ᠲᠣᠭᠤᠷᠢᠭ ᠤᠨ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠲᠥᠯᠥᠭᠡᠯᠡᠭᠴᠢᠳ ᠤᠨ ᠠᠵᠢᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2020-07-16
     6 ᠰᠠᠷ᠎ᠠ ᠶᠢᠨ 30᠎ ᠤ ᠡᠳᠦᠷ᠂  ᠲᠣᠭᠤᠷᠢᠭ ᠤᠨ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠲᠥᠯᠥᠭᠡᠯᠡᠭᠴᠢᠳ ᠤᠨ ᠠᠵᠢᠯ ᠤᠨ ᠬᠤᠷᠠᠯ ᠨᠠᠮ ᠵᠠᠰᠠᠭ ᠤᠨ ᠶᠡᠭᠡ ᠠᠰᠠᠷ ᠤᠨ ᠨᠢᠭᠡᠳᠦᠭᠡᠷ ᠳᠠᠪᠬᠤᠷᠯᠢᠭ ᠤᠨ ᠬᠤᠷᠠᠯ ᠤᠨ ᠲᠢᠩᠬᠢᠮ ᠳᠤ ᠬᠤᠷᠠᠯᠳᠤᠵᠤ᠂  ᠲᠣᠭᠤᠷᠢᠭ ᠤᠨ ᠨᠠᠮ ᠤᠨ ᠬᠤᠷᠢᠶᠠᠨ ᠤ ᠱᠦᠵᠢ ᠵᠠᠩ ᠶᠦᠩ ᠳ᠋ᠦᠩ ᠬᠤᠷᠠᠯ ᠳᠤ ᠣᠷᠣᠯᠴᠠᠭᠰᠠᠨ ᠪᠥᠭᠡᠳ ᠶᠠᠷᠢᠶ᠎ᠠ ᠲᠠᠯᠪᠢᠵᠠᠢ᠃  ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠬᠤᠤ ᠶᠢᠨ ᠬᠤᠸᠠ ᠬᠤᠷᠠᠯ ᠡᠷᠬᠢᠯᠡᠪᠡ᠃    
     ᠲᠣᠭᠤᠷᠢᠭ ᠤᠨ ᠤᠳᠤᠷᠢᠳᠤᠯᠭ᠎ᠠ ᠬᠤᠸᠠᠩ ᠮᠢᠨ᠂ ᠭᠦᠸᠧ ᠬᠦᠸᠢ ᠸᠧᠨ᠂ ᠵᠠᠩ ᠾᠧ ᠱᠧᠩ᠂ ᠭᠤᠤ ᠬᠤᠸᠠᠢ ᠪᠢᠨ᠂ ᠯᠢ ᠵᠢᠩ᠂ ᠵᠠᠩ ᠰᠢᠶᠤᠤ ᠭᠤᠸᠠᠩ᠂ ᠲᠠᠨ ᠰᠢᠤᠸᠠᠢ ᠸᠧᠨ᠂ ᠶᠠᠩ ᠵᠢᠶᠠᠨ ᠹᠧᠩ᠂ ᠪᠠᠢ ᠶᠦᠩ ᠭᠠᠩ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠯᠪᠠᠨ ᠭᠡᠷ ᠤᠨ ᠳᠥᠷᠪᠡᠳᠦᠭᠡᠷ ᠳᠡᠰ ᠤᠨ ᠪᠠᠶᠢᠴᠠᠭᠠᠨ ᠰᠣᠳᠣᠯᠠᠭᠴᠢ ᠶᠠᠩ ᠵᠧ ᠵᠢᠶᠦ᠋ᠨ ᠤᠷᠢᠯᠭ᠎ᠠ ᠪᠠᠷ ᠬᠤᠷᠠᠯ ᠳᠤ ᠣᠷᠣᠯᠴᠠᠪᠠ᠃  ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠨᠠᠮ ᠤᠨ ᠤᠳᠤᠷᠢᠳᠬᠤ  ᠳᠤᠭᠤᠶᠢᠯᠠᠩ ᠤᠨ ᠳᠡᠳ᠋ ᠱᠦᠵᠢ᠂ ᠳᠡᠳ᠋ ᠡᠷᠬᠢᠯᠡᠭᠴᠢ ᠵᠢᠶᠠᠩ ᠵᠢᠶᠠᠨ ᠮᠢᠩ᠂ ᠳᠡᠳ᠋ ᠡᠷᠬᠢᠯᠡᠭᠴᠢ ᠮᠧᠩ ᠪᠦᠦ ᠵᠥᠩ᠂ ᠯᠢ ᠹᠧᠩ᠂ ᠲᠣᠭᠤᠷᠢᠭ ᠤᠨ ᠠᠷᠠᠳ ᠤᠨ ᠰᠢᠭᠦᠬᠦ ᠬᠤᠷᠢᠶᠠᠨ ᠤ ᠳᠠᠷᠤᠭ᠎ᠠ ᠶᠤᠸᠠᠨ ᠨᠢᠩ᠂ ᠲᠣᠭᠤᠷᠢᠭ ᠤᠨ ᠠᠷᠠᠳ ᠤᠨ ᠪᠠᠶᠢᠴᠠᠭᠠᠬᠤ ᠬᠤᠷᠢᠶᠠᠨ ᠤ ᠪᠠᠶᠢᠴᠠᠭᠠᠬᠤ ᠳᠠᠷᠤᠭ᠎ᠠ ᠡᠤ ᠸᠧᠶ ᠵᠢᠶᠦ᠋ᠨ ᠪᠣᠯᠤᠨ ᠲᠣᠭᠤᠷᠢᠭ ᠲᠤ ᠰᠠᠭᠤᠭ᠎ᠠ ᠬᠤᠲᠠ ᠶᠢᠨ ᠠᠷᠪᠠᠨ ᠲᠠᠪᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠱᠣᠤ ᠵᠢᠶᠦ᠋ᠨ᠂ ᠣᠷᠭᠢᠯ ᠬᠤᠷᠠᠯ ᠳᠤ ᠣᠷᠣᠯᠴᠠᠪᠠ᠃      ᠲᠣᠰ ᠤᠳᠠᠭᠠᠨ ᠤ ᠬᠤᠷᠠᠯ ᠳᠤ ᠪᠠᠰᠠ  ᠲᠣᠭᠤᠷᠢᠭ ᠤᠨ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠯ᠎ᠡ ᠠᠵᠢᠯ ᠤᠨ ᠪᠠᠶᠢᠭᠤᠯᠤᠮᠵᠢ ᠶᠢᠨ ᠬᠠᠷᠢᠭᠤᠴᠠᠯᠭᠠᠲᠠᠨ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠵᠡᠭᠡᠯᠢ ᠭᠤᠳᠤᠮᠵᠢ ᠶᠢᠨ ᠠᠵᠢᠯ ᠤᠨ ᠵᠥᠪᠯᠡᠯ ᠶᠢᠨ ᠬᠠᠷᠢᠭᠤᠴᠠᠯᠭᠠᠲᠠᠨ ᠵᠢᠴᠢ ᠪᠦᠷᠢᠯᠳᠦᠬᠦᠨ᠂ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠪᠦᠷᠢᠯᠳᠦᠬᠦᠨ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠣᠷᠣᠯᠴᠠᠵᠠᠶ᠃      ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠯᠢ ᠹᠧᠩ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠲᠥᠯᠥᠭᠡᠯᠡᠭᠴᠢᠳ ᠠᠵᠢᠯ ᠤᠨ ᠢᠯᠡᠳᠬᠡᠯ ᠬᠢᠪᠡ︔ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠶᠠᠩ ᠵᠢᠶᠠᠨ ᠮᠢᠩ ᠠᠴᠠ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠰᠢᠯᠢᠳᠡᠭ ᠲᠥᠯᠥᠭᠡᠯᠡᠭᠴᠢ ᠵᠢᠴᠢ ᠲᠥᠯᠦᠭᠡᠯᠡᠭᠴᠢ ᠶᠢᠨ ᠠᠵᠢᠯ᠂ ᠲᠥᠯᠥᠭᠡᠯᠡᠭᠴᠢ ᠶᠢᠨ ᠰᠠᠨᠠᠭᠤᠯᠭ᠎ᠠ ᠶᠢ ᠰᠢᠢᠳᠪᠦᠷᠢᠯᠡᠬᠦ ᠠᠵᠢᠯ ᠤᠨ ᠲᠡᠷᠢᠭᠦᠨ ᠤ ᠨᠢᠭᠡᠴᠡ ᠶᠢ ᠬᠥᠬᠢᠭᠦᠯᠦᠨ ᠰᠠᠶᠢᠰᠢᠶᠠᠬᠤ ᠲᠤᠬᠠᠢ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠲᠣᠭᠲᠠᠭᠠᠯ ᠢ ᠤᠩᠰᠢᠨ ᠨᠡᠶᠢᠲᠡᠯᠡᠪᠡ᠃
     ᠵᠠᠩ ᠶᠦᠩ ᠳ᠋ᠦᠩ᠂ ᠬᠤᠸᠠᠩ ᠮᠢᠨ᠂ ᠬᠤᠤ ᠶᠢᠨ ᠬᠤᠸᠠ᠂ ᠭᠦᠸᠧ  ᠬᠦᠸᠢ ᠸᠧᠨ᠂ ᠶᠠᠩ ᠵᠧ ᠵᠢᠶᠦ᠋ᠨ᠂ ᠵᠢᠶᠠᠩ ᠵᠢᠶᠠᠨ ᠮᠢᠩ᠂ ᠮᠧᠩ ᠪᠦᠦ ᠵᠥᠩ᠂ ᠯᠢ  ᠹᠧᠩ ᠰᠢᠯᠢᠳᠡᠭ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠲᠥᠯᠥᠭᠡᠯᠡᠭᠴᠢ ᠶᠢᠨ ᠠᠵᠢᠯ ᠤᠨ ᠲᠡᠷᠢᠭᠦᠨ ᠤ ᠨᠢᠭᠡᠴᠡ᠂ ᠲᠥᠯᠥᠭᠡᠯᠡᠭᠴᠢ ᠶᠢᠨ ᠰᠠᠨᠠᠭᠤᠯᠭ᠎ᠠ ᠶᠢ ᠭᠦᠶ᠋ᠴᠡᠳᠬᠡᠭᠰᠡᠨ  ᠲᠡᠷᠢᠭᠦᠨ ᠤ ᠨᠢᠭᠡᠴᠡ ᠳᠤ ᠢᠷᠠᠭᠤ ᠠᠯᠳᠠᠷ ᠤᠨ ᠦᠨᠡᠮᠯᠡᠯ᠂ ᠱᠠᠩᠨᠠᠯ ᠤᠨ ᠲᠡᠮᠳᠡᠭ ᠪᠠ ᠢᠷᠠᠭᠤ ᠠᠯᠳᠠᠷ ᠤᠨ ᠫᠠᠶᠢᠰᠠ ᠢᠯᠡᠷᠬᠡᠶᠢᠯᠡᠯ ᠣᠯᠭᠤᠪᠠ᠃
     ᠶᠠᠩ ᠵᠧ ᠵᠢᠶᠦ᠋ᠨ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢ ᠲᠥᠯᠥᠭᠡᠯᠡᠨ ᠬᠤᠷᠠᠯ ᠳᠤ  ᠣᠷᠣᠯᠴᠠᠨ ᠶᠠᠷᠢᠶ᠎ᠠ ᠲᠠᠯᠪᠢᠵᠤ᠂ ᠮᠠᠨ ᠤ ᠲᠣᠭᠤᠷᠢᠭ ᠤᠨ ᠲᠥᠯᠥᠭᠡᠯᠡᠭᠴᠢᠳ ᠤᠨ ᠠᠵᠢᠯ ᠢ ᠴᠢᠩᠭᠠᠳᠬᠠᠬᠤ ᠲᠠᠨᠢᠯᠲᠠ ᠵᠢᠴᠢ ᠲᠥᠯᠥᠭᠡᠯᠡᠭᠴᠢᠳ ᠤᠨ ᠠᠵᠢᠯ ᠢ ᠰᠠᠶᠢᠲᠤᠷ ᠬᠢᠬᠦ ᠰᠢᠨ᠎ᠡ ᠠᠷᠭ᠎ᠠ ᠵᠠᠮ ᠢ ᠢᠳᠡᠪᠬᠢᠲᠡᠶ ᠰᠦᠪᠡᠭᠴᠢᠯᠡᠨ ᠵᠢᠯᠣᠭᠤᠳᠬᠤ ᠰᠠᠨᠠᠯ ᠢᠶᠠᠨ ᠳᠤᠷᠠᠳᠪᠠ᠃      ᠵᠠᠩ ᠶᠦᠩ ᠳ᠋ᠦᠩ ᠶᠠᠷᠢᠶᠠᠨ ᠳᠠᠭᠠᠨ ᠴᠢᠬᠤᠯᠠᠴᠢᠯᠠᠭᠰᠠᠨ ᠨᠢ᠂ ᠨᠢᠭᠡ ᠳᠤ ᠰᠠᠭᠤᠷᠢ ᠪᠠᠨ ᠪᠠᠬᠢᠵᠢᠭᠦᠯᠵᠦ᠂  ᠲᠥᠯᠥᠭᠡᠯᠡᠭᠴᠢᠳ ᠤᠨ ᠠᠵᠢᠯ ᠢ ᠰᠠᠶᠢᠲᠤᠷ ᠬᠢᠬᠦ ᠶᠢ ᠴᠢᠬᠤᠯᠠ ᠪᠠᠶᠢᠷᠢᠨ ᠳᠤ ᠲᠠᠯᠪᠢᠬᠤ ᠬᠡᠷᠡᠭᠲᠡᠶ᠃  ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ ᠲᠡᠭᠦᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠲᠥᠯᠥᠭᠡᠯᠡᠭᠴᠢᠳ ᠲᠤ ᠦᠢᠯᠡᠴᠢᠯᠡᠬᠦ ᠤᠬᠠᠮᠰᠠᠷ ᠢᠶᠠᠨ ᠴᠢᠩᠭᠠᠳᠬᠠᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠬᠤ ᠶᠢᠨ ᠬᠤᠷᠢᠶᠠᠨ ᠤ ᠬᠤᠷᠠᠯ ᠳᠤ ᠤᠷᠢᠵᠤ ᠣᠷᠣᠯᠴᠠᠭᠤᠯᠬᠤ᠂ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠬᠢᠬᠦ᠂ ᠪᠠᠶᠢᠴᠠᠭᠠᠨ ᠰᠤᠳᠤᠯᠤᠯᠲᠠ ᠬᠢᠬᠦ᠂ ᠲᠥᠯᠥᠭᠡᠯᠡᠭᠴᠢᠳ ᠤᠨ ᠠᠵᠢᠯᠯᠠᠬᠤ ᠲᠠᠰᠤᠭ ᠭᠠᠷᠭᠠᠬᠤ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ ᠲᠥᠯᠥᠭᠡᠯᠡᠭᠴᠢᠳ ᠤᠨ ᠬᠠᠤᠯᠢ ᠶᠣᠰᠣᠭᠠᠷ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠭᠡᠬᠦ᠂ ᠲᠥᠯᠥᠭᠡᠯᠡᠭᠴᠢ ᠶᠢᠨ ᠭᠤᠣᠯ ᠴᠣᠭᠴᠠ ᠶᠢᠨ ᠦᠢᠯᠡᠳᠦᠯ ᠢᠶᠠᠨ ᠪᠠᠳᠠᠷᠠᠭᠤᠯᠬᠤ ᠶᠢ ᠪᠦᠬᠦ ᠬᠦᠴᠦ ᠪᠠᠷ ᠢᠶᠠᠨ ᠳᠡᠮᠵᠢᠪᠡ᠃ ᠲᠥᠯᠥᠭᠡᠯᠡᠭᠴᠢᠳ ᠤᠨ ᠢᠳᠡᠪᠬᠢᠵᠢᠯ ᠪᠠ ᠰᠠᠨᠠᠭᠠᠴᠢᠯᠠᠭᠠᠲᠤ ᠴᠢᠨᠠᠷ ᠢ ᠦᠨᠡᠨᠬᠦ ᠬᠥᠭᠵᠢᠭᠡᠵᠦ᠂ ᠲᠥᠯᠥᠭᠡᠯᠡᠭᠴᠢᠳ ᠤᠨ ᠴᠤᠭ ᠵᠢᠪᠬᠤᠭ᠎ᠠ ᠶᠢ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠭᠡᠬᠦ ᠳᠡᠭᠡᠷ᠎ᠡ ᠨᠢᠭᠲᠠᠷᠠᠭᠤᠯᠵᠤ ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠢ ᠨᠡᠩ ᠨᠠᠷᠢᠯᠢᠭ ᠣᠨᠣᠪᠴᠢᠲᠠᠶ᠂ ᠨᠡᠩ ᠦᠢᠯᠡᠳᠦᠯ ᠎ ᠲᠠᠢ᠂ ᠨᠡᠩ ᠠᠷᠠᠳ ᠤᠨ ᠰᠡᠳᠬᠢᠯ ᠳᠤ ᠣᠶᠢᠷᠠᠳᠠᠭᠤᠯᠤᠨ᠎ᠠ᠃ ᠬᠤᠶᠠᠷ ᠲᠤ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠦᠭᠡᠯᠡᠭᠴᠢ ᠶᠢᠨ ᠲᠥᠷᠥᠯᠬᠢ ᠳᠠᠪᠠᠭᠤᠯᠢᠭ ᠢ ᠭᠦᠢᠴᠡᠳ ᠪᠠᠳᠠᠷᠠᠭᠤᠯᠬᠤ ᠬᠡᠷᠡᠭᠲᠡᠢ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠪᠣᠯ ᠠᠷᠠᠳ ᠲᠦᠮᠡᠨ ᠤ ᠳᠤᠮᠳᠠ ᠠᠴᠠ ᠢᠷᠡᠵᠦ᠂ ᠠᠷᠠᠳ ᠲᠦᠮᠡᠨ ᠤ ᠳᠤᠮᠳᠠ ᠦᠨᠳᠦᠰᠦᠯᠡᠵᠦ᠂ ᠠᠷᠠᠳ ᠲᠦᠮᠡᠨ ᠢ ᠲᠥᠯᠥᠭᠡᠯᠡᠵᠦ᠂ ᠠᠷᠠᠳ ᠲᠦᠮᠡᠨ ᠳᠤ ᠦᠢᠯᠡᠴᠢᠯᠡᠬᠦ ᠪᠣᠯ ᠨᠠᠮ ᠪᠠ ᠤᠯᠤᠰ ᠤᠨ ᠠᠷᠠᠳ ᠤᠯᠠᠨ ᠲᠠᠢ ᠬᠠᠷᠢᠯᠴᠠᠬᠤ ᠬᠥᠭᠦᠷᠭᠡ ᠬᠤᠯᠪᠣᠭᠠᠰᠤ ᠮᠥᠨ᠃  ᠬᠤᠪᠢ ᠪᠡᠶ᠎ᠡ ᠤᠨ ᠤᠬᠠᠮᠰᠠᠷ ᠢᠶᠠᠨ ᠴᠢᠩᠭᠠᠳᠬᠠᠵᠤ᠂ ᠰᠣᠩᠭᠤᠭᠤᠯᠢ ᠶᠢᠨ ᠠᠷᠠᠳ ᠲᠠᠢ ᠨᠢᠭᠲᠠ ᠬᠠᠷᠢᠯᠴᠠᠵᠤ᠂ ᠠᠷᠠᠳ ᠲᠦᠮᠡᠨ ᠳᠤ ᠲᠠᠰᠤᠷᠠᠯᠲᠠ ᠦᠭᠡᠢ ᠪᠤᠶᠠᠨ ᠦᠢᠯᠡᠳᠴᠦ᠂ ᠭᠠᠵᠠᠷ ᠣᠷᠣᠨ ᠤ ᠬᠥᠭᠵᠢᠯᠲᠡ ᠳᠤ ᠬᠦᠴᠦᠨ ᠨᠡᠮᠡᠷᠢᠯᠡᠵᠦ᠂ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠴᠢᠳᠠᠪᠤᠷᠢ ᠪᠠᠨ ᠳᠡᠭᠡᠭᠰᠢᠯᠡᠭᠦᠯᠬᠦ ᠬᠡᠷᠡᠭᠲᠡᠢ᠃ ᠭᠤᠷᠪᠠ ᠳᠤ ᠤᠳᠤᠷᠢᠳᠤᠯᠭ᠎ᠠ ᠪᠠᠨ ᠴᠢᠩᠭᠠᠳᠬᠠᠵᠤ᠂ ᠲᠥᠯᠥᠭᠡᠯᠡᠭᠴᠢᠳ ᠤᠨ ᠦᠢᠯᠡᠳᠦᠯ ᠢᠶᠠᠨ ᠪᠠᠳᠠᠷᠠᠭᠤᠯᠬᠤ ᠳᠤ ᠲᠠᠪᠴᠠᠩ ᠬᠠᠩᠭᠠᠬᠤ ᠬᠡᠷᠡᠭᠲᠡᠶ᠃  ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠨᠠᠮ ᠤᠨ ᠤᠳᠤᠷᠢᠳᠬᠤ  ᠳᠤᠭᠤᠶᠢᠯᠠᠩ ᠥᠷᠭᠡᠨ ᠣᠯᠠᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠢ ᠳᠠᠭᠠᠭᠤᠯᠤᠨ ᠶᠡᠷᠦᠩᠬᠡᠢ ᠱᠦᠵᠢ ᠶᠢᠨ ︽ᠠᠷᠠᠳ ᠲᠦᠮᠡᠨ ᠢ ᠳᠡᠭᠡᠳᠦᠯᠡᠬᠦ ᠶᠢ ᠪᠠᠷᠢᠮᠲᠠᠯᠠᠬᠤ᠂ ᠠᠷᠠᠳ ᠲᠦᠮᠡᠨ ᠢ ᠴᠢᠩᠭ᠎ᠠ ᠲᠦᠰᠢᠭᠯᠡᠬᠦ᠂ ᠠᠷᠠᠳ ᠲᠦᠮᠡᠨ ᠳᠤ ᠲᠠᠰᠤᠷᠠᠯᠲᠠ ᠥᠬᠡᠶ ᠪᠤᠶᠠᠨ ᠦᠢᠯᠡᠳᠬᠦ᠂ ᠠᠷᠠᠳ ᠲᠦᠮᠡᠨ ᠳᠤ ᠪᠠᠲᠤ ᠦᠨᠳᠦᠰᠦ ᠬᠠᠳᠬᠤᠬᠤ︾ ᠴᠢᠬᠤᠯᠠ ᠱᠠᠭᠠᠷᠳᠠᠯᠭ᠎ᠠ ᠶᠢ ᠦᠢᠯᠡᠳᠦᠯᠭᠡᠵᠢᠭᠦᠯᠵᠦ᠂ ᠢᠮᠠᠭᠲᠠ ᠨᠠᠮ ᠤᠨ ᠬᠤᠷᠢᠶ᠎ᠠ ᠲᠠᠢ ᠰᠡᠳᠬᠢᠯ ᠢᠶᠠᠨ ᠨᠢᠭᠡᠳᠬᠡᠵᠦ᠂  ᠪᠦᠬᠦ ᠲᠠᠯ᠎ᠠ ᠲᠠᠢ ᠵᠡᠷᠭᠡᠪᠡᠷ ᠶᠠᠪᠤᠭᠳᠠᠭᠤᠯᠵᠤ᠂ ᠬᠠᠤᠯᠢ ᠴᠠᠭᠠᠵᠠ ᠲᠠᠢ ᠠᠳᠠᠯᠢ ᠴᠢᠭᠯᠡᠯ ᠢᠶᠠᠷ ᠣᠯᠠᠨ ᠲᠦᠮᠡᠨ ᠲᠠᠢ ᠠᠳᠠᠯᠢ ᠳᠠᠭᠤ ᠲᠠᠢ ᠪᠠᠶᠢᠵᠤ᠂ ᠨᠠᠮ ᠤᠨ ᠤᠳᠤᠷᠢᠳᠤᠯᠭ᠎ᠠ ᠶᠢ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠡᠷᠬᠡ ᠪᠠᠨ  ᠭᠦᠢᠴᠡᠳᠭᠡᠬᠦ ᠪᠦᠬᠦ ᠶᠠᠪᠤᠴᠠ᠂ ᠡᠯ᠎ᠡ ᠲᠠᠯ᠎ᠠ ᠳᠤ ᠲᠤᠤᠱᠯᠠᠭᠤᠯᠬᠤ ᠶᠢ ᠪᠠᠲᠤᠯᠠᠬᠤ ᠬᠡᠷᠡᠭᠲᠡᠶ᠃
     ᠬᠤᠤ ᠶᠢᠨ ᠬᠤᠸᠠ ᠳ᠋ᠦᠩᠨᠡᠯᠲᠡ ᠶᠢᠨ ᠶᠠᠷᠢᠶᠠᠨ ᠳᠠᠭᠠᠨ᠂ ᠨᠢᠭᠡ ᠳᠤ᠂ ᠨᠠᠮ ᠤᠨ ᠤᠳᠤᠷᠢᠳᠤᠯᠭ᠎ᠠ ᠶᠢ ᠪᠠᠷᠢᠮᠲᠠᠯᠠᠵᠤ᠂ ᠲᠣᠭᠤᠷᠢᠭ ᠤᠨ ᠨᠠᠮ ᠤᠨ ᠬᠤᠷᠢᠶᠠᠨ ᠤ ᠴᠢᠬᠤᠯᠠ ᠶᠡᠭᠡ ᠰᠢᠢᠳᠪᠦᠷᠢᠲᠦ ᠪᠤᠳᠤᠯᠭ᠎ᠠ ᠶᠢ ᠬᠡᠷᠡᠭᠵᠢᠭᠦᠯᠵᠦ  ᠨᠠᠶᠢᠳᠠᠪᠤᠷᠢᠵᠢᠭᠤᠯᠬᠤ ᠶᠢ ᠠᠬᠢᠭᠤᠯᠬᠤ ᠬᠡᠷᠡᠭᠲᠡᠢ᠃ ᠵᠢᠭᠠᠪᠤᠷᠢ ᠠᠪᠴᠤ ᠮᠡᠳᠡᠭᠦᠯᠬᠦ ᠳᠦᠷᠢᠮ ᠶᠢ ᠴᠢᠩᠭ᠎ᠠ ᠬᠡᠷᠡᠭᠵᠢᠭᠦᠯᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠳᠤᠮᠳᠠ ᠬᠤᠯᠪᠣᠭᠳᠠᠭᠰᠠᠨ ᠴᠢᠬᠤᠯᠠ ᠶᠡᠭᠡ ᠤᠴᠢᠷ ᠶᠠᠪᠤᠳᠠᠯ ᠪᠣᠯᠤᠨ ᠴᠢᠬᠤᠯᠠ ᠠᠰᠠᠭᠤᠳᠠᠯ ᠤᠨ ᠲᠤᠬᠠᠶ  ᠲᠣᠭᠤᠷᠢᠭ ᠤᠨ ᠨᠠᠮ ᠤᠨ ᠬᠤᠷᠢᠶ᠎ᠠ ᠠᠴᠠ ᠰᠠᠨᠠᠭᠠᠴᠢᠯᠠᠭ᠎ᠠ ᠠᠴᠠ ᠪᠠᠨ ᠵᠢᠭᠠᠪᠤᠷᠢ ᠠᠪᠴᠤ ᠮᠡᠳᠡᠭᠦᠯᠦᠨ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠢ ᠨᠡᠩ ᠥᠨᠳᠥᠷ ᠪᠠᠷᠢᠮᠵᠢᠶ᠎ᠠ᠂ ᠨᠡᠩ ᠴᠢᠩᠭ᠎ᠠ ᠱᠠᠭᠠᠷᠳᠠᠯᠭ᠎ᠠ ᠪᠠᠷ ᠲᠦᠯᠬᠢᠨ ᠠᠬᠢᠭᠤᠯᠤᠨ  ᠂ ᠨᠠᠩ ᠥᠨᠳᠥᠷ ᠤᠯᠤᠰ ᠲᠥᠷᠥ ᠶᠢᠨ ᠵᠣᠭᠰᠣᠴᠠ ᠪᠠᠨ ᠢᠯᠡᠷᠡᠭᠦᠯᠬᠦ ᠬᠡᠷᠡᠭᠲᠡᠢ᠃
     ᠬᠤᠷᠠᠯ ᠳᠡᠭᠡᠷ᠎ᠡ᠂ ᠰᠢᠯᠢᠳᠡᠭ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠵᠦ ᠵᠢᠶᠠᠩ᠂ ᠰᠢᠩ ᠭᠤᠸᠠᠩ ᠨᠡᠶᠢᠭᠡᠮ ᠲᠣᠭᠤᠷᠢᠭ ᠤᠨ ︽ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠭᠡᠷ︾ ᠯᠢᠦ ᠰᠢ ᠴᠧᠨ᠂ ᠲᠣᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶᠠᠨ ᠤ ᠳᠡᠳ᠋ ᠳᠠᠷᠤᠭ᠎ᠠ ᠬᠤ ᠵᠧᠩ ᠦ᠋ ᠨᠡᠶᠢᠲᠡᠯᠢᠭ ᠵᠢᠱᠢᠶ᠎ᠡ ᠪᠠᠷ ᠰᠠᠨᠠᠯ ᠢᠶᠠᠨ ᠰᠣᠯᠢᠯᠴᠠᠪᠠ᠃  
 
ᠢᠷᠡᠯᠲᠡ᠄ ᠪᠠᠶ᠋ᠬᠠᠣᠪᠤᠭ᠎ᠠ ᠠᠭᠤᠷᠬᠠᠢ ᠶᠢᠨ ᠲᠣᠭᠤᠷᠢᠭ ᠤᠨ ᠵᠠᠰᠠᠭ ᠤᠨ ᠣᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号