ᠪᠠᠶ᠋ᠬᠠᠣᠪᠤᠭ᠎ᠠ ᠠᠭᠤᠷᠬᠠᠶ ᠶᠢᠨ ᠲᠣᠭᠤᠷᠢᠭ 2020 ᠣᠨ ᠳᠤ ᠪᠠᠭ᠎ᠠ ᠰᠤᠷᠭᠠᠭᠤᠯᠢ ᠶᠢᠨ ᠨᠢᠭᠡᠳᠦᠭᠡᠷ ᠣᠨ ᠤ ᠰᠤᠷᠤᠭᠴᠢ ᠡᠯᠰᠡᠬᠦ ᠠᠵᠢᠯ ᠤᠨ ᠺᠣᠮᠫᠢᠦ᠋ᠲ᠋ᠧᠷ ᠢᠶᠠᠷ ᠲᠣᠮᠢᠯᠠᠨ ᠬᠤᠪᠢᠶᠠᠷᠢᠯᠠᠬᠤ ᠠᠵᠢᠯ ᠢ ᠪᠡᠶᠡᠯᠡᠭᠦᠯᠪᠡ
ᠨᠡᠶᠢᠲᠡᠯᠡᠭᠰᠡᠨ ᠴᠠᠭ᠄
2020-07-29
     7 ᠰᠠᠷ᠎ᠠ ᠶᠢᠨ 23᠎ ᠤ ᠡᠳᠦᠷ᠂  ᠪᠠᠶ᠋ᠬᠠᠣᠪᠤᠭ᠎ᠠ ᠠᠭᠤᠷᠬᠠᠶ ᠶᠢᠨ ᠲᠣᠭᠤᠷᠢᠭ ᠤᠨ 2020 ᠣᠨ ᠤ ᠪᠠᠭ᠎ᠠ ᠰᠤᠷᠭᠠᠭᠤᠯᠢ ᠶᠢᠨ ᠨᠢᠭᠡᠳᠦᠭᠡᠷ ᠣᠨ ᠤ ᠰᠤᠷᠤᠭᠴᠢ ᠡᠯᠰᠡᠬᠦ ᠠᠵᠢᠯ ᠤᠨ ᠺᠣᠮᠫᠢᠦ᠋ᠲ᠋ᠧᠷ ᠢᠶᠠᠷ ᠲᠣᠮᠢᠯᠠᠨ ᠬᠤᠪᠢᠶᠠᠷᠢᠯᠠᠬᠤ ᠠᠵᠢᠯ ᠤᠨ ᠲᠤᠬᠠᠶ ᠶᠢᠨ ᠲᠠᠯᠠᠪᠠᠶ ᠶᠢᠨ ᠬᠤᠷᠠᠯ ᠲᠣᠭᠤᠷᠢᠭ ᠤᠨ ᠮᠣᠩᠭᠤᠯ ᠦᠨᠳᠦᠰᠦᠲᠡᠨ ᠤ ᠰᠤᠷᠭᠠᠭᠤᠯᠢ ᠶᠢᠨ ᠣᠯᠠᠨ ᠵᠠᠭᠤᠴᠢᠳᠤ ᠬᠢᠴᠢᠶᠡᠯ ᠤᠨ ᠭᠡᠷ ᠲᠤ ᠶᠠᠪᠤᠭᠳᠠᠪᠠ᠃ ᠲᠣᠭᠤᠷᠢᠭ ‍ᠤᠨ‌ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠲᠣᠭᠤᠷᠢᠭ ᠤᠨ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ᠂ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠳᠤᠭᠤᠶᠢᠯᠠᠩ ᠤᠨ ᠬᠠᠷᠢᠭᠤᠴᠠᠯᠭᠠᠲᠠᠨ᠂ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ ᠶᠢᠨ ᠬᠠᠮᠢᠶ᠎ᠠ ᠪᠦᠬᠦᠢ ᠬᠥᠮᠦᠰ᠂ ᠭᠡᠷ ᠤᠨ ᠠᠬᠠᠮᠠᠳ ᠤᠨ ᠲᠥᠯᠦᠭᠡᠯᠡᠭᠴᠢ ᠨᠡᠶᠢᠲᠡ 40 ᠭᠠᠷᠤᠶ ᠬᠥᠮᠦᠨ ᠲᠤᠰ ᠤᠳᠠᠭᠠᠨ ᠤ ᠺᠣᠮᠫᠢᠦ᠋ᠲ᠋ᠧᠷ ᠢᠶᠠᠷ ᠲᠣᠮᠢᠯᠠᠨ ᠬᠤᠪᠢᠶᠠᠷᠢᠯᠠᠬᠤ ᠠᠵᠢᠯ ᠤᠨ ᠲᠤᠬᠠᠶ ᠶᠢᠨ ᠲᠠᠯᠠᠪᠤᠷ ᠲᠤ ᠭᠡᠷᠡᠴᠢᠯᠡᠬᠦ ᠪᠥᠭᠡᠳ ᠬᠢᠨᠠᠯᠲᠠ ᠲᠠᠯᠪᠢᠨ᠎ᠠ᠃ ︽ ᠪᠠᠶ᠋ᠬᠠᠣᠪᠤᠭ᠎ᠠ ᠠᠭᠤᠷᠬᠠᠶ ᠶᠢᠨ ᠲᠣᠭᠤᠷᠢᠭ ᠤᠨ 2020 ᠣᠨ ᠤ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤ ᠦᠶ᠎ᠡ ᠶᠢᠨ ᠰᠤᠷᠭᠠᠭᠤᠯᠢ ᠶᠢᠨ ᠰᠤᠷᠤᠭᠴᠢ ᠡᠯᠰᠡᠬᠦ ᠠᠵᠢᠯ ᠤᠨ ᠬᠡᠷᠡᠭᠵᠢᠭᠦᠯᠬᠦ ᠲᠥᠰᠦᠯ︾᠎ ᠤᠨ ᠱᠠᠭᠠᠷᠳᠠᠯᠭ᠎ᠠ ᠶᠢ ᠦᠨᠳᠦᠰᠦᠯᠡᠨ᠂ ᠤᠷᠢᠳᠴᠢᠯᠠᠨ ᠨᠡᠷ᠎ᠡ ᠮᠡᠳᠡᠭᠦᠯᠦᠭᠰᠡᠨ ᠬᠥᠮᠦᠨ ᠤ ᠲᠤᠭ᠎ᠠ ᠨᠢ ᠰᠤᠷᠤᠭᠴᠢ ᠡᠯᠰᠡᠬᠦ ᠲᠥᠯᠥᠪᠯᠡᠭᠡ ᠠᠴᠠ ᠬᠡᠲᠦᠷᠡᠭᠰᠡᠨ ᠰᠤᠷᠭᠠᠭᠤᠯᠢ ᠳᠤ᠂ ᠨᠢᠭᠡᠳᠦᠯᠲᠡᠶ ᠲᠥᠯᠥᠪᠯᠡᠨ ᠲᠥᠯᠥᠪᠵᠢᠭᠦᠯᠵᠦ ᠲᠡᠩᠴᠡᠭᠦᠷᠢᠲᠡᠶ ᠬᠥᠭᠵᠢᠭᠦᠯᠬᠦ ᠬᠠᠷᠢᠴᠠᠩᠭᠤᠶ ᠲᠣᠭᠲᠠᠭᠤᠨ ᠪᠥᠭᠡᠳ ᠵᠣᠬᠢᠰᠲᠠᠢ ᠲᠣᠬᠢᠷᠠᠭᠤᠯᠬᠤ ᠵᠠᠷᠴᠢᠮ ᠤᠨ ᠶᠣᠰᠣᠭᠠᠷ᠂ ᠺᠣᠮᠫᠢᠦ᠋ᠲ᠋ᠧᠷ ᠢᠶᠠᠷ ᠲᠠᠰᠢᠷᠠᠮ ᠳᠠᠭᠠᠤ ᠣᠷᠣᠨ ᠪᠠᠶᠢᠷᠢ ᠲᠣᠮᠢᠯᠠᠬᠤ ᠬᠡᠷᠡᠭᠲᠡᠶ᠃ ᠲᠡᠮᠦᠷ ᠤᠨ ᠠᠭᠤᠷᠬᠠᠶ ᠶᠢᠨ ᠬᠤᠶᠠᠳᠤᠭᠠᠷ ᠪᠠᠭ᠎ᠠ ᠰᠤᠷᠭᠠᠭᠤᠯᠢ ᠶᠢᠨ ᠬᠢᠨᠠᠨ ᠬᠠᠷᠭᠤᠭᠤᠯᠤᠭᠠᠳ ᠨᠤᠲᠠᠯᠠᠭᠰᠠᠨ ᠤᠷᠢᠳᠴᠢᠯᠠᠨ ᠨᠡᠷ᠎ᠡ ᠮᠡᠳᠡᠭᠦᠯᠦᠭᠰᠡᠨ ᠬᠥᠮᠦᠨ ᠤ ᠲᠤᠭ᠎ᠠ ᠨᠢ ᠰᠤᠷᠤᠭᠴᠢ ᠡᠯᠰᠡᠬᠦ ᠲᠥᠯᠥᠪᠯᠡᠭᠡ ᠶᠢᠨ ᠲᠤᠭ᠎ᠠ ᠠᠴᠠ ᠬᠡᠲᠦᠷᠡᠵᠦ᠂ ᠮᠣᠩᠭᠤᠯ ᠦᠨᠳᠦᠰᠦᠲᠡᠨ ᠤ ᠪᠠᠭ᠎ᠠ ᠰᠤᠷᠭᠠᠭᠤᠯᠢ ᠳᠤ 15 ᠰᠤᠯᠠ ᠡᠷᠳᠡᠮ ᠤᠨ ᠴᠣᠯᠠ ᠲᠠᠢ᠃ ᠪᠠᠶ᠋ᠬᠠᠣᠪᠤᠭ᠎ᠠ ᠠᠭᠤᠷᠬᠠᠶ ᠶᠢᠨ ᠲᠣᠭᠤᠷᠢᠭ ᠤᠨ ᠡᠷᠦᠬᠡ ᠠᠮᠠ ᠶᠢᠨ ᠳᠠᠩᠰᠠ ᠲᠠᠢ ᠲᠣᠬᠢᠷᠠᠬᠤ ᠨᠠᠰᠤᠨ ᠤ ᠬᠡᠤᠬᠡᠳ ᠢ ᠤᠷᠢᠳᠠᠪᠠᠷ ᠲᠣᠬᠢᠷᠠᠭᠤᠯᠬᠤ ᠵᠠᠷᠴᠢᠮ ᠶᠣᠰᠣᠭᠠᠷ᠂ ᠲᠡᠮᠦᠷ ᠤᠨ ᠠᠭᠤᠷᠬᠠᠶ ᠶᠢᠨ ᠬᠤᠶᠠᠳᠤᠭᠠᠷ ᠪᠠᠭ᠎ᠠ ᠰᠤᠷᠭᠠᠭᠤᠯᠢ ᠳᠤ ᠤᠷᠢᠳᠴᠢᠯᠠᠨ ᠨᠡᠷ᠎ᠡ ᠮᠡᠳᠡᠭᠦᠯᠬᠦ ᠴᠢᠬᠤᠯᠠᠲᠠᠶ ᠪᠠᠶ᠋ᠬᠠᠣᠪᠤᠭ᠎ᠠ ᠠᠭᠤᠷᠬᠠᠶ ᠶᠢᠨ ᠲᠣᠭᠤᠷᠢᠭ ᠤᠨ ᠡᠷᠦᠬᠡ ᠠᠮᠠ ᠶᠢᠨ ᠳᠠᠩᠰᠠ ᠥᠬᠡᠶ 22 ᠰᠤᠷᠤᠭᠴᠢ ᠶᠢ ᠺᠣᠮᠫᠢᠦ᠋ᠲ᠋ᠧᠷ ᠢᠶᠠᠷ ᠲᠣᠮᠢᠯᠠᠨ ᠬᠤᠪᠢᠶᠠᠷᠢᠯᠠᠵᠤ᠂ 15 ᠰᠤᠷᠤᠭᠴᠢ ᠶᠢ ᠲᠣᠭᠤᠷᠢᠭ ᠤᠨ ᠮᠣᠩᠭᠤᠯ ᠦᠨᠳᠦᠰᠦᠲᠡᠨ ᠤ ᠪᠠᠭ᠎ᠠ ᠰᠤᠷᠭᠠᠭᠤᠯᠢ ᠳᠤ ᠲᠣᠮᠢᠯᠠᠨ ᠬᠤᠪᠢᠶᠠᠷᠢᠯᠠᠵᠤ ᠨᠢᠭᠡᠳᠦᠭᠡᠷ ᠣᠨ ᠳᠤ ᠰᠤᠷᠤᠯᠴᠠᠭᠤᠯᠵᠠᠶ᠃ ᠺᠣᠮᠫᠢᠦ᠋ᠲ᠋ᠧᠷ ᠨᠢ ᠭᠡᠷ ᠤᠨ ᠠᠬᠠᠮᠠᠳ ᠤᠨ ᠲᠥᠯᠥᠭᠡᠯᠡᠭᠴᠢ ᠪᠠᠷ ᠺᠣᠮᠫᠢᠦ᠋ᠲ᠋ᠧᠷ ᠢ ᠲᠣᠬᠢᠶᠠᠯᠳᠤᠯ ᠢᠶᠠᠷ ᠰᠣᠩᠭᠤᠬᠤ ᠬᠡᠯᠪᠡᠷᠢ ᠪᠠᠷ ᠣᠷᠣᠨ ᠪᠠᠶᠢᠷᠢ ᠲᠣᠮᠢᠯᠠᠳᠠᠭ᠃ 15 ᠰᠤᠷᠤᠭᠴᠢ ᠲᠣᠮᠢᠯᠠᠨ ᠮᠣᠩᠭᠤᠯ ᠦᠨᠳᠦᠰᠦᠲᠡᠨ ᠤ ᠰᠤᠷᠭᠠᠭᠤᠯᠢ ᠳᠤ ᠣᠴᠢᠭᠤᠯᠵᠤ ᠨᠢᠭᠡᠳᠦᠭᠡᠷ ᠣᠨ ᠳᠤ ᠰᠣᠷᠣᠯᠴᠠᠭᠤᠯᠵᠤ᠂ ᠪᠠᠶᠢᠷᠢ ᠲᠣᠮᠢᠯᠠᠭᠰᠠᠨ ᠦᠷ᠎ᠡ ᠳ᠋ᠦᠩ ᠢ ᠲᠤᠬᠠᠶ ᠶᠢᠨ ᠲᠠᠯᠠᠪᠤᠷ ᠲᠤ ᠨᠡᠶᠢᠲᠡᠯᠡᠬᠦ ᠶᠢᠨ ᠬᠠᠮᠲᠤ ᠳᠠᠷᠤᠮᠠᠯᠯᠠᠵᠤ᠂ ᠡᠯ᠎ᠡ ᠲᠥᠯᠥᠭᠡᠯᠡᠭᠴᠢ ᠭᠠᠷ ᠤᠨ ᠦᠰᠦᠭ ᠵᠢᠷᠤᠵᠤ ᠨᠤᠲᠠᠯᠠᠨ ᠵᠥᠪᠰᠢᠶᠡᠷᠡᠵᠦ᠂ ᠰᠤᠷᠭᠠᠭᠤᠯᠢ᠂ ᠰᠤᠷᠭᠠᠨ ᠬᠥᠮᠦᠵᠢᠯ ᠤᠨ ᠲᠣᠪᠴᠢᠶ᠎ᠠ ᠲᠤᠰ ᠲᠤᠰ ᠡᠵᠡᠮᠰᠢᠨ᠎ᠡ᠃ ᠪᠦᠬᠦ᠋ᠢᠯᠡ ᠣᠷᠣᠨ ᠲᠣᠮᠢᠯᠠᠬᠤ ᠶᠠᠪᠤᠴᠠ ᠨᠢ ᠢᠯᠡ ᠲᠣᠳᠣ᠂ ᠡᠷᠬᠡ ᠲᠡᠭᠰᠢ᠂ ᠲᠥᠪ ᠭᠤᠣᠯᠴᠢ᠂ ᠣᠷᠣᠨ ᠲᠣᠮᠢᠯᠠᠬᠤ ᠦᠷ᠎ᠡ ᠳ᠋ᠦᠩ ᠨᠢ ᠦᠨᠡᠨ ᠪᠣᠳᠠᠲᠠᠶ ᠪᠥᠭᠡᠳ ᠪᠦᠲᠦᠮᠵᠢᠲᠡᠶ ᠪᠠᠶᠢᠳᠠᠭ᠃
 
ᠢᠷᠡᠯᠲᠡ᠄ ᠪᠠᠶ᠋ᠬᠠᠣᠪᠤᠭ᠎ᠠ ᠠᠭᠤᠷᠬᠠᠢ ᠶᠢᠨ ᠲᠣᠭᠤᠷᠢᠭ ᠤᠨ ᠵᠠᠰᠠᠭ ᠤᠨ ᠣᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号