ᠬᠤᠶᠠᠷ ᠬᠤᠷᠠᠯ ᠤᠨ ᠳᠠᠷᠠᠭ᠎ᠠ ᠱᠦᠵᠢ ᠶᠢ ᠰᠤᠷᠪᠤᠯᠵᠢᠯᠠᠪᠠ — ᠮᠣᠩᠭᠤᠯ ᠮᠣᠷᠢᠨ ᠤ ᠡᠷᠴᠢ ᠵᠣᠷᠢᠭ ᠢᠶᠠᠷ ᠪᠠᠶ᠋ᠬᠠᠣᠪᠤᠭ᠎ᠠ ᠠᠭᠤᠷᠬᠠᠢ ᠶᠢᠨ ᠲᠣᠭᠤᠷᠢᠭ ᠤᠨ ᠠᠷᠠᠳ ᠲᠦᠮᠡᠨ ᠳᠤ ᠵᠣᠯ ᠵᠢᠷᠭᠠᠯ ᠣᠯᠭᠤᠨ᠎ᠠ
ᠨᠡᠶᠢᠲᠡᠯᠡᠭᠰᠡᠨ ᠴᠠᠭ᠄
2020-06-03
     ᠴᠠᠭ : 2020 -06 - 03      ᠵᠣᠴᠢᠨ᠄  ᠪᠠᠶ᠋ᠬᠠᠣᠪᠤᠭ᠎ᠠ ᠠᠭᠤᠷᠬᠠᠶ ᠶᠢᠨ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠵᠠᠩ ᠶᠦᠩ ᠳ᠋ᠦᠩ      ᠠᠬᠤᠢ ᠪᠠᠶᠢᠳᠠᠯ᠄ ᠬᠤᠶᠠᠷ ᠬᠤᠷᠠᠯ ᠤᠨ ᠬᠤᠭᠤᠴᠠᠭᠠᠨ ᠳᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠬᠦᠮ ᠳᠤ ᠲᠠᠯᠪᠢᠭᠰᠠᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠦᠬᠦ ᠤᠯᠤᠰ ᠲᠤ ᠬᠠᠯᠭᠤᠨ ᠲᠤᠰᠬᠠᠯ ᠭᠠᠷᠪᠠ᠃ ᠳᠡᠯᠡᠬᠡᠶ ᠳᠤ ᠠᠯᠳᠠᠷᠰᠢᠭᠰᠠᠨ ᠬᠤᠪᠣᠷ ᠰᠢᠷᠣᠶ ᠶᠢᠨ ᠨᠤᠲᠤᠭ᠂ ᠪᠤᠭᠤᠲᠤ ᠬᠤᠲᠠ ᠶᠢᠨ ᠴᠣᠷ ᠤᠨ ᠭᠠᠭᠴᠠ ᠤᠯᠤᠰ ᠤᠨ ᠲᠡᠰ ᠤᠨ ᠲᠤᠰᠠᠭᠠᠷ ᠦᠢᠯᠡᠳᠪᠦᠷᠢ ᠠᠭᠤᠷᠬᠠᠢ ᠶᠢᠨ ᠣᠷᠣᠨ ᠪᠣᠯᠤᠭᠰᠠᠨ ᠤ ᠬᠤᠪᠢ ᠳᠤ ᠪᠠᠶ᠋ᠬᠠᠣᠪᠤᠭ᠎ᠠ ᠠᠭᠤᠷᠬᠠᠶ ᠶᠢᠨ ᠲᠣᠭᠤᠷᠢᠭ ᠠᠴᠠ ᠶᠡᠷᠦᠩᠬᠡᠶ ᠱᠦᠵᠢ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠬᠡᠷᠬᠢᠨ ᠰᠤᠷᠤᠯᠴᠠᠨ ᠲᠤᠤᠱᠯᠠᠭᠤᠯᠤᠨ ᠨᠠᠶᠢᠳᠠᠪᠤᠷᠢᠵᠢᠭᠤᠯᠬᠤ ᠪᠣᠶ︖ ᠲᠣᠭᠤᠷᠢᠭ ᠤᠨ ᠨᠡᠶᠢᠯᠡᠮᠡᠯ ᠵᠠᠭᠤᠴᠢᠯᠠᠭᠤᠷ ᠤᠨ ᠲᠥᠪ ᠤᠨ ᠰᠤᠷᠪᠤᠯᠵᠢᠯᠠᠭᠴᠢ ᠯᠢ ᠪᠥᠸᠧ  ᠲᠣᠭᠤᠷᠢᠭ ᠤᠨ ᠨᠠᠮ ᠤᠨ ᠬᠤᠷᠢᠶᠠᠨ ᠤ ᠱᠦᠵᠢ ᠵᠠᠩ ᠶᠦᠩ ᠳ᠋ᠦᠩ ᠢ ᠲᠤᠰᠬᠠᠶᠢᠯᠠᠨ ᠰᠤᠷᠪᠤᠯᠵᠢᠯᠠᠪᠠ᠃ ᠳᠣᠤᠷᠠᠬᠢ ᠪᠣᠯ ᠲᠤᠰᠬᠠᠶ ᠰᠤᠷᠪᠤᠯᠵᠢᠯᠠᠭᠰᠠᠨ ᠪᠣᠳᠠᠲᠤ ᠲᠡᠮᠳᠡᠭᠯᠡᠯ ᠪᠣᠯᠤᠨ᠎ᠠ᠃      ᠰᠤᠷᠪᠤᠯᠵᠢᠯᠠᠭᠴᠢ ᠯᠢ ᠪᠥᠸᠧ᠄ ᠡᠨᠡ ᠵᠢᠯ ᠤᠨ ᠬᠤᠶᠠᠷ ᠬᠤᠷᠠᠯ ᠤᠨ ᠬᠤᠭᠤᠴᠠᠭᠠᠨ ᠳᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠬᠦᠮ ᠤᠨ ᠬᠢᠨᠠᠨ ᠵᠥᠪᠯᠡᠬᠦ ᠳᠤ ᠣᠷᠣᠯᠴᠠᠬᠤ ᠦᠶ᠎ᠡ ᠶᠢᠨ ᠴᠢᠬᠤᠯᠠ ᠶᠠᠷᠢᠶ᠎ᠠ ᠪᠦᠬᠦ  ᠲᠣᠭᠤᠷᠢᠭ ᠲᠤ ᠴᠢᠩᠭ᠎ᠠ ᠲᠤᠰᠬᠠᠯ ᠭᠠᠷᠪᠠ᠃  ᠪᠠᠶ᠋ᠬᠠᠣᠪᠤᠭ᠎ᠠ ᠠᠭᠤᠷᠬᠠᠢ ᠶᠢᠨ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠪᠣᠯᠤᠭᠰᠠᠨ ᠤ ᠬᠤᠪᠢ ᠳᠤ᠂ ᠲᠠ ᠶᠠᠮᠠᠷ ᠲᠥᠷᠥᠭᠳᠡᠯ ᠲᠠᠢ ᠪᠤᠢ︖      ᠲᠣᠭᠤᠷᠢᠭ ᠤᠨ ᠨᠠᠮ ᠤᠨ ᠬᠤᠷᠢᠶᠠᠨ ᠤ ᠱᠦᠵᠢ ᠵᠠᠩ ᠶᠦᠩ ᠳ᠋ᠦᠩ᠄ ᠶᠡᠷᠦᠩᠬᠡᠶ ᠱᠦᠵᠢ ᠰᠢ ᠶᠢᠨ ᠫᠢᠩ ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠬᠦᠮ ᠤᠨ ᠬᠢᠨᠠᠨ ᠵᠥᠪᠯᠡᠬᠦ ᠳᠤ ᠣᠷᠣᠯᠴᠠᠬᠤ ᠳᠠᠭᠠᠨ ᠴᠢᠬᠤᠯᠠᠴᠢᠯᠠᠭᠰᠠᠨ ᠨᠢ᠂ ᠥᠪᠥᠷ ᠮᠣᠩᠭᠤᠯ ᠤᠨ ᠨᠥᠬᠦᠳ ︽ᠮᠣᠩᠭᠤᠯ ᠮᠣᠷᠢᠨ ᠤ ᠵᠣᠷᠢᠭ ᠰᠠᠨᠠᠭ᠎ᠠ︾᠎ ᠶᠢ ᠶᠡᠬᠡᠪᠡᠷ ᠪᠠᠳᠠᠷᠠᠭᠤᠯᠵᠤ᠂ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠡᠷᠡᠰ ᠲᠤᠤᠱᠯᠠᠭᠤᠯᠵᠤ᠂ ᠠᠷᠠᠳ ᠲᠦᠮᠡᠨ ᠢᠶᠠᠷ ᠭᠤᠤᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠵᠤ᠂ ᠮᠣᠩᠭᠤᠯ ᠮᠣᠷᠢᠨ ᠤ ᠵᠣᠷᠢᠭ ᠰᠠᠨᠠᠭ᠎ᠠ ᠶᠢ ᠪᠠᠳᠠᠷᠠᠭᠤᠯᠤᠨ᠎ᠠ ᠭᠡᠪᠡ᠃ ᠶᠡᠷᠦᠩᠬᠡᠢ ᠱᠦᠵᠢ ᠶᠢᠨ ᠮᠠᠨ ᠤ ᠥᠪᠥᠷ ᠮᠣᠩᠭᠤᠯ ᠤᠨ ᠡᠯ᠎ᠡ ᠦᠨᠳᠦᠰᠦᠲᠡᠨ ᠡᠯ᠎ᠡ ᠡᠲᠡᠭᠡᠳ ᠤᠨ ᠬᠢᠨ ᠳᠤ ᠥᠭᠭᠦᠭᠰᠡᠨ ᠭᠦᠨ ᠵᠤᠵᠠᠭᠠᠨ ᠬᠠᠶᠢᠷ᠎ᠠ ᠬᠠᠯᠠᠮᠵᠢ ᠶᠢᠨ ᠬᠦᠰᠡᠯ ᠡᠷᠡᠮᠡᠯᠵᠡᠯ ᠮᠥᠨ᠂ ᠪᠠᠰᠠ ᠴᠤ ᠪᠢᠳᠡᠨ ᠤ ᠬᠠᠷᠠᠯᠲᠠ ᠪᠠᠨ ᠪᠠᠲᠤ ᠲᠣᠭᠲᠠᠭᠠᠵᠤ᠂ ᠴᠥᠬᠦᠷᠡᠰᠢ ᠦᠭᠡᠢ ᠤᠷᠤᠭᠰᠢᠯᠠᠬᠤ ᠤᠶᠤᠨ ᠰᠠᠨᠠᠭᠠᠨ ᠤ ᠬᠥᠳᠡᠯᠭᠡᠬᠦ ᠬᠦᠴᠦᠨ ᠮᠥᠨ︔ ᠠᠷᠠᠳ ᠲᠦᠮᠡᠨ ᠢᠶᠠᠷ ᠭᠤᠣᠯ ᠪᠣᠯᠭᠠᠬᠤ ᠪᠣᠯ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠠᠴᠠ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠭᠤᠣᠯ ᠴᠢᠬᠤᠯᠠ ᠠᠭᠤᠯᠭ᠎ᠠ ᠶᠢᠨ ᠨᠢᠭᠡ ᠪᠣᠯᠤᠨ᠎ᠠ᠂ ᠮᠥᠨ ᠴᠦ ᠮᠠᠨ ᠤ ᠠᠯᠢᠪᠠ ᠠᠵᠢᠯ ᠤᠨ ᠡᠭᠦᠰᠦᠯᠲᠡ ᠪᠠ ᠲᠡᠭᠦᠰᠦᠯᠲᠡ ᠮᠥᠨ᠃ ᠪᠠᠶ᠋ᠬᠠᠣᠪᠤᠭ᠎ᠠ ᠠᠭᠤᠷᠬᠠᠶ ᠶᠢᠨ ᠲᠣᠭᠤᠷᠢᠭ ᠶᠡᠷᠦᠩᠬᠡᠶ ᠱᠦᠵᠢ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠬᠢᠨᠠᠮᠠᠭᠠᠶ ᠨᠠᠶᠢᠳᠠᠪᠤᠷᠢᠵᠢᠭᠤᠯᠵᠠᠶ᠃ ᠠᠷᠠᠳ ᠣᠯᠠᠨ ᠢ ᠬᠠᠮᠤᠭ ᠤᠨ ᠴᠢᠬᠤᠯᠠ ᠪᠠᠶᠢᠷᠢᠨ ᠳᠤ ᠲᠠᠯᠪᠢᠵᠤ᠂ ᠣᠯᠠᠨ ᠲᠦᠮᠡᠨ ᠤ ᠳᠣᠲᠣᠷ᠎ᠠ ᠠᠴᠠ ᠢᠷᠠᠵᠤ ᠣᠯᠠᠨ ᠲᠦᠮᠡᠨ ᠤ ᠳᠤᠮᠳᠠ ᠣᠴᠢᠬᠤ ᠶᠢ ᠪᠠᠷᠢᠮᠲᠠᠯᠠᠬᠤ ᠬᠡᠷᠡᠭᠲᠡᠶ᠃ ᠠᠷᠭ᠎ᠠ ᠪᠣᠳᠣᠯᠭ᠎ᠠ ᠶᠢ ᠠᠷᠠᠳ ᠠᠴᠠ ᠠᠰᠠᠭᠤᠬᠤ᠂ ᠬᠡᠷᠡᠭᠴᠡᠭᠡ ᠶᠢ ᠠᠷᠠᠳ ᠠᠴᠠ ᠠᠰᠠᠭᠤᠬᠤ᠂ ᠵᠠᠰᠠᠭ ᠤᠨ ᠶᠠᠪᠤᠳᠠᠯ ᠢ ᠠᠷᠠᠳ ᠠᠴᠠ ᠠᠰᠠᠭᠤᠬᠤ ᠶᠢ ᠪᠠᠷᠢᠮᠲᠠᠯᠠᠵᠤ᠂ ᠮᠣᠩᠭᠤᠯ ᠮᠣᠷᠢᠨ ᠤ ᠡᠷᠴᠢ ᠵᠣᠷᠢᠭ ᠬᠠᠳᠠᠨ ᠵᠣᠷᠢᠭ ᠢᠶᠠᠷ ᠨᠢᠭᠡ ᠰᠡᠳᠬᠢᠯ ᠨᠢᠭᠡ ᠵᠣᠷᠢᠭ ᠢᠶᠠᠷ ᠠᠭᠤᠷᠬᠠᠢ ᠶᠢᠨ ᠣᠷᠣᠨ ᠤ ᠠᠷᠠᠳ ᠲᠦᠮᠡᠨ ᠳᠤ ᠵᠣᠯ ᠵᠢᠷᠭᠠᠯ ᠣᠯᠭᠤᠨ᠎ᠠ᠃      ᠰᠤᠷᠪᠤᠯᠵᠢᠯᠠᠭᠴᠢ ᠯᠢ ᠪᠥᠸᠧ᠄ ︽ᠮᠣᠩᠭᠤᠯ ᠮᠣᠷᠢᠨ ᠤ ᠡᠷᠴᠢ ᠵᠣᠷᠢᠭ ᠢᠶᠠᠷ ᠨᠢᠭᠡ ᠰᠡᠳᠬᠢᠯ ᠨᠢᠭᠡ ᠵᠣᠷᠢᠭ ᠢᠶᠠᠷ ᠠᠭᠤᠷᠬᠠᠢ ᠶᠢᠨ ᠣᠷᠣᠨ ᠤ ᠠᠷᠠᠳ ᠲᠦᠮᠡᠨ ᠳᠤ ᠵᠣᠯ ᠵᠢᠷᠭᠠᠯ ᠡᠳ᠋ᠯᠡᠭᠦᠯᠦᠨ᠎ᠡ︾᠂ ᠲᠠ ᠦᠨᠡᠬᠡᠷ ᠰᠠᠶᠢᠬᠠᠨ ᠶᠠᠷᠢᠵᠤ ᠪᠠᠢᠨ᠎ᠠ᠃ ᠲᠡᠭᠡᠪᠡᠯ᠂ ᠣᠶᠢᠷ᠎ᠠ ᠶᠢᠨ ᠨᠢᠭᠡ ᠵᠢᠯ ᠤᠨ ᠲᠤᠷᠰᠢ᠂  ᠪᠠᠶ᠋ᠬᠠᠣᠪᠤᠭ᠎ᠠ ᠠᠭᠤᠷᠬᠠᠶ ᠶᠢᠨ ᠲᠣᠭᠤᠷᠢᠭ ᠴᠥᠮ ᠠᠷᠠᠳ ᠲᠦᠮᠡᠨ ᠳᠤ ᠶᠠᠮᠠᠷ ᠶᠠᠮᠠᠷ ᠰᠠᠶᠢᠨ ᠶᠠᠪᠤᠳᠠᠯ᠂ ᠪᠣᠳᠠᠲᠤ ᠶᠠᠪᠤᠳᠠᠯ ᠬᠢᠵᠦ ᠥᠭᠭᠦᠭᠰᠡᠨ ᠪᠣᠶ︖      ᠲᠣᠭᠤᠷᠢᠭ ᠤᠨ ᠨᠠᠮ ᠤᠨ ᠬᠤᠷᠢᠶᠠᠨ ᠤ ᠱᠦᠵᠢ ᠵᠠᠩ ᠶᠦᠩ ᠳ᠋ᠦᠩ᠄ ᠪᠠᠶ᠋ᠬᠠᠣᠪᠤᠭ᠎ᠠ ᠠᠭᠤᠷᠬᠠᠶ ᠶᠢᠨ ᠲᠣᠭᠤᠷᠢᠭ ᠪᠣᠯ ᠳᠡᠯᠡᠬᠡᠢ ᠶᠢᠨ ᠬᠤᠪᠣᠷ ᠰᠢᠷᠣᠶ ᠶᠢᠨ ᠨᠤᠲᠤᠭ ᠪᠣᠯᠤᠨ᠎ᠠ᠃ ᠪᠤᠭᠤᠲᠤ ᠬᠤᠲᠠ ᠶᠢᠨ ᠴᠣᠷ ᠤᠨ ᠭᠠᠭᠴᠠ ᠤᠯᠤᠰ ᠠᠴᠠ ᠲᠤᠰᠠᠭᠠᠷ ᠦᠢᠯᠡᠳᠪᠦᠷᠢ ᠠᠭᠤᠷᠬᠠᠢ ᠶᠢᠨ ᠣᠷᠣᠨ ᠪᠠᠶᠢᠵᠤ᠂  ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠡᠯᠪᠡᠭ ᠳᠡᠯᠪᠡᠭ ᠪᠠᠶᠢᠵᠤ᠂ ᠣᠷᠣᠨ ᠪᠠᠶᠢᠷᠢ ᠶᠢᠨ ᠳᠠᠪᠠᠭᠤᠯᠢᠭ ᠥᠪᠡᠷᠮᠢᠴᠡ᠂ ᠰᠣᠶᠣᠯ ᠤᠨ ᠣᠯᠠᠨ ᠡᠰᠢᠲᠦ ᠪᠠᠭᠲᠠᠭᠠᠮᠵᠢᠲᠠᠶ᠂ ᠦᠨᠳᠦᠰᠦᠲᠡᠨ ᠤ ᠡᠶ᠎ᠡ ᠵᠣᠬᠢᠴᠠᠯ ᠲᠠᠢ ᠪᠦᠯᠬᠦᠮᠳᠡᠯ ᠲᠠᠢ᠃ ᠠᠭᠤᠷᠬᠠᠢ ᠶᠢᠨ ᠣᠷᠣᠨ ᠢᠮᠠᠭᠲᠠ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠵᠤ᠂ ᠪᠣᠬᠢᠷᠲᠤᠯ ᠦᠭᠡᠢ ᠠᠭᠤᠷᠬᠠᠢ ᠶᠢᠨ ᠣᠷᠣᠨ ᠢ ᠪᠦᠲᠦᠭᠡᠨ ᠪᠠᠶᠢᠭᠤᠯᠵᠤ᠂ ᠠᠷᠠᠳ ᠤᠨ ᠠᠮᠢᠳᠤᠷᠠᠯ ᠤᠨ ᠦᠢᠯᠡᠰ ᠢ ᠪᠦᠬᠦ ᠲᠠᠯ᠎ᠠ ᠪᠠᠷ ᠬᠥᠭᠵᠢᠭᠦᠯᠦᠨ᠂ ᠨᠢᠳᠤᠨᠤᠨ ᠨᠢᠭᠡ ᠵᠢᠯ ᠤᠨ ᠲᠤᠷᠰᠢ ᠥᠪᠡᠷᠲᠡᠭᠡᠨ ᠵᠠᠰᠠᠬᠤ ᠣᠷᠣᠨ ᠤ ᠲᠡᠷᠢᠭᠦᠨ ᠵᠡᠷᠭᠡ ᠶᠢᠨ ᠪᠣᠭᠤᠲᠤ ᠶᠢᠨ ᠠᠭᠤᠯᠠᠨ ᠬᠤᠶᠢᠲᠤ ᠣᠷᠣᠨ ᠤ ᠨᠠᠰᠤᠲᠠᠨ ᠤ ᠵᠣᠪᠠᠨᠢᠯ ᠢ ᠲᠦᠢᠯᠪᠤᠷᠢᠲᠠᠶ ᠰᠢᠢᠳᠪᠦᠷᠢᠯᠡᠵᠦ ᠥᠭᠬᠦ ᠪᠠᠷ ᠵᠣᠷᠢᠯᠭ᠎ᠠ ᠪᠣᠯᠭᠠᠭᠰᠠᠨ ᠾᠦᠢ ᠳ᠋ᠧ ᠡᠷᠡᠭᠦᠯ ᠮᠡᠨᠳᠦ ᠨᠠᠰᠤᠵᠢᠯ ᠤᠨ ᠠᠵᠤ ᠦᠢᠯᠡᠰ ᠤᠨ ᠬᠦᠷᠢᠶᠡᠯᠡᠩ ᠢ ᠪᠠᠶᠢᠭᠤᠯᠵᠤ᠂ ᠵᠢᠷᠠᠨ ᠵᠢᠯ ᠤᠨ ᠲᠤᠷᠰᠢ  ᠰᠢᠢᠳᠪᠦᠷᠢᠯᠡᠬᠦ ᠭᠡᠰᠡᠨ ᠪᠣᠯᠪᠠᠴᠤ ᠰᠢᠢᠳᠪᠦᠷᠢᠯᠡᠵᠦ ᠳᠡᠶᠢᠯᠦᠭᠰᠡᠨ ᠦᠭᠡᠢ ᠠᠭᠤᠷᠬᠠᠶ ᠶᠢᠨ ᠣᠷᠣᠨ ᠤ ᠠᠷᠠᠳ ᠣᠯᠠᠨ ᠢ ᠤᠰᠤ ᠢᠳᠡᠬᠦ ᠳᠤ ᠬᠦᠴᠢᠷ ᠠᠴᠠ ᠠᠩᠭᠢᠵᠢᠷᠠᠭᠤᠯᠤᠭᠰᠠᠨ ᠤᠭ ᠰᠠᠨᠠᠭ᠎ᠠ ᠶᠢᠨ ᠢᠨᠵᠧᠨᠧᠷᠢᠩ ᠤᠨ ᠤᠰᠤ ᠴᠡᠪᠡᠷᠰᠢᠭᠦᠯᠬᠦ ᠦᠢᠯᠡᠳᠪᠦᠷᠢ ᠶᠢ ᠪᠠᠶᠢᠭᠤᠯᠵᠤ᠂ ᠣᠷᠴᠢᠨ ᠲᠣᠭᠤᠷᠢᠨ ᠨᠢ ᠲᠡᠷᠢᠭᠦᠨ ᠤ᠂ ᠲᠥᠬᠦᠭᠡᠷᠦᠮᠵᠢ ᠨᠢ ᠲᠡᠷᠢᠭᠦᠨ ᠤ᠂ ᠰᠤᠷᠭᠠᠨ ᠬᠥᠮᠦᠵᠢᠯ ᠨᠢ ᠲᠡᠷᠢᠭᠦᠨ ᠤ ᠬᠡᠦᠬᠡᠳ ᠤᠨ ᠴᠡᠴᠡᠷᠯᠢᠭ ᠢ ᠪᠠᠶᠢᠭᠤᠯᠪᠠ᠃ ᠣᠨᠴᠠᠭᠠᠶᠢᠯᠠᠨ ᠰᠢᠨ᠎ᠡ ᠲᠢᠲᠢᠮ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠳᠠᠶᠢᠨ ᠡᠬᠢᠯᠡᠭᠰᠡᠨ ᠠᠴᠠ ᠨᠠᠰᠢ᠂ ᠪᠠᠶ᠋ᠬᠠᠣᠪᠤᠭ᠎ᠠ ᠠᠭᠤᠷᠬᠠᠶ ᠶᠢᠨ ᠲᠣᠭᠤᠷᠢᠭ ᠤᠨ ᠲᠥᠪ ᠠᠴᠠ ᠥᠪᠡᠷᠲᠡᠭᠡᠨ ᠵᠠᠰᠠᠬᠤ ᠣᠷᠣᠨ᠂ ᠪᠤᠭᠤᠲᠤ ᠬᠤᠲᠠ ᠶᠢᠨ ᠪᠠᠶᠢᠷᠢᠯᠠᠭᠤᠯᠤᠯᠲᠠ ᠪᠣᠯᠤᠨ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠲᠠᠪᠤᠨ ᠨᠢᠭᠡᠳᠦᠭᠡᠷ ᠴᠠᠭ ᠤᠨ ᠠᠰᠠᠭᠤᠳᠠᠯ ᠢ ᠰᠢᠢᠳᠪᠦᠷᠢᠯᠡᠬᠦ ᠲᠣᠭᠲᠠᠴᠠ᠂ ᠵᠢᠷᠭᠤᠭᠠᠨ ᠬᠠᠮᠲᠤᠷᠠᠭᠰᠠᠨ ᠰᠡᠷᠭᠡᠶᠢᠯᠡᠯᠲᠡ ᠶᠢᠨ ᠬᠢᠵᠢᠭ ᠢ ᠰᠡᠷᠭᠡᠶᠢᠯᠡᠨ ᠡᠵᠡᠮᠳᠡᠬᠦ ᠵᠠᠭᠪᠤᠷ᠂ ᠳᠣᠯᠣᠭᠠᠨ ᠠᠯᠬᠤᠮ ᠤᠨ ᠠᠵᠢᠯ ᠤᠨ ᠠᠷᠭ᠎ᠠ ᠪᠠᠷ ᠭᠠᠷᠳᠠᠴᠠ ᠪᠣᠯᠭᠠᠨ ᠬᠢᠪᠡ᠃ ᠬᠢᠵᠢᠭ ᠦᠭᠡᠢ ᠬᠠᠯᠳᠠᠪᠤᠷᠢᠯᠠᠯ ᠦᠭᠡᠢ ᠪᠠᠶᠢᠬᠤ ᠶᠢ ᠪᠠᠲᠤᠯᠠᠵᠤ᠂ ᠪᠦᠬᠦ ᠲᠣᠭᠤᠷᠢᠭ ᠤᠨ ᠠᠷᠠᠳ ᠲᠦᠮᠡᠨ ᠤ ᠪᠡᠶ᠎ᠡ ᠮᠠᠬᠠᠪᠤᠳ ᠡᠷᠡᠭᠦᠯ ᠴᠢᠭᠢᠷᠠᠭ ᠪᠠ ᠠᠮᠢ ᠨᠠᠰᠤᠨ ᠤ ᠠᠮᠤᠷ ᠲᠦᠪᠰᠢᠨ ᠳᠤ《 ᠪᠣᠯᠣᠳ ᠲᠡᠮᠦᠷ ᠤᠨ ᠤᠷᠲᠤ ᠴᠠᠭᠠᠨ ᠬᠡᠷᠡᠮ》᠎ ᠢ ᠪᠠᠷᠢᠭᠰᠠᠨ ᠪᠠᠶᠢᠨ᠎ᠠ᠃      ᠰᠤᠷᠪᠤᠯᠵᠢᠯᠠᠭᠴᠢ ᠯᠢ ᠪᠥᠸᠧ᠄ ᠡᠨᠡ ᠵᠢᠯ ᠪᠣᠯ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠡᠴᠦᠰ ᠤᠨ ᠵᠢᠯ ᠮᠥᠨ᠃ ᠳᠠᠷᠠᠭᠠᠴᠢ ᠶᠢᠨ ᠠᠯᠬᠤᠮ ᠳᠤ᠂ ᠪᠠᠶ᠋ᠬᠠᠣᠪᠤᠭ᠎ᠠ ᠠᠭᠤᠷᠬᠠᠢ ᠶᠢᠨ ᠲᠣᠭᠤᠷᠢᠭ ᠠᠴᠠ ᠶᠡᠷᠦᠩᠬᠡᠢ ᠱᠦᠵᠢ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠬᠡᠷᠬᠢᠨ ᠲᠤᠤᠱᠯᠠᠭᠤᠯᠤᠨ ᠨᠠᠶᠢᠳᠠᠪᠤᠷᠢᠵᠢᠭᠤᠯᠬᠤ ᠪᠤᠢ᠂ ᠬᠡᠷᠬᠢᠨ ᠠᠭᠤᠷᠬᠠᠢ ᠶᠢᠨ ᠣᠷᠣᠨ ᠤ ᠠᠷᠠᠳ ᠲᠦᠮᠡᠨ ᠢ ᠳᠠᠭᠠᠭᠤᠯᠤᠨ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠪᠤᠢ︖      ᠲᠣᠭᠤᠷᠢᠭ ᠤᠨ ᠨᠠᠮ ᠤᠨ ᠬᠤᠷᠢᠶᠠᠨ ᠤ ᠱᠦᠵᠢ ᠵᠠᠩ ᠶᠦᠩ ᠳ᠋ᠦᠩ᠄ ᠲᠠᠷᠠᠭᠠᠴᠢ ᠶᠢᠨ ᠠᠯᠬᠤᠮ ᠳᠤ᠂ ᠪᠠᠶ᠋ᠬᠠᠣᠪᠤᠭ᠎ᠠ ᠠᠭᠤᠷᠬᠠᠶ ᠶᠢᠨ  ᠲᠣᠭᠤᠷᠢᠭ ᠤᠨ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠬᠤ ᠬᠠᠷᠠᠯᠲᠠ ᠡᠭᠦᠷᠭᠡ ᠲᠠᠢ ᠨᠢᠭᠲᠠ ᠤᠶᠠᠯᠳᠤᠭᠤᠯᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠠᠷᠢᠮᠲᠠᠯᠠᠨ᠎ᠠ᠃ ᠥᠭᠡᠷᠡᠴᠢᠯᠡᠯᠲᠡ ᠨᠡᠭᠡᠭᠡᠯᠲᠡ ᠪᠠᠷ ᠬᠥᠳᠡᠯᠭᠡᠬᠦ ᠬᠦᠴᠦᠨ ᠪᠣᠯᠭᠠᠬᠤ ᠶᠢ ᠪᠠᠷᠢᠮᠲᠠᠯᠠᠵᠤ᠂ ᠠᠮᠢ ᠠᠬᠤᠢ ᠶᠢ ᠤᠷᠢᠳ ᠢᠶᠠᠷ ᠪᠣᠳᠣᠯᠬᠢᠯᠠᠬᠤ᠂ ᠪᠣᠬᠢᠷᠲᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠵᠠᠮ ᠢᠶᠠᠷ  ᠭᠤᠶᠢᠪᠢᠰᠢ ᠦᠭᠡᠢ ᠵᠠᠮᠨᠠᠨ᠎ᠠ — ᠪᠦᠬᠦ ᠲᠣᠭᠤᠷᠢᠭ ᠤᠨ ᠤᠯᠤᠰ ᠤᠨ ᠲᠡᠰ ᠤᠨ ᠠᠭᠤᠷᠬᠠᠢ ᠶᠢᠨ ᠴᠡᠴᠡᠷᠯᠢᠭ ᠤᠨ ᠵᠢᠱᠢᠶ᠎ᠡ ᠦᠵᠡᠭᠦᠯᠬᠦ ᠲᠦᠷᠦᠯ ᠵᠦᠢᠯ᠂ ᠤᠯᠤᠰ ᠤᠨ ᠲᠡᠰ ᠤᠨ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠪᠠ ᠠᠭᠤᠷᠬᠠᠢ ᠶᠢᠨ ᠮᠦᠽᠧᠢ ᠵᠡᠷᠭᠡ ᠠᠮᠢ ᠠᠬᠤᠢ ᠶᠢᠨ ᠪᠣᠬᠢᠷᠲᠤᠯ ᠦᠭᠡᠢ ᠠᠷᠠᠳ ᠲᠤ ᠠᠰᠢᠭ ᠬᠦᠷᠲᠡᠭᠡᠬᠦ 12 ᠢᠨᠵᠧᠨᠧᠷᠢᠩ ᠢ ᠲᠦᠷᠭᠡᠳᠬᠡᠨ ᠠᠬᠢᠭᠤᠯᠵᠤ᠂ ︽ᠪᠣᠬᠢᠷᠲᠤᠯ ᠦᠭᠡᠢ ᠠᠭᠤᠷᠬᠠᠢ ᠶᠢᠨ ᠲᠣᠭᠤᠷᠢᠭ︾᠎ ᠢ ᠪᠠᠶᠢᠭᠤᠯᠤᠨ᠎ᠠ︔ ᠲᠣᠮᠣ ᠳ᠋ᠠᠶᠢᠲ᠋ᠠ᠂ ᠡᠭᠦᠯᠡᠨ ᠪᠣᠳᠣᠯᠲᠠ᠂ ᠪᠣᠳᠠᠰᠯᠢᠭ ᠬᠤᠯᠪᠣᠭᠠᠲᠤ ᠰᠦᠯᠵᠢᠶ᠎ᠡ᠂ 5G ᠵᠡᠷᠭᠡ ᠬᠡᠷᠡᠭᠯᠡᠭᠡᠨ ᠤ ᠤᠷᠲᠤᠳᠬᠠᠯ ᠢ ᠲᠦᠷᠭᠡᠳᠬᠡᠨ ᠠᠬᠢᠭᠤᠯᠵᠤ᠂ ︽ᠤᠶᠤᠨᠲᠤ ᠠᠭᠤᠷᠬᠠᠢ ᠶᠢᠨ ᠲᠣᠭᠤᠷᠢᠭ︾᠎ ᠢ ᠪᠠᠶᠢᠭᠤᠯᠤᠨ᠎ᠠ︔ ᠬᠠᠮᠲᠤᠪᠠᠷ ᠪᠠᠶᠢᠭᠤᠯᠬᠤ ᠬᠠᠮᠲᠤᠪᠠᠷ ᠵᠠᠰᠠᠬᠤ ᠬᠠᠮᠲᠤᠪᠠᠷ ᠡᠳ᠋ᠯᠡᠬᠦ ᠨᠡᠶᠢᠭᠡᠮ ᠤᠨ ᠵᠠᠰᠠᠯᠲᠠ ᠶᠢᠨ ᠵᠠᠭᠪᠤᠷ  ᠢ ᠪᠠᠷᠢᠮᠲᠠᠯᠠᠨ ᠲᠡᠭᠦᠯᠳᠡᠷᠵᠢᠭᠦᠯᠵᠦ᠂ ᠨᠡᠶᠢᠭᠡᠮ ᠲᠣᠭᠤᠷᠢᠭ ᠤᠨ ᠱᠦᠭᠯᠦ ᠦᠯᠢᠶᠡᠵᠦ ᠰᠠᠯᠠᠭ᠎ᠠ ᠮᠥᠴᠢᠷ ᠤᠨ ᠨᠡᠷ᠎ᠡ ᠮᠡᠳᠡᠭᠦᠯᠬᠦ ᠲᠣᠭᠲᠠᠴᠠ ᠶᠢ ᠭᠦᠨᠵᠡᠭᠡᠢ ᠠᠬᠢᠭᠤᠯᠵᠤ᠂ ᠡᠯ᠎ᠡ ᠲᠥᠷᠥᠯ ᠤᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ ᠳᠠᠷᠤᠯᠲᠠ ᠦᠵᠡᠭᠦᠯᠬᠦ ᠪᠠᠶᠢᠳᠠᠯ ᠢ ᠪᠠᠲᠤᠯᠠᠨ᠎ᠠ᠃ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠶ ᠲᠡᠮᠡᠴᠡᠯ ᠤᠨ ᠢᠯᠠᠯᠲᠠ ᠶᠢ ᠣᠯᠵᠤ᠂ ᠨᠠᠩ ᠥᠨᠳᠥᠷ ᠲᠦᠪᠰᠢᠨ ︽ᠠᠮᠤᠷ ᠠᠮᠤᠭᠤᠯᠠᠩ ᠠᠭᠤᠷᠬᠠᠶ ᠶᠢᠨ ᠲᠣᠭᠤᠷᠢᠭ︾᠎ ᠢ ᠪᠥᠲᠥᠭᠡᠨ ᠪᠠᠶᠢᠭᠤᠯᠤᠨ᠎ᠠ︔ ᠪᠠᠭ᠎ᠠ ᠠᠩᠭᠢᠴᠢᠯᠠᠭᠰᠠᠨ ᠰᠤᠷᠭᠠᠨ ᠬᠥᠮᠦᠵᠢᠯ᠂ ᠡᠮᠴᠢᠯᠡᠭᠡ ᠡᠷᠡᠭᠦᠯᠵᠢᠯ ᠰᠤᠪᠢᠯᠠᠯᠲᠠ ᠶᠢ ᠤᠶᠠᠯᠳᠤᠭᠤᠯᠤᠭᠰᠠᠨ ᠨᠠᠰᠤᠵᠢᠯ ᠤᠨ ᠠᠰᠠᠷᠠᠮᠵᠢ᠂ ᠦᠢᠯᠡᠳᠪᠦᠷᠢ ᠠᠭᠤᠷᠬᠠᠢ ᠶᠢᠨ ᠰᠣᠶᠣᠯ ᠵᠢᠭᠤᠯᠴᠢᠯᠠᠯ ᠵᠡᠷᠭᠡ ᠨᠡᠶᠢᠭᠡᠮ ᠤᠨ ᠦᠢᠯᠡᠰ ᠢ ᠪᠦᠬᠦ ᠲᠠᠯ᠎ᠠ ᠪᠠᠷ ᠬᠥᠭᠵᠢᠭᠦᠯᠵᠦ᠂ ᠬᠤᠲᠠ ᠶᠢᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠰᠢᠢᠳᠪᠦᠷᠢᠲᠦ ᠢᠯᠠᠯᠲᠠ ᠣᠯᠵᠤ᠂ ᠬᠤᠲᠠ ᠶᠢᠨ ᠠᠵᠢᠯ ᠣᠯᠭᠤᠯᠲᠠ ᠵᠡᠷᠭᠡ ᠠᠷᠠᠳ ᠤᠨ ᠠᠮᠢᠳᠤᠷᠠᠯ ᠤᠨ ᠪᠠᠲᠤᠯᠠᠭ᠎ᠠ ᠶᠢᠨ ᠠᠵᠢᠯ ᠢ ᠪᠦᠬᠦ ᠬᠦᠴᠦ ᠪᠠᠷ ᠢᠶᠠᠨ ᠰᠠᠶᠢᠲᠤᠷ ᠬᠢᠵᠦ᠂ ︽ᠵᠣᠯ ᠵᠢᠷᠭᠠᠯᠲᠤ ᠠᠭᠤᠷᠬᠠᠢ ᠶᠢᠨ ᠲᠣᠭᠤᠷᠢᠭ︾᠎ ᠢ ᠪᠠᠶᠢᠭᠤᠯᠤᠨ᠎ᠠ᠃ ᠠᠭᠤᠯᠠ ᠶᠢᠨ ᠦᠵᠡᠮᠵᠢ ᠲᠤᠩᠭᠠᠯᠠᠭ᠂ ᠲᠠᠯ᠎ᠠ ᠨᠤᠲᠤᠭ ᠤᠨ ᠳᠠᠭᠤᠯᠠᠯ᠂ ᠪᠢᠳᠡ ᠵᠠᠪᠠᠯ ᠶᠡᠷᠦᠩᠬᠡᠶ ᠱᠦᠵᠢ ᠶᠢᠨ ᠴᠢᠩ ᠰᠡᠳᠬᠢᠯ ᠤᠨ ᠨᠠᠶᠢᠳᠠᠯᠭ᠎ᠠ ᠶᠢ ᠪᠠᠲᠤ ᠴᠡᠭᠡᠵᠢᠯᠡᠵᠦ᠂ ᠬᠦᠰᠡᠯ ᠵᠡᠭᠦᠳᠦ ᠶᠢᠨ ᠲᠥᠯᠥᠭᠡ ᠦᠷᠭᠦᠯᠵᠢᠯᠡᠨ ᠲᠡᠮᠡᠴᠡᠵᠦ᠂ ᠠᠷᠠᠳ ᠤᠨ ᠲᠥᠯᠥᠭᠡ ᠲᠡᠮᠡᠴᠡᠵᠦ᠂ ᠠᠭᠤᠷᠬᠠᠢ ᠶᠢᠨ ᠣᠷᠣᠨ ᠤ ᠠᠷᠠᠳ ᠲᠦᠮᠡᠨ ᠤ ᠬᠦᠷᠲᠡᠮᠵᠢ ᠶᠢᠨ ᠲᠦᠷᠦᠭᠳᠡᠯ ᠳᠦᠭᠦᠷᠡᠩ᠂ ᠲᠣᠭᠲᠠᠭᠤᠨ ᠵᠣᠯ ᠵᠢᠷᠭᠠᠯᠲᠤ ᠲᠦᠷᠦᠭᠳᠡᠯ᠂ ᠪᠠᠲᠤ ᠴᠢᠩᠭ᠎ᠠ ᠠᠮᠤᠷ ᠲᠦᠪᠰᠢᠨ ᠤ ᠲᠦᠷᠦᠭᠳᠡᠯ ᠢ ᠨᠡᠮᠡᠭᠳᠡᠭᠦᠯᠬᠦ ᠶᠢᠨ ᠲᠥᠯᠥᠭᠡ ᠴᠥᠬᠦᠷᠡᠰᠢ ᠦᠭᠡᠢ ᠲᠡᠮᠡᠴᠡᠵᠡᠭᠡᠶ᠎ᠡ︕
 
ᠢᠷᠡᠯᠲᠡ᠄ ᠪᠠᠶ᠋ᠬᠠᠣᠪᠤᠭ᠎ᠠ ᠠᠭᠤᠷᠬᠠᠢ ᠶᠢᠨ ᠲᠣᠭᠤᠷᠢᠭ ᠤᠨ ᠵᠠᠰᠠᠭ ᠤᠨ ᠣᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号