤᠨ ᠪᠦᠲᠦᠭᠡᠬᠦ ᠬᠠᠷᠠᠯᠲᠠ ᠡᠭᠦᠷᠭᠡ ᠲᠠᠢ ᠨᠢᠭᠲᠠ ᠤᠶᠠᠯᠳᠤᠭᠤᠯᠤᠨ᠂ ᠲᠣᠭᠲᠠᠭᠤᠨ ᠤ | ᠳᠤᠮᠳᠠ ᠤᠷᠤᠭᠰᠢᠯᠠᠨ ᠳᠠᠪᠰᠢᠬᠤ ᠠᠵᠢᠯ ᠤᠨ ᠶᠡᠷᠦᠩᠬᠡᠶ ᠬᠥᠭ ᠠᠶᠠᠰ ᠢ ᠪᠠᠷᠢᠮᠲᠠᠯᠠᠵᠤ᠂ ᠰᠢᠨ᠎ᠡ ᠬᠥᠭᠵᠢᠯᠲᠡ ᠶᠢᠨ ᠣᠨᠣᠯᠵᠢᠬᠤᠨ ᠢ ᠪᠠᠷᠢᠮᠲᠠᠯᠠᠵᠤ᠂ | ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠶ ᠥᠭᠡᠷᠡᠴᠢᠯᠡᠯᠲᠡ ᠪᠠᠷ ᠭᠤᠤᠯ ᠰᠢᠵᠢᠮ ᠪᠣᠯᠭᠠᠬᠤ ᠶᠢ ᠪᠠᠷᠢᠮᠲᠠᠯᠠᠵᠤ᠂ ᠥᠭᠡᠷᠡᠴᠢᠯᠡᠯᠲᠡ ᠨᠡᠭᠡᠭᠡᠯᠲᠡ ᠪᠠᠷ | ᠬᠥᠳᠡᠯᠭᠡᠬᠦ ᠬᠦᠴᠦᠨ ᠪᠣᠯᠭᠠᠬᠤ ᠶᠢ ᠪᠠᠷᠢᠮᠲᠠᠯᠠᠨ᠎ᠠ᠃ ᠠᠮᠢ ᠠᠬᠤᠢ ᠶᠢ ᠤᠷᠢᠳ ᠢᠶᠠᠷ ᠪᠣᠳᠣᠯᠬᠢᠯᠠᠬᠤ᠂ ᠪᠣᠬᠢᠷᠲᠤᠯ ᠦᠭᠡᠢ ᠬᠥᠭᠵᠢᠯᠲᠡ ᠪᠠᠷ ᠤᠳᠤᠷᠢᠳᠤᠮᠵᠢ | ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠵᠠᠮ ᠢᠶᠠᠷ ᠭᠤᠶᠢᠪᠢᠰᠢ ᠦᠭᠡᠢ ᠵᠠᠮᠨᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠢ | ᠨᠡᠶᠢᠭᠡᠮ ᠤᠨ ᠬᠥᠭᠵᠢᠯᠲᠡ ᠶᠢᠨ ᠠᠵᠢᠯ ᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠭᠤᠷᠪᠠᠨ ᠶᠡᠭᠡ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ | ᠶᠢ ᠡᠷᠡᠰ ᠲᠡᠮᠡᠴᠡᠨ ᠣᠯᠵᠤ᠂《ᠵᠢᠷᠭᠤᠭᠠᠨ ᠲᠣᠭᠲᠠᠭᠤᠨ》 ᠤ ᠠᠵᠢᠯ ᠢ ᠪᠦᠬᠦ ᠲᠠᠯ᠎ᠠ ᠪᠠᠷ ᠰᠠᠶᠢᠲᠤᠷ ᠬᠢᠵᠦ᠂ ᠨᠡᠮᠡᠭᠳᠡᠯ ᠢ ᠲᠣᠭᠲᠠᠪᠤᠷᠢᠵᠢᠭᠤᠯᠬᠤ᠂ | ᠥᠭᠡᠷᠡᠴᠢᠯᠡᠯᠲᠡ ᠶᠢ ᠠᠬᠢᠭᠤᠯᠬᠤ᠂ ᠪᠦᠲᠦᠴᠡ ᠶᠢ ᠲᠤᠬᠢᠷᠠᠭᠤᠯᠬᠤ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ᠂ ᠠᠶᠤᠯ ᠲᠦᠭᠰᠢᠭᠦᠷᠢ ᠶᠢ ᠰᠡᠷᠭᠡᠶᠢᠯᠡᠬᠦ᠂ | ᠲᠣᠭᠲᠠᠭᠤᠨ ᠪᠠᠶᠢᠳᠠᠯ ᠢ ᠪᠠᠲᠤᠯᠠᠬᠤ ᠠᠵᠢᠯ ᠢ ᠪᠦᠬᠦ ᠬᠦᠴᠦ ᠪᠠᠷ ᠰᠠᠶᠢᠲᠤᠷ ᠬᠢᠵᠦ᠂ ᠬᠢᠵᠢᠭ ᠤᠨ ᠪᠠᠶᠢᠳᠠᠯ ᠤᠨ ᠠᠵᠤ ᠠᠬᠤᠶ ᠨᠡᠶᠢᠭᠡᠮ ᠤᠨ ᠬᠥᠭᠵᠢᠯᠲᠡ ᠳᠤ | ᠦᠵᠡᠭᠦᠯᠬᠦ ᠨᠥᠯᠥᠭᠡ ᠶᠢ ᠬᠠᠮᠤᠭ ᠤᠨ ᠳᠣᠤᠷ᠎ᠠ ᠬᠡᠮᠵᠢᠶᠡᠨ ᠳᠤ ᠬᠦᠷᠲᠡᠯ᠎ᠡ ᠪᠠᠭᠤᠷᠠᠭᠤᠯᠬᠤ ᠪᠠᠷ ᠴᠢᠷᠮᠠᠶᠢᠵᠤ᠂ ᠠᠵᠤ ᠠᠬᠤᠶ ᠶᠢᠨ ᠠᠵᠢᠯᠯᠠᠭᠠᠨ ᠢ ᠵᠦᠶ | ᠵᠣᠬᠢᠰᠲᠠᠶ ᠬᠡᠪᠴᠢᠶᠡᠨ ᠳᠤ ᠪᠠᠶᠢᠯᠭᠠᠵᠤ᠂ ᠠᠷᠠᠳ ᠤᠯᠠᠨ ᠤ ᠬᠦᠷᠲᠡᠮᠵᠢ ᠶᠢᠨ ᠲᠦᠷᠦᠭᠳᠡᠯ᠂ ᠵᠣᠯ ᠵᠢᠷᠭᠠᠯᠲᠤ ᠲᠦᠷᠦᠭᠳᠡᠯ᠂ ᠠᠮᠤᠷ ᠲᠦᠪᠰᠢᠨ ᠤ ᠲᠦᠷᠦᠭᠳᠡᠯ ᠢ | ᠨᠡᠮᠡᠭᠳᠡᠭᠦᠯᠵᠦ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠤᠨ ᠪᠡᠶᠡᠯᠡᠭᠦᠯᠬᠦ ᠪᠠ《ᠠᠷᠪᠠᠨ ᠭᠤᠷᠪᠠᠳᠤᠭᠠᠷ ᠲᠠᠪᠤᠨ ᠵᠢᠯ》 ᠤᠨ ᠲᠥᠯᠥᠪᠵᠢᠭᠦᠯᠭᠡ ᠶᠢᠨ | ᠲᠡᠭᠦᠰ ᠠᠮᠵᠢᠯᠲᠠ ᠲᠠᠢ ᠲᠡᠭᠦᠰᠬᠦ ᠶᠢ ᠦᠨᠡᠨ ᠬᠦ ᠪᠠᠲᠤᠯᠠᠨ᠎ᠠ᠃ | ᠡᠨᠡ ᠵᠢᠯ ᠤᠨ ᠬᠥᠭᠵᠢᠯᠲᠡ ᠶᠢᠨ ᠭᠤᠣᠯ ᠵᠢᠱᠢᠭᠰᠡᠨ ᠬᠠᠷᠠᠯᠲᠠ ᠪᠣᠯ᠄ ᠣᠷᠣᠨ ᠨᠤᠲᠤᠭ ᠤᠨ ᠦᠶᠯᠡᠳᠪᠦᠷᠢᠯᠡᠯ ᠤᠨ ᠶᠡᠷᠦᠩᠬᠡᠢ ᠥᠷᠲᠡᠭ᠂ ᠲᠣᠭᠲᠠᠮᠠᠯ | ᠬᠥᠷᠥᠩᠭᠡ ᠶᠢᠨ ᠪᠡᠯᠡ ᠣᠷᠣᠭᠤᠯᠤᠯᠲᠠ᠂ ᠨᠡᠶᠢᠭᠡᠮ ᠤᠨ ᠬᠡᠷᠡᠭᠯᠡᠭᠡᠨ ᠤ ᠵᠦᠶᠯ ᠤᠨ ᠵᠢᠵᠢᠭᠯᠡᠨ ᠬᠤᠳᠠᠯᠳᠤᠬᠤ ᠶᠡᠷᠦᠩᠬᠡᠶ ᠲᠤᠭ᠎ᠠ᠂ ᠬᠤᠲᠠ ᠪᠠᠯᠭᠠᠰᠤᠨ ᠤ | ᠰᠠᠭᠤᠭᠠᠯᠢ ᠠᠷᠠᠳ ᠤᠨ ᠬᠥᠮᠦᠨ ᠪᠦᠷᠢ ᠶᠢᠨ ᠲᠡᠭᠰᠢᠳᠬᠡᠭᠰᠡᠨ ᠵᠠᠷᠤᠴᠠᠭᠤᠯᠵᠤ ᠪᠣᠯᠬᠤ ᠣᠷᠣᠯᠭ᠎ᠠ ᠶᠢ 6% ᠣᠷᠴᠢᠮ ᠨᠡᠮᠡᠭᠳᠡᠭᠦᠯᠵᠦ᠂ ᠡᠩ ᠤᠨ ᠣᠯᠠᠨ | ᠨᠡᠶᠢᠲᠡ ᠶᠢᠨ ᠲᠥᠰᠦᠪ ᠤᠨ ᠣᠷᠣᠯᠭ᠎ᠠ ᠶᠢ 22496 ᠲᠦᠮᠡᠨ ᠲᠥᠭᠦᠷᠢᠭ ᠪᠡᠶᠡᠯᠡᠭᠦᠯᠵᠦ᠂ ᠬᠤᠲᠠ ᠪᠠᠯᠭᠠᠰᠤᠨ ᠤ ᠳᠠᠩᠰᠠᠯᠠᠭᠤᠯᠤᠭᠰᠠᠨ ᠠᠵᠢᠯ ᠠᠯᠳᠠᠭᠰᠠᠨ | ᠨᠣᠷᠮ᠎ᠠ ᠶᠢ 3.9% ᠳᠣᠲᠣᠷ᠎ᠠ ᠬᠢᠵᠠᠭᠠᠷᠯᠠᠨ᠎ᠠ᠃ ᠥᠪᠡᠷᠲᠡᠭᠡᠨ ᠵᠠᠰᠠᠬᠤ ᠣᠷᠣᠨ᠂ ᠪᠤᠭᠤᠲᠤ ᠬᠤᠲᠠ ᠶᠢᠨ ᠪᠠᠭᠤᠯᠭᠠᠭᠰᠠᠨ ᠡᠨᠧᠷᠭᠢ ᠠᠷᠪᠢᠯᠠᠨ ᠪᠣᠬᠢᠷᠲᠤᠯ | ᠭᠠᠳᠠᠭᠰᠢᠯᠠᠭᠤᠯᠬᠤ ᠬᠡᠮᠵᠢᠶ᠎ᠡ ᠶᠢ ᠬᠢᠵᠠᠭᠠᠷᠯᠠᠬᠤ ᠴᠢᠨᠠᠷᠲᠠᠶ ᠭᠦᠶᠴᠡᠳᠬᠡᠬᠦ ᠲᠤᠭ᠎ᠠ ᠶᠢ ᠪᠦᠬᠦ ᠲᠠᠯ᠎ᠠ ᠪᠠᠷ ᠪᠡᠶᠡᠯᠡᠭᠦᠯᠦᠨ᠎ᠡ᠃ | ᠶᠡᠷᠦᠩᠬᠡᠢ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠵᠢᠱᠢᠭᠰᠡᠨ ᠬᠠᠷᠠᠯᠲᠠ ᠶᠢ ᠪᠡᠶᠡᠯᠡᠭᠦᠯᠵᠦ᠂《ᠠᠷᠪᠠᠨ ᠳᠥᠷᠪᠡᠳᠦᠭᠡᠷ ᠲᠠᠪᠤᠨ ᠵᠢᠯ》 ᠤᠨ | ᠲᠥᠯᠥᠪᠵᠢᠭᠦᠯᠭᠡ ᠶᠢᠨ ᠬᠤᠭᠤᠴᠠᠭᠠᠨ ᠤ ᠡᠯ᠎ᠡ ᠵᠦᠢᠯ ᠤᠨ ᠡᠭᠦᠷᠭᠡ ᠶᠢ ᠰᠠᠶᠢᠲᠤᠷ ᠲᠥᠯᠥᠪᠯᠡᠬᠦ ᠳᠤ᠂ ᠲᠦᠷᠪᠡᠨ ᠴᠢᠩᠭᠠᠳᠬᠠᠯ ᠢ ᠰᠠᠶᠢᠲᠤᠷ ᠡᠵᠡᠮᠳᠡᠬᠦ ᠶᠢ | ᠴᠢᠬᠤᠯᠠᠴᠢᠯᠠᠨ᠎ᠠ᠃ | ᠪᠡᠯᠡ ᠣᠷᠣᠭᠤᠯᠤᠯᠲᠠ ᠪᠠᠷ ᠳᠠᠶᠢᠴᠢᠯᠠᠬᠤ ᠶᠢ ᠴᠢᠩᠭᠠᠳᠬᠠᠨ᠎ᠠ᠃ ᠪᠡᠯᠡ ᠣᠷᠣᠭᠤᠯᠤᠯᠲᠠ ᠪᠣᠯ ᠠᠵᠤ ᠠᠬᠤᠶ ᠶᠢᠨ ᠨᠡᠮᠡᠭᠳᠡᠯ ᠢ ᠳᠠᠶᠢᠴᠢᠯᠠᠬᠤ ᠴᠢᠬᠤᠯᠠ | ᠬᠥᠳᠡᠯᠭᠡᠭᠴᠢ ᠬᠦᠴᠦᠨ ᠮᠥᠨ᠃ ᠪᠡᠯᠡ ᠣᠷᠣᠭᠤᠯᠤᠯᠲᠠ ᠶᠢᠨ ᠠᠮᠢᠵᠢᠷᠠᠯ ᠤᠨ ᠬᠦᠴᠦᠨ ᠢ ᠤᠯᠠᠮ ᠨᠢᠭᠡ ᠠᠯᠬᠤᠮ ᠬᠥᠭᠵᠢᠭᠡᠵᠦ᠂ ᠪᠣᠳᠠᠲᠤ ᠴᠣᠭᠴᠠ ᠶᠢᠨ | ᠠᠵᠤ ᠠᠬᠤᠢ ᠶᠢᠨ ᠴᠡᠴᠡᠭᠯᠡᠯ ᠬᠥᠭᠵᠢᠯ ᠢ ᠠᠬᠢᠭᠤᠯᠵᠤ᠂ ᠪᠡᠯᠡ ᠣᠷᠣᠭᠤᠯᠤᠯᠲᠠ ᠶᠢᠨ ᠨᠡᠮᠡᠭᠳᠡᠯ ᠢ ᠲᠣᠭᠲᠠᠪᠤᠷᠢᠵᠢᠭᠤᠯᠬᠤ ᠳᠤ ᠦᠵᠡᠭᠦᠯᠬᠦ ᠵᠠᠩᠭᠢᠯᠠᠭ᠎ᠠ ᠶᠢᠨ | ᠦᠢᠯᠡᠳᠦᠯ ᠢ ᠤᠯᠠᠮ ᠨᠢᠭᠡ ᠠᠯᠬᠤᠮ ᠪᠠᠳᠠᠷᠠᠭᠤᠯᠤᠨ᠎ᠠ᠃ ᠤᠯᠤᠰ ᠤᠨ ᠠᠵᠤ ᠦᠢᠯᠡᠰ ᠤᠨ ᠪᠠᠶᠢᠷᠢᠰᠢᠯ ᠤᠨ ᠲᠤᠬᠢᠷᠠᠭᠤᠯᠤᠯᠳᠠ ᠪᠠ ᠰᠠᠭᠤᠷᠢ ᠲᠥᠬᠦᠭᠡᠷᠦᠮᠵᠢ | ᠶᠢᠨ ᠣᠷᠣᠭᠤᠯᠤᠯᠲᠠ ᠶᠢ ᠨᠡᠮᠡᠭᠳᠡᠭᠦᠯᠬᠦ ᠠᠵᠠ ᠲᠣᠬᠢᠶᠠᠯ ᠢ ᠴᠢᠩᠭ᠎ᠠ ᠠᠳᠬᠤᠵᠤ᠂ ᠪᠣᠳᠠᠲᠤ ᠴᠣᠭᠴᠠ ᠶᠢᠨ ᠠᠵᠤ ᠠᠬᠤᠢ ᠶᠢᠨ ᠦᠢᠯᠡᠳᠪᠦᠷᠢᠯᠡᠯ ᠢᠶᠠᠨ | ᠥᠷᠭᠡᠳᠬᠡᠬᠦ᠂ ᠰᠢᠯᠢᠳᠡᠭᠵᠢᠭᠦᠯᠦᠨ ᠲᠡᠰ ᠳᠡᠪᠰᠢᠭᠦᠯᠬᠦ ᠪᠠ ᠣᠷᠣᠨ ᠨᠤᠲᠤᠭ ᠤᠨ ᠰᠠᠭᠤᠷᠢ ᠲᠥᠬᠦᠭᠡᠷᠦᠮᠵᠢ ᠶᠢ ᠰᠠᠶᠢᠵᠢᠷᠠᠭᠤᠯᠵᠤ᠂ ᠨᠡᠶᠢᠭᠡᠮ ᠠᠷᠠᠳ ᠤᠨ | ᠠᠮᠢᠳᠤᠷᠠᠯ ᠤᠨ ᠪᠠᠲᠤᠯᠠᠭ᠎ᠠ ᠨᠢᠭᠡ ᠪᠦᠯᠦᠭ ᠭᠤᠣᠯᠳᠠᠯᠭ᠎ᠠ ᠲᠠᠢ ᠲᠦᠷᠦᠯ ᠵᠦᠢᠯ ᠢ ᠲᠥᠰᠥᠪᠯᠡᠨ ᠪᠣᠭᠤᠳᠠᠯᠯᠠᠬᠤ ᠳᠤ ᠠᠩᠬᠠᠷᠤᠯ ᠢᠶᠠᠨ ᠲᠥᠪᠯᠡᠷᠡᠭᠦᠯᠵᠦ᠂ | ᠬᠥᠭᠵᠢᠯᠲᠡ ᠶᠢᠨ ᠳᠤᠲᠠᠭᠳᠠᠯ ᠢ ᠦᠨᠡᠨ ᠬᠦ ᠨᠥᠬᠦᠪᠦᠷᠢᠯᠡᠨ᠎ᠡ᠃ | ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠶᠢ ᠴᠢᠩᠭᠠᠳᠬᠠᠨ᠎ᠠ᠃ ᠰᠢᠨ᠎ᠡ ᠶᠢ ᠡᠭᠦᠳᠬᠦ ᠪᠣᠯ ᠠᠵᠤ ᠠᠬᠤᠶ ᠶᠢᠨ ᠬᠥᠭᠵᠢᠯᠲᠡ ᠶᠢ ᠬᠥᠲᠥᠯᠥᠨ | ᠳᠠᠭᠠᠭᠤᠯᠬᠤ ᠨᠢᠭᠡᠳᠦᠭᠡᠷ ᠬᠥᠳᠡᠯᠭᠡᠭᠴᠢ ᠬᠦᠴᠦᠨ ᠮᠥᠨ᠃ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠰᠢᠰᠲ᠋ᠧᠮᠵᠢ ᠶᠢ ᠤᠯᠠᠮ ᠨᠢᠭᠡ ᠠᠯᠬᠤᠮ | ᠲᠡᠭᠦᠯᠳᠡᠷᠵᠢᠭᠦᠯᠵᠦ᠂ ᠪᠠᠶ᠋ᠬᠠᠣᠪᠤᠭ᠎ᠠ ᠶᠢᠨ ᠠᠭᠤᠷᠬᠠᠢ ᠶᠢᠨ ᠡᠬᠢ ᠪᠠᠶᠠᠯᠢᠭ ᠢ ᠶᠡᠷᠦᠩᠬᠡᠶᠢᠯᠡᠨ ᠠᠰᠢᠭᠯᠠᠬᠤ ᠬᠠᠮᠲᠤᠷᠠᠭᠰᠠᠨ ᠰᠤᠳᠤᠯᠭᠠᠨ ᠤ ᠬᠦᠷᠢᠶᠡᠯᠡᠩ ᠳᠤ | ᠲᠦᠰᠢᠭᠯᠡᠨ᠂ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ᠂ ᠳᠤᠮᠳᠠᠳᠤ ᠤᠯᠤᠰ ᠤᠨ ᠠᠭᠤᠷᠬᠠᠢ ᠶᠢᠨ ᠦᠢᠯᠡᠰ ᠤᠨ ᠶᠡᠭᠡ ᠰᠤᠷᠭᠠᠭᠤᠯᠢ᠂ | ᠥᠪᠥᠷ ᠮᠣᠩᠭᠤᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠶᠡᠭᠡ ᠰᠤᠷᠭᠠᠭᠤᠯᠢ ᠵᠡᠷᠭᠡ ᠰᠢᠨᠵᠢᠯᠡᠬᠦ ᠤᠬᠠᠭᠠᠨ ᠤ ᠰᠤᠳᠤᠯᠤᠯ ᠤᠨ ᠳᠡᠭᠡᠳᠦ ᠰᠤᠷᠭᠠᠭᠤᠯᠢ ᠯᠤᠭ᠎ᠠ | ᠶᠢᠨ ᠬᠠᠮᠲᠤᠷᠠᠯᠴᠠᠬᠤ ᠡᠷᠴᠢᠮ ᠢᠶᠠᠨ ᠴᠢᠩᠭᠠᠷᠠᠭᠤᠯᠵᠤ᠂ ᠰᠢᠨᠵᠢᠯᠡᠬᠦ ᠤᠬᠠᠭᠠᠨ ᠰᠤᠳᠤᠯᠤᠯ ᠤᠨ ᠲᠥᠷᠥᠯ ᠵᠦᠶᠯ ᠢ ᠰᠤᠳᠤᠯᠤᠨ ᠨᠡᠭᠡᠭᠡᠵᠦ ᠨᠡᠪᠴᠢᠭᠦᠯᠬᠦ᠂ | ᠲᠤᠬᠠᠶ ᠶᠢᠨ ᠭᠠᠵᠠᠷ ᠲᠤᠨᠢ ᠬᠤᠪᠢᠷᠠᠭᠤᠯᠬᠤ ᠶᠢ ᠪᠦᠬᠦ ᠬᠦᠴᠦ ᠪᠠᠷ ᠲᠦᠯᠬᠢᠨ ᠠᠬᠢᠭᠤᠯᠤᠨ᠎ᠠ᠃ ᠪᠤᠭᠤᠲᠤ ᠬᠤᠲᠠ ᠶᠢᠨ《ᠰᠢᠭᠤᠳ ᠬᠤᠷᠰᠢᠯᠴᠠᠬᠤ ᠠᠵᠤ | ᠠᠬᠤᠶ》 ᠶᠢᠨ ᠬᠥᠭᠵᠢᠯᠲᠡ ᠶᠢ ᠵᠣᠷᠢᠭᠵᠢᠭᠤᠯᠤᠨ ᠳᠡᠮᠵᠢᠬᠦ ᠠᠷᠭ᠎ᠠ ᠬᠡᠮᠵᠢᠶ᠎ᠡ ᠶᠢ ᠭᠦᠨᠵᠡᠭᠡᠶ ᠲᠤᠭᠤᠰᠢᠯᠠᠭᠤᠯᠵᠤ᠂ ᠳᠠᠪᠠᠭᠤᠯᠢᠭ ᠠᠵᠤ ᠦᠶᠯᠡᠰ ᠢ | ᠪᠤᠵᠠᠭᠠᠶᠢᠷᠠᠭᠤᠯᠤᠨ ᠬᠦᠴᠦᠷᠬᠡᠭᠵᠢᠭᠦᠯᠵᠦ᠂ ᠨᠢᠭᠡᠳᠦᠭᠡᠷ ᠠᠵᠤ ᠦᠶᠯᠡᠰ᠂ ᠭᠤᠷᠪᠠᠳᠤᠭᠠᠷ ᠠᠵᠤ ᠦᠶᠯᠡᠰ ᠢ ᠢᠳᠡᠪᠬᠢᠲᠡᠶ ᠬᠥᠭᠵᠢᠭᠦᠯᠵᠦ᠂ ᠭᠤᠤᠯ ᠬᠤᠲᠠ | ᠲᠣᠭᠤᠷᠢᠭ ᠤᠨ ᠰᠢᠯᠵᠢᠭᠰᠡᠨ ᠠᠵᠤ ᠦᠶᠯᠡᠰ ᠤᠨ ᠲᠥᠷᠥᠯ ᠵᠦᠶᠯ ᠢ ᠰᠠᠨᠠᠭᠠᠴᠢᠯᠠᠭ᠎ᠠ ᠠᠴᠠ ᠪᠠᠨ ᠴᠢᠷᠮᠠᠶᠢᠨ ᠣᠯᠵᠤ᠂ ᠢᠳᠡᠪᠬᠢᠲᠡᠶ ᠪᠠᠷ ᠳᠠᠭᠠᠭᠠᠨ ᠠᠪᠴᠤ᠂ | 《ᠰᠢᠭᠤᠳ ᠬᠤᠷᠰᠢᠯᠴᠠᠬᠤ ᠠᠵᠤ ᠠᠬᠤᠶ》 ᠶᠢᠨ ᠬᠥᠭᠵᠢᠯᠲᠡ ᠶᠢᠨ ᠶᠠᠰᠤ ᠴᠢᠨᠠᠷ ᠢ ᠯᠠᠪᠳᠠᠭᠤᠨ ᠢᠶᠠᠷ ᠳᠡᠭᠡᠭᠰᠢᠯᠡᠭᠦᠯᠦᠨ᠎ᠡ᠃ | ᠥᠭᠡᠷᠡᠴᠢᠯᠡᠯᠲᠡ ᠶᠢᠨ ᠠᠬᠢᠭᠤᠯᠤᠯᠲᠠ ᠶᠢ ᠴᠢᠩᠭᠠᠳᠬᠠᠨ᠎ᠠ᠃ ᠥᠭᠡᠷᠡᠴᠢᠯᠡᠯᠲᠡ ᠪᠣᠯ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ | ᠠᠮᠢᠵᠢᠷᠠᠯ ᠤᠨ ᠬᠦᠴᠦᠨ ᠤ ᠡᠬᠢ ᠰᠤᠷᠪᠤᠯᠵᠢ ᠮᠥᠨ᠃《ᠲᠠᠯᠪᠢᠬᠤ ᠬᠠᠮᠢᠶᠠᠷᠬᠤ ᠦᠶᠯᠡᠴᠢᠯᠡᠬᠦ》ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ | ᠠᠵᠢᠯ ᠶᠠᠪᠤᠳᠠᠯ ᠭᠦᠶᠴᠡᠳᠬᠡᠬᠦ ᠴᠤᠪᠤᠷᠠᠯ ᠢ ᠤᠯᠠᠮ ᠨᠢᠭᠡ ᠠᠯᠬᠤᠮ ᠳᠥᠭᠦᠮᠴᠢᠯᠡᠵᠦ᠂ ᠬᠢᠨᠠᠨ ᠵᠥᠪᠰᠢᠶᠡᠷᠡᠬᠦ ᠴᠠᠭ ᠤᠨ ᠬᠢᠵᠠᠭᠠᠷ ᠢ ᠪᠠᠭᠠᠰᠬᠠᠵᠤ᠂ ᠠᠵᠤ | ᠠᠬᠤᠶᠢᠯᠠᠯ ᠪᠣᠯᠤᠨ ᠣᠯᠠᠨ ᠲᠦᠮᠡᠨ ᠤ ᠠᠵᠢᠯ ᠶᠠᠪᠤᠳᠠᠯ ᠭᠦᠶᠴᠡᠳᠬᠡᠬᠦ ᠬᠦᠴᠢᠷ ᠠᠰᠠᠭᠤᠳᠠᠯ᠂ ᠡᠪᠡᠷᠰᠢᠶᠡᠯ ᠪᠠ ᠲᠦᠭᠵᠢᠷᠡᠯ ᠢ ᠪᠥᠬᠦ ᠬᠦᠴᠦ ᠪᠠᠷ | ᠰᠢᠶᠳᠪᠦᠷᠢᠯᠡᠵᠦ᠂ ᠥᠨᠳᠥᠷ ᠪᠦᠲᠦᠮᠵᠢᠲᠡᠶ ᠡᠮᠬᠢ ᠵᠢᠷᠤᠮ ᠲᠠᠢ᠂ ᠲᠦᠭᠡᠮᠡᠯ ᠠᠰᠢᠭ ᠬᠦᠷᠲᠡᠭᠡᠬᠦ ᠳᠥᠭᠦᠮ ᠳᠥᠲᠡ ᠬᠤᠳᠠᠯᠳᠤᠭ᠎ᠠ ᠡᠵᠡᠩᠨᠡᠬᠦ ᠣᠷᠴᠢᠨ | ᠨᠥᠬᠦᠴᠡᠯ ᠢ ᠪᠣᠶ ᠪᠣᠯᠭᠠᠵᠤ᠂ ᠵᠠᠬ᠎ᠠ ᠳᠡᠯᠭᠡᠭᠦᠷ ᠤᠨ ᠭᠤᠤᠯ ᠬᠦᠴᠦᠨ ᠤ ᠦᠶᠯᠡᠳᠦᠯ ᠢ ᠬᠠᠮᠤᠭ ᠤᠨ ᠶᠡᠭᠡ ᠬᠡᠮᠵᠢᠶ᠎ᠡ ᠪᠠᠷ ᠬᠥᠭᠵᠢᠭᠡᠵᠦ᠂ ᠠᠵᠤ ᠠᠬᠤᠶᠢᠯᠠᠯ | ᠤᠨ ᠦᠶᠯᠡᠳᠪᠦᠷᠢᠯᠡᠬᠦ ᠴᠢᠳᠠᠪᠤᠷᠢ ᠶᠢᠨ ᠬᠠᠮᠲᠤᠷᠠᠯᠴᠠᠭ᠎ᠠ ᠪᠠᠷ ᠳᠠᠮᠵᠢᠭᠤᠯᠤᠨ ᠵᠠᠬ᠎ᠠ ᠳᠡᠯᠭᠡᠭᠦᠷ ᠨᠡᠭᠡᠭᠡᠬᠦ ᠶᠢ ᠵᠣᠷᠢᠭᠵᠢᠭᠤᠯᠵᠤ᠂ ᠬᠥᠭᠵᠢᠯᠲᠡ ᠶᠢᠨ ᠬᠥᠳᠡᠯᠭᠡᠬᠦ | ᠬᠦᠴᠦᠨ ᠢ ᠤᠯᠠᠮ ᠨᠢᠭᠡ ᠠᠯᠬᠤᠮ ᠲᠥᠪᠯᠡᠷᠡᠭᠦᠯᠵᠦ᠂ ᠬᠥᠭᠵᠢᠯᠲᠡ ᠶᠢᠨ ᠠᠮᠢᠵᠢᠷᠠᠯ ᠤᠨ ᠬᠦᠴᠦᠨ ᠢ ᠨᠢᠭᠲᠠᠷᠠᠭᠤᠯᠤᠨ᠎ᠠ᠃ | ᠠᠮᠢ ᠠᠬᠤᠢ ᠶᠢᠨ ᠬᠤᠯᠪᠣᠭᠠᠯᠠᠨ ᠬᠥᠳᠡᠯᠦᠯᠴᠡᠬᠦ ᠶᠢ ᠴᠢᠩᠭᠠᠳᠬᠠᠨ᠎ᠠ᠃《ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠲᠠᠨ ᠠᠭᠤᠯᠠ ᠮᠥᠩᠭᠦᠨ | ᠬᠠᠶᠢᠷᠬᠠᠨ ᠮᠥᠨ》ᠭᠡᠬᠦ ᠬᠥᠭᠵᠢᠯᠲᠡ ᠶᠢᠨ ᠣᠨᠣᠯᠵᠢᠬᠤᠨ ᠢ ᠪᠠᠲᠤ ᠪᠠᠬᠢ ᠪᠣᠶ ᠪᠣᠯᠭᠠᠨ ᠦᠶᠯᠡᠳᠦᠯᠭᠡᠵᠢᠭᠦᠯᠵᠦ᠂ ᠠᠵᠤ ᠠᠬᠤᠶ ᠨᠡᠶᠢᠭᠡᠮ ᠤᠨ ᠬᠥᠭᠵᠢᠯᠲᠡ | ᠬᠢᠭᠡᠳ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢ ᠨᠢᠭᠡᠳᠦᠯᠲᠡᠶ ᠲᠥᠯᠥᠪᠯᠡᠨ ᠠᠬᠢᠭᠤᠯᠵᠤ᠂ ᠠᠵᠤ ᠠᠬᠤᠶ ᠶᠢᠨ ᠬᠥᠭᠵᠢᠯᠲᠡ ᠪᠠᠷ ᠠᠮᠢ ᠠᠬᠤᠶ | ᠶᠢᠨ ᠵᠠᠰᠠᠯᠲᠠ ᠶᠢ ᠠᠬᠢᠭᠤᠯᠵᠤ᠂ ᠠᠮᠢ ᠠᠬᠤᠶ ᠶᠢᠨ ᠰᠢᠯᠢᠳᠡᠭ ᠰᠠᠶᠢᠬᠠᠨ ᠢᠶᠠᠷ ᠠᠵᠤ ᠠᠬᠤᠶ ᠶᠢᠨ ᠬᠥᠭᠵᠢᠯᠲᠡ ᠶᠢ ᠠᠬᠢᠭᠤᠯᠤᠨ᠎ᠠ᠃ ᠣᠷᠴᠢᠨ ᠲᠣᠭᠤᠷᠢᠨ ᠤ | ᠬᠠᠮᠠᠭᠠᠯᠠᠯᠲᠠ ᠶᠢᠨ ᠭᠡᠳᠡᠷᠭᠦ ᠰᠢᠬᠠᠮᠳᠠᠭᠤᠯᠬᠤ ᠲᠣᠭᠲᠠᠴᠠ ᠶᠢᠨ ᠦᠶᠯᠡᠳᠦᠯ ᠢ ᠭᠦᠶᠴᠡᠳ ᠪᠠᠳᠠᠷᠠᠭᠤᠯᠵᠤ᠂ ᠠᠵᠤ ᠠᠬᠤᠶᠢᠯᠠᠯ ᠢ ᠬᠥᠲᠥᠯᠥᠨ ᠵᠢᠯᠣᠭᠤᠳᠴᠤ | ᠪᠠᠶᠢᠭᠠᠳ ᠬᠤᠴᠣᠷᠤᠩᠭᠤᠶ ᠦᠶᠯᠡᠳᠪᠦᠷᠢᠯᠡᠬᠦ ᠴᠢᠳᠠᠪᠤᠷᠢ ᠶᠢ ᠰᠢᠭᠰᠢᠭᠳᠡᠭᠦᠯᠵᠦ᠂ ᠡᠮᠬᠢᠯᠡᠨ ᠨᠡᠶᠢᠯᠡᠭᠦᠯᠵᠦ ᠳᠠᠬᠢᠨ ᠵᠣᠬᠢᠶᠠᠨ ᠪᠠᠶᠢᠭᠤᠯᠬᠤ ᠶᠢ ᠬᠡᠷᠡᠭᠵᠢᠭᠦᠯᠵᠦ᠂ | ᠪᠣᠬᠢᠷᠲᠤᠯ ᠥᠬᠡᠶ ᠬᠥᠭᠵᠢᠯᠲᠡ᠂ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠥᠭᠵᠢᠯᠲᠡ᠂ ᠡᠷᠴᠢᠮᠯᠢᠭ ᠬᠥᠭᠵᠢᠯᠲᠡ ᠶᠢ ᠪᠡᠶᠡᠯᠡᠭᠦᠯᠦᠨ᠎ᠡ᠃ ᠠᠮᠢ ᠠᠬᠤᠢ | ᠶᠢ ᠤᠷᠢᠳ ᠢᠶᠠᠷ ᠪᠣᠳᠣᠯᠬᠢᠯᠠᠬᠤ᠂ ᠪᠣᠬᠢᠷᠲᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠵᠤ᠂ ᠬᠥᠬᠡ ᠣᠭᠲᠠᠷᠭᠤᠢ᠂ ᠴᠡᠪᠡᠷ ᠬᠥᠷᠥᠰᠥ᠂ ᠨᠣᠮᠢᠨ ᠤᠰᠤ | ᠵᠡᠷᠭᠡ ᠭᠤᠷᠪᠠᠨ ᠶᠡᠭᠡ ᠬᠠᠮᠠᠭᠠᠯᠠᠯᠲᠠ ᠶᠢᠨ ᠳᠠᠶᠢᠯᠠᠯᠳᠤᠭᠠᠨ ᠢ ᠡᠷᠡᠰ ᠰᠠᠶᠢᠲᠤᠷ ᠬᠢᠨ᠎ᠡ᠃ | ᠳᠣᠣᠷᠠᠬᠢ ᠵᠢᠷᠭᠤᠭᠠᠨ ᠲᠠᠯ᠎ᠠ ᠶᠢᠨ ᠠᠵᠢᠯ ᠢ ᠭᠤᠣᠯᠳᠠᠯᠭ᠎ᠠ ᠲᠠᠢ ᠰᠠᠶᠢᠲᠤᠷ ᠠᠳᠬᠤᠨ᠎ᠠ᠄ | ︵ᠨᠢᠭᠡ︶ ᠠᠵᠤ ᠠᠬᠤᠢ ᠶᠢᠨ ᠠᠵᠢᠯᠯᠠᠭᠠᠨ ᠢ ᠬᠦᠴᠦᠯᠡᠨ ᠲᠣᠭᠲᠠᠪᠤᠷᠢᠵᠢᠭᠤᠯᠵᠤ᠂ ᠪᠣᠳᠠᠲᠤ ᠴᠣᠭᠴᠠ ᠶᠢᠨ ᠠᠵᠤ ᠠᠬᠤᠢ ᠶᠢᠨ ᠠᠮᠢᠵᠢᠷᠠᠯ ᠤᠨ | ᠬᠦᠴᠦᠨ ᠢ ᠬᠥᠭᠵᠢᠭᠡᠨ᠎ᠡ | ᠬᠥᠭᠵᠢᠯᠲᠡ ᠶᠢᠨ ᠲᠡᠷᠢᠭᠦᠨ ᠴᠢᠬᠤᠯᠠ ᠡᠭᠦᠷᠭᠡ ᠶᠢ ᠪᠠᠲᠤ ᠡᠵᠡᠮᠳᠡᠵᠦ᠂ ᠨᠢᠭᠡ ᠪᠦᠯᠦᠭ ᠲᠤᠮᠤ ᠲᠦᠷᠦᠯ ᠵᠦᠢᠯ ᠰᠠᠶᠢᠨ ᠲᠦᠷᠦᠯ ᠵᠦᠢᠯ ᠢ ᠪᠣᠳᠠᠲᠠᠢ | ᠳᠤ ᠨᠠᠶᠢᠳᠠᠪᠤᠷᠢᠵᠢᠭᠤᠯᠬᠤ ᠶᠢ ᠦᠨᠡᠨ ᠬᠦ ᠠᠬᠢᠭᠤᠯᠵᠤ᠂ ᠡᠬᠢ ᠪᠠᠶᠠᠯᠢᠭ ᠤᠨ ᠳᠠᠪᠠᠭᠤᠯᠢᠭ ᠢ ᠦᠨᠡᠨᠬᠦ ᠠᠵᠤ ᠠᠬᠤᠢ ᠶᠢᠨ ᠳᠠᠪᠠᠭᠤᠯᠢᠭ ᠪᠣᠯᠭᠠᠨ | ᠬᠤᠪᠢᠷᠠᠭᠤᠯᠵᠤ᠂《ᠬᠦᠷᠢᠶᠡᠯᠡᠩ ᠲᠣᠭᠤᠷᠢᠭ ᠢ ᠬᠠᠮᠲᠤᠪᠠᠷ ᠪᠠᠶᠢᠭᠤᠯᠵᠤ ᠠᠭᠤᠰᠤᠯᠴᠠᠭᠤᠯᠤᠨ ᠬᠥᠭᠵᠢᠭᠦᠯᠬᠦ ᠲᠤᠷᠰᠢᠯᠲᠠ ᠶᠢᠨ ᠲᠣᠭᠤᠷᠢᠭ》 ᠢ ᠪᠠᠶᠢᠭᠤᠯᠤᠶ᠎ᠠ︕ | | ᠨᠢᠭᠡ ᠳᠤ ᠦᠢᠯᠡᠳᠪᠦᠷᠢᠯᠡᠯ ᠢᠶᠠᠨ ᠰᠡᠷᠭᠦᠭᠡᠬᠦ ᠶᠢ ᠪᠦᠬᠦ ᠬᠦᠴᠦ ᠪᠠᠷ ᠠᠬᠢᠭᠤᠯᠤᠨ᠎ᠠ᠃ ᠲᠥᠪ ᠬᠤᠷᠢᠶᠠᠨ ᠤ《ᠬᠢᠵᠢᠭ ᠤᠨ ᠪᠠᠶᠢᠳᠠᠯ ᠢ ᠪᠦᠲᠦᠮᠵᠢᠲᠡᠶ | ᠰᠡᠷᠭᠡᠶᠢᠯᠡᠨ ᠡᠵᠡᠮᠳᠡᠬᠦ ᠶᠢᠨ ᠬᠠᠮᠲᠤ ᠠᠵᠢᠯ ᠦᠶᠯᠡᠳᠪᠦᠷᠢᠯᠡᠯ ᠢᠶᠠᠨ ᠰᠡᠷᠭᠦᠭᠡᠬᠦ ᠶᠢ ᠢᠳᠡᠪᠬᠢᠲᠡᠶ ᠪᠥᠭᠡᠳ ᠡᠮᠬᠢ ᠵᠢᠷᠤᠮ ᠲᠠᠢ ᠪᠠᠷ ᠲᠦᠯᠬᠢᠨ ᠠᠬᠢᠭᠤᠯᠬᠤ | ᠲᠤᠬᠠᠶ ᠵᠢᠯᠣᠭᠤᠳᠬᠤ ᠰᠠᠨᠠᠯ》 ᠢ ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢ | ᠪᠠᠶᠢᠩᠭᠤᠵᠢᠭᠤᠯᠵᠤ᠂ ᠭᠠᠳᠠᠨ᠎ᠠ ᠠᠴᠠ ᠬᠠᠯᠳᠠᠪᠤᠷᠢᠯᠠᠬᠤ ᠲᠦᠭᠰᠢᠭᠦᠷᠢ ᠶᠢ ᠴᠢᠩᠭ᠎ᠠ ᠰᠡᠷᠭᠡᠶᠢᠯᠡᠬᠦ ᠰᠠᠭᠤᠷᠢᠨ ᠳᠡᠭᠡᠷ᠎ᠡ᠂ ᠦᠶᠯᠡᠳᠪᠦᠷᠢᠯᠡᠯ ᠤᠨ ᠬᠦᠴᠦᠨ ᠵᠦᠶᠯ | ᠤᠨ ᠪᠠᠲᠤᠯᠠᠭ᠎ᠠ ᠶᠢ ᠴᠢᠩᠭᠠᠷᠠᠭᠤᠯᠤᠨ᠂ ᠠᠵᠤ ᠠᠬᠤᠶᠢᠯᠠᠯ ᠳᠤ ᠣᠷᠣᠰᠢᠵᠤ ᠪᠠᠶᠢᠭ᠎ᠠ ᠳᠣᠪᠣᠶᠢᠮ᠎ᠠ ᠠᠰᠠᠭᠤᠳᠠᠯ ᠢ ᠴᠠᠭ ᠲᠤᠬᠠᠶ ᠳᠤᠨᠢ ᠬᠠᠪᠰᠤᠷᠤᠨ | ᠰᠢᠶᠳᠪᠦᠷᠢᠯᠡᠵᠦ᠂ ᠠᠵᠤ ᠦᠶᠯᠡᠰ ᠤᠨ ᠬᠡᠯᠬᠢᠶ᠎ᠡ ᠶᠢᠨ ᠪᠦᠬᠦ ᠲᠠᠯ᠎ᠠ ᠪᠠᠷ ᠠᠵᠢᠯ ᠦᠶᠯᠡᠳᠪᠦᠷᠢᠯᠡᠯ ᠢᠶᠠᠨ ᠰᠡᠷᠭᠦᠭᠡᠬᠦ ᠶᠢ ᠳᠡᠮᠵᠢᠨ᠎ᠡ᠃ ᠭᠠᠶᠢᠯᠢ ᠬᠥᠩᠭᠡᠯᠡᠵᠦ | ᠰᠦᠶᠳᠬᠡᠯ ᠪᠠᠭᠤᠷᠠᠭᠤᠯᠬᠤ᠂ ᠠᠵᠤ ᠠᠬᠤᠶᠢᠯᠠᠯ ᠢ ᠲᠤᠰᠠᠯᠠᠵᠤ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠬᠤ ᠵᠡᠷᠭᠡ ᠡᠯ᠎ᠡ ᠵᠦᠶᠯ ᠤᠨ ᠲᠦᠷᠦ ᠶᠢᠨ ᠪᠤᠳᠤᠯᠭ᠎ᠠ | ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠠᠵᠤ ᠠᠬᠤᠶᠢᠯᠠᠯ ᠢ ᠪᠡᠶ᠎ᠡ ᠬᠥᠩᠭᠡᠨ ᠢᠶᠠᠷ ᠵᠢᠭᠰᠠᠭᠠᠯ ᠳᠤ ᠣᠷᠣᠭᠤᠯᠤᠨ᠎ᠠ᠃ ᠮᠥᠩᠭᠦᠨ ᠭᠦᠶᠯᠭᠡᠭᠡᠨ ᠤ ᠡᠯ᠎ᠡ | ᠲᠥᠷᠥᠯ ᠤᠨ ᠲᠥᠷᠥ ᠶᠢᠨ ᠪᠣᠳᠣᠯᠭ᠎ᠠ ᠶᠢ ᠭᠦᠶᠴᠡᠳ ᠰᠠᠶᠢᠲᠤᠷ ᠬᠡᠷᠡᠭᠯᠡᠵᠦ᠂ ᠠᠵᠤ ᠠᠬᠤᠶᠢᠯᠠᠯ ᠤᠨ ᠢᠲᠡᠭᠡᠮᠵᠢᠲᠦ ᠵᠢᠭᠡᠯᠡᠯᠭᠡ ᠶᠢᠨ ᠪᠠᠯᠠ ᠮᠥᠩᠭᠦ ᠶᠢᠨ | ᠬᠡᠷᠡᠭᠴᠡᠭᠡ ᠱᠠᠭᠠᠷᠳᠠᠯᠭ᠎ᠠ ᠶᠢ ᠪᠥᠬᠦ ᠬᠦᠴᠦ ᠪᠠᠷ ᠪᠠᠲᠤᠯᠠᠵᠤ᠂ ᠠᠵᠤ ᠠᠬᠤᠶᠢᠯᠠᠯ ᠤᠨ ᠦᠶᠯᠡᠳᠪᠦᠷᠢᠯᠡᠯ ᠢᠶᠠᠨ ᠰᠡᠷᠭᠦᠭᠡᠬᠦ ᠶᠢ ᠠᠬᠢᠭᠤᠯᠤᠨ᠎ᠠ᠃ | ᠬᠤᠶᠠᠷ ᠲᠤ ᠪᠡᠯᠡ ᠣᠷᠣᠭᠤᠯᠤᠯᠲᠠ ᠶᠢ ᠵᠦᠶ ᠵᠣᠬᠢᠰᠲᠠᠶ ᠪᠥᠭᠡᠳ ᠪᠦᠲᠦᠮᠵᠢᠲᠡᠶ ᠪᠠᠷ ᠥᠷᠭᠡᠳᠬᠡᠨ᠎ᠡ᠃ ᠠᠵᠤ ᠦᠶᠯᠡᠰ ᠤᠨ ᠬᠡᠯᠪᠡᠷᠢ ᠪᠠᠨ | ᠬᠤᠪᠢᠷᠠᠭᠤᠯᠬᠤ᠂ ᠠᠮᠢ ᠠᠬᠤᠶ ᠶᠢᠨ ᠪᠣᠯᠪᠠᠰᠤᠨ᠂ ᠰᠠᠭᠤᠷᠢ ᠪᠡᠯᠡᠳᠬᠡᠮᠵᠢ᠂ ᠰᠣᠶᠣᠯ ᠵᠢᠭᠤᠯᠴᠢᠯᠠᠯ᠂ ᠡᠨᠧᠷᠭᠢ ᠶᠢᠨ ᠨᠡᠭᠡᠭᠡᠯᠲᠡ ᠵᠡᠷᠭᠡ ᠲᠥᠷᠥᠯ ᠵᠦᠶᠯ ᠢ | ᠲᠥᠰᠥᠪᠯᠡᠨ ᠨᠥᠭᠡᠴᠡᠯᠡᠬᠦ ᠶᠢ ᠴᠢᠩᠭᠠᠳᠬᠠᠵᠤ᠂ ᠨᠢᠭᠡ ᠪᠦᠯᠦᠭ ᠢ ᠠᠵᠢᠯ ᠡᠬᠢᠯᠡᠭᠦᠯᠦᠨ᠂ ᠨᠢᠭᠡ ᠪᠦᠯᠦᠭ ᠢ ᠪᠥᠬᠦ ᠲᠠᠯ᠎ᠠ ᠪᠠᠷ ᠪᠠᠶᠢᠭᠤᠯᠤᠨ ᠪᠦᠲᠦᠭᠡᠵᠦ᠂ ᠨᠢᠭᠡ | ᠪᠦᠯᠦᠭ ᠢ ᠠᠰᠢᠭᠯᠠᠯᠲᠠ ᠳᠤ ᠣᠷᠣᠭᠤᠯᠤᠨ ᠪᠠᠷᠢᠮᠵᠢᠶ᠎ᠠ ᠳᠤ ᠬᠦᠷᠦᠭᠦᠯᠬᠦ ᠪᠠᠷ ᠴᠢᠷᠮᠠᠶᠢᠵᠤ᠂ ᠥᠪᠡᠷᠲᠡᠭᠡᠨ ᠵᠠᠰᠠᠬᠤ ᠣᠷᠣᠨ᠂ ᠪᠤᠭᠤᠲᠤ ᠬᠤᠲᠠ ᠶᠢᠨ《ᠠᠷᠪᠠᠨ | ᠳᠥᠷᠪᠡᠳᠦᠭᠡᠷ ᠲᠠᠪᠤᠨ ᠵᠢᠯ》 ᠤᠨ ᠲᠥᠯᠥᠪᠵᠢᠭᠦᠯᠭᠡ ᠳᠤ ᠵᠢᠭᠰᠠᠭᠠᠨ ᠣᠷᠣᠭᠤᠯᠵᠤ᠂ ᠱᠠᠲᠤᠯᠠᠨ ᠠᠬᠢᠭᠤᠯᠬᠤ ᠪᠠ ᠥᠩᠬᠦᠷᠢᠭᠦᠯᠦᠨᠬᠡᠷᠡᠭᠵᠢᠭᠦᠯᠬᠦ ᠪᠠᠶᠢᠷᠢᠰᠢᠯ ᠢ | ᠪᠣᠶ ᠪᠣᠯᠭᠠᠨ᠎ᠠ᠃ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠴᠢᠩᠭ᠎ᠠ ᠠᠳᠬᠤᠵᠤ᠂ ᠲᠥᠷᠥᠯ ᠵᠦᠢᠯ ᠤᠨ ᠦᠢᠯᠡᠴᠢᠯᠡᠭᠡᠨ ᠤ ᠲᠣᠬᠢᠷᠠᠭᠤᠯᠤᠯᠲᠠ ᠶᠢᠨ | ᠬᠦᠴᠦᠯᠡᠴᠡ ᠪᠠᠨ ᠨᠡᠮᠡᠭᠳᠡᠭᠦᠯᠵᠦ᠂ ᠪᠦᠬᠦ ᠬᠦᠴᠦ ᠪᠠᠨ ᠲᠥᠪᠯᠡᠷᠡᠭᠦᠯᠵᠦ ᠪᠣᠭᠤᠮᠲᠠ ᠰᠢᠪᠲᠤᠯᠵᠤ᠂ ᠪᠦᠬᠦ ᠬᠦᠴᠦ ᠪᠠᠷ ᠦᠢᠯᠡᠴᠢᠯᠡᠵᠦ᠂ 37.7 ᠳ᠋ᠦᠩᠰᠢᠭᠤᠷ | ᠲᠥᠭᠦᠷᠢᠭ ᠤᠨ ᠲᠥᠯᠥᠪᠯᠡᠭᠡ ᠪᠦᠬᠦᠢ 35 ᠭᠤᠣᠯᠳᠠᠯᠭ᠎ᠠ ᠲᠠᠢ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ | ᠭᠤᠣᠯᠳᠠᠯᠭ᠎ᠠ ᠲᠠᠢ ᠲᠥᠷᠥᠯ ᠵᠦᠢᠯ ᠢ ᠬᠢᠨᠠᠨ ᠵᠥᠪᠰᠢᠶᠡᠷᠡᠬᠦ《ᠰᠠᠭᠠᠳ ᠦᠭᠡᠢ ᠨᠡᠪᠲᠡᠷᠡᠬᠦ ᠵᠠᠮ》 ᠢ ᠨᠡᠪᠲᠡᠷᠡᠭᠦᠯᠵᠦ᠂ ᠲᠥᠷᠥᠯ ᠵᠦᠢᠯ ᠢ ᠲᠦᠯᠬᠢᠨ | ᠠᠬᠢᠭᠤᠯᠬᠤ ᠶᠠᠪᠤᠴᠠ ᠳᠠᠬᠢ ᠡᠯ᠎ᠡ ᠲᠥᠷᠥᠯ ᠤᠨ ᠬᠦᠴᠢᠷ ᠪᠡᠷᠬᠡ ᠪᠠ ᠠᠰᠠᠭᠤᠳᠠᠯ ᠢ ᠬᠦᠴᠦᠯᠡᠨ ᠰᠢᠢᠳᠪᠦᠷᠢᠯᠡᠨ᠎ᠡ᠃ ᠤᠯᠠᠭᠠᠨ ᠬᠦᠴᠦᠳᠡᠯ ᠥᠭᠡᠷᠡᠴᠢᠯᠡᠬᠦ | ᠥᠷᠲᠡᠭᠡ᠂ ᠹᠯᠣᠷᠲᠤ ᠬᠥᠩᠭᠡᠨᠴᠠᠭᠠᠨ ᠵᠡᠷᠭᠡ ᠬᠡᠯᠡᠯᠴᠡᠭᠡᠷ ᠲᠣᠭᠲᠠᠵᠤ ᠪᠠᠶᠢᠭ᠎ᠠ ᠲᠥᠷᠥᠯ ᠵᠦᠶᠯ ᠤᠨ ᠮᠥᠷᠳᠡᠨ ᠦᠶᠯᠡᠴᠢᠯᠡᠬᠦ ᠡᠷᠴᠢᠮ ᠢ ᠴᠢᠩᠭᠠᠷᠠᠭᠤᠯᠵᠤ᠂ | ᠬᠠᠭᠤᠴᠢᠨ ᠰᠠᠭᠤᠭᠠᠯᠢ ᠲᠣᠭᠤᠷᠢᠭ ᠤᠨ ᠶᠡᠷᠦᠩᠬᠡᠶᠢᠯᠡᠭᠰᠡᠨ ᠥᠭᠡᠷᠡᠴᠢᠯᠡᠯᠲᠡ ︵ᠬᠤᠶᠠᠳᠤᠭᠠᠷ ᠬᠤᠭᠤᠴᠠᠭ᠎ᠠ︶᠂ ᠬᠤᠲᠠ ᠲᠣᠭᠤᠷᠢᠭ ᠤᠨ ᠰᠠᠭᠤᠷᠢ | ᠲᠥᠬᠦᠭᠡᠷᠦᠮᠵᠢ ᠶᠢ ᠳᠡᠭᠡᠭᠰᠢᠯᠡᠭᠦᠯᠬᠦ ᠢᠨᠵᠧᠨᠧᠷᠢᠩ᠂ ᠪᠠᠶ᠋ᠬᠠᠣᠪᠤᠭ᠎ᠠ ᠲᠡᠮᠦᠷ ᠤᠨ ᠠᠭᠤᠷᠬᠠᠶ ᠶᠢᠨ 5G ᠤᠶᠤᠨᠲᠤ ᠠᠭᠤᠷᠬᠠᠢ ᠵᠡᠷᠭᠡ ᠲᠥᠷᠥᠯ ᠵᠦᠶᠯ ᠢ | ᠢᠳᠡᠪᠬᠢᠲᠡᠶ ᠪᠠᠷ ᠠᠬᠢᠭᠤᠯᠵᠤ᠂ ᠵᠢᠯ ᠤᠨ ᠳᠣᠲᠣᠷ᠎ᠠ 10 ᠳ᠋ᠦᠩᠰᠢᠭᠤᠷ ᠲᠥᠭᠦᠷᠢᠭ ᠠᠴᠠ ᠳᠡᠭᠡᠭᠰᠢ ᠪᠠᠯᠠ ᠣᠷᠣᠭᠤᠯᠬᠤ ᠶᠢ ᠪᠡᠶᠡᠯᠡᠭᠦᠯᠬᠦ ᠪᠠᠷ ᠴᠢᠷᠮᠠᠶᠢᠨ᠎ᠠ᠃ | ᠭᠤᠷᠪᠠ ᠳᠤ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠳᠤ ᠨᠠᠷᠢᠯᠢᠭ ᠣᠨᠣᠴᠠᠲᠠᠶ ᠪᠠᠷ ᠬᠦᠴᠦᠯᠡᠨ᠎ᠡ᠃《ᠬᠤᠳᠠᠯᠳᠤᠭᠠᠴᠢᠨ ᠤᠷᠢᠵᠤ ᠪᠡᠯᠡ | ᠣᠷᠣᠭᠤᠯᠬᠤ ᠬᠤᠲᠠ ᠶᠢᠨ ᠳᠠᠷᠤᠭ᠎ᠠ ᠬᠤᠰᠢᠭᠤ ᠰᠢᠶᠠᠨ ᠤ ᠳᠠᠷᠤᠭ᠎ᠠ》 ᠶᠢᠨ ᠢᠨᠵᠧᠨᠧᠷᠢᠩ ᠢ ᠭᠦᠨᠵᠡᠭᠡᠶ ᠨᠠᠶᠢᠳᠠᠪᠤᠷᠢᠵᠢᠭᠤᠯᠵᠤ᠂ ᠣᠷᠣᠨ ᠨᠤᠲᠤᠭ ᠤᠨ ᠡᠬᠢ | ᠪᠠᠶᠠᠯᠢᠭ ᠬᠢᠭᠡᠳ ᠠᠵᠤ ᠦᠶᠯᠡᠰ ᠤᠨ ᠬᠥᠭᠵᠢᠯᠲᠡ ᠶᠢᠨ ᠳᠠᠪᠠᠭᠤᠯᠢᠭ ᠢ ᠭᠦᠶᠴᠡᠳ ᠠᠭᠤᠳᠠᠯᠵᠤ᠂ ᠪᠤᠭᠤᠲᠤ ᠶᠢᠨ ᠪᠣᠯᠣᠳ ᠲᠡᠮᠦᠷ ᠤᠨ ᠪᠦᠯᠦᠭᠯᠡᠯ ᠪᠣᠯᠤᠨ | ᠲᠣᠭᠤᠷᠢᠭ ᠲᠤ ᠰᠠᠭᠤᠭ᠎ᠠ ᠠᠵᠤ ᠠᠬᠤᠶᠢᠯᠠᠯ ᠯᠤᠭ᠎ᠠ ᠶᠢᠨ ᠭᠦᠨᠵᠡᠭᠡᠶ ᠬᠤᠷᠰᠢᠯᠴᠠᠭ᠎ᠠ ᠶᠢ ᠴᠢᠩᠭᠠᠳᠬᠠᠨ᠂ ᠮᠠᠨ ᠤ ᠲᠣᠭᠤᠷᠢᠭ ᠤᠨ ᠭᠤᠤᠯᠳᠠᠯᠭ᠎ᠠ ᠲᠠᠢ ᠠᠵᠤ | ᠦᠶᠯᠡᠰ ᠤᠨ ᠬᠡᠯᠬᠢᠶ᠎ᠡ ᠶᠢᠨ ᠲᠣᠭᠤᠷᠢᠨ ᠳᠤ ᠲᠥᠷᠥ ᠶᠢᠨ ᠪᠣᠳᠣᠯᠭ᠎ᠠ ᠶᠢᠨ ᠰᠤᠳᠤᠯᠤᠯ ᠢ ᠴᠢᠩᠭᠠᠳᠬᠠᠨ᠎ᠠ᠃ ᠬᠤᠳᠠᠯᠳᠤᠭᠠᠴᠢᠨ ᠤᠷᠢᠬᠤ᠂ ᠰᠦᠯᠵᠢᠶ᠎ᠡ ᠪᠠᠷ | ᠬᠤᠳᠠᠯᠳᠤᠭᠠᠴᠢᠨ ᠤᠷᠢᠬᠤ᠂ ᠠᠵᠤ ᠦᠶᠯᠡᠰ ᠢᠶᠠᠷ ᠬᠤᠳᠠᠯᠳᠤᠭᠠᠴᠢᠨ ᠤᠷᠢᠬᠤ᠂ ᠨᠠᠷᠢᠯᠢᠭ ᠣᠨᠣᠴᠠᠲᠠᠶ ᠪᠠᠷ ᠬᠤᠳᠠᠯᠳᠤᠭᠠᠴᠢᠨ ᠤᠷᠢᠬᠤ ᠵᠡᠷᠭᠡ ᠣᠯᠠᠨ ᠵᠦᠶᠯ | ᠤᠨ ᠠᠷᠭ᠎ᠠ ᠮᠠᠶ᠋ᠢᠭ ᠢᠶᠠᠷ ᠳᠠᠮᠵᠢᠭᠤᠯᠤᠨ᠂ ᠨᠢᠭᠡ ᠪᠦᠯᠦᠭ ᠬᠡᠯᠬᠢᠶ᠎ᠡ ᠪᠠᠶᠢᠭᠤᠯᠬᠤ᠂ ᠬᠡᠯᠬᠢᠶ᠎ᠡ ᠨᠥᠬᠦᠪᠥᠷᠢᠯᠡᠬᠦ᠂ ᠬᠡᠯᠬᠢᠶ᠎ᠡ ᠤᠷᠲᠤᠳᠬᠠᠬᠤ᠂ ᠬᠡᠯᠬᠢᠶ᠎ᠡ ᠶᠢ | ᠴᠢᠩᠭᠠᠳᠬᠠᠬᠤ ᠭᠤᠤᠯᠳᠠᠯᠭ᠎ᠠ ᠲᠠᠢ ᠲᠥᠷᠥᠯ ᠵᠦᠶᠯ ᠢ ᠢᠳᠡᠪᠬᠢᠲᠡᠶ ᠪᠠᠷ ᠣᠷᠣᠭᠤᠯᠵᠤ ᠢᠷᠡᠨ᠂ ᠪᠠᠯᠠ ᠣᠷᠣᠭᠤᠯᠵᠤ ᠭᠡᠷ᠎ᠡ ᠪᠠᠨ ᠭᠦᠶᠴᠡᠳᠬᠡᠬᠦ᠂ ᠪᠠᠯᠠ ᠮᠥᠩᠭᠦ | ᠶᠢᠨ ᠪᠣᠳᠠᠲᠠᠶᠢᠵᠢᠭᠤᠯᠬᠤ ᠨᠣᠷᠮ᠎ᠠ᠂ ᠲᠥᠷᠥᠯ ᠵᠦᠶᠯ ᠤᠨ ᠠᠵᠢᠯ ᠡᠬᠢᠯᠡᠭᠦᠯᠬᠦ ᠨᠣᠷᠮ᠎ᠠ ᠪᠠ ᠠᠰᠢᠭᠯᠠᠯᠲᠠ ᠳᠤ ᠣᠷᠣᠭᠤᠯᠬᠤ ᠦᠷ᠎ᠡ ᠪᠦᠲᠦᠮᠵᠢ ᠶᠢ ᠲᠠᠰᠤᠷᠠᠯᠲᠠ | ᠥᠬᠡᠶ ᠳᠡᠭᠡᠭᠰᠢᠯᠡᠭᠦᠯᠵᠦ᠂ ᠵᠢᠯ ᠤᠨ ᠳᠣᠲᠣᠷ᠎ᠠ ᠰᠢᠨ᠎ᠡ ᠪᠠᠷ ᠭᠡᠷ᠎ᠡ ᠲᠣᠭᠲᠠᠭᠰᠠᠨ ᠭᠤᠤᠯᠳᠠᠯᠭ᠎ᠠ ᠲᠠᠢ ᠲᠥᠷᠥᠯ ᠵᠦᠶᠯ 3 ᠠᠴᠠ ᠳᠡᠭᠡᠭᠰᠢ᠂ ᠵᠥᠪᠳᠡᠯᠴᠡᠨ | ᠲᠣᠭᠲᠠᠭᠰᠠᠨ ᠪᠠᠯᠠ ᠣᠷᠣᠭᠤᠯᠤᠯᠲᠠ ᠶᠢᠨ ᠶᠡᠷᠦᠩᠬᠡᠶ ᠲᠤᠭ᠎ᠠ ᠶᠢ 18 ᠳ᠋ᠦᠩᠰᠢᠭᠤᠷ ᠲᠥᠭᠦᠷᠢᠭ ᠲᠤ ᠬᠦᠷᠦᠭᠦᠯᠬᠦ ᠶᠢ ᠦᠨᠡᠨᠬᠦ ᠪᠠᠲᠤᠯᠠᠨ᠎ᠠ᠃ | ᠳᠥᠷᠪᠡ ᠳᠤ ᠰᠡᠳᠬᠢᠯ ᠢᠶᠠᠨ ᠨᠢᠭᠡᠳᠬᠡᠨ ᠬᠦᠴᠦ ᠪᠠᠨ ᠲᠥᠪᠯᠡᠷᠡᠭᠦᠯᠦᠨ ᠬᠦᠷᠢᠶᠡᠯᠡᠩ ᠲᠣᠭᠤᠷᠢᠭ ᠢ ᠪᠦᠲᠦᠭᠡᠨ ᠪᠠᠶᠢᠭᠤᠯᠤᠨ᠎ᠠ᠃ ᠥᠪᠡᠷᠲᠡᠭᠡᠨ ᠵᠠᠰᠠᠬᠤ | ᠣᠷᠣᠨ ᠤ ᠠᠷᠠᠳ ᠤᠨ ᠵᠠᠰᠠᠭ ᠤᠨ ᠣᠷᠳᠣᠨ ᠤ《ᠠᠵᠤ ᠦᠶᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ | ᠲᠤᠬᠠᠶ ᠰᠠᠨᠠᠯ ᠤᠳ》 ᠤᠨ ᠲᠥᠷᠥ ᠶᠢᠨ ᠪᠣᠳᠣᠯᠭ᠎ᠠ ᠶᠢᠨ ᠠᠵᠠ ᠲᠣᠬᠢᠶᠠᠯ ᠢ ᠪᠠᠲᠤ ᠡᠵᠡᠮᠳᠡᠵᠦ᠂ ᠬᠦᠷᠢᠶᠡᠯᠡᠩ ᠲᠣᠭᠤᠷᠢᠭ ᠤᠨ ᠬᠥᠭᠵᠢᠯᠲᠡ ᠶᠢᠨ | ᠲᠥᠯᠥᠪᠵᠢᠭᠦᠯᠭᠡ ᠶᠢᠨ ᠬᠠᠷᠠᠯᠲᠠ ᠶᠢ ᠲᠡᠭᠦᠯᠳᠡᠷᠵᠢᠭᠦᠯᠵᠦ᠂ ᠠᠵᠤ ᠦᠶᠯᠡᠳᠪᠦᠷᠢ ᠬᠦᠷᠢᠶᠡᠯᠡᠩ ᠲᠣᠭᠤᠷᠢᠭ ᠤᠨ ᠰᠠᠭᠤᠷᠢ ᠪᠡᠯᠡᠳᠬᠡᠮᠵᠢ ᠶᠢᠨ ᠪᠥᠲᠥᠭᠡᠨ | ᠪᠠᠶᠢᠭᠤᠯᠤᠯᠲᠠ ᠶᠢ ᠲᠦᠷᠭᠡᠳᠬᠡᠨ ᠠᠬᠢᠭᠤᠯᠤᠨ᠎ᠠ᠃ ᠲᠣᠰ ᠪᠡᠶ᠎ᠡ ᠶᠢᠨ ᠡᠬᠢ ᠪᠠᠶᠠᠯᠢᠭ ᠤᠨ ᠳᠠᠪᠠᠭᠤᠯᠢᠭ᠂ ᠠᠵᠤ ᠦᠶᠯᠡᠰ ᠤᠨ ᠣᠳᠣᠬᠢ ᠪᠠᠶᠢᠳᠠᠯ᠂ | ᠬᠠᠷᠢᠴᠠᠭᠤᠯᠤᠭᠰᠠᠨ ᠳᠠᠪᠠᠭᠤᠯᠢᠭ ᠲᠤ ᠪᠠᠨ ᠰᠠᠭᠤᠷᠢᠯᠠᠨ᠂ ᠠᠵᠤ ᠦᠶᠯᠡᠰ ᠤᠨ ᠠᠭᠤᠰᠤᠯᠴᠠᠨ ᠬᠥᠭᠵᠢᠬᠦ ᠶᠢ ᠢᠳᠡᠪᠬᠢᠲᠡᠶ ᠠᠬᠢᠭᠤᠯᠵᠤ᠂ ᠠᠵᠤ ᠦᠶᠯᠡᠰ ᠤᠨ | ᠰᠢᠯᠵᠢᠯᠲᠡ ᠶᠢ ᠭᠥᠯᠢᠶᠡᠨ ᠠᠪᠬᠤ ᠪᠠᠷ ᠬᠦᠴᠦᠯᠡᠬᠦ ᠴᠡᠭ ᠪᠣᠯᠭᠠᠵᠤ᠂ ᠳᠠᠷᠬᠠᠨ ᠮᠤᠤᠮᠢᠩᠭᠠᠨ ᠬᠤᠰᠢᠭᠤ ᠯᠤᠭ᠎ᠠ ᠰᠢᠨ᠎ᠡ ᠶᠢ ᠡᠭᠦᠳᠬᠦ ᠬᠠᠮᠲᠤᠷᠠᠯᠴᠠᠭᠠᠨ ᠤ | ᠵᠢᠱᠢᠶ᠎ᠡ ᠦᠵᠡᠭᠦᠯᠬᠦ ᠠᠵᠤ ᠦᠶᠯᠡᠳᠪᠦᠷᠢ ᠶᠢᠨ ᠬᠦᠷᠢᠶᠡᠯᠡᠩ ᠲᠣᠭᠤᠷᠢᠭ ᠢ ᠢᠳᠡᠪᠬᠢᠲᠡᠶ ᠪᠠᠶᠢᠭᠤᠯᠵᠤ᠂ ᠳᠠᠭᠠᠭᠠᠬᠤ ᠴᠢᠳᠠᠪᠤᠷᠢ ᠪᠠᠨ ᠲᠠᠰᠤᠷᠠᠯᠲᠠ ᠥᠬᠡᠶ | ᠳᠡᠭᠡᠭᠰᠢᠯᠡᠭᠦᠯᠦᠨ᠎ᠡ᠃ | ︵ᠬᠤᠶᠠᠷ︶ ᠠᠵᠤ ᠦᠶᠯᠡᠰ ᠤᠨ ᠪᠦᠲᠦᠴᠡ ᠶᠢ ᠲᠣᠬᠢᠷᠠᠭᠤᠯᠤᠨ ᠰᠢᠯᠢᠳᠡᠭᠵᠢᠭᠦᠯᠵᠦ᠂ ᠬᠡᠯᠪᠡᠷᠢ ᠪᠠᠨ ᠬᠤᠪᠢᠷᠠᠭᠤᠯᠤᠨ ᠶᠠᠰᠤ ᠴᠢᠨᠠᠷ ᠢᠶᠠᠨ | ᠳᠡᠭᠡᠭᠰᠢᠯᠡᠭᠦᠯᠬᠦ ᠠᠯᠬᠤᠴᠠ ᠶᠢ ᠲᠦᠷᠭᠡᠳᠬᠡᠨ᠎ᠡ | ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠵᠦ᠂ ᠪᠣᠳᠠᠲᠤ ᠴᠣᠭᠴᠠ ᠶᠢᠨ ᠠᠵᠤ | ᠠᠬᠤᠢ ᠶᠢ ᠪᠣᠳᠠᠲᠠᠶᠢᠵᠢᠭᠤᠯᠤᠨ ᠬᠦᠴᠦᠷᠬᠡᠭᠵᠢᠭᠦᠯᠵᠦ᠂ ᠰᠢᠨ᠎ᠡ ᠪᠠᠷ ᠡᠬᠢᠯᠡᠵᠦ ᠪᠠᠶᠢᠭ᠎ᠠ ᠠᠵᠤ ᠦᠢᠯᠡᠰ ᠢ ᠪᠣᠶᠢᠵᠢᠭᠤᠯᠵᠤ᠂ ᠠᠵᠤ ᠦᠢᠯᠡᠰ ᠤᠨ ᠪᠦᠲᠦᠴᠡ ᠶᠢ | ᠲᠠᠰᠤᠷᠠᠯᠲᠠ ᠦᠭᠡᠢ ᠲᠣᠬᠢᠷᠠᠭᠤᠯᠤᠨ ᠰᠢᠯᠢᠳᠡᠭᠵᠢᠭᠦᠯᠵᠦ᠂《ᠪᠣᠳᠠᠲᠤ ᠴᠣᠭᠴᠠ ᠶᠢᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢᠨ ᠬᠤᠰᠢᠭᠤᠴᠢ | ᠲᠣᠭᠤᠷᠢᠭ》 ᠢ ᠴᠣᠭᠴᠠᠯᠠᠨ᠎ᠠ︕ | ᠨᠢᠭᠡ ᠳᠤ ᠤᠯᠠᠮᠵᠢᠯᠠᠯᠲᠤ ᠠᠵᠤ ᠦᠶᠯᠡᠰ ᠢ ᠥᠭᠡᠷᠡᠴᠢᠯᠡᠨ ᠰᠢᠯᠢᠳᠡᠭᠵᠢᠭᠦᠯᠦᠨ᠎ᠡ᠃ ᠠᠵᠤ ᠦᠶᠯᠡᠳᠪᠦᠷᠢ ᠶᠢᠨ ᠠᠵᠤ ᠦᠢᠯᠡᠰ ᠤᠨ ᠭᠤᠤᠯᠯᠠᠬᠤ | ᠲᠤᠯᠭᠠᠭᠤᠷᠢᠯᠠᠬᠤ ᠦᠶᠯᠡᠳᠦᠯ ᠢ ᠭᠦᠶᠴᠡᠳ ᠪᠠᠳᠠᠷᠠᠭᠤᠯᠵᠤ᠂ ᠪᠠᠶ᠋ᠬᠠᠣᠪᠤᠭ᠎ᠠ ᠲᠡᠮᠦᠷ ᠤᠨ ᠠᠭᠤᠷᠬᠠᠶ᠂ ᠪᠣᠣ ᠱᠠᠨ ᠠᠭᠤᠷᠬᠠᠢ ᠶᠢᠨ ᠦᠶᠯᠡᠰ᠂ ᠸᠧ ᠡᠯ ᠲᠧ | ᠠᠭᠤᠷᠬᠠᠢ ᠶᠢᠨ ᠦᠶᠯᠡᠰ ᠵᠡᠷᠭᠡ ᠭᠤᠤᠯᠯᠠᠬᠤ ᠠᠵᠤ ᠠᠬᠤᠶᠢᠯᠠᠯ ᠤᠨ ᠪᠤᠵᠠᠭᠠᠶᠢᠷᠠᠨ ᠬᠦᠴᠦᠷᠬᠡᠭᠵᠢᠬᠦ ᠶᠢ ᠳᠠᠮᠵᠢᠵᠤ᠂ ᠠᠵᠤ ᠦᠶᠯᠡᠳᠪᠦᠷᠢ ᠶᠢᠨ | ᠦᠢᠯᠡᠳᠪᠦᠷᠢᠯᠡᠯ ᠤᠨ ᠢᠵᠢ ᠪᠦᠷᠢᠳᠦᠭᠦᠯᠬᠦ ᠠᠵᠤ ᠠᠬᠤᠶᠢᠯᠠᠯ ᠤᠨ ᠭᠠᠷᠤᠯᠲᠠ ᠶᠢ ᠲᠣᠭᠲᠠᠪᠤᠷᠢᠵᠢᠭᠤᠯᠤᠨ ᠪᠣᠷᠣᠯᠠᠭᠤᠯᠤᠯᠲᠠ ᠶᠢ ᠠᠬᠢᠭᠤᠯᠬᠤ ᠶᠢ ᠬᠠᠪᠰᠤᠷᠤᠨ᠎ᠠ | ᠃ ᠪᠠᠶ᠋ᠬᠠᠣᠪᠤᠭ᠎ᠠ ᠲᠡᠮᠦᠷ ᠤᠨ ᠠᠭᠤᠷᠬᠠᠢ ᠶᠢᠨ ᠴᠢᠯᠠᠭᠤᠯᠢᠭ ᠴᠠᠪᠠᠤᠯᠢᠭ ᠪᠦᠰᠡ᠂ ᠪᠣᠣ ᠱᠠᠨ ᠠᠭᠤᠷᠬᠠᠢ ᠶᠢᠨ ᠦᠢᠯᠡᠰ ᠤᠨ ᠳᠤᠮᠳᠠ ᠳᠤᠯᠠᠭᠠᠨ᠂ ᠳᠤᠮᠳᠠ | ᠳᠠᠷᠤᠯᠲᠠᠲᠤ ᠭᠦᠸᠧᠯᠦ ᠶᠢ ᠥᠭᠡᠷᠡᠴᠢᠯᠡᠬᠦ᠂ ᠸᠧ ᠡᠯ ᠲᠧ ᠰᠣᠩᠭᠤᠵᠤ ᠬᠤᠷᠢᠶᠠᠨ ᠠᠪᠬᠤ ᠵᠡᠷᠭᠡ ᠨᠢᠭᠡ ᠪᠦᠯᠦᠭ ᠠᠵᠤ ᠦᠶᠯᠡᠳᠪᠦᠷᠢ ᠶᠢᠨ ᠠᠵᠤ ᠠᠬᠤᠢ ᠶᠢᠨ | ᠦᠷᠭᠦᠯᠵᠢᠯᠡᠨ ᠪᠠᠶᠢᠭᠤᠯᠬᠤ ᠲᠥᠷᠥᠯ ᠵᠦᠢᠯ ᠤᠨ ᠪᠠᠷᠢᠯᠭ᠎ᠠ ᠳᠠᠭᠤᠰᠴᠤ ᠠᠰᠢᠭᠯᠠᠯᠲᠠ ᠳᠤ ᠣᠷᠣᠭᠤᠯᠬᠤ ᠪᠠ ᠰᠢᠨ᠎ᠡ ᠪᠠᠷ ᠪᠠᠶᠢᠭᠤᠯᠬᠤ ᠲᠥᠷᠥᠯ ᠵᠦᠢᠯ ᠢ | ᠬᠡᠷᠡᠭᠵᠢᠭᠦᠯᠬᠦ ᠠᠬᠢᠴᠠ ᠶᠢ ᠪᠦᠬᠦ ᠬᠦᠴᠦ ᠪᠠᠷ ᠰᠠᠶᠢᠲᠤᠷ ᠠᠳᠬᠤᠵᠤ᠂ ᠶᠡᠭᠡ ᠬᠡᠪᠴᠢᠶ᠎ᠡ ᠠᠴᠠ ᠳᠡᠭᠡᠭᠰᠢᠬᠢ ᠠᠵᠤ ᠠᠬᠤᠶᠢᠯᠠᠯ ᠢ ᠪᠣᠶᠢᠵᠢᠭᠤᠯᠬᠤ ᠡᠷᠴᠢᠮ ᠢ | ᠴᠢᠩᠭᠠᠷᠠᠭᠤᠯᠵᠤ᠂ ᠰᠢᠨ᠎ᠡ ᠦᠢᠯᠡᠳᠪᠦᠷᠢᠯᠡᠯ ᠤᠨ ᠴᠢᠳᠠᠪᠤᠷᠢ ᠶᠢ ᠲᠦᠷᠭᠡᠳᠬᠡᠨ ᠪᠤᠢ ᠪᠣᠯᠭᠠᠨ᠎ᠠ᠃ ᠬᠢᠨᠠᠨ ᠬᠡᠮᠵᠢᠵᠦ ᠲᠣᠬᠢᠷᠠᠭᠤᠯᠬᠤ ᠪᠠᠨ ᠴᠢᠩᠭᠠᠳᠬᠠᠵᠤ᠂ | ᠲᠣᠭᠲᠠᠮᠠᠯ ᠬᠤᠭᠤᠴᠠᠭ᠎ᠠ ᠲᠠᠢ ᠪᠠᠷ ᠪᠠᠶᠢᠳᠠᠯ ᠢ ᠰᠤᠳᠤᠯᠤᠨ ᠵᠠᠳᠠᠯᠤᠯᠲᠠ ᠬᠢᠵᠦ᠂《ᠨᠢᠭᠡ ᠠᠵᠤ ᠠᠬᠤᠶᠢᠯᠠᠯ ᠳᠤ ᠨᠢᠭᠡ ᠲᠥᠷᠥ ᠶᠢᠨ ᠪᠣᠳᠣᠯᠭ᠎ᠠ》 ᠶᠢ | ᠣᠨᠣᠪᠴᠢᠲᠠᠶ ᠪᠠᠷ ᠬᠡᠷᠡᠭᠵᠢᠭᠦᠯᠵᠦ᠂ ᠠᠵᠤ ᠦᠶᠯᠡᠳᠪᠦᠷᠢ ᠶᠢᠨ ᠠᠵᠤ ᠠᠬᠤᠶ ᠶᠢᠨ ᠲᠣᠭᠲᠠᠭᠤᠨ ᠬᠥᠭᠵᠢᠯᠲᠡ ᠶᠢ ᠠᠬᠢᠭᠤᠯᠤᠨ᠎ᠠ᠃ ᠲᠥᠷᠥᠯ ᠵᠦᠶᠯ ᠢᠶᠠᠷ | ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠬᠤ ᠶᠢ ᠬᠥᠲᠥᠯᠥᠨ ᠳᠠᠶᠢᠴᠢᠯᠠᠬᠤ ᠶᠢ ᠪᠠᠷᠢᠮᠲᠠᠯᠠᠵᠤ᠂ ᠪᠦᠬᠦ ᠬᠤᠲᠠ ᠶᠢᠨ ᠭᠠᠳᠠᠨ᠎ᠠ ᠲᠠᠪᠤᠨ ᠬᠤᠰᠢᠭᠤ ᠰᠢᠶᠠᠨ | ᠲᠣᠭᠤᠷᠢᠭ ᠤᠨ ᠲᠤᠬᠠᠶ ᠶᠢᠨ ᠭᠠᠵᠠᠷ ᠣᠷᠣᠨ ᠤ ᠪᠠᠶᠢᠳᠠᠯ ᠳᠤ ᠲᠤᠬᠢᠷᠠᠭᠤᠯᠤᠨ ᠳᠠᠪᠠᠭᠤᠯᠢᠭ ᠠᠵᠤ ᠦᠶᠯᠡᠰ ᠢ ᠬᠦᠴᠦᠷᠬᠡᠭᠵᠢᠭᠦᠯᠬᠦ ᠶᠢ ᠳᠡᠮᠵᠢᠬᠦ ᠪᠠᠷ ᠠᠵᠠ | ᠲᠣᠬᠢᠶᠠᠯ ᠪᠣᠯᠭᠠᠵᠤ᠂ ᠠᠵᠤ ᠠᠬᠤᠶᠢᠯᠠᠯ ᠤᠨ ᠬᠠᠶᠢᠯᠤᠭᠤᠷ ᠴᠢᠯᠠᠭᠤ᠂ ᠺᠠᠯᠢ ᠡᠯᠪᠡᠭ ᠬᠠᠪᠲᠠᠭᠠᠢ ᠴᠢᠯᠠᠭᠤ᠂ ᠨᠢᠦᠪᠢ᠂ ᠰᠺᠠᠨᠳᠢ ᠵᠡᠷᠭᠡ ᠠᠭᠤᠷᠬᠠᠢ ᠶᠢᠨ | ᠭᠠᠷᠤᠯᠲᠠ ᠶᠢᠨ ᠡᠬᠢ ᠪᠠᠶᠠᠯᠢᠭ ᠢ ᠶᠡᠷᠦᠩᠬᠡᠶᠢᠯᠡᠨ ᠠᠰᠢᠭᠯᠠᠵᠤ ᠳᠣᠣᠷᠠᠳᠤ ᠤᠷᠤᠰᠬᠠᠯ ᠤᠨ ᠠᠵᠤ ᠦᠶᠯᠡᠰ ᠢ ᠬᠥᠭᠵᠢᠭᠦᠯᠬᠦ ᠶᠢ ᠳᠠᠮᠵᠢᠵᠤ᠂ ᠡᠬᠢ ᠪᠠᠶᠠᠯᠢᠭ ᠤᠨ | ᠶᠡᠷᠦᠩᠬᠡᠶᠢᠯᠡᠨ ᠠᠰᠢᠭᠯᠠᠬᠤ ᠨᠣᠷᠮ᠎ᠠ ᠪᠣᠯᠤᠨ ᠨᠠᠷᠢᠯᠢᠭ ᠡᠳ᠋ᠰᠢᠭᠦᠯᠬᠦ ᠬᠡᠮᠵᠢᠶ᠎ᠡ ᠶᠢ ᠳᠡᠭᠡᠭᠰᠢᠯᠡᠭᠦᠯᠵᠦ᠂ ᠠᠵᠤ ᠦᠢᠯᠡᠰ ᠤᠨ ᠬᠡᠯᠬᠢᠶ᠎ᠡ ᠶᠢ ᠬᠦᠴᠦᠯᠡᠨ | ᠤᠷᠲᠤᠳᠬᠠᠨ᠎ᠠ᠃ | ᠬᠤᠶᠠᠷ ᠲᠤ ᠰᠢᠨ᠎ᠡ ᠪᠠᠷ ᠡᠬᠢᠯᠡᠭᠰᠡᠨ ᠠᠵᠤ ᠦᠢᠯᠡᠰ ᠢ ᠪᠣᠶᠢᠵᠢᠭᠤᠯᠤᠨ ᠪᠤᠵᠠᠭᠠᠶᠢᠷᠠᠭᠤᠯᠤᠨ᠎ᠠ᠃《ᠠᠮᠢ ᠠᠬᠤᠢ ᠶᠢ ᠤᠷᠢᠳ ᠢᠶᠠᠷ ᠪᠣᠳᠣᠯᠬᠢᠯᠠᠬᠤ᠂ | ᠪᠣᠬᠢᠷᠲᠤᠯ ᠦᠭᠡᠢ ᠬᠥᠭᠵᠢᠭᠦᠯᠬᠦ》 ᠪᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠪᠦᠬᠦ ᠬᠤᠲᠠ ᠶᠢᠨ ᠤᠯᠤᠰ ᠤᠨ ᠲᠡᠰ ᠤᠨ ᠳᠠᠬᠢᠨ ᠡᠭᠦᠰᠴᠦ ᠪᠣᠯᠬᠤ | ᠡᠨᠧᠷᠭᠢ ᠶᠢᠨ ᠶᠡᠷᠦᠩᠬᠡᠶᠢᠯᠡᠭᠰᠡᠨ ᠬᠡᠷᠡᠭᠯᠡᠭᠡᠨ ᠤ ᠵᠢᠱᠢᠶ᠎ᠡ ᠦᠵᠡᠭᠦᠯᠬᠦ ᠲᠣᠭᠤᠷᠢᠭ ᠢ ᠲᠦᠯᠬᠢᠨ ᠠᠬᠢᠭᠤᠯᠬᠤ ᠪᠠᠷ ᠠᠵᠠ ᠲᠣᠬᠢᠶᠠᠯ ᠪᠣᠯᠭᠠᠵᠤ᠂ ᠴᠡᠪᠡᠷ ᠡᠨᠧᠷᠭᠢ | ᠶᠢᠨ ᠠᠵᠤ ᠦᠢᠯᠡᠰ ᠤᠨ ᠬᠡᠪᠴᠢᠶᠡᠵᠢᠭᠰᠡᠨ᠂ ᠰᠠᠭᠤᠷᠢᠨ ᠭᠠᠵᠠᠷᠴᠢᠯᠠᠭᠰᠠᠨ ᠬᠥᠭᠵᠢᠯᠲᠡ ᠶᠢ ᠵᠦᠢ ᠵᠣᠬᠢᠰᠲᠠᠢ ᠪᠠᠶᠢᠷᠢᠰᠢᠭᠤᠯᠬᠤ ᠪᠠ ᠡᠮᠬᠢ ᠵᠢᠷᠤᠮ ᠲᠠᠢ ᠪᠠᠷ | ᠲᠦᠯᠬᠢᠨ ᠠᠬᠢᠭᠤᠯᠵᠤ᠂ ᠪᠠᠶ᠋ᠬᠠᠣᠪᠤᠭ᠎ᠠ ᠶᠢᠨ ᠳᠠᠬᠢᠨ ᠡᠭᠦᠰᠴᠦ ᠪᠣᠯᠬᠤ ᠡᠨᠧᠷᠭᠢ ᠶᠢᠨ ᠠᠭᠤᠷᠬᠠᠢ ᠶᠢᠨ ᠰᠡᠷᠭᠦᠭᠡᠯᠲᠡ ᠵᠡᠷᠭᠡ ᠭᠤᠣᠯᠳᠠᠯᠭ᠎ᠠ ᠲᠠᠢ ᠲᠥᠷᠦᠯ ᠵᠦᠢᠯ | ᠤᠨ ᠪᠦᠲᠦᠭᠡᠨ ᠪᠠᠶᠢᠭᠤᠯᠤᠯᠲᠠ ᠶᠢ ᠪᠦᠬᠦ ᠬᠦᠴᠦ ᠪᠠᠷ ᠠᠬᠢᠭᠤᠯᠤᠨ᠎ᠠ᠃ ᠳᠡᠭᠡᠳᠦ ᠱᠠᠲᠤᠨ ᠤ ᠲᠥᠷᠥ ᠶᠢᠨ ᠪᠣᠳᠣᠯᠭ᠎ᠠ ᠪᠡᠯᠡ ᠮᠥᠩᠭᠦ ᠶᠢᠨ ᠳᠡᠮᠵᠢᠯᠭᠡ ᠶᠢ | ᠢᠳᠡᠪᠬᠢᠲᠡᠢ ᠲᠡᠮᠡᠴᠡᠨ ᠣᠯᠵᠤ᠂ ᠣᠶᠤᠨᠴᠢ ᠬᠤᠲᠠ ᠶᠢᠨ ᠴᠢᠳᠠᠮᠵᠢ ᠶᠢ ᠦᠷᠭᠦᠯᠵᠢᠯᠡᠨ ᠲᠡᠭᠦᠯᠳᠡᠷᠵᠢᠭᠦᠯᠵᠦ᠂《ᠣᠶᠤᠨᠴᠢ ᠪᠠᠶ᠋ᠬᠠᠣᠪᠤᠭ᠎ᠠ》 ᠶᠢᠨ ᠬᠡᠷᠡᠭᠯᠡᠭᠡᠨ ᠤ | ᠬᠦᠷᠢᠶ᠎ᠡ ᠴᠠᠷᠠᠭ᠎ᠠ ᠶᠢ ᠥᠷᠭᠡᠳᠬᠡᠨ᠂ ᠤᠶᠤᠨᠲᠤ ᠬᠤᠲᠠ ᠶᠢᠨ ᠰᠢᠯᠢᠳᠡᠭ ᠵᠢᠱᠢᠶ᠎ᠡ ᠦᠵᠡᠭᠦᠯᠬᠦ ᠲᠣᠭᠤᠷᠢᠭ ᠢ ᠪᠠᠶᠢᠭᠤᠯᠤᠨ᠎ᠠ᠃ ᠰᠠᠭᠤᠷᠢ ᠥᠷᠲᠡᠭᠡᠨ ᠤ | ᠪᠦᠲᠦᠭᠡᠨ ᠪᠠᠶᠢᠭᠤᠯᠤᠯᠲᠠ ᠶᠢ ᠪᠦᠬᠦ ᠲᠠᠯ᠎ᠠ ᠪᠠᠷ ᠲᠦᠯᠬᠢᠨ ᠠᠬᠢᠭᠤᠯᠵᠤ᠂ ᠪᠦᠬᠦ ᠬᠤᠲᠠ ᠶᠢᠨ ᠠᠩᠬᠠᠳᠠᠭᠴᠢ 5G ᠶᠢ ᠪᠦᠬᠦᠨ ᠢ ᠪᠦᠷᠬᠦᠭᠦᠯᠬᠦ ᠭᠠᠵᠠᠷ | ᠣᠷᠣᠨ ᠢ ᠪᠠᠶᠢᠭᠤᠯᠤᠨ᠎ᠠ᠃ | ᠭᠤᠷᠪᠠ ᠳᠤ ᠬᠡᠷᠡᠭᠯᠡᠭᠡᠨ ᠤ ᠵᠠᠬ᠎ᠠ ᠳᠡᠯᠭᠡᠭᠦᠷ ᠤᠨ ᠠᠮᠢᠵᠢᠷᠠᠯ ᠤᠨ ᠬᠦᠴᠦᠨ ᠢ ᠬᠥᠭᠵᠢᠭᠡᠨ᠎ᠡ᠃ ᠰᠣᠳᠣᠨ ᠢᠳᠡᠰᠢᠨ ᠨᠣᠭᠤᠭ᠎ᠠ ᠲᠠᠷᠢᠬᠤ ᠬᠡᠪᠴᠢᠶ᠎ᠡ ᠶᠢ | ᠨᠡᠮᠡᠭᠳᠡᠭᠦᠯᠵᠦ᠂ ᠲᠣᠰ ᠭᠠᠵᠠᠷ ᠤᠨ ᠲᠠᠷᠢᠭᠰᠠᠨ ᠢᠳᠡᠰᠢᠨ ᠨᠣᠭᠤᠭ᠎ᠠ ᠶᠢᠨ ᠥᠪᠡᠷ ᠢ ᠪᠠᠨ ᠬᠠᠩᠭᠠᠬᠤ ᠨᠣᠷᠮ᠎ᠠ ᠶᠢ ᠳᠡᠭᠡᠭᠰᠢᠯᠡᠭᠦᠯᠦᠨ᠂ ᠲᠠᠷᠢᠶᠠᠯᠠᠩ ᠮᠠᠯ ᠠᠵᠤ | ᠠᠬᠤᠶ ᠶᠢ ᠶᠡᠬᠡᠪᠡᠷ ᠬᠥᠭᠵᠢᠭᠦᠯᠵᠦ᠂ ᠣᠷᠣᠨ ᠨᠤᠲᠤᠭ ᠤᠨ ᠣᠨᠴᠠᠯᠢᠭᠲᠤ ᠲᠥᠷᠥᠯ ᠲᠡᠮᠳᠡᠭ ᠢ ᠪᠤᠢ ᠪᠣᠯᠭᠠᠨ᠎ᠠ᠃ ᠬᠡᠷᠡᠭᠯᠡᠭᠡᠨ ᠤ ᠬᠡᠷᠡᠭᠴᠡᠭᠡ ᠶᠢᠨ ᠰᠢᠨ᠎ᠡ | ᠬᠤᠪᠢᠷᠠᠯᠲᠠ ᠳᠤ ᠵᠣᠬᠢᠴᠠᠭᠤᠯᠤᠨ᠂ ᠰᠢᠨ᠎ᠡ ᠠᠵᠤ ᠠᠬᠤᠶ᠂ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠢ ᠪᠣᠶᠢᠵᠢᠭᠤᠯᠤᠨ ᠪᠤᠵᠠᠭᠠᠶᠢᠷᠠᠭᠤᠯᠵᠤ᠂ ᠠᠷᠠᠯᠵᠢᠶ᠎ᠠ | ᠬᠤᠳᠠᠯᠳᠤᠭᠠᠨ ᠤ ᠭᠦᠢᠯᠭᠡᠭᠡᠨ᠂ ᠰᠣᠶᠣᠯ ᠵᠢᠭᠤᠯᠴᠢᠯᠠᠯ᠂ ᠬᠥᠳᠡᠯᠭᠡᠭᠡᠨ ᠰᠡᠯᠡᠭᠦᠴᠡᠯ᠂ ᠡᠷᠡᠭᠦᠯ ᠮᠡᠨᠳᠦ ᠨᠠᠰᠤᠵᠢᠯ ᠤᠨ ᠠᠰᠠᠷᠠᠮᠵᠢ ᠵᠡᠷᠭᠡ ᠦᠶᠯᠡᠴᠢᠯᠡᠭᠡᠨ ᠤ | ᠦᠶᠯᠡᠰ ᠢ ᠲᠦᠷᠭᠡᠳᠬᠡᠨ ᠬᠥᠭᠵᠢᠭᠦᠯᠵᠦ᠂ ᠠᠷᠠᠯᠵᠢᠶ᠎ᠠ ᠬᠤᠳᠠᠯᠳᠤᠭ᠎ᠠ᠂ ᠢᠳᠡᠭᠡᠨ ᠤᠮᠳᠠᠭᠠᠨ ᠵᠡᠷᠭᠡ ᠡᠵᠡᠩᠨᠡᠯᠲᠡ ᠶᠢᠨ ᠬᠡᠯᠪᠡᠷᠢ ᠪᠠᠶᠢᠳᠠᠯ ᠤᠨ ᠬᠥᠭᠵᠢᠯᠲᠡ | ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠂ ᠦᠶᠯᠡᠴᠢᠯᠡᠭᠡᠨ ᠤ ᠦᠢᠯᠡᠰ ᠤᠨ ᠣᠯᠠᠨ ᠡᠰᠢᠵᠢᠭᠰᠡᠨ ᠬᠥᠭᠵᠢᠯᠲᠡ ᠶᠢᠨ ᠰᠢᠰᠲ᠋ᠧᠮᠵᠢ ᠶᠢ ᠪᠠᠶᠢᠭᠤᠯᠵᠤ᠂ | ᠬᠡᠷᠡᠭᠯᠡᠭᠡᠨ ᠤ ᠳᠡᠰ ᠳᠡᠪᠰᠢᠬᠦ᠂ ᠬᠥᠮᠦᠨ ᠠᠮᠠ ᠶᠢᠨ ᠴᠤᠭᠯᠠᠷᠠᠬᠤ ᠶᠢ ᠠᠬᠢᠭᠤᠯᠤᠨ᠂ ᠣᠷᠣᠨ ᠨᠤᠲᠤᠭ ᠤᠨ ᠠᠵᠤ ᠠᠬᠤᠢ ᠶᠢᠨ ᠦᠷᠭᠦᠯᠵᠢᠯᠡᠨ ᠡᠷᠡᠭᠦᠯ ᠢᠶᠠᠷ | ᠬᠥᠭᠵᠢᠬᠦ ᠶᠢ ᠳᠠᠶᠢᠴᠢᠯᠠᠨ᠎ᠠ᠃ | ︵ᠭᠤᠷᠪᠠ︶ ᠬᠥᠭᠵᠢᠯᠲᠡ ᠶᠢᠨ ᠬᠤᠷᠢᠭ᠎ᠠ ᠱᠤᠭᠤᠮ ᠢ ᠪᠠᠲᠤ ᠰᠠᠬᠢᠵᠤ᠂ ᠭᠤᠷᠪᠠᠨ ᠶᠡᠭᠡ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠰᠠᠶᠢᠲᠤᠷ ᠬᠢᠵᠦ | ᠢᠯᠠᠯᠲᠠ ᠣᠯᠤᠨ᠎ᠠ | ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠪᠡᠶᠡᠯᠡᠭᠦᠯᠬᠦ ᠳᠤ᠂ ᠲᠤᠪᠤᠶᠢᠮ᠎ᠠ ᠠᠰᠠᠭᠤᠳᠠᠯ ᠳᠤ ᠴᠢᠭᠯᠡᠭᠦᠯᠦᠨ ᠬᠤᠷᠢᠭ᠎ᠠ ᠱᠤᠭᠤᠮ ᠤᠨ | ᠰᠡᠳᠬᠢᠬᠦᠢ ᠶᠢ ᠪᠠᠷᠢᠮᠲᠠᠯᠠᠵᠤ᠂ ᠨᠡᠩ ᠶᠡᠭᠡ ᠵᠣᠷᠢᠭ ᠰᠢᠭᠤᠳᠴᠤ᠂ ᠨᠡᠩ ᠬᠦᠴᠦᠲᠡᠢ ᠠᠷᠭ᠎ᠠ ᠬᠡᠮᠵᠢᠶ᠎ᠡ ᠠᠪᠴᠤ᠂ ᠪᠦᠬᠦ ᠬᠦᠴᠦ ᠪᠠᠷ ᠪᠣᠭᠤᠮᠲᠠ ᠰᠢᠪᠲᠤᠯᠵᠤ᠂ | ᠡᠷᠬᠡᠪᠰᠢ ᠪᠣᠳᠠᠲᠤ ᠦᠷ᠎ᠡ ᠪᠦᠲᠦᠮᠵᠢ ᠣᠯᠵᠤ᠂ ᠪᠦᠷᠢᠮᠦᠰᠦᠨ ᠢᠯᠠᠯᠲᠠ ᠤᠯᠬᠤ ᠦᠭᠡᠢ ᠪᠣᠯ ᠶᠠᠭᠠᠬᠢᠭᠰᠠᠨ ᠴᠤ ᠴᠡᠷᠢᠭ ᠢᠶᠠᠨ ᠪᠤᠴᠠᠭᠠᠬᠤ ᠦᠭᠡᠢ︕ | ᠨᠢᠭᠡ ᠳᠤ ᠬᠦᠨᠳᠦ ᠶᠡᠭᠡ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠰᠠᠶᠢᠲᠤᠷ ᠬᠢᠨ᠎ᠡ᠃ ᠡᠳ᠋ ᠤᠨ | ᠵᠠᠰᠠᠭ ᠤᠨ ᠢᠷᠡᠯᠲᠡ ᠶᠢᠨ ᠪᠠᠶᠢᠭᠤᠯᠤᠯᠲᠠ ᠶᠢ ᠴᠢᠩᠭᠠᠳᠬᠠᠵᠤ᠂《ᠭᠤᠷᠪᠠ ᠶᠢ ᠪᠠᠲᠤᠯᠠᠬᠤ》ᠵᠠᠷᠤᠯᠭ᠎ᠠ ᠶᠢ ᠡᠩ ᠲᠡᠷᠢᠭᠦᠨ ᠳᠤ ᠨᠠᠶᠢᠳᠠᠪᠤᠷᠢᠵᠢᠭᠤᠯᠤᠨ᠎ᠠ᠃ | ᠲᠥᠷᠥᠯ ᠵᠦᠶᠯ᠂ ᠪᠡᠯᠡ ᠮᠥᠩᠭᠦ᠂ ᠵᠢᠭᠡᠯᠡᠯᠭᠡ ᠶᠢᠨ ᠲᠡᠮᠳᠡᠭᠲᠦ ᠶᠢ ᠲᠡᠮᠡᠴᠡᠨ ᠣᠯᠬᠤ ᠡᠷᠴᠢᠮ ᠢᠶᠠᠨ ᠨᠡᠮᠡᠭᠳᠡᠭᠦᠯᠵᠦ᠂ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ | ᠶᠢᠨ ᠵᠥᠷᠢᠴᠡᠯ ᠢ ᠪᠦᠲᠦᠮᠵᠢᠲᠡᠶ ᠨᠠᠮᠳᠠᠭᠤᠯᠵᠤ᠂ ᠰᠢᠰᠲ᠋ᠧᠮ ᠤᠨ ᠴᠢᠨᠠᠷᠲᠠᠢ ᠣᠷᠣᠨ ᠪᠦᠰᠡ ᠶᠢᠨ ᠴᠢᠨᠠᠷᠲᠠᠶ ᠲᠦᠭᠰᠢᠭᠦᠷᠢ ᠦᠯᠦ ᠭᠠᠷᠭᠠᠬᠤ ᠬᠢᠵᠠᠭᠠᠷ ᠱᠤᠭᠤᠮ | ᠢ ᠡᠷᠡᠰ ᠪᠠᠲᠤ ᠰᠠᠬᠢᠨ᠎ᠠ᠃ ᠨᠢᠭᠡᠳᠦᠯᠲᠡᠶ ᠲᠥᠯᠥᠪᠯᠡᠬᠦ ᠪᠠᠯᠠ ᠮᠥᠩᠭᠦ᠂ ᠡᠳ᠋ ᠬᠥᠷᠥᠩᠭᠡ ᠶᠢ ᠰᠢᠶᠳᠪᠦᠷᠢᠯᠡᠬᠦ᠂ ᠤᠯᠤᠰ ᠤᠨ ᠥᠮᠴᠢᠯᠡᠯᠲᠦ ᠺᠣᠮᠫᠠᠨᠢ ᠶᠢᠨ | ᠪᠣᠳᠠᠲᠤ ᠴᠣᠭᠴᠠᠲᠤ ᠡᠵᠡᠩᠨᠡᠯᠲᠡ ᠵᠡᠷᠭᠡ ᠣᠯᠠᠨ ᠵᠦᠶᠯ ᠤᠨ ᠥᠷᠢ ᠥᠭᠴᠡᠭᠡ ᠶᠢ ᠨᠠᠮᠬᠠᠳᠬᠠᠬᠤ ᠵᠠᠭᠪᠤᠷ ᠢ ᠶᠡᠷᠦᠩᠬᠡᠶᠢᠯᠡᠨ ᠬᠡᠷᠡᠭᠯᠡᠵᠦ᠂ ᠵᠠᠰᠠᠭ ᠤᠨ ᠣᠷᠳᠣᠨ | ᠤ ᠥᠷᠢ ᠥᠭᠴᠡᠭᠡ ᠶᠢ ᠢᠳᠡᠪᠬᠢᠲᠡᠶ ᠪᠥᠭᠡᠳ ᠯᠠᠪᠳᠠᠭᠤᠨ ᠢᠶᠠᠷ ᠨᠠᠮᠬᠠᠳᠬᠠᠵᠤ᠂ ᠠᠷᠠᠳ ᠤᠨ ᠡᠵᠡᠩᠨᠡᠭᠰᠡᠨ ᠳᠤᠮᠳᠠ ᠵᠢᠵᠢᠭ ᠠᠵᠤ ᠠᠬᠤᠶᠢᠯᠠᠯ ᠤᠨ | ᠠᠪᠴᠠᠭᠠᠨ ᠤ ᠵᠣᠭᠤᠰ ᠢ ᠢᠯᠭᠠᠷᠠᠭᠤᠯᠬᠤ ᠡᠭᠦᠷᠭᠡ ᠶᠢ ᠲᠡᠭᠦᠰ ᠠᠮᠵᠢᠯᠲᠠ ᠲᠠᠢ ᠪᠡᠶᠡᠯᠡᠭᠦᠯᠬᠦ ᠶᠢ ᠦᠨᠡᠨᠬᠦ ᠪᠠᠲᠤᠯᠠᠨ᠎ᠠ᠃ ᠡᠭᠦᠨ ᠤ ᠬᠠᠮᠲᠤ᠂ ᠡᠷᠴᠢᠮ ᠢᠶᠠᠨ | ᠴᠢᠩᠭᠠᠷᠠᠭᠤᠯᠵᠤ᠂ ᠬᠠᠳᠠᠭᠠᠯᠠᠯᠲᠠ ᠶᠢᠨ ᠬᠡᠮᠵᠢᠶ᠎ᠡ ᠶᠢ ᠪᠠᠭᠠᠰᠬᠠᠵᠤ᠂ ᠨᠡᠮᠡᠭᠳᠡᠯ ᠤᠨ ᠬᠡᠮᠵᠢᠶ᠎ᠡ ᠶᠢ ᠬᠢᠵᠠᠭᠠᠷᠯᠠᠨ᠂ ᠭᠠᠶᠢᠯᠢ ᠶᠢᠨ ᠢᠷᠡᠯᠲᠡ ᠶᠢ ᠴᠢᠩᠭᠠᠳᠬᠠᠵᠤ᠂ | ᠣᠷᠣᠯᠭ᠎ᠠ ᠶᠢ ᠨᠡᠮᠡᠭᠳᠡᠭᠦᠯᠵᠦ᠂ ᠵᠠᠰᠠᠭ ᠤᠨ ᠣᠷᠳᠣᠨ ᠤ ᠥᠷᠢ ᠥᠭᠴᠡᠭᠡ ᠶᠢᠨ ᠲᠦᠭᠰᠢᠭᠦᠷᠢ ᠶᠢᠨ ᠤᠯᠠᠭᠠᠨ ᠥᠩᠭᠡ ᠶᠢᠨ ᠰᠡᠷᠡᠮᠵᠢᠯᠡᠭᠦᠯᠬᠦ ᠭᠠᠵᠠᠷ ᠣᠷᠣᠨ | ᠠᠴᠠ ᠤᠬᠤᠷᠢᠨ ᠭᠠᠷᠬᠤ ᠪᠠᠷ ᠴᠢᠷᠮᠠᠶᠢᠨ᠎ᠠ᠃ | ᠬᠤᠶᠠᠷ ᠲᠤ ᠤᠨᠢᠨ ᠳᠡᠭᠡᠷ᠎ᠡ ᠨᠢ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠰᠠᠶᠢᠲᠤᠷ ᠬᠢᠨ᠎ᠡ᠃ ᠣᠷᠣᠯᠭ᠎ᠠ ᠪᠠᠭᠠᠲᠠᠶ | ᠬᠠᠮᠲᠤ ᠴᠣᠭᠴᠠ ᠶᠢᠨ ᠵᠣᠯ ᠵᠢᠷᠭᠠᠯ ᠢ ᠳᠡᠭᠡᠭᠰᠢᠯᠡᠭᠦᠯᠬᠦ ᠢᠨᠵᠧᠨᠧᠷᠢᠩ ᠢ ᠦᠷᠭᠦᠯᠵᠢᠯᠡᠨ ᠭᠦᠨᠵᠡᠭᠡᠢ ᠬᠡᠷᠡᠭᠵᠢᠭᠦᠯᠵᠦ᠂ ᠣᠯᠠᠨ ᠵᠦᠶᠯ ᠤᠨ ᠠᠷᠭ᠎ᠠ ᠬᠡᠮᠵᠢᠶ᠎ᠡ | ᠠᠪᠴᠤ᠂《ᠲᠥᠷᠥᠯ ᠬᠤᠪᠢᠶᠠᠨ ᠪᠠᠲᠤᠯᠠᠭ᠎ᠠ ᠣᠯᠭᠤᠬᠤ》 ᠶᠢ ᠬᠡᠷᠡᠭᠵᠢᠭᠦᠯᠦᠨ᠂ ᠠᠪᠤᠷᠠᠨ ᠲᠤᠰᠠᠯᠠᠬᠤ ᠬᠢᠷᠢ ᠬᠡᠮᠵᠢᠶ᠎ᠡ ᠶᠢ ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ | ᠃ ᠳᠦᠷᠢᠮ᠂ ᠠᠵᠢᠯ ᠢ ᠵᠣᠯᠭᠠᠭᠤᠯᠬᠤ ᠶᠢ ᠴᠢᠩᠭᠠᠳᠬᠠᠵᠤ᠂ ᠡᠬᠢ ᠪᠠᠶᠠᠯᠢᠭ ᠢ ᠨᠢᠭᠡᠳᠦᠯᠲᠡᠶ ᠲᠥᠯᠥᠪᠯᠡᠬᠦ᠂ ᠰᠠᠯᠠᠭ᠎ᠠ ᠮᠥᠴᠢᠷ ᠤᠨ ᠬᠠᠮᠲᠤᠷᠠᠨ ᠬᠥᠳᠡᠯᠦᠯᠴᠡᠬᠦ | ᠶᠢ ᠴᠢᠩᠭᠠᠷᠠᠭᠤᠯᠤᠨ᠎ᠠ᠃ ᠤᠳᠤᠷᠢᠳᠬᠤ ᠺᠠᠳ᠋ᠷᠴᠤᠳ ᠤᠨ《ᠨᠢᠭᠡ ᠳᠤ ᠨᠢᠭᠡ》ᠬᠤᠤᠰᠯᠠᠵᠤ ᠲᠡᠳᠬᠦᠬᠦ ᠶᠢ ᠭᠦᠨᠵᠡᠭᠡᠶ ᠥᠷᠨᠢᠭᠦᠯᠵᠦ᠂ ᠬᠠᠪᠰᠤᠷᠴᠤ ᠦᠷ᠎ᠡ | ᠪᠦᠲᠦᠮᠵᠢ ᠭᠠᠷᠭᠠᠬᠤ ᠶᠢ ᠦᠨᠡᠨ ᠬᠦ ᠪᠠᠲᠤᠯᠠᠨ᠎ᠠ᠃ ᠪᠠᠶ᠋ᠬᠠᠣᠪᠤᠭ᠎ᠠ ᠶᠢᠨ ᠠᠳᠠᠯ ᠦᠶᠯᠡᠰ ᠴᠣᠭᠴᠠᠯᠠᠬᠤ ᠬᠦᠷᠢᠶᠡᠯᠡᠩ ᠤᠨ ᠦᠶᠯᠡᠳᠦᠯ ᠢ ᠭᠦᠶᠴᠡᠳ | ᠪᠠᠳᠠᠷᠠᠭᠤᠯᠵᠤ᠂ ᠡᠯ᠎ᠡ ᠲᠥᠷᠥᠯ ᠤᠨ ᠪᠠᠭᠤᠷᠠᠶ ᠬᠠᠮᠲᠤᠯᠢᠭ ᠲᠤ ᠴᠢᠭᠯᠡᠭᠦᠯᠦᠨ᠂ ᠠᠳᠠᠯ ᠦᠶᠯᠡᠰ ᠴᠣᠭᠴᠠᠯᠠᠬᠤ ᠪᠣᠯᠪᠠᠰᠤᠷᠠᠯ᠂ ᠮᠡᠷᠭᠡᠵᠢᠯ ᠴᠢᠳᠠᠪᠤᠷᠢ ᠶᠢᠨ | ᠪᠣᠯᠪᠠᠰᠤᠷᠠᠯ ᠢ ᠥᠷᠨᠢᠭᠦᠯᠵᠦ᠂ ᠪᠥᠬᠦ ᠲᠠᠯ᠎ᠠ ᠪᠠᠷ ᠴᠢᠨᠡᠭᠡᠯᠢᠭᠵᠢᠬᠦ ᠵᠠᠮ ᠳᠤ ᠣᠯᠠᠨ ᠲᠦᠮᠡᠨ ᠢ ᠶᠠᠭᠠᠬᠢᠭᠰᠠᠨ ᠴᠤ ᠡᠩᠨᠡᠭᠡ ᠠᠴᠠ ᠬᠤᠴᠣᠷᠤᠭᠤᠯᠬᠤ ᠥᠬᠡᠶ᠃ | ᠭᠤᠷᠪᠠ ᠳᠤ ᠪᠣᠬᠢᠷᠲᠤᠯ ᠢ ᠰᠡᠷᠭᠡᠶᠢᠯᠡᠨ ᠵᠠᠰᠠᠵᠤ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠰᠠᠶᠢᠲᠤᠷ ᠬᠢᠨ᠎ᠡ᠃《ᠬᠥᠬᠡᠮᠳᠦᠭ ᠨᠣᠭᠤᠭᠠᠨ ᠠᠭᠤᠯᠠ | ᠤᠰᠤ ᠪᠣᠯ ᠠᠯᠲᠠᠨ ᠠᠭᠤᠯᠠ ᠮᠥᠩᠭᠦᠨ ᠬᠠᠶᠢᠷᠬᠠᠨ》ᠭᠡᠬᠦ ᠣᠨᠣᠯᠵᠢᠬᠤᠨ ᠢ ᠨᠠᠷᠢᠨ ᠬᠢᠨᠠᠮᠠᠭᠠᠢ ᠦᠶᠯᠡᠳᠦᠯᠭᠡᠵᠢᠭᠦᠯᠵᠦ᠂ ᠲᠥᠪ᠂ ᠥᠪᠡᠷᠲᠡᠭᠡᠨ ᠵᠠᠰᠠᠬᠤ | ᠣᠷᠣᠨ᠂ ᠪᠤᠭᠤᠲᠤ ᠬᠤᠲᠠ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠢᠨᠠᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ | ᠰᠠᠶᠢᠵᠢᠷᠠᠭᠤᠯᠬᠤ ᠶᠢ ᠯᠠᠪᠳᠠᠭᠤᠨ ᠪᠠᠲᠤᠲᠠᠶ ᠠᠬᠢᠭᠤᠯᠵᠤ᠂ ᠪᠠᠷᠢᠨ ᠬᠡᠷᠡᠭᠵᠢᠭᠦᠯᠵᠦ ᠪᠠᠷᠢᠨ ᠰᠠᠶᠢᠵᠢᠷᠠᠭᠤᠯᠵᠤ᠂ ᠨᠢᠭᠡ ᠠᠴᠠ ᠨᠥᠭᠦᠭᠡ ᠶᠢ ᠵᠦᠶᠴᠢᠯᠡᠵᠦ᠂ | ᠴᠡᠭᠴᠡᠯᠡᠨ ᠰᠠᠶᠢᠵᠢᠷᠠᠭᠤᠯᠬᠤ ᠡᠭᠦᠷᠭᠡ ᠪᠠᠨ ᠴᠠᠭ ᠲᠤᠬᠠᠶ ᠳᠤᠨᠢ ᠪᠡᠶᠡᠯᠡᠭᠦᠯᠬᠦ ᠶᠢ ᠦᠨᠡᠨ ᠬᠦ ᠪᠠᠲᠤᠯᠠᠵᠤ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠣᠷᠳᠣ | ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠤᠨ᠎ᠠ᠃ ᠬᠥᠬᠡ ᠣᠭᠲᠠᠷᠭᠤᠢ ᠶᠢ ᠬᠠᠮᠠᠭᠠᠯᠠᠬᠤ ᠳᠠᠶᠢᠨ ᠤ ᠢᠯᠠᠯᠲᠠ ᠶᠢ ᠡᠷᠡᠰ ᠲᠡᠮᠡᠴᠡᠨ ᠣᠯᠵᠤ᠂ | ᠲᠣᠭᠤᠰᠣ ᠳᠡᠭᠳᠡᠭᠰᠡᠨ ᠪᠣᠬᠢᠷᠲᠤᠯ ᠢ ᠵᠠᠰᠠᠬᠤ ᠪᠠ ᠣᠯᠠᠨ ᠡᠬᠢᠲᠦ ᠪᠣᠬᠢᠷᠲᠤᠯ ᠢ ᠬᠠᠮᠢᠶᠠᠷᠤᠨ ᠡᠵᠡᠮᠳᠡᠬᠦ ᠶᠢ ᠴᠢᠩᠭᠠᠳᠬᠠᠵᠤ᠂ ᠡᠯ᠎ᠡ ᠲᠥᠷᠥᠯ ᠤᠨ ᠬᠤᠸᠠᠷ | ᠫᠤᠤᠵᠢᠩ ᠲᠠᠯᠪᠢᠬᠤ ᠶᠢ ᠰᠠᠨᠠᠭᠠᠴᠢᠯᠠᠨ ᠪᠠᠭᠠᠰᠬᠠᠵᠤ᠂ ᠠᠭᠠᠷ ᠤᠨ ᠴᠢᠨᠠᠷ ᠴᠢᠨᠰᠠᠭ᠎ᠠ ᠰᠢᠯᠢᠳᠡᠭ ᠰᠠᠶᠢᠨ ᠡᠳᠦᠷ ᠤᠨ ᠲᠤᠭ᠎ᠠ ᠶᠢ ᠪᠦᠬᠦ ᠬᠤᠲᠠ ᠶᠢᠨ ᠡᠮᠦᠨ᠎ᠡ | ᠡᠩᠨᠡᠭᠡᠨ ᠳᠤ ᠣᠷᠣᠭᠤᠯᠤᠨ᠎ᠠ᠃ ᠴᠡᠪᠡᠷ ᠬᠥᠷᠥᠰᠥ ᠶᠢ ᠬᠠᠮᠠᠭᠠᠯᠠᠬᠤ ᠳᠠᠶᠢᠯᠠᠯᠳᠤᠭᠠᠨ ᠢ ᠯᠠᠪᠳᠠᠭᠤᠨ ᠪᠠᠲᠤᠲᠠᠢ ᠲᠦᠯᠬᠢᠨ ᠠᠬᠢᠭᠤᠯᠵᠤ᠂ ᠬᠠᠶᠠᠭᠳᠠᠮᠠᠯ | ᠠᠭᠤᠷᠬᠠᠢ ᠶᠢᠨ ᠨᠥᠬᠡ ᠶᠢᠨ ᠠᠮᠢ ᠠᠬᠤᠢ ᠶᠢ ᠰᠡᠷᠭᠦᠭᠡᠨ ᠵᠠᠰᠠᠬᠤ ᠠᠵᠢᠯ ᠢ ᠡᠬᠢᠯᠡᠭᠦᠯᠵᠦ᠂ ᠤᠯᠤᠰ ᠤᠨ ᠲᠡᠰ ᠤᠨ ᠠᠭᠤᠷᠬᠠᠢ ᠶᠢᠨ ᠴᠡᠴᠡᠷᠯᠢᠭ ᠤᠨ ᠪᠦᠲᠦᠭᠡᠨ | ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠠᠮᠢᠳᠤᠷᠠᠯ ᠤᠨ ᠬᠤᠭ ᠨᠣᠪᠰᠢ ᠪᠤᠯᠠᠬᠤ ᠲᠠᠯᠠᠪᠠᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ | ᠪᠠᠷᠢᠮᠵᠢᠶ᠎ᠠ ᠶᠢ ᠳᠡᠭᠡᠭᠰᠢᠯᠡᠭᠦᠯᠦᠨ ᠥᠭᠡᠷᠡᠴᠢᠯᠡᠨ᠎ᠡ᠃《ᠬᠠᠶᠠᠭᠳᠠᠮᠠᠯ ᠪᠣᠳᠠᠰ ᠦᠭᠡᠢ ᠬᠤᠲᠠ》 ᠶᠢᠨ ᠲᠤᠷᠰᠢᠯᠲᠠ ᠶᠢᠨ ᠴᠡᠭ ᠤᠨ ᠠᠵᠢᠯ ᠢ ᠲᠦᠯᠬᠢᠨ | ᠠᠬᠢᠭᠤᠯᠵᠤ᠂ ᠣᠨᠴᠠᠯᠢᠭᠲᠤ ᠠᠵᠤ ᠦᠶᠯᠡᠳᠪᠦᠷᠢ ᠶᠢᠨ ᠵᠢᠭᠤᠯᠴᠢᠯᠠᠯ ᠤᠨ ᠦᠵᠡᠮᠵᠢ ᠶᠢ ᠲᠦᠷᠭᠡᠳᠬᠡᠨ ᠪᠦᠲᠦᠭᠡᠨ ᠪᠠᠶᠢᠭᠤᠯᠤᠨ᠎ᠠ᠃ ᠨᠣᠮᠢᠨ ᠤᠰᠤ ᠶᠢ | ᠬᠠᠮᠠᠭᠠᠯᠠᠬᠤ ᠳᠠᠶᠢᠯᠠᠯᠳᠤᠭᠠᠨ ᠢ ᠪᠥᠬᠦ ᠬᠦᠴᠦ ᠪᠠᠷ ᠰᠠᠶᠢᠲᠤᠷ ᠬᠢᠵᠦ᠂《ᠭᠤᠤᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠲᠦᠷᠢᠮ》 ᠢ | ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠤᠰᠤᠨ ᠤ ᠡᠬᠢ ᠭᠠᠵᠠᠷ ᠤᠨ ᠬᠠᠮᠠᠭᠠᠯᠠᠯᠲᠠ ᠬᠠᠮᠢᠶᠠᠷᠤᠯᠲᠠ ᠶᠢ ᠴᠢᠩᠭᠠᠳᠬᠠᠨ᠂ ᠤᠰᠤᠨ ᠤ ᠡᠬᠢ ᠭᠠᠵᠠᠷ ᠤᠨ | ᠤᠰᠤ ᠳᠠᠮᠵᠢᠭᠤᠯᠬᠤ ᠬᠤᠭᠤᠯᠠᠶ ᠶᠢᠨ ᠱᠤᠭᠤᠮ ᠢ ᠠᠯᠬᠤᠮ ᠠᠯᠬᠤᠮ ᠢᠶᠠᠷ ᠥᠭᠡᠷᠡᠴᠢᠯᠡᠨ᠎ᠡ᠃ ᠰᠠᠭᠠᠷᠮᠠᠭ ᠤᠰᠤᠨ ᠤ ᠡᠬᠢ ᠪᠠᠶᠠᠯᠢᠭ ᠢ ᠪᠦᠲᠦᠮᠵᠢᠲᠡᠶ | ᠠᠰᠢᠭᠯᠠᠵᠤ᠂ ᠪᠤᠴᠠᠭᠠᠨ ᠬᠡᠷᠡᠭᠯᠡᠬᠦ ᠨᠣᠷᠮ᠎ᠠ ᠶᠢ ᠳᠡᠭᠡᠭᠰᠢᠯᠡᠭᠦᠯᠵᠦ᠂ ᠲᠩᠷᠢ ᠨᠢ ᠴᠡᠯᠮᠡᠭ᠂ ᠭᠠᠵᠠᠷ ᠨᠢ ᠨᠣᠭᠤᠭᠠᠨ᠂ ᠤᠰᠤ ᠨᠢ ᠲᠤᠩᠭᠠᠯᠠᠭ ᠦᠵᠡᠰᠬᠦᠯᠡᠩᠲᠦ | ᠰᠠᠶᠢᠬᠠᠨ ᠪᠠᠶ᠋ᠬᠠᠣᠪᠤᠭ᠎ᠠ ᠶᠢ ᠪᠦᠲᠦᠭᠡᠨ ᠪᠠᠶᠢᠭᠤᠯᠤᠨ᠎ᠠ᠃ | ︵ᠳᠥᠷᠪᠡ︶ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠪᠦᠬᠦ ᠬᠦᠴᠦ ᠪᠠᠷ ᠠᠬᠢᠭᠤᠯᠵᠤ᠂ ᠬᠥᠳᠡᠯᠭᠡᠬᠦ ᠬᠦᠴᠦᠨ ᠠᠮᠢᠵᠢᠷᠠᠯ ᠤᠨ ᠬᠦᠴᠦᠨ ᠢ | ᠲᠦᠷᠭᠡᠳᠬᠡᠨ ᠬᠥᠭᠵᠢᠭᠡᠨ᠎ᠡ | ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠠ ᠥᠭᠡᠷᠡᠴᠢᠯᠡᠯᠲᠡ ᠨᠡᠭᠡᠭᠡᠯᠳᠠ ᠪᠠᠷ ᠬᠥᠳᠡᠯᠭᠡᠭᠦᠷ ᠪᠣᠯᠭᠠᠬᠤ ᠶᠢ ᠪᠠᠷᠢᠮᠲᠠᠯᠠᠵᠤ᠂ | ᠥᠭᠡᠷᠡᠴᠢᠯᠡᠯᠲᠡ ᠪᠠᠷ ᠠᠮᠢᠵᠢᠷᠠᠯ ᠤᠨ ᠬᠦᠴᠦᠨ ᠢ ᠨᠡᠮᠡᠭᠳᠡᠭᠦᠯᠦᠨ᠂ ᠨᠡᠭᠡᠭᠡᠯᠳᠡ ᠪᠠᠷ ᠬᠥᠳᠡᠯᠭᠡᠬᠦ ᠬᠦᠴᠦᠨ ᠨᠡᠮᠡᠷᠢᠯᠡᠵᠦ᠂ ᠵᠠᠩᠭᠢᠯᠠᠭ᠎ᠠ ᠶᠢᠨ ᠭᠤᠭᠴᠤᠭ᠎ᠠ ᠳᠤ | ᠠᠩᠬᠠᠷᠤᠯ ᠢᠶᠠᠨ ᠲᠥᠪᠯᠡᠷᠡᠭᠦᠯᠵᠦ᠂ ᠦᠢᠯᠡᠴᠢᠯᠡᠭᠡᠨ ᠤ ᠤᠬᠠᠮᠰᠠᠷ ᠪᠠ ᠴᠢᠳᠠᠪᠤᠷᠢ ᠪᠠᠨ ᠳᠡᠭᠡᠭᠰᠢᠯᠡᠭᠦᠯᠵᠦ᠂《ᠵᠠᠰᠠᠭ ᠢ ᠴᠣᠮᠬᠠᠳᠬᠠᠨ ᠡᠷᠬᠡ ᠶᠢ ᠳᠣᠷᠣᠭᠰᠢ | ᠪᠠᠭᠤᠯᠭᠠᠵᠤ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠬᠤᠰᠢᠭᠤᠴᠢ ᠲᠣᠭᠤᠷᠢᠭ》 ᠢ ᠪᠦᠬᠦ ᠬᠦᠴᠦ ᠪᠠᠷ ᠴᠣᠭᠴᠠᠯᠠᠨ᠎ᠠ︕ | ᠨᠢᠭᠡ ᠳᠤ ᠨᠠᠩ ᠶᠡᠭᠡ ᠡᠷᠡᠰ ᠵᠣᠷᠢᠭ ᠢᠶᠠᠷ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠲᠠᠰᠤᠷᠠᠯᠲᠠ ᠥᠬᠡᠶ ᠰᠢᠯᠢᠳᠡᠭᠵᠢᠭᠦᠯᠦᠨ᠎ᠡ᠃《ᠲᠠᠯᠪᠢᠬᠤ | ᠬᠠᠮᠢᠶᠠᠷᠬᠤ ᠦᠶᠯᠡᠴᠢᠯᠡᠬᠦ》ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠬᠤᠷᠠᠮᠠᠯ ᠦᠶᠯᠡᠴᠢᠯᠡᠭᠡᠨ ᠤ《ᠪᠦᠬᠦᠨ ᠢ | ᠬᠠᠮᠤᠷᠤᠭᠰᠠᠨ》 ᠢ ᠰᠢᠶᠳᠪᠦᠷᠢᠯᠡᠬᠦ ᠲᠤᠷᠰᠢᠯᠲᠠ ᠶᠢ ᠪᠣᠶ ᠪᠣᠯᠭᠠᠨ᠎ᠠ᠃ ᠬᠠᠷᠢᠴᠠᠩᠭᠤᠶ ᠪᠠᠷ ᠲᠥᠪᠯᠡᠷᠡᠭᠦᠯᠦᠭᠰᠡᠨ ᠵᠠᠰᠠᠭ ᠵᠠᠬᠢᠷᠭᠠᠨ ᠤ ᠵᠥᠪᠰᠢᠶᠡᠷᠡᠯ ᠤᠨ ᠡᠷᠬᠡ | ᠶᠢᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠲᠦᠯᠬᠢᠨ ᠠᠬᠢᠭᠤᠯᠵᠤ᠂ ᠡᠷᠬᠡ ᠬᠠᠷᠢᠭᠤᠴᠠᠯᠭ᠎ᠠ ᠶᠢᠨ ᠵᠦᠶᠯᠡᠰ ᠤᠨ ᠲᠣᠳᠣᠷᠬᠠᠶ ᠬᠠᠭᠤᠳᠠᠰᠤ ᠶᠢ ᠬᠥᠳᠡᠯᠦᠩᠭᠦᠶ | ᠪᠠᠷ ᠲᠣᠬᠢᠷᠠᠭᠤᠯᠤᠨ᠎ᠠ᠃ ᠠᠵᠤ ᠠᠬᠤᠶᠢᠯᠠᠯ ᠤᠨ ᠳᠡᠩᠰᠡᠯᠡᠯᠲᠡ ᠶᠢᠨ ᠪᠥᠬᠦ ᠶᠠᠪᠤᠴᠠ ᠶᠢ ᠡᠯᠧᠺᠲᠷᠤᠨᠴᠢᠯᠠᠬᠤ ᠶᠢ ᠭᠦᠨᠵᠡᠭᠡᠶ ᠥᠷᠨᠢᠭᠦᠯᠵᠦ᠂ ᠳᠠᠩᠰᠠᠯᠠᠬᠤ ᠴᠠᠭ | ᠢ 1 ᠡᠳᠦᠷ ᠤᠨ ᠳᠣᠲᠣᠷ᠎ᠠ ᠪᠣᠭᠤᠨᠢᠰᠬᠠᠨ᠎ᠠ᠃《ᠢᠨᠲ᠋ᠧᠷ ᠰᠦᠯᠵᠢᠶ᠎ᠡ + ᠵᠠᠰᠠᠭ ᠤᠨ ᠶᠠᠪᠤᠳᠠᠯ ᠤᠨ ᠦᠶᠯᠡᠴᠢᠯᠡᠭᠡ》 ᠶᠢ ᠲᠠᠰᠤᠷᠠᠯᠲᠠ ᠥᠬᠡᠶ ᠥᠷᠭᠡᠳᠬᠡᠵᠦ᠂ | 90 % ᠶᠢᠨ ᠵᠦᠶᠯᠡᠰ ᠢ《ᠨᠢᠭᠡ ᠰᠦᠯᠵᠢᠶ᠎ᠡ ᠪᠠᠷ ᠨᠡᠶᠢᠳᠡᠮ ᠭᠦᠶᠴᠡᠳᠬᠡᠬᠦ》 ᠶᠢ ᠪᠡᠶᠡᠯᠡᠭᠦᠯᠬᠦ ᠪᠠᠷ ᠴᠢᠷᠮᠠᠶᠢᠨ᠎ᠠ᠃ ᠲᠣᠭᠤᠷᠢᠭ ᠤᠨ ᠳᠠᠷᠤᠭ᠎ᠠ ᠶᠢᠨ | ᠬᠠᠯᠠᠮᠰᠢᠯ ᠤᠲᠠᠰᠤ᠂ ᠤᠶᠤᠨᠲᠤ ᠨᠡᠶᠢᠭᠡᠮ ᠲᠣᠭᠤᠷᠢᠭ ᠤᠨ ᠰᠦᠯᠵᠢᠶᠡᠵᠢᠭᠰᠡᠨ ᠬᠠᠮᠢᠶᠠᠷᠤᠯᠲᠠ ᠦᠶᠯᠡᠴᠢᠯᠡᠭᠡ ᠵᠡᠷᠭᠡ ᠵᠠᠰᠠᠭ ᠤᠨ ᠶᠠᠪᠤᠳᠠᠯ ᠤᠨ ᠬᠠᠯᠠᠮᠰᠢᠯ | ᠤᠲᠠᠰᠤ ᠶᠢ ᠨᠢᠭᠡᠳᠦᠯᠲᠡᠶ ᠲᠥᠯᠥᠪᠯᠡᠵᠦ᠂ ᠠᠷᠠᠳ ᠤᠨ ᠰᠠᠨᠠᠭ᠎ᠠ ᠪᠠᠷ ᠭᠤᠮᠣᠳᠠᠯ ᠲᠣᠭᠠᠴᠢᠬᠤ ᠠᠷᠭ᠎ᠠ ᠵᠠᠮ ᠢ ᠰᠢᠯᠤᠭᠤᠳᠬᠠᠨ᠎ᠠ᠃ ᠢᠲᠡᠭᠡᠮᠵᠢ ᠶᠢᠨ ᠰᠢᠰᠲ᠋ᠧᠮ | ᠤᠨ ᠪᠠᠶᠢᠭᠤᠯᠤᠯᠲᠠ ᠶᠢ ᠴᠢᠩᠭᠠᠳᠬᠠᠵᠤ᠂ ᠪᠦᠬᠦ ᠲᠣᠭᠤᠷᠢᠭ ᠤᠨ ᠦᠨᠡᠨᠴᠢ ᠢᠲᠡᠭᠡᠮᠵᠢ ᠶᠢᠨ ᠦᠵᠡᠯ ᠤᠬᠠᠮᠰᠠᠷ ᠪᠠ ᠵᠠᠬ᠎ᠠ ᠳᠡᠯᠭᠡᠭᠦᠷ ᠤᠨ ᠭᠡᠷ᠎ᠡ ᠶᠢᠨ ᠵᠣᠷᠢᠭ | ᠰᠠᠨᠠᠭ᠎ᠠ ᠶᠢ ᠳᠡᠭᠡᠭᠰᠢᠯᠡᠭᠦᠯᠦᠨ᠎ᠡ᠃《ᠨᠢᠭᠡ ᠴᠣᠩᠬᠤᠪᠴᠢ ᠪᠠᠷ ᠭᠥᠯᠢᠶᠡᠨ ᠠᠪᠴᠤ ᠰᠢᠶᠳᠪᠦᠷᠢᠯᠡᠬᠦ》ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂《ᠬᠠᠮᠲᠤᠷᠠᠨ | ᠬᠢᠨᠠᠬᠤ ᠬᠠᠮᠲᠤᠷᠠᠨ ᠭᠦᠶᠴᠡᠳᠬᠡᠬᠦ》ᠲᠦᠷᠢᠮ ᠢ ᠲᠡᠭᠦᠯᠳᠡᠷᠵᠢᠭᠦᠯᠦᠨ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠶᠯᠡᠰ ᠢ ᠶᠡᠭᠡ ᠲᠢᠩᠬᠢᠮ ᠳᠤ ᠣᠷᠣᠵᠤ | ᠰᠠᠭᠤᠬᠤ᠂ ᠰᠦᠯᠵᠢᠶᠡᠨ ᠳᠡᠭᠡᠷ᠎ᠡ ᠤᠷᠤᠭᠰᠢ ᠳᠠᠪᠰᠢᠬᠤ ᠶᠢ ᠬᠠᠮᠤᠭ ᠤᠨ ᠶᠡᠭᠡ ᠬᠡᠮᠵᠢᠶ᠎ᠡ ᠪᠠᠷ ᠠᠬᠢᠭᠤᠯᠵᠤ᠂ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ | ᠨᠡᠮᠡᠭᠳᠡᠯ ᠤᠨ ᠬᠤᠷᠳᠤᠴᠠ ᠶᠢ ᠳᠡᠭᠡᠭᠰᠢᠯᠡᠭᠦᠯᠬᠦ《ᠡᠴᠦᠰ ᠤᠨ ᠨᠢᠭᠡ ᠺᠢᠯᠣᠮᠧᠲᠷ》 ᠢ ᠪᠥᠬᠦ ᠬᠦᠴᠦᠨ ᠢᠶᠠᠷ ᠨᠡᠪᠲᠡᠷᠡᠭᠦᠯᠦᠨ᠎ᠡ᠃ | ᠬᠤᠶᠠᠷ ᠲᠤ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠪᠠᠶᠢᠯᠳᠤᠬᠤ ᠪᠤᠳᠤᠯᠭ᠎ᠠ ᠶᠢ ᠨᠡᠩ ᠶᠡᠭᠡ ᠡᠷᠴᠢᠮ ᠲᠠᠢ ᠬᠡᠷᠡᠭᠵᠢᠭᠦᠯᠦᠨ᠎ᠡ᠃ ᠰᠢᠨᠵᠢᠯᠡᠬᠦ | ᠤᠬᠠᠭᠠᠨ ᠮᠡᠷᠭᠡᠵᠢᠯ ᠬᠢᠭᠡᠳ ᠠᠵᠤ ᠠᠬᠤᠶ ᠶᠢ ᠵᠣᠯᠭᠠᠭᠤᠯᠬᠤ ᠶᠢ ᠴᠢᠩᠭᠠᠳᠬᠠᠵᠤ᠂ ᠵᠠᠰᠠᠭ ᠤᠨ ᠣᠷᠳᠣᠨ ᠠᠵᠤ ᠠᠬᠤᠶᠢᠯᠠᠯ ᠳᠡᠭᠡᠳᠦ ᠰᠤᠷᠭᠠᠭᠤᠯᠢ ᠰᠢᠨᠵᠢᠯᠡᠬᠦ | ᠤᠬᠠᠭᠠᠨ ᠤ ᠰᠤᠳᠤᠯᠤᠯ ᠢ ᠬᠠᠷᠢᠯᠴᠠᠨ ᠤᠶᠠᠯᠳᠤᠭᠤᠯᠬᠤ ᠵᠠᠭᠪᠤᠷ ᠠᠪᠴᠤ᠂ ᠪᠠᠶ᠋ᠬᠠᠣᠪᠤᠭ᠎ᠠ ᠠᠭᠤᠷᠬᠠᠢ ᠶᠢᠨ ᠡᠬᠢ ᠪᠠᠶᠠᠯᠢᠭ ᠢ ᠶᠡᠷᠦᠩᠬᠡᠶᠢᠯᠡᠨ ᠠᠰᠢᠭᠯᠠᠬᠤ | ᠬᠠᠮᠲᠤᠷᠠᠭᠰᠠᠨ ᠰᠤᠳᠤᠯᠭᠠᠨ ᠤ ᠬᠦᠷᠢᠶᠡᠯᠡᠩ ᠤᠨ ᠰᠢᠨᠵᠢᠯᠡᠬᠦ ᠤᠬᠠᠭᠠᠨ ᠤ ᠰᠤᠳᠤᠯᠤᠯ ᠤᠨ ᠦᠷ᠎ᠡ ᠪᠦᠲᠦᠭᠡᠯ ᠢ ᠤᠯᠠᠷᠢᠭᠤᠯᠬᠤ ᠶᠢ ᠲᠦᠷᠭᠡᠳᠬᠡᠨ ᠠᠬᠢᠭᠤᠯᠵᠤ᠂ | ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠢ ᠪᠣᠬᠢᠷᠲᠤᠯ ᠦᠭᠡᠢ ᠥᠨᠳᠥᠷ ᠪᠦᠲᠦᠮᠵᠢᠲᠡᠢ ᠠᠰᠢᠭᠯᠠᠬᠤ ᠪᠦᠷᠢᠨ ᠪᠦᠲᠦᠨ ᠬᠡᠯᠬᠢᠶ᠎ᠡ ᠶᠢ ᠪᠠᠶᠢᠭᠤᠯᠤᠨ᠎ᠠ᠃ | ᠰᠢᠭᠤᠳ ᠬᠤᠷᠰᠢᠯᠴᠠᠬᠤ ᠠᠵᠤ ᠠᠬᠤᠶ ᠶᠢᠨ ᠬᠤᠤᠰ ᠡᠭᠦᠳᠦᠯᠲᠡ ᠶᠢᠨ ᠬᠦᠷᠢᠶᠡᠯᠡᠩ ᠤᠨ ᠶᠡᠭᠡ ᠬᠡᠮᠵᠢᠶᠡᠨ ᠤ ᠠᠭᠤᠷᠬᠠᠶ ᠶᠢᠨ ᠦᠶᠯᠡᠳᠬᠦᠨ ᠤ ᠬᠢᠯᠢ | ᠠᠯᠤᠰᠯᠠᠭᠰᠠᠨ ᠠᠷᠠᠯᠵᠢᠶᠠᠨ ᠤ ᠦᠶᠯᠡᠴᠢᠯᠡᠭᠡᠨ ᠤ ᠬᠦᠷᠢᠶᠡᠯᠡᠩ ᠲᠣᠭᠤᠷᠢᠭ᠂ ᠵᠢᠵᠢᠭ ᠠᠵᠤ ᠠᠬᠤᠶᠢᠯᠠᠯ ᠤᠨ ᠦᠶᠯᠡᠴᠢᠯᠡᠭᠡᠨ ᠤ ᠠᠵᠤ ᠦᠶᠯᠡᠰ ᠤᠨ | ᠬᠦᠷᠢᠶᠡᠯᠡᠩ ᠲᠣᠭᠤᠷᠢᠭ ᠵᠢᠴᠢ ᠨᠡᠶᠢᠭᠡᠮᠯᠢᠭ ᠤᠨ ᠰᠢᠨ᠎ᠡ ᠵᠢᠵᠢᠭᠯᠡᠨ ᠬᠤᠳᠠᠯᠳᠤᠬᠤ ᠡᠯᠧᠺᠲᠷᠣᠨ ᠬᠤᠳᠠᠯᠳᠤᠭᠠᠨ ᠤ ᠶᠠᠪᠤᠳᠠᠯ ᠢ ᠳᠡᠯᠭᠡᠷᠡᠭᠦᠯᠬᠦ ᠬᠦᠷᠢᠶᠡᠯᠡᠩ | ᠲᠣᠭᠤᠷᠢᠭ ᠵᠡᠷᠭᠡ 14 ᠴᠡᠴᠡᠷᠯᠢᠭ ᠤᠨ ᠬᠦᠷᠢᠶᠡᠯᠡᠩ ᠲᠣᠭᠤᠷᠢᠭ ᠤᠨ ᠲᠥᠷᠥᠯ ᠵᠦᠶᠯ ᠢ ᠡᠬᠢᠯᠡᠭᠦᠯᠦᠨ ᠬᠡᠷᠡᠭᠵᠢᠭᠦᠯᠵᠦ᠂ ᠡᠵᠡᠩᠨᠡᠯᠲᠡ ᠶᠢᠨ ᠣᠷᠣᠯᠭ᠎ᠠ ᠶᠢ 7 | ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠭᠠᠶᠢᠯᠢ ᠲᠠᠲᠠᠪᠤᠷᠢ ᠶᠢ 5000 ᠲᠦᠮᠡᠨ ᠲᠥᠭᠦᠷᠢᠭ ᠠᠴᠠ ᠳᠠᠪᠠᠭᠤᠯᠵᠤ᠂ ᠤᠯᠤᠰ ᠤᠨ ᠲᠠᠰ ᠤᠨ ᠡᠯᠧᠺᠲᠷᠣᠨ | ᠬᠤᠳᠠᠯᠳᠤᠭᠠᠨ ᠤ ᠶᠠᠪᠤᠳᠠᠯ ᠤᠨ ᠵᠢᠱᠢᠶ᠎ᠡ ᠦᠵᠡᠭᠦᠯᠬᠦ ᠰᠠᠭᠤᠷᠢᠨ ᠭᠠᠵᠠᠷ᠂ ᠨᠠᠷᠮᠠᠶ ᠪᠣᠭᠤᠮᠲᠠ ᠶᠢᠨ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ | ᠶᠠᠪᠤᠳᠠᠯ ᠤᠨ ᠭᠠᠶᠢᠯᠢ ᠶᠢ ᠪᠠᠲᠤᠯᠠᠬᠤ ︵B ᠬᠡᠯᠪᠡᠷᠢ︶ ᠶᠡᠷᠦᠩᠬᠡᠶᠢᠯᠡᠭᠰᠡᠨ ᠲᠤᠷᠰᠢᠯᠲᠠ ᠶᠢᠨ ᠰᠠᠭᠤᠷᠢᠨ ᠭᠠᠵᠠᠷ ᠢ ᠢᠳᠡᠪᠬᠢᠲᠡᠶ ᠪᠠᠷ ᠴᠢᠷᠮᠠᠶᠢᠨ ᠡᠭᠦᠳᠦᠨ᠎ᠡ᠃ | ᠴᠢᠳᠠᠪᠤᠷᠢᠲᠠᠨ ᠣᠷᠣᠭᠤᠯᠤᠨ ᠠᠪᠴᠢᠷᠠᠬᠤ ᠡᠷᠴᠢᠮ ᠢᠶᠠᠨ ᠴᠢᠩᠭᠠᠷᠠᠭᠤᠯᠵᠤ᠂ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠲᠥᠷᠥ ᠶᠢᠨ ᠪᠣᠳᠣᠯᠭ᠎ᠠ ᠶᠢ ᠪᠦᠬᠦ | ᠲᠠᠯ᠎ᠠ ᠪᠠᠷ ᠨᠠᠶᠢᠳᠠᠪᠤᠷᠢᠵᠢᠭᠤᠯᠵᠤ᠂ 31 ᠢᠵᠢ ᠴᠢᠳᠠᠪᠤᠷᠢᠲᠠᠨ ᠤ ᠣᠷᠣᠨ ᠰᠠᠭᠤᠴᠠ ᠶᠢ ᠪᠠᠶᠢᠭᠤᠯᠵᠤ᠂ 180 ᠡᠯ᠎ᠡ ᠲᠥᠷᠥᠯ ᠤᠨ ᠴᠢᠳᠠᠪᠤᠷᠢᠲᠠᠨ ᠢ | ᠣᠷᠣᠭᠤᠯᠤᠨ ᠠᠪᠴᠢᠷᠠᠵᠤ ᠰᠢᠯᠭᠠᠨ ᠡᠯᠰᠡᠨ᠎ᠡ᠃ | ᠭᠤᠷᠪᠠ ᠳᠤ ᠨᠠᠩ ᠪᠣᠳᠠᠲᠠᠢ ᠠᠷᠭ᠎ᠠ ᠠᠪᠴᠠᠯ ᠢᠶᠠᠷ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠬᠥᠭᠵᠢᠯᠲᠡ ᠶᠢ ᠳᠠᠮᠵᠢᠨ᠎ᠠ᠃ ᠤᠯᠤᠰ | ᠤᠨ《ᠨᠠᠩ ᠰᠠᠶᠢᠨ ᠬᠥᠭᠵᠢᠯᠲᠡ ᠶᠢᠨ ᠣᠷᠴᠢᠨ ᠲᠣᠭᠤᠷᠢᠨ ᠢ ᠪᠣᠶ ᠪᠣᠯᠭᠠᠵᠤ ᠠᠷᠠᠳ ᠤᠨ ᠡᠵᠡᠩᠨᠡᠭᠰᠡᠨ ᠠᠵᠤ ᠠᠬᠤᠶᠢᠯᠠᠯ ᠤᠨ ᠥᠭᠡᠷᠡᠴᠢᠯᠡᠯᠲᠡ ᠬᠥᠭᠵᠢᠯᠲᠡ | ᠶᠢ ᠳᠡᠮᠵᠢᠬᠦ ᠲᠤᠬᠠᠶ ᠰᠠᠨᠠᠯ》ᠪᠠ ᠥᠪᠡᠷᠲᠡᠭᠡᠨ ᠵᠠᠰᠠᠬᠤ ᠣᠷᠣᠨ᠂ ᠪᠤᠭᠤᠲᠤ ᠬᠤᠲᠠ ᠶᠢᠨ ᠡᠯ᠎ᠡ ᠵᠦᠶᠯ ᠤᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ | ᠶᠢ ᠪᠥᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠤᠳᠤᠷᠢᠳᠬᠤ ᠺᠠᠳ᠋ᠷ ᠤᠨ《ᠨᠢᠭᠡ ᠳᠤ ᠨᠢᠭᠡ》ᠳᠠᠭᠠᠭᠠᠴᠢᠯᠠᠨ ᠬᠤᠯᠪᠣᠭᠠᠯᠠᠬᠤ᠂ ᠠᠵᠤ | ᠠᠬᠤᠶᠢᠯᠠᠯ ᠤᠨ《ᠣᠨᠴᠠ ᠲᠣᠮᠢᠯᠠᠭᠳᠠᠭᠰᠠᠳ》ᠵᠡᠷᠭᠡ ᠲᠦᠷᠢᠮ ᠢ ᠪᠠᠶᠢᠭᠤᠯᠵᠤ᠂ ᠲᠤᠭ ᠲᠡᠮᠳᠡᠭ ᠲᠣᠳᠣᠷᠬᠠᠶ ᠪᠠᠷ ᠠᠷᠠᠳ ᠤᠨ ᠡᠵᠡᠩᠨᠡᠭᠰᠡᠨ ᠠᠵᠤ ᠠᠬᠤᠶ | ᠶᠢᠨ ᠬᠥᠭᠵᠢᠯᠲᠡ ᠶᠢ ᠳᠡᠮᠵᠢᠨ᠎ᠡ᠃《ᠶᠡᠭᠡ ᠪᠠᠶᠢᠴᠠᠭᠠᠨ ᠰᠤᠳᠤᠯᠤᠯᠲᠠ᠂ ᠦᠶᠯᠡᠴᠢᠯᠡᠭᠡ ᠬᠦᠷᠭᠡᠬᠦ᠂ ᠬᠦᠴᠢᠷ ᠠᠰᠠᠭᠤᠳᠠᠯ ᠢ ᠰᠢᠶᠳᠪᠦᠷᠢᠯᠡᠬᠦ》ᠠᠵᠢᠯᠯᠠᠭ᠎ᠠ ᠶᠢ | ᠥᠷᠨᠢᠭᠦᠯᠵᠦ᠂ ᠭᠠᠶᠢᠯᠢ ᠬᠥᠩᠭᠡᠯᠡᠵᠦ ᠰᠦᠶᠳᠬᠡᠯ ᠪᠠᠭᠤᠷᠠᠭᠤᠯᠬᠤ ᠲᠥᠷᠥ ᠶᠢᠨ ᠪᠣᠳᠣᠯᠭ᠎ᠠ ᠶᠢ ᠲᠡᠷᠡ ᠶᠣᠰᠣᠭᠠᠷ ᠨᠢ ᠨᠠᠶᠢᠳᠠᠪᠤᠷᠢᠵᠢᠭᠤᠯᠤᠨ᠂ ᠠᠵᠤ ᠠᠬᠤᠶᠢᠯᠠᠯ | ᠤᠨ ᠥᠪᠡᠷ ᠤᠨ ᠥᠷᠲᠡᠭ ᠢ ᠪᠠᠭᠤᠷᠠᠭᠤᠯᠤᠨ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠤᠨ᠎ᠠ᠃ ᠠᠵᠤ ᠠᠬᠤᠶᠢᠯᠠᠯ ᠤᠨ ᠵᠠᠭᠠᠯᠳᠤᠯᠭ᠎ᠠ ᠶᠢ ᠰᠢᠶᠳᠪᠦᠷᠢᠯᠡᠬᠦ | ᠦᠶᠯᠡᠴᠢᠯᠡᠭᠡᠨ ᠤ ᠲᠣᠭᠲᠠᠴᠠ ᠶᠢ ᠪᠠᠶᠢᠭᠤᠯᠵᠤ᠂ ᠵᠠᠰᠠᠭ ᠪᠠ ᠠᠵᠤ ᠠᠬᠤᠶᠢᠯᠠᠯ ᠤᠨ ᠨᠡᠪᠲᠡᠷᠡᠯᠴᠡᠬᠦ ᠠᠷᠭ᠎ᠠ ᠵᠠᠮ ᠢ ᠰᠠᠭᠠᠳ ᠥᠬᠡᠶ ᠨᠡᠪᠲᠡᠷᠡᠭᠦᠯᠵᠦ᠂ ᠵᠠᠰᠠᠭ | ᠤᠨ ᠣᠷᠳᠣᠨ ᠪᠠ ᠬᠤᠳᠠᠯᠳᠤᠭᠠᠴᠢᠨ ᠤ ᠬᠤᠭᠤᠷᠣᠨᠳᠣᠬᠢ ᠳᠣᠲᠣᠨᠣ ᠴᠢᠬᠡᠴᠢ ᠰᠢᠨ᠎ᠡ ᠬᠡᠯᠪᠡᠷᠢ ᠶᠢᠨ ᠬᠠᠷᠢᠴᠠᠭ᠎ᠠ ᠶᠢ ᠪᠠᠶᠢᠭᠤᠯᠵᠤ᠂ ᠠᠵᠤ ᠠᠬᠤᠶᠢᠯᠠᠯᠲᠠᠨ ᠢ | ᠮᠠᠨ ᠤ ᠲᠣᠭᠤᠷᠢᠭ ᠲᠤ ᠰᠠᠨᠠᠭ᠎ᠠ ᠠᠮᠤᠷ ᠪᠠᠯᠠ ᠣᠷᠣᠭᠤᠯᠵᠤ᠂ ᠰᠡᠳᠬᠢᠯ ᠠᠮᠤᠷ ᠠᠳᠠᠯ ᠦᠶᠯᠡᠰ ᠴᠣᠭᠴᠠᠯᠠᠵᠤ᠂ ᠰᠠᠨᠠᠭ᠎ᠠ ᠠᠮᠤᠷ ᠬᠥᠭᠵᠢᠭᠦᠯᠦᠨ᠎ᠡ᠃ | ᠲᠦᠷᠪᠡ ᠳᠤ ᠨᠡᠩ ᠶᠡᠭᠡ ᠲᠥᠯᠥᠪ ᠪᠠᠶᠢᠳᠠᠯ ᠢᠶᠠᠷ ᠣᠷᠣᠨ ᠪᠦᠰᠡ ᠶᠢᠨ ᠬᠠᠮᠵᠢᠯᠴᠠᠨ ᠬᠥᠭᠵᠢᠬᠦ ᠶᠢ ᠠᠬᠢᠭᠤᠯᠤᠨ᠎ᠠ᠃ ᠲᠣᠭᠤᠷᠢᠭ ᠤᠨ ᠣᠷᠣᠨ ᠪᠠᠶᠢᠷᠢ | ᠬᠢᠭᠡᠳ ᠡᠬᠢ ᠪᠠᠶᠠᠯᠢᠭ ᠤᠨ ᠳᠠᠪᠠᠭᠤᠯᠢᠭ ᠢᠶᠠᠨ ᠭᠦᠶᠴᠡᠳ ᠪᠠᠳᠠᠷᠠᠭᠤᠯᠵᠤ᠂ ᠬᠥᠬᠡᠬᠤᠲᠠ ᠪᠤᠭᠤᠲᠤ ᠣᠷᠳᠣᠰ ᠵᠢᠴᠢ ᠤᠯᠠᠭᠠᠨᠴᠠᠪ ᠤᠨ ᠬᠠᠮᠵᠢᠯᠴᠠᠨ ᠬᠥᠭᠵᠢᠬᠦ | ᠠᠵᠠ ᠲᠣᠬᠢᠶᠠᠯ ᠳᠤ ᠰᠠᠭᠤᠷᠢᠯᠠᠨ᠂ ᠠᠭᠤᠯᠠᠨ ᠠᠷᠤ ᠳᠠᠬᠢ ᠭᠠᠵᠠᠷ ᠣᠷᠣᠨ ᠤ ᠨᠢᠭᠡ ᠴᠣᠭᠴᠠᠵᠢᠭᠰᠠᠨ ᠪᠠᠶᠢᠯᠳᠤᠬᠤ ᠪᠣᠳᠣᠯᠭ᠎ᠠ ᠶᠢ ᠭᠦᠨᠵᠡᠭᠡᠶ | ᠲᠤᠭᠤᠰᠢᠯᠠᠭᠤᠯᠵᠤ᠂ ᠠᠵᠤ ᠠᠬᠤᠶᠢᠯᠠᠯ ᠪᠠ ᠣᠷᠣᠨ ᠨᠤᠲᠤᠭ ᠤᠨ ᠠᠭᠤᠰᠤᠯᠴᠠᠯ ᠢ ᠪᠥᠬᠦ ᠲᠠᠯ᠎ᠠ ᠪᠠᠷ ᠠᠬᠢᠭᠤᠯᠤᠨ᠎ᠠ᠃ ᠡᠷᠭᠢᠨ ᠲᠣᠭᠤᠷᠢᠨ ᠤ ᠭᠠᠵᠠᠷ ᠣᠷᠣᠨ | ᠂ ᠠᠵᠤ ᠠᠬᠤᠶᠢᠯᠠᠯ ᠯᠤᠭ᠎ᠠ ᠶᠢᠨ ᠪᠦᠬᠦ ᠲᠠᠯ᠎ᠠ ᠶᠢᠨ ᠬᠤᠷᠰᠢᠯᠴᠠᠭ᠎ᠠ ᠪᠠᠨ ᠨᠡᠮᠡᠭᠳᠡᠭᠦᠯᠵᠦ᠂ ᠣᠷᠣᠨ ᠪᠦᠰᠡ ᠶᠢᠨ ᠬᠠᠮᠵᠢᠯᠴᠠᠨ ᠬᠥᠭᠵᠢᠬᠦ ᠶᠢ ᠢᠳᠡᠪᠬᠢᠲᠡᠶ ᠪᠠᠷ | ᠲᠦᠯᠬᠢᠨ ᠠᠬᠢᠭᠤᠯᠵᠤ᠂ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠢ ᠶᠡᠷᠦᠩᠬᠡᠶᠢᠯᠡᠨ ᠠᠰᠢᠭᠯᠠᠬᠤ᠂ ᠬᠦᠷᠢᠶᠡᠯᠡᠩ ᠲᠣᠭᠤᠷᠢᠭ ᠢ ᠬᠠᠮᠲᠤᠪᠠᠷ ᠪᠠᠶᠢᠭᠤᠯᠬᠤ᠂ | ᠪᠣᠭᠤᠮᠲᠠ ᠶᠢᠨ ᠪᠠᠷᠠᠭ᠎ᠠ ᠶᠢᠨ ᠭᠦᠶᠯᠭᠡᠭᠡ᠂ ᠰᠣᠶᠣᠯ ᠵᠢᠭᠤᠯᠴᠢᠯᠠᠯ ᠵᠡᠷᠭᠡ ᠲᠠᠯ᠎ᠠ ᠪᠠᠷ ᠬᠠᠷᠢᠯᠴᠠᠨ ᠠᠰᠢᠭ ᠣᠯᠭᠤᠵᠤ ᠬᠠᠮᠲᠤᠪᠠᠷ ᠠᠰᠢᠭ ᠬᠦᠷᠲᠡᠬᠦ ᠶᠢ | ᠴᠢᠷᠮᠠᠶᠢᠨ ᠪᠡᠶᠡᠯᠡᠭᠦᠯᠵᠦ᠂ ᠬᠠᠮᠢᠶ᠎ᠠ ᠪᠦᠬᠦᠢ ᠠᠵᠤ ᠦᠢᠯᠡᠰ ᠤᠨ ᠲᠥᠪᠯᠡᠷᠡᠨ ᠬᠥᠭᠵᠢᠬᠦ ᠶᠢ ᠠᠬᠢᠭᠤᠯᠵᠤ᠂ ᠣᠯᠠᠨ ᠨᠡᠶᠢᠲᠡ ᠶᠢᠨ ᠡᠬᠢ ᠪᠠᠶᠠᠯᠢᠭ ᠢ ᠬᠠᠮᠲᠤᠪᠠᠷ | ᠡᠳ᠋ᠯᠡᠬᠦ᠂ ᠠᠵᠤ ᠦᠶᠯᠡᠰ ᠤᠨ ᠳᠠᠪᠠᠭᠤᠯᠢᠭ ᠲᠠᠯ᠎ᠠ ᠪᠠᠷ ᠢᠶᠠᠨ ᠬᠠᠷᠢᠯᠴᠠᠨ ᠨᠥᠬᠦᠪᠥᠷᠢᠯᠡᠬᠦ ᠬᠥᠭᠵᠢᠯᠲᠡ ᠶᠢᠨ ᠲᠥᠯᠥᠪ ᠪᠠᠶᠢᠳᠠᠯ ᠢ ᠪᠤᠢ ᠪᠣᠯᠭᠠᠨ᠎ᠠ᠃ | ︵ᠲᠠᠪᠤ︶ ᠬᠠᠮᠲᠤᠪᠠᠷ ᠪᠠᠶᠢᠭᠤᠯᠵᠤ ᠬᠠᠮᠲᠤᠪᠠᠷ ᠡᠳ᠋ᠯᠡᠬᠦ ᠣᠶᠢᠯᠠᠭᠠᠭᠳᠠᠬᠤᠨ ᠢ ᠦᠢᠯᠡᠳᠦᠯᠭᠡᠵᠢᠭᠦᠯᠵᠦ᠂ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠢ | ᠲᠠᠰᠤᠷᠠᠯᠲᠠ ᠦᠭᠡᠢ ᠨᠡᠮᠡᠭᠳᠡᠭᠦᠯᠦᠨ᠎ᠡ | ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠶᠠᠪᠤᠳᠠᠯ ᠢ ᠢᠮᠠᠭᠲᠠ ᠵᠠᠰᠠᠭ ᠤᠨ ᠣᠷᠳᠣᠨ ᠤ ᠠᠵᠢᠯ ᠤᠨ ᠲᠡᠷᠢᠭᠦᠨ ᠪᠠᠶᠢᠷᠢᠨ ᠳᠤ ᠲᠠᠯᠪᠢᠵᠤ᠂ | ᠲᠦᠭᠡᠮᠡᠯ ᠬᠠᠷᠠᠭᠠᠯᠵᠠᠯ ᠤᠨ ᠴᠢᠨᠠᠷᠲᠠᠢ᠂ ᠰᠠᠭᠤᠷᠢ ᠴᠢᠨᠠᠷᠲᠠᠢ᠂ ᠦᠨᠳᠦᠰᠦᠨ ᠵᠦᠢᠯ ᠢ ᠪᠠᠲᠤᠯᠠᠬᠤ ᠴᠢᠨᠠᠷᠲᠠᠢ ᠠᠷᠠᠳ ᠤᠨ ᠠᠮᠢᠳᠤᠷᠠᠯ ᠤᠨ ᠪᠠᠶᠢᠭᠤᠯᠤᠯᠲᠠ ᠶᠢ | ᠴᠢᠩᠭᠠᠳᠬᠠᠵᠤ᠂《ᠠᠷᠠᠳ ᠤᠨ ᠠᠮᠢᠳᠤᠷᠠᠯ ᠤᠨ ᠲᠦᠭᠡᠮᠡᠯ ᠬᠠᠷᠠᠭᠠᠯᠵᠠᠯ ᠦᠵᠡᠭᠦᠯᠬᠦ ᠡᠶ᠎ᠡ ᠵᠣᠬᠢᠴᠠᠩᠭᠤᠢ ᠬᠥᠭᠵᠢᠯᠲᠡ ᠶᠢᠨ ᠵᠢᠱᠢᠶ᠎ᠡ ᠦᠵᠡᠭᠦᠯᠬᠦ | ᠲᠣᠭᠤᠷᠢᠭ》 ᠢ ᠪᠦᠬᠦ ᠬᠦᠴᠦ ᠪᠠᠷ ᠴᠣᠭᠴᠠᠯᠠᠨ᠎ᠠ︕ | ᠨᠢᠭᠡ ᠳᠤ ᠨᠡᠶᠢᠭᠡᠮ ᠤᠨ ᠦᠢᠯᠡᠰ ᠢ ᠪᠦᠬᠦ ᠲᠠᠯ᠎ᠠ ᠪᠠᠷ ᠴᠡᠴᠡᠭᠯᠡᠭᠦᠯᠦᠨ᠎ᠡ᠃ ᠰᠤᠷᠭᠠᠨ ᠬᠥᠮᠦᠵᠢᠯ ᠤᠨ ᠶᠠᠰᠤ ᠴᠢᠨᠠᠷ ᠢ ᠳᠡᠭᠡᠭᠰᠢᠯᠡᠭᠦᠯᠬᠦ ᠭᠤᠷᠪᠠᠨ ᠵᠢᠯ | ᠤᠨ ᠲᠥᠯᠥᠪᠯᠡᠭᠡ ᠶᠢ ᠬᠡᠷᠡᠭᠵᠢᠭᠦᠯᠵᠦ᠂ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠲᠦᠭᠡᠮᠡᠯ ᠠᠰᠢᠭ ᠬᠦᠷᠲᠡᠭᠡᠬᠦ᠂ ᠠᠯᠪᠠᠨ ᠵᠢᠷᠤᠮ ᠤᠨ | ᠰᠤᠷᠭᠠᠨ ᠬᠥᠮᠦᠵᠢᠯ ᠤᠨ ᠰᠢᠯᠢᠳᠡᠭᠵᠢᠯ ᠢ ᠥᠷᠭᠡᠳᠬᠡᠬᠦ᠂ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠭᠠᠨ ᠬᠥᠮᠦᠵᠢᠯ ᠤᠨ ᠶᠠᠰᠤ ᠴᠢᠨᠠᠷ ᠢ | ᠳᠡᠭᠡᠭᠰᠢᠯᠡᠭᠦᠯᠬᠦ᠂ ᠦᠨᠳᠦᠰᠦᠲᠡᠨ ᠤ ᠰᠤᠷᠭᠠᠨ ᠬᠥᠮᠦᠵᠢᠯ ᠤᠨ ᠣᠨᠴᠠᠯᠢᠭ ᠢ ᠡᠭᠦᠳᠦᠨ ᠪᠠᠶᠢᠭᠤᠯᠬᠤ᠂ ᠨᠡᠶᠢᠭᠡᠮ ᠤᠨ ᠦᠶᠯᠡᠳᠦᠯᠭᠡ ᠶᠢᠨ ᠰᠤᠷᠭᠠᠨ ᠬᠥᠮᠦᠵᠢᠯ | ᠤᠨ ᠰᠢᠨ᠎ᠡ ᠶᠢ ᠡᠭᠦᠳᠬᠦ ᠲᠠᠪᠤᠨ ᠶᠡᠭᠡ ᠢᠨᠵᠧᠨᠧᠷᠢᠩ ᠢ ᠰᠠᠶᠢᠲᠤᠷ ᠠᠳᠬᠤᠵᠤ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠪᠠᠭᠤᠷᠠᠶ ᠭᠤᠭᠴᠤᠭ᠎ᠠ ᠶᠢ | ᠰᠠᠶᠢᠵᠢᠷᠠᠭᠤᠯᠬᠤ ᠪᠠ ᠴᠢᠳᠠᠪᠤᠷᠢ ᠶᠢ ᠳᠡᠭᠡᠭᠰᠢᠯᠡᠭᠦᠯᠬᠦ ᠲᠥᠷᠥᠯ ᠵᠦᠶᠯ ᠢ ᠠᠬᠢᠭᠤᠯᠵᠤ᠂ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠶᠠᠰᠤ ᠴᠢᠨᠠᠷ ᠤᠨ ᠬᠢᠷᠢ | ᠬᠡᠮᠵᠢᠶ᠎ᠡ ᠶᠢ ᠪᠥᠬᠦ ᠬᠦᠴᠦ ᠪᠠᠷ ᠳᠡᠭᠡᠭᠰᠢᠯᠡᠭᠦᠯᠦᠨ᠎ᠡ᠃ ᠡᠷᠡᠭᠦᠯ ᠴᠢᠭᠢᠷᠠᠭ ᠡᠷᠡᠭᠦᠯ ᠬᠠᠮᠠᠭᠠᠯᠠᠯ ᠤᠨ ᠬᠥᠭᠵᠢᠯᠲᠡ ᠶᠢᠨ ᠣᠨᠣᠯᠵᠢᠬᠤᠨ ᠢ ᠪᠠᠷᠢᠮᠲᠠᠯᠠᠵᠤ᠂ ᠡᠮ | ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂《ᠭᠤᠷᠪᠠᠨ ᠡᠮᠴᠢᠯᠡᠭᠡᠨ ᠤ ᠬᠤᠯᠪᠣᠭᠠᠯᠠᠨ ᠬᠥᠳᠡᠯᠦᠯᠴᠡᠬᠦ》 ᠶᠢ | ᠴᠢᠩᠭᠠᠷᠠᠭᠤᠯᠤᠨ᠂ ᠮᠣᠩᠭᠤᠯ ᠬᠢᠲᠠᠳ ᠡᠮᠨᠡᠯᠭᠡ ᠶᠢᠨ ᠬᠤᠷᠢᠶ᠎ᠠ ᠶᠢᠨ ᠲᠠᠰ ᠳᠡᠪᠰᠢᠭᠦᠯᠦᠨ ᠥᠭᠡᠷᠡᠴᠢᠯᠡᠬᠦ ᠶᠢ ᠲᠦᠷᠭᠡᠳᠬᠡᠵᠦ᠂ ᠡᠮᠴᠢᠯᠡᠭᠡᠨ ᠤ ᠪᠡᠯᠡᠳᠬᠡᠮᠵᠢ ᠶᠢᠨ | ᠳᠤᠲᠠᠭᠳᠠᠯ ᠢ ᠪᠥᠬᠦ ᠬᠦᠴᠦ ᠪᠠᠷ ᠨᠥᠬᠦᠪᠥᠷᠢᠯᠡᠨ᠎ᠡ᠃ ᠣᠷᠣᠨ ᠨᠤᠲᠤᠭ ᠤᠨ ᠡᠮᠴᠢᠯᠡᠭᠡᠨ ᠤ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ᠂ ᠶᠡᠷᠦᠩᠬᠡᠶᠢᠯᠡᠭᠰᠡᠨ | ᠰᠠᠯᠠᠭ᠎ᠠ ᠲᠠᠰᠤᠭ ᠤᠨ ᠪᠠᠶᠢᠭᠤᠯᠤᠯᠲᠠ ᠶᠢ ᠲᠦᠷᠭᠡᠳᠬᠡᠨ᠂ ᠨᠠᠩ ᠶᠡᠭᠡ ᠣᠯᠠᠨ ᠲᠦᠮᠡᠨ ᠳᠤ ᠠᠰᠢᠭ ᠬᠦᠷᠲᠡᠭᠡᠬᠦ ᠪᠠᠷ ᠴᠢᠷᠮᠠᠶᠢᠵᠤ᠂ ᠦᠨᠳᠦᠰᠦᠨ ᠡᠮᠴᠢᠯᠡᠭᠡᠨ ᠤ | ᠣᠯᠠᠨ ᠨᠡᠶᠢᠲᠡ ᠶᠢᠨ ᠦᠶᠯᠡᠴᠢᠯᠡᠭᠡᠨ ᠤ ᠬᠢᠷᠢ ᠬᠡᠮᠵᠢᠶ᠎ᠡ ᠶᠢ ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ᠃ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠴᠢᠳᠠᠪᠤᠷᠢ | ᠶᠢᠨ ᠪᠠᠶᠢᠭᠤᠯᠤᠯᠲᠠ ᠶᠢ ᠪᠥᠬᠦ ᠲᠠᠯ᠎ᠠ ᠪᠠᠷ ᠴᠢᠩᠭᠠᠷᠠᠭᠤᠯᠵᠤ᠂ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠭᠡᠨᠡᠳᠲᠡ ᠶᠢᠨ ᠬᠡᠷᠡᠭ ᠢ ᠠᠷᠭᠠᠴᠠᠨ | ᠰᠢᠢᠳᠪᠦᠷᠢᠯᠡᠬᠦ ᠴᠢᠳᠠᠪᠤᠷᠢ ᠶᠢ ᠳᠡᠭᠡᠭᠰᠢᠯᠡᠭᠦᠯᠦᠨ᠎ᠡ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠴᠢᠩᠭ᠎ᠠ ᠪᠣᠳᠠᠲᠠᠶ ᠪᠥᠭᠡᠳ ᠨᠠᠷᠢᠨ ᠠᠳᠬᠤᠵᠤ᠂ | ᠭᠠᠳᠠᠨ᠎ᠠ ᠠᠴᠠ ᠰᠢᠨ᠎ᠡ ᠪᠠᠷ ᠬᠠᠯᠳᠠᠪᠤᠷᠢᠯᠠᠬᠤ ᠲᠦᠭᠰᠢᠭᠦᠷᠢ ᠶᠢ ᠴᠢᠩᠭ᠎ᠠ ᠰᠡᠷᠭᠡᠶᠢᠯᠡᠨ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠮᠦᠨ᠎ᠡ ᠹᠷᠣᠨᠲ ᠲᠤ | ᠡᠷᠡᠯᠬᠡᠭᠯᠡᠨ ᠪᠠᠶᠢᠯᠳᠤᠵᠤ ᠪᠠᠶᠢᠭ᠎ᠠ ᠺᠠᠳ᠋ᠷ ᠠᠵᠢᠯᠲᠠᠨ ᠲᠦᠮᠡᠨ ᠢ ᠬᠠᠯᠠᠮᠵᠢᠯᠠᠨ ᠬᠠᠶᠢᠷᠠᠯᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠠᠳ ᠤᠨ | ᠳᠠᠶᠢᠨ᠂ ᠶᠡᠷᠦᠩᠬᠡᠶ ᠳᠠᠶᠢᠨ᠂ ᠬᠤᠷᠢᠭᠯᠠᠨ ᠴᠣᠬᠢᠬᠤ ᠳᠠᠶᠢᠨ ᠤ ᠢᠯᠠᠯᠲᠠ ᠶᠢ ᠡᠷᠡᠰ ᠲᠡᠮᠡᠴᠡᠨ ᠣᠯᠤᠨ᠎ᠠ᠃ ᠣᠯᠠᠨ ᠨᠡᠶᠢᠲᠡ ᠶᠢᠨ ᠰᠣᠶᠣᠯ ᠤᠨ ᠦᠶᠯᠡᠴᠢᠯᠡᠭᠡᠨ | ᠤ ᠲᠠᠪᠴᠠᠩ ᠬᠢᠭᠡᠳ ᠮᠡᠳᠡᠭᠡ ᠵᠠᠩᠭᠢᠵᠢᠯᠲᠠ ᠶᠢᠨ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠶᠯ ᠢ ᠬᠡᠷᠡᠭᠵᠢᠭᠦᠯᠵᠦ᠂ ᠠᠷᠪᠠᠨ | ᠲᠠᠪᠤᠳᠤᠭᠠᠷ ᠬᠤᠭᠤᠴᠠᠭᠠᠨ ᠤ ᠬᠠᠴᠢᠨ ᠴᠢᠯᠠᠭᠤᠨ ᠰᠣᠶᠣᠯ ᠵᠢᠭᠤᠯᠴᠢᠯᠠᠯ ᠤᠨ ᠨᠠᠶᠢᠷ ᠢ ᠪᠦᠬᠦ ᠬᠦᠴᠦ ᠪᠠᠷ ᠰᠠᠶᠢᠲᠤᠷ ᠡᠷᠬᠢᠯᠡᠵᠦ᠂ ᠡᠯ᠎ᠡ ᠲᠥᠷᠥᠯ ᠤᠨ ᠣᠯᠠᠨ | ᠲᠦᠮᠡᠨᠴᠢ ᠴᠢᠨᠠᠷᠲᠠᠶ ᠰᠣᠶᠣᠯ ᠪᠡᠶ᠎ᠡ ᠲᠠᠮᠢᠷ ᠤᠨ ᠠᠵᠢᠯᠯᠠᠭ᠎ᠠ ᠶᠢ ᠨᠠᠷᠢᠨ ᠨᠢᠮᠪᠠᠶ ᠵᠣᠬᠢᠶᠠᠨ ᠪᠠᠶᠢᠭᠤᠯᠤᠨ ᠪᠡᠯᠡᠳᠬᠡᠨ᠎ᠡ᠃ ᠥᠪᠡᠷᠲᠡᠭᠡᠨ ᠵᠠᠰᠠᠬᠤ ᠣᠷᠣᠨ ᠤ | ᠪᠣᠯᠪᠠᠰᠤᠨ ᠬᠤᠲᠠ ᠶᠢᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠵᠦ᠂ ᠤᠯᠤᠰ ᠤᠨ ᠡᠷᠡᠭᠦᠯ ᠬᠠᠮᠠᠭᠠᠯᠠᠯ ᠤᠨ ᠬᠤᠲᠠ ᠰᠢᠶᠠᠨ ᠢ ᠪᠦᠬᠦ ᠬᠦᠴᠦ ᠪᠠᠷ | ᠡᠭᠦᠳᠦᠨ ᠪᠠᠶᠢᠭᠤᠯᠤᠨ᠎ᠠ᠃ | ᠬᠤᠶᠠᠷ ᠲᠤ ᠠᠷᠠᠳ ᠤᠨ ᠠᠮᠢᠳᠤᠷᠠᠯ ᠤᠨ ᠪᠠᠲᠤᠯᠠᠭ᠎ᠠ ᠳᠤ ᠪᠥᠬᠦ ᠲᠠᠯ᠎ᠠ ᠪᠠᠷ ᠠᠩᠬᠠᠷᠤᠯ ᠢᠶᠠᠨ ᠲᠥᠪᠯᠡᠷᠡᠭᠦᠯᠦᠨ᠎ᠡ᠃ ᠠᠵᠢᠯ ᠣᠯᠭᠤᠯᠲᠠ ᠶᠢ | ᠲᠣᠭᠲᠠᠭᠤᠨ ᠪᠠᠶᠢᠯᠭᠠᠬᠤ ᠶᠢ ᠨᠠᠩ ᠲᠣᠪᠣᠶᠢᠮ᠎ᠠ ᠪᠠᠶᠢᠷᠢᠨ ᠳᠤ ᠲᠠᠯᠪᠢᠵᠤ᠂《ᠰᠢᠨ᠎ᠡ ᠬᠡᠯᠪᠡᠷᠢ ᠶᠢᠨ ᠸᠢᠷᠦ᠋ᠰ ᠠᠴᠠ ᠬᠠᠯᠳᠠᠪᠤᠷᠢᠯᠠᠭᠰᠠᠨ ᠠᠭᠤᠰᠬᠢᠨ ᠦᠷᠪᠢᠰᠦᠯ | ᠤᠨ ᠬᠢᠵᠢᠭ ᠤᠨ ᠪᠠᠶᠢᠳᠠᠯ ᠢ ᠲᠣᠭᠲᠠᠭᠤᠨ ᠪᠠᠶᠢᠯᠭᠠᠬᠤ ᠪᠠ ᠠᠵᠢᠯ ᠣᠯᠭᠤᠯᠲᠠ ᠶᠢ ᠥᠷᠭᠡᠳᠬᠡᠬᠦ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠨᠦᠭᠦᠳ》 ᠢ | ᠭᠦᠨᠵᠡᠭᠡᠶ ᠲᠤᠭᠤᠰᠢᠯᠠᠭᠤᠯᠵᠤ᠂ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠠᠵᠢᠯ ᠤᠨ ᠪᠠᠶᠢᠷᠢ ᠶᠢ ᠨᠡᠭᠡᠭᠡᠨ ᠬᠥᠭᠵᠢᠭᠦᠯᠬᠦ ᠡᠷᠴᠢᠮ ᠢᠶᠠᠨ ᠴᠢᠩᠭᠠᠷᠠᠭᠤᠯᠵᠤ᠂ | ᠠᠵᠢᠯ ᠣᠯᠤᠭᠰᠠᠨ ᠬᠥᠮᠦᠨ ᠥᠬᠡᠶ ᠭᠡᠷ ᠪᠦᠯᠢ ᠶᠢ ᠬᠥᠳᠡᠯᠦᠩᠭᠦᠶ ᠪᠠᠷ ᠲᠡᠭ ᠪᠣᠯᠭᠠᠵᠤ᠂ ᠬᠤᠲᠠ ᠪᠠᠯᠭᠠᠰᠤ ᠶᠢᠨ 200 ᠬᠥᠮᠦᠨ ᠳᠤ ᠰᠢᠨ᠎ᠡ ᠪᠠᠷ ᠠᠵᠢᠯ | ᠣᠯᠭᠤᠬᠤ ᠶᠢ ᠦᠨᠡᠨᠬᠦ ᠪᠠᠲᠤᠯᠠᠨ᠎ᠠ᠃ 2600 ᠲᠦᠮᠡᠨ ᠲᠥᠭᠦᠷᠢᠭ ᠪᠡᠯᠡ ᠣᠷᠣᠭᠤᠯᠵᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠰᠠᠶᠢᠲᠤᠷ ᠬᠢᠵᠦ᠂ | ᠠᠷᠠᠳ ᠲᠤ ᠳᠥᠭᠦᠮ ᠦᠵᠡᠭᠦᠯᠬᠦ ᠦᠢᠯᠡᠴᠢᠯᠡᠭᠡᠨ ᠤ ᠲᠥᠬᠦᠭᠡᠷᠦᠮᠵᠢ ᠶᠢ ᠲᠡᠭᠦᠯᠳᠡᠷᠵᠢᠭᠦᠯᠵᠦ᠂ ᠠᠷᠠᠳ ᠲᠤ ᠳᠥᠭᠦᠮ ᠦᠵᠡᠭᠦᠯᠬᠦ ᠦᠢᠯᠡᠴᠢᠯᠡᠭᠡᠨ ᠤ ᠬᠢᠷᠢ | ᠲᠦᠪᠰᠢᠨ ᠢ ᠳᠡᠭᠡᠭᠰᠢᠯᠡᠭᠦᠯᠦᠨ᠎ᠡ᠃ ᠨᠡᠶᠢᠭᠡᠮ ᠤᠨ ᠳᠠᠭᠠᠳᠬᠠᠯ ᠤᠨ ᠬᠠᠮᠤᠷᠬᠤ ᠬᠡᠪᠴᠢᠶ᠎ᠡ ᠶᠢ ᠦᠷᠭᠦᠯᠵᠢᠯᠡᠨ ᠥᠷᠭᠡᠳᠬᠡᠵᠦ᠂ ᠨᠡᠶᠢᠭᠡᠮ ᠤᠨ | ᠳᠠᠭᠠᠳᠬᠠᠯ ᠤᠨ《ᠪᠦᠬᠦ ᠠᠷᠠᠳ ᠨᠡᠶᠢᠲᠡ ᠶᠢᠨ ᠺᠠᠷᠲ》ᠦᠶᠯᠡᠴᠢᠯᠡᠭᠡ ᠶᠢ ᠨᠡᠪᠲᠡᠷᠡᠭᠦᠯᠵᠦ᠂ ᠤᠯᠠᠨ ᠳᠡᠰ ᠳᠠᠪᠬᠤᠷᠭ᠎ᠠ᠂ ᠬᠡᠷᠡᠭᠵᠢᠭᠦᠯᠵᠦ ᠪᠣᠯᠬᠤ᠂ ᠪᠦᠬᠦᠨ ᠢ | ᠬᠠᠮᠤᠷᠤᠭᠰᠠᠨ ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮ ᠢ ᠪᠠᠶᠢᠭᠤᠯᠤᠨ᠎ᠠ᠃ ᠡᠮᠴᠢᠯᠡᠭᠡ ᠨᠠᠰᠤᠵᠢᠯ ᠢ ᠤᠶᠠᠯᠳᠤᠭᠤᠯᠬᠤ ᠰᠢᠰᠲ᠋ᠧᠮᠵᠢ ᠶᠢ ᠦᠷᠭᠦᠯᠵᠢᠯᠡᠨ | ᠲᠡᠭᠦᠯᠳᠡᠷᠵᠢᠭᠦᠯᠵᠦ᠂ ᠨᠠᠰᠤᠵᠢᠯ ᠤᠨ ᠦᠢᠯᠡᠴᠢᠯᠡᠭᠡ ᠶᠢ ᠪᠥᠬᠦ ᠲᠠᠯ᠎ᠠ ᠪᠠᠷ ᠠᠬᠢᠭᠤᠯᠤᠨ᠎ᠠ᠃ ᠥᠷᠢ ᠰᠢᠷᠢ ᠶᠢ ᠵᠠᠰᠠᠵᠤ ᠵᠠᠷᠤᠯᠭ᠎ᠠ ᠶᠢ ᠪᠠᠲᠤᠯᠠᠬᠤ ᠠᠵᠢᠯ ᠢ | ᠯᠠᠪᠳᠠᠭᠤᠨ ᠪᠠᠲᠤᠲᠠᠶ ᠰᠠᠶᠢᠲᠤᠷ ᠬᠢᠵᠦ᠂ ᠬᠥᠳᠡᠯᠮᠦᠷᠢᠴᠢᠳ ᠤᠨ ᠬᠠᠤᠯᠢ ᠶᠣᠰᠣᠨ ᠤ ᠡᠷᠬᠡ ᠠᠰᠢᠭ ᠢ ᠪᠦᠬᠦ ᠬᠦᠴᠦ ᠪᠠᠷ ᠬᠠᠮᠠᠭᠠᠯᠠᠨ᠎ᠠ᠃ ᠴᠡᠷᠢᠭ ᠠᠴᠠ | ᠬᠠᠯᠠᠭᠳᠠᠭᠰᠠᠳ ᠤᠨ ᠦᠢᠯᠡᠴᠢᠯᠡᠭᠡᠨ ᠤ ᠰᠢᠰᠲ᠋ᠧᠮ ᠢ ᠲᠡᠭᠦᠯᠳᠡᠷᠵᠢᠭᠦᠯᠵᠦ᠂《ᠴᠡᠷᠢᠭ ᠢᠶᠠᠨ ᠬᠦᠷᠢᠶᠡᠯᠡᠨ ᠭᠡᠷ ᠪᠦᠯᠢ ᠶᠢ ᠨᠢ ᠬᠠᠷᠠᠭᠠᠯᠵᠠᠬᠤ》ᠪᠠ《ᠵᠠᠰᠠᠭ | ᠢᠶᠠᠨ ᠬᠦᠷᠢᠶᠡᠯᠡᠨ ᠠᠷᠠᠳ ᠢᠶᠠᠨ ᠬᠠᠶᠢᠷᠠᠯᠠᠬᠤ》 ᠶᠢ ᠠᠬᠢᠭᠤᠯᠵᠤ᠂ ᠪᠦᠬᠦ ᠬᠤᠲᠠ ᠶᠢᠨ ᠬᠤᠶᠠᠷ ᠢ ᠬᠦᠷᠢᠶᠡᠯᠡᠬᠦ ᠵᠢᠱᠢᠶᠡᠴᠢ ᠬᠤᠲᠠ ᠶᠢᠨ《ᠶᠢᠰᠦᠨ ᠵᠢᠯ | ᠳᠠᠷᠠᠭᠠᠯᠠᠨ ᠮᠠᠩᠯᠠᠶᠢᠯᠠᠬᠤ》ᠪᠠ ᠥᠪᠡᠷᠲᠡᠭᠡᠨ ᠵᠠᠰᠠᠬᠤ ᠣᠷᠣᠨ ᠤ ᠬᠤᠶᠠᠷ ᠢ ᠬᠦᠷᠢᠶᠡᠯᠡᠬᠦ ᠵᠢᠱᠢᠶᠡᠴᠢ ᠬᠤᠲᠠ ᠶᠢᠨ《ᠠᠷᠪᠠᠨ ᠵᠢᠯ ᠳᠠᠷᠠᠭᠠᠯᠠᠨ | ᠮᠠᠩᠯᠠᠶᠢᠯᠠᠬᠤ》 ᠳᠤ ᠬᠦᠴᠦᠨ ᠴᠢᠳᠠᠯ ᠢᠶᠠᠨ ᠡᠷᠭᠦᠪᠡ᠃ | ᠭᠤᠷᠪᠠ ᠳᠤ ᠬᠤᠲᠠ ᠶᠢᠨ ᠴᠢᠳᠠᠪᠬᠢ ᠶᠢ ᠪᠦᠬᠦ ᠬᠦᠴᠦ ᠪᠠᠷ ᠰᠢᠯᠢᠳᠡᠭᠵᠢᠭᠦᠯᠦᠨ᠎ᠡ᠃ ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢᠨ | ᠲᠥᠯᠥᠪᠵᠢᠭᠦᠯᠭᠡ ᠪᠠ ᠠᠮᠢ ᠠᠬᠤᠶ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠥᠯᠥᠪᠵᠢᠭᠦᠯᠭᠡ ᠶᠢ ᠥᠨᠳᠥᠷ ᠪᠠᠷᠢᠮᠵᠢᠶ᠎ᠠ ᠪᠠᠷ ᠨᠠᠶᠢᠷᠠᠭᠤᠯᠤᠨ ᠵᠣᠬᠢᠶᠠᠵᠤ | ᠂《ᠣᠯᠠᠨ ᠲᠥᠯᠥᠪᠵᠢᠭᠦᠯᠭᠡ ᠶᠢ ᠨᠢᠭᠡᠳᠬᠡᠬᠦ》 ᠶᠢ ᠦᠷᠭᠦᠯᠵᠢᠯᠡᠨ ᠠᠬᠢᠭᠤᠯᠵᠤ᠂ ᠪᠥᠬᠦ ᠲᠣᠭᠤᠷᠢᠭ ᠤᠨ ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢ | ᠨᠡᠭᠡᠭᠡᠨ ᠬᠥᠭᠵᠢᠭᠦᠯᠵᠦ ᠬᠠᠮᠠᠭᠠᠯᠠᠬᠤ《ᠨᠢᠭᠡ ᠬᠠᠭᠤᠳᠠᠰᠤ ᠵᠢᠷᠤᠭ》 ᠢ ᠪᠣᠶ ᠪᠣᠯᠭᠠᠨ᠎ᠠ᠃ ᠤᠯᠤᠰ ᠤᠨ ᠵᠠᠮ 210 ᠱᠤᠭᠤᠮ ᠤᠨ ᠪᠠᠶ᠋ᠬᠠᠣᠪᠤᠭ᠎ᠠ ᠠᠴᠠ | ᠭᠦᠶᠶᠠᠩ ᠬᠦᠷᠬᠦ᠂ ᠤᠯᠤᠰ ᠤᠨ ᠵᠠᠮ 335 ᠱᠤᠭᠤᠮ ᠤᠨ ᠪᠠᠶ᠋ᠬᠠᠣᠪᠤᠭ᠎ᠠ ᠠᠴᠠ ᠮᠢᠩᠭᠠᠨ ᠬᠦᠷᠬᠦ ᠪᠠᠶ᠋ᠬᠠᠣᠪᠤᠭ᠎ᠠ ᠶᠢᠨ ᠬᠡᠰᠡᠭ ᠤᠨ ᠪᠦᠲᠦᠭᠡᠨ ᠪᠠᠶᠢᠭᠤᠯᠤᠯᠲᠠ | ᠶᠢ ᠢᠳᠡᠪᠬᠢᠲᠡᠶ ᠬᠠᠮᠵᠢᠯᠴᠠᠨ ᠰᠠᠶᠢᠲᠤᠷ ᠬᠢᠵᠦ᠂ ᠭᠠᠯᠲᠤ ᠲᠡᠷᠭᠡᠨ ᠤ ᠥᠷᠲᠡᠭᠡ ᠶᠢᠨ ᠡᠮᠦᠨ᠎ᠡ ᠵᠠᠮ᠂ 12 ᠳ᠋ᠤᠭᠠᠷ ᠨᠣᠮᠧᠷᠲᠤ ᠠᠰᠠᠷ ᠤᠨ ᠵᠡᠭᠦᠨ ᠲᠠᠯ᠎ᠠ ᠵᠡᠷᠭᠡ | ᠵᠢᠵᠢᠭ ᠵᠡᠭᠡᠯᠢ ᠭᠤᠳᠤᠮᠵᠢ ᠶᠢ ᠶᠡᠷᠦᠩᠬᠡᠶᠢᠯᠡᠨ ᠵᠠᠰᠠᠬᠤ ᠶᠢ ᠪᠡᠶᠡᠯᠡᠭᠦᠯᠦᠨ᠎ᠡ᠃ ᠰᠢᠭᠤᠳ ᠤᠤᠭᠤᠬᠤ ᠤᠰᠤ ᠶᠢ ᠡᠷᠦᠬᠡ ᠳᠤ ᠣᠷᠣᠭᠤᠯᠬᠤ ᠲᠤᠷᠰᠢᠯᠲᠠ ᠶᠢᠨ | ᠴᠢᠭ᠂ ᠤᠰᠤᠨ ᠰᠤᠷᠪᠤᠯᠵᠢ ᠶᠢᠨ ᠭᠠᠵᠠᠷ ᠤᠨ ᠤᠰᠤ ᠳᠠᠮᠵᠢᠭᠤᠯᠬᠤ ᠬᠤᠭᠤᠯᠠᠶ᠂ ᠴᠠᠬᠢᠯᠭᠠᠨ ᠬᠠᠩᠭᠠᠬᠤ ᠵᠠᠮ ᠱᠤᠭᠤᠮ ᠢ ᠥᠭᠡᠷᠡᠴᠢᠯᠡᠬᠦ ᠢᠨᠵᠧᠨᠧᠷᠢᠩ ᠢ | ᠡᠬᠢᠯᠡᠭᠦᠯᠵᠦ᠂ ᠠᠮᠤᠷ ᠲᠦᠪᠰᠢᠨ ᠲᠣᠭᠲᠠᠭᠤᠨ ᠢᠶᠠᠷ ᠤᠰᠤ ᠬᠠᠩᠭᠠᠬᠤ ᠶᠢ ᠦᠨᠡᠨᠬᠦ ᠪᠠᠲᠤᠯᠠᠨ᠎ᠠ᠃ ᠤᠰᠤ ᠴᠠᠬᠢᠯᠭᠠᠨ ᠰᠢᠲᠠᠮᠠᠬᠠᠶ ᠬᠡᠶ ᠳᠤᠯᠠᠭᠠᠯᠠᠭ᠎ᠠ ᠶᠢᠨ | ᠣᠶᠤᠨᠴᠢ ᠪᠠᠷ ᠰᠦᠶᠳᠬᠡᠯ ᠲᠤᠰᠢᠶᠠᠬᠤ ᠶᠢ ᠪᠡᠶᠡᠯᠡᠭᠦᠯᠵᠦ᠂ ᠨᠣᠭᠤᠭᠠᠷᠠᠭᠤᠯᠤᠯᠲᠠ ᠶᠢ ᠬᠠᠮᠢᠶᠠᠷᠤᠨ ᠬᠠᠮᠠᠭᠠᠯᠠᠬᠤ ᠡᠷᠴᠢᠮ ᠢ ᠴᠢᠩᠭᠠᠷᠠᠭᠤᠯᠤᠨ᠂ ᠵᠢᠵᠢᠭ | ᠲᠣᠭᠤᠷᠢᠭ ᠤᠨ ᠠᠳᠠᠯ ᠠᠬᠤᠶ ᠶᠢᠨ ᠬᠠᠮᠢᠶᠠᠷᠤᠯᠲᠠ ᠶᠢ ᠣᠷᠣᠭᠤᠯᠤᠨ ᠠᠪᠴᠢᠷᠠᠵᠤ᠂ ᠬᠤᠲᠠ ᠶᠢᠨ ᠨᠠᠷᠢᠯᠢᠬᠵᠢᠭᠤᠯᠤᠭᠰᠠᠨ ᠬᠠᠮᠢᠶᠠᠷᠤᠯᠲᠠ ᠶᠢ ᠦᠷᠭᠦᠯᠵᠢᠯᠡᠨ | ᠴᠢᠩᠭᠠᠷᠠᠭᠤᠯᠵᠤ᠂ ᠠᠷᠠᠳ ᠣᠯᠠᠨ ᠳᠤ ᠬᠤᠲᠠ ᠶᠢᠨ ᠳᠤᠯᠠᠭᠠᠴᠠ ᠶᠢ ᠨᠠᠩ ᠰᠠᠶᠢᠨ ᠮᠡᠳᠡᠷᠡᠭᠦᠯᠵᠦ᠂ ᠬᠤᠲᠠ ᠶᠢᠨ ᠦᠶᠯᠡᠴᠢᠯᠡᠭᠡ ᠶᠢ ᠨᠠᠩ ᠰᠠᠶᠢᠨ | ᠡᠳ᠋ᠯᠡᠭᠦᠯᠦᠨ᠎ᠡ᠃ | ᠲᠦᠷᠪᠡ ᠳᠤ ᠨᠡᠶᠢᠭᠡᠮ ᠤᠨ ᠡᠶ᠎ᠡ ᠵᠣᠬᠢᠴᠠᠯ ᠪᠠ ᠲᠣᠭᠲᠠᠭᠤᠨ ᠪᠠᠶᠢᠳᠠᠯ ᠢ ᠪᠦᠬᠦ ᠬᠦᠴᠦ ᠪᠠᠷ ᠪᠠᠲᠤᠯᠠᠨ᠎ᠠ᠃ ᠬᠠᠮᠲᠤ ᠪᠠᠷ ᠪᠠᠶᠢᠭᠤᠯᠵᠤ ᠬᠠᠮᠲᠤ ᠪᠠᠷ | ᠵᠠᠰᠠᠵᠤ ᠬᠠᠮᠲᠤ ᠪᠠᠷ ᠡᠳ᠋ᠯᠡᠬᠦ ᠨᠡᠶᠢᠭᠡᠮ ᠤᠨ ᠵᠠᠰᠠᠯᠲᠠ ᠶᠢᠨ ᠵᠠᠭᠪᠤᠷ ᠢ ᠪᠠᠷᠢᠮᠲᠠᠯᠠᠨ ᠲᠡᠭᠦᠯᠳᠡᠷᠵᠢᠭᠦᠯᠵᠦ᠂ ᠣᠳᠣᠬᠢᠴᠢᠯᠠᠭᠰᠠᠨ ᠨᠡᠶᠢᠭᠡᠮ ᠤᠨ ᠵᠠᠰᠠᠯᠲᠠ ᠶᠢᠨ | ᠪᠠᠶᠢᠷᠢᠰᠢᠯ ᠢ ᠪᠠᠶᠢᠭᠤᠯᠤᠨ᠎ᠠ᠃《ᠨᠡᠶᠢᠭᠡᠮ ᠲᠣᠭᠤᠷᠢᠭ ᠱᠦᠭᠯᠦ ᠦᠯᠢᠶᠡᠪᠡᠯ᠂ ᠰᠠᠯᠠᠭ᠎ᠠ ᠮᠥᠴᠢᠷ ᠬᠦᠷᠴᠦ ᠢᠷᠡᠬᠦ》ᠲᠣᠭᠲᠠᠴᠠ ᠶᠢ ᠭᠦᠨᠵᠡᠭᠡᠢ ᠠᠬᠢᠭᠤᠯᠵᠤ᠂ | ᠨᠡᠶᠢᠭᠡᠮ ᠲᠣᠭᠤᠷᠢᠭ ᠤᠨ ᠣᠯᠠᠨ ᠲᠦᠮᠡᠨ ᠳᠤ ᠦᠶᠯᠡᠴᠢᠯᠡᠬᠦ ᠴᠢᠳᠠᠪᠤᠷᠢ ᠶᠢ ᠳᠡᠭᠡᠭᠰᠢᠯᠡᠭᠦᠯᠦᠨ᠂ ᠨᠡᠶᠢᠭᠡᠮ ᠤᠨ ᠵᠠᠰᠠᠯᠲᠠ ᠶᠢᠨ ᠭᠤᠤᠯᠳᠠᠯᠭ᠎ᠠ ᠶᠢ ᠨᠡᠶᠢᠭᠡᠮ | ᠲᠣᠭᠤᠷᠢᠭ ᠳᠠᠰᠢ ᠰᠢᠯᠵᠢᠭᠦᠯᠬᠦ ᠶᠢ ᠠᠬᠢᠭᠤᠯᠤᠨ᠎ᠠ᠃ ᠭᠡᠨᠡᠳᠲᠡ ᠶᠢᠨ ᠬᠡᠷᠡᠭ ᠢ ᠤᠷᠢᠳᠴᠢᠯᠠᠨ ᠰᠡᠷᠭᠡᠶᠢᠯᠡᠬᠦ ᠪᠠ ᠪᠠᠴᠢᠮ ᠪᠠᠶᠢᠳᠠᠯ ᠢ ᠠᠷᠭᠠᠴᠠᠬᠤ ᠰᠢᠰᠲ᠋ᠧᠮ ᠤᠨ | ᠪᠠᠶᠢᠭᠤᠯᠤᠯᠲᠠ ᠶᠢ ᠲᠡᠭᠦᠯᠳᠡᠷᠵᠢᠭᠦᠯᠵᠦ᠂ ᠨᠡᠶᠢᠭᠡᠮ ᠤᠨ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠴᠢᠳᠠᠪᠤᠷᠢ ᠶᠢ ᠪᠦᠬᠦ ᠬᠦᠴᠦ ᠪᠠᠷ | ᠳᠡᠭᠡᠭᠰᠢᠯᠡᠭᠦᠯᠦᠨ᠎ᠡ᠃ ᠠᠶᠤᠯ ᠦᠭᠡᠢ ᠦᠶᠯᠡᠳᠪᠦᠷᠢᠯᠡᠯ ᠤᠨ ᠬᠠᠷᠢᠭᠤᠴᠠᠯᠭ᠎ᠠ ᠶᠢᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠡᠯ᠎ᠡ ᠲᠥᠷᠥᠯ ᠤᠨ ᠠᠳᠡᠯ | ᠭᠠᠷᠬᠤ ᠶᠢ ᠡᠷᠡᠰ ᠬᠤᠷᠢᠭᠯᠠᠨ᠎ᠠ᠃ ᠢᠳᠡᠭᠡᠨ ᠪᠠ ᠡᠮ ᠤᠨ ᠵᠦᠶᠯ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠡᠷᠴᠢᠮ ᠢᠶᠠᠨ ᠴᠢᠩᠭᠠᠷᠠᠭᠤᠯᠵᠤ᠂ | ᠣᠯᠠᠨ ᠲᠦᠮᠡᠨ ᠤ ᠢᠳᠡᠭᠡᠨ ᠤᠮᠳᠠᠭᠠᠨ ᠪᠠ ᠡᠮ ᠤᠨ ᠵᠦᠶᠯ ᠤᠨ ᠠᠮᠤᠷ ᠲᠦᠪᠰᠢᠨ ᠢ ᠦᠨᠡᠨᠬᠦ ᠪᠠᠲᠤᠯᠠᠨ᠎ᠠ᠃《ᠵᠠᠬᠢᠳᠠᠯ ᠰᠤᠷᠪᠤᠯᠵᠢᠯᠠᠭ᠎ᠠ ᠶᠢᠨ ᠠᠰᠠᠭᠤᠳᠠᠯ ᠢ | ᠰᠢᠶᠳᠪᠦᠷᠢᠯᠡᠬᠦ ᠣᠨ》 ᠤ ᠲᠤᠰᠬᠠᠶ ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ ᠤᠯᠠᠨ ᠲᠦᠮᠡᠨ ᠤ ᠵᠦᠶ ᠶᠣᠰᠣᠨ ᠤ ᠬᠦᠰᠡᠯ ᠱᠠᠭᠠᠷᠳᠠᠯᠭ᠎ᠠ ᠶᠢ ᠢᠳᠡᠪᠬᠢᠲᠡᠶ | ᠪᠠᠷ ᠰᠢᠢᠳᠪᠦᠷᠢᠯᠡᠨ᠎ᠡ᠃ ᠲᠦᠷᠢᠶᠡᠰᠦᠨ ᠮᠠᠰᠢᠨ ᠲᠡᠷᠭᠡ᠂ ᠨᠡᠶᠢᠲᠡ ᠶᠢᠨ ᠮᠠᠰᠢᠨ ᠲᠡᠷᠭᠡ᠂ ᠠᠵᠢᠯ ᠤᠨ ᠡᠭᠡᠯᠵᠢ ᠶᠢᠨ ᠮᠠᠰᠢᠨ ᠲᠡᠷᠭᠡ ᠶᠢᠨ ᠬᠠᠮᠢᠶᠠᠷᠤᠯᠲᠠ ᠶᠢ | ᠴᠢᠩᠭᠠᠳᠬᠠᠵᠤ᠂ ᠬᠤᠳᠠ ᠶᠢᠨ ᠵᠠᠮ ᠬᠠᠷᠢᠯᠴᠠᠭ᠎ᠠ ᠶᠢ ᠶᠡᠷᠦᠩᠬᠡᠶᠢᠯᠡᠨ ᠴᠡᠭᠴᠡᠯᠡᠨ ᠵᠠᠰᠠᠬᠤ ᠶᠢ ᠴᠢᠩᠭᠠᠳᠬᠠᠨ᠎ᠠ᠃ ᠡᠯ᠎ᠡ ᠲᠥᠷᠥᠯ ᠤᠨ ᠬᠠᠤᠯᠢ ᠠᠴᠠ | ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ ᠴᠢᠩᠭ᠎ᠠ ᠳᠠᠷᠤᠯᠲᠠ ᠦᠵᠡᠭᠦᠯᠬᠦ ᠪᠠᠶᠢᠳᠠᠯ ᠢ ᠪᠠᠲᠤᠯᠠᠵᠤ᠂ ᠬᠠᠷ᠎ᠠ ᠪᠦᠯᠦᠭᠲᠡᠨ ᠬᠠᠷᠭᠢᠰ | ᠬᠦᠴᠦᠨ ᠢ ᠠᠷᠢᠯᠭᠠᠬᠤ ᠲᠤᠰᠬᠠᠶ ᠲᠡᠮᠡᠴᠡᠯ ᠤᠨ ᠢᠯᠠᠯᠲᠠ ᠶᠢ ᠪᠥᠬᠦ ᠬᠦᠴᠦ ᠪᠠᠷ ᠣᠯᠵᠤ᠂ ᠨᠠᠩ ᠥᠨᠳᠥᠷ ᠬᠢᠷᠢ ᠲᠦᠪᠰᠢᠨ ᠪᠥᠬᠦᠶ《ᠠᠮᠤᠷ ᠠᠮᠤᠭᠤᠯᠠᠩ | ᠪᠠᠶ᠋ᠬᠠᠣᠪᠤᠭ᠎ᠠ》 ᠶᠢ ᠪᠠᠶᠢᠭᠤᠯᠤᠨ᠎ᠠ᠃ ᠳᠣᠯᠣᠳᠤᠭᠠᠷ ᠤᠳᠠᠭᠠᠨ ᠤ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢ ᠥᠷᠨᠢᠭᠦᠯᠵᠦ᠂ ᠨᠡᠶᠢᠳᠡᠮ ᠪᠠᠶᠢᠴᠠᠭᠠᠯᠲᠠ | ᠶᠢᠨ ᠲᠤᠭ᠎ᠠ ᠪᠠᠷᠢᠮᠲᠠ ᠶᠢᠨ ᠦᠨᠡᠨ ᠪᠣᠳᠠᠲᠠᠶ ᠣᠨᠣᠪᠴᠢᠲᠠᠶ ᠪᠠᠶᠢᠬᠤ ᠶᠢ ᠦᠨᠡᠨᠬᠦ ᠪᠠᠲᠤᠯᠠᠨ᠎ᠠ᠃ ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠶᠢ ᠭᠦᠨᠵᠡᠭᠡᠶ | ᠥᠷᠨᠢᠭᠦᠯᠵᠦ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠯᠠᠪᠳᠠᠭᠤᠨ ᠪᠠᠲᠤᠲᠠᠶ ᠲᠦᠯᠬᠢᠨ ᠠᠬᠢᠭᠤᠯᠤᠨ᠎ᠠ᠃ | ︵ᠵᠢᠷᠭᠤᠭ᠎ᠠ︶ ᠥᠪᠡᠷ ᠤᠨ ᠪᠡᠶ᠎ᠡ ᠶᠢᠨ ᠪᠠᠶᠢᠭᠤᠯᠤᠯᠲᠠ ᠪᠠᠨ ᠦᠨᠡᠨ ᠬᠦ ᠴᠢᠩᠭᠠᠳᠬᠠᠵᠤ᠂ ᠵᠠᠰᠠᠯᠲᠠ ᠶᠢᠨ ᠴᠢᠳᠠᠪᠤᠷᠢ ᠪᠠᠨ ᠪᠦᠬᠦ ᠲᠠᠯ᠎ᠠ ᠪᠠᠷ | ᠳᠡᠭᠡᠭᠰᠢᠯᠡᠭᠦᠯᠦᠨ᠎ᠡ | ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠳᠥᠷᠪᠡᠳᠦᠭᠡᠷ ᠪᠥᠬᠦᠳᠡ ᠬᠤᠷᠠᠯ ᠤᠨ ᠵᠣᠷᠢᠭ ᠰᠠᠨᠠᠭ ᠠ ᠶᠢ ᠭᠦᠨᠵᠡᠭᠡᠶ | ᠲᠤᠭᠤᠰᠢᠯᠠᠭᠤᠯᠵᠤ᠂ ᠵᠠᠰᠠᠭ ᠤᠨ ᠣᠷᠳᠣᠨ ᠤ ᠲᠤᠰ ᠪᠡᠶ᠎ᠡ ᠶᠢᠨ ᠪᠠᠶᠢᠭᠤᠯᠤᠯᠲᠠ ᠶᠢ ᠨᠡᠩ ᠴᠢᠬᠤᠯᠠᠴᠢᠯᠠᠵᠤ᠂ ᠵᠠᠰᠠᠯᠲᠠ ᠶᠢᠨ ᠰᠢᠰᠲ᠋ᠧᠮ ᠪᠠ ᠵᠠᠰᠠᠯᠲᠠ ᠶᠢᠨ | ᠴᠢᠳᠠᠪᠤᠷᠢ ᠶᠢᠨ ᠣᠳᠣᠬᠢᠴᠢᠯᠠᠯᠲᠠ ᠶᠢ ᠠᠬᠢᠭᠤᠯᠵᠤ᠂ ᠠᠷᠠᠳ ᠲᠦᠮᠡᠨ ᠬᠠᠨᠤᠮᠵᠢᠲᠠᠶ ᠦᠶᠯᠡᠴᠢᠯᠡᠭᠡᠨ ᠤ ᠬᠡᠯᠪᠡᠷᠢ ᠶᠢᠨ ᠵᠠᠰᠠᠭ ᠤᠨ ᠣᠷᠳᠣᠨ ᠢ ᠴᠢᠷᠮᠠᠶᠢᠨ | ᠪᠠᠶᠢᠭᠤᠯᠤᠨ᠎ᠠ᠃ | ᠨᠢᠭᠡ ᠳᠤ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠬᠠᠷᠢᠭᠤᠴᠠᠯᠭᠠᠲᠤ ᠬᠡᠯᠪᠡᠷᠢ ᠶᠢᠨ ᠵᠠᠰᠠᠭ ᠤᠨ ᠣᠷᠳᠣᠨ ᠢ ᠪᠠᠶᠢᠭᠤᠯᠤᠨ᠎ᠠ᠃ ᠤᠯᠤᠰ ᠲᠦᠷᠦ | ᠶᠢᠨ ᠪᠠᠶᠢᠭᠤᠯᠤᠯᠲᠠ ᠶᠢ ᠲᠡᠷᠢᠭᠦᠨ ᠪᠠᠶᠢᠷᠢᠨ ᠳᠤ ᠲᠠᠯᠪᠢᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ | ᠵᠢᠷᠤᠮ ᠤᠨ ᠦᠵᠡᠯ ᠰᠠᠨᠠᠭ᠎ᠠ ᠪᠣᠯᠤᠨ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠠᠵᠢᠯ ᠤᠨ ᠲᠤᠬᠠᠢ ᠴᠢᠬᠤᠯᠠ ᠶᠠᠷᠢᠶ᠎ᠠ ᠴᠢᠬᠤᠯᠠ | ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂《ᠲᠦᠷᠪᠡᠨ ᠤᠬᠠᠮᠰᠠᠷ》 ᠢᠶᠠᠨ ᠴᠢᠨᠠᠭᠰᠢᠳᠠ ᠴᠢᠩᠭᠠᠳᠬᠠᠵᠤ᠂《ᠲᠦᠷᠪᠡᠨ | ᠢᠲᠡᠭᠡᠯ》 ᠢᠶᠠᠨ ᠪᠠᠲᠤᠳᠬᠠᠵᠤ᠂《ᠬᠤᠶᠠᠷ ᠢ ᠬᠠᠮᠠᠭᠠᠯᠠᠬᠤ》 ᠶᠢ ᠪᠡᠶᠡᠯᠡᠭᠦᠯᠦᠨ᠎ᠡ᠃ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ | ᠪᠠᠶᠢᠷᠢᠯᠠᠭᠤᠯᠤᠯᠲᠠ ᠪᠠ ᠥᠪᠡᠷᠲᠡᠭᠡᠨ ᠵᠠᠰᠠᠬᠤ ᠣᠷᠣᠨ᠂ ᠪᠤᠭᠤᠲᠤ ᠬᠤᠲᠠ᠂ ᠲᠣᠭᠤᠷᠢᠭ ᠤᠨ ᠨᠠᠮ ᠤᠨ ᠬᠤᠷᠢᠶᠠᠨ ᠤ ᠠᠵᠢᠯ ᠤᠨ ᠱᠠᠭᠠᠷᠳᠠᠯᠭ᠎ᠠ ᠶᠢ ᠡᠷᠡᠰ | ᠲᠤᠭᠤᠰᠢᠯᠠᠭᠤᠯᠤᠨ ᠬᠡᠷᠡᠭᠵᠢᠭᠦᠯᠵᠦ᠂ ᠵᠠᠰᠠᠭ ᠤᠨ ᠵᠠᠷᠯᠢᠭ ᠰᠠᠭᠠᠳ ᠦᠭᠡᠢ ᠨᠡᠪᠲᠡᠷᠡᠬᠦ᠂ ᠵᠠᠷᠯᠢᠭ ᠴᠠᠭᠠᠵᠠ ᠶᠢ ᠳᠠᠭᠠᠬᠤ ᠶᠢ ᠦᠨᠡᠨᠬᠦ ᠪᠠᠲᠤᠯᠠᠵᠤ᠂《ᠤᠭ | ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ》ᠭᠤᠣᠯ ᠰᠡᠳᠦᠪᠲᠦ ᠬᠥᠮᠥᠵᠢᠯ ᠤᠨ ᠦᠷ᠎ᠡ ᠪᠦᠲᠦᠭᠡᠯ ᠢ ᠦᠷᠭᠦᠯᠵᠢᠯᠡᠨ | ᠪᠠᠬᠢᠵᠢᠭᠦᠯᠦᠨ᠎ᠡ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠲᠣᠭᠤᠷᠢᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ | ᠰᠠᠶᠢᠵᠢᠷᠠᠭᠤᠯᠬᠤ ᠶᠢ ᠯᠠᠪᠳᠠᠭᠤᠨ ᠪᠠᠲᠤᠲᠠᠢ ᠠᠬᠢᠭᠤᠯᠵᠤ᠂ ᠡᠯ᠎ᠡ ᠵᠦᠢᠯ ᠤᠨ ᠡᠭᠦᠷᠭᠡ ᠶᠢ ᠦᠨᠡᠨᠬᠦ ᠴᠢᠩᠭ᠎ᠠ ᠪᠣᠳᠠᠲᠠᠢ ᠠᠳᠬᠤᠨ᠎ᠠ᠃ | ᠬᠤᠶᠠᠷ ᠲᠤ᠂ ᠪᠣᠳᠠᠲᠠᠢ ᠶᠢ ᠡᠷᠬᠢᠮᠯᠡᠭᠰᠡᠨ ᠥᠨᠳᠥᠷ ᠪᠦᠲᠦᠮᠵᠢᠲᠡᠢ ᠦᠢᠯᠡᠴᠢᠯᠡᠭᠡᠨ ᠤ ᠬᠡᠯᠪᠡᠷᠢ ᠶᠢᠨ ᠵᠠᠰᠠᠭ ᠤᠨ ᠣᠷᠳᠣᠨ ᠢ ᠪᠠᠶᠢᠭᠤᠯᠤᠨ᠎ᠠ᠃ | 《ᠴᠢᠬᠤᠯᠠ ᠶᠡᠭᠡ ᠵᠠᠰᠠᠭ ᠵᠠᠬᠢᠷᠭᠠᠨ ᠤ ᠰᠢᠶᠳᠪᠦᠷᠢᠲᠦ ᠪᠣᠳᠣᠯᠭ᠎ᠠ ᠲᠣᠭᠲᠠᠭᠠᠬᠤ ᠳᠡᠰ ᠳᠠᠷᠠᠭᠠᠯᠠᠯ ᠤᠨ ᠲᠦᠷ ᠬᠡᠷᠡᠭᠵᠢᠭᠦᠯᠬᠦ ᠳᠦᠷᠢᠮ》 ᠢ ᠡᠷᠡᠰ | ᠲᠤᠭᠤᠰᠢᠯᠠᠭᠤᠯᠵᠤ᠂ ᠵᠠᠰᠠᠭ ᠵᠠᠬᠢᠷᠭᠠᠨ ᠤ ᠰᠢᠶᠳᠪᠦᠷᠢᠲᠦ ᠪᠣᠳᠣᠯᠭ᠎ᠠ ᠲᠣᠭᠲᠠᠭᠠᠬᠤ ᠶᠢ ᠰᠢᠨᠵᠢᠯᠡᠬᠦ ᠤᠬᠠᠭᠠᠨᠴᠢᠯᠠᠬᠤ᠂ ᠵᠢᠷᠤᠮᠵᠢᠭᠤᠯᠬᠤ᠂ ᠬᠠᠤᠯᠢ | ᠳᠦᠷᠢᠮᠵᠢᠭᠦᠯᠬᠦ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠴᠠᠭᠠᠵᠠ ᠶᠢᠨ ᠬᠢᠨᠠᠯᠲᠠ᠂ ᠤᠯᠤᠰ | ᠲᠦᠷᠦ ᠶᠢᠨ ᠵᠥᠪᠯᠡᠯᠭᠡᠨ ᠤ ᠠᠷᠠᠳᠴᠢᠯᠠᠯ ᠢᠶᠠᠷ ᠬᠢᠨᠠᠯᠲᠠ ᠲᠠᠯᠪᠢᠬᠤ ᠪᠠ ᠬᠢᠨᠠᠨ ᠪᠤᠳᠤᠬᠤ ᠬᠢᠨᠠᠯᠲᠠ᠂ ᠨᠡᠶᠢᠭᠡᠮ ᠤᠨ ᠶᠠᠷᠢᠶ᠎ᠠ ᠬᠡᠯᠡᠯᠴᠡᠭᠡᠨ ᠤ ᠬᠢᠨᠠᠯᠲᠠ ᠶᠢ | ᠰᠠᠨᠠᠭᠠᠴᠢᠯᠠᠭ᠎ᠠ ᠠᠴᠠ ᠪᠠᠨ ᠬᠦᠯᠢᠶᠡᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠤᠨ ᠰᠠᠨᠠᠭᠤᠯᠭ᠎ᠠ ᠪᠠ ᠤᠯᠤᠰ ᠲᠦᠷᠦ | ᠶᠢᠨ ᠵᠥᠪᠯᠡᠯᠭᠡᠨ ᠤ ᠭᠡᠰᠢᠭᠦᠳ ᠤᠨ ᠰᠠᠨᠠᠯ ᠳᠤᠷᠠᠳᠤᠯᠭ᠎ᠠ ᠶᠢ ᠰᠢᠶᠳᠪᠦᠷᠢᠯᠡᠬᠦ ᠠᠵᠢᠯ ᠢ ᠴᠢᠨᠠᠷ ᠰᠠᠶᠢᠲᠠᠶ ᠪᠡᠶᠡᠯᠡᠭᠦᠯᠦᠨ᠎ᠡ᠃《ᠳᠣᠯᠣᠳᠤᠭᠠᠷ ᠲᠠᠪᠤᠨ ᠵᠢᠯ》 ᠤᠨ | ᠬᠠᠤᠯᠢ ᠲᠦᠭᠡᠮᠡᠯᠵᠢᠭᠦᠯᠬᠦ ᠶᠢ ᠰᠢᠯᠭᠠᠨ ᠠᠪᠬᠤ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠪᠦᠬᠦ ᠠᠷᠠᠳ ᠤᠨ ᠬᠠᠤᠯᠢ ᠪᠠᠷ ᠵᠠᠰᠠᠬᠤ ᠦᠵᠡᠯᠲᠡ | ᠴᠢᠩᠭᠠᠳᠬᠠᠵᠤ᠂ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢ ᠯᠠᠪᠳᠠᠭᠤᠨ ᠪᠠᠲᠤᠲᠠᠢ ᠠᠬᠢᠭᠤᠯᠤᠨ᠎ᠠ᠃ ᠵᠠᠰᠠᠭ ᠤᠨ ᠶᠠᠪᠤᠳᠠᠯ ᠢ ᠢᠯᠡ | ᠪᠣᠯᠭᠠᠬᠤ ᠶᠢ ᠢᠳᠡᠪᠬᠢᠲᠡᠢ ᠲᠦᠯᠬᠢᠨ ᠠᠬᠢᠭᠤᠯᠵᠤ᠂ ᠣᠯᠠᠨ ᠲᠦᠮᠡᠨ ᠤ ᠠᠩᠬᠠᠷᠴᠤ ᠪᠠᠶᠢᠭ᠎ᠠ ᠠᠰᠠᠭᠤᠳᠠᠯ ᠳᠤ ᠪᠦᠲᠦᠮᠵᠢᠲᠡᠢ ᠬᠠᠷᠢᠭᠤᠯᠲᠠ ᠥᠭᠭᠦᠨ᠎ᠡ᠃ ᠭᠡᠷ | ᠪᠠᠶᠢᠰᠢᠩ ᠭᠠᠵᠠᠷ ᠬᠥᠷᠥᠩᠭᠡ ᠶᠢᠨ ᠬᠦᠷᠢᠶᠡᠨ ᠳᠠᠬᠢ ᠦᠯᠡᠳᠡᠭᠳᠡᠯ ᠠᠰᠠᠭᠤᠳᠠᠯ ᠢ ᠰᠢᠢᠳᠪᠦᠷᠢᠯᠡᠬᠦ ᠶᠢ ᠪᠦᠬᠦ ᠬᠦᠴᠦ ᠪᠠᠷ ᠠᠬᠢᠭᠤᠯᠵᠤ᠂ ᠵᠠᠰᠠᠭ ᠤᠨ ᠣᠷᠳᠣᠨ ᠤ | ᠬᠡᠷᠡᠭᠵᠢᠭᠦᠯᠬᠦ ᠬᠦᠴᠦᠨ ᠪᠠ ᠣᠯᠠᠨ ᠨᠡᠶᠢᠲᠡ ᠶᠢ ᠢᠲᠡᠭᠡᠭᠦᠯᠬᠦ ᠬᠦᠴᠦᠨ ᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃ | ᠭᠤᠷᠪᠠ ᠳᠤ ᠵᠠᠰᠠᠭ ᠵᠠᠬᠢᠷᠭᠠᠨ ᠤ ᠠᠮᠵᠢᠯᠲᠠ ᠪᠦᠲᠦᠮᠵᠢ ᠲᠠᠢ ᠰᠢᠨ᠎ᠡ ᠶᠢ ᠡᠭᠦᠳᠬᠦ ᠬᠡᠯᠪᠡᠷᠢ ᠶᠢᠨ ᠵᠠᠰᠠᠭ ᠤᠨ ᠣᠷᠳᠣᠨ ᠢ ᠪᠠᠶᠢᠭᠤᠯᠤᠨ᠎ᠠ᠃ ᠣᠷᠣᠨ | ᠨᠤᠲᠤᠭ ᠤᠨ ᠬᠥᠭᠵᠢᠯᠲᠡ ᠶᠢ ᠠᠬᠢᠭᠤᠯᠬᠤ ᠪᠠᠷ ᠥᠪᠡᠷ ᠤᠨ ᠡᠭᠦᠷᠭᠡ ᠪᠠᠨ ᠪᠣᠯᠭᠠᠬᠤ ᠶᠢ ᠪᠠᠷᠢᠮᠲᠠᠯᠠᠵᠤ᠂ ᠰᠢᠨ᠎ᠡ ᠶᠢ ᠡᠭᠦᠳᠬᠦ ᠤᠬᠠᠮᠰᠠᠷ᠂ ᠦᠷ᠎ᠡ ᠪᠦᠲᠦᠮᠵᠢ | ᠶᠢᠨ ᠤᠬᠠᠮᠰᠠᠷ᠂ ᠬᠠᠷᠢᠭᠤᠴᠠᠯᠭ᠎ᠠ ᠡᠭᠦᠷᠭᠡᠯᠡᠬᠦ ᠤᠬᠠᠮᠰᠠᠷ ᠢᠶᠠᠨ ᠴᠢᠩᠭᠠᠳᠬᠠᠵᠤ᠂ ᠥᠨᠳᠥᠷ ᠲᠤ ᠭᠠᠷᠴᠤ ᠪᠠᠶ᠋ᠬᠠᠣᠪᠤᠭ᠎ᠠ ᠶᠢ ᠪᠠᠷᠠᠯᠠᠬᠤ ᠶᠢ ᠪᠠᠷᠢᠮᠲᠠᠯᠠᠵᠤ᠂ ᠡᠯ᠎ᠡ | ᠵᠦᠢᠯ ᠤᠨ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠲᠠᠢ ᠨᠢᠭᠲᠠ ᠤᠶᠠᠯᠳᠤᠭᠤᠯᠤᠨ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠨ᠎ᠠ᠃ ᠦᠨᠳᠦᠰᠦᠨ | ᠱᠠᠲᠤᠨ ᠤ ᠳᠠᠷᠤᠭᠠᠰᠤ ᠶᠢ ᠦᠷᠭᠦᠯᠵᠢᠯᠡᠨ ᠬᠥᠩᠭᠡᠷᠡᠭᠦᠯᠵᠦ᠂ ᠶᠡᠭᠡ ᠬᠦᠴᠦ ᠣᠷᠣᠭᠤᠯᠵᠤ ᠪᠢᠴᠢᠭ ᠮᠠᠲ᠋ᠧᠷᠢᠶᠠᠯ᠂ ᠬᠤᠷᠠᠯ ᠢ ᠪᠠᠭᠠᠰᠬᠠᠵᠤ᠂ ᠬᠡᠯᠪᠡᠷᠢᠴᠢ ᠦᠵᠡᠯ | ᠂ ᠨᠣᠶᠠᠨᠴᠢ ᠰᠤᠷᠲᠠᠯ ᠢ ᠶᠡᠭᠡ ᠪᠠᠷ ᠴᠡᠭᠴᠡᠯᠡᠨ ᠵᠠᠰᠠᠵᠤ᠂ ᠨᠡᠩ ᠤᠯᠠᠨ ᠴᠠᠭ ᠪᠠ ᠤᠶᠤᠨ ᠴᠢᠳᠠᠯ ᠢᠶᠠᠨ ᠠᠵᠤ ᠠᠬᠤᠶ ᠶᠢ ᠠᠳᠬᠤᠬᠤ᠂ ᠬᠥᠭᠵᠢᠯᠲᠡ ᠶᠢ | ᠠᠳᠬᠤᠬᠤ᠂ ᠨᠠᠶᠢᠳᠠᠪᠤᠷᠢᠵᠢᠭᠤᠯᠤᠯᠲᠠ ᠶᠢ ᠠᠳᠬᠤᠬᠤ ᠳᠡᠭᠡᠷ᠎ᠡ ᠲᠠᠯᠪᠢᠨ᠎ᠠ᠃ ᠬᠠᠷᠢᠭᠤᠴᠠᠯᠭ᠎ᠠ ᠡᠭᠦᠷᠭᠡᠯᠡᠯ ᠢ ᠴᠢᠩᠭᠠᠳᠬᠠᠵᠤ᠂ ᠠᠯᠳᠠᠭ᠎ᠠ ᠪᠤᠷᠤᠭᠤ ᠶᠢ | ᠠᠭᠤᠴᠢᠯᠠᠨ ᠪᠠᠭᠲᠠᠭᠠᠬᠤ᠂ ᠵᠠᠯᠠᠷᠠᠭᠤᠯᠬᠤ ᠲᠣᠭᠲᠠᠴᠠ ᠶᠢ ᠲᠡᠭᠦᠯᠳᠡᠷᠵᠢᠭᠦᠯᠵᠦ᠂ ᠺᠠᠳ᠋ᠷ ᠤᠨ ᠵᠣᠷᠢᠭᠲᠠᠶ ᠡᠭᠦᠷᠭᠡᠯᠡᠬᠦ᠂ ᠡᠭᠦᠷᠭᠡᠯᠡᠵᠦ ᠴᠢᠳᠠᠬᠤ᠂ ᠠᠵᠢᠯ ᠬᠢᠵᠦ | ᠴᠢᠳᠠᠬᠤ᠂ ᠠᠵᠢᠯ ᠶᠠᠪᠤᠳᠠᠯ ᠪᠦᠲᠦᠭᠡᠬᠦ ᠳᠡᠭᠡᠨ ᠴᠢᠳᠠᠮᠠᠭᠠᠶ ᠪᠠᠶᠢᠬᠤ ᠶᠢ ᠵᠣᠷᠢᠭᠵᠢᠭᠤᠯᠤᠨ᠎ᠠ᠃ | ᠳᠥᠷᠪᠡ ᠳᠤ ᠠᠷᠢᠭᠤᠨ ᠴᠢᠬᠡᠴᠢ ᠵᠠᠰᠠᠭ ᠤᠨ ᠣᠷᠳᠣᠨ ᠢ ᠪᠠᠶᠢᠭᠤᠯᠤᠨ᠎ᠠ᠃ ᠤᠯᠤᠰ ᠲᠥᠷᠥ ᠶᠢᠨ ᠰᠠᠬᠢᠯᠭ᠎ᠠ ᠪᠠᠲᠤ ᠪᠠ ᠤᠯᠤᠰ ᠲᠥᠷᠥ ᠶᠢᠨ ᠶᠣᠰᠣ | ᠲᠦᠷᠢᠮ ᠢ ᠴᠢᠩᠭ᠎ᠠ ᠰᠠᠬᠢᠵᠤ᠂ ᠨᠠᠮ ᠢ ᠪᠥᠬᠦ ᠲᠠᠯ᠎ᠠ ᠪᠠᠷ ᠴᠢᠩᠭ᠎ᠠ ᠵᠠᠰᠠᠬᠤ ᠬᠠᠷᠢᠭᠤᠴᠠᠯᠭ᠎ᠠ ᠶᠢ ᠬᠢᠨᠠᠮᠠᠭᠠᠶ ᠨᠠᠶᠢᠳᠠᠪᠤᠷᠢᠵᠢᠭᠤᠯᠵᠤ᠂《ᠨᠢᠭᠡ ᠠᠵᠢᠯ ᠤᠨ | ᠪᠠᠶᠢᠷᠢ ᠬᠤᠤᠰ ᠬᠠᠷᠢᠭᠤᠴᠠᠯᠭ᠎ᠠ》 ᠶᠢ ᠴᠢᠩᠭ᠎ᠠ ᠭᠦᠶᠴᠡᠳᠬᠡᠨ᠎ᠡ᠃ ᠠᠷᠢᠭᠤᠨ ᠴᠢᠬᠡᠴᠢ ᠪᠠᠷ ᠵᠠᠰᠠᠭ ᠪᠠᠷᠢᠬᠤ ᠠᠶᠤᠯ ᠲᠦᠭᠰᠢᠭᠦᠷᠢ ᠶᠢ ᠭᠦᠨᠵᠡᠭᠡᠶ ᠵᠢᠭᠰᠠᠭᠠᠨ | ᠪᠠᠶᠢᠴᠠᠭᠠᠵᠤ᠂ ᠠᠷᠢᠭᠤᠨ ᠴᠢᠬᠡᠴᠢ ᠪᠠᠷ ᠪᠡᠶ᠎ᠡ ᠪᠠᠨ ᠪᠠᠷᠢᠬᠤ ᠪᠠᠷᠢᠮᠵᠢᠶ᠎ᠠ ᠶᠢ ᠴᠢᠩᠭ᠎ᠠ ᠵᠢᠷᠤᠮᠯᠠᠨ᠎ᠠ᠃ ᠲᠥᠪ ᠬᠤᠷᠢᠶᠠᠨ ᠤ ᠨᠠᠶᠮᠠᠨ ᠵᠤᠷᠪᠤᠰ ᠲᠣᠭᠲᠠᠭᠠᠯ ᠵᠢᠴᠢ | ᠲᠡᠭᠦᠨ ᠤ ᠬᠡᠷᠡᠭᠵᠢᠭᠦᠯᠬᠦ ᠨᠠᠷᠢᠨ ᠲᠦᠷᠢᠮ ᠤᠨ ᠵᠣᠷᠢᠭ ᠰᠠᠨᠠᠭ᠎ᠠ ᠶᠢ ᠡᠷᠡᠰ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠰᠤᠷᠲᠠᠯ ᠢ ᠴᠡᠭᠴᠡᠯᠡᠨ ᠰᠠᠬᠢᠯᠭ᠎ᠠ ᠪᠠᠲᠤ | ᠶᠢ ᠴᠢᠩᠭᠠᠳᠬᠠᠵᠤ᠂ ᠰᠤᠷᠲᠠᠯ ᠢ ᠰᠢᠨᠲᠠᠷᠠᠰᠢ ᠦᠭᠡᠢ ᠬᠤᠪᠢᠷᠠᠭᠤᠯᠤᠨ᠎ᠠ᠃ ᠵᠠᠰᠠᠭ ᠤᠨ ᠣᠷᠳᠣᠨ ᠤ ᠪᠦᠬᠦ ᠠᠵᠢᠯᠲᠠᠳ ᠪᠢᠰᠢᠷᠡᠨ ᠵᠢᠷᠦᠬᠡᠰᠢᠶᠡᠬᠦ ᠶᠢ ᠮᠡᠳᠡᠵᠦ᠂ | ᠬᠤᠷᠢᠭ᠎ᠠ ᠱᠤᠭᠤᠮ ᠢ ᠰᠠᠬᠢᠵᠤ᠂ ᠠᠷᠢᠭᠤᠨ ᠴᠢᠬᠡᠴᠢ᠂ ᠠᠵᠢᠯᠴᠢ ᠬᠢᠴᠢᠶᠡᠩᠭᠦᠶ ᠪᠠᠷ ᠵᠠᠰᠠᠭ ᠪᠠᠷᠢᠵᠤ ᠪᠣᠳᠠᠲᠠᠢ ᠶᠢ ᠡᠷᠬᠢᠮᠯᠡᠬᠦ ᠪᠠᠷ ᠳᠠᠮᠵᠢᠨ ᠠᠷᠠᠳ ᠤᠯᠠᠨ ᠤ | ᠢᠲᠡᠭᠡᠯ ᠪᠠ ᠳᠡᠮᠵᠢᠯᠭᠡ ᠶᠢ ᠤᠯᠬᠤ ᠬᠡᠷᠡᠭᠲᠡᠢ᠃ ᠠᠷᠪᠢᠯᠠᠨ ᠭᠠᠮᠨᠠᠵᠤ ᠠᠮᠢᠳᠤᠷᠠᠬᠤ ᠦᠵᠡᠯ ᠰᠠᠨᠠᠭ᠎ᠠ ᠶᠢ ᠪᠠᠲᠤ ᠪᠠᠬᠢ ᠪᠤᠢ ᠪᠣᠯᠭᠠᠵᠤ᠂ ᠨᠡᠩ ᠤᠯᠠᠨ ᠡᠬᠢ | ᠪᠠᠶᠠᠯᠢᠭ ᠪᠠ ᠡᠳ᠋ ᠤᠨ ᠬᠦᠴᠦᠨ ᠢ ᠬᠥᠭᠵᠢᠯᠲᠡ ᠶᠢ ᠠᠬᠢᠭᠤᠯᠬᠤ ᠪᠠ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠳᠡᠭᠡᠷ᠎ᠡ ᠬᠡᠷᠡᠭᠯᠡᠨ᠎ᠡ᠃ | ᠲᠥᠯᠥᠭᠡᠯᠡᠭᠴᠢᠳ ᠡ︕ ᠠᠷᠠᠳ ᠲᠦᠮᠡᠨ ᠤ ᠬᠦᠰᠡᠯ ᠡᠷᠡᠮᠡᠯᠵᠡᠯ ᠪᠣᠯ ᠵᠠᠰᠠᠭ ᠲᠥᠷᠥ ᠶᠢᠨ ᠬᠠᠨᠳᠤᠰᠢ ᠮᠥᠨ᠃ ᠪᠢᠳᠡ ᠰᠢ ᠶᠢᠨ ᠫᠢᠩ ᠨᠥᠬᠦᠷ ᠢᠶᠠᠷ | ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ᠂ ᠲᠣᠭᠤᠷᠢᠭ ᠤᠨ ᠨᠠᠮ ᠤᠨ ᠬᠤᠷᠢᠶᠠᠨ ᠤ ᠪᠠᠲᠤ ᠴᠢᠩᠭ᠎ᠠ | ᠤᠳᠤᠷᠢᠳᠤᠯᠭ᠎ᠠ ᠳᠣᠣᠷ᠎ᠠ᠂ ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠥᠷᠯᠥᠭᠡ ᠦᠳᠡᠰᠢ ᠶᠢ ᠲᠡᠮᠡᠴᠡᠨ | ᠵᠠᠯᠠᠭᠤ ᠨᠠᠰᠤ ᠪᠠᠨ ᠬᠥᠰᠡᠷᠳᠡᠭᠦᠯᠬᠦ ᠦᠭᠡᠢ᠂ ᠨᠡᠩ ᠣᠷᠭᠢᠯᠤᠮ᠎ᠠ ᠬᠠᠯᠠᠭᠤᠨ ᠰᠡᠳᠬᠢᠯᠭᠡ᠂ ᠨᠡᠩ ᠴᠤᠭ ᠪᠠᠳᠠᠷᠠᠩᠭᠤᠢ ᠲᠡᠮᠡᠴᠡᠯ ᠤᠨ ᠵᠣᠷᠢᠭ ᠢᠶᠠᠷ ᠰᠢᠨ᠎ᠡ | ᠵᠢᠳᠬᠦᠯ ᠴᠢᠷᠮᠠᠶᠢᠯᠭ᠎ᠠ ᠭᠠᠷᠭᠠᠵᠤ᠂ ᠰᠢᠨ᠎ᠡ ᠠᠮᠵᠢᠯᠲᠠ ᠪᠦᠲᠦᠮᠵᠢ ᠶᠢ ᠡᠭᠦᠳᠴᠦ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠴᠠᠭ ᠦᠶ᠎ᠡ ᠶᠢᠨ | ᠬᠦᠰᠡᠯ ᠵᠡᠭᠦᠳᠦ ᠪᠠᠨ ᠭᠠᠷ ᠬᠤᠯᠪᠣᠨ ᠬᠠᠮᠲᠤᠪᠠᠷ ᠪᠡᠶᠡᠯᠡᠭᠦᠯᠵᠦ᠂ ᠵᠣᠯ ᠵᠢᠷᠭᠠᠯᠲᠤ ᠪᠠᠶ᠋ᠬᠠᠣᠪᠤᠭ᠎ᠠ ᠶᠢᠨ ᠭᠡᠷᠡᠯ ᠰᠠᠴᠤᠷᠠᠩᠭᠤᠢ ᠬᠠᠭᠤᠳᠠᠰᠤ ᠶᠢ ᠪᠢᠴᠢᠭᠯᠡᠵᠡᠭᠡᠶ᠎ᠡ︕ | | |