ᠶᠡᠭᠡ ᠰᠤᠷᠭᠠᠭᠤᠯᠢ ᠳᠤ ᠰᠣᠷᠣᠭᠴᠢ ᠡᠯᠰᠡᠬᠦ ᠰᠢᠯᠭᠠᠯᠲᠠ ᠳᠤ ᠬᠦᠴᠦᠨ ᠨᠡᠮᠡᠷᠢᠯᠡᠵᠦ᠂ ᠬᠦᠰᠡᠯ ᠵᠡᠭᠦᠳᠦ ᠶᠢᠨ ᠲᠥᠯᠥᠭᠡ ᠠᠶᠠᠯᠠᠯ  ᠬᠠᠮᠠᠭᠠᠯᠠᠨ᠂  ᠲᠣᠭᠤᠷᠢᠭ ᠤᠨ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠪᠠ ᠡᠪᠯᠡᠯ ᠤᠨ ᠲᠣᠭᠤᠷᠢᠭ ᠤᠨ ᠨᠠᠮ ᠤᠨ ᠬᠤᠷᠢᠶ᠎ᠠ ᠬᠠᠮᠲᠤᠷᠠᠨ ᠰᠢᠯᠭᠠᠯᠲᠠ ᠳᠤ ᠲᠤᠰᠠᠯᠠᠬᠤ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2020-07-09
     ᠶᠡᠭᠡ ᠰᠤᠷᠭᠠᠭᠤᠯᠢ ᠳᠤ ᠰᠤᠷᠤᠭᠴᠢ ᠡᠯᠰᠡᠬᠦ ᠰᠢᠯᠭᠠᠯᠲᠠ ᠶᠢᠨ ᠬᠤᠭᠤᠴᠠᠭᠠᠨ ᠳᠤ᠂ ᠰᠢᠯᠭᠠᠭᠤᠯᠤᠭᠴᠢᠳ ᠲᠤ ᠰᠠᠶᠢᠨ ᠰᠠᠶᠢᠬᠠᠨ᠂ ᠲᠠᠭᠠᠯᠠᠮᠵᠢᠲᠠᠶ ᠶᠡᠭᠡ ᠰᠤᠷᠭᠠᠭᠤᠯᠢ ᠳᠤ ᠰᠣᠷᠣᠭᠴᠢ ᠡᠯᠰᠡᠬᠦ ᠨᠢᠭᠡᠳᠦᠯᠲᠡᠶ ᠰᠢᠯᠭᠠᠯᠲᠠ ᠶᠢᠨ ᠣᠷᠴᠢᠨ ᠨᠥᠬᠦᠴᠡᠯ ᠢ ᠪᠣᠶ ᠪᠣᠯᠭᠠᠬᠤ ᠪᠠ ︽ᠬᠤᠪᠢ ᠨᠡᠮᠡᠷᠢ ᠦᠵᠡᠭᠦᠯᠬᠦ᠂ ᠨᠥᠬᠦᠷᠯᠡᠯ  ᠬᠠᠶᠢᠷ᠎ᠠ᠂ ᠬᠠᠷᠢᠯᠴᠠᠨ ᠬᠠᠪᠰᠤᠷᠤᠯᠴᠠᠬᠤ᠂ ᠳᠠᠪᠰᠢᠬᠤ︾ ᠰᠠᠶᠢᠨ ᠳᠤᠷᠠᠴᠤᠳ ᠤᠨ ᠵᠣᠷᠢᠭ ᠰᠠᠨᠠᠭ᠎ᠠ ᠶᠢ  ᠪᠠᠳᠠᠷᠠᠭᠤᠯᠬᠤ ᠶᠢᠨ ᠲᠥᠯᠥᠭᠡ᠂ 7 ᠰᠠᠷ᠎ᠠ ᠶᠢᠨ 7᠎ ᠤ ᠡᠳᠦᠷ᠂  ᠲᠣᠭᠤᠷᠢᠭ ᠤᠨ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠪᠣᠯᠤᠨ ᠡᠪᠯᠡᠯ ᠤᠨ ᠬᠤᠷᠢᠶ᠎ᠠ ᠬᠠᠮᠲᠤᠷᠠᠨ 18 ᠳ᠋ᠤᠭᠠᠷ ᠳᠤᠮᠳᠠᠳᠤ ᠰᠤᠷᠭᠠᠭᠤᠯᠢ ᠶᠢᠨ ᠡᠭᠦᠳᠡᠨ ᠳᠡᠭᠡᠷ᠎ᠡ ︽ᠲᠤᠰᠠᠯᠠᠨ ᠰᠢᠯᠭᠠᠬᠤ  ᠦᠢᠯᠡᠴᠢᠯᠡᠭᠡᠨ ᠤ ᠥᠷᠲᠡᠭᠡ︾ ᠪᠠᠶᠢᠭᠤᠯᠵᠤ᠂ ᠰᠢᠯᠭᠠᠭᠤᠯᠤᠭᠴᠢ ᠪᠣᠯᠤᠨ ᠭᠡᠷ ᠤᠨ ᠠᠬᠠᠮᠠᠳ ᠲᠤ ᠡᠮᠨᠡᠯᠭᠡ ᠶᠢᠨ ᠠᠮᠠᠪᠴᠢ᠂ ᠪᠣᠷᠣᠭᠠᠨ ᠤ ᠰᠢᠬᠦᠷ᠂ ᠤᠤᠭᠤᠬᠤ ᠤᠰᠤ᠂ ᠠᠮᠠᠷᠠᠬᠤ ᠰᠠᠭᠤᠳᠠᠯ ᠵᠡᠷᠭᠡ ᠶᠢ ᠦᠨ᠎ᠡ ᠲᠥᠯᠥᠪᠦᠷᠢ ᠦᠭᠡᠢ ᠪᠠᠷ ᠬᠠᠩᠭᠠᠵᠤ᠂ ᠡᠩ ᠤᠨ ᠡᠮ ᠪᠠ ᠲᠦᠷᠭᠡᠨ ᠠᠪᠤᠷᠠᠯᠲᠠ ᠶᠢᠨ ᠬᠡᠷᠡᠭᠰᠡᠯ ᠢ ᠪᠡᠯᠡᠳᠬᠡᠪᠡ᠃    
    ᠡᠭᠦᠨ ᠤ ᠬᠠᠮᠲᠤ᠂ ᠥᠪᠥᠷ ᠮᠣᠩᠭᠤᠯ ᠤᠨ ᠪᠤᠭᠤᠲᠤ ᠬᠤᠲᠠ ᠶᠢᠨ ᠱᠧᠩ ᠶᠦᠨ ᠳ᠋ᠡ ᠲᠦᠷᠢᠶᠡᠰᠦᠨ ᠮᠠᠰᠢᠨ ᠲᠡᠷᠭᠡᠨ ᠤ ᠣᠯᠠᠨ ᠨᠡᠶᠢᠲᠡ ᠶᠢᠨ ᠵᠠᠮ ᠬᠠᠷᠢᠯᠴᠠᠭᠠᠨ ᠤ ᠬᠢᠵᠠᠭᠠᠷᠲᠤ ᠺᠣᠮᠫᠠᠨᠢ ᠪᠣᠯᠤᠨ ᠪᠠᠶ᠋ᠬᠠᠣᠪᠤᠭ᠎ᠠ ᠶᠢᠨ ᠤᠯᠠᠭᠠᠨ ᠵᠠᠭᠠᠯᠮᠠᠶᠢᠲᠠᠨ ᠤ ᠬᠠᠶᠢᠷ᠎ᠠ ᠬᠠᠯᠠᠮᠵᠢ ᠶᠢᠨ ᠲᠡᠷᠭᠡᠨ ᠤ ᠠᠩᠭᠢ ᠠᠴᠠ ᠢᠷᠡᠭᠰᠡᠨ 19 ᠲᠦᠷᠢᠶᠡᠰᠦᠨ ᠮᠠᠰᠢᠨ ᠢᠶᠠᠷ ᠪᠦᠷᠢᠯᠳᠦᠭᠰᠡᠨ ︽ᠬᠠᠶᠢᠷ᠎ᠠ ᠬᠠᠯᠠᠮᠵᠢ ᠶᠢᠨ ᠮᠠᠰᠢᠨ ᠲᠡᠷᠭᠡᠨ ᠤ ᠠᠩᠭᠢ︾᠎ ᠨᠢ ᠡᠵᠡᠩᠨᠡᠯᠲᠡ ᠪᠠᠨ ᠲᠠᠶᠠᠭᠳᠠᠨ᠂ ᠲᠡᠷᠭᠡᠨ ᠭᠠᠳᠠᠨ᠎ᠠ ᠪᠠᠨ ᠬᠠᠶᠢᠷ᠎ᠠ ᠬᠠᠯᠠᠮᠵᠢ ᠲᠠᠢ ᠪᠠᠷ ᠰᠢᠯᠭᠠᠯᠲᠠ ᠬᠦᠷᠭᠡᠬᠦ ᠲᠡᠮᠳᠡᠭ ᠨᠠᠭᠠᠵᠤ᠂ ᠶᠡᠭᠡ ᠰᠤᠷᠭᠠᠭᠤᠯᠢ ᠳᠤ ᠰᠣᠷᠣᠭᠴᠢ ᠡᠯᠰᠡᠬᠦ ᠨᠢᠭᠡᠳᠦᠯᠲᠡᠶ ᠰᠢᠯᠭᠠᠯᠲᠠ ᠶᠢᠨ ᠰᠢᠯᠭᠠᠭᠤᠯᠤᠭᠴᠢ ᠪᠠ ᠬᠡᠷ ᠤᠨ ᠠᠬᠠᠮᠠᠳ ᠢ ᠦᠨ᠎ᠡ ᠲᠥᠯᠥᠪᠦᠷᠢ ᠥᠬᠡᠶ ᠪᠠᠷ ᠰᠠᠭᠤᠯᠭᠠᠨ᠎ᠠ᠃ ᠦᠳᠡ ᠶᠢᠨ ᠡᠮᠦᠨ᠎ᠡ ᠨᠠᠢᠮᠠᠨ ᠴᠠᠭ ᠬᠠᠭᠠᠰ ᠠᠴᠠ ᠡᠮᠦᠨ᠎ᠡ ᠰᠤᠷᠤᠭᠴᠢᠳ ᠢᠶᠠᠨ ᠠᠮᠤᠷ ᠲᠦᠪᠰᠢᠨ ᠢᠶᠠᠷ ᠰᠤᠷᠭᠠᠭᠤᠯᠢ ᠳᠤ ᠬᠦᠷᠭᠡᠨ᠂ ᠰᠢᠯᠭᠠᠯᠲᠠ ᠳᠠᠭᠤᠰᠤᠭᠰᠠᠨ ᠤ ᠳᠠᠷᠠᠭ᠎ᠠ᠂ ᠲᠡᠳᠡ ᠰᠤᠷᠭᠠᠭᠤᠯᠢ ᠶᠢᠨ ᠡᠭᠦᠳᠡᠨ ᠭᠠᠳᠠᠨ᠎ᠠ ᠡᠮᠬᠢ ᠵᠢᠷᠤᠮ ᠲᠠᠢ ᠪᠠᠷ ᠬᠦᠯᠢᠶᠡᠵᠦ᠂ ᠦᠵᠡᠰᠬᠦᠯᠡᠩᠲᠦ ᠰᠠᠶᠢᠬᠠᠨ ᠦᠵᠡᠮᠵᠢ ᠶᠢᠨ ᠣᠷᠣᠨ ᠢ ᠪᠦᠷᠢᠯᠳᠦᠭᠦᠯᠪᠡ᠃
     ᠲᠣᠭᠤᠷᠢᠭ ᠤᠨ ᠤᠯᠠᠭᠠᠨ ᠵᠠᠭᠠᠯᠮᠠᠢᠲᠠᠨ ᠤ ᠨᠡᠶᠢᠭᠡᠮᠯᠢᠭ ᠨᠠᠢᠮᠠᠨ ᠵᠢᠯ ᠳᠠᠷᠠᠭᠠᠯᠠᠨ ᠶᠡᠭᠡ ᠰᠤᠷᠭᠠᠭᠤᠯᠢ ᠳᠤ ᠰᠢᠯᠭᠠᠬᠤ ᠰᠢᠯᠭᠠᠯᠲᠠ ᠳᠤ ᠬᠦᠴᠦᠨ ᠨᠡᠮᠡᠷᠢᠯᠡᠬᠦ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠥᠷᠨᠢᠭᠦᠯᠵᠦ᠂ ᠪᠣᠳᠠᠲᠤ ᠠᠵᠢᠯᠯᠠᠭ᠎ᠠ ᠪᠠᠷ ᠢᠶᠠᠨ ᠪᠣᠯᠪᠠᠰᠤᠨ ᠢ ᠤᠯᠠᠮᠵᠢᠯᠠᠨ ᠵᠠᠯᠭᠠᠮᠵᠢᠯᠠᠵᠤ᠂ ᠪᠣᠳᠠᠲᠤ ᠠᠵᠢᠯᠯᠠᠭ᠎ᠠ ᠪᠠᠷ ᠢᠶᠠᠨ ︽ᠬᠥᠮᠦᠯᠢᠭ ᠶᠣᠰᠣ᠂ ᠲᠦᠭᠡᠮᠡᠯ ᠬᠠᠶᠢᠷ᠎ᠠ᠂ ᠬᠤᠪᠢ ᠨᠡᠮᠡᠷᠢ ᠦᠵᠡᠭᠦᠯᠬᠦ︾ ᠤᠯᠠᠭᠠᠨ ᠵᠠᠭᠠᠯᠮᠠᠢᠲᠠᠨ ᠤ ᠵᠣᠷᠢᠭ ᠰᠠᠨᠠᠭ᠎ᠠ ᠶᠢ ᠳᠠᠮᠵᠢᠭᠤᠯᠵᠤ᠂ ᠪᠦᠬᠦ  ᠲᠣᠭᠤᠷᠢᠭ ᠤᠨ ᠥᠪᠡᠷᠲᠡᠭᠡᠨ ᠵᠠᠰᠠᠬᠤ ᠣᠷᠣᠨ ᠤ ᠪᠣᠯᠪᠠᠰᠤᠨ ᠬᠤᠲᠠ ᠶᠢ ᠴᠢᠷᠮᠠᠶᠢᠨ ᠴᠣᠭᠴᠠᠯᠠᠬᠤ ᠳᠤ ᠨᠢᠭᠡ ᠬᠤᠪᠢ ᠬᠦᠴᠦᠨ ᠨᠡᠮᠡᠷᠢᠯᠡᠨ᠎ᠡ᠃
 
ᠢᠷᠡᠯᠲᠡ᠄ ᠪᠠᠶ᠋ᠬᠠᠣᠪᠤᠭ᠎ᠠ ᠠᠭᠤᠷᠬᠠᠢ ᠶᠢᠨ ᠲᠣᠭᠤᠷᠢᠭ ᠤᠨ ᠵᠠᠰᠠᠭ ᠤᠨ ᠣᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号