ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠵᠠᠩ ᠷᠦᠢ ᠰᠢᠭᠤᠳ ᠬᠤᠷᠰᠢᠯᠴᠠᠬᠤ ᠠᠵᠤ ᠠᠬᠤᠢ ᠶᠢᠨ ᠬᠤᠤᠰ ᠡᠭᠦᠳᠦᠯᠲᠡ ᠶᠢᠨ ᠬᠦᠷᠢᠶᠡᠯᠡᠩ ᠳᠤ ᠪᠠᠶᠢᠴᠠᠭᠠᠨ ᠰᠤᠳᠤᠯᠤᠯᠲᠠ ᠬᠢᠭᠰᠡᠨ ᠪᠥᠭᠡᠳ ᠫᠠᠶᠢᠰᠠ ᠡᠯᠭᠦᠬᠦ ᠶᠣᠰᠣᠯᠠᠯ ᠳᠤ ᠣᠷᠣᠯᠴᠠᠪᠠ
ᠨᠡᠶᠢᠲᠡᠯᠡᠭᠰᠡᠨ ᠴᠠᠭ᠄
2020-07-29
     7 ᠰᠠᠷ᠎ᠠ ᠶᠢᠨ 23᠎ ᠤ ᠦᠳᠡ ᠶᠢᠨ ᠬᠤᠶᠢᠨ᠎ᠠ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠵᠠᠩ ᠷᠦᠢ ᠨᠠᠷ ᠰᠢᠭᠤᠳ ᠬᠤᠷᠰᠢᠯᠴᠠᠬᠤ ᠠᠵᠤ ᠠᠬᠤᠢ ᠶᠢᠨ ᠬᠤᠤᠰ ᠡᠭᠦᠳᠦᠯᠲᠡ ᠶᠢᠨ ᠬᠦᠷᠢᠶᠡᠯᠡᠩ ᠳᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠵᠦ ᠵᠢᠭᠠᠨ ᠵᠢᠯᠣᠭᠤᠳᠬᠤ ᠶᠢᠨ ᠬᠠᠮᠲᠤ ᠬᠤᠲᠠ ᠶᠢᠨ ᠡᠮᠡᠭᠲᠡᠶᠢᠴᠦᠳ ᠤᠨ ᠬᠤᠯᠪᠣᠭᠠᠲᠤ ᠬᠤᠷᠠᠯ ᠤᠨ ᠨᠠᠮ ᠤᠨ ᠪᠠᠶᠢᠭᠤᠯᠤᠯᠲᠠ ᠶᠢᠨ ᠦᠢᠯᠡᠴᠢᠯᠡᠭᠡᠨ ᠤ ᠲᠥᠪ ᠪᠠ ᠠᠳᠠᠯ ᠦᠢᠯᠡᠰ ᠴᠣᠭᠴᠠᠯᠠᠬᠤ ᠲᠥᠪ ᠤᠨ ᠫᠠᠶᠢᠰᠠ ᠡᠯᠭᠦᠬᠦ ᠶᠣᠰᠣᠯᠠᠯ ᠳᠤ ᠣᠷᠣᠯᠴᠠᠵᠤ᠂ ᠥᠪᠡᠷᠲᠡᠭᠡᠨ ᠵᠠᠰᠠᠬᠤ ᠣᠷᠣᠨ ᠤ ᠡᠮᠡᠭᠲᠡᠶᠢᠴᠦᠳ ᠤᠨ ᠬᠤᠯᠪᠣᠭᠠᠲᠤ ᠬᠤᠷᠠᠯ ᠤᠨ ᠳᠡᠳ᠋ ᠲᠡᠷᠢᠭᠦᠯᠡᠭᠴᠢ ᠭᠦᠸᠧ ᠵᠢᠩ ᠯᠢ ᠣᠷᠣᠯᠴᠠᠪᠠ᠃      ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠵᠠᠩ ᠷᠦᠢ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠵᠠᠩ ᠶᠦᠩ ᠳ᠋ᠦᠩ ᠤᠨ ᠪᠠᠷ᠎ᠠ ᠪᠣᠯᠣᠯᠭ᠎ᠠ ᠲᠠᠢ ᠪᠠᠷ ᠬᠦᠷᠢᠶᠡᠯᠡᠩ ᠲᠣᠭᠤᠷᠢᠭ ᠤᠨ ᠡᠵᠡᠩᠨᠡᠯᠲᠡ ᠶᠢᠨ ᠪᠠᠶᠢᠳᠠᠯ ᠤᠨ ᠲᠠᠨᠢᠯᠴᠠᠭᠤᠯᠭ᠎ᠠ ᠶᠢ ᠰᠣᠨᠣᠰᠴᠤ᠂ ᠲᠡᠷᠡᠴᠢᠯᠡᠨ ᠣᠷᠣᠵᠤ ᠰᠠᠭᠤᠭᠰᠠᠨ ᠠᠵᠤ ᠠᠬᠤᠶᠢᠯᠠᠯ᠂ ᠲᠥᠷᠥᠯ ᠵᠦᠢᠯ ᠤᠨ ᠨᠡᠪᠴᠢᠭᠦᠯᠦᠯᠲᠡ᠂ ᠠᠳᠠᠯ ᠦᠢᠯᠡᠰ  ᠴᠣᠭᠴᠠᠯᠠᠨ ᠠᠵᠢᠯ ᠣᠯᠭᠤᠬᠤ ᠵᠡᠷᠭᠡ ᠪᠠᠶᠢᠳᠠᠯ ᠢ ᠨᠠᠷᠢᠨ ᠣᠶᠢᠯᠠᠭᠠᠵᠤ᠂ ᠰᠢᠭᠤᠳ ᠬᠤᠷᠰᠢᠯᠴᠠᠬᠤ ᠠᠵᠤ ᠠᠬᠤᠢ ᠎ ᠶᠢᠨ ᠬᠤᠤᠰ ᠡᠭᠦᠳᠦᠯᠲᠡ ᠶᠢᠨ ᠬᠦᠷᠢᠶᠡᠯᠡᠩ ᠤᠨ ᠣᠶᠢᠷ᠎ᠠ ᠶᠢᠨ ᠵᠢᠯ ᠳᠤ ᠣᠯᠤᠭᠰᠠᠨ ᠠᠮᠵᠢᠯᠲᠠ ᠶᠢ ᠨᠤᠲᠠᠯᠠᠪᠠ᠃
     ᠵᠠᠩ ᠷᠦᠢ ᠴᠢᠬᠤᠯᠠᠴᠢᠯᠠᠭᠰᠠᠨ ᠨᠢ᠂ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠠᠵᠢᠯ ᠤᠨ ᠲᠤᠬᠠᠶ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠶ ᠰᠤᠷᠤᠯᠴᠠᠨ ᠲᠤᠭᠤᠰᠢᠯᠠᠭᠤᠯᠵᠤ᠂ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶᠠᠨ ᠤ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠵᠤ᠂ ︽ᠵᠢᠷᠭᠤᠭ᠎ᠠ ᠶᠢ ᠲᠣᠭᠲᠠᠭᠤᠨ ᠪᠠᠶᠢᠯᠭᠠᠬᠤ︾ ᠡᠷᠴᠢᠮ ᠢᠶᠠᠨ ᠴᠢᠩᠭᠠᠷᠠᠭᠤᠯᠵᠤ᠂ ︽ᠵᠢᠷᠭᠤᠭ᠎ᠠ ᠶᠢ ᠪᠠᠲᠤᠯᠠᠬᠤ︾ ᠡᠭᠦᠷᠭᠡ ᠶᠢ ᠨᠠᠶᠢᠳᠠᠪᠤᠷᠢᠵᠢᠭᠤᠯᠤᠨ᠂ ᠪᠥᠬᠦ ᠵᠢᠯ ᠤᠨ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠬᠠᠷᠠᠯᠲᠠ ᠡᠭᠦᠷᠭᠡ ᠪᠠᠨ ᠪᠡᠶᠡᠯᠡᠭᠦᠯᠬᠦ ᠶᠢ ᠦᠨᠡᠨᠬᠦ ᠪᠠᠲᠤᠯᠠᠬᠤ ᠬᠡᠷᠡᠭᠲᠡᠢ᠃ ᠣᠷᠣᠨ ᠪᠦᠰᠡ ᠶᠢᠨ ᠠᠵᠤ ᠠᠬᠤᠶ ᠶᠢᠨ ᠬᠥᠭᠵᠢᠯᠲᠡ ᠶᠢᠨ ᠲᠣᠭᠲᠠᠭᠤᠨ ᠬᠥᠭᠵᠢᠯᠲᠡ ᠶᠢ ᠠᠬᠢᠭᠤᠯᠬᠤ ᠳᠤ ᠦᠵᠡᠭᠦᠯᠬᠦ ᠴᠢᠬᠤᠯᠠ ᠲᠤᠯᠭᠠᠭᠤᠷᠢ ᠦᠢᠯᠡᠳᠦᠯ ᠢ ᠭᠦᠢᠴᠡᠳ ᠲᠠᠨᠢᠵᠤ ᠢᠲᠡᠭᠡᠯ ᠵᠣᠷᠢᠭ ᠢᠶᠠᠨ ᠦᠷᠭᠦᠯᠵᠢᠯᠡᠨ ᠪᠠᠲᠤᠳᠬᠠᠵᠤ᠂ ᠲᠣᠭᠲᠠᠯ ᠬᠦᠴᠦᠨ ᠢᠶᠠᠨ ᠪᠠᠲᠤᠯᠠᠨ᠂ ᠲᠥᠷᠥ ᠶᠢᠨ ᠪᠣᠳᠤᠯᠭ᠎ᠠ ᠠᠷᠭ᠎ᠠ ᠬᠡᠮᠵᠢᠶ᠎ᠡ ᠪᠠᠨ ᠴᠢᠩᠭᠠᠳᠬᠠᠵᠤ᠂ ᠠᠵᠤ ᠠᠬᠤᠶᠢᠯᠠᠯ ᠳᠤ ᠲᠤᠯᠭᠠᠷᠠᠵᠤ ᠪᠠᠶᠢᠭ᠎ᠠ ᠪᠣᠳᠠᠲᠠᠶ ᠬᠦᠴᠢᠷᠳᠡᠯ ᠢ ᠦᠨᠡᠨ ᠬᠦ  ᠰᠢᠢᠳᠪᠦᠷᠢᠯᠡᠵᠦ᠂  ᠦᠢᠯᠡᠴᠢᠯᠡᠭᠡ ᠶᠢ ᠤᠯᠠᠮ ᠨᠢᠭᠡ ᠠᠯᠬᠤᠮ ᠰᠢᠯᠢᠳᠡᠭᠵᠢᠭᠦᠯᠦᠨ᠂ ︽ᠰᠢᠭᠤᠳ ᠬᠤᠷᠰᠢᠯᠴᠠᠬᠤ ᠠᠵᠤ ᠠᠬᠤᠢ︾᠎ ᠶᠢᠨ ᠲᠠᠰᠤᠷᠠᠯᠳᠠ ᠦᠭᠡᠢ ᠰᠢᠨ᠎ᠡ ᠦᠷ᠎ᠡ ᠪᠦᠲᠦᠮᠵᠢ ᠤᠯᠬᠤ ᠶᠢ ᠲᠦᠯᠬᠢᠨ ᠠᠬᠢᠭᠤᠯᠤᠨ᠎ᠠ᠃ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠡᠷᠴᠢᠮ ᠢᠶᠠᠨ ᠴᠢᠩᠭᠠᠷᠠᠭᠤᠯᠵᠤ᠂ ᠣᠷᠣᠨ ᠪᠦᠰᠡ ᠠᠯᠤᠰᠯᠠᠭᠰᠠᠨ  ᠬᠠᠮᠲᠤᠷᠠᠯᠴᠠᠭᠠᠨ ᠤ ᠬᠡᠪ ᠵᠠᠭᠪᠤᠷ ᠢ ᠡᠭᠦᠳᠴᠦ᠂ ᠬᠠᠮᠲᠤᠷᠠᠯᠴᠠᠭ᠎ᠠ ᠶᠢ ᠪᠣᠳᠠᠲᠠᠶ ᠲᠥᠷᠥᠯ ᠵᠦᠢᠯ ᠳᠤ ᠯᠠᠪᠳᠠᠭᠤᠨ ᠪᠠᠲᠤᠲᠠᠶ ᠨᠠᠶᠢᠳᠠᠪᠤᠷᠢᠵᠢᠭᠤᠯᠵᠤ᠂ ᠭᠠᠵᠠᠷ ᠣᠷᠣᠨ ᠤ ᠬᠡᠯᠪᠡᠷᠢ ᠪᠠᠨ ᠬᠤᠪᠢᠷᠠᠭᠤᠯᠤᠨ ᠬᠥᠭᠵᠢᠬᠦ᠂ ᠰᠢᠨ᠎ᠡ ᠶᠢ ᠡᠭᠦᠳᠬᠦ ᠬᠥᠭᠵᠢᠯᠲᠡ᠂ ᠲᠠᠪᠠᠯᠳᠠᠳᠤ ᠬᠥᠭᠵᠢᠯᠲᠡ ᠪᠠ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠤᠨ᠎ᠠ᠃      ᠬᠤᠲᠠ ᠶᠢᠨ ᠡᠮᠡᠭᠲᠡᠶᠢᠴᠦᠳ ᠤᠨ ᠬᠤᠯᠪᠣᠭᠠᠲᠤ ᠬᠤᠷᠠᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂  ᠲᠡᠷᠢᠭᠦᠯᠡᠭᠴᠢ ᠣᠶᠣᠩᠭᠡᠷᠡᠯ᠂ ᠲᠣᠭᠤᠷᠢᠭ ᠤᠨ ᠤᠳᠤᠷᠢᠳᠤᠯᠭ᠎ᠠ ᠭᠦᠸᠧ ᠾᠦᠢ ᠸᠧᠨ᠂ ᠪᠠᠶ ᠶᠦᠩ ᠭᠠᠩ᠂ ᠦ᠋ ᡁᠢ ᠴᠢᠶᠠᠩ ᠪᠠᠷ᠎ᠠ ᠪᠣᠯᠪᠠ᠃
 
ᠢᠷᠡᠯᠲᠡ᠄ ᠪᠠᠶ᠋ᠬᠠᠣᠪᠤᠭ᠎ᠠ ᠠᠭᠤᠷᠬᠠᠢ ᠶᠢᠨ ᠲᠣᠭᠤᠷᠢᠭ ᠤᠨ ᠵᠠᠰᠠᠭ ᠤᠨ ᠣᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号