ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ 2020 ᠣᠨ ᠤ  ᠲᠤᠰᠬᠠᠢ ᠰᠡᠳᠦᠪᠲᠦ ᠰᠤᠷᠪᠤᠯᠵᠢᠯᠠᠭ᠎ᠠ
ᠨᠡᠶᠢᠲᠡᠯᠡᠭᠰᠡᠨ ᠴᠠᠭ᠄
2020-06-17
     ᠴᠠᠭ᠄ 2020 — 06 — 17      ᠵᠣᠴᠢᠨ᠄ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶᠠᠨ ᠤ ᠳᠠᠷᠤᠭ᠎ᠠ ᠢᠦᠶ ᠶᠦᠩ ᠰᠢᠨ      ᠠᠬᠤᠢ ᠪᠠᠶᠢᠳᠠᠯ᠄ 2020 ᠣᠨ ᠳᠤ ᠪᠠᠶ᠋ᠬᠠᠣᠪᠤᠭ᠎ᠠ ᠠᠭᠤᠷᠬᠠᠶ ᠶᠢᠨ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠬᠤᠶᠠᠷ ᠬᠤᠷᠠᠯ ᠳᠤ ᠬᠤᠯᠪᠣᠭᠳᠠᠭᠰᠠᠨ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠲᠣᠭᠤᠷᠢᠨ ᠳᠤ ᠠᠷᠠᠳ ᠠᠴᠠ ᠡᠵᠡᠩᠨᠡᠭᠰᠡᠨ ᠠᠵᠤ ᠠᠬᠤᠶ ᠶᠢ ᠳᠡᠮᠵᠢᠨ᠎ᠡ᠂ ᠬᠡᠷᠡᠭᠯᠡᠭᠡᠨ ᠤ ᠵᠠᠬ᠎ᠠ ᠳᠡᠯᠭᠡᠭᠦᠷ ᠤᠨ ᠠᠮᠢᠵᠢᠷᠠᠯ ᠤᠨ ᠬᠦᠴᠦᠨ ᠢ ᠬᠥᠭᠵᠢᠭᠡᠬᠦ ᠵᠡᠷᠭᠡ ᠭᠤᠤᠯᠳᠠᠯᠭ᠎ᠠ ᠲᠠᠢ ᠠᠵᠢᠯ ᠢ ᠤᠷᠮᠠᠰᠢᠭᠤᠯᠤᠨ᠎ᠠ  ᠃      2020 ᠣᠨ ᠳᠤ ᠪᠠᠶ᠋ᠬᠠᠣᠪᠤᠭ᠎ᠠ ᠠᠭᠤᠷᠬᠠᠶ ᠶᠢᠨ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠬᠤᠶᠠᠷ ᠬᠤᠷᠠᠯ ᠳᠤ ᠬᠤᠯᠪᠣᠭᠳᠠᠭᠰᠠᠨ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠲᠣᠭᠤᠷᠢᠨ ᠳᠤ ᠠᠷᠠᠳ ᠠᠴᠠ ᠡᠵᠡᠩᠨᠡᠭᠰᠡᠨ ᠠᠵᠤ ᠠᠬᠤᠶ ᠶᠢ ᠳᠡᠮᠵᠢᠨ᠎ᠡ᠂ ᠬᠡᠷᠡᠭᠯᠡᠭᠡᠨ ᠤ ᠵᠠᠬ᠎ᠠ ᠳᠡᠯᠭᠡᠭᠦᠷ ᠤᠨ ᠠᠮᠢᠵᠢᠷᠠᠯ ᠤᠨ ᠬᠦᠴᠦᠨ ᠢ ᠬᠥᠭᠵᠢᠭᠡᠬᠦ ᠵᠡᠷᠭᠡ ᠭᠤᠤᠯᠳᠠᠯᠭ᠎ᠠ ᠲᠠᠢ ᠠᠵᠢᠯ ᠢ ᠤᠷᠮᠠᠰᠢᠭᠤᠯᠤᠨ᠎ᠠ  ᠃     ᠨᠢᠭᠡ ᠳᠤ᠂ ︽ᠭᠤᠷᠪᠠᠨ ᠶᠡᠭᠡ ᠠᠮᠤᠷ ᠲᠦᠪᠰᠢᠨ︾᠎ ᠢ ᠴᠢᠩᠭ᠎ᠠ ᠰᠠᠬᠢᠵᠤ᠂ ᠡᠳᠦᠷ ᠲᠤᠲᠤᠮ ᠤᠨ ᠬᠢᠨᠠᠯᠲᠠ ᠬᠠᠮᠢᠶᠠᠷᠤᠯᠲᠠ ᠶᠢ ᠪᠦᠬᠦ ᠬᠦᠴᠦᠨ ᠢᠶᠠᠷ ᠴᠢᠩᠭᠠᠳᠬᠠᠨ᠎ᠠ᠃ ᠢᠳᠡᠭᠡᠨ ᠪᠠ ᠡᠮ ᠤᠨ ᠵᠦᠢᠯ ᠤᠨ ᠠᠮᠤᠷ ᠲᠦᠪᠰᠢᠨ ᠢ ᠴᠢᠩᠭ᠎ᠠ ᠰᠠᠬᠢᠵᠤ᠂ ︽ᠳᠥᠷᠪᠡᠨ ᠬᠠᠮᠤᠭ ᠤᠨ ᠴᠢᠩᠭ᠎ᠠ︾ ᠱᠠᠭᠠᠷᠳᠠᠯᠭ᠎ᠠ ᠶᠢ ᠪᠠᠷᠢᠮᠲᠠᠯᠠᠵᠤ᠂ ᠢᠳᠡᠭᠡᠨ ᠤ  ᠵᠦᠢᠯ ᠎ ᠤᠨ ᠦᠢᠯᠡᠳᠪᠦᠷᠢᠯᠡᠯ ᠤᠨ ᠵᠢᠵᠢᠭ ᠦᠢᠯᠡᠳᠬᠡᠯ ᠤᠨ ᠭᠠᠵᠠᠷ᠂ ᠰᠦᠯᠵᠢᠶᠡᠨ ᠳᠡᠭᠡᠷ᠎ᠡ ᠬᠤᠭᠤᠯᠠ ᠵᠠᠬᠢᠶᠠᠯᠠᠬᠤ ᠬᠢᠨᠠᠯᠲᠠ ᠬᠠᠮᠢᠶᠠᠷᠤᠯᠲᠠ ᠶᠢᠨ ᠡᠷᠴᠢᠮ ᠢ ᠴᠢᠩᠭᠠᠷᠠᠭᠤᠯᠵᠤ᠂ ᠬᠠᠤᠯᠢ ᠪᠤᠰᠤ ᠬᠡᠭᠡᠷ᠎ᠡ ᠶᠢᠨ ᠠᠮᠢᠲᠠᠨ ᠤ ᠠᠷᠠᠯᠵᠢᠶᠠᠨ ᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠭᠤᠤᠯᠳᠠᠯᠭ᠎ᠠ ᠲᠠᠢ ᠢᠳᠡᠭᠡᠨ ᠤ ᠠᠶᠤᠯ ᠦᠭᠡᠶ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠭᠤᠤᠯᠳᠠᠯᠭ᠎ᠠ ᠲᠠᠢ ᠪᠠᠷ ᠰᠤᠷᠭᠠᠭᠤᠯᠢ ᠶᠢᠨ ᠬᠦᠷᠢᠶᠡᠨ ᠤ ᠢᠳᠡᠭᠡᠨ ᠤ ᠠᠶᠤᠯ ᠦᠭᠡᠶ ᠶᠢ ᠪᠠᠶᠢᠴᠠᠭᠠᠬᠤ ᠬᠡᠷᠡᠭᠲᠡᠶ᠃ ᠳᠠᠬᠢᠪᠠᠯ ᠣᠨᠴᠠ ᠲᠦᠷᠦᠯ ᠤᠨ ᠲᠤᠨᠤᠭ ᠲᠥᠬᠦᠭᠡᠷᠦᠮᠵᠢ ᠶᠢᠨ ᠠᠮᠤᠷ ᠲᠦᠪᠰᠢᠨ ᠢ ᠴᠢᠩᠭ᠎ᠠ ᠰᠠᠬᠢᠨ᠎ᠠ᠃ ᠡᠳᠡᠭᠡᠷ ᠳᠠᠯᠳᠠ ᠭᠡᠮ ᠢ ᠵᠢᠭᠰᠠᠭᠠᠨ ᠪᠠᠶᠢᠴᠠᠭᠠᠬᠤ ᠳᠤ ᠠᠶᠤᠯ ᠲᠦᠭᠰᠢᠭᠦᠷᠢ ᠶᠢ ᠳᠡᠰ ᠬᠤᠪᠢᠶᠠᠨ ᠬᠠᠮᠢᠶᠠᠷᠤᠨ ᠡᠵᠡᠮᠳᠡᠵᠦ᠂ ᠠᠵᠤ ᠠᠬᠤᠶᠢᠯᠠᠯ ᠤᠨ ᠭᠤᠤᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢ ᠰᠢᠮᠳᠠᠭᠤᠯᠵᠤ᠂ ᠪᠢᠳᠡ ᠤᠯᠠᠮ ᠨᠢᠭᠡ ᠠᠯᠬᠤᠮ ᠴᠡᠭᠴᠡᠯᠡᠨ ᠰᠠᠶᠢᠵᠢᠷᠠᠭᠤᠯᠤᠨ᠎ᠠ᠃ ᠳᠠᠬᠢᠪᠠᠯ ᠭᠤᠣᠯᠳᠠᠯᠭ᠎ᠠ ᠲᠠᠢ ᠠᠵᠤ ᠦᠢᠯᠡᠳᠪᠦᠷᠢ ᠶᠢᠨ ᠦᠢᠯᠡᠳᠬᠦᠨ ᠤ ᠶᠠᠰᠤ ᠴᠢᠨᠠᠷ ᠤᠨ ᠠᠮᠤᠷ ᠲᠦᠪᠰᠢᠨ ᠢ ᠴᠢᠩᠭ᠎ᠠ ᠰᠠᠬᠢᠵᠤ᠂ ᠠᠭᠠᠷ ᠮᠠᠨᠳᠠᠯ ᠤᠨ ᠪᠣᠬᠢᠷᠲᠤᠯ ᠢ ᠰᠡᠷᠭᠡᠶᠢᠯᠡᠨ ᠵᠠᠰᠠᠬᠤ ᠨᠡᠭᠦᠷᠡᠰᠦᠨ ᠤ ᠴᠢᠨᠠᠷ ᠢ ᠬᠢᠨᠠᠨ ᠬᠠᠮᠢᠶᠠᠷᠬᠤ ᠪᠠ ᠲᠦᠭᠦᠬᠡᠶ ᠨᠡᠭᠦᠷᠡᠰᠦ ᠶᠢ ᠰᠤᠯᠠ ᠰᠢᠲᠠᠭᠠᠬᠤ ᠶᠢ ᠵᠠᠰᠠᠬᠤ ᠳᠤ ᠬᠢᠷᠢ ᠲᠡᠩᠴᠡᠬᠦ ᠦᠭᠡᠶ ᠠᠵᠤ ᠠᠬᠤᠶᠢᠯᠠᠯ ᠢ ᠰᠢᠢᠳᠪᠦᠷᠢᠯᠡᠬᠦ ᠠᠵᠢᠯ ᠢ ᠴᠢᠩᠭ᠎ᠠ ᠥᠷᠨᠢᠭᠦᠯᠬᠦ ᠬᠡᠷᠡᠭᠲᠡᠶ᠃      ᠬᠤᠶᠠᠷ ᠲᠤ᠂ ︽ᠭᠤᠷᠪᠠᠨ ᠶᠡᠭᠡ ᠣᠷᠴᠢᠨ ᠲᠣᠭᠤᠷᠢᠨ︾᠎ ᠢ ᠰᠢᠯᠢᠳᠡᠭᠵᠢᠭᠦᠯᠵᠦ᠂ ︽ᠴᠢᠯᠦᠭᠡᠲᠡᠢ ᠲᠠᠯᠪᠢᠵᠤ ᠬᠢᠨᠠᠨ ᠬᠠᠮᠢᠶᠠᠷᠬᠤ︾ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠲᠠᠯ᠎ᠠ ᠪᠠᠷ ᠳᠠᠬᠢᠨᠲᠠ ᠴᠢᠷᠮᠠᠶᠢᠨ᠎ᠠ᠃ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠦᠷᠭᠦᠯᠵᠢᠯᠡᠨ ᠰᠢᠯᠢᠳᠡᠭᠵᠢᠭᠦᠯᠵᠦ᠂ ᠤᠴᠢᠷ ᠶᠠᠪᠤᠳᠠᠯ ᠤᠨ ᠳᠤᠮᠳᠠ ᠪᠠ ᠤᠴᠢᠷ ᠶᠠᠪᠤᠳᠠᠯ ᠤᠨ ᠳᠠᠷᠠᠭᠠᠬᠢ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠵᠠᠬ᠎ᠠ ᠳᠡᠯᠭᠡᠭᠦᠷ ᠤᠨ ᠡᠮᠬᠢ ᠳᠢᠭᠯᠢᠮ ᠤᠨ ᠲᠣᠭᠲᠠᠭᠤᠨ ᠪᠠᠶᠢᠳᠠᠯ ᠢ ᠬᠠᠮᠠᠭᠠᠯᠠᠵᠤ᠂ ᠠᠷᠠᠳ ᠣᠯᠠᠨ ᠳᠤ ᠨᠠᠩ ᠣᠯᠠᠨ ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯᠲᠤ ᠲᠥᠷᠥᠭᠳᠡᠯ ᠪᠠ ᠠᠮᠤᠷ ᠲᠦᠪᠰᠢᠨ ᠤ ᠲᠥᠷᠥᠭᠳᠡᠯ ᠲᠠᠢ ᠪᠣᠯᠭᠠᠬᠤ ᠪᠠᠷ ᠴᠢᠷᠮᠠᠶᠢᠬᠤ ᠬᠡᠷᠡᠭᠲᠡᠶ᠃ ᠵᠠᠬ᠎ᠠ ᠳᠡᠯᠭᠡᠭᠦᠷ ᠲᠤ ᠣᠷᠣᠬᠤ ᠶᠢ ᠵᠥᠪᠰᠢᠶᠡᠷᠡᠬᠦ ᠥᠨᠳᠥᠷ ᠪᠦᠲᠦᠮᠵᠢᠲᠡᠶ ᠣᠷᠴᠢᠨ ᠲᠣᠭᠤᠷᠢᠨ ᠢ ᠰᠢᠯᠢᠳᠡᠭᠵᠢᠭᠦᠯᠵᠦ᠂ ᠡᠷᠬᠡ ᠲᠡᠭᠰᠢ ᠡᠮᠬᠢ ᠵᠢᠷᠤᠮ ᠲᠠᠢ ᠥᠷᠢᠰᠥᠯᠳᠦᠭᠡᠨ ᠤ ᠣᠷᠴᠢᠨ ᠲᠣᠭᠤᠷᠢᠨ ᠢ ᠰᠢᠯᠢᠳᠡᠭᠵᠢᠭᠦᠯᠬᠦ ᠶᠢᠨ ᠬᠠᠮᠲᠤ ᠪᠠᠰᠠ ᠠᠮᠤᠷ ᠲᠦᠪᠰᠢᠨ ᠰᠠᠨᠠᠭ᠎ᠠ ᠠᠮᠤᠷ ᠬᠡᠷᠡᠭᠯᠡᠭᠡᠨ ᠤ ᠣᠷᠴᠢᠨ ᠲᠣᠭᠤᠷᠢᠨ ᠢ ᠰᠢᠯᠢᠳᠡᠭᠵᠢᠭᠦᠯᠬᠦ ᠬᠡᠷᠡᠭᠲᠡᠶ᠃     ᠭᠤᠷᠪᠠ ᠳᠤ᠂ ᠬᠤᠶᠠᠷ ᠶᠡᠭᠡ ᠪᠠᠶᠢᠯᠳᠤᠬᠤ ᠪᠣᠳᠣᠯᠭ᠎ᠠ ᠶᠢ ᠠᠬᠢᠭᠤᠯᠵᠤ᠂ ᠴᠢᠨᠠᠷ ᠰᠠᠶᠢᠲᠠᠶ ᠬᠥᠭᠵᠢᠯᠲᠡ ᠳᠤ ᠦᠢᠯᠡᠴᠢᠯᠡᠬᠦ ᠲᠠᠯ᠎ᠠ ᠪᠠᠷ ᠳᠠᠬᠢᠨᠲᠠ ᠴᠢᠷᠮᠠᠶᠢᠨ᠎ᠠ᠃ ᠶᠠᠰᠤ ᠴᠢᠨᠠᠷ ᠢ ᠲᠡᠷᠢᠭᠦᠨ ᠳᠤ ᠲᠠᠯᠪᠢᠨ᠂ ᠪᠠᠷᠢᠮᠵᠢᠶ᠎ᠠ ᠪᠠᠷ ᠬᠥᠲᠥᠯᠥᠨ ᠳᠠᠭᠠᠭᠤᠯᠵᠤ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢ ᠠᠬᠢᠭᠤᠯᠬᠤ ᠠᠵᠢᠯ ᠤᠨ ᠲᠣᠭᠲᠠᠴᠠ ᠶᠢ ᠭᠦᠨᠵᠡᠭᠡᠶ ᠠᠬᠢᠭᠤᠯᠵᠤ᠂ ᠶᠠᠰᠤ ᠴᠢᠨᠠᠷ ᠤᠨ ᠦᠢᠯᠡᠴᠢᠯᠡᠭᠡ ᠪᠠ ᠰᠢᠨ᠎ᠡ ᠶᠢ ᠡᠭᠦᠳᠬᠦ ᠪᠠᠷ ᠬᠥᠲᠥᠯᠥᠨ ᠳᠠᠭᠠᠭᠤᠯᠬᠤ ᠶᠢ ᠠᠬᠢᠭᠤᠯᠵᠤ᠂ ᠶᠠᠰᠤ ᠴᠢᠨᠠᠷ ᠢᠶᠠᠷ ᠲᠣᠭᠤᠷᠢᠭ ᠢᠶᠠᠨ ᠬᠦᠴᠦᠷᠬᠡᠭᠵᠢᠭᠦᠯᠬᠦ ᠪᠠᠶᠢᠯᠳᠤᠬᠤ ᠪᠣᠳᠣᠯᠭ᠎ᠠ ᠶᠢ ᠦᠷᠭᠦᠯᠵᠢᠯᠡᠨ ᠠᠬᠢᠭᠤᠯᠵᠤ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠪᠠᠶᠢᠯᠳᠤᠬᠤ ᠪᠣᠳᠣᠯᠭ᠎ᠠ ᠶᠢ ᠯᠠᠪᠳᠠᠭᠤᠨ ᠪᠠᠲᠤᠲᠠᠶ ᠠᠬᠢᠭᠤᠯᠤᠨ᠎ᠠ᠃      ᠲᠦᠷᠪᠡ ᠳᠤ᠂ ︽ᠬᠤᠶᠠᠷ ᠶᠡᠭᠡ ᠠᠷᠭ᠎ᠠ ᠪᠠᠷᠢᠯ︾᠎ ᠢ ᠴᠢᠩᠭᠠᠳᠬᠠᠵᠤ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠢᠰᠲ᠋ᠧᠮ ᠢ ᠬᠦᠴᠦᠯᠡᠨ ᠲᠡᠭᠦᠯᠳᠡᠷᠵᠢᠭᠦᠯᠦᠨ᠎ᠡ᠃ ︽ᠬᠤᠶᠠᠷ ᠢ ᠲᠣᠬᠢᠶᠠᠯᠳᠤᠭᠤᠯᠤᠨ᠂ ᠨᠢᠭᠡ ᠶᠢ ᠢᠯᠡ ᠪᠣᠯᠭᠠᠬᠤ︾ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠰᠠᠯᠠᠭ᠎ᠠ ᠮᠥᠴᠢᠷ ᠠᠯᠤᠰᠯᠠᠭᠰᠠᠨ ︽ᠬᠤᠶᠠᠷ ᠢ ᠲᠣᠬᠢᠶᠠᠯᠳᠤᠯ ᠢᠶᠠᠷ ᠰᠣᠩᠭᠤᠬᠤ᠂ ᠨᠢᠭᠡ ᠶᠢ ᠢᠯᠡ ᠪᠣᠯᠭᠠᠬᠤ︾  ᠬᠠᠮᠲᠤᠷᠠᠨ ᠰᠤᠭᠤᠴᠢᠨ ᠪᠠᠶᠢᠴᠠᠭᠠᠬᠤ ᠶᠢ ᠪᠦᠬᠦ ᠲᠠᠯ᠎ᠠ ᠪᠠᠷ ᠠᠬᠢᠭᠤᠯᠵᠤ᠂ ᠲᠣᠬᠢᠶᠠᠯᠳᠤᠯ ᠢᠶᠠᠷ ᠰᠤᠭᠤᠴᠢᠨ ᠪᠠᠶᠢᠴᠠᠭᠠᠭᠰᠠᠨ ᠦᠷ᠎ᠡ ᠳ᠋ᠦᠩ ᠢ ᠢᠯᠡ ᠨᠡᠶᠢᠲᠡᠯᠡᠬᠦ ᠪᠠ ᠮᠡᠳᠡᠭᠡ ᠵᠠᠩᠭᠢ ᠶᠢ ᠬᠠᠮᠲᠤᠪᠠᠷ ᠡᠳ᠋ᠯᠡᠬᠦ ᠶᠢ ᠰᠠᠶᠢᠲᠤᠷ ᠬᠢᠵᠦ᠂ ᠢᠲᠡᠭᠡᠮᠵᠢ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠎ᠠ᠃      ᠲᠠᠪᠤ ᠳᠤ᠂ ︽ᠭᠤᠷᠪᠠᠨ ᠶᠡᠭᠡ ᠪᠠᠶᠢᠭᠤᠯᠤᠯᠲᠠ︾᠎ ᠶᠢ ᠠᠬᠢᠭᠤᠯᠵᠤ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠭᠡᠬᠦ ᠡᠩᠨᠡᠭᠡ ᠶᠢ ᠳᠠᠪᠲᠠᠨ ᠪᠠᠶᠢᠭᠤᠯᠤᠨ᠎ᠠ᠃ ᠪᠢᠳᠡ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠬᠠᠤᠯᠢ ᠪᠠᠷ ᠵᠠᠰᠠᠬᠤ ᠪᠠᠶᠢᠭᠤᠯᠤᠯᠲᠠ ᠶᠢ ᠠᠬᠢᠭᠤᠯᠵᠤ᠂ ᠭᠤᠤᠯᠳᠠᠯᠭ᠎ᠠ ᠲᠠᠢ ᠬᠦᠷᠢᠶᠡᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠮᠡᠳᠡᠭᠡ ᠵᠠᠩᠬᠢᠵᠢᠭᠤᠯᠬᠤ ᠪᠠᠶᠢᠭᠤᠯᠤᠯᠲᠠ ᠶᠢ ᠲᠦᠷᠭᠡᠳᠬᠡᠵᠦ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠡᠩᠨᠡᠭᠡᠨ ᠤ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠬᠤ ᠬᠡᠷᠡᠭᠲᠡᠶ᠃ ᠡᠳᠡᠭᠡᠷ ᠪᠦᠳᠦᠭᠡᠨ ᠪᠠᠶᠢᠭᠤᠯᠤᠯᠲᠠ ᠪᠠᠷ ᠳᠠᠮᠵᠢᠭᠤᠯᠤᠨ᠂ ᠶᠠᠰᠤ ᠴᠢᠨᠠᠷ ᠤᠨ ᠠᠮᠤᠷ ᠲᠦᠪᠰᠢᠨ ᠤ ᠬᠤᠷᠢᠭ᠎ᠠ ᠱᠤᠭᠤᠮ ᠢ ᠴᠢᠩᠭ᠎ᠠ ᠰᠠᠬᠢᠨ᠎ᠠ᠃ ᠮᠠᠨ ᠤ ᠲᠣᠪᠴᠢᠶ᠎ᠠ ᠬᠤᠶᠠᠷ ᠬᠤᠷᠠᠯ ᠤᠨ ᠵᠣᠷᠢᠭ ᠰᠠᠨᠠᠭ᠎ᠠ ᠶᠢ ᠪᠣᠳᠠᠲᠤ ᠠᠵᠢᠯᠯᠠᠭ᠎ᠠ ᠪᠠᠷ ᠢᠶᠠᠨ ᠰᠠᠶᠢᠲᠤᠷ  ᠲᠤᠭᠤᠰᠢᠯᠠᠭᠤᠯᠬᠤ ᠶᠢ ᠪᠡᠶᠡᠯᠡᠭᠦᠯᠬᠦ ᠪᠣᠯᠤᠨ᠎ᠠ᠃
 
ᠢᠷᠡᠯᠲᠡ᠄ ᠪᠠᠶ᠋ᠬᠠᠣᠪᠤᠭ᠎ᠠ ᠠᠭᠤᠷᠬᠠᠢ ᠶᠢᠨ ᠲᠣᠭᠤᠷᠢᠭ ᠤᠨ ᠵᠠᠰᠠᠭ ᠤᠨ ᠣᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号