ᠪᠠᠶᠠᠬᠤᠪᠤᠭ᠎ᠠ ᠠᠭᠤᠷᠬᠠᠶ ᠶᠢᠨ ᠲᠤᠭᠤᠷᠢᠭ ᠤᠨ ᠵᠠᠰᠠᠭ ᠤᠨ ᠶᠠᠪᠤᠳᠠᠯ ᠢ ᠢᠯᠡ ᠪᠣᠯᠭᠠᠬᠤ ᠤᠳᠤᠷᠢᠳᠬᠤ ᠳᠤᠭᠤᠶᠢᠯᠠᠩ ᠤᠨ ︽ᠪᠠᠶᠠᠬᠤᠪᠤᠭ᠎ᠠ ᠠᠭᠤᠷᠬᠠᠶ ᠶᠢᠨ ᠲᠤᠭᠤᠷᠢᠭ ᠤᠨ 2020 ᠣᠨ ᠤ ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠤᠨ ᠭᠤᠤᠯ ᠵᠦᠢᠯ︾᠎ ᠢ ᠳᠠᠷᠤᠮᠠᠯᠯᠠᠨ ᠶᠠᠪᠤᠭᠤᠯᠬᠤ ᠲᠤᠬᠠᠶ ᠮᠡᠳᠡᠭᠳᠡᠯ
ᠨᠡᠶᠢᠲᠡᠯᠡᠭᠰᠡᠨ ᠴᠠᠭ᠄
2020/8/20
ᠪᠠᠶᠠᠬᠤᠪᠤᠭ᠎ᠠ ᠠᠭᠤᠷᠬᠠᠶ ᠶᠢᠨ ᠲᠤᠭᠤᠷᠢᠭ ᠤᠨ ᠵᠠᠰᠠᠭ ᠤᠨ ᠶᠠᠪᠤᠳᠠᠯ ᠢ ᠢᠯᠡ ᠪᠣᠯᠭᠠᠬᠤ ᠤᠳᠤᠷᠢᠳᠬᠤ ᠳᠤᠭᠤᠶᠢᠯᠠᠩ ᠤᠨ ︽ᠪᠠᠶᠠᠬᠤᠪᠤᠭ᠎ᠠ ᠠᠭᠤᠷᠬᠠᠶ ᠶᠢᠨ ᠲᠤᠭᠤᠷᠢᠭ ᠤᠨ 2020 ᠣᠨ ᠤ ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠤᠨ ᠭᠤᠤᠯ ᠵᠦᠢᠯ︾᠎ ᠢ ᠳᠠᠷᠤᠮᠠᠯᠯᠠᠨ ᠶᠠᠪᠤᠭᠤᠯᠬᠤ ᠲᠤᠬᠠᠶ ᠮᠡᠳᠡᠭᠳᠡᠯ                                  ﹇2020﹈ 1  ᠳ᠋ᠤᠭᠡᠷ ᠲᠣᠭᠠᠲᠤᠲᠤᠭᠤᠷᠢᠭ ᠲᠤ ᠬᠠᠷᠢᠶᠠᠯᠠᠭᠳᠠᠬᠤ᠂ ᠲᠣᠭᠤᠷᠢᠭ ᠲᠤ ᠰᠠᠭᠤᠭ᠎ᠠ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠡᠯ᠎ᠡ ᠨᠡᠶᠢᠭᠡᠮ ᠲᠣᠭᠤᠷᠢᠭ ᠲᠤ᠄      ᠪᠠᠶᠠᠬᠤᠪᠤᠭ᠎ᠠ ᠠᠭᠤᠷᠬᠠᠶ ᠶᠢᠨ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠵᠥᠪᠰᠢᠶᠡᠷᠡᠯ ᠢᠶᠠᠷ᠂ ︽ᠪᠠᠶᠠᠬᠤᠪᠤᠭ᠎ᠠ ᠠᠭᠤᠷᠬᠠᠶ ᠶᠢᠨ ᠲᠤᠭᠤᠷᠢᠭ ᠤᠨ 2020 ᠣᠨ ᠤ ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠤᠨ ᠭᠤᠤᠯ ᠵᠦᠢᠯ︾᠎ ᠢ ᠣᠲᠣ ᠳᠠᠷᠤᠮᠠᠯᠯᠠᠨ ᠲᠠᠷᠬᠠᠭᠠᠪᠠ᠂ ᠠᠵᠢᠯ ᠤᠨ ᠬᠤᠪᠢᠶᠠᠷᠢᠯᠠᠯ ᠶᠣᠰᠣᠭᠠᠷ ᠨᠡᠶᠢᠳᠠᠪᠤᠷᠢᠵᠢᠭᠤᠯᠤᠨ᠎ᠠ                                              ᠪᠠᠶᠠᠬᠤᠪᠤᠭ᠎ᠠ ᠠᠭᠤᠷᠬᠠᠶ ᠶᠢᠨ ᠲᠣᠭᠤᠷᠢᠭ ᠤᠨ ᠵᠠᠰᠠᠭ ᠤᠨ ᠶᠠᠪᠤᠳᠠᠯ ᠢ ᠢᠯᠡ ᠪᠣᠯᠭᠠᠬᠤ                 ᠤᠳᠤᠷᠢᠳᠬᠤ ᠳᠤᠭᠤᠶᠢᠯᠠᠩ ᠤᠨ ᠠᠯᠪᠠᠨ ᠬᠡᠷ ︵ᠣᠷᠣᠯᠠᠭᠴᠢ ᠲᠠᠮᠠᠭ᠎ᠠ︶                                 2020 ᠣᠨ ᠤ 7 ᠰᠠᠷ᠎ᠠ ᠶᠢᠨ 23᠎ ᠤ ᠡᠳᠦᠷ      ︵ᠲᠣᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶      ᠪᠠᠶᠠᠬᠤᠪᠤᠭ᠎ᠠ ᠠᠭᠤᠷᠬᠠᠶ ᠶᠢᠨ ᠲᠤᠭᠤᠷᠢᠭ ᠤᠨ 2020 ᠣᠨ ᠤ ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠤᠨ ᠭᠤᠤᠯ ᠠᠭᠤᠯᠭ᠎ᠠ      2020 ᠣᠨ ᠪᠣᠯ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠪᠠ ︽ᠠᠷᠪᠠᠨ ᠭᠤᠷᠪᠠᠳᠤᠭᠠᠷ ᠲᠠᠪᠤᠨ ᠵᠢᠯ︾᠎ ᠤᠨ ᠲᠥᠯᠥᠪᠵᠢᠭᠦᠯᠭᠡ ᠶᠢᠨ ᠡᠴᠦᠰ ᠤᠨ ᠵᠢᠯ ᠪᠣᠯᠤᠨ᠎ᠠ᠂ ᠡᠨᠡ ᠵᠢᠯ ᠤᠨ ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠢ ᠰᠠᠶᠢᠲᠤᠷ ᠬᠢᠵᠦ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠠ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ  ᠲᠤᠭᠤᠰᠢᠯᠠᠭᠤᠯᠬᠤ ᠬᠡᠷᠡᠭᠲᠡᠢ ᠃ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠳᠠᠭᠠᠨ ᠶᠠᠷᠢᠭᠰᠠᠨ ᠶᠠᠷᠢᠶᠠᠨ ᠤ ᠵᠣᠷᠢᠭ ᠰᠠᠨᠠᠭ᠎ᠠ᠂ ᠠᠷᠠᠳ ᠲᠦᠮᠡᠨ ᠢᠶᠠᠷ ᠭᠤᠤᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠵᠤ᠂ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠬᠠᠮᠢᠶ᠎ᠠ ᠪᠦᠬᠦᠢ ᠰᠢᠢᠳᠪᠤᠷᠢᠳᠤ  ᠪᠣᠳᠣᠯᠭ᠎ᠠ ᠶᠢᠨ ᠪᠡᠶᠢᠷᠢᠯᠠᠭᠤᠯᠤᠯᠳᠠ ᠪᠠ ︽ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠳᠦᠷᠢᠮ︾᠎ ᠢ ᠬᠢᠨᠠᠮᠠᠭᠠᠶ ᠨᠡᠶᠢᠳᠠᠪᠤᠷᠢᠵᠢᠭᠤᠯᠵᠤ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 2020 ᠣᠨ ᠤ ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠤᠨ ᠭᠤᠤᠯᠳᠠᠯᠭ᠎ᠠ︾ ︵ᠥᠪᠥᠷ ᠵᠠᠰᠠᠭ ᠲᠠᠷᠬᠠᠭᠠᠭᠰᠠᠨ ︹ 2020 ︺ 1 ᠳ᠋ᠤᠭᠡᠷ ᠲᠣᠭᠠᠲᠤ︶᠂ ︽ᠪᠤᠭᠤᠲᠤ ᠬᠤᠲᠠ ᠶᠢᠨ 2020 ᠣᠨ ᠤ ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠤᠨ ᠭᠤᠤᠯᠳᠠᠯᠭ᠎ᠠ︾ ︵ᠪᠤᠭᠤᠳᠤ ᠵᠠᠰᠠᠭ ᠤᠨ ᠠᠯᠪᠠᠨ ᠲᠠᠷᠬᠠᠭᠠᠭᠰᠠᠨ︹ 2020 ︺ 1 ᠳ᠋ᠤᠭᠡᠷ ᠲᠣᠭᠠᠲᠤ︶᠎ ᠶᠢᠨ ᠠᠵᠢᠯ ᠤᠨ ᠱᠠᠭᠠᠷᠳᠠᠯᠭ᠎ᠠ ᠶᠢ ᠨᠠᠷᠢᠯᠢᠭᠵᠢᠭᠤᠯᠤᠨ᠎ᠠ᠃ ᠠᠵᠤ ᠠᠬᠤᠶ ᠨᠡᠶᠢᠭᠡᠮ ᠤᠨ ᠬᠥᠭᠵᠢᠯᠲᠡ ᠪᠠ ᠠᠷᠠᠳ ᠣᠯᠠᠨ ᠤ ᠠᠩᠬᠠᠷᠤᠯ ᠲᠠᠯᠪᠢᠵᠤ  ᠪᠠᠶᠢᠭ᠎ᠠ ᠠᠰᠠᠭᠤᠳᠠᠯ ᠲᠠᠢ ᠨᠢᠭᠲᠠ ᠤᠶᠠᠯᠳᠤᠭᠤᠯᠤᠨ᠂ ᠨᠢᠭᠡᠳᠦᠯᠲᠡᠶ ᠲᠥᠯᠥᠪᠯᠡᠨ ᠨᠡᠶᠢᠲᠡ ᠳᠤᠨᠢ ᠬᠠᠷᠠᠭᠠᠯᠵᠠᠬᠤ᠂ ᠪᠦᠬᠦᠯᠢ ᠴᠣᠭᠴᠠ ᠪᠠᠷ ᠠᠬᠢᠭᠤᠯᠬᠤ᠂ ᠭᠤᠣᠯᠳᠠᠯᠭ᠎ᠠ ᠶᠢ ᠨᠢ ᠲᠤᠪᠤᠶᠢᠯᠭᠠᠨ᠂ ᠰᠢᠢᠳᠪᠤᠷᠢᠳᠤ ᠪᠣᠳᠣᠯᠭ᠎ᠠ ᠲᠣᠭᠲᠠᠭᠠᠬᠤ᠂ ᠬᠡᠷᠡᠭᠵᠢᠭᠦᠯᠬᠦ᠂ ᠬᠠᠮᠢᠶᠠᠷᠬᠤ᠂ ᠦᠢᠯᠡᠴᠢᠯᠡᠬᠦ᠂ ᠦᠷ᠎ᠡ ᠳ᠋ᠦᠩ ᠢ ᠢᠯᠡ ᠪᠣᠯᠭᠠᠬᠤ ᠶᠢ ᠯᠠᠪᠳᠠᠭᠤᠨ ᠪᠠᠲᠤᠲᠠᠶ ᠠᠬᠢᠭᠤᠯᠵᠤ᠂ ᠵᠠᠰᠠᠭ ᠤᠨ ᠶᠠᠪᠤᠳᠠᠯ ᠢ ᠢᠯᠡ ᠪᠣᠯᠭᠠᠬᠤ ᠶᠢᠨ ᠶᠠᠰᠤ ᠴᠢᠨᠠᠷ ᠦᠷ᠎ᠡ ᠪᠦᠲᠦᠮᠵᠢ ᠶᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠵᠠᠰᠠᠭ ᠤᠨ ᠣᠷᠳᠣᠨ ᠤ ᠡᠭᠦᠷᠭᠡ ᠴᠢᠳᠠᠪᠤᠷᠢ ᠶᠢ ᠬᠤᠪᠢᠷᠠᠭᠤᠯᠬᠤ᠂ ᠵᠠᠰᠠᠭ ᠢ ᠴᠣᠮᠬᠠᠳᠬᠠᠨ ᠡᠷᠬᠡ ᠶᠢ ᠳᠣᠷᠣᠭᠰᠢ ᠪᠠᠭᠤᠯᠭᠠᠬᠤ᠂ ᠬᠢᠨᠠᠨ ᠬᠠᠮᠢᠶᠠᠷᠬᠤ ᠠᠷᠭ᠎ᠠ ᠬᠡᠯᠪᠡᠷᠢ ᠪᠠᠷ ᠰᠢᠨ᠎ᠡ ᠶᠢ ᠡᠭᠦᠳᠬᠦ ᠶᠢ ᠠᠬᠢᠭᠤᠯᠵᠤ᠂ ᠠᠷᠠᠳ ᠣᠯᠠᠨ ᠤ ᠬᠠᠨᠤᠮᠵᠢ ᠶᠢᠨ ᠬᠡᠮᠵᠢᠶ᠎ᠡ᠂ ᠬᠦᠷᠲᠡᠮᠵᠢ ᠶᠢᠨ ᠲᠥᠷᠥᠭᠳᠡᠯ ᠢ ᠨᠡᠮᠡᠭᠳᠡᠭᠦᠯᠵᠦ᠂ ᠠᠵᠤ ᠠᠬᠤᠶ ᠶᠢᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠪᠠ ᠨᠡᠶᠢᠭᠡᠮ ᠤᠨ ᠶᠡᠭᠡ ᠲᠠᠯ᠎ᠠ ᠶᠢᠨ ᠲᠣᠭᠲᠠᠭᠤᠨ ᠢ ᠠᠬᠢᠭᠤᠯᠬᠤ ᠳᠤ ᠢᠳᠡᠪᠬᠢᠲᠡᠶ ᠥᠢᠯᠠᠳᠤᠯ ᠦᠵᠡᠭᠦᠯᠵᠡᠶ᠃      ᠨᠢᠭᠡ᠂ ᠥᠨᠳᠥᠷ ᠶᠠᠰᠤ ᠴᠢᠨᠠᠷ ᠲᠠᠢ ᠥᠨᠳᠥᠷ ᠦᠷ᠎ᠡ ᠪᠦᠲᠦᠮᠵᠢᠲᠡᠶ ᠲᠥᠷᠥ ᠶᠢᠨ ᠪᠤᠳᠤᠯᠭ᠎ᠠ ᠶᠢᠨ ᠲᠠᠶᠢᠯᠤᠮᠵᠢ ᠬᠢᠬᠦ ᠬᠠᠷᠢᠭᠤ ᠥᠭᠬᠦ ᠠᠵᠢᠯ ᠢ ᠥᠷᠨᠢᠭᠦᠯᠦᠨ᠎ᠡ᠃      ︵ᠨᠢᠭᠡ︶ ᠴᠢᠬᠤᠯᠠ ᠶᠡᠭᠡ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ ᠬᠦᠴᠦᠨ ᠲᠠᠢ ᠪᠣᠯᠭᠠᠬᠤ ᠪᠠᠷ ᠴᠢᠷᠮᠡᠶᠢᠨ᠎ᠠ᠃ ᠢᠯᠡ ᠲᠣᠳᠣ ᠪᠠᠶᠢᠯᠭᠠᠬᠤ ᠶᠢ ᠦᠨᠡᠨᠬᠦ ᠵᠠᠰᠠᠭ ᠤᠨ ᠣᠷᠳᠣᠨ ᠤ ᠠᠵᠢᠯ ᠤᠨ ᠦᠨᠳᠦᠰᠦᠨ ᠱᠠᠭᠠᠷᠳᠠᠯᠭ᠎ᠠ ᠪᠣᠯᠭᠠᠵᠤ᠂ ᠢᠯᠡ ᠪᠣᠯᠭᠠᠬᠤ ᠪᠠᠷ ᠬᠡᠪ ᠤᠨ ᠪᠠᠶᠢᠳᠠᠯ ᠪᠣᠯᠭᠠᠬᠤ᠂ ᠢᠯᠡ ᠪᠣᠯᠭᠠᠬᠤ ᠦᠭᠡᠶ ᠪᠠᠷ ᠣᠨᠴᠠᠭᠠᠶ  ᠵᠦᠢᠯ ᠪᠣᠯᠭᠠᠬᠤ ᠶᠢ ᠪᠠᠷᠢᠮᠲᠠᠯᠠᠵᠤ᠂ ᠵᠠᠰᠠᠭ ᠤᠨ ᠣᠷᠳᠣᠨ ᠤ ᠶᠠᠷᠢᠯᠴᠠᠨ ᠲᠣᠭᠲᠠᠭᠠᠭᠰᠠᠨ ᠴᠢᠬᠤᠯᠠ ᠥᠭᠡᠷᠡᠴᠢᠯᠡᠯᠲᠡ ᠶᠢᠨ ᠲᠥᠰᠦᠯ᠂ ᠴᠢᠬᠤᠯᠠ ᠶᠡᠭᠡ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠵᠢᠴᠢ ᠰᠠᠯᠠᠭ᠎ᠠ ᠮᠥᠴᠢᠷ ᠤᠨ ᠲᠣᠭᠲᠠᠭᠠᠭᠰᠠᠨ ᠡᠯ᠎ᠡ ᠵᠦᠢᠯ ᠤᠨ ᠴᠢᠬᠤᠯᠠ ᠲᠥᠷᠥ ᠶᠢᠨ ᠪᠣᠳᠣᠯᠭ᠎ᠠ ᠶᠢ ᠴᠠᠭ ᠲᠤᠬᠠᠶ ᠳᠤᠨᠢ ᠢᠯᠡ ᠪᠣᠯᠭᠠᠬᠤ ᠬᠡᠷᠡᠭᠲᠡᠶ᠂ ᠣᠯᠠᠨ ᠨᠡᠶᠢᠲᠡ ᠶᠢᠨ ᠠᠰᠢᠭ ᠲᠤᠰᠠ᠂ ᠣᠯᠠᠨ ᠨᠡᠶᠢᠲᠡ ᠶᠢᠨ ᠡᠷᠬᠡ ᠠᠰᠢᠭ ᠲᠤ ᠬᠤᠯᠪᠣᠭᠳᠠᠬᠤ ᠴᠢᠬᠤᠯᠠ ᠶᠡᠭᠡ ᠲᠥᠷᠥ ᠶᠢᠨ ᠪᠣᠳᠣᠯᠭ᠎ᠠ ᠶᠢᠨ ᠪᠢᠴᠢᠭ ᠮᠠᠲ᠋ᠧᠷᠢᠶᠠᠯ ᠶᠠᠪᠤᠭᠤᠯᠬᠤ ᠰᠠᠯᠠᠭ᠎ᠠ ᠮᠥᠴᠢᠷ ᠤᠳ ᠢᠯᠡ ᠪᠣᠯᠭᠠᠬᠤ ᠬᠠᠮᠢᠶ᠎ᠠ ᠪᠦᠬᠦᠢ ᠮᠡᠳᠡᠭᠡ ᠵᠠᠩᠭᠢ ᠳᠤ ᠲᠠᠶᠢᠯᠤᠮᠵᠢ ᠬᠢᠬᠦ ᠬᠡᠷᠡᠭᠲᠡᠶ᠃ ︵ ᠲᠤᠭᠤᠷᠢᠭ ᠤᠨ ᠵᠠᠰᠠᠭ ᠤᠨ ᠣᠷᠳᠣᠨ ᠤ ᠠᠯᠪᠠᠨ ᠭᠡᠷ ᠲᠦᠷᠦᠭᠦᠯᠡᠨ᠂ ᠵᠠᠰᠠᠭ ᠤᠨ ᠶᠠᠪᠤᠳᠠᠯ ᠤᠨ ᠥᠢᠯᠡᠴᠢᠯᠡᠭᠡᠨ ᠤ ᠲᠣᠪᠴᠢᠶ᠎ᠠ ᠬᠠᠮᠵᠢᠯᠴᠠᠨ ᠲᠤᠭᠤᠷᠢᠭ ᠤᠨ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠨᠠᠶᠢᠳᠠᠪᠤᠷᠢᠵᠢᠭᠤᠯᠤᠨ᠎ᠠ︶ ᠲᠤᠭᠤᠷᠢᠭ ᠤᠨ ᠨᠠᠮ ᠤᠨ ᠬᠤᠷᠢᠶ᠎ᠠ᠂ ᠲᠤᠭᠤᠷᠢᠭ ᠤᠨ ᠵᠠᠰᠠᠭ ᠤᠨ ᠣᠷᠳᠣᠨ ᠤ ᠭᠤᠣᠯ ᠠᠵᠢᠯ ᠤᠨ ᠲᠣᠭᠤᠷᠢᠨ ᠳᠤ ᠵᠠᠰᠠᠭ ᠤᠨ  ᠶᠠᠪᠤᠳᠠᠯ ᠢ ᠢᠯᠡ ᠪᠣᠯᠭᠠᠬᠤ ᠠᠵᠢᠯ ᠢ ᠠᠬᠢᠭᠤᠯᠵᠤ᠂ ᠲᠤᠭᠤᠷᠢᠭ ᠤᠨ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ︽ᠲᠤᠭᠤᠷᠢᠭ ᠤᠨ ᠵᠠᠰᠠᠭ ᠤᠨ ᠣᠷᠳᠣᠨ ᠤ ᠠᠵᠢᠯ ᠤᠨ ᠢᠯᠡᠳᠭᠡᠯ︾᠎ ᠳᠤ ᠲᠣᠭᠲᠠᠭᠠᠭᠰᠠᠨ ᠭᠤᠤᠯᠳᠠᠯᠭ᠎ᠠ ᠲᠠᠢ ᠠᠵᠢᠯ ᠪᠣᠯᠤᠨ ᠡᠭᠦᠷᠭᠡ ᠶᠢᠨ ᠬᠤᠪᠢᠶᠠᠷᠢᠯᠠᠯ ᠲᠠᠢ ᠤᠶᠠᠯᠳᠤᠭᠤᠯᠤ᠂ ᠨᠡᠶᠢᠭᠡᠮ ᠤᠨ ᠲᠠᠯ᠎ᠠ ᠪᠠᠷ ᠥᠷᠭᠡᠨ ᠠᠩᠬᠠᠷᠴᠤ ᠪᠠᠶᠢᠭ᠎ᠠ᠂ ᠬᠤᠷᠸ᠎ᠠ ᠠᠵᠤ ᠠᠬᠤᠶ ᠪᠣᠯᠤᠨ ᠠᠷᠠᠳ ᠤᠨ ᠠᠮᠢᠳᠤᠷᠠᠯ ᠯᠤᠭ᠎ᠠ ᠨᠢᠭᠲᠠ ᠬᠠᠷᠢᠴᠠᠭ᠎ᠠ ᠲᠠᠢ ᠭᠤᠤᠯᠳᠠᠯᠭ᠎ᠠ ᠲᠠᠢ ᠵᠦᠢᠯ ᠤᠳ ᠢ ᠰᠣᠩᠭᠤᠨ ᠠᠪᠴᠤ᠂ ᠶᠠᠪᠤᠭᠳᠠᠭᠤᠰᠢᠲᠠᠶ ᠢᠯᠡ ᠪᠣᠯᠭᠠᠬᠤ ᠡᠭᠦᠷᠭᠡ᠂ ᠠᠭᠤᠯᠭ᠎ᠠ ᠶᠢ ᠳᠤᠷᠠᠳᠤᠨ ᠭᠠᠷᠭᠠᠵᠤ᠂ ᠲᠣᠰ ᠰᠠᠯᠠᠭ᠎ᠠ ᠮᠥᠴᠢᠷ ᠤᠨ 2020 ᠣᠨ ᠤ ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠤᠨ ᠴᠢᠬᠤᠯᠠ ᠠᠭᠤᠯᠭ᠎ᠠ ᠪᠣᠯᠭᠠᠵᠤ ᠨᠡᠶᠢᠭᠡᠮ ᠳᠤ ᠨᠡᠶᠢᠳᠡᠯᠡᠬᠦ ᠬᠡᠷᠡᠭᠲᠡᠶ᠃ ︵ ᠲᠤᠭᠤᠷᠢᠭ ᠤᠨ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠨᠠᠶᠢᠳᠠᠪᠤᠷᠢᠵᠢᠭᠤᠯᠤᠨ᠎ᠠ︶ ᠵᠠᠰᠠᠭ ᠤᠨ ᠣᠷᠳᠣᠨ ᠤ ᠰᠠᠯᠠᠭ᠎ᠠ ᠮᠥᠴᠢᠷ ᠤᠨ ᠡᠷᠬᠡ ᠬᠠᠷᠢᠭᠤᠴᠠᠯᠭ᠎ᠠ ᠶᠢᠨ ᠨᠠᠷᠢᠨ ᠬᠠᠭᠤᠳᠠᠰᠤ ᠶᠢᠨ ᠬᠥᠳᠡᠯᠦᠩᠭᠦᠢ ᠲᠣᠬᠢᠷᠠᠭᠤᠯᠤᠯᠲᠠ ᠪᠠ ᠢᠯᠡ ᠪᠣᠯᠭᠠᠬᠤ ᠠᠵᠢᠯ ᠢ ᠰᠠᠶᠢᠲᠤᠷ ᠬᠢᠨ᠎ᠡ ︵ᠲᠤᠭᠤᠷᠢᠭ ᠤᠨ ᠵᠠᠰᠠᠭ ᠤᠨ ᠶᠠᠪᠤᠳᠠᠯ ᠤᠨ ᠥᠢᠯᠡᠴᠢᠯᠡᠭᠡᠨ ᠎ ᠤ ᠲᠣᠪᠴᠢᠶ᠎ᠠ ᠲᠦᠷᠦᠭᠦᠯᠡᠨ᠂ ᠲᠤᠭᠤᠷᠢᠭ ᠤᠨ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠨᠠᠶᠢᠳᠠᠪᠤᠷᠢᠵᠢᠭᠤᠯᠤᠨ᠎ᠠ︶᠃ ︽ᠬᠤᠣᠰ ᠲᠠᠰᠢᠷᠠᠮ᠂ ᠨᠢᠭᠡ ᠶᠢ ᠢᠯᠡ ᠪᠣᠯᠭᠠᠬᠤ︾᠎ ᠶᠢ ᠪᠦᠬᠦ ᠲᠠᠯ᠎ᠠ ᠪᠠᠷ ᠬᠡᠷᠡᠭᠵᠢᠭᠦᠯᠬᠦ ᠶᠢ ᠠᠬᠢᠭᠤᠯᠵᠤ᠂ ᠰᠤᠭᠤᠴᠢᠨ ᠪᠠᠶᠢᠴᠠᠭᠠᠭᠰᠠᠨ ᠦᠷ᠎ᠡ ᠳ᠋ᠦᠩ ᠤᠨ ᠮᠡᠳᠡᠭᠡ ᠵᠠᠩᠭᠢ ᠶᠢ ᠴᠠᠭ ᠲᠤᠬᠠᠶ ᠳᠤᠨᠢ ᠢᠯᠡ ᠪᠣᠯᠭᠠᠬᠤ ᠬᠡᠷᠡᠭᠲᠡᠶ᠃ ︵ᠲᠤᠭᠤᠷᠢᠭ ᠤᠨ ᠵᠠᠬ᠎ᠠ ᠳᠡᠯᠭᠡᠭᠦᠷ ᠤᠨ ᠬᠢᠨᠡᠨ ᠬᠠᠮᠢᠶᠠᠷᠤᠯᠲᠠ ᠶᠢᠨ ᠲᠣᠪᠴᠢᠶ᠎ᠠ ᠲᠦᠷᠦᠭᠦᠯᠡᠨ᠂ ᠲᠤᠭᠤᠷᠢᠭ ᠤᠨ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠨᠠᠶᠢᠳᠠᠪᠤᠷᠢᠵᠢᠭᠤᠯᠤᠨ᠎ᠠ︶ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠰᠠᠨᠠᠭᠤᠯᠭ᠎ᠠ ᠪᠠ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠤᠨ ᠳᠤᠷᠠᠳᠤᠯᠭ᠎ᠠ ᠶᠢ ᠭᠦᠢᠴᠡᠳᠬᠡᠭᠰᠡᠨ ᠦᠷ᠎ᠡ ᠳ᠋ᠦᠩ ᠢ ᠢᠯᠡ ᠪᠣᠯᠭᠠᠬᠤ ᠶᠢ ᠤᠯᠠᠮ ᠨᠢᠭᠡ ᠠᠯᠬᠤᠮ ᠠᠬᠢᠭᠤᠯᠵᠤ᠂ ᠨᠡᠶᠢᠭᠡᠮ ᠢ ᠥᠷᠭᠡᠨ ᠢᠶᠠᠷ ᠠᠩᠬᠠᠷᠬᠤ᠂ ᠤᠯᠤᠰ ᠤᠨ ᠠᠵᠤ ᠠᠬᠤᠶ ᠠᠷᠠᠳ ᠤᠨ ᠠᠮᠢᠳᠤᠷᠠᠯ ᠳᠤ ᠬᠤᠯᠪᠣᠭᠳᠠᠬᠤ ᠰᠠᠨᠠᠭᠤᠯᠭ᠎ᠠ ᠪᠣᠯᠤᠨ ᠰᠠᠨᠠᠯ ᠳᠤᠷᠠᠳᠤᠯᠭ᠎ᠠ ᠶᠢ ᠳᠠᠭᠠᠭᠠᠨ ᠠᠪᠴᠤ ᠰᠢᠢᠳᠪᠤᠷᠢᠯᠡᠬᠦ ᠨᠢᠭᠡᠴᠡ ᠨᠢ ᠢᠯᠡ ᠪᠠᠷ ᠪᠦᠬᠦ ᠠᠭᠤᠯᠭ᠎ᠠ ᠳᠤ ᠢᠯᠡ ᠪᠠᠷ ᠬᠠᠷᠢᠭᠤᠯᠲᠠ ᠥᠭᠬᠦ ᠬᠡᠷᠡᠭᠲᠡᠶ᠃ ︵ᠲᠤᠭᠤᠷᠢᠭ ᠤᠨ ᠵᠠᠰᠠᠭ ᠤᠨ ᠶᠠᠪᠤᠳᠠᠯ ᠤᠨ ᠲᠣᠪᠴᠢᠶ᠎ᠠ ᠬᠠᠮᠵᠢᠯᠴᠠᠵᠤ᠂ ᠲᠤᠭᠤᠷᠢᠭ ᠤᠨ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠨᠠᠶᠢᠳᠠᠪᠤᠷᠢᠵᠢᠭᠤᠯᠤᠨ᠎ᠠ  ︶      ︵ᠬᠤᠶᠠᠷ︶ ᠭᠤᠤᠯᠳᠠᠯᠭ᠎ᠠ ᠲᠠᠢ ᠬᠦᠷᠢᠶ᠎ᠡ ᠴᠠᠷᠠᠭ᠎ᠠ ᠶᠢᠨ ᠢᠯᠡ ᠪᠣᠯᠭᠠᠬᠤ ᠡᠭᠦᠷᠭᠡ ᠶᠢ ᠨᠠᠶᠢᠳᠠᠪᠤᠷᠢᠵᠢᠭᠤᠯᠤᠨ ᠪᠣᠳᠠᠲᠠᠶᠢᠵᠢᠭᠤᠯᠬᠤ ᠶᠢ ᠪᠠᠲᠤᠯᠠᠨ᠎ᠠ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠢᠯ ᠢᠶᠠᠨ ᠰᠡᠷᠭᠦᠭᠡᠵᠤ᠂ ᠥᠢᠯᠡᠳᠪᠦᠷᠢᠯᠡᠯ ᠢᠶᠠᠨ ᠰᠡᠷᠭᠦᠭᠡᠬᠦ ᠡᠰᠡᠭᠦᠯ᠎ᠡ ᠰᠤᠷᠤᠯᠭ᠎ᠠ ᠪᠠᠨ ᠰᠡᠷᠭᠦᠭᠡᠬᠦ ᠮᠡᠳᠡᠭᠡ ᠵᠠᠩᠭᠢ ᠶᠢ ᠴᠠᠭ ᠲᠤᠬᠠᠶ ᠳᠤᠨᠢ ᠢᠯᠡ ᠪᠣᠯᠭᠠᠬᠤ ᠬᠡᠷᠡᠭᠲᠡᠶ᠃ ᠵᠠᠰᠠᠭ ᠤᠨ ᠣᠷᠳᠣᠨ ᠤ ᠰᠦᠯᠵᠢᠶᠡᠨ ᠥᠷᠲᠡᠭᠡ᠂ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠨᠠᠮ ᠤᠨ ᠲᠥᠪ ᠬᠤᠷᠢᠶ᠎ᠠ ᠶᠢ ᠲᠥᠪᠯᠡᠷᠡᠭᠦᠯᠦᠨ ᠳᠡᠯᠭᠡᠨ ᠦᠵᠡᠭᠦᠯᠭᠡ᠂ ᠲᠥᠷᠥ ᠶᠢᠨ ᠶᠠᠪᠤᠳᠠᠯ ᠤᠨ ᠬᠤᠷᠢᠶ᠎ᠠ ᠪᠠ ᠥᠪᠡᠷᠲᠡᠭᠡᠨ ᠵᠠᠰᠠᠬᠤ ᠣᠷᠣᠨ᠂ ᠪᠤᠭᠤᠲᠤ ᠬᠤᠲᠠ ᠵᠢᠴᠢ ᠮᠠᠨ ᠤ ᠲᠤᠭᠤᠷᠢᠭ ᠤᠨ ᠰᠢᠨ᠎ᠡ ᠲᠢᠲᠢᠮ ᠤᠨ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠢᠯ ᠢᠶᠠᠨ ᠰᠡᠷᠭᠦᠭᠡᠵᠦ ᠰᠤᠷᠤᠯᠭ᠎ᠠ ᠪᠠᠨ ᠰᠡᠷᠭᠦᠭᠡᠬᠦ ᠲᠤᠬᠠᠶ ᠲᠥᠷᠥ ᠶᠢᠨ ᠪᠣᠳᠣᠯᠭ᠎ᠠ ᠶᠢᠨ ᠮᠡᠳᠡᠭᠡ ᠵᠠᠩᠭᠢ ᠵᠢᠴᠢ ᠠᠵᠢᠯ ᠤᠨ ᠠᠬᠢᠯᠲᠠ ᠶᠢᠨ ᠪᠠᠶᠢᠳᠠᠯ ᠢ ᠲᠥᠪᠯᠡᠷᠡᠭᠦᠯᠦᠨ ᠦᠵᠡᠭᠦᠯᠵᠦ᠂ ᠠᠰᠠᠭᠤᠨ ᠯᠠᠪᠯᠠᠬᠤ ᠳ᠋ᠢᠶᠠᠩᠬᠤᠸᠠ ᠪᠠᠷ ᠢᠯᠡ ᠪᠣᠯᠭᠠᠵᠤ᠂ ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠢᠶᠠᠨ ᠰᠡᠷᠭᠦᠭᠡᠬᠦ  ᠳᠤ ᠠᠰᠢᠭᠲᠠᠢ ᠨᠥᠬᠦᠴᠡᠯ ᠢ ᠡᠭᠦᠳᠴᠦ᠂ ᠠᠵᠤ ᠠᠬᠤᠢ ᠨᠡᠶᠢᠭᠡᠮ ᠤᠨ ᠠᠵᠢᠯᠯᠠᠭᠠᠨ ᠤ ᠡᠮᠬᠢ ᠳᠢᠭᠯᠢᠮ ᠢ ᠲᠦᠷᠭᠡᠨ ᠰᠡᠷᠭᠦᠭᠡᠬᠦ ᠳᠤ ᠬᠦᠴᠦᠨ ᠨᠡᠮᠡᠷᠢᠯᠡᠨ᠎ᠡ᠃ ᠡᠳ᠋ ᠤᠨ ᠵᠠᠰᠠᠭ ᠤᠨ ᠲᠥᠰᠦᠪ ᠪᠠ ᠲᠥᠰᠦᠪ ᠤᠨ ᠭᠦᠢᠴᠡᠳᠭᠡᠯ ᠤᠨ ᠠᠵᠢᠯ ᠢ ᠢᠯᠡ ᠪᠣᠯᠭᠠᠬᠤ ᠠᠵᠢᠯ ᠢ ᠰᠠᠶᠢᠲᠤᠷ ᠬᠢᠨ᠎ᠡ᠃ ᠡᠯ᠎ᠡ ᠰᠠᠯᠠᠭ᠎ᠠ ᠮᠥᠴᠢᠷ ᠴᠥᠮ ᠲᠤᠭᠤᠷᠢᠭ ᠤᠨ ᠵᠠᠰᠠᠭ ᠤᠨ ᠣᠷᠳᠣᠨ ᠤ ᠰᠦᠯᠵᠢᠶᠡᠨ ᠥᠷᠲᠡᠭᠡᠨ ᠤ ᠲᠥᠰᠦᠪ ᠪᠠ ᠲᠥᠰᠦᠪ ᠤᠨ ᠭᠦᠢᠴᠡᠳᠭᠡᠯ ᠢ ᠢᠯᠡ ᠪᠣᠯᠭᠠᠬᠤ ᠲᠠᠪᠴᠠᠩ ᠢᠶᠠᠷ ᠳᠠᠮᠵᠢᠭᠤᠯᠤᠨ ᠣᠯᠠᠨ ᠨᠡᠶᠢᠲᠡ ᠳᠤ ᠲᠥᠰᠦᠪ ᠪᠠ ᠲᠥᠰᠦᠪ ᠤᠨ ᠭᠦᠢᠴᠡᠳᠭᠡᠯ ᠤᠨ ᠮᠡᠳᠡᠭᠡ ᠵᠠᠩᠭᠢ ᠶᠢ ᠢᠯᠡ ᠪᠣᠯᠭᠠᠵᠤ᠂ ᠣᠯᠠᠨ ᠨᠡᠶᠢᠲᠡ ᠶᠢᠨ ᠪᠠᠶᠢᠴᠠᠭᠠᠨ ᠦᠵᠡᠬᠦ ᠪᠠ ᠬᠢᠨᠠᠯᠲᠠ ᠲᠠᠯᠪᠢᠬᠤ ᠳᠤ ᠲᠥᠬᠦᠮ ᠦᠵᠡᠭᠦᠯᠦᠨ᠎ᠡ᠃ ︵ᠲᠤᠭᠤᠷᠢᠭ ᠤᠨ ᠡᠳ᠋ ᠤᠨ ᠵᠠᠰᠠᠭ ᠤᠨ ᠲᠣᠪᠴᠢᠶ᠎ᠠ ᠲᠦᠷᠦᠭᠦᠯᠡᠨ ᠨᠠᠶᠢᠳᠠᠪᠤᠷᠢᠵᠢᠭᠤᠯᠤᠨ᠎ᠠ︶  ᠴᠢᠬᠤᠯᠠ ᠶᠡᠭᠡ ᠪᠦᠲᠦᠭᠡᠨ ᠪᠠᠶᠢᠭᠤᠯᠤᠯᠲᠠ ᠶᠢᠨ ᠲᠦᠷᠤᠯ ᠵᠦᠢᠯ ᠢ ᠵᠥᠪᠰᠢᠶᠡᠷᠡᠬᠦ ᠪᠠ ᠬᠡᠷᠡᠭᠵᠢᠭᠦᠯᠬᠦ᠂ ᠣᠯᠠᠨ ᠨᠡᠶᠢᠳᠡ ᠶᠢᠨ ᠡᠬᠢ ᠪᠠᠶᠠᠯᠢᠭ ᠤᠨ ᠲᠣᠬᠢᠷᠠᠭᠤᠯᠤᠯᠲᠠ᠂ ᠨᠡᠶᠢᠭᠡᠮ ᠨᠡᠶᠢᠲᠡ ᠶᠢᠨ ᠠᠰᠠᠷᠠᠮᠵᠢ ᠶᠢᠨ ᠦᠢᠯᠡᠰ ᠤᠨ ᠪᠦᠳᠤᠭᠡᠨ ᠪᠠᠶᠢᠭᠤᠯᠤᠯᠲᠠ ᠶᠢᠨ ᠬᠦᠷᠢᠶ᠎ᠡ᠂ ︽ᠭᠤᠷᠪᠠᠨ ᠶᠡᠭᠡ ᠪᠣᠭᠤᠮᠲᠠ ᠰᠢᠪᠲᠤᠯᠬᠤ ᠳᠠᠶᠢᠯᠠᠯᠳᠤᠭᠠᠨ︾᠎ ᠤ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠠᠵᠢᠯ ᠢ ᠭᠦᠨᠵᠡᠭᠡᠶ ᠲᠦᠯᠬᠢᠨ ᠠᠬᠢᠭᠤᠯᠤᠨ᠎ᠠ᠃ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠶᠠᠮᠤᠨ ᠵᠥᠪᠯᠡᠯ ᠤᠨ ᠳᠠᠷᠤᠮᠠᠯᠯᠠᠨ ᠲᠠᠷᠬᠠᠭᠠᠭᠰᠠᠨ 26 ᠬᠦᠷᠢᠶ᠎ᠡ ᠬᠡᠪᠴᠢᠶᠠᠨ ᠳᠠᠬᠢ ᠦᠨᠳᠦᠰᠦᠨ ᠱᠠᠲᠤᠨ ᠤ ᠵᠠᠰᠠᠭ ᠤᠨ ᠶᠠᠪᠤᠳᠠᠯ ᠢ ᠢᠯᠡ ᠪᠣᠯᠭᠠᠬᠤ ᠪᠠᠷᠢᠮᠵᠢᠶ᠎ᠠ ᠶᠢᠨ ᠵᠢᠯᠣᠭᠤᠳᠤᠮᠵᠢ ︵ᠭᠠᠷᠴᠠᠭ︶᠎ ᠪᠠᠷ ᠯᠠᠪᠯᠠᠯᠲᠠ ᠪᠣᠯᠭᠠᠵᠤ᠂ ᠴᠢᠬᠤᠯᠠ ᠶᠡᠭᠡ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠵᠥᠪᠰᠢᠶᠡᠷᠡᠬᠦ ᠪᠠ ᠬᠡᠷᠡᠭᠵᠢᠭᠦᠯᠬᠦ ᠶᠠᠪᠤᠴᠠ ᠳᠠᠬᠢ ᠵᠥᠪᠰᠢᠶᠡᠷᠡᠭᠰᠡᠨ ᠥᠢᠯᠡᠴᠢᠯᠡᠭᠡᠨ ᠤ ᠮᠡᠳᠡᠭᠡ ᠵᠠᠩᠭᠢ᠂ ᠵᠥᠪᠰᠢᠶᠡᠷᠡᠭᠰᠡᠨ ᠦᠷ᠎ᠡ ᠳ᠋ᠦᠩ ᠤᠨ ᠮᠡᠳᠡᠭᠡ ᠵᠠᠩᠭᠢ᠂ ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠬᠦᠯᠢᠶᠡᠬᠦ ᠮᠡᠳᠡᠭᠡ ᠵᠠᠩᠭᠢ᠂ ᠭᠠᠵᠠᠷ ᠰᠢᠷᠣᠶ ᠲᠠᠳᠠᠪᠤᠷᠢᠯᠠᠬᠤ  ᠮᠡᠳᠡᠭᠡ ᠵᠠᠩᠭᠢ᠂ ᠴᠢᠬᠤᠯᠠ ᠶᠡᠭᠡ ᠵᠢᠷᠤᠭ ᠲᠥᠯᠥᠪᠯᠡᠭᠡ ᠶᠢ ᠬᠤᠪᠢᠷᠠᠭᠤᠯᠬᠤ ᠮᠡᠳᠡᠭᠡ ᠵᠠᠩᠭᠢ᠂ ᠪᠠᠷᠢᠯᠭ᠎ᠠ ᠪᠠᠷᠢᠬᠤ ᠬᠤᠯᠪᠣᠭᠳᠠᠯ ᠪᠦᠬᠦᠢ ᠮᠡᠳᠡᠭᠡ ᠵᠠᠩᠭᠢ᠂ ᠶᠠᠰᠤ ᠴᠢᠨᠠᠷ ᠤᠨ ᠠᠮᠤᠷ ᠲᠦᠪᠰᠢᠨ ᠤ ᠬᠢᠨᠠᠯᠲᠠ ᠲᠠᠯᠪᠢᠬᠤ ᠮᠡᠳᠡᠭᠡ ᠵᠠᠩᠭᠢ᠂ ᠠᠵᠢᠯ ᠳᠠᠭᠤᠰᠤᠭᠰᠠᠨ ᠬᠤᠯᠪᠣᠭᠳᠠᠯ ᠪᠦᠬᠦᠢ ᠮᠡᠳᠡᠭᠡ ᠵᠠᠩᠭᠢ ᠵᠡᠷᠭᠡ 8 ᠲᠥᠷᠥᠯ ᠤᠨ ᠮᠡᠳᠡᠭᠡ ᠵᠠᠩᠭᠢ ᠶᠢ ᠰᠠᠶᠢᠲᠤᠷ ᠬᠢᠵᠦ᠂ ᠪᠠᠲᠤᠯᠠᠭ᠎ᠠ ᠶᠢᠨ ᠴᠢᠨᠠᠷᠲᠠᠶ ᠬᠢᠮᠳᠠ ᠣᠷᠣᠨ ᠰᠠᠭᠤᠴᠠ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ᠂ ᠪᠠᠲᠤᠯᠠᠭ᠎ᠠ ᠶᠢᠨ ᠴᠢᠨᠠᠷᠲᠠᠶ ᠣᠷᠣᠨ ᠰᠠᠭᠤᠴᠠ ᠶᠢᠨ ᠬᠤᠪᠢᠶᠠᠷᠢᠯᠠᠯᠲᠠ᠂ ᠤᠯᠤᠰ ᠤᠨ ᠥᠮᠴᠢᠯᠡᠯᠲᠦ ᠭᠠᠵᠠᠷ ᠰᠢᠷᠣᠶ ᠶᠢᠨ ᠡᠷᠬᠡ᠂ ᠵᠠᠰᠠᠭ ᠤᠨ ᠣᠷᠳᠣᠨ ᠤ ᠬᠤᠳᠠᠯᠳᠤᠨ ᠠᠪᠬᠤ᠂ ᠤᠯᠤᠰ ᠤᠨ ᠥᠮᠴᠢᠯᠡᠯᠲᠦ ᠥᠮᠴᠢᠯᠡᠬᠦ ᠡᠷᠬᠡ ᠶᠢᠨ ᠠᠷᠠᠯᠵᠢᠶ᠎ᠠ᠂ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ  ᠵᠦᠢᠯ ᠤᠨ ᠳᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠲᠠ ᠬᠦᠯᠢᠶᠡᠬᠦ ᠵᠡᠷᠭᠡ ᠣᠯᠠᠨ ᠨᠡᠶᠢᠲᠡ ᠶᠢᠨ ᠡᠬᠢ ᠪᠠᠶᠠᠯᠢᠭ ᠢ ᠲᠣᠬᠢᠷᠠᠭᠤᠯᠬᠤ ᠬᠦᠷᠢᠶᠡᠨ ᠤ ᠮᠡᠳᠡᠭᠡ ᠵᠠᠩᠭᠢ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ᠂ ᠨᠡᠶᠢᠭᠡᠮ ᠤᠨ ᠠᠪᠤᠷᠠᠨ ᠲᠤᠰᠠᠯᠠᠬᠤ ᠪᠠ ᠨᠡᠶᠢᠭᠡᠮ ᠤᠨ ᠠᠰᠠᠷᠠᠮᠵᠢ᠂ ᠰᠤᠷᠭᠠᠨ ᠬᠥᠮᠦᠵᠢᠯ᠂ ᠦᠨᠳᠦᠰᠦᠨ ᠡᠮ ᠡᠮᠨᠡᠯᠭᠡ ᠡᠷᠡᠭᠦᠯ ᠬᠠᠮᠠᠭᠠᠯᠠᠯ᠂ ᠣᠷᠴᠢᠨ ᠠᠬᠤᠶ ᠶᠢᠨ ᠬᠠᠮᠠᠭᠠᠯᠠᠯᠲᠠ᠂ ᠭᠠᠶ ᠭᠠᠮᠰᠢᠭ ᠤᠨ ᠡ᠊ᠨᠳᠡᠯ ᠢ ᠠᠪᠤᠷᠠᠨ ᠲᠤᠰᠠᠯᠠᠬᠤ᠂ ᠤᠯᠠᠨ ᠨᠡᠶᠢᠲᠡ ᠶᠢᠨ ᠰᠣᠶᠣᠯ ᠲᠠᠮᠢᠷ ᠵᠡᠷᠭᠡ ᠨᠡᠶᠢᠭᠡᠮ ᠨᠡᠶᠢᠲᠡ ᠶᠢᠨ ᠠᠰᠠᠷᠠᠮᠵᠢ ᠶᠢᠨ ᠥᠢᠯᠡᠰ ᠤᠨ ᠪᠠᠶᠢᠭᠤᠯᠤᠯᠲᠠ ᠶᠢᠨ ᠬᠦᠷᠢᠶᠡᠨ ᠳᠠᠬᠢ ᠮᠡᠳᠡᠭᠡ ᠵᠠᠩᠭᠢ ᠶᠢ ᠢᠯᠡᠴᠢᠯᠡᠬᠦ ᠠᠵᠢᠯ  ᠪᠤᠯᠭᠠᠨ᠎ᠠ᠃ ︵ ᠲᠤᠭᠤᠷᠢᠭ ᠤᠨ ᠵᠠᠰᠠᠭ ᠤᠨ ᠣᠷᠳᠣᠨ ᠤ ᠠᠯᠪᠠᠨ ᠬᠡᠷ ᠲᠦᠷᠦᠭᠦᠯᠡᠨ᠂ ᠵᠠᠰᠠᠭ ᠤᠨ ᠶᠠᠪᠤᠳᠠᠯ ᠤᠨ ᠥᠢᠯᠡᠴᠢᠯᠡᠭᠡᠨ ᠤ ᠲᠤᠪᠴᠢᠶ᠎ᠠ ᠬᠠᠮᠵᠢᠯᠴᠠᠵᠤ᠂ ᠲᠤᠭᠤᠷᠢᠭ ᠤᠨ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠳ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠨᠠᠶᠢᠳᠠᠪᠤᠷᠢᠵᠢᠭᠤᠯᠤᠨ᠎ᠠ  ︶      ︵ᠭᠤᠷᠪᠠ︶ ᠨᠡᠶᠢᠭᠡᠮ ᠤᠨ ᠠᠩᠬᠠᠷᠤᠯ ᠲᠠᠯᠪᠢᠵᠤ ᠪᠠᠶᠢᠭ᠎ᠠ ᠠᠰᠠᠭᠤᠳᠠᠯ ᠳᠤ ᠪᠦᠲᠦᠮᠵᠢᠲᠡᠶ ᠬᠠᠷᠢᠭᠤᠯᠲᠠ ᠥᠭᠭᠦᠨ᠎ᠡ᠃ ︽ᠬᠠᠷᠢᠶ᠎ᠠ ᠭᠠᠵᠠᠷ ᠲᠤᠨᠢ ᠬᠠᠮᠢᠶᠠᠷᠤᠭᠤᠯᠬᠤ᠂ ᠱᠠᠲᠤ ᠬᠤᠪᠢᠶᠠᠨ ᠬᠠᠷᠢᠭᠤᠴᠠᠬᠤ᠂  ᠬᠡᠨ ᠡᠷᠬᠢᠯᠡᠨ ᠬᠠᠮᠢᠶᠠᠷᠪᠠᠯ ᠬᠡᠨ ᠬᠠᠷᠢᠭᠤᠴᠠᠬᠤ︾ ᠵᠠᠷᠴᠢᠮ ᠶᠣᠰᠣᠭᠠᠷ᠂ ᠣᠯᠠᠨ ᠲᠦᠮᠡᠨ ᠤ ᠠᠩᠬᠠᠷᠴᠤ  ᠪᠠᠶᠢᠭ᠎ᠠ ᠠᠰᠠᠭᠤᠳᠠᠯ ᠢ ᠴᠠᠭ ᠲᠤᠬᠠᠶ ᠳᠤᠨᠢ ᠣᠶᠢᠯᠠᠭᠠᠵᠤ᠂ ᠰᠡᠵᠢᠭ ᠢ ᠨᠢ ᠲᠠᠶᠢᠯᠵᠤ ᠲᠥᠭᠡᠷᠢᠭᠳᠡᠯ ᠢ ᠲᠠᠶᠢᠯᠬᠤ ᠠᠵᠢᠯ ᠢ ᠰᠠᠶᠢᠲᠤᠷ ᠬᠢᠬᠦ ᠬᠡᠷᠡᠭᠲᠡᠢ᠃ ᠬᠤᠷᠴᠠ ᠰᠡᠷᠭᠡᠭ ᠴᠢᠨᠠᠷ ᠪᠠ ᠵᠥᠩᠨᠡᠯᠲᠡ ᠶᠢᠨ ᠴᠢᠨᠠᠷ ᠢ ᠴᠢᠩᠭᠠᠳᠬᠠᠵᠤ᠂ ᠵᠠᠬ᠎ᠠ ᠳᠡᠯᠭᠡᠭᠦᠷ ᠤᠨ ᠲᠥᠷᠥ ᠶᠢᠨ ᠪᠣᠳᠣᠯᠭ᠎ᠠ ᠶᠢᠨ ᠲᠤᠬᠠᠶ ᠲᠤᠰᠬᠠᠯ ᠢ ᠨᠢᠭᠲᠠ ᠮᠥᠷᠳᠡᠵᠦ᠂ ᠶᠠᠷᠢᠶ᠎ᠠ ᠬᠡᠯᠡᠯᠴᠡᠭᠡᠨ  ᠤ ᠪᠠᠶᠢᠳᠠᠯ ᠢ ᠬᠢᠨᠠᠨ ᠬᠡᠮᠵᠢᠬᠦ ᠪᠠ ᠰᠤᠳᠤᠯᠤᠨ ᠮᠠᠭᠠᠳᠯᠠᠬᠤ ᠶᠢ ᠴᠢᠩᠭᠠᠳᠬᠠᠵᠤ᠂ ᠵᠠᠰᠠᠭ ᠤᠨ ᠶᠠᠪᠤᠳᠠᠯ ᠤᠨ ᠶᠠᠷᠢᠶ᠎ᠠ ᠬᠡᠯᠡᠯᠴᠡᠭᠡᠨ ᠤ ᠪᠠᠶᠢᠳᠠᠯ ᠢ ᠬᠠᠷᠢᠭᠤ ᠲᠤᠰᠬᠠᠬᠤ ᠬᠠᠷᠢᠭᠤᠴᠠᠯᠭ᠎ᠠ ᠶᠢ ᠨᠡᠶᠢᠳᠠᠪᠤᠷᠢᠵᠢᠭᠤᠯᠵᠤ᠂ ᠰᠠᠨᠠᠭᠠᠴᠢᠯᠠᠭ᠎ᠠ ᠠᠴᠠ ᠪᠠᠨ ᠢᠯᠡᠷᠡᠭᠦᠯᠵᠦ᠂ ᠴᠠᠭ ᠲᠤᠬᠠᠶ ᠳᠤᠨᠢ ᠰᠢᠢᠳᠪᠤᠷᠢᠯᠡᠬᠦ ᠬᠡᠷᠡᠭᠲᠡᠢ᠃ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠬᠠᠯᠠᠭᠤᠨ ᠴᠡᠭ᠂ ᠣᠯᠠᠨ ᠲᠦᠮᠡᠨ ᠤ ᠠᠵᠢᠯ ᠶᠠᠪᠤᠳᠠᠯ ᠪᠦᠲᠦᠭᠡᠬᠦ ᠳᠤ ᠬᠦᠴᠢᠷᠲᠡᠢ ᠴᠡᠭ᠂ ᠴᠠᠭ ᠲᠤᠬᠠᠶ ᠳᠤᠨᠢ ᠡᠷᠬᠡ ᠰᠦᠷᠲᠦ ᠳᠠᠭᠤ ᠭᠠᠷᠭᠠᠵᠤ᠂ ᠨᠡᠶᠢᠭᠡᠮ ᠤᠨ ᠠᠩᠬᠠᠷᠤᠯ ᠲᠠᠯᠪᠢᠵᠤ ᠪᠠᠶᠢᠭ᠎ᠠ ᠠᠰᠠᠭᠤᠳᠠᠯ ᠳᠤ ᠰᠠᠨᠠᠭᠠᠴᠢᠯᠠᠭ᠎ᠠ ᠠᠴᠠ ᠪᠠᠨ ᠬᠠᠷᠢᠭᠤᠯᠲᠠ ᠥᠭᠴᠦ᠂ ᠬᠤᠯᠪᠣᠭᠳᠠᠯ ᠪᠦᠬᠦᠢ ᠠᠰᠠᠭᠤᠳᠠᠯ ᠢ ᠰᠢᠢᠳᠪᠤᠷᠢᠯᠡᠬᠦ ᠶᠢ ᠲᠦᠯᠬᠢᠨ ᠠᠬᠢᠭᠤᠯᠵᠤ᠂ ᠠᠶᠤᠯ ᠲᠦᠭᠰᠢᠭᠦᠷᠢ ᠶᠢᠨ ᠳᠠᠯᠳᠠ ᠭᠡᠮ ᠢ ᠰᠡᠷᠭᠡᠶᠢᠯᠡᠨ ᠠᠷᠢᠯᠭᠠᠬᠤ ᠬᠡᠷᠡᠭᠲᠡᠶ᠃ ︵ᠲᠤᠭᠤᠷᠢᠭ ᠤᠨ ᠵᠠᠰᠠᠭ ᠤᠨ ᠣᠷᠳᠣᠨ ᠤ ᠠᠯᠪᠠᠨ ᠬᠡᠷ ᠲᠦᠷᠦᠭᠦᠯᠡᠨ᠂ ᠵᠠᠰᠠᠭ ᠤᠨ ᠶᠠᠪᠤᠳᠠᠯ ᠤᠨ  ᠥᠢᠯᠡᠴᠢᠯᠡᠭᠡᠨ ᠤ ᠲᠤᠪᠴᠢᠶ᠎ᠠ ᠬᠠᠮᠵᠢᠯᠴᠠᠵᠤ᠂ ᠲᠤᠭᠤᠷᠢᠭ ᠤᠨ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ  ᠤᠳ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠨᠠᠶᠢᠳᠠᠪᠤᠷᠢᠵᠢᠭᠤᠯᠤᠨ᠎ᠠ  ︶      ᠬᠤᠶᠠᠷ᠂ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠲᠠᠢ ᠤᠶᠠᠯᠳᠤᠭᠤᠯᠤᠨ ᠵᠠᠰᠠᠭ ᠤᠨ ᠶᠠᠪᠤᠳᠠᠯ ᠢ ᠢᠯᠡ ᠪᠤᠯᠭᠠᠬᠤ ᠶᠢ ᠦᠷᠭᠦᠯᠵᠢᠯᠡᠨ ᠰᠢᠯᠢᠳᠡᠭᠵᠢᠭᠦᠯᠦᠨ᠎ᠡ᠃      ︵ᠨᠢᠭᠡ︶ ᠵᠠᠰᠠᠭ ᠤᠨ ᠶᠠᠪᠤᠳᠠᠯ ᠤᠨ ᠥᠢᠯᠡᠴᠢᠯᠡᠭᠡ ᠯᠦᠭᠡ ᠠᠭᠤᠰᠤᠯᠴᠠᠨ ᠬᠥᠭᠵᠢᠬᠦ ᠶᠢ ᠴᠢᠩᠭᠠᠳᠬᠠᠨ᠎ᠠ᠃ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠪᠣᠳᠠᠲᠤ ᠪᠠᠢᠳᠠᠯ ᠲᠠᠢ ᠤᠶᠠᠯᠳᠤᠭᠤᠯᠤᠨ᠂ ᠨᠢᠭᠡ ᠴᠣᠭᠴᠠᠵᠢᠭᠤᠯᠤᠭᠰᠠᠨ ᠰᠦᠯᠵᠢᠶᠡᠨ ᠳᠡᠭᠡᠷᠡᠬᠢ ᠦᠢᠯᠡᠴᠢᠯᠡᠭᠡᠨ ᠤ ᠲᠠᠪᠴᠠᠩ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠢᠩᠬᠢᠮ ᠳᠤ ᠲᠤᠰᠬᠠᠶ ᠪᠤᠯᠤᠩ᠂ ᠲᠤᠰᠬᠠᠶ ᠲᠣᠭᠤᠷᠢᠭ ᠭᠠᠷᠭᠠᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ  ᠤ ᠵᠦᠢᠯᠡᠰ  ᠂ ᠠᠵᠢᠯ ᠶᠠᠪᠤᠳᠠᠯ ᠭᠦᠢᠴᠡᠣᠭᠡᠬᠦ ᠵᠦᠭᠯᠡᠭᠦᠷ᠂ ᠠᠵᠢᠯ ᠶᠠᠪᠤᠳᠠᠯ ᠭᠦᠢᠴᠡᠣᠭᠡᠬᠦ ᠴᠤᠪᠤᠷᠠᠯ᠂ ᠠᠵᠢᠯ ᠶᠠᠪᠤᠳᠠᠯ ᠡᠷᠬᠢᠯᠡᠬᠦ ᠪᠠᠶᠢᠭᠤᠯᠤᠮᠵᠢ ᠵᠡᠷᠭᠡ ᠮᠡᠳᠡᠭᠡ ᠵᠠᠩᠭᠢ ᠶᠢ ᠪᠦᠬᠦ ᠲᠠᠯ᠎ᠠ ᠪᠠᠷ ᠣᠨᠣᠪᠴᠢᠲᠠᠶ ᠢᠯᠡ ᠪᠣᠯᠭᠠᠨ᠎ᠠ᠃ ᠵᠠᠰᠠᠭ ᠤᠨ ᠶᠠᠪᠤᠳᠠᠯ ᠤᠨ ᠥᠢᠯᠡᠴᠢᠯᠡᠭᠡ ᠶᠢ ᠨᠢᠭᠡ ᠯᠡ ᠤᠳᠠᠭ᠎ᠠ ᠮᠡᠳᠡᠭᠳᠡᠬᠦ ᠲᠦᠷᠢᠮ ᠢ ᠨᠠᠶᠢᠳᠠᠪᠤᠷᠢᠵᠢᠭᠤᠯᠵᠤ᠂ ᠠᠵᠢᠯ ᠶᠠᠪᠤᠳᠠᠯ ᠭᠦᠢᠴᠡᠣᠭᠡᠬᠦ ᠳᠤ ᠨᠡᠶᠢᠳᠡᠮ ᠬᠡᠷᠡᠭᠯᠡᠬᠦ ᠳᠡᠪᠲᠡᠷ ᠢ ᠬᠤᠷᠢᠶᠠᠩᠭᠤᠶᠢᠯᠠᠨ ᠵᠤᠬᠢᠶᠠᠵᠤ᠂ ᠵᠠᠰᠠᠭ ᠤᠨ ᠣᠷᠳᠣᠨ ᠤ ᠰᠦᠯᠵᠢᠶᠡᠨ ᠥᠷᠲᠡᠭᠡ ᠪᠠ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠤᠨ ᠦᠢᠯᠡᠳᠦᠯ ᠢ ᠭᠦᠢᠴᠡᠳ ᠪᠠᠳᠠᠷᠠᠭᠤᠯᠤᠨ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠮᠡᠳᠡᠭᠡ ᠵᠠᠩᠭᠢ ᠶᠢᠨ ᠬᠦᠷᠭᠡᠯᠲᠡ ᠶᠢᠨ ᠣᠨᠣᠪᠴᠢ ᠶᠢᠨ ᠬᠡᠮᠵᠢᠶ᠎ᠡ ᠶᠢ ᠳᠡᠭᠡᠭᠰᠢᠯᠡᠭᠦᠯᠵᠦ᠂ ᠢᠯᠡ ᠪᠣᠯᠭᠠᠬᠤ ᠪᠠᠷ ᠥᠢᠯᠡᠴᠢᠯᠡᠭᠡ ᠶᠢ ᠠᠬᠢᠭᠤᠯᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃ ︵ ᠲᠤᠭᠤᠷᠢᠭ ᠤᠨ ᠵᠠᠰᠠᠭ ᠤᠨ ᠣᠷᠳᠣᠨ ᠤ ᠠᠯᠪᠠᠨ ᠬᠡᠷ ᠲᠦᠷᠦᠭᠦᠯᠡᠨ᠂ ᠵᠠᠰᠠᠭ ᠤᠨ ᠶᠠᠪᠤᠳᠠᠯ ᠤᠨ ᠥᠢᠯᠡᠴᠢᠯᠡᠭᠡᠨ ᠤ ᠲᠤᠪᠴᠢᠶ᠎ᠠ ᠬᠠᠮᠵᠢᠯᠴᠠᠵᠤ᠂ ᠲᠤᠭᠤᠷᠢᠭ ᠤᠨ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠳ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠨᠠᠶᠢᠳᠠᠪᠤᠷᠢᠵᠢᠭᠤᠯᠤᠨ᠎ᠠ  ︶      ︵ᠬᠤᠶᠠᠷ︶ ᠲᠥᠪ ᠭᠤᠤᠯᠴᠢ ᠪᠠᠷ ᠬᠢᠨᠠᠨ ᠬᠠᠮᠢᠶᠠᠷᠬᠤ ᠳᠤᠮᠳᠠᠬᠢ ᠮᠡᠳᠡᠭᠡ ᠵᠠᠩᠭᠢ ᠶᠢ ᠢᠯᠡ ᠪᠣᠯᠭᠠᠬᠤ ᠶᠢᠨ  ᠥᠢᠯᠡᠳᠤᠯ ᠢ ᠪᠠᠳᠠᠷᠠᠭᠤᠯᠵᠤ᠂ ᠠᠵᠢᠯ ᠬᠡᠷᠡᠭ ᠤᠨ ᠲᠤᠮᠳᠠ ᠪᠠ ᠠᠵᠢᠯ ᠬᠡᠷᠡᠭ ᠤᠨ ᠳᠠᠷᠠᠭᠠᠬᠢ ᠬᠢᠨᠠᠨ ᠬᠠᠮᠢᠶᠠᠷᠬᠤ ᠮᠡᠳᠡᠭᠡ ᠵᠠᠩᠭᠢ ᠶᠢ ᠢᠯᠡ ᠪᠣᠯᠭᠠᠬᠤ ᠶᠢ ᠴᠢᠩᠭᠠᠷᠠᠭᠤᠯᠤᠨ᠎ᠠ᠃ ︽ᠬᠤᠣᠰ ᠲᠠᠰᠢᠷᠠᠮ᠂ ᠨᠢᠭᠡ ᠶᠢ ᠢᠯᠡ ᠪᠣᠯᠭᠠᠬᠤ︾ ᠬᠢᠨᠡᠨ ᠬᠠᠮᠢᠶᠠᠷᠤᠯᠲᠠ ᠶᠢ ᠪᠦᠬᠦ ᠲᠠᠯ᠎ᠠ ᠪᠠᠷ ᠳᠡᠯᠭᠡᠷᠡᠭᠦᠯᠵᠦ᠂ ︽ᠨᠢᠭᠡ ᠬᠠᠭᠤᠳᠠᠰᠤ ᠬᠤᠶᠠᠷ ᠬᠥᠮᠥᠷᠭᠡ ᠨᠢᠭᠡ ᠨᠠᠷᠢᠨ ᠲᠦᠷᠢᠮ︾᠎ ᠢ ᠲᠡᠭᠦᠯᠳᠡᠷᠵᠢᠭᠦᠯᠬᠦ ᠶᠢᠨ ᠬᠠᠮᠲᠤ ᠲᠠᠰᠢᠷᠠᠮ ᠢᠶᠠᠷ ᠰᠤᠭᠤᠴᠢᠨ ᠪᠠᠶᠢᠴᠠᠭᠠᠭᠰᠠᠨ ᠦᠷ᠎ᠡ ᠳ᠋ᠦᠩ ᠢ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠢᠲᠡᠭᠡᠮᠵᠢ ᠶᠢᠨ ᠮᠡᠳᠡᠭᠡ ᠵᠠᠩᠭᠢ ᠶᠢᠨ ᠰᠢᠰᠲ᠋ᠧᠮᠵᠢ ᠳᠤ ᠣᠷᠣᠭᠤᠯᠤᠨ᠎ᠠ᠃ ᠰᠠᠯᠠᠭ᠎ᠠ ᠮᠥᠴᠢᠷ ᠠᠯᠤᠰᠯᠠᠭᠰᠠᠨ ︽ᠬᠤᠣᠰ ᠲᠠᠰᠢᠷᠠᠮ︾᠎ ᠢ ᠬᠠᠮᠲᠤᠷᠠᠨ ᠰᠤᠭᠤᠴᠢᠨ ᠪᠠᠶᠢᠴᠠᠭᠠᠬᠤ ᠶᠢ ᠢᠳᠡᠪᠬᠢᠲᠡᠢ ᠠᠬᠢᠭᠤᠯᠵᠤ᠂ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢᠨ ᠠᠷᠭ᠎ᠠ ᠮᠠᠶ᠋ᠢᠭ ᠢ  ᠥᠷᠭᠦᠯᠵᠢᠯᠡᠨ ᠰᠢᠯᠢᠳᠡᠭᠵᠢᠭᠦᠯᠵᠦ᠂ ︽ᠲᠣᠪᠶᠤᠭ ᠤᠨ ᠬᠡᠯᠪᠡᠷᠢ︾᠎ ᠶᠢᠨ ᠬᠠᠤᠯᠢ ᠬᠡᠷᠡᠭᠵᠢᠭᠦᠯᠬᠦ ᠰᠢᠨ᠎ᠡ ᠶᠢ ᠡᠭᠦᠳᠬᠦ ᠶᠢ ᠠᠬᠢᠭᠤᠯᠵᠤ᠂ ᠬᠢᠨᠡᠨ ᠬᠠᠮᠢᠶᠠᠷᠤᠯᠲᠠ ᠶᠢᠨ ᠠᠵᠢᠯ ᠤᠨ ᠲᠠᠰ ᠳᠡᠪᠰᠢᠬᠦ ᠶᠢ ᠪᠣᠶ ᠪᠣᠯᠭᠠᠨ᠎ᠠ᠃ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠢᠲᠡᠭᠡᠮᠵᠢ ᠶᠢᠨ ᠬᠢᠨᠡᠨ ᠬᠠᠮᠢᠶᠠᠷᠤᠯᠲᠠ ᠶᠢ ᠴᠢᠩᠭᠠᠷᠠᠭᠤᠯᠵᠤ᠂ ᠨᠡᠶᠢᠭᠡᠮ ᠤᠨ ᠢᠲᠡᠭᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠵᠥᠪᠰᠢᠶᠡᠷᠡᠨ ᠣᠷᠣᠭᠤᠯᠬᠤ ᠠᠴᠠ ᠤᠬᠤᠷᠢᠨ ᠭᠠᠷᠬᠤ ᠬᠦᠷᠲᠡᠯᠡᠬᠢ ᠪᠥᠬᠦ ᠶᠠᠪᠤᠴᠠ ᠶᠢᠨ ᠢᠲᠡᠭᠡᠮᠵᠢ ᠶᠢᠨ ᠬᠢᠨᠡᠨ ᠬᠠᠮᠢᠶᠠᠷᠤᠯᠲᠠ ᠶᠢᠨ ᠪᠠᠶᠢᠭᠤᠯᠤᠯ ᠢ ᠪᠠᠶᠢᠭᠤᠯᠤᠨ᠎ᠠ  ᠂ ᠠᠵᠤ ᠠᠬᠤᠶᠢᠯᠠᠯ ᠤᠨ ︽ᠬᠠᠷ᠎ᠠ ᠳᠠᠩᠰᠠ︾᠎ ᠶᠢᠨ ᠳᠦᠷᠢᠮ ᠢ ᠪᠠᠶᠢᠭᠤᠯᠤᠨ ᠲᠡᠭᠦᠯᠳᠡᠷᠵᠢᠭᠦᠯᠵᠦ᠂ ᠲᠥᠪ ᠭᠤᠤᠯᠴᠢ ᠦᠨᠡᠨᠴᠢ ᠢᠲᠡᠭᠡᠮᠵᠢᠲᠡᠶ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠪᠤᠢ ᠪᠣᠯᠭᠠᠬᠤ ᠬᠡᠷᠡᠭᠲᠡᠶ᠃ ︵ᠲᠤᠭᠤᠷᠢᠭ ᠤᠨ ᠵᠠᠬ᠎ᠠ ᠳᠡᠯᠭᠡᠭᠦᠷ ᠤᠨ ᠬᠢᠨᠡᠨ ᠬᠠᠮᠢᠶᠠᠷᠤᠯᠲᠠ ᠶᠢᠨ ᠲᠣᠪᠴᠢᠶ᠎ᠠ᠂ ᠲᠤᠭᠤᠷᠢᠭ ᠤᠨ ᠬᠥᠭᠵᠢᠭᠦᠯᠦᠯᠲᠡ ᠥᠭᠡᠷᠡᠴᠢᠯᠠᠯᠳᠠ ᠶᠢᠨ ᠵᠥᠪᠯᠡᠯ ᠲᠦᠷᠦᠭᠦᠯᠡᠨ᠂  ᠲᠤᠭᠤᠷᠢᠭ ᠤᠨ ᠡᠯ᠎ᠡ ᠰᠠᠯᠠᠭ᠎ᠠ ᠮᠥᠴᠢᠷ ᠠᠵᠢᠯ ᠬᠤᠪᠢᠶᠠᠷᠢᠯᠠᠨ ᠬᠠᠷᠢᠭᠤᠴᠠᠨ᠎ᠠ  ︶      ᠭᠤᠷᠪᠠ᠂ ᠵᠠᠰᠠᠭ ᠤᠨ ᠶᠠᠪᠤᠳᠠᠯ ᠢ ᠢᠯᠡ ᠪᠣᠯᠭᠠᠬᠤ ᠲᠦᠷᠢᠮ ᠤᠨ ᠪᠠᠲᠤᠯᠠᠭ᠎ᠠ ᠪᠠ ᠲᠠᠪᠴᠠᠩ ᠤᠨ ᠲᠤᠯᠭᠠᠭᠤᠷᠢᠯᠠᠯ ᠢ ᠴᠢᠨᠠᠷ ᠰᠠᠶᠢᠲᠠᠶ ᠥᠨᠳᠥᠷ ᠦᠷ᠎ᠡ ᠪᠦᠲᠦᠮᠵᠢᠲᠡᠶ ᠬᠠᠩᠭᠠᠨ᠎ᠠ᠃      ︵ᠨᠢᠭᠡ︶ ᠵᠠᠰᠠᠭ ᠤᠨ ᠶᠠᠪᠤᠳᠠᠯ ᠢ ᠢᠯᠡ ᠪᠣᠯᠭᠠᠬᠤ ᠶᠢ ᠪᠠᠷᠢᠮᠵᠢᠶᠠᠵᠢᠭᠤᠯᠬᠤ᠂ ᠳᠦᠷᠢᠮᠵᠢᠭᠦᠯᠬᠦ  ᠶᠢ ᠪᠥᠬᠦ ᠲᠠᠯ᠎ᠠ ᠪᠠᠷ ᠠᠬᠢᠭᠤᠯᠤᠨ᠎ᠠ᠃ ᠡᠯ᠎ᠡ ᠰᠠᠯᠠᠭ᠎ᠠ ᠮᠥᠴᠢᠷ ᠤᠳ ︽ᠦᠨᠳᠦᠰᠦᠨ ᠱᠠᠲᠤᠨ ᠤ ᠵᠠᠰᠠᠭ ᠤᠨ ᠶᠠᠪᠤᠳᠠᠯ ᠢ ᠢᠯᠡ ᠪᠣᠯᠭᠠᠬᠤ ᠶᠢ ᠪᠠᠷᠢᠮᠵᠢᠶᠠᠵᠢᠭᠤᠯᠤᠨ ᠳᠦᠷᠢᠮᠵᠢᠭᠦᠯᠬᠦ ᠠᠵᠢᠯ ᠢ ᠪᠥᠬᠦ ᠲᠠᠯ᠎ᠠ ᠪᠠᠷ ᠠᠬᠢᠭᠤᠯᠬᠤ ᠲᠤᠬᠠᠶ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠬᠢᠮ ᠤᠨ ᠵᠢᠯᠣᠭᠤᠳᠬᠤ ᠰᠠᠨᠠᠯ︾ ︵ᠲᠥᠷᠥ ᠠᠯᠪᠠᠨ ᠲᠠᠷᠬᠠᠭᠠᠭᠰᠠᠨ ︹ 2019 ︺54 ᠳ᠋ᠤᠭᠡᠷ ᠲᠣᠭᠠᠲᠤ︶᠎ ᠢ ᠬᠢᠨᠠᠮᠠᠭᠠᠶ ᠨᠠᠶᠢᠳᠠᠪᠤᠷᠢᠵᠢᠭᠤᠯᠵᠤ᠂ ᠦᠨᠳᠦᠰᠦᠨ ᠱᠠᠲᠤᠨ ᠤ ᠵᠠᠰᠠᠭ ᠤᠨ ᠶᠠᠪᠤᠳᠠᠯ ᠢ ᠢᠯᠡ ᠪᠣᠯᠭᠠᠬᠤ ᠶᠢ ᠪᠠᠷᠢᠮᠵᠢᠶᠠᠵᠢᠭᠤᠯᠬᠤ ᠳᠦᠷᠢᠮᠵᠢᠭᠦᠯᠬᠦ ᠠᠵᠢᠯ ᠢ ᠪᠦᠬᠦ ᠲᠠᠯ᠎ᠠ ᠪᠠᠷ ᠠᠬᠢᠭᠤᠯᠵᠤ᠂ ᠣᠳᠣᠬᠠᠨ ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠭᠤᠤᠯᠳᠠᠯᠭ᠎ᠠ ᠲᠠᠢ ᠠᠵᠢᠯ ᠪᠣᠯᠤᠭᠰᠠᠨ ᠤ ᠬᠤᠪᠢ ᠳᠤ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠶᠢ ᠴᠢᠩᠭᠠᠳᠬᠠᠵᠤ᠂ ᠪᠠᠶᠢᠭᠤᠯᠤᠮᠵᠢ ᠲᠣᠭᠲᠠᠴᠠ ᠶᠢ ᠲᠡᠭᠦᠯᠳᠠᠷᠵᠢᠭᠦᠯᠵᠡᠢ᠃ 2020 ᠣᠨ ᠤ 10 ᠰᠠᠷ᠎ᠠ ᠶᠢᠨ ᠰᠡᠭᠦᠯᠴᠢ ᠠᠴᠠ ᠡᠮᠦᠨ᠎ᠡ ᠮᠠᠨ ᠤ ᠲᠤᠭᠤᠷᠢᠭ ᠤᠨ ᠵᠠᠰᠠᠭ ᠤᠨ ᠶᠠᠪᠤᠳᠠᠯ ᠢ ᠢᠯᠡ ᠪᠣᠯᠭᠠᠬᠤ ᠵᠦᠢᠯᠡᠰ ᠤᠨ ᠪᠠᠷᠢᠮᠵᠢᠶ᠎ᠠ ᠶᠢᠨ ᠭᠠᠷᠴᠠᠭ ᠢ ᠨᠠᠶᠢᠷᠠᠭᠤᠯᠤᠨ ᠵᠣᠬᠢᠶᠠᠬᠤ ᠪᠠ ᠢᠯᠡ ᠪᠣᠯᠭᠠᠬᠤ ᠠᠵᠢᠯ ᠢ ᠪᠡᠶᠡᠯᠡᠭᠦᠯᠵᠦ᠂ ᠡᠭᠦᠨ ᠤ ᠬᠠᠮᠲᠤ ᠪᠤᠰᠤᠳ ᠡᠯ᠎ᠡ ᠵᠦᠢᠯ ᠤᠨ ᠡᠭᠦᠷᠭᠡ ᠶᠢ ᠪᠣᠳᠠᠲᠠᠶᠢᠵᠢᠭᠤᠯᠤᠨ ᠨᠠᠶᠢᠳᠠᠪᠤᠷᠢᠵᠢᠭᠤᠯᠵᠤ ᠂ ᠡᠮᠬᠢ ᠵᠢᠷᠤᠮ ᠲᠠᠢ ᠪᠠᠷ ᠲᠦᠯᠬᠢᠨ ᠠᠬᠢᠭᠤᠯᠬᠤ ᠶᠢ ᠦᠨᠡᠨᠬᠦ ᠪᠠᠲᠤᠯᠠᠬᠤ ᠬᠡᠷᠡᠭᠲᠡᠶ᠃ ︵ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠭᠡᠷ ᠲᠦᠷᠦᠭᠦᠯᠡᠨ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠤᠪᠴᠢᠶ᠎ᠠ ᠬᠠᠮᠵᠢᠯᠴᠠᠵᠤ᠂ ᠲᠤᠭᠤᠷᠢᠭ ᠤᠨ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠳ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠨᠠᠶᠢᠳᠠᠪᠤᠷᠢᠵᠢᠭᠤᠯᠤᠨ᠎ᠠ︶ ᠵᠠᠰᠠᠭ ᠤᠨ ᠣᠷᠳᠣᠨ ᠤ ᠰᠦᠯᠵᠢᠶᠡᠨ ᠥᠷᠲᠡᠭᠡ ᠳᠤ ᠲᠦᠰᠢᠭᠯᠡᠨ ᠲᠣᠰ ᠱᠠᠲᠤᠨ ᠤ ︽ᠪᠢᠴᠢᠭ ᠮᠠᠲ᠋ᠧᠷᠢᠶᠠᠯ ᠤᠨ ᠬᠥᠮᠥᠷᠭᠡ︾᠎ ᠶᠢ ᠪᠠᠶᠢᠭᠤᠯᠵᠤ᠂ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠵᠡᠷᠭᠡ ᠴᠢᠬᠤᠯᠠ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠳᠦᠷᠢᠮᠵᠢᠭᠦᠯᠬᠦ᠂ ᠨᠠᠷᠢᠯᠢᠬᠵᠢᠭᠤᠯᠬᠤ᠂ ᠬᠥᠳᠡᠯᠦᠩᠭᠦᠶ ᠬᠠᠮᠢᠶᠠᠷᠤᠯᠲᠠ ᠶᠢ ᠠᠯᠬᠤᠮ ᠠᠯᠬᠤᠮ ᠢᠶᠠᠷ ᠪᠡᠶᠡᠯᠡᠭᠦᠯᠦᠨ᠎ᠡ᠃ ︽ᠪᠢᠴᠢᠭ ᠮᠠᠲ᠋ᠧᠷᠢᠶᠠᠯ ᠤᠨ ᠬᠥᠮᠥᠷᠭᠡ︾᠎ ᠶᠢᠨ ᠣᠶᠤᠨᠴᠢᠯᠠᠭᠰᠠᠨ ᠬᠢᠷᠢ ᠲᠦᠪᠰᠢᠨ ᠢ ᠳᠡᠭᠡᠭᠰᠢᠯᠡᠭᠦᠯᠵᠦ᠂ ᠡᠷᠢᠬᠦ᠂ ᠪᠠᠭᠤᠯᠭᠠᠬᠤ ᠴᠢᠳᠠᠮᠵᠢ ᠶᠢ ᠪᠠᠶᠠᠯᠢᠭᠵᠢᠭᠤᠯᠵᠤ᠂ ᠪᠢᠴᠢᠭ ᠮᠠᠲ᠋ᠧᠷᠢᠶᠠᠯ ᠤᠨ ᠰᠠᠭᠤᠷᠢ ᠲᠤᠭ᠎ᠠ ᠨᠢ ᠲᠤᠳᠤᠷᠠᠬᠠᠢ᠂ ᠪᠠᠶᠢᠴᠠᠭᠠᠨ ᠯᠠᠪᠯᠠᠬᠤ ᠳᠤ ᠬᠢᠯᠪᠠᠷ ᠂ ᠤᠯᠬᠤ ᠳᠤ ᠠᠮᠠᠷᠬᠠᠨ ᠪᠠᠶᠢᠬᠤ ᠶᠢ ᠦᠨᠡᠨᠬᠦ ᠪᠠᠲᠤᠯᠠᠨ᠎ᠠ᠃ ︵ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠭᠡᠷ ᠲᠦᠷᠦᠭᠦᠯᠡᠨ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠤᠪᠴᠢᠶ᠎ᠠ ᠬᠠᠮᠵᠢᠯᠴᠠᠵᠤ᠂ ᠲᠤᠭᠤᠷᠢᠭ ᠤᠨ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠳ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠨᠠᠶᠢᠳᠠᠪᠤᠷᠢᠵᠢᠭᠤᠯᠤᠨ᠎ᠠ︶       ︵ᠬᠤᠶᠠᠷ︶ ᠵᠠᠰᠠᠭ ᠤᠨ ᠣᠷᠳᠣᠨ ᠤ ᠰᠦᠯᠵᠢᠶᠡᠨ ᠥᠷᠲᠡᠭᠡ ᠶᠢᠨ ᠪᠥᠲᠥᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠬᠢᠷᠢ ᠲᠦᠪᠰᠢᠨ ᠨᠢ ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ᠃ ᠰᠦᠯᠵᠢᠶᠡᠨ ᠤ ᠦᠵᠡᠯ ᠤᠬᠠᠮᠰᠠᠷ ᠤᠨ ᠬᠡᠯᠪᠡᠷᠢ ᠶᠢᠨ ᠬᠠᠷᠢᠭᠤᠴᠠᠯᠭ᠎ᠠ ᠶᠢᠨ ᠳᠦᠷᠢᠮ ᠢ ᠴᠢᠩᠭ᠎ᠠ ᠨᠠᠢᠳᠠᠪᠤᠷᠢᠵᠢᠭᠤᠯᠬᠤ᠂ ᠵᠠᠰᠠᠭ ᠤᠨ ᠣᠷᠳᠣᠨ ᠤ ᠰᠦᠯᠵᠢᠶᠡᠨ ᠥᠷᠲᠡᠭᠡ ᠶᠢᠨ ᠠᠭᠤᠯᠭ᠎ᠠ ᠶᠢᠨ ᠪᠠᠶᠢᠭᠤᠯᠤᠯᠲᠠ ᠪᠠ ᠮᠡᠳᠡᠭᠡ ᠵᠠᠩᠭᠢ ᠨᠡᠶᠢᠳᠡᠯᠡᠬᠦ ᠶᠢ ᠬᠢᠨᠠᠨ ᠬᠠᠷᠭᠤᠭᠤᠯᠬᠤ ᠶᠢ ᠴᠢᠩᠭᠠᠳᠬᠠᠵᠤ᠂ ᠤᠯᠤᠰ ᠲᠥᠷᠥ ᠶᠢᠨ ᠪᠣᠭᠤᠮᠲᠠ᠂ ᠲᠥᠷᠥ ᠶᠢᠨ ᠪᠣᠳᠣᠯᠭ᠎ᠠ ᠶᠢᠨ ᠪᠣᠭᠤᠮᠲᠠ ᠶᠢ ᠰᠠᠶᠢᠲᠤᠷ ᠡᠵᠡᠮᠳᠡᠨ᠎ᠡ᠃ ︽ᠵᠠᠰᠠᠭ ᠤᠨ ᠣᠷᠳᠣᠨ ᠤ ᠰᠦᠯᠵᠢᠶᠡᠨ ᠥᠷᠲᠡᠭᠡ ᠶᠢᠨ ᠬᠥᠭᠵᠢᠯᠲᠡ ᠶᠢᠨ ᠵᠢᠯᠣᠭᠤᠳᠤᠮᠵᠢ ᠶᠢ ᠳᠠᠷᠤᠮᠠᠯᠯᠠᠨ ᠶᠠᠪᠤᠭᠤᠯᠬᠤ ᠲᠤᠬᠠᠶ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠬᠢᠮ ᠤᠨ ᠮᠡᠳᠡᠭᠳᠡᠯ︾  ︵ᠲᠥᠷᠥ ᠠᠯᠪᠠᠨ ᠲᠠᠷᠬᠠᠭᠠᠭᠰᠠᠨ ︹ 2017 ︺ 47 ᠳ᠋ᠤᠭᠠᠷ ᠲᠣᠭᠠᠲᠤ︶᠂ ︽ᠵᠠᠰᠠᠭ ᠤᠨ ᠣᠷᠳᠣᠨ ᠤ ᠮᠡᠳᠡᠭᠡ ᠵᠠᠩᠭᠢ ᠬᠢᠭᠡᠳ ᠵᠠᠰᠠᠭ ᠤᠨ ᠶᠠᠪᠤᠳᠠᠯ ᠢ ᠢᠯᠡ ᠪᠣᠯᠭᠠᠬᠤ ᠠᠯᠪᠠᠨ ᠬᠡᠷ ᠤᠨ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠲᠠᠪᠴᠠᠩ ᠤᠨ ᠬᠤᠯᠪᠣᠭᠳᠠᠯ ᠪᠥᠬᠦᠶ ᠵᠦᠢᠯᠡᠰ ᠢ ᠳᠦᠷᠢᠮᠵᠢᠭᠦᠯᠬᠦ ᠲᠤᠬᠠᠶ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠬᠢᠮ ᠤᠨ ᠮᠡᠳᠡᠭᠳᠡᠯ︾ ︵ᠲᠥᠷᠥ ᠠᠯᠪᠠᠨ ᠬᠡᠷ ᠡᠷᠭᠢᠯᠡᠬᠦ ᠵᠠᠬᠢᠳᠠᠯ ︹ 2019 ︺61 ᠳ᠋ᠤᠭᠡᠷ ᠲᠣᠭᠠᠲᠤ︶᠎ ᠤᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠵᠠᠰᠠᠭ ᠤᠨ ᠣᠷᠳᠣᠨ ᠤ ᠰᠦᠯᠵᠢᠶᠡᠨ ᠥᠷᠲᠡᠭᠡ ᠶᠢᠨ ᠡᠷᠴᠢᠮᠵᠢᠭᠦᠯᠬᠦ ᠪᠠᠶᠢᠭᠤᠯᠤᠯᠲᠠ ᠶᠢ ᠠᠬᠢᠭᠤᠯᠵᠤ᠂ ᠵᠠᠰᠠᠭ ᠤᠨ ᠣᠷᠳᠤᠨ ᠤ ᠰᠦᠯᠵᠢᠶᠡᠨ ᠥᠷᠲᠡᠭᠡ ᠶᠢᠨ ᠪᠦᠬᠦ ᠲᠠᠯ᠎ᠠ ᠶᠢᠨ ᠮᠡᠳᠡᠭᠡ ᠵᠠᠩᠭᠢ ᠶᠢ ᠢᠯᠡ ᠪᠣᠯᠭᠠᠬᠤ ᠲᠠᠪᠴᠠᠩ᠂ ᠨᠠᠩ ᠡᠷᠭᠡ ᠰᠦᠷᠲᠦ ᠲᠥᠷᠥ ᠶᠢᠨ ᠪᠣᠳᠣᠯᠭ᠎ᠠ ᠶᠢ ᠨᠡᠶᠢᠲᠡᠯᠡᠨ ᠲᠠᠶᠢᠯᠪᠤᠷᠢᠯᠠᠬᠤ ᠪᠠ ᠶᠠᠷᠢᠶ᠎ᠠ ᠬᠡᠯᠡᠯᠴᠡᠭᠡ ᠶᠢ ᠬᠥᠲᠥᠯᠥᠨ ᠵᠢᠯᠣᠭᠤᠳᠬᠤ ᠲᠠᠪᠴᠠᠩ᠂ ᠨᠠᠩ ᠴᠠᠭ ᠲᠤᠬᠠᠶ ᠳᠤᠨᠢ ᠬᠠᠷᠢᠭᠤᠯᠲᠠ ᠥᠭᠬᠦ ᠠᠩᠬᠠᠷᠤᠯ ᠲᠠᠯᠪᠢᠵᠤ ᠪᠠᠶᠢᠭ᠎ᠠ ᠠᠰᠠᠭᠤᠳᠠᠯ ᠪᠠ ᠠᠷᠠᠳ ᠲᠤ ᠳᠥᠭᠦᠮ ᠦᠵᠡᠭᠦᠯᠬᠦ ᠥᠢᠯᠡᠴᠢᠯᠡᠭᠡᠨ ᠤ ᠲᠠᠪᠴᠠᠩ ᠪᠣᠯᠭᠠᠨ ᠪᠠᠶᠢᠭᠤᠯᠤᠨ᠎ᠠ᠃ ︵ᠲᠤᠭᠤᠷᠢᠭ ᠤᠨ ᠵᠠᠰᠠᠭ ᠤᠨ ᠶᠠᠪᠤᠳᠠᠯ ᠤᠨ ᠥᠢᠯᠡᠴᠢᠯᠡᠭᠡᠨ ᠤ ᠲᠣᠪᠴᠢᠶ᠎ᠠ ᠲᠦᠷᠦᠭᠦᠯᠡᠨ᠂  ᠲᠤᠭᠤᠷᠢᠭ ᠤᠨ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠳ ᠡᠭᠦᠷᠭᠡ ᠬᠠᠷᠢᠭᠤᠴᠠᠯᠭ᠎ᠠ ᠶᠣᠰᠣᠭᠠᠷ ᠬᠠᠮᠵᠢᠯᠴᠠᠨ ᠨᠠᠶᠢᠳᠠᠪᠤᠷᠢᠵᠢᠭᠤᠯᠤᠨ᠎ᠠ  ︶      ︵ᠭᠤᠷᠪᠠ︶ ᠵᠠᠰᠠᠭ ᠤᠨ ᠣᠷᠳᠣᠨ ᠤ ᠰᠢᠰᠲ᠋ᠧᠮ ᠤᠨ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠤᠨ  ᠬᠠᠮᠢᠶᠠᠷᠤᠯᠳᠠ ᠶᠢ ᠬᠢᠨᠠᠨ ᠡᠵᠡᠮᠳᠡᠬᠦ ᠶᠢ ᠴᠢᠩᠭᠠᠳᠬᠠᠨ᠎ᠠ᠃ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠤᠨ ᠬᠠᠮᠢᠶᠠᠷᠤᠯᠲᠠ ᠶᠢᠨ ᠲᠣᠭᠲᠠᠴᠠ ᠶᠢ ᠰᠢᠯᠤᠭᠤᠳᠬᠠᠵᠤ᠂  ᠬᠠᠮᠢᠶ᠎ᠠ ᠪᠦᠬᠦᠢ ᠠᠵᠢᠯ ᠤᠨ ᠳᠦᠷᠢᠮ ᠢ ᠪᠠᠶᠢᠭᠤᠯᠤᠨ ᠲᠡᠭᠦᠯᠳᠡᠷᠵᠢᠭᠦᠯᠵᠦ᠂ ︽ᠬᠡᠨ ᠭᠤᠤᠯᠴᠢᠯᠠᠨ ᠡᠷᠬᠢᠯᠡᠭᠰᠡᠨ ᠪᠣᠯ ᠲᠡᠷᠡ ᠬᠠᠷᠢᠭᠤᠴᠠᠬᠤ︾ ᠵᠠᠷᠴᠢᠮ ᠤᠨ ᠶᠣᠰᠣᠭᠠᠷ᠂ ᠨᠡᠭᠡᠭᠡᠯᠲᠡ ᠬᠢᠵᠦ ᠡᠮᠬᠢᠯᠡᠨ ᠨᠡᠶᠢᠯᠡᠭᠦᠯᠬᠦ᠂ ᠠᠭᠤᠯᠭ᠎ᠠ ᠶᠢᠨ ᠪᠠᠲᠤᠯᠠᠭ᠎ᠠ᠂ ᠠᠮᠤᠷ ᠲᠦᠪᠰᠢᠨ ᠤ ᠬᠠᠮᠠᠭᠠᠯᠠᠯᠲᠠ᠂  ᠬᠢᠨᠡᠨ ᠬᠠᠮᠢᠶᠠᠷᠤᠯᠳᠠ ᠵᠡᠷᠭᠡ ᠠᠵᠢᠯ ᠢ ᠰᠠᠶᠢᠲᠤᠷ ᠬᠢᠬᠦ ᠬᠡᠷᠡᠭᠲᠡᠶ᠃ ᠪᠦᠬᠦᠯᠢ ᠴᠣᠭᠴᠠ ᠪᠠᠷ ᠢᠶᠠᠨ ᠬᠠᠮᠵᠢᠯᠴᠠᠭᠰᠠᠨ᠂ ᠳᠠᠭᠠᠬᠤ ᠨᠢ ᠲᠦᠷᠭᠡᠨ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠎ ᠤᠨ ᠵᠢᠭᠰᠠᠭᠠᠯ ᠤᠨ ᠰᠢᠰᠲ᠋ᠧᠮ ᠤᠨ ᠪᠠᠶᠢᠭᠤᠯᠤᠯᠲᠠ ᠶᠢ ᠠᠬᠢᠭᠤᠯᠵᠤ᠂ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠬᠢᠭᠡᠳ ᠵᠠᠰᠠᠭ ᠤᠨ ᠣᠷᠳᠣᠨ ᠤ ᠰᠦᠯᠵᠢᠶᠡᠨ ᠥᠷᠲᠡᠭᠡ ᠶᠢᠨ ᠬᠠᠷᠢᠯᠴᠠᠨ ᠬᠠᠮᠲᠤᠷᠠᠨ ᠬᠥᠳᠡᠯᠦᠯᠴᠡᠬᠦ᠂ ᠠᠭᠤᠰᠤᠯᠴᠠᠨ ᠬᠥᠭᠵᠢᠬᠦ ᠶᠢ ᠨᠢᠭᠡᠳᠦᠯᠲᠡᠶ ᠲᠥᠯᠥᠪᠯᠡᠨ ᠠᠬᠢᠭᠤᠯᠵᠤ᠂ ᠮᠡᠳᠡᠭᠡ ᠵᠠᠩᠭᠢ ᠨᠡᠶᠢᠲᠡᠯᠡᠬᠦ᠂ ᠲᠠᠶᠢᠯᠤᠮᠵᠢ ᠬᠢᠵᠦ ᠬᠠᠷᠢᠭᠤ ᠥᠭᠬᠦ᠂ ᠵᠠᠰᠠᠭ ᠤᠨ ᠠᠷᠠᠳ ᠲᠦᠮᠡᠨ ᠬᠠᠷᠢᠯᠴᠠᠨ ᠬᠥᠳᠡᠯᠦᠯᠴᠡᠬᠦ᠂ ᠠᠵᠢᠯ ᠶᠠᠪᠤᠳᠠᠯ ᠭᠦᠢᠴᠡᠳᠭᠡᠬᠦ ᠥᠢᠯᠠᠴᠢᠯᠡᠭᠡᠨ  ᠤ ᠪᠦᠬᠦᠯᠢ ᠴᠣᠭᠴᠠ ᠶᠢᠨ ᠬᠢᠷᠢ ᠲᠦᠪᠰᠢᠨ ᠨᠢ ᠲᠡᠭᠡᠭᠰᠢᠯᠡᠭᠦᠯᠤᠨ᠎ᠡ  ᠃      ︵ᠳᠥᠷᠪᠡ︶ ᠵᠠᠰᠠᠭ ᠤᠨ ᠣᠷᠳᠣᠨ ᠤ ᠠᠯᠪᠠᠨ ᠮᠡᠳᠡᠭᠡ ᠶᠢᠨ ᠠᠭᠤᠰᠤᠯᠴᠠᠨ ᠬᠥᠭᠵᠢᠬᠦ ᠶᠢ ᠬᠦᠴᠦᠯᠡᠨ ᠠᠬᠢᠭᠤᠯᠤᠨ᠎ᠠ᠃  ᠥᠪᠡᠷᠲᠡᠭᠡᠨ ᠵᠠᠰᠠᠬᠤ ᠣᠷᠣᠨ᠂ ᠪᠤᠭᠤᠲᠤ ᠬᠤᠲᠠ ᠶᠢᠨ ᠵᠠᠰᠠᠭ ᠤᠨ ᠣᠷᠳᠣᠨ ᠤ ᠠᠯᠪᠠᠨ ᠮᠡᠳᠡᠭᠡ ᠶᠢᠨ ᠠᠵᠢᠯ ᠢ ᠰᠠᠶᠢᠳᠤᠷ ᠬᠢᠬᠦ ᠲᠤᠬᠠᠶ ᠬᠤᠯᠪᠣᠭᠳᠠᠯ ᠪᠦᠬᠦᠢ ᠱᠠᠭᠠᠷᠳᠠᠯᠭ᠎ᠠ ᠶᠢ ᠪᠦᠬᠦ ᠲᠠᠯ᠎ᠠ ᠪᠠᠷ ᠨᠠᠢᠳᠠᠪᠤᠷᠢᠵᠢᠭᠤᠯᠬᠤ᠂ ᠲᠤᠭᠤᠷᠢᠭ ᠤᠨ ᠱᠠᠲᠤᠨ ᠤ ᠡᠷᠬᠡ ᠰᠦᠷᠲᠦ ᠨᠡᠶᠢᠲᠡᠯᠡᠬᠦ ᠰᠢᠰᠲ᠋ᠧᠮᠵᠢ ᠶᠢ ᠪᠠᠶᠢᠭᠤᠯᠵᠤ᠂ ᠵᠠᠰᠠᠭ ᠤᠨ ᠣᠷᠳᠣᠨ ᠤ ᠠᠯᠪᠠᠨ ᠮᠡᠳᠡᠭᠡᠨ ᠤ ᠳ᠋ᠠᠶᠢᠲ᠋ᠠ ᠬᠥᠮᠥᠷᠭᠡ ᠶᠢᠨ ᠪᠠᠶᠢᠭᠤᠯᠤᠯᠲᠠ ᠶᠢ ᠲᠦᠷᠭᠡᠳᠬᠡᠨ᠂ ᠭᠠᠷᠴᠠᠭ ᠠᠶᠠᠯᠠᠯ ᠵᠠᠯᠠᠬᠤ ᠪᠠ ᠠᠭᠤᠯᠭ᠎ᠠ ᠡᠷᠢᠬᠦ ᠥᠢᠯᠡᠴᠢᠯᠡᠭᠡ ᠬᠠᠩᠭᠠᠨ᠎ᠠ᠃ ᠵᠠᠰᠠᠭ ᠤᠨ ᠣᠷᠳᠣᠨ ᠤ ᠠᠯᠪᠠᠨ ᠮᠡᠳᠡᠭᠡ ᠶᠢᠨ ᠣᠯᠠᠨ ᠨᠡᠶᠢᠲᠡ ᠳᠤ ᠦᠢᠯᠡᠴᠢᠯᠡᠬᠦ ᠴᠢᠳᠠᠮᠵᠢ ᠶᠢ ᠴᠢᠩᠭᠠᠷᠠᠭᠤᠯᠵᠤ᠂ ᠭᠤᠶᠤᠴᠢᠯᠠᠯ ᠢ ᠢᠯᠡ ᠪᠣᠯᠭᠠᠬᠤ᠂ ᠰᠣᠨᠢᠨ ᠮᠡᠳᠡᠭᠡ ᠨᠡᠶᠢᠲᠡᠯᠡᠬᠦ᠂ ᠠᠵᠢᠯ ᠶᠠᠪᠤᠳᠠᠯ ᠡᠷᠬᠢᠯᠡᠬᠦ ᠥᠢᠯᠡᠴᠢᠯᠡᠭᠡ᠂ ᠵᠠᠰᠠᠭ ᠤᠨ ᠠᠷᠠᠳ ᠲᠦᠮᠡᠨ ᠬᠠᠷᠢᠯᠴᠠᠨ ᠬᠥᠳᠡᠯᠦᠯᠴᠡᠬᠦ ᠵᠡᠷᠭᠡ ᠪᠠᠶᠢᠳᠠᠯ ᠶᠣᠰᠣᠭᠠᠷ ᠵᠠᠰᠠᠭ ᠤᠨ ᠣᠷᠳᠣᠨ ᠤ ᠠᠯᠪᠠᠨ ᠮᠡᠳᠡᠭᠡ ᠶᠢ ᠨᠠᠩ ᠣᠯᠠᠨ ᠬᠡᠷᠡᠭᠯᠡᠬᠦ ᠶᠢ ᠰᠦᠪᠡᠭᠴᠢᠯᠡᠵᠦ᠂ ᠵᠠᠰᠠᠭ ᠤᠨ ᠣᠷᠳᠣᠨ ᠤ ᠠᠯᠪᠠᠨ ᠮᠡᠳᠡᠭᠡ ᠶᠢ ᠬᠠᠤᠯᠢ ᠪᠠᠷ ᠲᠤᠭᠳᠠᠭᠠᠬᠤ᠂ ᠡᠷᠬᠡ ᠰᠦᠷ᠂ ᠵᠢᠷᠤᠮᠵᠢᠯ ᠲᠠᠢ᠂ ᠠᠷᠠᠳ ᠲᠤ ᠳᠥᠭᠦᠮ ᠦᠵᠡᠭᠦᠯᠬᠦ ᠴᠢᠳᠠᠮᠵᠢ ᠶᠢ ᠭᠦᠢᠴᠠᠳ ᠪᠠᠳᠠᠷᠠᠭᠤᠯᠤᠨ᠂ ᠵᠠᠰᠠᠭ ᠤᠨ ᠣᠷᠳᠣᠨ ᠤ ᠨᠡᠶᠢᠲᠡ ᠶᠢᠨ ᠢᠲᠡᠭᠡᠭᠦᠯᠬᠦ ᠬᠦᠴᠦᠨ ᠢ ᠳᠡᠭᠡᠭᠰᠢᠯᠡᠭᠦᠯᠬᠦ ᠬᠡᠷᠡᠭᠲᠡᠶ᠃ ︵ᠲᠤᠭᠤᠷᠢᠭ ᠤᠨ ᠵᠠᠰᠠᠭ ᠤᠨ ᠣᠷᠳᠣᠨ ᠤ ᠠᠯᠪᠠᠨ ᠭᠡᠷ᠂ ᠲᠣᠭᠤᠷᠢᠭ ᠤᠨ ᠵᠠᠰᠠᠭ ᠤᠨ ᠶᠠᠪᠤᠳᠠᠯ ᠤᠨ  ᠥᠢᠯᠡᠴᠢᠯᠡᠭᠡᠨ ᠤ ᠲᠤᠪᠴᠢᠶ᠎ᠠ ᠲᠦᠷᠤᠭᠦᠯᠡᠨ᠂ ᠲᠤᠭᠤᠷᠢᠭ ᠤᠨ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠬᠠᠮᠵᠢᠯᠴᠠᠨ᠎ᠠ  ︶      ︽ᠪᠠᠶᠠᠬᠤᠪᠤᠭ᠎ᠠ ᠠᠭᠤᠷᠬᠠᠶ ᠶᠢᠨ ᠲᠤᠭᠤᠷᠢᠭ ᠤᠨ  2020 ᠣᠨ ᠤ ᠵᠠᠰᠠᠭ ᠤᠨ ᠶᠠᠪᠤᠳᠠᠯ ᠢ ᠢᠯᠡ ᠪᠣᠯᠭᠠᠬᠤ ᠲᠤᠬᠠᠶ ᠠᠵᠢᠯ ᠤᠨ ᠭᠤᠤᠯᠳᠠᠯᠭ᠎ᠠ  ︾᠎ ᠶᠢᠨ ᠲᠥᠷᠥ ᠶᠢᠨ ᠪᠣᠳᠣᠯᠭ᠎ᠠ ᠶᠢᠨ ᠲᠠᠶᠢᠯᠤᠮᠵᠢ            ᠨᠢᠭᠡ᠂ ᠨᠡᠶᠢᠲᠡᠯᠡᠭᠰᠡᠨ ᠠᠬᠤᠶ ᠪᠠᠶᠢᠳᠠᠯ      ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠣᠯᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ ᠪᠥᠬᠦᠳᠡ ᠬᠤᠷᠠᠯ ᠤᠨ ᠵᠣᠷᠢᠭ ᠰᠠᠨᠠᠭ᠎ᠠ ᠵᠢᠴᠢ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠠᠶ᠂ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠵᠤ᠂ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠬᠤᠯᠪᠣᠭᠳᠠᠯ ᠪᠥᠬᠦᠶ ᠰᠢᠢᠳᠪᠤᠷᠢᠳᠤ  ᠪᠤᠳᠤᠯᠭ᠎ᠠ ᠶᠢᠨ ᠪᠠᠶᠢᠷᠢᠯᠠᠭᠤᠯᠤᠯᠲᠠ ᠪᠣᠯᠤᠨ ︽ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠲᠦᠷᠢᠮ︾᠎ ᠢ ᠬᠢᠨᠠᠮᠠᠭᠠᠶ ᠨᠠᠶᠢᠳᠠᠪᠤᠷᠢᠵᠢᠭᠤᠯᠵᠤ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 2020 ᠣᠨ ᠤ ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠤᠨ ᠭᠤᠤᠯᠳᠠᠯᠭ᠎ᠠ︾ ︵ᠥᠪᠥᠷ ᠵᠠᠰᠠᠭ ᠲᠠᠷᠬᠠᠭᠠᠭᠰᠠᠨ ︹ 2020 ︺1 ᠳ᠋ᠤᠭᠡᠷ ᠲᠣᠭᠠᠲᠤ︶᠂ ︽ᠪᠤᠭᠤᠲᠤ ᠬᠤᠲᠠ ᠶᠢᠨ 2020 ᠣᠨ ᠤ ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠤᠨ ᠭᠤᠤᠯ ᠵᠦᠢᠯ︾ ︵ᠪᠤᠭᠤᠳᠤ ᠵᠠᠰᠠᠭ ᠤᠨ ᠠᠯᠪᠠᠨ ᠲᠠᠷᠬᠠᠭᠠᠭᠰᠠᠨ︹ 2020 ︺1 ᠳ᠋ᠤᠭᠡᠷ ᠲᠣᠭᠠᠲᠤ ︶᠎ ᠤᠨ ᠠᠵᠢᠯ ᠤᠨ ᠱᠠᠭᠠᠷᠳᠠᠯᠭ᠎ᠠ ᠶᠢ ᠨᠠᠷᠢᠯᠢᠬᠵᠢᠭᠤᠯᠵᠤ᠂ ᠠᠵᠤ ᠠᠬᠤᠶ ᠨᠡᠶᠢᠭᠡᠮ ᠤᠨ ᠬᠥᠭᠵᠢᠯᠲᠡ ᠪᠠ ᠠᠷᠠᠳ ᠣᠯᠠᠨ ᠤ ᠠᠩᠬᠠᠷᠤᠯ ᠲᠠᠯᠪᠢᠵᠤ ᠪᠠᠶᠢᠭ᠎ᠠ ᠠᠰᠠᠭᠤᠳᠠᠯ ᠲᠠᠢ ᠨᠢᠭᠲᠠ ᠤᠶᠠᠯᠳᠤᠭᠤᠯᠤᠨ᠂ ᠨᠢᠭᠡᠳᠦᠯᠲᠡᠶ ᠲᠥᠯᠥᠪᠯᠡᠨ ᠨᠡᠶᠢᠲᠡ ᠳᠤᠨᠢ ᠬᠠᠷᠠᠭᠠᠯᠵᠠᠬᠤ᠂ ᠪᠦᠬᠦᠯᠢ ᠴᠣᠭᠴᠠ ᠪᠠᠷ ᠠᠬᠢᠭᠤᠯᠬᠤ᠂ ᠭᠤᠣᠯᠳᠠᠯᠭ᠎ᠠ ᠶᠢ ᠨᠢ ᠲᠤᠪᠤᠶᠢᠯᠭᠠᠨ ᠪᠠᠷᠢᠮᠲᠠᠯᠠᠵᠤ᠂ ᠰᠢᠢᠳᠪᠤᠷᠢᠳᠤ ᠪᠣᠳᠣᠯᠭ᠎ᠠ ᠲᠣᠭᠲᠠᠭᠠᠬᠤ᠂ ᠬᠡᠷᠡᠭᠵᠢᠭᠦᠯᠬᠦ᠂  ᠬᠠᠮᠢᠶᠠᠷᠬᠤ᠂ ᠦᠢᠯᠡᠴᠢᠯᠡᠬᠦ᠂ ᠦᠷ᠎ᠡ ᠳ᠋ᠦᠩ ᠢ ᠢᠯᠡ ᠪᠣᠯᠭᠠᠬᠤ ᠶᠢ ᠯᠠᠪᠳᠠᠭᠤᠨ ᠪᠠᠲᠤᠲᠠᠶ ᠠᠬᠢᠭᠤᠯᠵᠤ᠂ ᠵᠠᠰᠠᠭ ᠤᠨ ᠶᠠᠪᠤᠳᠠᠯ ᠢ ᠢᠯᠡ ᠪᠣᠯᠭᠠᠬᠤ ᠶᠢᠨ ᠶᠠᠰᠤ ᠴᠢᠨᠠᠷ ᠦᠷ᠎ᠡ ᠪᠦᠲᠦᠮᠵᠢ ᠶᠢ ᠲᠠᠰᠤᠷᠠᠯᠲᠠ ᠦᠭᠡᠢ ᠲᠡᠭᠡᠭᠰᠢᠯᠡᠭᠦᠯᠵᠤ᠂ ᠵᠠᠰᠠᠭ ᠤᠨ ᠣᠷᠳᠣᠨ ᠤ ᠡᠭᠦᠷᠭᠡ ᠴᠢᠳᠠᠪᠤᠷᠢ ᠶᠢ ᠬᠤᠪᠢᠷᠠᠭᠤᠯᠬᠤ᠂ ᠵᠠᠰᠠᠭ ᠢ ᠴᠣᠮᠬᠠᠳᠬᠠᠨ ᠡᠷᠬᠡ ᠶᠢ ᠳᠣᠷᠣᠭᠰᠢ ᠪᠠᠭᠤᠯᠭᠠᠬᠤ᠂ ᠬᠢᠨᠠᠨ ᠬᠠᠮᠢᠶᠠᠷᠬᠤ ᠠᠷᠭ᠎ᠠ ᠬᠡᠯᠪᠡᠷᠢ ᠪᠠᠷ ᠰᠢᠨ᠎ᠡ ᠶᠢ ᠡᠭᠦᠳᠬᠦ ᠶᠢ ᠠᠬᠢᠭᠤᠯᠵᠤ᠂ ᠠᠷᠠᠳ ᠣᠯᠠᠨ ᠤ ᠬᠠᠨᠤᠮᠵᠢ ᠶᠢᠨ ᠬᠡᠮᠵᠢᠶ᠎ᠡ᠂ ᠬᠦᠷᠲᠡᠮᠵᠢ ᠶᠢᠨ ᠲᠥᠷᠥᠭᠳᠡᠯ ᠢ ᠦᠨᠡᠨᠬᠦ ᠨᠡᠮᠡᠭᠳᠡᠭᠦᠯᠵᠦ᠂ ᠠᠵᠤ ᠠᠬᠤᠶ ᠶᠢᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠪᠠ ᠨᠡᠶᠢᠭᠡᠮ ᠤᠨ ᠶᠡᠭᠡ ᠲᠠᠯ᠎ᠠ ᠶᠢᠨ ᠲᠣᠭᠲᠠᠭᠤᠨ ᠢ ᠠᠬᠢᠭᠤᠯᠬᠤ ᠳᠤ ᠢᠳᠡᠪᠬᠢᠲᠡᠶ ᠥᠢᠯᠡᠳᠤᠯ ᠦᠵᠡᠭᠦᠯᠵᠡᠶ᠃      ᠬᠤᠶᠠᠷ᠂ ᠲᠣᠭᠲᠠᠭᠠᠬᠤ ᠦᠨᠳᠦᠰᠦᠯᠡᠯ      ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 2020 ᠣᠨ ᠤ ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠤᠨ ᠭᠤᠤᠯ ᠠᠭᠤᠯᠭ᠎ᠠ︾ ︵ᠥᠪᠥᠷ ᠵᠠᠰᠠᠭ ᠲᠠᠷᠬᠠᠭᠠᠭᠰᠠᠨ ︹ 2020 ︺ 1 ᠳ᠋ᠤᠭᠡᠷ ᠲᠣᠭᠠᠲᠤ︶᠂ ︽ᠪᠤᠭᠤᠲᠤ ᠬᠤᠲᠠ ᠶᠢᠨ 2020 ᠣᠨ ᠤ ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠤᠨ ᠭᠤᠤᠯ ᠠᠭᠤᠯᠭ᠎ᠠ︾ ︵ ᠪᠤᠭᠤᠳᠤ ᠵᠠᠰᠠᠭ ᠤᠨ ᠠᠯᠪᠠᠨ ᠲᠠᠷᠬᠠᠭᠠᠭᠰᠠᠨ ︹ 2020 ︺ 1ᠳ᠋ᠤᠭᠡᠷ ᠲᠣᠭᠠᠲᠤ︶      ᠭᠤᠷᠪᠠ᠂ ᠭᠤᠤᠯ ᠠᠭᠤᠯᠭ᠎ᠠ      ︽ᠪᠠᠶᠠᠬᠤᠪᠤᠭ᠎ᠠ ᠠᠭᠤᠷᠬᠠᠶ ᠶᠢᠨ ᠲᠤᠭᠤᠷᠢᠭ ᠤᠨ 2020 ᠣᠨ ᠤ ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠤᠨ ᠭᠤᠤᠯ ᠠᠭᠤᠯᠭ᠎ᠠ︾᠎ ᠨᠢ ᠲᠣᠰ ᠲᠣᠰ ︵ᠨᠢᠭᠡ᠂ ᠥᠨᠳᠥᠷ ᠶᠠᠰᠤ ᠴᠢᠨᠠᠷ ᠲᠠᠢ ᠥᠨᠳᠥᠷ ᠦᠷ᠎ᠡ ᠪᠦᠲᠦᠮᠵᠢᠲᠡᠶ ᠲᠥᠷᠥ ᠶᠢᠨ ᠪᠤᠳᠤᠯᠭ᠎ᠠ ᠶᠢᠨ ᠲᠠᠶᠢᠯᠤᠮᠵᠢ ᠬᠢᠬᠦ ᠬᠠᠷᠢᠭᠤ ᠥᠭᠬᠦ ᠠᠵᠢᠯ ᠢ ᠥᠷᠨᠢᠭᠦᠯᠦᠨ᠎ᠡ᠃  ︶  ︵ᠨᠢᠭᠡ︶ ᠴᠢᠬᠤᠯᠠ ᠶᠡᠭᠡ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ ᠬᠦᠴᠦᠨ ᠲᠠᠢ ᠪᠣᠯᠭᠠᠬᠤ ᠪᠠᠷ ᠴᠢᠷᠮᠡᠶᠢᠨ᠎ᠠ᠃ ︵ᠬᠤᠶᠠᠷ︶ ᠭᠤᠤᠯᠳᠠᠯᠭ᠎ᠠ ᠲᠠᠢ ᠬᠦᠷᠢᠶ᠎ᠡ ᠴᠠᠷᠠᠭ᠎ᠠ ᠶᠢᠨ ᠢᠯᠡ ᠪᠣᠯᠭᠠᠬᠤ ᠡᠭᠦᠷᠭᠡ ᠶᠢ ᠨᠠᠶᠢᠳᠠᠪᠤᠷᠢᠵᠢᠭᠤᠯᠤᠨ ᠪᠣᠳᠠᠲᠠᠶᠢᠵᠢᠭᠤᠯᠬᠤ ᠶᠢ ᠪᠠᠲᠤᠯᠠᠨ᠎ᠠ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠢᠯ ᠢᠶᠠᠨ ᠰᠡᠷᠭᠦᠭᠡᠵᠦ᠂ ᠥᠢᠯᠡᠳᠪᠦᠷᠢᠯᠡᠯ ᠢᠶᠠᠨ ᠰᠡᠷᠭᠦᠭᠡᠬᠦ ᠡᠰᠡᠭᠦᠯ᠎ᠡ ᠰᠤᠷᠤᠯᠭ᠎ᠠ ᠪᠠᠨ ᠰᠡᠷᠭᠦᠭᠡᠬᠦ ᠮᠡᠳᠡᠭᠡ ᠵᠠᠩᠭᠢ ᠶᠢ ᠴᠠᠭ ᠲᠤᠬᠠᠶ ᠳᠤᠨᠢ ᠢᠯᠡ ᠪᠣᠯᠭᠠᠬᠤ ᠬᠡᠷᠡᠭᠲᠡᠶ᠃ ︵ᠭᠤᠷᠪᠠ︶ ᠨᠡᠶᠢᠭᠡᠮ ᠤᠨ ᠠᠩᠬᠠᠷᠤᠯ ᠲᠠᠯᠪᠢᠵᠤ ᠪᠠᠶᠢᠭ᠎ᠠ ᠠᠰᠠᠭᠤᠳᠠᠯ ᠳᠤ ᠪᠦᠲᠦᠮᠵᠢᠲᠡᠶ ᠬᠠᠷᠢᠭᠤᠯᠲᠠ ᠥᠭᠭᠦᠨ᠎ᠡ᠃ ᠬᠤᠶᠠᠷ᠂ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠲᠠᠢ ᠤᠶᠠᠯᠳᠤᠭᠤᠯᠤᠨ ᠵᠠᠰᠠᠭ ᠤᠨ ᠶᠠᠪᠤᠳᠠᠯ ᠢ ᠢᠯᠡ ᠪᠣᠯᠭᠠᠬᠤ ᠶᠢ ᠦᠷᠭᠦᠯᠵᠢᠯᠡᠨ ᠰᠢᠯᠢᠳᠡᠭᠵᠢᠭᠦᠯᠦᠨ᠎ᠡ᠃ ︵ᠨᠢᠭᠡ︶ ᠵᠠᠰᠠᠭ ᠤᠨ ᠶᠠᠪᠤᠳᠠᠯ ᠤᠨ ᠥᠢᠯᠡᠴᠢᠯᠡᠭᠡ ᠯᠦᠭᠡ ᠠᠭᠤᠰᠤᠯᠴᠠᠨ ᠬᠥᠭᠵᠢᠬᠦ ᠶᠢ ᠴᠢᠩᠭᠠᠳᠬᠠᠨ᠎ᠠ᠃ ︵ᠬᠤᠶᠠᠷ︶ ᠲᠥᠪ ᠭᠤᠤᠯᠴᠢ ᠪᠠᠷ ᠬᠢᠨᠠᠨ ᠬᠠᠮᠢᠶᠠᠷᠬᠤ ᠳᠤᠮᠳᠠᠬᠢ ᠮᠡᠳᠡᠭᠡ ᠵᠠᠩᠭᠢ ᠶᠢ ᠢᠯᠡ ᠪᠣᠯᠭᠠᠬᠤ ᠶᠢᠨ ᠥᠢᠯᠡᠳᠤᠯ ᠢ ᠪᠠᠳᠠᠷᠠᠭᠤᠯᠵᠤ᠂ ᠠᠵᠢᠯ ᠬᠡᠷᠡᠭ ᠤᠨ ᠲᠤᠮᠳᠠ ᠪᠠ ᠠᠵᠢᠯ ᠬᠡᠷᠡᠭ ᠤᠨ ᠳᠠᠷᠠᠭᠠᠬᠢ ᠬᠢᠨᠠᠨ ᠬᠠᠮᠢᠶᠠᠷᠬᠤ ᠮᠡᠳᠡᠭᠡ ᠵᠠᠩᠭᠢ ᠶᠢ ᠢᠯᠡ ᠪᠣᠯᠭᠠᠬᠤ ᠶᠢ ᠴᠢᠩᠭᠠᠷᠠᠭᠤᠯᠤᠨ᠎ᠠ᠃ ᠭᠤᠷᠪᠠ᠂ ᠵᠠᠰᠠᠭ ᠤᠨ ᠶᠠᠪᠤᠳᠠᠯ ᠢ ᠢᠯᠡ ᠪᠣᠯᠭᠠᠬᠤ ᠳᠦᠷᠢᠮ ᠤᠨ ᠪᠠᠲᠤᠯᠠᠭ᠎ᠠ ᠪᠠ ᠲᠠᠪᠴᠠᠩ ᠤᠨ ᠲᠤᠯᠭᠠᠭᠤᠷᠢᠯᠠᠯ ᠢ ᠴᠢᠨᠠᠷ ᠰᠠᠶᠢᠲᠠᠶ ᠥᠨᠳᠥᠷ ᠦᠷ᠎ᠡ ᠪᠦᠲᠦᠮᠵᠢᠲᠡᠶ ᠬᠠᠩᠭᠠᠬᠤ ᠬᠡᠷᠡᠭᠲᠡᠶ᠃ ︵ᠨᠢᠭᠡ︶ ᠵᠠᠰᠠᠭ ᠤᠨ ᠶᠠᠪᠤᠳᠠᠯ ᠢ ᠢᠯᠡ ᠪᠣᠯᠭᠠᠬᠤ ᠶᠢ ᠪᠠᠷᠢᠮᠵᠢᠶᠠᠵᠢᠭᠤᠯᠬᠤ᠂ ᠳᠦᠷᠢᠮᠵᠢᠭᠦᠯᠬᠦ ᠶᠢ ᠪᠥᠬᠦ ᠲᠠᠯ᠎ᠠ ᠪᠠᠷ ᠠᠬᠢᠭᠤᠯᠤᠨ᠎ᠠ᠃ ︵ᠬᠤᠶᠠᠷ︶ ᠵᠠᠰᠠᠭ ᠤᠨ ᠣᠷᠳᠣᠨ ᠤ ᠰᠦᠯᠵᠢᠶᠡᠨ ᠥᠷᠲᠡᠭᠡ ᠶᠢᠨ ᠪᠥᠲᠥᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠬᠢᠷᠢ ᠲᠦᠪᠰᠢᠨ ᠨᠢ ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ᠃ ︵ᠭᠤᠷᠪᠠ︶ ᠵᠠᠰᠠᠭ ᠤᠨ ᠣᠷᠳᠣᠨ ᠤ ᠰᠢᠰᠲ᠋ᠧᠮ ᠤᠨ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠤᠨ ᠬᠠᠮᠢᠶᠠᠷᠤᠯᠳᠠ ᠶᠢ ᠬᠢᠨᠠᠨ ᠡᠵᠡᠮᠳᠡᠬᠦ ᠶᠢ ᠴᠢᠩᠭᠠᠳᠬᠠᠨ᠎ᠠ᠃ ︵ᠳᠥᠷᠪᠡ︶ ᠵᠠᠰᠠᠭ ᠤᠨ ᠣᠷᠳᠣᠨ ᠤ ᠠᠯᠪᠠᠨ ᠮᠡᠳᠡᠭᠡ ᠶᠢᠨ ᠠᠭᠤᠰᠤᠯᠴᠠᠨ ᠬᠥᠭᠵᠢᠬᠦ ᠶᠢ ᠬᠦᠴᠦᠯᠡᠨ ᠠᠬᠢᠭᠤᠯᠬᠤ ᠵᠡᠷᠭᠡ ᠲᠠᠯ᠎ᠠ ᠪᠠᠷ ᠪᠣᠳᠠᠲᠠᠶ ᠠᠷᠭ᠎ᠠ ᠬᠡᠮᠵᠢᠶ᠎ᠡ ᠳᠤᠷᠠᠳᠪᠠ᠃      ᠠᠵᠢᠯ ᠤᠨ ᠭᠢᠯᠠᠰ ᠴᠡᠭ ᠄     ⒈ᠲᠥᠷᠥ ᠶᠢᠨ ᠶᠠᠪᠤᠳᠠᠯ ᠤᠨ ᠬᠤᠷᠢᠶ᠎ᠠ ᠶᠢᠨ ᠶᠠᠮᠤᠨ ᠵᠥᠪᠯᠡᠯ ᠤᠨ ᠳᠠᠷᠤᠮᠠᠯᠯᠠᠨ ᠲᠠᠷᠬᠠᠭᠠᠭᠰᠠᠨ 26 ᠬᠦᠷᠢᠶ᠎ᠡ ᠬᠡᠪᠴᠢᠶᠠᠨ ᠳᠠᠬᠢ ᠦᠨᠳᠦᠰᠦᠨ ᠱᠠᠲᠤᠨ ᠤ ᠵᠠᠰᠠᠭ ᠤᠨ ᠶᠠᠪᠤᠳᠠᠯ ᠢ ᠢᠯᠡ ᠪᠣᠯᠭᠠᠬᠤ ᠪᠠᠷᠢᠮᠵᠢᠶ᠎ᠠ ᠶᠢᠨ ᠵᠢᠯᠣᠭᠤᠳᠤᠮᠵᠢ ︵ᠭᠠᠷᠴᠠᠭ︶᠎ ᠪᠠᠷ ᠯᠠᠪᠯᠠᠯᠲᠠ ᠪᠣᠯᠭᠠᠵᠤ᠂ ᠴᠢᠬᠤᠯᠠ ᠶᠡᠭᠡ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠵᠥᠪᠰᠢᠶᠡᠷᠡᠬᠦ ᠪᠠ ᠬᠡᠷᠡᠭᠵᠢᠭᠦᠯᠬᠦ ᠶᠠᠪᠤᠴᠠ ᠳᠤ ᠵᠥᠪᠰᠢᠶᠡᠷᠡᠭᠰᠡᠨ ᠥᠢᠯᠡᠴᠢᠯᠡᠭᠡᠨ ᠤ ᠮᠡᠳᠡᠭᠡ ᠵᠠᠩᠭᠢ᠂ ᠵᠥᠪᠰᠢᠶᠡᠷᠡᠭᠰᠡᠨ ᠦᠷ᠎ᠡ ᠳ᠋ᠦᠩ ᠤᠨ ᠮᠡᠳᠡᠭᠡ ᠵᠠᠩᠭᠢ᠂ ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠬᠦᠯᠢᠶᠡᠬᠦ ᠮᠡᠳᠡᠭᠡ ᠵᠠᠩᠭᠢ᠂ ᠭᠠᠵᠠᠷ ᠰᠢᠷᠣᠶ ᠲᠠᠲᠠᠪᠤᠷᠢᠯᠠᠬᠤ ᠮᠡᠳᠡᠭᠡ ᠵᠠᠩᠭᠢ᠂ ᠴᠢᠬᠤᠯᠠ ᠶᠡᠭᠡ ᠵᠢᠷᠤᠭ ᠲᠥᠯᠥᠪᠯᠡᠭᠡ ᠶᠢ ᠬᠤᠪᠢᠷᠠᠭᠤᠯᠬᠤ ᠮᠡᠳᠡᠭᠡ ᠵᠠᠩᠭᠢ᠂ ᠪᠠᠷᠢᠯᠭ᠎ᠠ ᠶᠢᠨ ᠬᠤᠯᠪᠣᠭᠳᠠᠯ ᠪᠦᠬᠦᠢ ᠮᠡᠳᠡᠭᠡ ᠵᠠᠩᠭᠢ᠂ ᠶᠠᠰᠤ ᠴᠢᠨᠠᠷ ᠤᠨ ᠠᠮᠤᠷ ᠲᠦᠪᠰᠢᠨ ᠤ ᠬᠢᠨᠠᠯᠲᠠ ᠲᠠᠯᠪᠢᠬᠤ ᠮᠡᠳᠡᠭᠡ ᠵᠠᠩᠭᠢ᠂ ᠪᠠᠷᠢᠯᠭ᠎ᠠ ᠳᠠᠭᠤᠰᠬᠤ ᠶᠢᠨ ᠬᠤᠯᠪᠣᠭᠳᠠᠯ ᠪᠦᠬᠦᠢ ᠮᠡᠳᠡᠭᠡ ᠵᠠᠩᠭᠢ ᠵᠡᠷᠭᠡ 8 ᠲᠥᠷᠥᠯ ᠤᠨ ᠮᠡᠳᠡᠭᠡ ᠵᠠᠩᠭᠢ ᠶᠢ ᠰᠠᠶᠢᠲᠤᠷ ᠬᠢᠵᠦ᠂ ᠪᠠᠲᠤᠯᠠᠭ᠎ᠠ ᠶᠢᠨ ᠴᠢᠨᠠᠷᠲᠠᠶ ᠬᠢᠮᠳᠠ ᠣᠷᠣᠨ ᠰᠠᠭᠤᠴᠠ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ᠂ ᠪᠠᠳᠤᠯᠠᠭ᠎ᠠ ᠶᠢᠨ ᠴᠢᠨᠠᠷᠲᠠᠶ ᠣᠷᠣᠨ ᠰᠠᠭᠤᠴᠠ ᠶᠢᠨ ᠬᠤᠪᠢᠶᠠᠷᠢᠯᠠᠯᠲᠠ᠂ ᠤᠯᠤᠰ ᠤᠨ ᠥᠮᠴᠢᠯᠡᠯᠲᠦ ᠭᠠᠵᠠᠷ ᠰᠢᠷᠣᠶ ᠶᠢ ᠬᠡᠷᠡᠭᠯᠡᠬᠦ ᠡᠷᠬᠡ᠂ ᠵᠠᠰᠠᠭ ᠤᠨ ᠣᠷᠳᠣᠨ ᠤ ᠬᠤᠳᠠᠯᠳᠤᠨ ᠠᠪᠬᠤ᠂ ᠤᠯᠤᠰ ᠤᠨ ᠥᠮᠴᠢᠯᠡᠯᠲᠦ ᠥᠮᠴᠢᠯᠡᠬᠦ ᠡᠷᠬᠡ ᠶᠢᠨ ᠠᠷᠠᠯᠵᠢᠶ᠎ᠠ᠂ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠬᠦᠯᠢᠶᠡᠬᠦ ᠵᠡᠷᠭᠡ ᠣᠯᠠᠨ ᠨᠡᠶᠢᠲᠡ ᠶᠢᠨ ᠡᠬᠢ ᠪᠠᠶᠠᠯᠢᠭ ᠢ ᠲᠣᠬᠢᠷᠠᠭᠤᠯᠬᠤ ᠬᠦᠷᠢᠶᠡᠨ ᠤ ᠮᠡᠳᠡᠭᠡ ᠵᠠᠩᠭᠢ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠬᠤ ᠶᠢ ᠰᠢᠢᠳᠪᠤᠷᠢᠯᠡᠬᠦ᠂ ᠨᠡᠶᠢᠭᠡᠮ ᠤᠨ ᠠᠪᠤᠷᠠᠨ ᠲᠤᠰᠠᠯᠠᠬᠤ ᠪᠠ ᠨᠡᠶᠢᠭᠡᠮ ᠤᠨ ᠠᠰᠠᠷᠠᠮᠵᠢ᠂ ᠰᠤᠷᠭᠠᠨ ᠬᠥᠮᠦᠵᠢᠯ᠂ ᠦᠨᠳᠦᠰᠦᠨ ᠡᠮ ᠡᠮᠨᠡᠯᠭᠡ ᠡᠷᠡᠭᠦᠯ ᠬᠠᠮᠠᠭᠠᠯᠠᠯ᠂ ᠣᠷᠴᠢᠨ ᠠᠬᠤᠶ ᠶᠢᠨ ᠬᠠᠮᠠᠭᠠᠯᠠᠯᠲᠠ᠂ ᠭᠠᠶ ᠭᠠᠮᠰᠢᠭ ᠤᠨ ᠡ᠊ᠨᠳᠡᠯ ᠢ ᠠᠪᠤᠷᠠᠨ ᠲᠤᠰᠠᠯᠠᠬᠤ᠂ ᠤᠯᠠᠨ ᠨᠡᠶᠢᠲᠡ ᠶᠢᠨ ᠰᠣᠶᠣᠯ ᠲᠠᠮᠢᠷ ᠵᠡᠷᠭᠡ ᠨᠡᠶᠢᠭᠡᠮ ᠤᠨ ᠨᠡᠶᠢᠲᠡ ᠶᠢᠨ ᠠᠰᠠᠷᠠᠮᠵᠢ ᠶᠢᠨ ᠥᠢᠯᠡᠰ ᠤᠨ ᠪᠠᠶᠢᠭᠤᠯᠤᠯᠲᠠ ᠶᠢᠨ ᠬᠦᠷᠢᠶᠡᠨ ᠳᠠᠬᠢ ᠮᠡᠳᠡᠭᠡ ᠵᠠᠩᠭᠢ ᠶᠢ ᠢᠯᠡ ᠪᠣᠯᠭᠠᠬᠤ ᠠᠵᠢᠯ ᠪᠣᠯᠤᠨ᠎ᠠ᠃     ⒉ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠪᠣᠳᠠᠲᠤ ᠪᠠᠢᠳᠠᠯ ᠲᠠᠢ ᠤᠶᠠᠯᠳᠤᠭᠤᠯᠤᠨ᠂ ᠨᠢᠭᠡ ᠴᠣᠭᠴᠠᠵᠢᠭᠤᠯᠤᠭᠰᠠᠨ ᠰᠦᠯᠵᠢᠶᠡᠨ ᠳᠡᠭᠡᠷᠡᠬᠢ ᠦᠢᠯᠡᠴᠢᠯᠡᠭᠡᠨ ᠤ ᠲᠠᠪᠴᠠᠩ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ  ᠤ ᠲᠢᠩᠬᠢᠮ ᠳᠤ ᠲᠤᠰᠬᠠᠶ ᠪᠤᠯᠤᠩ᠂ ᠲᠤᠰᠬᠠᠶ ᠲᠣᠭᠤᠷᠢᠭ ᠭᠠᠷᠭᠠᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ  ᠂ ᠠᠵᠢᠯ ᠶᠠᠪᠤᠳᠠᠯ ᠭᠦᠢᠴᠡᠣᠭᠡᠬᠦ ᠵᠦᠭᠯᠡᠭᠦᠷ᠂ ᠠᠵᠢᠯ ᠶᠠᠪᠤᠳᠠᠯ ᠭᠦᠢᠴᠡᠣᠭᠡᠬᠦ ᠴᠤᠪᠤᠷᠠᠯ᠂ ᠠᠵᠢᠯ ᠶᠠᠪᠤᠳᠠᠯ ᠡᠷᠬᠢᠯᠡᠬᠦ ᠪᠠᠶᠢᠭᠤᠯᠤᠮᠵᠢ ᠵᠡᠷᠭᠡ ᠮᠡᠳᠡᠭᠡ ᠵᠠᠩᠭᠢ ᠶᠢ ᠪᠦᠬᠦ ᠲᠠᠯ᠎ᠠ ᠪᠠᠷ ᠣᠨᠣᠪᠴᠢᠲᠠᠶ ᠢᠯᠡ ᠪᠣᠯᠭᠠᠨ᠎ᠠ᠃ ᠵᠠᠰᠠᠭ ᠤᠨ ᠶᠠᠪᠤᠳᠠᠯ ᠤᠨ ᠥᠢᠯᠡᠴᠢᠯᠡᠭᠡ ᠶᠢ ᠨᠢᠭᠡ ᠯᠡ ᠤᠳᠠᠭ᠎ᠠ ᠮᠡᠳᠡᠭᠳᠡᠬᠦ ᠲᠦᠷᠢᠮ ᠢ ᠨᠠᠶᠢᠳᠠᠪᠤᠷᠢᠵᠢᠭᠤᠯᠵᠤ᠂ ᠠᠵᠢᠯ ᠶᠠᠪᠤᠳᠠᠯ ᠭᠦᠢᠴᠡᠣᠭᠡᠬᠦ ᠳᠤ ᠨᠡᠶᠢᠳᠡᠮ ᠬᠡᠷᠡᠭᠯᠡᠬᠦ ᠳᠡᠪᠲᠡᠷ ᠢ ᠬᠤᠷᠢᠶᠠᠩᠭᠤᠶᠢᠯᠠᠨ ᠵᠣᠬᠢᠶᠠᠨ᠎ᠠ᠃ ᠵᠠᠰᠠᠭ ᠤᠨ ᠣᠷᠳᠣᠨ ᠤ ᠰᠦᠯᠵᠢᠶᠡᠨ ᠥᠷᠲᠡᠭᠡ ᠪᠠ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠤᠨ ᠦᠢᠯᠡᠳᠦᠯ ᠢ ᠭᠦᠢᠴᠡᠳ ᠪᠠᠳᠠᠷᠠᠭᠤᠯᠤᠨ᠂ ᠵᠠᠰᠠᠭ ᠤᠨ ᠶᠠᠪᠤᠳᠠᠯ ‍ᠤᠨ‌ᠦᠢᠯᠡᠴᠢᠯᠡᠭᠡᠨ  ᠤ ᠮᠡᠳᠡᠭᠡ ᠵᠠᠩᠭᠢ ᠶᠢᠨ ᠬᠦᠷᠭᠡᠯᠲᠡ ᠶᠢᠨ ᠣᠨᠣᠪᠴᠢ ᠶᠢᠨ ᠬᠡᠮᠵᠢᠶ᠎ᠡ ᠶᠢ ᠳᠡᠭᠡᠭᠰᠢᠯᠡᠭᠦᠯᠵᠦ᠂ ᠢᠯᠡ ᠪᠣᠯᠭᠠᠬᠤ ᠪᠠᠷ ᠥᠢᠯᠡᠴᠢᠯᠡᠭᠡ ᠎ ᠶᠢ ᠠᠬᠢᠭᠤᠯᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃     ⒊ᠡᠯ᠎ᠡ ᠰᠠᠯᠠᠭ᠎ᠠ ᠮᠥᠴᠢᠷ ᠤᠳ ︽ᠦᠨᠳᠦᠰᠦᠨ ᠱᠠᠲᠤᠨ ᠤ ᠵᠠᠰᠠᠭ ᠤᠨ ᠶᠠᠪᠤᠳᠠᠯ ᠢ ᠢᠯᠡ ᠪᠣᠯᠭᠠᠬᠤ ᠶᠢ ᠪᠠᠷᠢᠮᠵᠢᠶᠠᠵᠢᠭᠤᠯᠤᠨ ᠳᠦᠷᠢᠮᠵᠢᠭᠦᠯᠬᠦ ᠠᠵᠢᠯ ᠢ ᠪᠥᠬᠦ ᠲᠠᠯ᠎ᠠ ᠪᠠᠷ ᠠᠬᠢᠭᠤᠯᠬᠤ ᠲᠤᠬᠠᠶ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠬᠢᠮ ᠤᠨ ᠵᠢᠯᠣᠭᠤᠳᠬᠤ ᠰᠠᠨᠠᠯ︾ ︵ᠲᠥᠷᠥ ᠠᠯᠪᠠᠨ ᠲᠠᠷᠬᠠᠭᠠᠭᠰᠠᠨ︹ 2019 ︺54 ᠳ᠋ᠤᠭᠡᠷ ᠲᠣᠭᠠᠲᠤ︶᠎ ᠢ ᠬᠢᠨᠠᠮᠠᠭᠠᠶ ᠨᠠᠶᠢᠳᠠᠪᠤᠷᠢᠵᠢᠭᠤᠯᠵᠤ᠂ ᠦᠨᠳᠦᠰᠦᠨ ᠱᠠᠲᠤᠨ ᠤ ᠵᠠᠰᠠᠭ ᠤᠨ ᠶᠠᠪᠤᠳᠠᠯ ᠢ ᠢᠯᠡ ᠪᠣᠯᠭᠠᠬᠤ ᠶᠢ ᠪᠠᠷᠢᠮᠵᠢᠶᠠᠵᠢᠭᠤᠯᠬᠤ ᠳᠦᠷᠢᠮᠵᠢᠭᠦᠯᠬᠦ ᠠᠵᠢᠯ ᠢ ᠪᠦᠬᠦ ᠲᠠᠯ᠎ᠠ ᠪᠠᠷ ᠠᠬᠢᠭᠤᠯᠵᠤ᠂ ᠣᠳᠣᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠭᠤᠤᠯᠳᠠᠯᠭ᠎ᠠ ᠲᠠᠢ ᠠᠵᠢᠯ ᠪᠣᠯᠤᠭᠰᠠᠨ ᠤ ᠬᠤᠪᠢ ᠳᠤ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠶᠢ ᠴᠢᠩᠭᠠᠳᠬᠠᠵᠤ᠂ ᠪᠠᠶᠢᠭᠤᠯᠤᠮᠵᠢ ᠲᠣᠭᠲᠠᠴᠠ ᠶᠢ ᠲᠡᠭᠦᠯᠳᠠᠷᠵᠢᠭᠦᠯᠵᠡᠢ᠃ ᠮᠠᠨ ᠤ ᠲᠤᠭᠤᠷᠢᠭ ᠤᠨ ᠵᠠᠰᠠᠭ ᠤᠨ ᠶᠠᠪᠤᠳᠠᠯ ᠢ ᠢᠯᠡ ᠪᠣᠯᠭᠠᠬᠤ ᠵᠦᠢᠯᠡᠰ ᠤᠨ ᠪᠠᠷᠢᠮᠵᠢᠶ᠎ᠠ ᠶᠢᠨ ᠭᠠᠷᠴᠠᠭ ᠢ ᠨᠠᠶᠢᠷᠠᠭᠤᠯᠤᠨ ᠵᠣᠬᠢᠶᠠᠬᠤ ᠪᠠ ᠢᠯᠡ ᠪᠣᠯᠭᠠᠬᠤ ᠠᠵᠢᠯ ᠢ ᠪᠡᠶᠡᠯᠡᠭᠦᠯᠵᠦ᠂ ᠡᠭᠦᠨ ᠤ ᠬᠠᠮᠲᠤ ᠪᠤᠰᠤᠳ ᠡᠯ᠎ᠡ ᠵᠦᠢᠯ ᠤᠨ ᠡᠭᠦᠷᠭᠡ ᠶᠢ ᠪᠣᠳᠠᠲᠠᠶᠢᠵᠢᠭᠤᠯᠤᠨ ᠨᠠᠶᠢᠳᠠᠪᠤᠷᠢᠵᠢᠭᠤᠯᠵᠤ᠂ ᠡᠮᠬᠢ ᠵᠢᠷᠤᠮ ᠲᠠᠢ ᠪᠠᠷ ᠲᠦᠯᠬᠢᠨ ᠠᠬᠢᠭᠤᠯᠬᠤ ᠶᠢ ᠦᠨᠡᠨᠬᠦ ᠪᠠᠲᠤᠯᠠᠬᠤ ᠬᠡᠷᠡᠭᠲᠡᠶ᠃  
 
ᠢᠷᠡᠯᠲᠡ᠄ ᠪᠠᠶ᠋ᠬᠠᠣᠪᠤᠭ᠎ᠠ ᠠᠭᠤᠷᠬᠠᠢ ᠶᠢᠨ ᠲᠣᠭᠤᠷᠢᠭ ᠤᠨ ᠵᠠᠰᠠᠭ ᠤᠨ ᠣᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号