ᠲᠣᠭᠤᠷᠢᠭ ᠤᠨ ᠨᠠᠮ ᠤᠨ ᠬᠤᠷᠢᠶ᠎ᠠ ᠣᠨᠣᠯ ᠰᠤᠷᠤᠯᠴᠠᠬᠤ ᠲᠦᠪ ᠳᠤᠭᠤᠢᠯᠠᠩ ᠤᠨ ᠬᠠᠮᠲᠤ ᠶᠢᠨ ᠰᠤᠷᠤᠯᠴᠠᠯᠭ᠎ᠠ ︵ᠥᠷᠭᠡᠳᠬᠡᠬᠦ︶ ᠬᠤᠷᠠᠯ ᠵᠢᠴᠢ ᠪᠥᠬᠦ ᠲᠣᠭᠤᠷᠢᠭ ᠤᠨ ᠺᠠᠳ᠋ᠷ ᠢ ᠪᠣᠯᠪᠠᠰᠤᠷᠠᠭᠤᠯᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2020-07-16
   
     ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ ᠶᠡᠷᠡᠨ ᠶᠢᠰᠦᠨ ᠵᠢᠯ ᠤᠨ ᠤᠢ ᠶᠢ ᠳᠤᠷᠠᠰᠬᠠᠬᠤ ᠶᠢᠨ ᠲᠥᠯᠥᠭᠡ᠂ ᠬᠤᠪᠢᠰᠬᠠᠯ ᠤᠨ ᠦᠷᠡᠭᠳᠡᠭᠰᠡᠨ ᠪᠠᠭᠠᠲᠤᠷᠴᠤᠳ ᠢ ᠳᠤᠷᠠᠰᠤᠨ ᠰᠠᠨᠠᠭᠠᠯᠵᠠᠵᠤ᠂ ᠨᠠᠮ ᠤᠨ ᠭᠡᠷᠡᠯ ᠰᠠᠴᠤᠷᠠᠩᠭᠤᠶ ᠲᠡᠦᠬᠡ ᠶᠢ ᠳᠠᠬᠢᠨ ᠡᠷᠭᠢᠴᠡᠭᠦᠯᠵᠦ᠂ ᠪᠦᠬᠦ  ᠲᠣᠭᠤᠷᠢᠭ ᠤᠨ ᠺᠠᠳ᠋ᠷ ᠤᠨ ᠬᠥᠮᠦᠵᠢᠯ ᠪᠣᠯᠪᠠᠰᠤᠷᠠᠭᠤᠯᠤᠯ ᠤᠨ ᠠᠵᠢᠯ ᠢ ᠦᠨᠡᠨᠬᠦ ᠴᠢᠩᠭᠠᠳᠬᠠᠵᠤ᠂ ᠮᠠᠨ ᠤ ᠲᠣᠭᠤᠷᠢᠭ ᠤᠨ ᠨᠠᠮ ᠤᠨ ᠭᠡᠰᠢᠭᠦᠨ ᠤᠳᠤᠷᠢᠳᠬᠤ ᠺᠠᠳ᠋ᠷ ᠤᠨ ᠨᠠᠮᠴᠢ ᠴᠢᠨᠠᠷ ᠤᠨ ᠪᠣᠯᠪᠠᠰᠤᠷᠠᠯ ᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ 7 ᠰᠠᠷ᠎ᠠ ᠶᠢᠨ 8᠎ ᠤ ᠡᠳᠦᠷ᠂ ᠮᠠᠨ ᠤ  ᠲᠣᠭᠤᠷᠢᠭ ᠤᠨ ᠨᠠᠮ ᠤᠨ ᠬᠤᠷᠢᠶᠠᠨ ᠤ ᠣᠨᠣᠯ ᠰᠤᠷᠤᠯᠴᠠᠬᠤ ᠲᠦᠪ ᠳᠤᠭᠤᠶᠢᠯᠠᠩ ᠤᠨ ᠬᠠᠮᠲᠤ ᠶᠢᠨ ᠰᠤᠷᠤᠯᠴᠠᠯᠭ᠎ᠠ ︵ᠥᠷᠭᠡᠳᠬᠡᠭᠰᠡᠨ︶ ᠬᠤᠷᠠᠯ ᠵᠢᠴᠢ ᠪᠥᠬᠦ ᠲᠣᠭᠤᠷᠢᠭ ᠤᠨ ᠺᠠᠳ᠋ᠷᠴᠤᠳ ᠢ ᠪᠣᠯᠪᠠᠰᠤᠷᠠᠭᠤᠯᠬᠤ ᠬᠤᠷᠠᠯ ᠢ ᠡᠷᠭᠢᠯᠡᠪᠡ᠃ ᠭᠡᠷ ᠲᠡᠭᠡᠨ‌‍ᠰᠣᠷᠣᠯᠴᠠᠵᠤ ᠪᠠᠶᠢᠭ᠎ᠠ ᠲᠣᠭᠤᠷᠢᠭ ᠤᠨ ᠨᠠᠮ ᠤᠨ ᠬᠤᠷᠢᠶᠠᠨ ᠤ ᠣᠨᠣᠯ ᠰᠤᠷᠤᠯᠴᠠᠬᠤ ᠲᠦᠪ ᠳᠤᠭᠤᠶᠢᠯᠠᠩ ᠤᠨ ᠪᠦᠷᠢᠯᠳᠦᠭᠦᠨ ᠭᠡᠰᠢᠭᠦᠨ᠂ ᠪᠦᠬᠦ  ᠲᠣᠭᠤᠷᠢᠭ ᠤᠨ ᠳᠡᠳ᠋ ᠰᠠᠯᠠᠭᠠᠨ ᠤ ᠲᠡᠰ ᠠᠴᠠ ᠳᠡᠭᠡᠭᠰᠢᠬᠢ ᠺᠠᠳ᠋ᠷ᠂ ᠪᠦᠬᠦ  ᠲᠣᠭᠤᠷᠢᠭ ᠤᠨ ᠡᠯ᠎ᠡ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ᠂ ᠨᠠᠮ ᠤᠨ ᠠᠵᠢᠯ ᠤᠨ ᠠᠵᠢᠯᠳᠠᠨ ᠨᠡᠶᠢᠳᠡ 150 ᠭᠠᠷᠤᠢ ᠬᠥᠮᠦᠨ ᠪᠣᠯᠪᠠᠰᠤᠷᠠᠯ ᠳᠤ ᠣᠷᠣᠯᠴᠠᠪᠠ᠃  ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠪᠠᠶ ᠶᠦᠩ ᠭᠠᠩ ᠲᠣᠰ ᠤᠳᠠᠭᠠᠨ ᠤ ᠬᠤᠷᠠᠯ ᠢ ᠡᠷᠭᠢᠯᠡᠪᠡ᠃      ᠰᠤᠷᠤᠯᠴᠠᠬᠤ ᠬᠤᠷᠠᠯ ᠨᠢ ᠲᠡᠮᠦᠷ ᠤᠨ ᠠᠭᠤᠷᠬᠠᠶ ᠶᠢᠨ ᠪᠠᠭ᠎ᠠ ᠰᠤᠷᠭᠠᠭᠤᠯᠢ ᠶᠢᠨ ᠵᠠᠬᠢᠷᠤᠯ ᠸᠧᠨ ᠰᠢᠤ ᠵᠢᠶᠧ ᠎ ᠢ ᠤᠷᠢᠵᠤ ᠲᠤᠰᠬᠠᠶ ᠰᠡᠳᠦᠪ ᠲᠤ ᠬᠠᠪᠰᠤᠷᠤᠨ ᠵᠢᠯᠣᠭᠤᠳᠬᠤ ᠲᠠᠶᠢᠯᠤᠮᠵᠢ ᠬᠢᠯᠭᠡᠪᠡ᠃ ᠸᠧᠨ ᠰᠢᠤ ᠵᠢᠶᠧ ᠵᠠᠬᠢᠷᠤᠯ ᠨᠠᠮ ᠤᠨ ᠬᠤᠪᠢᠰᠬᠠᠯ ᠤᠨ ᠥᠩᠭᠡᠷᠡᠯᠲᠡ ᠶᠢ ᠳᠤᠷᠠᠰᠤᠨ ᠰᠠᠨᠠᠭᠠᠯᠵᠠᠵᠤ᠂ ᠨᠠᠮ ᠤᠨ ᠭᠡᠷᠡᠯ ᠰᠠᠴᠤᠷᠠᠩᠭᠤᠶ ᠠᠮᠵᠢᠯᠲᠠ ᠪᠦᠲᠦᠮᠵᠢ ᠶᠢ ᠮᠠᠭᠲᠠᠨ ᠳᠠᠭᠤᠯᠠᠬᠤ ᠶᠢᠨ ᠬᠠᠮᠲᠤ ᠳᠤᠮᠳᠠᠳᠤ ᠤᠯᠤᠰ ᠤᠨ ᠡᠪ  ᠬᠠᠮᠲᠤ ᠨᠠᠮ ᠤᠨ ᠲᠡᠤᠬᠡ ᠶᠢ ᠭᠦᠨᠵᠡᠭᠡᠶ ᠪᠥᠭᠡᠳ ᠣᠶᠢᠯᠠᠭᠠᠮᠵᠢᠲᠠᠶ ᠵᠠᠳᠠᠯᠤᠨ ᠥᠭᠦᠯᠡᠵᠡᠶ᠃ ᠳᠤᠮᠳᠠᠳᠤ ᠤᠯᠤᠰ ᠤᠨ ᠡᠪ ᠬᠠᠮᠲᠤ ᠨᠠᠮ ᠤᠨ ᠣᠯᠠᠨ ᠵᠢᠯ ᠤᠨ ᠲᠤᠷᠰᠢ ᠣᠯᠤᠭᠰᠠᠨ ᠠᠭᠤᠤ ᠭᠠᠪᠢᠶ᠎ᠠ ᠠᠤᠭ᠎ᠠ ᠠᠮᠵᠢᠯᠲᠠ ᠪᠣᠯᠤᠨ ᠲᠤᠷᠰᠢᠯᠭ᠎ᠠ ᠰᠤᠷᠭᠠᠮᠵᠢ ᠶᠢ ᠡᠷᠭᠢᠴᠡᠭᠦᠯᠪᠡ᠃ ᠸᠧᠨ ᠰᠢᠤ ᠵᠢᠶᠧ ᠰᠤᠷᠭᠠᠭᠤᠯᠢ ᠶᠢᠨ ᠵᠠᠬᠢᠷᠤᠯ  ᠶᠢᠨ ᠲᠠᠶᠢᠯᠤᠮᠵᠢ ᠨᠢ ᠤᠨᠤᠯ ᠤᠨ ᠴᠢᠨᠠᠷ ᠢᠶᠠᠷ ᠪᠠᠶᠠᠯᠢᠭ ᠮᠥᠷᠲᠡᠭᠡᠨ ᠣᠶᠢᠯᠠᠭᠠᠮᠵᠢᠲᠠᠶ ᠪᠠᠶᠢᠵᠤ᠂ ᠤᠯᠠᠨ ᠢ ᠦᠵᠡᠯ ᠰᠠᠨᠠᠭᠠᠨ ᠤ ᠲᠠᠯ᠎ᠠ ᠪᠠᠷ ᠨᠢᠭᠡ ᠤᠳᠠᠭᠠᠨ ᠤ ᠭᠦᠨ ᠭᠦᠨᠵᠡᠭᠡᠶ ᠬᠤᠪᠢᠰᠬᠠᠯᠲᠤ ᠳᠠᠪᠲᠠᠯᠲᠠ ᠶᠢ ᠬᠦᠯᠢᠶᠡᠯᠭᠡᠵᠡᠶ᠃    
     ᠬᠤᠷᠠᠯ ᠠᠴᠠ ᠱᠠᠭᠠᠷᠳᠠᠭᠰᠠᠨ ᠨᠢ᠂ ᠡᠯ᠎ᠡ ᠱᠠᠲᠤᠨ ᠤ ᠤᠳᠤᠷᠢᠳᠬᠤ ᠺᠠᠳ᠋ᠷᠴᠤᠳ ᠡᠨᠡ ᠤᠳᠠᠭᠠᠨ ᠤ ᠰᠤᠷᠤᠯᠴᠠᠯᠭ᠎ᠠ ᠪᠠᠷ ᠲᠣᠬᠢᠶᠠᠯ ᠪᠣᠯᠭᠠᠵᠤ᠂ ᠨᠠᠮ ᠤᠨ ᠲᠡᠦᠬᠡ ᠪᠣᠯᠤᠨ ᠨᠠᠮ ᠤᠨ ᠣᠨᠣᠯ ᠢ ᠭᠦᠨᠵᠡᠭᠡᠶ ᠰᠤᠷᠤᠯᠴᠠᠬᠤ ᠪᠠᠷ ᠳᠠᠮᠵᠢᠭᠤᠯᠤᠨ᠂ ᠡᠪ ᠬᠠᠮᠲᠤ ᠶᠣᠰᠣᠨ ᠤ ᠬᠦᠰᠡᠯᠡᠩ ᠢᠲᠡᠭᠡᠯ ᠪᠢᠰᠢᠷᠡᠯ ᠢᠶᠠᠨ ᠪᠠᠲᠤᠳᠬᠠᠵᠤ᠂ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠢᠯᠡᠰ ᠤᠨ ᠢᠲᠡᠭᠡᠯ ᠢ ᠨᠡᠮᠡᠭᠳᠡᠭᠦᠯᠦᠨ᠎ᠡ᠃ ᠡᠯ᠎ᠡ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠳᠠᠷᠤᠶ ᠲᠦᠷᠭᠡᠨ ᠬᠥᠳᠡᠯᠦᠯᠴᠡᠵᠦ᠂ ᠲᠤᠰ ᠨᠢᠭᠡᠴᠢ ᠶᠢᠨ ᠨᠠᠮ ᠤᠨ ᠭᠡᠰᠢᠭᠦᠨ ᠺᠠᠳ᠋ᠷᠴᠤᠳ ᠢ ᠵᠣᠬᠢᠶᠠᠨ ᠪᠠᠶᠢᠭᠤᠯᠤᠨ ᠨᠠᠮ ᠤᠨ ᠳᠦᠷᠢᠮ᠂ ᠨᠠᠮ ᠤᠨ ᠲᠡᠤᠬᠡ ᠵᠢᠴᠢ ᠨᠠᠮ ᠤᠨ ᠣᠨᠣᠯ ᠤᠨ ᠮᠡᠳᠡᠯᠭᠡ ᠶᠢ ᠬᠢᠨᠠᠮᠠᠭᠠᠶ ᠰᠤᠷᠤᠯᠴᠠᠭᠤᠯᠵᠤ᠂ ᠥᠷᠭᠡᠨ ᠣᠯᠠᠨ ᠨᠠᠮ ᠤᠨ ᠺᠠᠳ᠋ᠷ ᠢ ᠬᠥᠮᠦᠵᠢᠭᠦᠯᠦᠨ ᠵᠢᠯᠣᠭᠤᠳᠴᠤ ᠨᠠᠮ ᠤᠨ ᠢᠷᠠᠭᠤ ᠠᠯᠳᠠᠷᠲᠤ ᠤᠯᠠᠮᠵᠢᠯᠠᠯ ᠪᠣᠯᠤᠨ ᠰᠢᠯᠢᠳᠡᠭ ᠰᠤᠷᠲᠠᠯ ᠢ ᠵᠠᠯᠭᠠᠮᠵᠢᠯᠠᠨ ᠪᠠᠳᠠᠷᠠᠭᠤᠯᠬᠤ ᠤᠬᠠᠮᠰᠠᠷᠲᠤ ᠴᠢᠨᠠᠷ ᠢ ᠨᠢ ᠤᠯᠠᠮ ᠨᠢᠭᠡ ᠠᠯᠬᠤᠮ ᠴᠢᠩᠭᠠᠳᠬᠠᠵᠠᠢ᠃ ᠨᠠᠮ ᠤᠨ ᠲᠡᠦᠬᠡᠨ ᠲᠤᠷᠰᠢᠯᠭ᠎ᠠ ᠠᠴᠠ ᠣᠶᠤᠨ ᠤᠬᠠᠭᠠᠨ ᠪᠠ ᠬᠦᠴᠦᠨ ᠴᠢᠳᠠᠯ ᠣᠯᠵᠤ᠂ ᠠᠵᠢᠯ ᠤᠨ ᠴᠢᠳᠠᠪᠤᠷᠢ ᠪᠠᠨ ᠲᠠᠰᠤᠷᠠᠯᠲᠠ ᠤᠢᠭᠡᠢ ᠳᠡᠭᠡᠭᠰᠢᠯᠡᠭᠦᠯᠵᠦ᠂  ᠪᠠᠶ᠋ᠬᠠᠣᠪᠤᠭ᠎ᠠ ᠠᠭᠤᠷᠬᠠᠶ ᠶᠢᠨ ᠲᠣᠭᠤᠷᠢᠭ ᠤᠨ ᠠᠵᠤ ᠠᠬᠤᠶ ᠨᠡᠶᠢᠭᠡᠮ ᠤᠨ ᠬᠥᠭᠵᠢᠯᠲᠡ ᠳᠤ ᠥᠪᠡᠷ ᠤᠨ ᠬᠦᠴᠦᠨ ᠢᠶᠠᠨ ᠡᠷᠭᠦᠬᠦ ᠬᠡᠷᠡᠭᠲᠡᠶ᠃
 
ᠢᠷᠡᠯᠲᠡ᠄ ᠪᠠᠶ᠋ᠬᠠᠣᠪᠤᠭ᠎ᠠ ᠠᠭᠤᠷᠬᠠᠢ ᠶᠢᠨ ᠲᠣᠭᠤᠷᠢᠭ ᠤᠨ ᠵᠠᠰᠠᠭ ᠤᠨ ᠣᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号